2015 ᠣᠨ — 2017 ᠣᠨ ᠪᠤᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ | ᠬᠡᠷᠡᠭᠵᠢᠭᠦᠯᠵᠦ ᠪᠠᠶᠢᠭ᠎ᠠ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠭᠤᠷᠪᠠᠨ ᠵᠢᠯ ᠤᠨ ᠠᠵᠢᠯᠯᠠᠭᠠᠨ ᠤ | ᠲᠥᠯᠥᠪᠯᠡᠭᠡ ᠶᠢ ᠯᠠᠪᠳᠠᠭᠤᠨ ᠢᠶᠠᠷ ᠠᠬᠢᠭᠤᠯᠪᠠ ᠃ 3 ᠵᠢᠯ ᠤᠨ ᠲᠤᠷᠰᠢ᠂ ᠮᠠᠨ ᠤ ᠣᠷᠣᠨ ᠤ ᠠᠵᠤ ᠠᠬᠤᠶᠢᠯᠠᠯ | ᠰᠢᠭᠤᠳ ᠪᠡᠯᠡ ᠲᠣᠬᠢᠷᠠᠭᠤᠯᠬᠤ 3546 ᠳ᠋ᠦᠩᠰᠢᠭᠤᠷ ᠲᠦᠬᠦᠷᠢᠭ ᠪᠡᠶᠡᠯᠡᠭᠦᠯᠵᠦ᠂ ᠥᠩᠭᠡᠷᠡᠭᠰᠡᠨ ᠵᠢᠯ ᠤᠳ ᠤᠨ | ᠰᠢᠭᠤᠳ ᠪᠡᠯᠡ ᠲᠤᠬᠢᠷᠠᠭᠤᠯᠭ᠎ᠠ ᠶᠢᠨ ᠶᠡᠷᠦᠩᠬᠡᠢ ᠬᠡᠮᠵᠢᠶ᠎ᠡ ᠶᠢ ᠳᠠᠪᠠᠵᠠᠢ᠃ ᠣᠳᠣᠬᠠᠨ ᠪᠣᠯᠲᠠᠯ᠎ᠠ᠂ ᠮᠠᠨ ᠤ ᠤᠷᠤᠨ ᠤ | ᠬᠢᠯᠢ ᠶᠢᠨ ᠳᠣᠲᠣᠨ᠎ᠠ ᠭᠠᠳᠠᠨᠠᠬᠢ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ 32 ᠡᠷᠦᠬᠡ᠂ ᠭᠤᠷᠪᠠᠳᠤᠭᠠᠷ ᠰᠢᠨ᠎ᠡ | ᠰᠠᠮᠪᠠᠷ᠎ᠠ ᠶᠢᠨ ᠢᠯᠡᠷᠬᠡᠶᠢᠯᠡᠯ ᠡᠯᠭᠦᠭᠰᠡᠨ ᠠᠵᠤ ᠠᠬᠤᠶᠢᠯᠠᠯ 66 ᠡᠷᠦᠬᠡ᠂ ᠥᠪᠥᠷ ᠮᠣᠩᠭᠤᠯ ᠤᠨ ᠰᠲ᠋ᠣᠺ ᠤᠨ | ᠡᠷᠬᠡ ᠶᠢᠨ ᠠᠷᠠᠯᠵᠢᠶ᠎ᠠ ᠶᠢᠨ ᠲᠥᠪ ᠤᠨ ᠢᠯᠡᠷᠬᠡᠶᠢᠯᠡᠯ ᠡᠯᠭᠦᠭᠰᠡᠨ ᠠᠵᠤ ᠠᠬᠤᠶᠢᠯᠠᠯ 1806 ᠡᠷᠦᠬᠡ ᠪᠠᠶᠢᠵᠤ᠂ | ᠤᠯᠠᠨ ᠲᠡᠰ ᠳᠠᠪᠬᠤᠷᠭ᠎ᠠ ᠶᠢᠨ ᠬᠦᠷᠦᠩᠭᠡ ᠶᠢᠨ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠢᠯᠡᠳᠲᠡ | ᠦᠷ᠎ᠡ ᠪᠦᠲᠦᠮᠵᠢ ᠤᠯᠪᠠ᠃ | ᠲᠠᠨᠢᠯᠴᠠᠭᠤᠯᠤᠭᠰᠠᠨ ᠢᠶᠠᠷ᠂ ᠣᠯᠠᠨ ᠲᠠᠯ᠎ᠠ ᠶᠢᠨ ᠠᠷᠭ᠎ᠠ ᠪᠣᠳᠣᠯᠭ᠎ᠠ ᠬᠡᠷᠡᠭᠵᠢᠭᠦᠯᠬᠦ ᠪᠠᠷ ᠳᠠᠮᠵᠢᠨ᠂ ᠮᠠᠨ ᠤ | ᠣᠷᠣᠨ ᠤ ᠮᠥᠩᠭᠦᠨ ᠭᠦᠢᠯᠭᠡᠭᠡ ᠶᠢᠨ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠶᠠᠰᠤ ᠴᠢᠨᠠᠷ ᠪᠠ | ᠦᠷ᠎ᠡ ᠪᠦᠲᠦᠮᠵᠢ ᠲᠠᠰᠤᠷᠠᠯᠲᠠ ᠦᠭᠡᠢ ᠳᠡᠭᠡᠭᠰᠢᠯᠡᠪᠡ᠃ 2017 ᠣᠨ ᠠᠴᠠ ᠨᠠᠰᠢ᠂ ᠥᠪᠡᠷᠲᠡᠭᠡᠨ ᠵᠠᠰᠠᠬᠤ | ᠣᠷᠣᠨ ᠠᠴᠠ ᠤᠯᠠᠨ ᠢᠯᠡ ᠲᠣᠳᠣ ᠭᠤᠤᠯ ᠰᠡᠳᠦᠪᠲᠦ᠂ ᠤᠯᠠᠨ ᠶᠠᠩᠵᠤ ᠬᠡᠯᠪᠡᠷᠢ ᠶᠢᠨ ᠪᠠᠯᠠ ᠲᠣᠬᠢᠷᠠᠭᠤᠯᠤᠯᠲᠠ ᠶᠢ | ᠵᠣᠯᠭᠠᠭᠤᠯᠬᠤ ᠶᠢ ᠲᠦᠯᠬᠢᠨ ᠠᠬᠢᠭᠤᠯᠬᠤ ᠠᠵᠢᠯᠯᠠᠭ᠎ᠠ ᠵᠤᠬᠢᠶᠠᠨ ᠪᠠᠶᠢᠭᠤᠯᠵᠠᠢ︔ ᠮᠥᠩᠭᠦᠨ ᠭᠦᠢᠯᠭᠡᠭᠡᠨ ᠤ ᠠᠵᠤ | ᠠᠬᠤᠶ ᠶᠢᠨ ᠬᠥᠭᠵᠢᠯᠲᠡ ᠳᠤ ᠦᠢᠯᠡᠴᠢᠯᠡᠬᠦ ᠶᠢ ᠠᠬᠢᠭᠤᠯᠬᠤ ᠠᠯᠢ ᠤᠯᠠᠨ ᠲᠦᠷᠦ ᠶᠢᠨ ᠪᠤᠳᠤᠯᠭ᠎ᠠ ᠶᠢᠨ ᠠᠷᠭ᠎ᠠ | ᠬᠡᠮᠵᠢᠶ᠎ᠡ ᠶᠢ ᠰᠤᠳᠤᠯᠤᠨ ᠲᠣᠭᠲᠠᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠶᠢ ᠪᠦᠬᠦ ᠬᠦᠴᠦᠨ ᠢᠶᠠᠷ ᠢᠶᠠᠨ ᠳᠡᠮᠵᠢᠪᠡ᠃ 2017 ᠣᠨ ᠳᠤ ᠪᠦᠬᠦ ᠣᠷᠣᠨ ᠤ ᠵᠢᠭᠡᠯᠡᠯᠭᠡ ᠶᠢᠨ | ᠦᠯᠡᠳᠡᠪᠦᠷᠢ ᠲᠤᠭ᠎ᠠ ᠬᠤᠶᠠᠷ ᠲᠦᠮᠡᠨ ᠳ᠋ᠦᠩᠰᠢᠭᠤᠷ ᠲᠦᠬᠦᠷᠢᠭ ᠢ ᠳᠠᠪᠠᠵᠠᠢ᠃ ᠡᠨᠡ ᠵᠢᠯ ᠤᠨ ᠳᠡᠭᠡᠷ᠎ᠡ ᠬᠠᠭᠠᠰ | ᠵᠢᠯ ᠳᠤ᠂ ᠮᠥᠩᠭᠦᠨ ᠭᠦᠢᠯᠭᠡᠭᠡᠨ ᠤ ᠭᠤᠣᠯᠳᠠᠯᠭ᠎ᠠ ᠲᠠᠢ ᠬᠦᠷᠢᠶ᠎ᠡ ᠪᠠ ᠪᠠᠭᠤᠷᠠᠶ ᠲᠠᠯ᠎ᠠ ᠶᠢ ᠳᠡᠮᠵᠢᠬᠦ ᠡᠷᠴᠢᠮ ᠢ | ᠲᠠᠰᠤᠷᠠᠯᠲᠠ ᠥᠬᠡᠶ ᠨᠡᠮᠡᠭᠳᠡᠭᠦᠯᠵᠦ᠂ ᠴᠢᠬᠤᠯᠠ ᠶᠡᠭᠡ ᠲᠥᠷᠥᠯ ᠵᠦᠢᠯ ᠤᠨ ᠢᠲᠡᠭᠡᠮᠵᠢᠲᠦ ᠵᠢᠭᠡᠯᠡᠯᠭᠡ ᠲᠠᠯᠪᠢᠬᠤ | ᠬᠡᠪᠴᠢᠶ᠎ᠡ ᠶᠢ ᠲᠠᠰᠤᠷᠠᠯᠲᠠ ᠥᠬᠡᠶ ᠦᠷᠭᠡᠳᠬᠡᠵᠦ᠂ ᠳᠤᠮᠳᠠ ᠤᠷᠲᠤ ᠬᠤᠭᠤᠴᠠᠭᠠᠨ ᠤ ᠵᠢᠭᠡᠯᠡᠯᠭᠡ ᠶᠢ 587.2 | ᠳ᠋ᠦᠩᠰᠢᠭᠤᠷ ᠲᠦᠬᠦᠷᠢᠭ ᠰᠢᠨ᠎ᠡ ᠪᠠᠷ ᠨᠡᠮᠡᠭᠳᠡᠭᠦᠯᠵᠦ᠂ ᠪᠥᠬᠦ ᠣᠷᠣᠨ ᠤ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ | 90% ᠶᠢ ᠡᠵᠡᠯᠡᠵᠡᠶ᠃ ᠡᠭᠦᠨ ᠠᠴᠠ ᠭᠠᠳᠠᠨ᠎ᠠ᠂ ᠮᠠᠨ ᠤ ᠣᠷᠣᠨ ︽ᠮᠦᠩᠭᠦᠨ ᠭᠦᠢᠯᠭᠡᠭᠡ ᠪᠠᠷ ᠵᠢᠵᠢᠭ ᠪᠢᠴᠢᠯ | ᠠᠵᠤ ᠠᠬᠤᠶᠢᠯᠠᠯ ᠤᠨ ᠪᠤᠶᠢᠵᠢᠯᠲᠠ ᠶᠢ ᠳᠡᠮᠵᠢᠬᠦ ᠲᠤᠰᠬᠠᠶ ᠠᠵᠢᠯᠯᠠᠭ᠎ᠠ ᠶᠢᠨ ᠲᠦᠯᠦᠪᠯᠡᠭᠡ︾ ᠶᠢ ᠬᠡᠷᠡᠭᠵᠢᠭᠦᠯᠵᠦ᠂ | ᠪᠥᠬᠦ ᠣᠷᠣᠨ ᠤ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠠᠳᠠᠯᠢ ᠬᠤᠭᠤᠴᠠᠭᠠᠨ ᠤ ᠬᠢ ᠠᠴᠠ 9.5% ᠪᠠᠷ | ᠨᠡᠮᠡᠭᠳᠡᠵᠦ᠂ ᠪᠦᠬᠦ ᠣᠷᠣᠨ ᠤ ᠡᠯ᠎ᠡ ᠵᠦᠶᠯ ᠤᠨ ᠵᠢᠭᠡᠯᠡᠯᠭᠡ ᠶᠢᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 3.5 | ᠵᠠᠭᠤᠨ ᠤ ᠴᠡᠭ ᠦᠨᠳᠦᠷ ᠪᠤᠯᠪᠠ᠃ ᠮᠠᠨ ᠤ ᠣᠷᠣᠨ ᠪᠠᠰᠠ ᠡᠭᠦᠯᠡᠨ ᠪᠤᠳᠤᠯᠲᠠ᠂ ᠲᠤᠮᠤ ᠳ᠋ᠠᠶᠢᠲ᠋ᠠ ᠵᠡᠷᠭᠡ | ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠥᠭᠵᠢᠯᠲᠡ ᠶᠢ ᠢᠳᠡᠪᠬᠢᠲᠡᠶ ᠪᠠᠷ ᠳᠡᠮᠵᠢᠵᠦ᠂ ᠮᠡᠳᠡᠭᠡ ᠵᠠᠩᠭᠢ | ᠳᠠᠮᠵᠢᠭᠤᠯᠬᠤ᠂ ᠵᠥᠭᠡᠯᠡᠨ ᠲᠤᠨᠤᠭ ᠵᠡᠷᠭᠡ ᠮᠡᠳᠡᠭᠡ ᠵᠠᠩᠭᠢ ᠶᠢᠨ ᠦᠢᠯᠡᠰ ᠤᠨ ᠵᠢᠭᠡᠯᠡᠯᠭᠡ ᠠᠳᠠᠯᠢ | ᠬᠤᠭᠤᠴᠠᠭᠠᠨ ᠤ ᠬᠢ ᠠᠴᠠ 24.8% ᠪᠠᠷ ᠨᠡᠮᠡᠭᠳᠡᠵᠦ᠂ ᠪᠥᠬᠦ ᠣᠷᠣᠨ ᠤ ᠡᠯ᠎ᠡ ᠵᠦᠶᠯ ᠤᠨ ᠵᠢᠭᠡᠯᠡᠯᠭᠡ ᠶᠢᠨ | ᠳᠤᠮᠳᠠᠴᠢ ᠨᠡᠮᠡᠭᠳᠡᠯ ᠤᠨ ᠬᠤᠷᠳᠤᠴᠠ ᠠᠴᠠ 18.9 ᠵᠠᠭᠤᠨ ᠤ ᠴᠡᠭ ᠦᠨᠳᠦᠷ ᠪᠤᠯᠪᠠ᠃ | ᠲᠡᠷᠠᠭ᠎ᠠ ᠠᠯᠬᠤᠮ ᠳᠤ᠂ ᠮᠠᠨ ᠤ ᠣᠷᠣᠨ ᠦᠷᠭᠦᠯᠵᠢᠯᠡᠨ ᠪᠣᠳᠠᠲᠤ ᠴᠣᠭᠴᠠ ᠶᠢᠨ ᠠᠵᠤ ᠠᠬᠤᠢ ᠳᠤ ᠪᠦᠬᠦ | ᠬᠦᠴᠦᠨ ᠢᠶᠠᠷ ᠢᠶᠠᠨ ᠦᠢᠯᠡᠴᠢᠯᠡᠵᠦ᠂ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠶᠢ ᠮᠥᠩᠭᠦᠨ | ᠭᠦᠢᠯᠭᠡᠭᠡᠨ ᠤ ᠠᠵᠢᠯ ᠤᠨ ᠭᠠᠷᠳᠠᠴᠠ ᠪᠠ ᠵᠤᠭᠰᠤᠯᠲᠠ ᠪᠤᠯᠭᠠᠬᠤ ᠶᠢ ᠪᠠᠷᠢᠮᠲᠠᠯᠠᠵᠤ᠂ ᠭᠤᠤᠯᠳᠠᠯᠭ᠎ᠠ ᠳᠤ | ᠠᠩᠬᠠᠷᠤᠯ ᠢᠶᠠᠨ ᠲᠦᠪᠯᠡᠷᠡᠭᠦᠯᠦᠨ᠂ ᠳᠤᠲᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠮᠥᠩᠭᠦᠨ | ᠭᠦᠢᠯᠭᠡᠭᠡ ᠶᠢᠨ ᠠᠮᠢᠳᠤ ᠤᠰᠤ︾ ᠶᠢ ᠨᠡᠩ ᠰᠠᠶᠢᠲᠤᠷ ᠬᠡᠷᠡᠭᠯᠡᠵᠦ ᠪᠠᠶᠢᠭᠠᠳ ᠪᠣᠳᠠᠲᠤ ᠴᠣᠭᠴᠠ ᠶᠢᠨ ᠠᠵᠤ | ᠠᠬᠤᠢ ᠶᠢ ᠤᠰᠤᠯᠠᠵᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ ᠠᠷᠢᠯᠭᠠᠵᠤ᠂ | ᠮᠥᠩᠭᠦᠨ ᠭᠦᠢᠯᠭᠡᠭᠡᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠥᠪᠡᠷᠲᠡᠭᠡᠨ ᠵᠠᠰᠠᠬᠤ | ᠣᠷᠣᠨ ᠤ ᠪᠣᠳᠠᠲᠤ ᠪᠠᠶᠢᠳᠠᠯ ᠢ ᠦᠨᠳᠦᠰᠦᠯᠡᠨ᠂ ᠮᠥᠩᠭᠦᠨ ᠭᠦᠢᠯᠭᠡᠭᠡᠨ ᠤ ᠬᠥᠭᠵᠢᠯᠲᠡ ᠶᠢᠨ ᠠᠷᠭ᠎ᠠ ᠬᠡᠯᠪᠡᠷᠢ ᠶᠢ | ᠲᠦᠷᠭᠡᠪᠴᠢᠯᠡᠨ ᠬᠤᠪᠢᠷᠠᠭᠤᠯᠵᠤ᠂ ᠮᠥᠩᠭᠦᠨ ᠭᠦᠢᠯᠭᠡᠭᠡᠨ ᠤ ᠡᠬᠢ ᠪᠠᠶᠠᠯᠢᠭ ᠤᠨ ᠲᠤᠬᠢᠷᠠᠭᠤᠯᠤᠯᠲᠠ ᠶᠢ ᠲᠠᠰᠤᠷᠠᠯᠲᠠ | ᠦᠭᠡᠢ ᠳᠡᠭᠡᠭᠰᠢᠯᠡᠭᠦᠯᠦᠨ᠎ᠡ᠃ |