ᠥᠪᠥᠷ ᠵᠠᠰᠠᠭ ᠲᠠᠷᠬᠠᠭᠠᠭᠰᠠᠨ ﹇2018﹈ 1 ᠳ᠋ᠤᠭᠡᠷ ᠲᠤᠭᠠᠳᠤ | 2018 ᠣᠨ ᠤ 2 ᠳ᠋ᠤᠭᠠᠷ ᠰᠠᠷ᠎ᠠ ᠶᠢᠨ 22 ᠤᠨ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄ | ︽2018 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ | ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ︾ ᠶᠢ ᠥᠪᠡᠷᠲᠡᠭᠡᠨ ᠵᠠᠰᠠᠬᠤ ᠣᠷᠣᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠤᠳᠠᠭᠠᠨ ᠤ | ᠬᠤᠷᠠᠯ ᠢᠶᠠᠷ ᠨᠢᠭᠡᠨᠲᠡ ᠬᠢᠨᠠᠨ ᠪᠠᠲᠤᠯᠠᠭᠠᠳ᠂ ᠡᠳᠦᠭᠡ ᠳᠣᠷᠣᠭᠰᠢ ᠶᠠᠪᠤᠭᠤᠯᠪᠠ᠂ ᠪᠣᠳᠠᠲᠠᠢ ᠲᠠᠢ ᠪᠠᠨ | ᠤᠶᠠᠯᠳᠤᠭᠤᠯᠤᠨ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠳᠦᠭᠡᠢ᠃ | 2018 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠲᠡ ᠶᠢᠨ ᠲᠥᠯᠥᠪᠯᠡᠭᠡ | 2018 ᠣᠨ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠬᠤ | ᠡᠬᠢᠯᠡᠯᠲᠠ ᠶᠢᠨ ᠣᠨ᠂ ᠥᠭᠡᠷᠡᠴᠢᠯᠡᠯᠲᠡ ᠨᠡᠬᠡᠭᠡᠯᠲᠡ ᠬᠢᠭᠰᠡᠨ 40 ᠵᠢᠯ ᠤᠨ ᠣᠢ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠬᠤ ᠪᠠ ︽13 · 5︾ ᠶᠢᠨ ᠲᠥᠯᠥᠪᠵᠢᠭᠦᠯᠭᠡ | ᠬᠡᠷᠡᠭᠵᠢᠭᠦᠯᠬᠦ ᠶᠢᠨ ᠤᠷᠢᠳᠤᠬᠢ ᠶᠢ ᠵᠠᠯᠭᠠᠮᠵᠢᠯᠠᠨ ᠢᠷᠡᠭᠡᠳᠦᠢ ᠶᠢ ᠨᠡᠬᠡᠭᠡᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠲᠠᠪᠤᠳᠤᠭᠠᠷ ᠤᠳᠠᠭᠠᠨ ᠤ | ᠪᠦᠭᠦᠲᠡ ᠬᠤᠷᠠᠯ ᠬᠢᠭᠡᠳ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠶᠡᠷᠦᠩᠬᠡᠢ | ᠪᠠᠶᠢᠷᠢᠯᠠᠭᠤᠯᠤᠯᠲᠠ ᠶᠣᠰᠤᠭᠠᠷ᠂ 2018 ᠣᠨ ᠤ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ | ᠠᠬᠤᠢ ᠪᠠ ᠨᠡᠶᠢᠭᠡᠮ ᠤᠨ ᠬᠦᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠦᠷᠲᠡᠭ ᠢ 6.5% ᠣᠷᠴᠢᠮ ᠨᠡᠮᠡᠭᠳᠡᠭᠦᠯᠦᠨ᠎ᠡ︔ ᠰᠠᠭᠤᠭᠠᠯᠢ ᠠᠷᠠᠳ ᠤᠨ | ᠬᠡᠷᠡᠭᠯᠡᠭᠡ ᠶᠢᠨ ᠦᠨ᠎ᠡ ᠬᠠᠩᠰᠢ ᠶᠢᠨ ᠦᠰᠦᠯᠲᠡ ᠶᠢᠨ ᠬᠡᠮᠵᠢᠶ᠎ᠡ ᠶᠢ 3% ᠣᠷᠴᠢᠮ ᠪᠠᠶᠢᠯᠭᠠᠵᠤ᠂ ᠬᠤᠲᠠ | ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠳᠤᠮᠳᠠᠴᠢ ᠪᠠᠷ ᠡᠵᠡᠮᠳᠡᠵᠦ ᠪᠣᠯᠬᠤ ᠣᠷᠤᠯᠭ᠎ᠠ ᠶᠢ ᠲᠤᠰ ᠲᠤᠰ 7. | 5% ᠣᠷᠴᠢᠮ ᠨᠡᠮᠡᠭᠳᠡᠭᠦᠯᠦᠨ᠂ ᠬᠤᠲᠠ ᠪᠠᠯᠭᠠᠰᠤ ᠶᠢᠨ ᠠᠵᠢᠯ ᠣᠯᠣᠭᠰᠠᠳ ᠢ 25 ᠲᠦᠮᠡ ᠣᠷᠴᠢᠮ ᠬᠦᠮᠦᠨ ᠢ | ᠰᠢᠨ᠎ᠡ ᠪᠠᠷ ᠨᠡᠮᠡᠭᠳᠡᠭᠦᠯᠦᠨ᠂ ᠬᠤᠲᠠ ᠪᠠᠯᠭᠠᠰᠤ ᠶᠢᠨ ᠪᠠᠶᠢᠴᠠᠭᠠᠨ ᠰᠣᠳᠤᠯᠤᠯᠲᠠ ᠳᠠᠬᠢ ᠠᠵᠢᠯ ᠠᠯᠳᠠᠭᠰᠠᠳ ᠤᠨ | ᠨᠣᠷᠮ᠎ᠠ ᠪᠠ ᠬᠤᠲᠠ ᠪᠠᠯᠭᠠᠰᠤ ᠶᠢᠨ ᠳᠠᠩᠰᠠᠯᠠᠨ ᠲᠡᠮᠳᠡᠭᠯᠡᠭᠦᠯᠦᠭᠰᠡᠨ ᠠᠵᠢᠯ ᠠᠯᠳᠠᠭᠰᠠᠳ ᠤᠨ ᠨᠣᠷᠮ᠎ᠠ ᠶᠢ ᠲᠤᠰ | ᠲᠤᠰ 5% ᠣᠷᠴᠢᠮ ᠪᠠ 4% ᠶᠢᠨ ᠳᠣᠲᠤᠷ᠎ᠠ ᠡᠵᠡᠮᠳᠡᠨ᠎ᠡ︔ ᠡᠨᠧᠷᠬᠢ ᠠᠷᠪᠢᠯᠠᠵᠤ ᠪᠣᠬᠢᠷ ᠪᠣᠳᠠᠰ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠᠲᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ︔ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠪᠣᠳᠠᠲᠤ ᠴᠢᠨᠠᠷ ᠤᠨ ᠠᠬᠢᠯᠲᠠ ᠲᠠᠢ | ᠪᠣᠯᠭᠠᠨ᠎ᠠ︔ ᠮᠦᠩᠭᠦᠨ ᠭᠦᠢᠯᠭᠡᠭᠡ ᠡᠳ᠋ ᠤᠨ ᠵᠠᠰᠠᠭ ᠤᠨ ᠲᠦᠭᠰᠢᠭᠦᠷᠢ ᠶᠢ ᠵᠢᠷᠤᠮᠲᠠᠢ ᠪᠦᠭᠡᠳ ᠪᠦᠲᠦᠮᠵᠢᠲᠠᠢ | ᠰᠡᠷᠭᠡᠶᠢᠯᠡᠨ ᠡᠵᠡᠮᠳᠡᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠣᠨ ᠤ ᠡᠭᠦᠷᠭᠡ ᠶᠢ ᠪᠡᠶᠡᠯᠡᠭᠦᠯᠬᠦ | ᠶᠠᠪᠤᠳᠠᠯ ᠪᠣᠯᠣᠨ᠎ᠠ᠃ ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ᠂ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠤᠨ ᠵᠣᠷᠢᠭ ᠰᠠᠨᠠᠭ᠎ᠠ ᠪᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠤᠨ᠂ ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠳᠤᠮᠳᠠᠲᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ | ᠥᠪᠥᠷ ᠮᠣᠩᠭᠤᠯ ᠢ ᠰᠢᠨᠵᠢᠯᠡᠨ ᠪᠠᠶᠢᠴᠠᠭᠠᠬᠤ ᠳᠤ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠬᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ | ᠲᠠᠪᠤᠳᠤᠭᠠᠷ ᠤᠳᠠᠭᠠᠨ ᠤ ᠪᠦᠬᠦᠲᠠ ᠬᠤᠷᠠᠯ ᠤᠨ ᠪᠠᠶᠢᠷᠢᠯᠠᠭᠤᠯᠤᠯᠲᠠ ᠶᠣᠰᠤᠭᠠᠷ᠂ ᠠᠵᠤ ᠠᠬᠤᠢ ᠶᠢᠨ ᠠᠵᠢᠯ ᠤᠨ | ᠲᠠᠯ᠎ᠠ ᠪᠠᠷ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠲᠣᠭᠲᠠᠭᠤᠨ ᠢᠶᠠᠷ ᠤᠷᠤᠭᠰᠢᠯᠠᠨ ᠳᠠᠪᠰᠢᠬᠤ ᠠᠵᠢᠯ ᠤᠨ | ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠵᠤ᠂ ᠰᠢᠨ᠎ᠡ ᠬᠦᠭᠵᠢᠯᠲᠡ ᠶᠢᠨ ᠣᠨᠣᠯᠵᠢᠬᠤᠨ ᠢ ᠪᠠᠷᠢᠮᠲᠠᠯᠠᠨ᠂ ᠮᠠᠨ ᠤ | ᠤᠯᠤᠰ ᠤᠨ ᠨᠡᠶᠢᠭᠡᠮ ᠤᠨ ᠭᠤᠣᠯ ᠵᠦᠷᠢᠴᠡᠯ ᠤᠨ ᠬᠤᠪᠢᠷᠠᠯᠲᠠ ᠲᠠᠢ ᠨᠢᠭᠲᠠ ᠤᠶᠠᠯᠳᠤᠭᠤᠯᠤᠨ᠂ ᠠᠵᠤ ᠠᠬᠤᠢ ᠶᠢᠨ | ᠴᠢᠨᠠᠷᠵᠢᠭᠤᠨ ᠬᠦᠭᠵᠢᠬᠦ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ | ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠬᠤ ᠪᠠ ︽ᠳᠥᠷᠪᠡᠨ | ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠬᠤ ᠶᠢ | ᠪᠠᠷᠢᠮᠲᠠᠯᠠᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ | ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠥᠭᠰᠢᠭᠦᠷᠢ ᠶᠢ ᠰᠡᠷᠭᠡᠶᠢᠯᠡᠬᠦ ᠡᠯ᠎ᠡ ᠵᠦᠢᠯ ᠤᠨ | ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠥᠭᠡᠷᠡᠴᠢᠯᠡᠯᠲᠡ ᠨᠡᠬᠡᠭᠡᠯᠲᠡ ᠶᠢ ᠭᠦᠨᠵᠡᠭᠡᠶᠢᠷᠡᠭᠦᠯᠦᠨ᠂ | ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠲᠥᠷᠭᠡᠳᠭᠡᠨ᠂ ᠶᠠᠰᠦ ᠴᠢᠨᠡᠷ ᠤᠨ ᠬᠤᠪᠢᠰᠤᠯᠲᠠ᠂ ᠦᠷ᠎ᠡ | ᠠᠰᠢᠭ ᠤᠨ ᠬᠤᠪᠢᠰᠤᠯᠲᠠ᠂ ᠬᠦᠳᠡᠯᠭᠡᠭᠴᠢ ᠬᠦᠴᠦᠨ ᠤ ᠬᠤᠪᠢᠰᠤᠯᠲᠠ ᠶᠢ ᠬᠦᠴᠦᠯᠡᠨ ᠠᠬᠢᠭᠤᠯᠵᠤ᠂ ᠬᠦᠨᠳᠦ | ᠬᠡᠴᠡᠭᠦᠦ ᠲᠥᠭᠰᠢᠭᠦᠷᠢ ᠶᠢ ᠰᠡᠷᠭᠡᠶᠢᠯᠡᠨ ᠠᠷᠢᠯᠭᠠᠬᠤ᠂ ᠲᠦᠢᠯ ᠤᠨ ᠣᠨᠣᠪᠴᠢᠲᠠᠢ ᠪᠠᠷ ᠶᠠᠳᠠᠭᠤ ᠠᠴᠠ | ᠠᠩᠭᠢᠵᠢᠷᠠᠭᠤᠯᠬᠤ᠂ ᠪᠣᠬᠢᠷᠳᠤᠯ ᠢ ᠰᠡᠷᠭᠡᠶᠢᠯᠡᠨ ᠵᠠᠰᠠᠬᠤ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ | ᠰᠢᠭᠤᠷᠬᠠᠢ ᠰᠠᠶᠢᠨ ᠬᠢᠵᠦ᠂ ᠬᠦᠭᠵᠢᠯᠲᠡ᠂ ᠠᠷᠠᠳ ᠤᠨ ᠠᠮᠢᠳᠤᠷᠠᠯ᠂ ᠠᠮᠢ ᠠᠬᠤᠢ ᠭᠤᠷᠪᠠᠨ ᠲᠠᠯ᠎ᠠ ᠶᠢᠨ ᠪᠠᠲᠤᠯᠠᠭ᠎ᠠ | ᠪᠠ ᠬᠤᠷᠢᠭ᠎ᠠ ᠱᠣᠭᠤᠮ ᠢ ᠡᠷᠡᠰ ᠰᠠᠶᠢᠲᠤᠷ ᠰᠠᠬᠢᠵᠦ᠂ ᠪᠦᠬᠦ ᠣᠷᠣᠨ ᠤ ᠠᠵᠤ ᠠᠬᠤᠢ ᠨᠡᠶᠢᠭᠡᠮ ᠤᠨ ᠦᠷᠭᠦᠯᠵᠢᠯᠡᠨ | ᠡᠷᠡᠭᠦᠯ ᠢᠶᠠᠷ ᠬᠦᠭᠵᠢᠬᠦ ᠶᠢ ᠠᠬᠢᠭᠤᠯᠬᠤ ᠬᠡᠷᠡᠭᠲᠡᠢ᠃ | ᠨᠢᠭᠡ᠂ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠤ ᠪᠣᠳᠠᠲᠤ ᠦᠷ᠎ᠡ ᠪᠦᠲᠦᠮᠵᠢ ᠣᠯᠬᠤ ᠶᠢ | ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠶᠢ ᠬᠢᠵᠠᠭᠠᠷᠯᠠᠵᠤ ᠪᠠᠶᠢᠭ᠎ᠠ ᠨᠡᠶᠢᠭᠡᠮ ᠤᠨ | ᠭᠤᠣᠯᠳᠠᠯᠭ᠎ᠠ ᠲᠠᠢ ᠪᠦᠭᠡᠳ ᠬᠦᠴᠢᠷᠳᠡᠢ ᠠᠰᠠᠭᠤᠳᠠᠯ ᠤᠳ ᠢ ᠬᠦᠴᠦᠯᠡᠨ ᠰᠢᠢᠳᠪᠦᠷᠢᠯᠡᠨ᠎ᠡ | ᠬᠦᠨᠳᠦ ᠶᠡᠭᠡ ᠲᠥᠭᠰᠢᠭᠦᠷᠢ ᠶᠢ ᠰᠡᠷᠭᠡᠶᠢᠯᠡᠨ ᠠᠷᠢᠯᠭᠠᠬᠤ᠂ ᠲᠦᠢᠯ ᠤᠨ ᠣᠨᠣᠪᠴᠢᠲᠠᠢ ᠪᠠᠷ ᠶᠠᠳᠠᠭᠤ ᠠᠴᠠ | ᠠᠩᠭᠢᠵᠢᠷᠠᠭᠤᠯᠬᠤ ᠪᠠ ᠪᠣᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠨᠤᠭᠤᠳ ᠢ ᠰᠠᠶᠢᠳᠤᠷ | ᠬᠢᠵᠦ᠂ ᠰᠢᠰᠲ᠋ᠧᠮ ᠤᠨ ᠴᠢᠨᠠᠷᠲᠠᠢ ᠲᠦᠭᠰᠢᠭᠦᠷᠢ ᠦᠯᠦ ᠭᠠᠷᠭᠠᠬᠤ ᠬᠤᠷᠢᠭ᠎ᠠ ᠱᠣᠭᠤᠮ ᠢ ᠡᠷᠡᠰ ᠰᠠᠬᠢᠬᠤ | ᠬᠡᠷᠡᠭᠲᠡᠢ᠃ | ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ | ᠬᠢᠨ᠎ᠡ᠃ ᠨᠢᠭᠡ ᠳᠤ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠥᠷᠢ | ᠥᠭᠴᠡᠭᠡ ᠶᠢᠨ ᠥᠯᠡᠳᠡᠭᠡᠯ ᠢ ᠢᠳᠡᠪᠬᠢᠲᠡᠢ ᠠᠷᠢᠯᠭᠠᠵᠤ᠂ ᠣᠨ ᠤ ᠥᠷᠢ ᠥᠭᠴᠡᠭᠡ ᠲᠥᠯᠥᠬᠦ ᠡᠭᠦᠷᠭᠡ ᠶᠢ | ᠨᠠᠶᠢᠳᠠᠪᠤᠷᠢᠵᠢᠭᠤᠯᠬᠤ ᠬᠡᠷᠡᠭᠲᠡᠢ᠃ ᠥᠷᠢ ᠥᠭᠴᠡᠭᠡ ᠶᠢᠨ ᠨᠡᠮᠡᠭᠳᠡᠯ ᠤᠨ ᠬᠡᠮᠵᠢᠶ᠎ᠡ ᠶᠢ ᠴᠢᠩᠭ᠎ᠠ ᠬᠢᠵᠠᠭᠠᠷᠯᠠᠨ᠂ | ᠤᠯᠤᠰ ᠤᠨ ᠥᠷᠢ ᠥᠭᠴᠡᠭᠡ ᠶᠢᠨ ᠬᠢᠵᠠᠭᠠᠷ ᠲᠣᠭᠠᠨ ᠤ ᠬᠠᠮᠢᠶᠠᠷᠤᠯᠲᠠ ᠶᠢᠨ ᠳᠥᠷᠢᠮ ᠢ ᠨᠠᠶᠢᠳᠠᠪᠤᠷᠢᠵᠢᠭᠤᠯᠵᠤ᠂ | ᠵᠦᠪᠰᠢᠶᠡᠷᠡᠭᠰᠡᠨ ᠥᠷᠢ ᠥᠭᠴᠡᠭᠡ ᠶᠢᠨ ᠬᠢᠵᠠᠭᠠᠷ ᠲᠣᠭᠠᠨ ᠤ ᠳᠣᠲᠣᠷ᠎ᠠ ᠰᠢᠨ᠎ᠡ ᠪᠠᠷ ᠥᠷᠢ ᠵᠢᠭᠡᠯᠡᠯᠭᠡ ᠠᠪᠬᠤ ᠶᠢ | ᠴᠢᠩᠭᠠᠳᠬᠠᠬᠤ ᠬᠡᠷᠡᠭᠲᠡᠢ᠃ ᠵᠠᠰᠠᠭ ᠤᠨ ᠣᠷᠳᠣᠨ ᠤ ᠪᠡᠯᠡ ᠣᠷᠤᠭᠤᠯᠤᠯᠲᠠ ᠶᠢᠨ ᠲᠥᠷᠥᠯ ᠵᠦᠢᠯ ᠤᠳ ᠢ | ᠬᠦᠳᠡᠯᠦᠩᠭᠦᠢ ᠪᠠᠷ ᠡᠮᠬᠢᠯᠡᠨ ᠲᠣᠬᠢᠷᠠᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠲᠥᠷᠥᠯ ᠵᠦᠢᠯ ᠤᠳ ᠢ | ᠴᠢᠳᠠᠯ ᠢᠶᠠᠷ ᠢᠶᠠᠨ ᠴᠢᠷᠮᠠᠶᠢᠨ ᠬᠢᠬᠦ᠂ ᠴᠢᠳᠠᠯ ᠤᠨ ᠬᠢᠷᠢ ᠪᠠᠷ ᠢᠶᠠᠨ ᠬᠢᠬᠦ ᠵᠠᠷᠴᠢᠮ ᠢ ᠪᠠᠷᠢᠮᠲᠠᠯᠠᠵᠤ᠂ ᠪᠡᠯᠡ ᠮᠦᠩᠭᠦ | ᠶᠡᠬᠡᠪᠡᠷ ᠳᠤᠲᠠᠭᠳᠠᠬᠤ ᠠᠴᠠ ᠵᠠᠶᠢᠯᠠᠰᠬᠢᠬᠤ ᠬᠡᠷᠡᠭᠲᠡᠢ᠃ ᠬᠤᠶᠠᠷ ᠲᠤ ᠮᠦᠩᠭᠦᠨ ᠭᠦᠢᠯᠭᠡᠭᠡᠨ ᠤ ᠲᠥᠭᠰᠢᠭᠦᠷᠢ ᠶᠢ | ᠪᠦᠲᠦᠮᠵᠢᠲᠡᠢ ᠰᠡᠷᠭᠡᠶᠢᠯᠡᠨ ᠠᠷᠢᠯᠭᠠᠨ᠎ᠠ᠃ ᠣᠷᠣᠨ ᠨᠤᠲᠤᠭ ᠤᠨ ᠮᠦᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠮᠦᠩᠭᠦᠨ ᠭᠦᠢᠯᠭᠡᠭᠡᠨ ᠤ ᠠᠯᠢᠪᠠ | ᠠᠵᠢᠯᠯᠠᠭ᠎ᠠ ᠳᠤ ᠬᠢᠨᠠᠯᠲᠠ ᠬᠠᠮᠢᠶᠠᠷᠤᠯᠲᠠ ᠬᠢᠬᠦ ᠶᠢ ᠲᠦᠷᠭᠡᠳᠭᠡᠨ ᠪᠡᠶᠡᠯᠡᠭᠦᠯᠬᠦ ᠬᠡᠷᠡᠭᠲᠡᠢ᠃ ᠢᠲᠡᠭᠡᠮᠵᠢ ᠶᠢᠨ | ᠲᠥᠭᠰᠢᠭᠦᠷᠢ ᠪᠠ ᠡᠷᠭᠢᠯᠲᠡᠲᠦ ᠴᠢᠨᠠᠷᠲᠠᠢ ᠲᠥᠭᠰᠢᠭᠦᠷᠢ ᠶᠢ ᠰᠡᠷᠭᠡᠶᠢᠯᠡᠨ ᠠᠷᠢᠯᠭᠠᠬᠤ ᠬᠡᠷᠡᠭᠲᠡᠢ᠃ ᠠᠵᠤ | ᠠᠬᠤᠶᠢᠯᠠᠯ ᠤᠨ ᠵᠢᠭᠡᠯᠡᠯᠭᠡ ᠶᠢᠨ ᠲᠡᠮᠳᠡᠭᠲᠦ ᠶᠢᠨ ᠭᠡᠷ᠎ᠡ ᠠᠴᠠ ᠵᠦᠷᠢᠴᠡᠬᠦ ᠲᠥᠭᠰᠢᠭᠦᠷᠢ ᠶᠢᠨ ᠪᠠᠶᠢᠳᠠᠯ ᠢ ᠣᠶᠢᠯᠠᠭᠠᠵᠤ | ᠵᠢᠭᠰᠠᠭᠠᠨ ᠪᠠᠶᠢᠴᠠᠭᠠᠬᠤ ᠶᠢ ᠦᠷᠨᠢᠭᠦᠯᠬᠦ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠦᠨᠳᠦᠷ ᠬᠦᠦ ᠲᠠᠢ | ᠵᠢᠭᠡᠯᠡᠯᠭᠡ ᠶᠢᠨ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠡᠯ᠎ᠡ ᠲᠥᠷᠥᠯ ᠤᠨ ᠠᠷᠠᠯᠵᠢᠶᠠᠯᠠᠬᠤ ᠲᠠᠯᠠᠪᠠᠢ ᠭᠠᠵᠠᠷ | ᠪᠣᠯᠣᠨ ᠢᠨᠲ᠋ᠧᠷ ᠰᠦᠯᠵᠢᠶ᠎ᠡ ᠶᠢᠨ ᠮᠦᠩᠭᠦᠨ ᠭᠦᠢᠯᠭᠡᠭᠡᠨ ᠤ ᠲᠥᠭᠰᠢᠭᠦᠷᠢ ᠶᠢᠨ ᠲᠤᠰᠬᠠᠢ ᠵᠠᠰᠠᠯᠲᠠ ᠶᠢ ᠦᠷᠨᠢᠭᠦᠯᠬᠦ | ᠬᠡᠷᠡᠭᠲᠡᠢ᠃ ᠭᠤᠷᠪᠠ ᠳᠤ ᠡᠳ᠋ ᠤᠨ ᠵᠠᠰᠠᠭ ᠮᠦᠩᠭᠦᠨ ᠭᠦᠢᠯᠭᠡᠭᠡᠨ ᠤ ᠲᠥᠭᠰᠢᠭᠦᠷᠢ ᠶᠢᠨ ᠰᠡᠷᠭᠡᠶᠢᠯᠡᠨ ᠠᠷᠢᠯᠭᠠᠬᠤ | ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠥᠷᠢ ᠥᠭᠴᠡᠭᠡ ᠶᠢᠨ ᠲᠥᠭᠰᠢᠭᠦᠷᠢ ᠶᠢ ᠤᠷᠢᠳᠴᠢᠯᠠᠨ | ᠰᠡᠷᠡᠮᠵᠢᠯᠡᠭᠦᠯᠬᠦ ᠪᠠ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠵᠦ᠂ ᠵᠠᠰᠠᠭ ᠤᠨ ᠣᠷᠳᠣᠨ ᠤ ᠠᠪᠤᠭᠰᠨ | ᠵᠢᠭᠡᠯᠡᠯᠭᠡ ᠶᠢᠨ ᠨᠠᠰᠤᠨ ᠲᠤᠷᠰᠢᠲᠠ ᠬᠠᠷᠢᠭᠤᠴᠠᠯᠭ᠎ᠠ ᠬᠡᠯᠡᠯᠴᠡᠬᠦ ᠳᠥᠷᠢᠮ ᠪᠠ ᠥᠷᠢ ᠥᠭᠴᠡᠭᠡ ᠶᠢᠨ ᠠᠰᠠᠭᠤᠳᠠᠯ ᠢ | ᠭᠡᠳᠡᠷᠭᠦ ᠪᠠᠶᠢᠴᠠᠭᠠᠬᠤ ᠲᠣᠭᠲᠠᠴᠠ ᠶᠢ ᠲᠡᠭᠦᠯᠳᠡᠷᠵᠢᠭᠦᠯᠦᠨ᠂ ᠬᠢᠨᠠᠨ ᠪᠣᠳᠣᠵᠤ ᠬᠢᠨᠠᠯᠲᠠ ᠲᠠᠯᠪᠢᠬᠤ ᠪᠠ ᠰᠢᠮᠳᠠᠭᠤᠯᠤᠨ | ᠪᠠᠶᠢᠴᠠᠭᠠᠵᠤ ᠬᠠᠷᠢᠭᠤᠴᠠᠯᠭ᠎ᠠ ᠬᠡᠯᠡᠯᠴᠡᠬᠦ ᠶᠢ ᠴᠢᠩᠭᠠᠳᠬᠠᠬᠤ ᠬᠡᠷᠡᠭᠲᠡᠢ᠃ | ᠲᠦᠢᠯ ᠤᠨ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠢ | ᠰᠠᠶᠢᠲᠦᠷ ᠬᠢᠨ᠎ᠡ᠃ ᠣᠨᠴᠠ ᠲᠣᠭᠲᠠᠭᠠᠭᠰᠠᠨ ᠶᠠᠳᠠᠭᠤ ᠬᠦᠴᠢᠷᠳᠡᠯᠲᠡᠢ ᠣᠯᠠᠨ ᠲᠦᠮᠡᠨ ᠢ ᠲᠦᠢᠯ ᠤᠨ ᠣᠨᠣᠪᠴᠢᠲᠠᠢ | ᠬᠠᠪᠰᠤᠷᠤᠨ ᠲᠡᠳᠭᠦᠬᠦ ᠪᠠᠷ ᠬᠠᠷᠠᠯᠲᠠ ᠪᠣᠯᠭᠠᠵᠤ᠂ ᠲᠤᠩ ᠶᠠᠳᠠᠭᠤ ᠬᠦᠴᠢᠷᠳᠡᠯᠲᠡᠢ ᠭᠠᠵᠠᠷ ᠣᠷᠣᠨ ᠳᠤ ᠴᠢᠭᠯᠡᠭᠦᠯᠵᠦ | ᠬᠦᠴᠦ ᠪᠠᠨ ᠲᠥᠪᠯᠡᠷᠡᠭᠦᠯᠬᠦ ᠬᠡᠷᠡᠭᠲᠡᠢ᠃ ᠡᠳ᠋ ᠤᠨ ᠵᠠᠰᠠᠭ ᠤᠨ ᠲᠠᠷᠢᠶᠠᠯᠠᠩ ᠳᠤ ᠬᠤᠯᠪᠣᠭᠳᠠᠬᠤ ᠪᠡᠯᠡ ᠮᠦᠩᠭᠦ ᠶᠢ | ᠡᠮᠬᠢᠯᠡᠨ ᠨᠡᠶᠢᠯᠡᠭᠦᠯᠬᠦ ᠡᠷᠴᠢᠮ ᠢᠶᠠᠨ ᠨᠡᠮᠡᠭᠳᠡᠭᠦᠯᠵᠦ᠂ ᠴᠦᠬᠡᠨ ᠲᠣᠭᠠᠲᠤ ᠦᠨᠳᠦᠰᠦᠲᠡᠨ ᠲᠥᠪᠯᠡᠷᠡᠨ | ᠰᠠᠭᠤᠷᠢᠰᠢᠭᠰᠠᠨ ᠣᠷᠣᠨ᠂ ᠬᠢᠯᠢ ᠬᠢᠵᠠᠭᠠᠷ ᠣᠷᠣᠨ᠂ ᠮᠠᠯᠵᠢᠬᠤ ᠣᠷᠣᠨ ᠤ ᠶᠠᠳᠠᠭᠤ ᠶᠢ ᠳᠡᠳᠭᠦᠵᠦ ᠶᠠᠳᠠᠭᠤ ᠠᠴᠠ | ᠠᠩᠭᠢᠵᠢᠷᠠᠭᠤᠯᠬᠤ ᠳᠤ ᠵᠦᠷᠢᠶᠡᠵᠢᠭᠰᠡᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠲᠥᠷᠥᠯ ᠵᠦᠢᠯ ᠪᠣᠯᠣᠨ ᠪᠡᠯᠡ | ᠮᠦᠩᠭᠦ ᠶᠢᠨ ᠲᠣᠬᠢᠷᠠᠭᠤᠯᠤᠯᠲᠠ ᠳᠤ ᠲᠤᠩ ᠶᠠᠳᠠᠭᠤ ᠬᠦᠴᠢᠷᠳᠡᠯᠲᠡᠢ ᠭᠠᠵᠠᠷ ᠣᠷᠣᠨ ᠳᠤ ᠭᠤᠣᠯᠳᠠᠯᠭ᠎ᠠ ᠲᠠᠢ | ᠳᠡᠮᠵᠢᠯᠭᠡ ᠥᠭᠬᠦ ᠪᠠ ᠬᠠᠷᠠᠭᠠᠯᠵᠠᠯ ᠦᠵᠡᠭᠦᠯᠵᠦ᠂ ᠬᠢᠯᠢ ᠪᠠᠨ ᠰᠠᠬᠢᠵᠦ ᠬᠢᠯᠢ ᠪᠠᠨ ᠪᠠᠬᠢᠵᠢᠭᠦᠯᠬᠦ ᠢᠨᠵᠧᠨᠧᠷᠢᠩ ᠢ | ᠡᠬᠢᠯᠡᠭᠦᠯᠦᠨ ᠬᠡᠷᠡᠭᠵᠢᠭᠦᠯᠬᠦ ᠬᠡᠷᠡᠭᠲᠡᠢ᠃ ᠶᠠᠳᠠᠭᠤ ᠶᠢ ᠳᠡᠳᠬᠦᠬᠦ ᠶᠢ ᠢᠲᠡᠭᠡᠯ ᠵᠣᠷᠢᠭ ᠪᠠ ᠤᠶᠤᠨ ᠤᠬᠠᠭᠠᠨ ᠢ ᠨᠢ | ᠲᠡᠳᠭᠦᠬᠦ ᠯᠦᠭᠡ ᠤᠶᠠᠯᠳᠤᠭᠤᠯᠤᠨ᠂ ᠶᠠᠳᠠᠭᠤ ᠬᠦᠴᠢᠷᠳᠡᠯᠲᠡᠢ ᠬᠦᠮᠦᠰ ᠤᠨ ᠳᠣᠲᠣᠭᠠᠳᠤ ᠬᠦᠳᠡᠯᠭᠡᠬᠦ ᠬᠦᠴᠦᠨ ᠢ ᠨᠢ | ᠬᠦᠭᠵᠢᠭᠡᠵᠦ᠂ ᠶᠠᠳᠠᠭᠤ ᠶᠢ ᠲᠡᠳᠭᠦᠬᠦ ᠦᠷ᠎ᠡ ᠪᠦᠲᠦᠭᠡᠯ ᠢᠶᠠᠨ ᠪᠠᠬᠢᠵᠢᠭᠦᠯᠬᠦ ᠬᠡᠷᠡᠭᠲᠡᠢ᠃ ᠰᠢᠯᠭᠠᠨ ᠬᠢᠨᠠᠬᠤ ︽ | ᠲᠣᠬᠢᠭᠤᠷ︾ ᠤᠨ ᠦᠢᠯᠡᠳᠦᠯ ᠢ ᠨᠢ ᠪᠠᠳᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠬᠠᠷᠢᠭᠤᠴᠠᠯᠭ᠎ᠠ ᠶᠢ ᠨᠢ | ᠪᠣᠳᠠᠲᠠᠶᠢᠵᠢᠭᠤᠯᠤᠨ ᠴᠢᠩᠭᠠᠳᠬᠠᠵᠤ᠂ ᠣᠳᠣ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠳᠠᠬᠢ ᠶᠠᠳᠠᠭᠤ ᠠᠴᠠ | ᠠᠩᠭᠢᠵᠢᠷᠠᠭᠤᠯᠬᠤ ᠴᠢᠨᠠᠷ ᠴᠢᠨᠰᠠᠭ᠎ᠠ ᠶᠢ ᠪᠠᠲᠤᠯᠠᠵᠤ᠂ ᠵᠢᠩᠬᠢᠨᠢ ᠶᠠᠳᠠᠭᠤ ᠠᠴᠠ ᠠᠩᠭᠢᠵᠢᠷᠠᠭᠤᠯᠬᠤ᠂ ᠶᠠᠳᠠᠭᠤ ᠠᠴᠠ | ᠦᠨᠡᠨ ᠠᠩᠭᠢᠵᠢᠷᠠᠭᠤᠯᠵᠤ᠂ ᠪᠦᠬᠦ ᠵᠢᠯ ᠳᠡᠭᠡᠨ 20 ᠲᠦᠮᠠᠨ ᠬᠦᠮᠦᠨ ᠢ ᠶᠠᠳᠠᠭᠤ ᠶᠢᠨ ᠲᠤᠭ᠎ᠠ ᠠᠴᠠ ᠬᠠᠰᠤᠵᠤ | ᠭᠠᠷᠭᠠᠬᠤ ᠶᠢ ᠪᠠᠲᠤᠯᠠᠬᠤ ᠬᠡᠷᠡᠭᠲᠡᠢ᠃ | ᠪᠣᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠨ᠎ᠡ᠃ ᠲᠦᠪ ᠤᠨ | ᠣᠷᠴᠢᠨ ᠲᠣᠭᠤᠷᠢᠨ ᠤ ᠬᠠᠮᠠᠭᠠᠯᠠᠯᠳᠡ ᠶᠢᠨ ᠰᠢᠮᠳᠠᠭᠤᠯᠤᠨ ᠪᠠᠶᠢᠴᠠᠭᠠᠭᠰᠠᠨ ᠤ ᠬᠠᠷᠢᠭᠤ ᠲᠤᠰᠬᠠᠭᠰᠠᠨ ᠰᠠᠨᠠᠯ ᠢᠶᠠᠷ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠭᠤᠣᠯ ᠪᠣᠯᠬᠤ ᠪᠣᠬᠢᠷ | ᠪᠣᠳᠠᠰ ᠢ ᠭᠠᠳᠠᠭᠰᠢᠯᠠᠭᠤᠯᠬᠤ ᠶᠡᠷᠣᠩᠬᠡᠢ ᠬᠡᠮᠵᠢᠶ᠎ᠠ ᠶᠢ ᠶᠡᠭᠡ ᠪᠠᠷ ᠪᠠᠭᠠᠰᠬᠠᠵᠤ᠂ ᠠᠮᠢ ᠠᠬᠤᠢ ᠶᠢᠨ ᠣᠷᠴᠢᠨ | ᠲᠣᠭᠤᠷᠢᠨ ᠤ ᠶᠠᠰᠣ ᠴᠢᠨᠠᠷ ᠶᠡᠷᠣᠩᠬᠡᠢ ᠳᠡᠭᠡᠨ ᠰᠠᠶᠢᠵᠢᠷᠠᠬᠤ ᠶᠢ ᠪᠡᠶᠡᠯᠡᠭᠦᠯᠬᠦ ᠬᠡᠷᠡᠭᠲᠡᠢ᠃ ᠨᠢᠭᠡ ᠳᠤ ᠠᠭᠠᠷ | ᠮᠠᠨᠳᠠᠯ ᠤᠨ ᠪᠤᠬᠢᠷᠳᠣᠯ ᠢ ᠰᠡᠷᠬᠡᠶᠢᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠣᠨ᠎ᠡ᠃ ᠴᠡᠪᠡᠷ ᠠᠭᠠᠷ | ᠮᠠᠨᠳᠠᠯ ᠤᠨ ᠬᠠᠮᠠᠭᠠᠯᠠᠯᠳᠡ ᠶᠢᠨ ᠳᠠᠶᠢᠯᠠᠯᠳᠤᠭᠠᠨ ᠤ ᠢᠯᠠᠯᠳᠡ ᠶᠢ ᠣᠯᠬᠤ ᠭᠤᠷᠪᠠᠨ ᠵᠢᠯ ᠤᠨ ᠪᠠᠶᠢᠯᠳᠤᠬᠤ | ᠲᠦᠯᠣᠪᠯᠡᠭᠡ ᠶᠢ ᠲᠣᠭᠳᠠᠭᠠᠨ᠂ ᠡᠪᠤᠯ ᠤᠨ ᠤᠯᠠᠷᠢᠯ ᠳᠠᠬᠢ ᠴᠠᠪᠡᠷ ᠲᠣᠯᠠᠭᠠᠯᠠᠭ᠎ᠠ ᠶᠢᠨ ᠲᠠᠪᠤᠨ ᠵᠢᠯ ᠤᠨ | ᠲᠦᠯᠣᠪᠵᠢᠭᠦᠯᠭᠡ ᠶᠢ ᠬᠡᠷᠡᠭᠵᠢᠭᠦᠯᠵᠤ᠂ ᠬᠡᠮᠬᠡᠷᠬᠡᠢ ᠨᠡᠭᠦᠷᠡᠰᠣᠨ ᠤ ᠵᠠᠰᠠᠯᠳᠡ ᠶᠢ ᠲᠣᠪᠤᠶᠢᠮ᠎ᠡ ᠰᠠᠶᠢᠳᠣᠷ ᠠᠳᠬᠤᠵᠤ᠂ | ᠨᠡᠭᠦᠷᠡᠰᠦ ᠬᠡᠷᠡᠭᠯᠡᠬᠦ ᠠᠴᠠ ᠰᠢᠳᠠᠮᠠᠬᠠᠢ ᠬᠡᠢ ᠬᠡᠷᠡᠭᠯᠡᠬᠦ ᠪᠣᠯᠭᠠᠨ ᠥᠭᠡᠷᠡᠴᠢᠯᠡᠬᠦ᠂ ᠨᠡᠭᠦᠷᠡᠰᠣ ᠬᠡᠷᠡᠭᠯᠡᠬᠦ ᠠᠴᠠ ᠴᠠᠬᠢᠯᠭᠠᠨ | ᠬᠡᠷᠡᠭᠯᠡᠬᠦ ᠪᠣᠯᠭᠠᠨ ᠥᠭᠡᠷᠡᠴᠢᠯᠡᠬᠦ ᠠᠵᠢᠯ ᠢ ᠡᠮᠬᠢ ᠵᠢᠷᠣᠮ ᠲᠠᠢ ᠪᠠᠷ ᠠᠬᠢᠭᠤᠯᠵᠤ᠂ ᠪᠦᠭᠦ ᠵᠢᠯ ᠤᠨ ᠲᠦᠭᠦᠬᠡᠢ | ᠨᠡᠭᠦᠷᠡᠰᠣ ᠶᠢᠨ ᠠᠳᠡ ᠲᠡᠨᠳᠡ ᠦᠭᠡᠢ ᠲᠥᠯᠡᠵᠦ ᠪᠠᠶᠢᠭ᠎ᠠ ᠬᠡᠮᠵᠢᠶ᠎ᠠ ᠶᠢ 18% ᠪᠠᠷ ᠬᠠᠰᠣᠭᠳᠠᠭᠤᠯᠣᠨᠡ᠃ ᠦᠬᠠᠢ | ᠬᠤᠳᠡ ᠵᠢᠴᠢ ᠡᠷᠬᠢᠨ ᠲᠣᠭᠤᠷᠢᠨ ᠳᠠᠬᠢ ᠭᠠᠵᠠᠷ ᠣᠷᠣᠨ ᠤ ᠣᠷᠴᠢᠨ ᠲᠣᠭᠤᠷᠢᠨ ᠤ ᠶᠡᠷᠦᠩᠬᠡᠶᠢᠯᠡᠨ ᠵᠠᠰᠠᠬᠤ ᠶᠢ | ᠴᠢᠩᠭᠠᠳᠬᠠᠵᠤ᠂ ᠬᠡᠯᠪᠡᠷᠢ ᠪᠠᠨ ᠬᠤᠪᠢᠷᠠᠭᠤᠯᠤᠨ ᠬᠦᠭᠵᠢᠬᠦ ᠶᠢ ᠠᠬᠢᠭᠤᠯᠬᠤ ᠬᠡᠷᠡᠭᠲᠡᠢ᠃ ᠬᠤᠶᠠᠷ ᠲᠤ ᠣᠰᠣᠨ ᠤ | ᠪᠤᠬᠢᠷᠳᠣᠯ ᠢ ᠰᠡᠷᠬᠡᠶᠢᠯᠡᠨ ᠵᠠᠰᠠᠬᠤ ᠶᠢ ᠲᠦᠷᠭᠡᠳᠭᠡᠨ ᠠᠬᠢᠭᠤᠯᠣᠨ᠎ᠡ᠃ ︽ᠣᠰᠣᠨ ᠤ ᠠᠷᠪᠠᠨ ᠵᠦᠢᠯ︾ ᠢ ᠭᠦᠨᠵᠡᠬᠡᠢ | ᠬᠡᠷᠡᠭᠵᠢᠭᠦᠯᠵᠤ᠂ ᠬᠤᠳᠡ ᠶᠢᠨ ᠪᠠᠶᠢᠭᠤᠯᠣᠭᠰᠠᠨ ᠲᠣᠭᠤᠷᠢᠭ ᠤᠨ ᠪᠤᠬᠢᠷ ᠦᠮᠡᠬᠡᠢ ᠣᠰᠣᠨ ᠴᠣᠭᠴᠠ ᠶᠢᠨ | ᠵᠠᠰᠠᠯᠳᠡ ᠶᠢ ᠴᠢᠩᠭᠠᠳᠬᠠᠨ᠂ ᠠᠵᠤ ᠣᠶᠢᠯᠡᠳᠪᠣᠷᠢ ᠶᠢᠨ ᠪᠤᠬᠢᠷᠳᠣᠯ ᠤᠨ ᠰᠣᠷᠪᠤᠯᠵᠢ ᠶᠢ ᠪᠦᠭᠦ ᠲᠠᠯ᠎ᠠ ᠪᠠᠷ | ᠪᠠᠷᠢᠮᠵᠢᠶ᠎ᠠ ᠳᠤ ᠭᠦᠷᠭᠡᠵᠤ ᠭᠠᠳᠠᠭᠰᠢᠯᠠᠭᠤᠯᠬᠤ ᠲᠦᠯᠣᠪᠯᠡᠭᠡ ᠶᠢ ᠬᠡᠷᠡᠭᠵᠢᠭᠦᠯᠵᠤ᠂ ᠭᠦᠯᠣᠨ ᠨᠠᠭᠤᠷ᠂ ᠣᠯᠠᠭᠠᠨᠰᠣᠬᠠᠢ᠂ | ᠲᠠᠭ᠎ᠠ ᠶᠢᠨ ᠨᠠᠭᠤᠷ ᠵᠡᠷᠭᠡ ᠭᠤᠣᠯᠳᠠᠯᠭ᠎ᠠ ᠲᠠᠢ ᠣᠰᠣᠨ ᠤ ᠲᠣᠭᠤᠷᠢᠨ ᠢ ᠵᠠᠰᠠᠬᠤ ᠡᠷᠴᠢᠮ ᠢᠶᠠᠨ ᠴᠢᠩᠭᠠᠷᠠᠭᠤᠯᠬᠤ | ᠬᠡᠷᠡᠭᠲᠡᠢ᠃ ᠭᠤᠷᠪᠠ ᠳᠤ ᠭᠦᠷᠣᠰᠣ ᠰᠢᠷᠣᠢ ᠶᠢᠨ ᠣᠷᠴᠢᠨ ᠲᠣᠭᠤᠷᠢᠨ ᠤ ᠬᠠᠮᠠᠭᠠᠯᠠᠯᠳᠡ ᠶᠢ ᠴᠢᠩᠭᠠᠳᠬᠠᠨ᠎ᠡ᠃ ︽ | ᠭᠠᠵᠠᠷ ᠰᠢᠷᠣᠢ ᠶᠢᠨ ᠠᠷᠪᠠᠨ ᠵᠦᠢᠯ︾ ᠢ ᠪᠦᠭᠦ ᠲᠠᠯ᠎ᠠ ᠪᠠᠷ ᠬᠡᠷᠡᠭᠵᠢᠭᠦᠯᠣᠨ᠂ ᠲᠠᠷᠢᠶᠠᠯᠠᠩ ᠳᠤ ᠬᠡᠷᠡᠭᠯᠡᠭᠦ ᠭᠠᠵᠠᠷ ᠤᠨ | ᠭᠦᠷᠣᠰᠣ ᠰᠢᠷᠣᠢ ᠶᠢᠨ ᠪᠣᠬᠢᠷᠳᠣᠯ ᠤᠨ ᠪᠠᠶᠢᠳᠡᠯ ᠢ ᠨᠠᠷᠢᠨ ᠪᠠᠶᠢᠴᠠᠭᠠᠵᠤ᠂ ᠲᠠᠷᠢᠶᠠᠯᠠᠩ ᠤᠨ ᠣᠷᠴᠢᠨ ᠲᠣᠭᠤᠷᠢᠨ ᠤ | ᠲᠣᠪᠤᠶᠢᠮ᠎ᠡ ᠠᠰᠠᠭᠤᠳᠡᠯ ᠢ ᠵᠠᠰᠠᠬᠤ ᠲᠣᠷᠰᠢᠯᠳᠡ ᠶᠢᠨ ᠲᠦᠷᠣᠯ ᠵᠦᠢᠯ ᠢ ᠬᠡᠷᠡᠭᠵᠢᠭᠦᠯᠵᠤ᠂ ᠬᠠᠭᠠᠯᠪᠣᠷᠢᠯᠠᠭᠠᠳ | ᠠᠳᠠᠷᠰᠢᠭᠤᠯᠣᠭᠰᠠᠨ 24 ᠲᠦᠮᠠᠨ ᠮᠦ ᠨᠣᠳᠤᠭ ᠪᠡᠯᠴᠢᠭᠡᠷ ᠢ ᠴᠢᠷᠮᠠᠶᠢᠨ ᠵᠠᠰᠠᠬᠤ ᠬᠡᠷᠡᠭᠲᠡᠢ᠃ | ᠬᠤᠶᠠᠷ᠂ ᠬᠠᠨᠭ᠍ᠭᠠᠯᠭ᠎ᠠ ᠶᠢᠨ ᠲᠠᠯ᠎ᠠ ᠶᠢᠨ ᠪᠦᠳᠣᠴᠡ ᠶᠢᠨ ᠴᠢᠨᠠᠷᠳᠡᠢ ᠦᠭᠡᠷᠡᠴᠢᠯᠠᠯᠳᠡ ᠶᠢ ᠭᠦᠨᠵᠡᠬᠡᠶᠢᠷᠡᠭᠦᠯᠵᠤ᠂ | ᠬᠠᠨᠭ᠍ᠭᠠᠯᠭ᠎ᠠ ᠶᠢᠨ ᠰᠢᠰᠲ᠋ᠧᠮᠵᠢ ᠶᠢᠨ ᠴᠢᠨᠠᠷ ᠴᠢᠨᠰᠠᠭ᠎ᠠ ᠶᠢ ᠭᠦᠴᠣᠯᠡᠨ ᠲᠡᠭᠡᠭᠰᠢᠯᠡᠭᠦᠯᠤᠨ᠎ᠡ | ᠪᠣᠳᠡᠳᠣ ᠴᠣᠭᠴᠠᠲᠤ ᠠᠵᠤ ᠠᠬᠤᠢ ᠶᠢ ᠶᠡᠬᠡᠪᠡᠷ ᠭᠦᠭᠵᠢᠭᠦᠯᠣᠨ᠂ ᠬᠠᠳᠠᠭᠠᠯᠠᠭᠳᠠᠵᠤ ᠪᠠᠶᠢᠭ᠎ᠠ ᠡᠬᠢ | ᠪᠠᠶᠠᠯᠢᠭ ᠤᠨ ᠲᠣᠬᠢᠷᠠᠭᠤᠯᠣᠯᠳᠡ ᠶᠢ ᠰᠢᠯᠢᠳᠡᠭᠵᠢᠭᠦᠯᠵᠤ᠂ ᠴᠢᠨᠠᠷ ᠰᠠᠶᠢᠳᠡᠢ ᠨᠡᠮᠡᠭᠳᠡᠯ ᠬᠠᠨᠭ᠍ᠭᠠᠯᠭ᠎ᠠ ᠶᠢ ᠦᠷᠭᠡᠳᠭᠡᠨ᠂ | ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮᠵᠢ ᠶᠢ ᠲᠦᠷᠭᠡᠳᠭᠡᠨ ᠪᠠᠶᠢᠭᠤᠯᠬᠤ ᠬᠡᠷᠡᠭᠲᠡᠢ᠃ | ᠪᠣᠳᠡᠳᠣ ᠴᠣᠭᠴᠠᠲᠤ ᠠᠵᠤ ᠠᠬᠤᠢ ᠶᠢ ᠶᠡᠭᠡ ᠪᠠᠷ ᠭᠦᠭᠵᠢᠭᠦᠯᠣᠨᠡ᠃ ᠨᠢᠭᠡ ᠳᠤ ᠰᠢᠨ᠎ᠡ ᠬᠦᠳᠡᠯᠭᠡᠬᠦ | ᠴᠢᠳᠠᠪᠤᠷᠢ ᠶᠢᠨ ᠦᠷᠭᠦᠯᠵᠢᠯᠡᠨ ᠲᠦᠷᠭᠡᠨ ᠨᠡᠮᠡᠭᠳᠡᠬᠦ ᠶᠢ ᠠᠬᠢᠭᠤᠯᠣᠨ᠎ᠡ᠃ ᠢᠨᠲ᠋ᠧᠷ ᠰᠦᠯᠵᠢᠶ᠎ᠠ᠂ ᠲᠣᠮᠣ ᠳ᠋ᠠᠶᠢᠲ᠋ᠠ᠂ | ᠬᠢᠮᠠᠯ ᠣᠶᠣᠨ ᠬᠢᠭᠡᠳ ᠪᠣᠳᠡᠳᠣ ᠴᠣᠭᠴᠠᠲᠤ ᠠᠵᠤ ᠠᠬᠤᠢ ᠶᠢᠨ ᠭᠦᠨ ᠠᠭᠤᠰᠤᠯᠴᠠᠬᠤ ᠶᠢ ᠠᠬᠢᠭᠤᠯᠵᠤ᠂ | ᠣᠶᠢᠯᠡᠳᠪᠣᠷᠢᠯᠡᠯ᠂ ᠭᠦᠢᠯᠭᠡᠭᠡ ᠪᠣᠯᠣᠨ ᠬᠡᠷᠡᠭᠯᠡᠭᠡ ᠶᠢᠨ ᠵᠠᠭᠪᠤᠷ ᠤᠨ ᠭᠦᠨᠵᠡᠬᠡᠢ ᠬᠤᠪᠢᠰᠣᠯᠳᠡ ᠶᠢ ᠠᠬᠢᠭᠤᠯᠬᠤ | ᠬᠡᠷᠡᠭᠲᠡᠢ᠃ ᠳ᠋ᠠᠶᠢᠲ᠋ᠠ ᠪᠠᠷ ᠵᠠᠩᠬᠢᠯᠠᠭ᠎ᠠ ᠶᠢᠨ ᠭᠦᠴᠣᠨ ᠵᠦᠢᠯ ᠪᠣᠯᠭᠠᠭᠰᠠᠨ ᠲᠣᠭᠠᠵᠢᠭᠤᠯᠤᠭᠰᠠᠨ ᠠᠵᠤ ᠠᠬᠤᠢ ᠶᠢ | ᠴᠣᠭᠴᠠᠯᠠᠨ ᠪᠠᠶᠢᠭᠤᠯᠵᠤ᠂ ᠨᠢᠭᠡ ᠪᠦᠯᠦᠭ ᠲᠣᠮᠣ ᠬᠡᠯᠪᠡᠷᠢ ᠶᠢᠨ ᠳ᠋ᠠᠶᠢᠲ᠋ᠠ ᠶᠢᠨ ᠲᠦᠪ ᠪᠠᠶᠢᠭᠤᠯᠬᠤ ᠶᠢ ᠠᠬᠢᠭᠤᠯᠵᠤ᠂ | ᠦᠪᠤᠷ ᠮᠣᠩᠭᠤᠯ ᠤᠨ ᠲᠣᠮᠣ ᠳ᠋ᠠᠶᠢᠲ᠋ᠠ ᠶᠢᠨ ᠠᠷᠠᠯᠵᠢᠶᠠᠨ ᠤ ᠭᠠᠵᠠᠷ ᠢ ᠪᠠᠶᠢᠭᠤᠯᠵᠤ᠂ ᠲᠣᠮᠣ ᠳ᠋ᠠᠶᠢᠲ᠋ᠠ ᠶᠢᠨ | ᠬᠡᠷᠡᠭᠯᠡᠭᠡᠨ ᠢ ᠠᠬᠢᠭᠤᠯᠣᠨ᠎ᠡ᠃ ᠣᠨᠴᠠ ᠦᠨᠳᠣᠷ ᠬᠦᠴᠦᠳᠡᠯᠲᠦ ᠲᠦᠭᠦᠷᠵᠢᠭᠰᠡᠨ ᠰᠢᠨ᠎ᠡ ᠡᠨᠧᠷᠬᠢ ᠶᠢᠨ ᠲᠦᠷᠣᠯ | ᠵᠦᠢᠯ ᠤᠨ ᠪᠦᠳᠣᠭᠡᠨ ᠪᠠᠶᠢᠭᠤᠯᠣᠯᠳᠡ ᠶᠢ ᠲᠦᠷᠭᠡᠳᠭᠡᠨ᠂ ᠰᠠᠯᠬᠢᠨ ᠢᠶᠠᠷ ᠭᠠᠷᠭᠠᠬᠤ ᠴᠠᠬᠢᠯᠭᠠᠨ ᠢ ᠪᠡᠭᠡᠵᠢᠩ | ᠲᠢᠶᠠᠨᠵᠢᠨ ᠡᠾᠧᠪᠸᠢ ᠳᠤ ᠬᠦᠷᠭᠡᠬᠦ ᠰᠠᠭᠤᠷᠢᠨ ᠭᠠᠵᠠᠷ ᠪᠠ ᠬᠡᠷᠡᠯ ᠴᠡᠨᠡᠭ ᠤᠨ ᠲᠠᠭᠠᠭᠤᠯᠣᠭᠴᠢ ᠰᠠᠭᠤᠷᠢᠨ ᠭᠠᠵᠠᠷ ᠢ | ᠪᠠᠶᠢᠭᠤᠯᠬᠤ ᠬᠡᠷᠡᠭᠲᠡᠢ᠃ ᠬᠤᠪᠤᠷ ᠰᠢᠷᠣᠢ ᠶᠢᠨ ᠠᠵᠤ ᠣᠶᠢᠯᠡᠰ ᠤᠨ ᠭᠦᠭᠵᠢᠯᠳᠡ ᠶᠢᠨ ᠲᠦᠷᠣ ᠶᠢᠨ ᠪᠣᠳᠣᠯᠭ᠎ᠠ ᠶᠢ | ᠲᠡᠭᠦᠯᠳᠡᠷᠵᠢᠭᠦᠯᠵᠤ᠂ ᠬᠤᠪᠤᠷ ᠰᠢᠷᠣᠢ ᠶᠢᠨ ᠣᠯᠣᠰ ᠤᠨ ᠲᠡᠰ ᠤᠨ ᠣᠶᠢᠯᠡᠳᠭᠦ ᠤᠶᠢᠯᠡᠰ ᠤᠨ ᠰᠢᠨ᠎ᠡ ᠶᠢ ᠡᠭᠦᠳᠭᠦ | ᠲᠦᠪ ᠢ ᠡᠭᠦᠳᠣᠨ ᠪᠠᠶᠢᠭᠤᠯᠵᠤ᠂ ᠪᠠᠯ ᠴᠢᠯᠠᠭᠤᠨ ︵ᠠᠯᠺᠢᠨ︶ ᠤ ᠰᠢᠨ᠎ᠡ ᠮᠠᠲ᠋ᠧᠷᠢᠶᠠᠯ ᠤᠨ ᠠᠵᠤ ᠣᠶᠢᠯᠡᠰ ᠤᠨ | ᠰᠠᠭᠤᠷᠢ ᠮᠦᠡᠭᠭᠦ ᠶᠢ ᠵᠣᠬᠢᠶᠠᠨ ᠪᠠᠶᠢᠭᠤᠯᠵᠤ᠂ ᠪᠠᠯ ᠴᠢᠯᠠᠭᠤᠨ ᠤ ᠠᠯᠺᠢᠨ᠂ ᠹᠦᠯᠧᠷ ᠠᠯᠺᠧᠨ ᠤ ᠰᠣᠳᠣᠯᠣᠨ ᠨᠡᠬᠡᠬᠡᠬᠦ | ᠪᠠ ᠠᠵᠤ ᠦᠢᠯᠡᠰᠴᠢᠯᠡᠬᠦ ᠰᠠᠭᠤᠷᠢᠨ ᠭᠠᠵᠠᠷ ᠢ ᠬᠦᠮᠦᠵᠢᠭᠦᠯᠦᠨ ᠪᠤᠶᠢᠵᠢᠭᠤᠯᠬᠤ ᠬᠡᠷᠡᠭᠲᠡᠢ᠃ ᠮᠣᠩᠭᠤᠯ ᠬᠢᠳᠡᠳ ᠡᠮ | ᠡᠮᠨᠡᠯᠭᠡ ᠶᠢᠨ ᠣᠶᠢᠯᠡᠳᠪᠣᠷᠢᠯᠡᠯ ᠤᠨ ᠰᠠᠭᠤᠷᠢᠨ ᠭᠠᠵᠠᠷ ᠢ ᠲᠦᠷᠭᠡᠳᠭᠡᠨ ᠪᠠᠶᠢᠭᠤᠯᠵᠤ᠂ ᠮᠣᠩᠭᠤᠯ ᠬᠢᠳᠡᠳ ᠡᠮ ᠤᠨ | ᠮᠠᠲ᠋ᠧᠷᠢᠶᠠᠯ ᠲᠠᠷᠢᠬᠤ ᠪᠠ ᠡᠳ᠋ᠰᠢᠭᠦᠯᠬᠦ ᠶᠢ ᠨᠢᠭᠡ ᠴᠣᠭᠴᠠᠵᠢᠭᠤᠯᠬᠤ ᠶᠢ ᠠᠬᠢᠭᠤᠯᠬᠤ ᠬᠡᠷᠡᠭᠲᠡᠢ᠃ ᠡᠷᠳᠡᠨᠢ ᠰᠢᠰᠢ ᠶᠢᠨ | ᠭᠤᠣᠯ ᠭᠠᠷᠣᠯᠳᠡ ᠶᠢᠨ ᠣᠷᠣᠨ ᠳᠤ ᠠᠮᠢᠳᠣ ᠪᠣᠳᠡᠰ ᠤᠨ ᠲᠦᠯᠡᠰᠢ ᠶᠢᠨ ᠡᠲ᠋ᠢᠯ ᠠᠯᠺᠣᠣᠯ ᠤᠨ ᠲᠦᠷᠣᠯ ᠵᠦᠢᠯ ᠢ | ᠵᠣᠬᠢᠬᠤ ᠬᠡᠮᠵᠢᠶ᠎ᠡ ᠪᠠᠷ ᠪᠠᠶᠢᠷᠢᠰᠢᠭᠤᠯᠤᠨ ᠪᠠᠶᠢᠭᠤᠯᠬᠤ ᠬᠡᠷᠡᠭᠲᠡᠢ᠃ ᠬᠤᠶᠠᠷ ᠲᠤ ᠣᠶᠢᠯᠡᠳᠭᠦ ᠣᠶᠢᠯᠡᠰ ᠢ | ᠰᠢᠯᠢᠳᠡᠭᠵᠢᠭᠦᠯᠣᠨ ᠲᠡᠰ ᠲᠡᠪᠰᠢᠭᠦᠯᠭᠦ ᠶᠢ ᠲᠦᠷᠭᠡᠳᠭᠡᠨ᠎ᠡ᠃ ᠮᠡᠳᠡᠭᠡ ᠵᠠᠩᠬᠢᠵᠢᠯᠳᠡ᠂ ᠠᠵᠤ | ᠣᠶᠢᠯᠡᠳᠪᠤᠷᠢᠵᠢᠯᠳᠡ ᠶᠢᠨ ᠠᠭᠤᠰᠣᠯᠴᠠᠯ ᠪᠠ ᠣᠶᠣᠨᠴᠢᠯᠠᠭᠰᠠᠨ ᠦᠭᠡᠷᠡᠴᠢᠯᠠᠯᠳᠡ ᠰᠢᠨᠡᠴᠢᠯᠡᠯᠲᠡ᠂ ᠠᠵᠤ | ᠣᠶᠢᠯᠡᠰ ᠤᠨ ᠬᠡᠯᠬᠢᠶ᠎ᠡ ᠶᠢᠨ ᠵᠣᠬᠢᠴᠠᠯᠳᠤᠨ ᠰᠢᠨ᠎ᠡ ᠶᠢ ᠡᠭᠦᠳᠭᠦ ᠵᠡᠷᠭᠡ ᠲᠣᠰᠬᠠᠢ ᠵᠦᠢᠯ ᠤᠨ ᠢᠨᠵᠧᠨᠧᠷᠢᠩ ᠢ | ᠠᠬᠢᠭᠤᠯᠤᠨ ᠬᠡᠷᠡᠭᠵᠢᠭᠦᠯᠵᠤ᠂ ᠣᠶᠢᠯᠡᠳᠭᠦ ᠣᠶᠢᠯᠡᠰ ᠢ ᠲᠣᠭᠠᠵᠢᠭᠤᠯᠬᠤ᠂ ᠰᠦᠯᠵᠢᠶᠡᠵᠢᠭᠦᠯᠬᠦ᠂ ᠤᠶᠤᠨᠴᠢᠯᠠᠬᠤ ᠪᠠ | ᠪᠣᠬᠢᠷᠳᠣᠯ ᠦᠭᠡᠢ ᠪᠣᠯᠭᠠᠬᠤ ᠲᠡᠰᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠨᠡᠭᠦᠷᠡᠰᠣ ᠶᠢ ᠴᠡᠪᠡᠷ ᠪᠦᠭᠡᠳ | ᠦᠨᠳᠣᠷ ᠪᠦᠳᠣᠮᠵᠢᠳᠡᠢ ᠪᠠᠷ ᠠᠰᠢᠭᠯᠠᠬᠤ ᠡᠷᠴᠢᠮ ᠢᠶᠠᠨ ᠴᠢᠩᠭᠠᠷᠠᠭᠤᠯᠵᠤ᠂ ᠣᠳᠣ ᠦᠶ᠎ᠠ ᠶᠢᠨ ᠨᠡᠭᠦᠷᠡᠰᠣᠨ ᠤ | ᠬᠢᠮᠢ ᠶᠢᠨ ᠠᠵᠤ ᠣᠶᠢᠯᠡᠳᠪᠣᠷᠢ ᠶᠢᠨ ᠲᠦᠷᠣᠯ ᠵᠦᠢᠯ ᠤᠨ ᠪᠦᠳᠣᠭᠡᠨ ᠪᠠᠶᠢᠭᠤᠯᠣᠯᠳᠡ ᠶᠢ ᠲᠦᠷᠭᠡᠳᠭᠡᠨ ᠠᠬᠢᠭᠤᠯᠵᠤ᠂ | ᠨᠡᠭᠦᠷᠡᠰᠣ ᠬᠢᠭᠡᠳ ᠭᠠᠯ ᠴᠡᠬᠢᠯᠭᠠᠨ᠂ ᠨᠡᠭᠦᠷᠡᠰᠣᠨ ᠤ ᠬᠢᠮᠢ ᠶᠢᠨ ᠠᠵᠤ ᠣᠶᠢᠯᠡᠳᠪᠣᠷᠢ᠂ ᠲᠠᠮᠦᠷᠯᠢᠭ ᠬᠠᠶᠢᠯᠣᠭᠤᠯᠬᠤ | ᠵᠡᠷᠭᠡ ᠠᠵᠤ ᠠᠬᠤᠶᠢᠯᠠᠯ ᠢ ᠲᠠᠬᠢᠨ ᠵᠣᠬᠢᠶᠠᠨ ᠪᠠᠶᠢᠭᠤᠯᠵᠤ ᠨᠡᠶᠢᠯᠡᠭᠦᠯᠣᠨ ᠬᠤᠳᠠᠯᠳᠣᠵᠤ ᠠᠪᠬᠤ ᠶᠢ ᠠᠬᠢᠭᠤᠯᠬᠤ | ᠬᠡᠷᠡᠭᠲᠡᠢ᠃ ᠡᠬᠢ ᠪᠠᠶᠠᠯᠢᠭ ᠢ ᠨᠠᠷᠢᠯᠢᠬ ᠡᠳ᠋ᠰᠢᠭᠦᠯᠬᠦ ᠠᠵᠤ ᠣᠶᠢᠯᠡᠰ ᠤᠨ ᠬᠡᠯᠬᠢᠶ᠎ᠡ ᠶᠢ ᠪᠤᠶᠢᠵᠢᠭᠤᠯᠬᠤ | ᠢᠨᠵᠧᠨᠧᠷᠢᠩ ᠢ ᠬᠡᠷᠡᠭᠵᠢᠭᠦᠯᠣᠨ᠂ ᠪᠣᠯᠣᠳ ᠮᠠᠲ᠋ᠧᠷᠢᠶᠠᠯ ᠢ ᠨᠠᠷᠢᠯᠢᠬ ᠡᠳ᠋ᠰᠢᠭᠦᠯᠵᠦ ᠦᠢᠯᠡᠳᠪᠦᠷᠢᠯᠡᠬᠦ ᠴᠢᠳᠠᠮᠵᠢ ᠶᠢ | 200 ᠲᠦᠮᠠᠨ ᠲᠣᠨ᠂ ᠭᠦᠡᠭᠭᠡᠨᠴᠠᠭᠠᠨ ᠤ ᠬᠤᠵᠢᠭᠤ ᠡᠳ᠋ᠰᠢᠭᠦᠯᠭᠡ ᠶᠢ 60 ᠲᠦᠮᠠᠨ ᠲᠣᠨ ᠰᠢᠨ᠎ᠡ ᠪᠠᠷ | ᠨᠡᠮᠡᠭᠳᠡᠭᠦᠯᠣᠨ᠎ᠡ᠃ ᠲᠡᠮᠦᠷ ᠵᠢᠮᠲᠦ ᠶᠢᠨ ᠵᠠᠮ ᠬᠠᠷᠢᠯᠴᠠᠭ᠎ᠠ᠂ ᠭᠦᠨᠳᠣ ᠬᠡᠯᠪᠡᠷᠢ ᠶᠢᠨ ᠮᠠᠰᠢᠨ ᠲᠡᠷᠭᠡ᠂ ᠪᠠᠷᠢᠯᠭ᠎ᠠ ᠶᠢᠨ | ᠮᠠᠰᠢᠨ ᠵᠡᠷᠭᠡ ᠲᠣᠨᠤᠭ ᠲᠦᠬᠦᠭᠡᠷᠦᠮᠵᠢ ᠣᠶᠢᠯᠡᠳᠭᠦ ᠣᠶᠢᠯᠡᠰ ᠢ ᠶᠡᠬᠡᠪᠡᠷ ᠬᠦᠭᠵᠢᠭᠦᠯᠬᠦ ᠬᠡᠷᠡᠭᠲᠡᠢ᠃ ᠢᠳᠡᠰᠢᠨ ᠤ | ᠬᠤᠨᠢ᠂ ᠢᠳᠡᠰᠢᠨ ᠤ ᠦᠭᠡᠷ ᠪᠣᠯᠣᠨ ᠴᠠᠭᠠᠨ ᠢᠳᠡᠭᠡᠨ ᠤ ᠭᠤᠣᠯ ᠭᠠᠷᠤᠯᠲᠠ ᠶᠢᠨ ᠣᠷᠣᠨ ᠤ ᠡᠳ᠋ᠰᠢᠭᠦᠯᠬᠦ ᠰᠠᠭᠤᠷᠢᠨ | ᠭᠠᠵᠠᠷ ᠤᠨ ᠪᠦᠳᠣᠭᠡᠨ ᠪᠠᠶᠢᠭᠤᠯᠣᠯᠳᠡ ᠶᠢ ᠠᠬᠢᠭᠤᠯᠬᠤ ᠬᠡᠷᠡᠭᠲᠡᠢ᠃ ᠣᠶᠢᠯᠡᠳᠭᠦ ᠣᠶᠢᠯᠡᠰ ᠤᠨ ︽ᠭᠠᠶᠢᠯᠢ ᠶᠢ | ᠪᠠᠭᠤᠷᠠᠭᠤᠯᠬᠤ ᠦᠨᠡᠮᠯᠠᠯ ᠢ ᠪᠠᠭᠠᠰᠬᠠᠬᠤ ᠪᠡᠷᠢᠮᠵᠢᠶ᠎ᠠ ᠶᠢ ᠲᠡᠭᠡᠭᠰᠢᠯᠡᠭᠦᠯᠭᠦ︾ ᠭᠤᠷᠪᠠᠨ ᠠᠷᠭ᠎ᠠ ᠬᠡᠮᠵᠢᠶ᠎ᠠ ᠶᠢ | ᠨᠠᠶᠢᠳᠠᠪᠣᠷᠢᠵᠢᠭᠤᠯᠵᠤ᠂ ᠣᠶᠢᠯᠡᠳᠭᠦ ᠣᠶᠢᠯᠡᠰ ᠤᠨ ᠭᠠᠶᠢᠯᠢ ᠶᠢᠨ ᠳᠠᠷᠤᠭᠠᠰᠤ ᠶᠢ ᠨᠢ ᠪᠠᠭᠤᠷᠠᠭᠤᠯᠵᠤ᠂ ᠠᠵᠣ | ᠣᠶᠢᠯᠡᠳᠪᠣᠷᠢ ᠶᠢᠨ ᠦᠢᠯᠡᠳᠬᠦᠨ ᠤ ᠦᠢᠯᠡᠳᠪᠦᠷᠢᠯᠡᠬᠦ ᠵᠦᠪᠰᠢᠶᠡᠷᠡᠯ ᠤᠨ ᠦᠨᠡᠮᠯᠠᠯ ᠢ ᠶᠡᠭᠡ ᠬᠡᠮᠵᠢᠶ᠎ᠡ ᠪᠠᠷ ᠬᠠᠰᠣᠵᠤ᠂ | ᠣᠶᠢᠯᠡᠳᠭᠦ ᠣᠶᠢᠯᠡᠰ ᠤᠨ ᠶᠠᠰᠣ ᠴᠢᠨᠠᠷ ᠢᠶᠠᠨ ᠲᠡᠭᠡᠭᠰᠢᠯᠡᠭᠦᠯᠭᠦ ᠠᠵᠢᠯᠯᠠᠭ᠎ᠠ ᠪᠠ ᠬᠠᠷᠠᠯᠳᠡ ᠪᠡᠷᠢᠮᠵᠢᠶᠠᠨ ᠳᠤ ᠬᠦᠷᠭᠡᠬᠦ | ᠲᠣᠰᠬᠠᠢ ᠠᠵᠢᠯᠯᠠᠭᠠᠨ ᠢ ᠦᠷᠨᠢᠭᠦᠯᠬᠦ ᠬᠡᠷᠡᠭᠲᠡᠢ᠃ ᠪᠣᠭᠤᠳᠣ ᠶᠢ ᠲᠣᠮᠳᠠᠳᠣ ᠣᠯᠣᠰ ᠦᠢᠯᠡᠳᠬᠦ 2025 | ᠲᠣᠷᠰᠢᠯᠳᠡ ᠶᠢᠨ ᠵᠢᠱᠢᠶ᠎ᠠ ᠦᠵᠡᠭᠦᠯᠭᠦ ᠬᠤᠳᠡ ᠪᠣᠯᠭᠠᠨ ᠡᠭᠦᠳᠦᠨ ᠪᠠᠶᠢᠭᠤᠯᠬᠤ ᠶᠢ ᠲᠦᠷᠭᠡᠳᠭᠡᠵᠣ᠂ ᠬᠦᠬᠡᠬᠤᠳᠡ᠂ | ᠣᠷᠳᠣᠰ ᠤᠨ ᠲᠣᠮᠳᠡᠳᠣ ᠣᠯᠣᠰ ᠣᠶᠢᠯᠡᠳᠭᠦ 2025 ᠲᠣᠷᠰᠢᠯᠳᠡ ᠶᠢᠨ ᠪᠦᠳᠣᠭᠡᠨ ᠪᠠᠶᠢᠭᠤᠯᠣᠯᠳᠡ ᠶᠢ ᠠᠬᠢᠭᠤᠯᠬᠤ | ᠬᠡᠷᠡᠭᠲᠡᠢ᠃ ᠭᠤᠷᠪᠠ ᠳᠤ ᠣᠳᠣ ᠦᠶ᠎ᠠ ᠶᠢᠨ ᠣᠶᠢᠯᠡᠴᠢᠯᠡᠭᠡᠨ ᠤ ᠣᠶᠢᠯᠡᠰ ᠢ ᠶᠡᠬᠡᠪᠡᠷ ᠭᠦᠭᠵᠢᠭᠦᠯᠣᠨᠡ᠃ | ᠣᠶᠢᠯᠡᠴᠢᠯᠡᠭᠡᠨ ᠤ ᠣᠶᠢᠯᠡᠰ ᠤᠨ ᠬᠠᠨᠭ᠍ᠭᠠᠯᠭ᠎ᠠ ᠶᠢ ᠰᠠᠶᠢᠵᠢᠷᠠᠭᠤᠯᠣᠨ᠂ ᠬᠡᠷᠡᠭᠯᠡᠭᠡ ᠶᠢᠨ ᠲᠡᠰ ᠲᠡᠪᠰᠢᠭᠦ ᠶᠢ ᠠᠬᠢᠭᠤᠯᠵᠤ᠂ | ᠠᠵᠤ ᠠᠬᠤᠢ ᠶᠢᠨ ᠭᠦᠭᠵᠢᠯᠳᠡ ᠳᠠᠬᠢ ᠬᠡᠷᠡᠭᠯᠡᠭᠡ ᠶᠢᠨ ᠰᠠᠭᠤᠷᠢ ᠴᠢᠨᠠᠷᠳᠡᠢ ᠣᠶᠢᠯᠡᠳᠣᠯ ᠢ ᠨᠡᠮᠡᠭᠳᠡᠭᠦᠯᠬᠦ ᠬᠡᠷᠡᠭᠲᠡᠢ᠃ | ᠡᠯᠧᠺᠲᠷᠣᠨ ᠬᠤᠳᠠᠯᠳᠣᠭᠠᠨ ᠤ ᠶᠠᠪᠣᠳᠡᠯ ᠢ ᠢᠳᠡᠪᠬᠢᠳᠡᠢ ᠭᠦᠭᠵᠢᠭᠦᠯᠣᠨ᠂ ᠡᠯᠧᠺᠲᠷᠣᠨ ᠬᠤᠳᠠᠯᠳᠣᠭᠠᠨ ᠤ ᠶᠠᠪᠤᠳᠠᠯ ᠢ | ᠮᠠᠯᠵᠢᠬᠤ ᠲᠠᠷᠢᠶᠠᠯᠠᠬᠤ ᠣᠷᠣᠨ ᠳᠤ ᠬᠦᠷᠭᠡᠬᠦ ᠶᠡᠷᠣᠩᠬᠡᠶᠢᠯᠡᠭᠰᠡᠨ ᠵᠢᠱᠢᠶ᠎ᠠ ᠦᠵᠡᠭᠦᠯᠭᠦ ᠠᠵᠢᠯ ᠢ ᠠᠬᠢᠭᠤᠯᠵᠤ᠂ | ᠣᠯᠣᠰ ᠤᠨ ᠡᠯᠧᠺᠲᠷᠣᠨ ᠬᠤᠳᠠᠯᠳᠣᠭᠠᠨ ᠤ ᠶᠠᠪᠣᠳᠡᠯ ᠤᠨ ᠵᠢᠱᠢᠶ᠎ᠠ ᠦᠵᠡᠭᠦᠯᠭᠦ ᠰᠠᠭᠤᠷᠢᠨ ᠭᠠᠵᠠᠷ ᠢ ᠡᠭᠦᠳᠣᠨ | ᠪᠠᠶᠢᠭᠤᠯᠬᠤ ᠬᠡᠷᠡᠭᠲᠡᠢ᠃ ᠣᠳᠣ ᠦᠶ᠎ᠠ ᠶᠢᠨ ᠪᠠᠷᠠᠭᠠᠨ ᠤ ᠭᠦᠢᠯᠭᠡᠭᠡ ᠶᠢ ᠲᠦᠷᠭᠡᠳᠭᠡᠨ ᠭᠦᠭᠵᠢᠭᠦᠯᠵᠤ᠂ ᠪᠠᠷᠠᠭᠠᠨ ᠤ | ᠭᠦᠢᠯᠭᠡᠭᠡ ᠶᠢᠨ ᠲᠦᠪᠯᠡᠷᠡᠭᠦᠯᠵᠦ ᠬᠤᠪᠢᠶᠠᠷᠢᠯᠠᠬᠤ᠂ ᠡᠳ᠋ᠰᠢᠭᠦᠯᠦᠨ ᠦᠢᠯᠡᠳᠪᠦᠷᠢᠯᠡᠵᠦ ᠪᠣᠭᠤᠳᠠᠯᠯᠠᠬᠤ᠂ ᠭᠦᠢᠳᠡᠨ | ᠬᠡᠯᠬᠢᠶᠡᠳᠣ ᠲᠣᠬᠢᠷᠠᠭᠤᠯᠣᠨ ᠭᠦᠷᠭᠡᠭᠦ ᠵᠡᠷᠭᠡ ᠲᠡᠪᠴᠡᠩ ᠤᠨ ᠪᠡᠯᠡᠳᠭᠡᠮᠵᠢ ᠶᠢᠨ ᠪᠠᠶᠢᠭᠤᠯᠣᠯᠳᠡ ᠶᠢ ᠴᠢᠩᠭᠠᠳᠬᠠᠵᠤ᠂ | ᠵᠠᠰᠠᠮᠠᠯ ᠵᠠᠮ ᠲᠡᠮᠣᠷ ᠵᠠᠮ ᠤᠨ ᠬᠠᠮᠳᠣᠷᠠᠭᠰᠠᠨ ᠲᠡᠭᠡᠭᠡᠪᠣᠷᠢ ᠵᠡᠷᠭᠡ ᠣᠳᠣ ᠦᠶ᠎ᠠ ᠶᠢᠨ ᠪᠠᠷᠠᠭᠠᠨ ᠤ ᠭᠦᠢᠯᠭᠡᠭᠡᠨ ᠤ | ᠵᠠᠭᠪᠤᠷ ᠤᠨ ᠭᠦᠭᠵᠢᠯᠳᠡ ᠶᠢ ᠳᠡᠮᠵᠢᠬᠦ ᠬᠡᠷᠡᠭᠲᠡᠢ᠃ ᠪᠦᠭᠦ ᠨᠤᠲᠤᠭ ᠤᠨ ᠬᠠᠮ ᠵᠢᠭᠤᠯᠴᠢᠯᠠᠯ᠂ ᠲᠦᠷᠪᠡᠨ ᠣᠯᠠᠷᠢᠯ ᠤᠨ | ᠵᠢᠭᠤᠯᠴᠢᠯᠠᠯ ᠢ ᠶᠡᠬᠡᠪᠡᠷ ᠭᠦᠭᠵᠢᠭᠦᠯᠣᠨ᠂ ᠨᠡᠷᠡᠲᠦ ᠲᠡᠮᠳᠡᠭᠳᠣ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ | ᠲᠦᠷᠭᠡᠳᠭᠡᠨ᠂ ᠵᠣᠷᠯᠣᠩ ᠤᠨ ᠬᠤᠪᠢᠰᠤᠯᠲᠠ ᠶᠢᠨ ᠰᠢᠨ᠎ᠡ ᠭᠤᠷᠪᠠᠨ ᠵᠢᠯ ᠤᠨ ᠠᠵᠢᠯᠯᠠᠭᠠᠨ ᠢ ᠦᠷᠨᠢᠭᠦᠯᠬᠦ ᠬᠡᠷᠡᠭᠲᠡᠢ᠃ | ᠨᠡᠶᠢᠭᠡᠮ ᠤᠨ ᠭᠦᠴᠣᠨ ᠢ ᠵᠣᠷᠢᠬᠵᠢᠭᠤᠯᠣᠨ ᠰᠣᠷᠭᠠᠨ ᠭᠦᠮᠣᠵᠢᠯ᠂ ᠰᠣᠶᠣᠯ᠂ ᠡᠷᠡᠭᠦᠯ ᠡᠩᠬᠡ᠂ ᠨᠠᠰᠤᠵᠢᠯ ᠵᠡᠷᠭᠡ | ᠣᠶᠢᠯᠡᠴᠢᠯᠡᠭᠡ ᠶᠢ ᠬᠦᠭᠵᠢᠭᠦᠯᠬᠦ ᠬᠡᠷᠡᠭᠲᠡᠢ᠃ ᠲᠦᠷᠪᠡ ᠳᠤ ᠭᠦᠷᠢᠶᠠᠯᠡᠩ ᠲᠣᠭᠤᠷᠢᠭ ᠤᠨ ᠪᠦᠭᠡᠮᠨᠡᠷᠡᠭᠦᠯᠦᠨ | ᠡᠷᠴᠢᠮᠵᠢᠭᠦᠯᠬᠦ ᠬᠢᠷᠢ ᠲᠦᠪᠰᠢᠨ ᠢ ᠲᠡᠭᠡᠭᠰᠢᠯᠡᠭᠦᠯᠣᠨ᠎ᠡ᠃ ᠭᠦᠷᠢᠶᠡᠯᠡᠩ ᠲᠣᠭᠤᠷᠢᠭ ᠢ ᠮᠠᠨᠳᠣᠭᠤᠯᠣᠨ ᠭᠦᠭᠵᠢᠭᠦᠯᠭᠦ | ᠲᠦᠯᠣᠪᠯᠡᠭᠡ ᠲᠣᠭᠳᠠᠭᠠᠨ᠂ ᠬᠠᠮᠢᠶ᠎ᠠ ᠪᠦᠭᠦᠢ ᠲᠦᠷᠣ ᠶᠢᠨ ᠪᠣᠳᠣᠯᠭ᠎ᠠ ᠶᠢ ᠨᠡᠶᠢᠲᠡᠯᠡᠵᠦ᠂ ᠭᠦᠷᠢᠶᠠᠯᠡᠩ | ᠲᠣᠭᠤᠷᠢᠭ ᠤᠨ ᠬᠠᠮᠢᠶᠠᠷᠣᠯᠳᠡ ᠶᠢᠨ ᠪᠠᠶᠢᠭᠤᠯᠣᠯ ᠪᠠ ᠠᠵᠢᠯ ᠤᠨ ᠲᠣᠭᠳᠠᠴᠠ ᠶᠢ ᠰᠢᠯᠣᠭᠤᠳᠬᠠᠵᠤ᠂ ᠭᠦᠷᠢᠶᠡᠯᠡᠩ | ᠲᠣᠭᠤᠷᠢᠭ ᠤᠨ ᠣᠷᠣᠨ ᠵᠠᠢ ᠶᠢᠨ ᠪᠠᠶᠢᠷᠢᠰᠢᠯ ᠪᠠ ᠠᠵᠤ ᠣᠶᠢᠯᠡᠰ ᠤᠨ ᠪᠠᠶᠢᠷᠢ ᠲᠣᠭᠳᠠᠭᠠᠯᠳᠡ ᠶᠢ ᠰᠢᠯᠢᠳᠡᠭᠵᠢᠭᠦᠯᠵᠤ᠂ | ᠭᠦᠷᠢᠶᠠᠯᠡᠩ ᠲᠣᠭᠤᠷᠢᠭ ᠤᠨ ᠣᠷᠣᠨ ᠪᠦᠰᠠ ᠠᠯᠣᠰᠯᠠᠨ ᠲᠠᠬᠢᠨ ᠵᠣᠬᠢᠶᠠᠨ ᠪᠠᠶᠢᠭᠤᠯᠬᠤ ᠶᠢ ᠭᠦᠳᠣᠯᠣᠨ | ᠵᠢᠯᠣᠭᠤᠳᠬᠤ ᠬᠡᠷᠡᠭᠲᠡᠢ᠃ | ᠳᠠᠪᠤᠨ ᠶᠡᠭᠡ ᠡᠭᠦᠷᠭᠡ ᠶᠢ ᠳᠥᠷᠭᠡᠳᠭᠡᠨ ᠨᠠᠶᠢᠳᠠᠪᠤᠷᠢᠵᠢᠭᠤᠯᠤᠨ᠎ᠠ᠃ ᠨᠢᠭᠡ ᠳᠤ ᠦᠯᠡᠭᠦᠳᠡᠵᠦ ᠪᠠᠶᠢᠭ᠎ᠠ | ᠦᠢᠯᠡᠳᠪᠦᠷᠢᠯᠡᠬᠦ ᠴᠢᠳᠠᠮᠵᠢ ᠶᠢ ᠡᠷᠡᠰ ᠰᠢᠭᠤᠷᠬᠠᠢ ᠪᠠᠷ ᠠᠷᠢᠯᠭᠠᠨ᠎ᠠ᠃ ᠶᠠᠰᠤ ᠴᠢᠨᠠᠷ᠂ ᠤᠷᠴᠢᠨ ᠳᠤᠭᠤᠷᠢᠨ ᠤ | ᠬᠠᠮᠠᠭᠠᠯᠠᠯᠳᠠ᠂ ᠡᠨᠧᠷᠭᠢ ᠶᠢᠨ ᠬᠤᠷᠤᠭᠳᠠᠯ᠂ ᠠᠮᠤᠷ ᠳᠥᠪᠰᠢᠨ ᠵᠡᠷᠭᠡ ᠬᠠᠤᠯᠢ ᠳᠤᠭᠳᠠᠭᠠᠯ ᠤᠨ ᠪᠠᠷᠢᠮᠵᠢᠶ᠎ᠠ ᠶᠢ | ᠴᠢᠩᠭ᠎ᠠ ᠬᠡᠷᠡᠭᠵᠢᠭᠦᠯᠵᠦ᠂ ᠱᠦᠢᠨᠢ᠂ ᠪᠤᠯᠤᠳ ᠮᠠᠲ᠋ᠧᠷᠢᠶᠠᠯ ᠵᠡᠷᠭᠡ ᠶᠢᠨ ᠬᠡᠷᠡᠭᠯᠡᠬᠦ ᠪᠠᠷᠢᠮᠵᠢᠶ᠎ᠠ ᠶᠢ ᠠᠯᠬᠤᠮ | ᠠᠯᠬᠤᠮ ᠢᠶᠠᠷ ᠳᠡᠭᠡᠭᠰᠢᠯᠡᠭᠦᠯᠬᠦ ᠬᠡᠷᠡᠭᠲᠡᠢ᠃ ᠠᠵᠤ ᠠᠬᠤᠶᠢᠯᠠᠯ ᠤᠳ ᠵᠠᠬ᠎ᠠ ᠳᠡᠯᠭᠡᠭᠦᠷᠴᠢᠯᠡᠬᠦ ᠠᠷᠭ᠎ᠠ ᠪᠠᠷᠢᠯ ᠢᠶᠠᠷ | ᠳᠠᠮᠵᠢᠨ ᠦᠢᠯᠡᠳᠪᠦᠷᠢᠯᠡᠬᠦ ᠴᠢᠳᠠᠮᠵᠢ ᠪᠠᠨ ᠰᠤᠯᠢᠬᠤ ᠭᠦᠢᠴᠡᠳᠭᠡᠯ ᠳᠤᠭ᠎ᠠ ᠣᠯᠬᠤ ᠶᠢ ᠳᠡᠮᠵᠢᠬᠦ ᠬᠡᠷᠡᠭᠲᠡᠢ᠃ ︽ | ᠦᠬᠦᠰᠢᠷᠡᠮᠡᠯ ᠠᠵᠤ ᠠᠬᠤᠶᠢᠯᠠᠯ︾ ᠤᠨ ᠪᠣᠴᠠᠭᠠᠵᠤ ᠭᠠᠷᠭᠠᠬᠤ ᠨᠠᠷᠢᠨ ᠳᠠᠩᠰᠠ ᠶᠢ ᠳᠤᠭᠳᠠᠭᠠᠵᠤ᠂ ︽ᠦᠬᠦᠰᠢᠷᠡᠮᠡᠯ | ᠠᠵᠤ ᠠᠬᠤᠶᠢᠯᠠᠯ︾ ᠢ ᠰᠢᠢᠳᠪᠥᠷᠢᠯᠡᠬᠦ ᠡᠷᠴᠢᠮ ᠢᠶᠠᠨ ᠴᠢᠩᠭᠠᠷᠠᠭᠤᠯᠵᠤ᠂ ︽ᠳᠠᠬᠢᠵᠦ ᠦᠢᠯᠡᠳᠪᠦᠷᠢᠯᠡᠭᠰᠡᠨ ᠪᠤᠯᠤᠳ | ᠲᠡᠮᠦᠷ︾ ᠤᠨ ᠦᠢᠯᠡᠳᠪᠦᠷᠢᠯᠡᠬᠦ ᠴᠢᠳᠠᠮᠵᠢ ᠳᠠᠬᠢᠨ ᠰᠡᠷᠭᠦᠬᠦ ᠶᠢ ᠴᠢᠩᠭ᠎ᠠ ᠰᠡᠷᠭᠡᠶᠢᠯᠡᠵᠦ᠂ ᠪᠦᠬᠦ ᠵᠢᠯ ᠳᠤ 405 | ᠳᠥᠮᠡᠨ ᠳᠤᠨ ᠨᠡᠭᠦᠷᠡᠰᠥᠨ ᠤ ᠦᠢᠯᠡᠳᠪᠦᠷᠢᠯᠡᠬᠦ ᠴᠢᠳᠠᠮᠵᠢ ᠶᠢ ᠪᠣᠴᠠᠭᠠᠨ ᠭᠠᠷᠭᠠᠬᠤ ᠶᠢ ᠪᠠᠲᠤᠯᠠᠬᠤ ᠬᠡᠷᠡᠭᠲᠡᠢ᠃ | ᠬᠤᠶᠠᠷ ᠲᠤ ᠨᠦᠬᠡᠴᠡᠯᠡᠵᠦ ᠬᠠᠳᠠᠭᠠᠯᠠᠬᠤ ᠪᠠᠨ ᠪᠠᠭᠠᠰᠬᠠᠬᠤ ᠶᠢ ᠭᠡᠷ ᠪᠠᠶᠢᠰᠢᠩ ᠭᠠᠵᠠᠷ ᠬᠥᠷᠥᠩᠭᠡ ᠶᠢᠨ | ᠦᠢᠯᠡᠰ ᠯᠦᠭᠡ ᠵᠣᠬᠢᠴᠠᠯᠳᠤᠭᠤᠯᠤᠨ ᠬᠦᠭᠵᠢᠭᠦᠯᠬᠦ ᠶᠢ ᠨᠢᠭᠡᠳᠥᠯᠳᠡᠢ ᠲᠦᠯᠦᠪᠯᠡᠨ ᠠᠬᠢᠭᠤᠯᠬᠤ ᠬᠡᠷᠡᠭᠲᠡᠢ᠃ ᠤᠯᠠᠨ | ᠭᠤᠣᠯ ᠴᠣᠭᠴᠠ ᠶᠢᠨ ᠬᠠᠩᠭᠠᠯᠭ᠎ᠠ᠂ ᠤᠯᠠᠨ ᠠᠷᠭ᠎ᠠ ᠵᠠᠮ ᠤᠨ ᠪᠠᠲᠤᠯᠠᠭ᠎ᠠ᠂ ᠳᠥᠷᠢᠶᠡᠰᠥᠯᠡᠬᠦ ᠪᠠ ᠬᠤᠳᠠᠯᠳᠤᠨ | ᠠᠪᠬᠤ ᠶᠢ ᠵᠡᠷᠭᠡ ᠳᠤᠨᠢ ᠴᠢᠬᠤᠯᠠᠴᠢᠯᠠᠬᠤ ᠤᠷᠤᠨ ᠰᠠᠭᠤᠴᠠ ᠶᠢᠨ ᠳᠥᠷᠢᠮ ᠢ ᠳᠥᠷᠭᠡᠳᠭᠡᠨ ᠪᠠᠶᠢᠭᠤᠯᠵᠤ᠂ ᠭᠠᠵᠠᠷ | ᠰᠢᠷᠤᠢ ᠶᠢᠨ ᠬᠠᠨᠭ᠍ᠭᠠᠯᠭ᠎ᠠ ᠶᠢᠨ ᠳᠥᠷᠥ ᠶᠢᠨ ᠪᠤᠳᠤᠯᠭ᠎ᠠ ᠶᠢ ᠳᠥᠷᠥᠯ ᠬᠤᠪᠢᠶᠠᠨ ᠬᠡᠷᠡᠭᠵᠢᠭᠦᠯᠬᠦ ᠬᠡᠷᠡᠭᠲᠡᠢ᠃ | ᠳᠤᠰᠬᠠᠶᠢᠵᠢᠭᠤᠯᠤᠭᠰᠠᠨ᠂ ᠪᠠᠶᠢᠭᠤᠯᠤᠮᠵᠢᠭᠤᠯᠤᠭᠰᠠᠨ ᠤᠷᠤᠨ ᠰᠠᠭᠤᠴᠠ ᠳᠦᠷᠢᠶᠡᠰᠦᠯᠡᠬᠦ ᠠᠵᠤ ᠠᠬᠤᠶᠢᠯᠠᠯ ᠤᠨ | ᠬᠥᠭᠵᠢᠯᠳᠡ ᠶᠢ ᠳᠡᠮᠵᠢᠵᠦ᠂ ᠨᠥᠬᠦᠴᠡᠯ ᠲᠠᠢ ᠭᠠᠵᠠᠷ ᠤᠷᠤᠨ ᠳᠤ ︽ᠳᠥᠷᠢᠶᠡᠰᠥᠯᠡᠬᠦ ᠪᠠ ᠬᠤᠳᠠᠯᠳᠤᠨ ᠠᠪᠬᠤ ᠨᠢ | ᠠᠳᠠᠯᠢ ᠡᠷᠬᠡ ᠲᠠᠢ ᠪᠠᠶᠢᠬᠤ︾ ᠪᠠ ︽ᠬᠠᠮᠲᠤ ᠳᠠᠭᠠᠨ ᠥᠮᠴᠢᠯᠡᠬᠦ ᠡᠷᠬᠡ ᠲᠠᠢ ᠪᠠᠶᠢᠬᠤ︾ ᠳᠥᠷᠥ ᠶᠢᠨ | ᠪᠤᠳᠤᠯᠭ᠎ᠠ ᠶᠢ ᠪᠣᠳᠠᠲᠠᠶᠢᠵᠢᠭᠤᠯᠤᠨ ᠬᠡᠷᠡᠭᠵᠢᠭᠦᠯᠬᠦ ᠶᠢ ᠠᠬᠢᠭᠤᠯᠬᠤ ᠬᠡᠷᠡᠭᠲᠡᠢ᠃ ᠨᠦᠬᠡᠴᠡᠯᠡᠵᠦ ᠬᠠᠳᠠᠭᠠᠯᠠᠭᠰᠠᠨ | ᠤᠷᠤᠨ ᠰᠠᠭᠤᠴᠠ ᠶᠢᠨ ᠪᠤᠰᠤ ᠳᠠᠸᠠᠷ ᠤᠨ ᠭᠡᠷ ᠪᠠᠶᠢᠰᠢᠩ ᠢ ᠢᠳᠡᠪᠬᠢᠳᠡᠢ ᠪᠠᠭᠠᠰᠬᠠᠵᠤ᠂ ᠭᠡᠷ ᠪᠠᠶᠢᠰᠢᠩ ᠤᠨ | ᠥᠮᠴᠢᠯᠡᠬᠦ ᠡᠷᠬᠡ ᠵᠡᠷᠭᠡ ᠦᠩᠭᠡᠷᠡᠭᠰᠡᠨ ᠤ ᠦᠯᠡᠳᠡᠭᠳᠡᠵᠦ ᠢᠷᠡᠭᠰᠡᠨ ᠠᠰᠠᠭᠤᠳᠠᠯ ᠤᠳ ᠢ ᠳᠥᠷᠭᠡᠳᠭᠡᠨ | ᠰᠢᠢᠳᠪᠦᠷᠢᠯᠡᠬᠦ ᠬᠡᠷᠡᠭᠲᠡᠢ᠃ ᠭᠤᠷᠪᠠ ᠳᠤ ᠠᠵᠤ ᠠᠬᠤᠶᠢᠯᠠᠯ ᠤᠨ ᠬᠦᠰᠢᠭᠦᠷᠭᠡᠯᠡᠬᠦ ᠨᠤᠷᠮ᠎ᠠ ᠶᠢ ᠢᠳᠡᠪᠬᠢᠳᠡᠢ ᠪᠦᠭᠡᠳ | ᠯᠠᠪᠳᠠᠭᠤᠨ ᠪᠠᠷ ᠪᠠᠭᠠᠰᠬᠠᠨ᠎ᠠ᠃ ᠤᠯᠠᠨ ᠳᠡᠰ ᠳᠠᠪᠬᠤᠷᠭ᠎ᠠ ᠲᠠᠢ ᠬᠥᠷᠥᠩᠭᠡ ᠶᠢᠨ ᠵᠠᠬ᠎ᠠ ᠳᠡᠯᠭᠡᠭᠦᠷ ᠤᠨ | ᠬᠥᠭᠵᠢᠯᠳᠡ ᠶᠢ ᠠᠬᠢᠭᠤᠯᠵᠤ᠂ ᠰᠢᠭᠤᠳ ᠪᠡᠯᠡ ᠳᠤᠬᠢᠷᠠᠭᠤᠯᠬᠤ ᠬᠤᠪᠢ ᠶᠢᠨ ᠵᠢᠩ ᠢ ᠳᠡᠭᠡᠭᠰᠢᠯᠡᠭᠦᠯᠵᠦ᠂ ᠬᠥᠳᠡᠭᠡ | ᠳᠤᠰᠬᠤᠨ ᠤ ᠠᠵᠤ ᠦᠢᠯᠡᠰ ᠤᠨ ᠠᠭᠤᠰᠤᠯᠴᠠᠯ᠂ ᠲᠦᠢᠯ ᠤᠨ ᠣᠨᠣᠪᠴᠢᠲᠠᠢ ᠪᠠᠷ ᠶᠠᠳᠠᠭᠤ ᠶᠢ ᠳᠡᠳᠬᠦᠬᠦ᠂ | ᠨᠠᠰᠤᠵᠢᠯ ᠤᠨ ᠠᠵᠤ ᠦᠢᠯᠡᠰ᠂ ᠪᠤᠬᠢᠷᠳᠤᠯ ᠦᠭᠡᠢ ᠠᠵᠤ ᠦᠢᠯᠡᠰ ᠵᠡᠷᠭᠡ ᠬᠦᠷᠢᠶ᠎ᠡ ᠴᠠᠷᠠᠭ᠎ᠠ ᠳᠤ ᠵᠢᠭᠡᠯᠡᠯᠭᠡ ᠶᠢᠨ | ᠳᠡᠮᠳᠡᠭᠳᠥ ᠳᠠᠷᠬᠠᠭᠠᠬᠤ ᠶᠢ ᠳᠡᠮᠵᠢᠵᠦ᠂ ᠨᠡᠩ ᠤᠯᠠᠨ ᠰᠢᠯᠢᠳᠡᠭ ᠠᠵᠤ ᠠᠬᠤᠶᠢᠯᠠᠯ ᠢ ᠵᠠᠬ᠎ᠠ ᠳᠡᠯᠭᠡᠭᠦᠷ ᠲᠤ | ᠣᠷᠤᠭᠤᠯᠵᠤ ᠪᠡᠯᠡ ᠲᠣᠬᠢᠷᠠᠭᠤᠯᠤᠭ᠎ᠠ ᠬᠢᠬᠦ ᠶᠢ ᠬᠦᠮᠦᠵᠢᠭᠦᠯᠦᠨ ᠪᠤᠶᠢᠵᠢᠭᠤᠯᠬᠤ ᠬᠡᠷᠡᠭᠲᠡᠢ᠃ ᠤᠯᠤᠰ ᠤᠨ | ᠦᠮᠴᠢᠯᠡᠯ ᠤᠨ ᠠᠵᠤ ᠠᠬᠤᠶᠢᠯᠠᠯ ᠤᠨ ᠬᠥᠰᠢᠭᠦᠷᠭᠡ ᠶᠢ ᠪᠠᠭᠠᠰᠬᠠᠬᠤ ᠡᠷᠴᠢᠮ ᠢ ᠴᠢᠩᠭᠠᠷᠠᠭᠤᠯᠵᠤ᠂ ᠤᠯᠤᠰ ᠤᠨ | ᠦᠮᠴᠢᠯᠡᠯ ᠤᠨ ᠠᠵᠤ ᠠᠬᠤᠶᠢᠯᠠᠯ ᠤᠳ ᠤᠨ ᠵᠠᠬ᠎ᠠ ᠳᠡᠯᠭᠡᠭᠦᠷᠴᠢᠯᠡᠬᠦ ᠪᠠ ᠬᠠᠤᠯᠢ ᠪᠠᠷ ᠵᠠᠰᠠᠬᠤ ᠶᠢ ᠦᠷᠨᠢᠭᠦᠯᠵᠦ | ᠪᠠᠶᠢᠭᠠᠳ ᠥᠷᠢ ᠥᠭᠴᠡᠭᠡ ᠪᠠᠨ ᠰᠲ᠋ᠤᠺ ᠪᠤᠯᠭᠠᠬᠤ ᠶᠢ ᠠᠬᠢᠭᠤᠯᠬᠤ ᠬᠡᠷᠡᠭᠲᠡᠢ᠃ ᠳᠥᠷᠪᠡ ᠳᠤ ᠪᠤᠳᠠᠳᠤ ᠴᠣᠭᠴᠠᠲᠤ | ᠠᠵᠤ ᠠᠬᠤᠢ ᠶᠢᠨ ᠥᠪᠡᠷ ᠤᠨ ᠥᠷᠳᠡᠭ ᠢ ᠶᠡᠬᠡᠪᠡᠷ ᠪᠠᠭᠤᠷᠠᠭᠤᠯᠤᠨ᠎ᠠ᠃ ᠡᠨᠧᠷᠭᠢ᠂ ᠵᠠᠮ ᠬᠠᠷᠢᠯᠴᠠᠭ᠎ᠠ ᠵᠡᠷᠭᠡ | ᠬᠦᠷᠢᠶ᠎ᠡ ᠴᠠᠷᠠᠭ᠎ᠠ ᠶᠢᠨ ᠥᠭᠡᠷᠡᠴᠢᠯᠡᠯᠳᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ | ᠡᠨᠧᠷᠭᠢ ᠶᠢᠨ ᠬᠡᠷᠡᠭᠯᠡᠯᠲᠡ᠂ ᠪᠠᠷᠠᠭᠠᠨ ᠤ ᠭᠦᠢᠯᠭᠡᠭᠡ᠂ ᠪᠡᠯᠡ ᠲᠣᠬᠢᠷᠠᠭᠤᠯᠭ᠎ᠠ ᠵᠡᠷᠭᠡ ᠥᠪᠡᠷ ᠤᠨ ᠥᠷᠳᠡᠭ ᠢ ᠨᠢ | ᠪᠠᠭᠤᠷᠠᠭᠤᠯᠬᠤ ᠬᠡᠷᠡᠭᠲᠡᠢ᠃ ᠥᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ ᠦᠨ᠎ᠡ ᠳᠤᠭᠳᠠᠭᠠᠭᠰᠠᠨ | ᠡᠵᠡᠩᠨᠡᠨ ᠦᠢᠯᠡᠴᠢᠯᠡᠬᠦ ᠴᠢᠨᠠᠷᠳᠠᠢ ᠬᠤᠷᠢᠶᠠᠬᠤ ᠰᠦᠢᠳᠭᠡᠯ ᠤᠨ ᠭᠠᠷᠴᠠᠭ ᠤᠨ ᠨᠠᠷᠢᠨ ᠳᠠᠩᠰᠠ ᠶᠢ ᠨᠡᠶᠢᠲᠡᠯᠡᠬᠦ | ᠬᠡᠷᠡᠭᠲᠡᠢ᠃ ᠠᠵᠤ ᠠᠬᠤᠶᠢᠯᠠᠯ ᠳᠤ ᠬᠤᠯᠪᠤᠭᠳᠠᠭᠰᠠᠨ ᠬᠤᠷᠢᠶᠠᠬᠤ ᠰᠦᠢᠳᠭᠡᠯ ᠢ ᠤᠯᠠᠮ ᠨᠢᠭᠡ ᠠᠯᠬᠤᠮ ᠴᠡᠪᠡᠷᠯᠡᠨ | ᠵᠢᠷᠤᠮᠵᠢᠭᠤᠯᠵᠤ᠂ ᠵᠠᠭᠤᠴᠢ ᠪᠠᠶᠢᠭᠤᠯᠤᠮᠵᠢ ᠶᠢᠨ ᠬᠤᠷᠢᠶᠠᠬᠤ ᠰᠦᠢᠳᠭᠡᠯ ᠢ ᠪᠦᠬᠦ ᠳᠠᠯ᠎ᠠ ᠪᠠᠷ ᠴᠡᠪᠡᠷᠯᠡᠨ ᠴᠡᠭᠴᠡᠯᠡᠵᠦ᠂ | ᠠᠵᠤ ᠠᠬᠤᠶᠢᠯᠠᠯ ᠤᠨ ᠨᠡᠶᠢᠭᠡᠮ ᠤᠨ ᠪᠠᠲᠤᠯᠠᠭ᠎ᠠ ᠶᠢᠨ ᠰᠦᠢᠳᠭᠡᠯ ᠳᠤᠰᠢᠶᠠᠬᠤ ᠨᠤᠷᠮ᠎ᠠ ᠶᠢ ᠱᠠᠳᠤ ᠦᠶ᠎ᠡ ᠶᠢᠨ | ᠴᠢᠨᠠᠷᠳᠠᠢ ᠪᠠᠷ ᠪᠠᠭᠤᠷᠠᠭᠤᠯᠬᠤ ᠬᠤᠯᠪᠣᠭᠳᠠᠯ ᠪᠦᠬᠦᠢ ᠳᠥᠷᠥ ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠬᠦ | ᠬᠡᠷᠡᠭᠲᠡᠢ᠃ ᠳᠠᠪᠤ ᠳᠤ ᠡᠷᠴᠢᠮ ᠢᠶᠠᠨ ᠴᠢᠩᠭᠠᠷᠠᠭᠤᠯᠵᠤ ᠳᠤᠳᠠᠭᠤᠳᠠᠯ ᠢᠶᠠᠨ ᠨᠥᠬᠦᠪᠥᠷᠢᠯᠡᠨ᠎ᠡ᠃ ᠭᠤᠤᠯᠳᠠᠯᠭ᠎ᠠ ᠶᠢ | ᠠᠳᠬᠤᠬᠤ᠂ ᠳᠤᠲᠠᠭᠤᠳᠠᠯ ᠢ ᠨᠦᠬᠦᠪᠦᠷᠢᠯᠡᠬᠦ᠂ ᠪᠠᠭᠤᠷᠠᠢ ᠳᠠᠯ᠎ᠠ ᠪᠠᠨ ᠬᠦᠴᠦᠷᠬᠡᠭᠵᠢᠭᠦᠯᠬᠦ ᠶᠢ ᠳᠤᠪᠤᠶᠢᠯᠭᠠᠵᠤ᠂ | ᠬᠠᠨᠭ᠍ᠭᠠᠯᠭ᠎ᠠ ᠶᠢᠨ ᠪᠥᠳᠥᠴᠡ ᠶᠢ ᠰᠢᠯᠢᠳᠡᠭᠵᠢᠭᠦᠯᠬᠦ ᠳᠠᠬᠢ ᠪᠡᠯᠡ ᠤᠷᠤᠭᠤᠯᠤᠯᠳᠠ ᠶᠢᠨ ᠵᠠᠩᠭᠢᠯᠠᠭ᠎ᠠ ᠶᠢᠨ ᠴᠢᠨᠠᠷᠳᠠᠢ | ᠦᠢᠯᠡᠳᠥᠯ ᠢ ᠨᠢ ᠪᠠᠳᠠᠷᠠᠭᠤᠯᠵᠤ᠂ ︽ᠮᠠᠯᠵᠢᠬᠤ ᠳᠠᠷᠢᠶᠠᠯᠠᠬᠤ ᠤᠷᠤᠨ᠂ ᠮᠠᠯ ᠲᠠᠷᠢᠶᠠᠯᠠᠩ᠂ ᠮᠠᠯᠴᠢᠨ ᠳᠠᠷᠢᠶᠠᠴᠢᠨ︾᠂ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ᠂ ᠠᠮᠢ ᠠᠬᠤᠢ ᠤᠷᠴᠢᠨ ᠳᠤᠭᠤᠷᠢᠨ ᠤ ᠬᠠᠮᠠᠭᠠᠯᠠᠯᠳᠠ᠂ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠬᠦᠷᠢᠶ᠎ᠡ ᠴᠠᠷᠠᠭ᠎ᠠ ᠳᠠᠬᠢ ᠪᠡᠯᠡ ᠤᠷᠤᠭᠤᠯᠤᠯᠳᠠ ᠶᠢᠨ | ᠡᠷᠴᠢᠮ ᠢᠶᠠᠨ ᠴᠢᠩᠭᠠᠷᠠᠭᠤᠯᠵᠤ᠂ ᠰᠠᠭᠤᠷᠢ ᠪᠡᠯᠡᠳᠭᠡᠮᠵᠢ ᠶᠢᠨ ᠳᠤᠤᠷ ᠤᠨ ᠪᠦᠲᠦᠭᠡᠨ ᠪᠠᠶᠢᠭᠤᠯᠤᠯᠳᠠ ᠶᠢ | ᠴᠢᠩᠭᠠᠳᠬᠠᠵᠤ᠂ ᠨᠢᠭᠡ ᠪᠥᠯᠥᠭ ᠴᠢᠬᠤᠯᠠ ᠶᠡᠭᠡ ᠳᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠵᠤ᠂ ᠪᠥᠳᠥᠮᠵᠢᠳᠡᠢ | ᠪᠡᠯᠡ ᠤᠷᠤᠭᠤᠯᠤᠯᠳᠠ ᠶᠢᠨ ᠬᠡᠪᠴᠢᠶ᠎ᠡ ᠶᠢ ᠥᠷᠭᠡᠳᠭᠡᠵᠦ᠂ ᠰᠢᠨ᠎ᠡ ᠬᠥᠳᠡᠯᠭᠡᠬᠦ ᠴᠢᠳᠠᠪᠤᠷᠢ ᠢ ᠪᠤᠶᠢᠵᠢᠭᠤᠯᠤᠨ᠂ | ᠰᠢᠨ᠎ᠡ ᠬᠠᠨᠭ᠍ᠭᠠᠯᠭ᠎ᠠ ᠶᠢ ᠡᠭᠦᠳᠬᠦ ᠬᠡᠷᠡᠭᠲᠡᠢ᠃ ᠳᠥᠷᠥᠯ ᠵᠦᠢᠯ ᠤᠨ ᠡᠮᠥᠨᠡᠬᠢ ᠬᠤᠭᠤᠴᠠᠭᠠᠨ ᠳᠠᠬᠢ | ᠤᠷᠤᠭᠤᠯᠤᠯᠳᠠ ᠪᠠᠨ ᠨᠡᠮᠡᠭᠳᠡᠭᠦᠯᠵᠦ᠂ ᠳᠥᠷᠥᠯ ᠵᠦᠢᠯ ᠤᠨ ᠨᠥᠭᠡᠴᠡᠯᠡᠬᠦ ᠬᠡᠪᠴᠢᠶ᠎ᠡ ᠶᠢ ᠥᠷᠭᠡᠳᠭᠡᠵᠦ᠂ ᠳᠥᠷᠥᠯ | ᠵᠦᠢᠯ ᠤᠨ ᠪᠣᠳᠠᠲᠠᠶᠢᠵᠢᠭᠤᠯᠤᠨ ᠬᠡᠷᠡᠭᠵᠢᠭᠦᠯᠬᠦ ᠶᠢ ᠠᠬᠢᠭᠤᠯᠬᠤ ᠬᠡᠷᠡᠭᠲᠡᠢ᠃ ᠵᠠᠰᠠᠭ ᠤᠨ ᠤᠷᠳᠤᠨ ᠤ ᠪᠡᠯᠡ | ᠤᠷᠤᠭᠤᠯᠵᠤ ᠬᠥᠳᠥᠯᠥᠨ ᠵᠢᠯᠤᠭᠤᠳᠬᠤ ᠦᠢᠯᠡᠳᠥᠯ ᠢ ᠭᠦᠢᠴᠡᠳ ᠪᠠᠳᠠᠷᠠᠭᠤᠯᠵᠤ᠂ ᠵᠠᠰᠠᠭ ᠤᠨ ᠤᠷᠳᠤᠨ ᠪᠠ | ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ ᠶᠢᠨ ᠬᠡᠯᠪᠡᠷᠢ ᠶᠢ ᠳᠡᠭᠦᠯᠳᠡᠷᠵᠢᠭᠦᠯᠵᠦ᠂ ᠠᠷᠠᠳ ᠤᠨ ᠳᠤᠮᠳᠠᠬᠢ ᠪᠡᠯᠡ | ᠤᠷᠤᠭᠤᠯᠬᠤ ᠠᠮᠢᠵᠢᠷᠠᠯ ᠤᠨ ᠬᠥᠴᠥᠨ ᠢ ᠬᠦᠭᠵᠢᠭᠡᠬᠦ ᠬᠡᠷᠡᠭᠲᠡᠢ᠃ | ᠰᠠᠭᠤᠷᠢ ᠪᠡᠯᠡᠳᠭᠡᠮᠵᠢ ᠶᠢᠨ ᠪᠥᠳᠥᠭᠡᠨ ᠪᠠᠶᠢᠭᠤᠯᠤᠯᠳᠠ ᠪᠠᠨ ᠴᠢᠩᠭᠠᠳᠬᠠᠨ᠎ᠠ᠃ ᠵᠠᠮ ᠬᠠᠷᠢᠯᠴᠠᠭᠠᠨ ᠤ | ᠳᠠᠯ᠎ᠠ ᠪᠠᠷ᠂ ᠳᠥᠷᠭᠡᠨ ᠬᠤᠷᠳᠤ ᠶᠢᠨ ᠳᠡᠮᠥᠷ ᠵᠠᠮ ᠤᠨ ᠪᠥᠳᠥᠭᠡᠨ ᠪᠠᠶᠢᠭᠤᠯᠤᠯᠳᠠ ᠶᠢ ᠢᠳᠡᠪᠬᠢᠳᠡᠢ ᠠᠬᠢᠭᠤᠯᠵᠤ᠂ | ᠨᠢᠭᠡᠨᠲᠡ ᠪᠠᠶᠢᠭ᠎ᠠ ᠳᠡᠮᠥᠷ ᠵᠠᠮ ᠤᠨ ᠴᠢᠳᠠᠮᠵᠢ ᠶᠢ ᠨᠢ ᠦᠷᠭᠡᠳᠭᠡᠬᠦ ᠥᠭᠡᠷᠡᠴᠢᠯᠡᠯᠳᠡ ᠶᠢ ᠳᠥᠷᠭᠡᠳᠭᠡᠵᠦ᠂ ᠳᠡᠭᠡᠳᠥ | ᠬᠤᠷᠳᠤ ᠶᠢᠨ ᠵᠠᠰᠠᠮᠠᠯ ᠵᠠᠮ ᠪᠠ ᠤᠯᠤᠰ ᠮᠤᠵᠢ ᠶᠢᠨ ᠭᠤᠤᠯ ᠱᠤᠭᠤᠮ ᠪᠤᠯᠬᠤ ᠵᠠᠰᠠᠮᠠᠯ ᠵᠠᠮ ᠤᠨ ᠨᠢᠭᠡ ᠪᠥᠯᠥᠭ | ᠳᠥᠷᠥᠯ ᠵᠦᠢᠯ ᠢ ᠬᠡᠷᠡᠭᠵᠢᠭᠦᠯᠵᠦ᠂ ᠮᠠᠯᠵᠢᠬᠤ ᠳᠠᠷᠢᠶᠠᠯᠠᠬᠤ ᠤᠷᠤᠨ ᠤ ᠵᠠᠰᠠᠮᠠᠯ ᠵᠠᠮ ᠤᠨ ᠳᠤᠤᠷ ᠢ | ᠳᠡᠭᠦᠯᠳᠡᠷᠵᠢᠭᠦᠯᠵᠦ᠂ ᠶᠡᠭᠡ ᠬᠢᠨᠭ᠍ᠭᠠᠨ ᠳᠠᠪᠠᠭᠠᠨ ᠤ ᠤᠯᠤᠰ ᠤᠨ ᠦᠮᠴᠢᠯᠡᠯ ᠤᠨ ᠰᠢᠭᠤᠶᠢᠳᠤ ᠤᠷᠤᠨ ᠤ ᠵᠠᠮ ᠤᠨ | ᠪᠥᠳᠥᠭᠡᠨ ᠪᠠᠶᠢᠭᠤᠯᠤᠯᠳᠠ ᠶᠢ ᠠᠬᠢᠭᠤᠯᠵᠤ᠂ ᠨᠢᠭᠡᠨᠲᠡ ᠪᠠᠶᠢᠭ᠎ᠠ ᠨᠢᠰᠭᠡᠯ ᠤᠨ ᠪᠠᠭᠤᠳᠠᠯ ᠤᠨ ᠥᠭᠡᠷᠡᠴᠢᠯᠡᠵᠦ | ᠦᠷᠭᠡᠳᠭᠡᠨ ᠪᠠᠶᠢᠭᠤᠯᠬᠤ ᠪᠠ ᠨᠡᠶᠢᠳᠡᠮ ᠬᠡᠷᠡᠭᠯᠡᠭᠡᠨ ᠤ ᠨᠢᠰᠭᠡᠯ ᠤᠨ ᠪᠠᠭᠤᠳᠠᠯ ᠤᠨ ᠰᠢᠨ᠎ᠡ ᠪᠠᠷ ᠪᠠᠶᠢᠭᠤᠯᠬᠤ ᠨᠢᠭᠡ | ᠪᠥᠯᠥᠭ ᠳᠥᠷᠥᠯ ᠵᠦᠢᠯ ᠢ ᠳᠥᠷᠭᠡᠳᠭᠡᠨ ᠬᠡᠷᠡᠭᠵᠢᠭᠦᠯᠬᠦ ᠬᠡᠷᠡᠭᠲᠡᠢ᠃ ᠬᠤᠳᠠ ᠶᠢᠨ ᠶᠠᠪᠤᠳᠠᠯ ᠤᠨ ᠳᠠᠯ᠎ᠠ ᠪᠠᠷ᠂ | ᠬᠤᠳᠠ ᠪᠠᠯᠭᠠᠰᠤᠨ ᠤ ᠪᠤᠬᠢᠷ ᠤᠰᠤ᠂ ᠬᠤᠭ ᠨᠤᠪᠰᠢ ᠶᠢ ᠰᠢᠢᠳᠪᠦᠷᠢᠯᠡᠨ ᠠᠷᠢᠯᠭᠠᠬᠤ ᠪᠡᠯᠡᠳᠭᠡᠮᠵᠢ ᠶᠢᠨ ᠪᠥᠳᠥᠭᠡᠨ | ᠪᠠᠶᠢᠭᠤᠯᠤᠯᠳᠠ ᠶᠢ ᠴᠢᠩᠭᠠᠳᠬᠠᠵᠤ᠂ ᠠᠮᠢᠳᠤᠷᠠᠯ ᠤᠨ ᠬᠤᠭ ᠨᠤᠪᠰᠢ ᠶᠢ ᠳᠥᠷᠥᠯ ᠬᠤᠪᠢᠶᠠᠬᠤ ᠳᠥᠬᠦᠷ | ᠰᠢᠰᠲ᠋ᠧᠮᠵᠢ ᠶᠢ ᠲᠡᠭᠦᠯᠳᠡᠷᠵᠢᠭᠦᠯᠬᠦ ᠬᠡᠷᠡᠭᠲᠡᠢ᠃ ᠬᠤᠳᠠ ᠪᠠᠯᠭᠠᠰᠤᠨ ᠤ ᠬᠠᠭᠤᠴᠢᠨ ᠪᠠ ᠬᠠᠭᠤᠴᠢᠷᠠᠭᠰᠠᠨ ᠬᠤᠭᠤᠯᠠᠢ | ᠭᠤᠤᠷᠰᠤ ᠶᠢᠨ ᠳᠤᠤᠷ ᠤᠨ ᠥᠭᠡᠷᠡᠴᠢᠯᠡᠨ ᠰᠢᠨᠡᠳᠭᠡᠬᠦ᠂ ᠳᠡᠷᠭᠡ ᠵᠤᠭᠰᠤᠭᠠᠬᠤ ᠪᠡᠯᠡᠳᠭᠡᠮᠵᠢ ᠵᠡᠷᠭᠡ ᠬᠤᠳᠠ ᠶᠢᠨ | ᠶᠠᠪᠤᠳᠠᠯ ᠤᠨ ᠰᠠᠭᠤᠷᠢ ᠪᠡᠯᠡᠳᠭᠡᠮᠵᠢ ᠶᠢᠨ ᠪᠥᠳᠥᠭᠡᠨ ᠪᠠᠶᠢᠭᠤᠯᠤᠯᠳᠠ ᠶᠢ ᠲᠦᠷᠭᠡᠳᠭᠡᠬᠦ ᠬᠡᠷᠡᠭᠲᠡᠢ᠃ ᠤᠰᠤᠨ | ᠠᠰᠢᠭᠯᠠᠯᠳᠠ ᠶᠢᠨ ᠳᠠᠯ᠎ᠠ ᠪᠠᠷ᠂ ᠤᠰᠤ ᠠᠷᠪᠢᠯᠠᠬᠤ ᠤᠰᠤ ᠬᠠᠨᠭ᠍ᠭᠠᠬᠤ ᠤᠰᠤ ᠵᠠᠯᠠᠬᠤ ᠨᠢᠭᠡ ᠪᠥᠯᠥᠭ ᠴᠢᠬᠤᠯᠠ ᠶᠡᠭᠡ | ᠤᠰᠤᠨ ᠠᠰᠢᠭᠯᠠᠯᠳᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠵᠢᠯ ᠡᠬᠢᠯᠡᠭᠦᠯᠵᠦ᠂ ᠨᠢᠭᠡ ᠪᠥᠯᠥᠭ | ᠭᠤᠤᠯ ᠮᠥᠷᠡᠨ ᠨᠠᠭᠤᠷ ᠴᠥᠭᠦᠷᠥᠮ ᠤᠨ ᠵᠠᠰᠠᠯᠳᠠ᠂ ᠳᠤᠮᠤ ᠬᠡᠯᠪᠡᠷᠢ ᠶᠢᠨ ᠤᠰᠤᠯᠠᠯᠳᠠ ᠶᠢᠨ ᠤᠷᠤᠨ ᠤ | ᠦᠷᠭᠦᠯᠵᠢᠯᠡᠨ ᠪᠠᠶᠢᠭᠤᠯᠵᠤ ᠳᠥᠬᠦᠷᠵᠢᠭᠦᠯᠬᠦ ᠪᠠ ᠤᠰᠤ ᠠᠷᠪᠢᠯᠠᠬᠤ ᠥᠭᠡᠷᠡᠴᠢᠯᠡᠯᠳᠡ᠂ ᠳᠤᠮᠤ ᠳᠤᠮᠳᠠ ᠬᠡᠯᠪᠡᠷᠢ ᠶᠢᠨ | ᠭᠡᠮ ᠠᠶᠤᠯᠲᠠᠢ ᠤᠰᠤᠨ ᠴᠥᠭᠦᠷᠥᠮ ᠤᠨ ᠠᠶᠤᠯ ᠲᠥᠭᠰᠢᠭᠦᠷᠢ ᠶᠢ ᠪᠠᠭᠠᠰᠬᠠᠵᠤ ᠪᠠᠬᠢᠵᠢᠭᠦᠯᠬᠦ ᠢᠨᠵᠧᠨᠧᠷᠢᠩ ᠢ | ᠪᠠᠶᠢᠭᠤᠯᠤᠨ ᠪᠦᠲᠦᠭᠡᠬᠦ ᠬᠡᠷᠡᠭᠲᠡᠢ᠃ ᠡᠨᠧᠷᠭᠢ ᠶᠢᠨ ᠰᠠᠭᠤᠷᠢ ᠪᠡᠯᠡᠳᠭᠡᠮᠵᠢ ᠶᠢᠨ ᠳᠠᠯ᠎ᠠ ᠪᠠᠷ᠂ ᠨᠢᠭᠡᠨᠳᠡ ᠤᠯᠤᠰ ᠤᠨ | ᠳᠥᠯᠥᠪᠵᠢᠭᠦᠯᠭᠡ ᠳᠤ ᠵᠢᠭ᠌ᠰᠡᠭᠠᠨ ᠣᠷᠤᠭᠤᠯᠤᠭᠰᠠᠨ ᠴᠠᠬᠢᠯᠭᠠᠨ ᠬᠦᠴᠦᠨ ᠢ ᠭᠠᠳᠠᠭᠰᠢ ᠬᠥᠷᠭᠡᠬᠦ ᠨᠡᠪᠲᠡᠷᠡᠬᠦ ᠵᠠᠮ ᠤᠨ | ᠡᠮᠥᠨᠡᠬᠢ ᠬᠤᠭᠤᠴᠠᠭᠠᠨ ᠤ ᠠᠵᠢᠯ ᠢ ᠳᠥᠷᠭᠡᠳᠭᠡᠨ ᠠᠬᠢᠭᠤᠯᠵᠤ᠂ ᠬᠡᠢ ᠳᠠᠮᠵᠢᠭᠤᠯᠬᠤ ᠬᠤᠭᠤᠯᠠᠢ ᠶᠢᠨ ᠨᠢᠭᠡ ᠪᠥᠯᠥᠭ | ᠴᠢᠬᠤᠯᠠ ᠶᠡᠭᠡ ᠳᠥᠷᠥᠯ ᠵᠦᠢᠯ ᠤᠨ ᠪᠠᠷᠢᠯᠭ᠎ᠠ ᠶᠢ ᠡᠬᠢᠯᠡᠭᠦᠯᠦᠨ ᠪᠠᠶᠢᠭᠤᠯᠵᠤ᠂ ᠬᠡᠢ ᠨᠥᠭᠡᠴᠡᠯᠡᠬᠦ ᠨᠢᠭᠡ ᠪᠥᠯᠥᠭ | ᠪᠡᠯᠡᠳᠭᠡᠮᠵᠢ ᠶᠢ ᠪᠠᠶᠢᠭᠤᠯᠬᠤ ᠪᠠᠷ ᠪᠡᠯᠡᠳᠭᠡᠬᠦ ᠬᠡᠷᠡᠭᠲᠡᠢ᠃ ᠮᠡᠳᠡᠭᠡ ᠵᠠᠩᠭᠢ ᠶᠢᠨ ᠰᠠᠭᠤᠷᠢ ᠪᠡᠯᠡᠳᠭᠡᠮᠵᠢ ᠶᠢᠨ | ᠳᠠᠯ᠎ᠠ ᠪᠠᠷ᠂ ᠬᠤᠳᠠ ᠪᠠᠯᠭᠠᠰᠤᠨ ᠤ ᠭᠡᠷᠡᠯᠯᠢᠭ ᠰᠢᠷᠬᠡᠭ ᠥᠷᠭᠡᠨ ᠪᠥᠰᠡᠳᠥ ᠰᠦᠯᠵᠢᠶ᠎ᠡ ᠶᠢᠨ ᠪᠥᠳᠥᠭᠡᠨ | ᠪᠠᠶᠢᠭᠤᠯᠤᠯᠳᠠ ᠶᠢ ᠳᠥᠷᠭᠡᠳᠭᠡᠨ ᠠᠬᠢᠭᠤᠯᠵᠤ᠂ ᠮᠠᠯᠵᠢᠬᠤ ᠳᠠᠷᠢᠶᠠᠯᠠᠬᠤ ᠤᠷᠤᠨ ᠤ ᠥᠷᠭᠡᠨ ᠪᠥᠰᠡᠳᠥ ᠶᠢᠨ | ᠬᠥᠭᠵᠢᠯᠳᠡ ᠪᠠ 4G ᠶᠢᠨ ᠰᠦᠯᠵᠢᠶᠡᠨ ᠤ ᠪᠦᠷᠬᠦᠴᠡ ᠶᠢ ᠠᠬᠢᠭᠤᠯᠵᠤ᠂ ᠮᠤᠵᠢ ᠶᠢᠨ ᠬᠤᠭᠤᠷᠤᠨᠳᠤᠬᠢ ᠭᠤᠤᠯ | ᠱᠤᠭᠤᠮ ᠤᠨ ᠭᠡᠷᠡᠯᠯᠢᠭ ᠳᠠᠳᠠᠯᠭ᠎ᠠ ᠪᠠᠷ ᠰᠦᠯᠵᠢᠶ᠎ᠡ ᠳᠠᠮᠵᠢᠭᠤᠯᠬᠤ ᠵᠠᠮᠨᠠᠯ ᠤᠨ ᠰᠢᠰᠲ᠋ᠧᠮ ᠢ ᠲᠡᠭᠦᠯᠳᠡᠷᠵᠢᠭᠦᠯᠬᠦ | ᠬᠡᠷᠡᠭᠲᠡᠢ᠃ | ᠭᠤᠷᠪᠠ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ | ᠠᠵᠤ ᠠᠬᠤᠢ ᠶᠢᠨ ᠬᠥᠭᠵᠢᠯᠳᠡ ᠶᠢᠨ ᠬᠥᠳᠡᠯᠭᠡᠬᠦ ᠬᠥᠴᠥᠨ ᠤ ᠬᠤᠪᠢᠰᠤᠯᠳᠠ ᠶᠢ ᠬᠥᠴᠥᠯᠡᠨ ᠠᠬᠢᠭᠤᠯᠤᠨ᠎ᠠ | ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠵᠠᠩᠭᠢᠯᠠᠭ᠎ᠠ ᠶᠢᠨ ᠨᠡᠶᠢᠳᠡᠴᠢ ᠴᠢᠨᠠᠷᠳᠠᠢ ᠮᠡᠷᠭᠡᠵᠢᠯ ᠤᠨ ᠪᠤᠭᠤᠮᠳᠠ | ᠰᠢᠪᠲᠤᠯᠬᠤ᠂ ᠪᠤᠳᠠᠳᠤ ᠬᠡᠷᠡᠭᠯᠡᠭᠡᠨ ᠤ ᠳᠡᠭᠡᠳᠥ ᠰᠢᠨ᠎ᠡ ᠮᠡᠷᠭᠡᠵᠢᠯ ᠤᠨ ᠦᠷ᠎ᠡ ᠪᠥᠳᠥᠭᠡᠯ ᠤᠨ ᠤᠯᠠᠷᠢᠭᠤᠯᠬᠤ ᠪᠠ | ᠰᠢᠨᠵᠢᠯᠡᠬᠦ ᠤᠬᠠᠭᠠᠨ ᠮᠡᠷᠭᠡᠵᠢᠯ ᠢᠶᠠᠷ ᠰᠢᠨ᠎ᠡ ᠶᠢ ᠡᠭᠦᠳᠬᠦ ᠴᠢᠳᠠᠪᠤᠷᠢᠳᠠᠨ ᠤ ᠳᠠᠪᠴᠠᠩ ᠤᠨ ᠠᠴᠢᠶᠠᠯᠠᠪᠤᠷᠢ ᠶᠢᠨ | ᠪᠠᠶᠢᠭᠤᠯᠤᠯᠳᠠ ᠵᠡᠷᠭᠡ ︽ᠭᠤᠷᠪᠠᠨ ᠳᠤᠮᠤ ᠢᠨᠵᠧᠨᠧᠷᠢᠩ︾ ᠢ ᠳᠥᠷᠭᠡᠳᠭᠡᠨ ᠠᠬᠢᠭᠤᠯᠵᠤ᠂ ᠤᠳᠤᠬᠢᠴᠢᠯᠠᠭᠰᠠᠨ | ᠠᠵᠤ ᠠᠬᠤᠢ ᠶᠢᠨ ᠰᠢᠰᠲ᠋ᠧᠮᠵᠢ ᠶᠢ ᠪᠠᠶᠢᠭᠤᠯᠬᠤ ᠳᠤ ᠪᠠᠶᠢᠯᠳᠤᠬᠤ ᠪᠤᠳᠤᠯᠭ᠎ᠠ ᠶᠢᠨ ᠳᠤᠯᠭᠠᠭᠤᠷᠢᠯᠠᠯ ᠬᠠᠩᠭᠠᠬᠤ | ᠬᠡᠷᠡᠭᠲᠡᠢ᠃ | ᠵᠠᠩᠭᠢᠯᠠᠭ᠎ᠠ ᠶᠢᠨ ᠨᠡᠶᠢᠳᠡᠴᠢ ᠴᠢᠨᠠᠷᠳᠠᠢ ᠮᠡᠷᠭᠡᠵᠢᠯ ᠤᠨ ᠪᠤᠭᠤᠮᠳᠠ ᠰᠢᠪᠲᠤᠯᠬᠤ ᠶᠢ ᠴᠢᠩᠭᠠᠳᠬᠠᠨ᠎ᠠ᠃ | ᠨᠡᠭᠦᠷᠡᠰᠥ ᠵᠡᠷᠭᠡ ᠠᠭᠤᠷᠬᠠᠢ ᠶᠢᠨ ᠡᠬᠢ ᠪᠠᠶᠠᠯᠢᠭ ᠢ ᠡᠷᠴᠢᠮᠵᠢᠭᠦᠯᠦᠨ ᠨᠡᠭᠡᠭᠡᠨ ᠬᠥᠭᠵᠢᠭᠦᠯᠬᠦ ᠪᠠ ᠨᠠᠷᠢᠯᠢᠬ ᠭᠦᠨ | ᠪᠤᠯᠪᠠᠰᠤᠷᠠᠭᠤᠯᠬᠤ᠂ ᠳᠠᠬᠢᠨ ᠡᠭᠦᠰᠴᠤ ᠪᠤᠯᠬᠤ ᠡᠨᠧᠷᠭᠢ ᠶᠢᠨ ᠨᠥᠭᠡᠴᠡᠯᠡᠬᠦ ᠳᠤᠤᠷ ᠢ ᠨᠡᠶᠢᠯᠡᠭᠦᠯᠬᠦ᠂ ᠲᠣᠨᠤᠭ | ᠲᠦᠬᠦᠭᠡᠷᠦᠮᠵᠢ ᠶᠢᠨ ᠤᠶᠤᠨᠴᠢᠯᠠᠨ ᠥᠭᠡᠷᠡᠴᠢᠯᠡᠬᠦ᠂ ᠠᠮᠢ ᠠᠬᠤᠢ ᠶᠢᠨ ᠤᠷᠴᠢᠨ ᠳᠤᠭᠤᠷᠢᠨ ᠤ ᠬᠠᠮᠠᠭᠠᠯᠠᠯᠳᠠ ᠵᠡᠷᠭᠡ | ᠬᠦᠷᠢᠶ᠎ᠡ ᠴᠠᠷᠠᠭ᠎ᠠ ᠳᠠᠬᠢ ᠵᠠᠩᠭᠢᠯᠠᠭ᠎ᠠ ᠶᠢᠨ ᠮᠡᠷᠭᠡᠵᠢᠯ ᠤᠨ ᠳᠤᠭᠤᠷᠢᠨ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ | ᠨᠢᠭᠡ ᠪᠥᠯᠥᠭ ᠴᠢᠬᠤᠯᠠ ᠶᠡᠭᠡ ᠳᠤᠰᠬᠠᠢ ᠵᠦᠢᠯ ᠤᠳ ᠢ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠬᠢᠮᠡᠯ ᠤᠶᠤᠨ᠂ | ᠤᠰᠤᠳᠥ᠋ᠷᠥᠭᠴᠢ ᠲᠡᠩᠴᠡᠯ ᠢᠶᠤᠨᠲᠤ ᠪᠡᠶ᠎ᠡ ᠶᠢᠨ ᠨᠡᠭᠦᠷᠡᠰᠥ ᠪᠠᠷ ᠠᠼᠧᠲ᠋ᠢᠯᠧᠨ ᠬᠢᠬᠦ᠂ ᠨᠡᠭᠦᠷᠡᠰᠥ ᠪᠠᠷ ᠰᠠᠭᠤᠷᠢᠯᠠᠨ | ᠤᠰᠤᠳᠥ᠋ᠷᠥᠭᠴᠢ ᠬᠢᠬᠦ ᠵᠡᠷᠭᠡ ᠮᠡᠷᠭᠡᠵᠢᠯ ᠤᠨ ᠬᠡᠷᠡᠭᠯᠡᠭᠡᠨ ᠤ ᠳᠠᠯ᠎ᠠ ᠳᠤ ᠰᠢᠪᠳᠤᠯᠤᠯᠳᠠ ᠭᠠᠷᠭᠠᠬᠤ ᠪᠠᠷ ᠴᠢᠷᠮᠠᠶᠢᠬᠤ | ᠬᠡᠷᠡᠭᠲᠡᠢ᠃ | ᠪᠤᠳᠠᠳᠤ ᠬᠡᠷᠡᠭᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠥᠳᠥᠭᠡᠯ ᠤᠨ ᠤᠯᠠᠷᠢᠭᠤᠯᠤᠯᠳᠠ ᠶᠢ | ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠷ᠎ᠡ ᠪᠥᠳᠥᠭᠡᠯ ᠢ | ᠤᠯᠠᠷᠢᠭᠤᠯᠬᠤ ᠶᠢᠨ ᠤᠷᠮᠠᠰᠢᠭᠤᠯᠬᠤ ᠳᠤᠭᠳᠠᠴᠠ ᠶᠢ ᠳᠡᠭᠦᠯᠳᠡᠷᠵᠢᠭᠦᠯᠵᠦ᠂ ᠮᠡᠳᠡᠯᠭᠡ ᠶᠢᠨ ᠥᠷᠳᠡᠭ ᠢ | ᠨᠡᠮᠡᠭᠳᠡᠭᠦᠯᠬᠦ ᠪᠠᠷ ᠤᠳᠤᠷᠢᠳᠤᠮᠵᠢ ᠪᠤᠯᠭᠠᠭᠰᠠᠨ ᠬᠤᠪᠢᠶᠠᠷᠢᠯᠠᠯᠳᠠ ᠶᠢᠨ ᠳᠥᠷᠥ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠥᠳᠥᠭᠡᠯ ᠤᠨ ᠤᠯᠠᠷᠢᠭᠤᠯᠬᠤ ᠶᠢ ᠠᠬᠢᠭᠤᠯᠬᠤ | ᠳᠥᠷᠥ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠳᠤᠮᠤ ᠳ᠋ᠡᠶᠢᠲ᠋ᠠ ᠶᠢᠨ ᠡᠭᠦᠯᠡᠨ | ᠪᠤᠳᠤᠯᠳᠠ ᠪᠠᠷ ᠭᠤᠤᠯᠯᠠᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠥᠳᠥᠭᠡᠯ ᠢ ᠤᠯᠠᠷᠢᠭᠤᠯᠬᠤ | ᠦᠢᠯᠡᠴᠢᠯᠡᠭᠡᠨ ᠤ ᠰᠢᠰᠲ᠋ᠧᠮᠵᠢ ᠶᠢ ᠰᠢᠯᠢᠳᠡᠭᠵᠢᠭᠦᠯᠵᠦ᠂ ᠮᠡᠷᠭᠡᠵᠢᠯ ᠤᠨ ᠦᠷ᠎ᠡ ᠪᠥᠳᠥᠭᠡᠯ ᠢ ᠤᠯᠠᠷᠢᠭᠤᠯᠬᠤ ᠪᠠ ᠠᠵᠤ | ᠦᠢᠯᠡᠰᠵᠢᠭᠦᠯᠬᠦ ᠶᠢ ᠶᠡᠬᠡᠪᠡᠷ ᠠᠬᠢᠭᠤᠯᠵᠤ᠂ ᠮᠡᠷᠭᠡᠵᠢᠯ ᠤᠨ ᠰᠤᠯᠢᠯᠴᠠᠭᠠᠨ ᠤ ᠨᠤᠷᠮ᠎ᠠ ᠶᠢ 30% ᠠᠴᠠ ᠳᠡᠭᠡᠭᠰᠢ | ᠨᠡᠮᠡᠭᠳᠡᠭᠦᠯᠬᠦ ᠪᠠᠷ ᠴᠢᠷᠮᠠᠶᠢᠬᠤ ᠬᠡᠷᠡᠭᠲᠡᠢ᠃ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠳᠠ ᠶᠢ | ᠴᠢᠩᠭᠠᠳᠬᠠᠨ᠎ᠠ᠃ | ᠰᠢᠨ᠎ᠡ ᠶᠢ ᠡᠭᠦᠳᠬᠦ ᠳᠠᠪᠴᠠᠩ ᠤᠨ ᠪᠠᠶᠢᠭᠤᠯᠤᠯᠳᠠ ᠶᠢ ᠦᠷᠭᠦᠯᠵᠢᠯᠡᠨ ᠴᠢᠩᠭᠠᠳᠬᠠᠵᠤ᠂ ᠤᠯᠤᠰ ᠤᠨ | ᠳᠡᠰ ᠤᠨ ᠰᠢᠨ᠎ᠡ ᠶᠢ ᠡᠭᠦᠳᠬᠦ ᠳᠠᠪᠴᠠᠩ ᠢ 2 ᠠᠴᠠ ᠳᠡᠭᠡᠭᠰᠢ᠂ ᠥᠪᠡᠷᠳᠡᠭᠡᠨ ᠵᠠᠰᠠᠬᠤ ᠤᠷᠤᠨ ᠤ ᠳᠡᠰ ᠤᠨ | ᠰᠢᠨ᠎ᠡ ᠶᠢ ᠡᠭᠦᠳᠬᠦ ᠳᠠᠪᠴᠠᠩ ᠢ 30 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠬᠤ ᠬᠡᠷᠡᠭᠲᠡᠢ᠃ ᠳᠤᠮᠤ | ᠳ᠋ᠡᠶᠢᠲ᠋ᠠ ᠶᠢᠨ ᠰᠤᠳᠤᠯᠭᠠᠨ ᠤ ᠬᠥᠷᠢᠶᠡᠯᠡᠩ᠂ ᠮᠤᠩᠭᠤᠯ ᠬᠢᠳᠠᠳ ᠡᠮ ᠡᠮᠨᠡᠯᠭᠡ ᠶᠢᠨ ᠰᠤᠳᠤᠯᠭᠠᠨ ᠤ ᠬᠥᠷᠢᠶᠡᠯᠡᠩ᠂ ︽ | ᠨᠢᠭᠡ ᠪᠥᠰᠡ ᠨᠢᠭᠡ ᠵᠠᠮ︾ ᠤᠨ ᠴᠦᠯᠯᠡᠷᠬᠡᠭᠵᠢᠯ ᠢ ᠵᠠᠰᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠰᠤᠳᠤᠯᠭᠠᠨ ᠤ ᠬᠥᠷᠢᠶᠡᠯᠡᠩ ᠵᠡᠷᠭᠡ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠨᠤᠭᠤᠳ ᠢ ᠪᠥᠳᠥᠭᠡᠨ | ᠪᠠᠶᠢᠭᠤᠯᠬᠤ ᠶᠢ ᠳᠡᠮᠵᠢᠵᠦ᠂ ᠬᠥᠬᠡᠬᠤᠳᠠ ᠪᠤᠭᠤᠳᠤ ᠤᠷᠳᠤᠰ ᠵᠡᠷᠭᠡ ᠭᠠᠵᠠᠷ ᠤᠷᠤᠨ ᠤ ᠪᠡᠶ᠎ᠡ ᠪᠠᠨ ᠳᠠᠭᠠᠭᠠᠵᠤ | ᠰᠢᠨ᠎ᠡ ᠶᠢ ᠡᠭᠦᠳᠬᠦ ᠤᠯᠤᠰ ᠤᠨ ᠵᠢᠱᠢᠶ᠎ᠡ ᠦᠵᠡᠭᠦᠯᠬᠦ ᠳᠤᠭᠤᠷᠢᠭ ᠢ ᠡᠭᠦᠳᠥᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ᠃ | ᠳᠡᠭᠡᠳᠥ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠬᠤ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ | ᠳᠡᠭᠡᠳᠥ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 150 ᠰᠢᠨ᠎ᠡ ᠪᠠᠷ ᠨᠡᠮᠡᠭᠳᠡᠭᠦᠯᠦᠨ᠎ᠡ᠃ ᠪᠤᠭᠤᠳᠤ ᠶᠢᠨ ᠬᠤᠪᠤᠷ | ᠰᠢᠷᠤᠢ ᠶᠢᠨ ᠳᠡᠭᠡᠳᠥ ᠰᠢᠨ᠎ᠡ ᠮᠡᠷᠭᠡᠵᠢᠯ ᠤᠨ ᠳᠤᠭᠤᠷᠢᠭ ᠲᠠᠬᠢ ᠤᠯᠤᠰ ᠤᠨ ᠳᠡᠰ ᠤᠨ ︽ᠠᠳᠠᠯ ᠦᠢᠯᠡᠰ | ᠴᠣᠭᠴᠠᠯᠠᠨ ᠰᠢᠨ᠎ᠡ ᠶᠢ ᠡᠭᠦᠳᠬᠦ︾ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠳᠥᠷᠭᠡᠳᠭᠡᠨ ᠪᠠᠶᠢᠭᠤᠯᠵᠤ᠂ | ᠥᠪᠡᠷᠳᠡᠭᠡᠨ ᠵᠠᠰᠠᠬᠤ ᠤᠷᠤᠨ ᠤ ᠳᠡᠰ ᠤᠨ ︽ᠠᠳᠠᠯ ᠦᠢᠯᠡᠰ ᠴᠣᠭᠴᠠᠯᠠᠨ ᠰᠢᠨ᠎ᠡ ᠶᠢ ᠡᠭᠦᠳᠬᠦ︾ ᠶᠢᠨ 10 | ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠰᠢᠨ᠎ᠡ ᠪᠠᠷ ᠮᠠᠭᠠᠳᠯᠠᠨ ᠳᠤᠭᠳᠠᠭᠠᠵᠤ᠂ ᠤᠯᠠᠨ ᠢᠶᠠᠷ ᠢᠶᠠᠨ ᠦᠢᠯᠡᠰ | ᠴᠣᠭᠴᠠᠯᠠᠵᠤ ᠰᠢᠨ᠎ᠡ ᠶᠢ ᠡᠭᠦᠳᠬᠦ ᠤᠷᠤᠨ ᠵᠠᠢ ᠶᠢ 150 ᠪᠠᠶᠢᠭᠤᠯᠬᠤ ᠪᠠᠷ ᠠᠬᠢᠭᠤᠯᠬᠤ ᠬᠡᠷᠡᠭᠲᠡᠢ᠃ | ᠪᠠᠷᠢᠮᠵᠢᠶᠠᠵᠢᠬᠰᠠᠨ ᠭᠤᠷᠪᠠᠨ ᠵᠢᠯ ᠤᠨ ᠳᠡᠪᠰᠢᠭᠦᠯᠬᠦ ᠳᠥᠯᠥᠪᠯᠡᠭᠡ ᠶᠢ ᠬᠡᠷᠡᠭᠵᠢᠭᠦᠯᠵᠦ᠂ ᠦᠢᠯᠡᠳᠬᠦᠨ᠂ ᠢᠨᠵᠧᠨᠧᠷᠢᠩ | ᠪᠠ ᠦᠢᠯᠡᠴᠢᠯᠡᠭᠡᠨ ᠤ ᠶᠠᠰᠤ ᠴᠢᠨᠠᠷ ᠢ ᠪᠦᠬᠦ ᠳᠠᠯ᠎ᠠ ᠪᠠᠷ ᠳᠡᠪᠰᠢᠭᠦᠯᠬᠦ ᠬᠡᠷᠡᠭᠲᠡᠢ᠃ | ᠴᠡᠷᠢᠭ ᠪᠠ ᠠᠷᠠᠳ ᠤᠨ ᠬᠡᠷᠡᠭᠯᠡᠭᠡ ᠶᠢᠨ ᠠᠭᠤᠰᠤᠯᠴᠠᠨ ᠬᠦᠭᠵᠢᠬᠦ ᠪᠠᠶᠢᠯᠳᠤᠬᠤ ᠪᠤᠳᠤᠯᠭ᠎ᠠ ᠶᠢ ᠭᠦᠨᠵᠡᠭᠡᠢ | ᠬᠡᠷᠡᠭᠵᠢᠭᠦᠯᠦᠨ᠎ᠡ᠃ ᠴᠡᠷᠢᠭ ᠤᠨ ᠠᠵᠤ ᠦᠢᠯᠡᠳᠪᠥᠷᠢ ᠶᠢᠨ ᠮᠡᠷᠭᠡᠵᠢᠯ ᠪᠠ ᠦᠢᠯᠡᠳᠬᠦᠨ ᠢ ᠠᠷᠠᠳ ᠤᠨ ᠬᠡᠷᠡᠭᠯᠡᠭᠡ | ᠪᠣᠯᠭᠠᠬᠤ᠂ ᠠᠷᠠᠳ ᠤᠨ ᠬᠡᠷᠡᠭᠯᠡᠭᠡᠨ ᠤ ᠮᠡᠷᠭᠡᠵᠢᠯ ᠪᠠ ᠦᠢᠯᠡᠳᠬᠦᠨ ᠢ ᠴᠡᠷᠢᠭ ᠤᠨ ᠶᠠᠪᠤᠳᠠᠯ ᠤᠨ ᠬᠦᠷᠢᠶᠡᠨ ᠳᠤ | ᠣᠷᠤᠭᠤᠯᠬᠤ ᠶᠢ ᠠᠬᠢᠭᠤᠯᠵᠤ᠂ ᠴᠡᠷᠢᠭ ᠪᠠ ᠠᠷᠠᠳ ᠤᠨ ᠬᠤᠶᠠᠷ ᠲᠠᠯ᠎ᠠ ᠪᠠᠷ ᠬᠡᠷᠡᠭᠯᠡᠬᠦ ᠮᠡᠷᠭᠡᠵᠢᠯ ᠢ ᠠᠵᠤ | ᠦᠢᠯᠡᠰᠵᠢᠭᠦᠯᠬᠦ ᠶᠢ ᠳᠥᠷᠭᠡᠳᠭᠡᠵᠦ᠂ ᠴᠡᠷᠢᠭ ᠠᠩᠭᠢ ᠶᠢᠨ ᠠᠷᠤ ᠳᠠᠯ᠎ᠠ ᠶᠢᠨ ᠪᠠᠳᠤᠯᠠᠭ᠎ᠠ ᠶᠢᠨ ᠠᠵᠢᠯ ᠤᠨ | ᠨᠡᠶᠢᠭᠡᠮᠴᠢᠯᠡᠬᠦ ᠶᠢ ᠠᠬᠢᠭᠤᠯᠵᠤ᠂ ᠪᠤᠭᠤᠳᠤ ᠶᠢᠨ ᠤᠯᠤᠰ ᠤᠨ ᠳᠡᠰ ᠤᠨ ᠴᠡᠷᠢᠭ ᠪᠠ ᠠᠷᠠᠳ ᠤᠨ ᠬᠡᠷᠡᠭᠯᠡᠭᠡ ᠶᠢᠨ | ᠠᠭᠤᠰᠤᠯᠴᠠᠨ ᠰᠢᠨ᠎ᠡ ᠶᠢ ᠡᠭᠦᠳᠥᠨ ᠵᠢᠱᠢᠶ᠎ᠡ ᠦᠵᠡᠭᠦᠯᠬᠦ ᠳᠤᠭᠤᠷᠢᠭ ᠢ ᠡᠭᠦᠳᠥᠨ ᠪᠠᠶᠢᠭᠤᠯᠬᠤ ᠬᠡᠷᠡᠭᠡᠲᠡᠢ᠃ | ᠳᠥᠷᠪᠡ᠂ ᠬᠥᠳᠡᠭᠡ ᠳᠤᠰᠬᠤᠨ ᠢ ᠭᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ | ᠨᠠᠶᠢᠳᠠᠪᠤᠷᠢᠵᠢᠭᠤᠯᠵᠤ᠂ ︽ᠮᠠᠯᠵᠢᠬᠤ ᠳᠠᠷᠢᠶᠠᠯᠠᠬᠤ ᠤᠷᠤᠨ᠂ ᠮᠠᠯ ᠲᠠᠷᠢᠶᠠᠯᠠᠩ᠂ ᠮᠠᠯᠴᠢᠨ ᠳᠠᠷᠢᠶᠠᠴᠢᠨ︾ ᠤ | ᠠᠰᠠᠭᠤᠳᠠᠯ ᠢ ᠬᠦᠴᠦᠯᠡᠨ ᠰᠠᠶᠢᠳᠤᠷ ᠰᠢᠢᠳᠪᠦᠷᠢᠯᠡᠨ᠎ᠡ | ᠠᠵᠤ ᠦᠢᠯᠡᠰ ᠨᠢ ᠬᠦᠭᠵᠢᠨ ᠮᠠᠨᠳᠤᠭᠰᠠᠨ᠂ ᠠᠮᠢ ᠠᠬᠤᠢ ᠨᠢ ᠤᠷᠤᠰᠢᠨ ᠰᠠᠭᠤᠷᠢᠰᠢᠬᠤ ᠳᠤ ᠳᠤᠬᠢᠷᠠᠮᠵᠢᠳᠠᠢ᠂ | ᠬᠥᠳᠡᠭᠡ ᠶᠢᠨ ᠰᠤᠷᠳᠠᠯ ᠨᠢ ᠪᠤᠯᠪᠠᠰᠤᠨ᠂ ᠵᠠᠰᠠᠯᠳᠠ ᠨᠢ ᠪᠥᠳᠥᠮᠵᠢᠳᠡᠢ᠂ ᠠᠮᠢᠳᠤᠷᠠᠯ ᠨᠢ ᠪᠠᠶᠠᠨ ᠴᠢᠨᠡᠭᠡᠯᠢᠭ ᠪᠠᠶᠢᠬᠤ | ᠶᠡᠷᠥᠩᠭᠡᠢ ᠱᠠᠭᠠᠷᠳᠠᠯᠭ᠎ᠠ ᠶᠤᠰᠤᠭᠠᠷ᠂ ᠬᠥᠳᠡᠭᠡ ᠳᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠤᠳᠤᠯᠭ᠎ᠠ ᠶᠢᠨ ᠳᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠳᠤᠭᠳᠠᠭᠠᠵᠤ᠂ ᠮᠠᠯ ᠳᠠᠷᠢᠶᠠᠯᠠᠩ ᠮᠠᠯᠵᠢᠬᠤ | ᠳᠠᠷᠢᠶᠠᠯᠠᠬᠤ ᠤᠷᠤᠨ ᠤ ᠤᠳᠤᠬᠢᠴᠢᠯᠠᠯᠳᠠ ᠶᠢ ᠳᠥᠷᠭᠡᠳᠭᠡᠨ ᠠᠬᠢᠭᠤᠯᠬᠤ ᠬᠡᠷᠡᠭᠲᠡᠢ᠃ | ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠯ ᠳᠤᠭᠳᠠᠴᠠ ᠶᠢ ᠪᠥᠷᠢᠨᠰᠢᠭᠦᠯᠦᠨ᠎ᠡ᠃ | ᠬᠥᠴᠥᠨ ᠵᠦᠢᠯ ᠢ ᠬᠥᠳᠡᠭᠡ ᠪᠠᠭᠤᠯᠭᠠᠬᠤ ᠲᠠᠯ᠎ᠠ ᠪᠠᠷ ᠬᠢ ᠡᠯ᠎ᠡ ᠵᠦᠢᠯ ᠤᠨ ᠬᠠᠷᠰᠢ ᠰᠠᠭᠠᠳ ᠢ ᠠᠷᠢᠯᠭᠠᠵᠤ᠂ | ᠬᠥᠷᠥᠩᠭᠡ᠂ ᠮᠡᠷᠭᠡᠵᠢᠯ᠂ ᠴᠢᠳᠠᠪᠤᠷᠢᠳᠠᠨ ᠵᠡᠷᠭᠡ ᠬᠥᠴᠥᠨ ᠵᠦᠢᠯ ᠤᠳ ᠢ ᠲᠠᠲᠠᠵᠤ ᠮᠠᠯᠵᠢᠬᠤ ᠳᠠᠷᠢᠶᠠᠯᠠᠬᠤ ᠤᠷᠤᠨ | ᠥᠭᠡᠳᠡ ᠢᠯᠡᠭᠦᠦ ᠰᠢᠯᠵᠢᠭᠦᠯᠬᠦ ᠬᠡᠷᠡᠭᠲᠡᠢ᠃ ᠨᠢᠭᠡ ᠳᠤ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠤᠢ ᠶᠢᠨ | ᠳᠥᠷᠢᠮ ᠤᠨ ᠥᠭᠡᠷᠡᠴᠢᠯᠡᠯᠳᠡ ᠶᠢ ᠭᠦᠨᠵᠡᠭᠡᠶᠢᠷᠡᠭᠦᠯᠦᠨ᠎ᠡ᠃ ᠮᠠᠯᠵᠢᠬᠤ ᠳᠠᠷᠢᠶᠠᠯᠠᠬᠤ ᠤᠷᠤᠨ ᠤ ᠭᠠᠵᠠᠷ ᠰᠢᠷᠤᠢ | ᠨᠤᠲᠤᠭ ᠪᠡᠯᠴᠢᠭᠡᠷ ᠤᠨ ︽ᠭᠤᠷᠪᠠᠨ ᠡᠷᠬᠡ ᠶᠢ ᠰᠠᠯᠭᠠᠨ ᠲᠣᠬᠢᠷᠠᠭᠤᠯᠬᠤ︾ ᠳᠥᠷᠥ ᠶᠢᠨ ᠪᠤᠳᠤᠯᠭ᠎ᠠ ᠪᠠ | ᠬᠤᠶᠠᠳᠤᠭᠠᠷ ᠡᠭᠡᠯᠵᠢ ᠶᠢᠨ ᠭᠠᠵᠠᠷ ᠰᠢᠷᠤᠢ ᠶᠢᠨ ᠳᠠᠭᠠᠭᠠᠴᠢᠯᠠᠯᠳᠠ ᠶᠢᠨ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ | ᠳᠠᠬᠢᠭᠠᠳ ᠭᠤᠴᠢᠨ ᠵᠢᠯ ᠤᠷᠳᠤᠳᠬᠠᠬᠤ ᠳᠥᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠭᠠᠵᠠᠷ ᠰᠢᠷᠤᠢ ᠶᠢᠨ | ᠡᠷᠬᠡ ᠶᠢ ᠳᠤᠭᠳᠠᠭᠠᠨ ᠳᠠᠩᠰᠠᠯᠠᠵᠤ ᠦᠨᠡᠮᠯᠡᠯ ᠤᠯᠭᠤᠬᠤ ᠠᠵᠢᠯ ᠢ ᠦᠨᠳᠦᠰᠦᠨ ᠳᠤᠨᠢ ᠪᠡᠶᠡᠯᠡᠭᠦᠯᠬᠦ ᠬᠡᠷᠡᠭᠲᠡᠢ᠃ | ᠬᠤᠶᠠᠷ ᠲᠤ ᠮᠠᠯᠵᠢᠬᠤ ᠲᠠᠷᠢᠶᠠᠯᠠᠬᠤ ᠣᠷᠣᠨ ᠤ ᠬᠠᠮᠳᠤ ᠶᠢᠨ ᠥᠮᠴᠢᠯᠡᠯ ᠤᠨ ᠡᠷᠬᠡ ᠶᠢᠨ ᠳᠥᠷᠢᠮ ᠤᠨ | ᠥᠭᠡᠷᠡᠴᠢᠯᠡᠯᠳᠡ ᠶᠢ ᠭᠦᠨᠵᠡᠭᠡᠶᠢᠷᠡᠭᠦᠯᠦᠨ᠎ᠡ᠃ ᠮᠠᠯᠵᠢᠬᠤ ᠳᠠᠷᠢᠶᠠᠯᠠᠬᠤ ᠤᠷᠤᠨ ᠤ ᠬᠠᠮᠳᠤ ᠶᠢᠨ ᠥᠮᠴᠢᠯᠡᠯ ᠤᠨ | ᠡᠷᠬᠡ ᠶᠢᠨ ᠳᠥᠷᠢᠮ ᠤᠨ ᠥᠭᠡᠷᠡᠴᠢᠯᠡᠯᠳᠡ ᠶᠢᠨ ᠬᠡᠷᠡᠭᠵᠢᠭᠦᠯᠬᠦ ᠰᠠᠨᠠᠯ ᠢ ᠳᠤᠭᠳᠠᠭᠠᠵᠤ᠂ ᠬᠥᠳᠡᠭᠡ ᠳᠤᠰᠬᠤᠨ ᠤ | ᠭᠠᠵᠠᠷ ᠰᠢᠷᠤᠢ ᠶᠢ ᠳᠠᠳᠠᠪᠤᠷᠢᠯᠠᠬᠤ᠂ ᠬᠠᠮᠳᠤ ᠶᠢᠨ ᠪᠥᠳᠥᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠵᠠᠬ᠎ᠠ | ᠳᠡᠯᠭᠡᠭᠦᠷ ᠲᠤ ᠤᠷᠤᠭᠤᠯᠬᠤ᠂ ᠬᠥᠳᠡᠭᠡ ᠳᠤᠰᠬᠤᠨ ᠤ ᠭᠡᠷ ᠪᠠᠷᠢᠬᠤ ᠰᠠᠭᠤᠷᠢ ᠭᠠᠵᠠᠷ᠂ ᠮᠠᠯᠵᠢᠬᠤ ᠳᠠᠷᠢᠶᠠᠯᠠᠬᠤ | ᠤᠷᠤᠨ ᠤ ᠭᠠᠵᠠᠷ ᠰᠢᠷᠤᠢ ︵ᠬᠠᠳᠤᠯᠠᠩ ᠪᠡᠯᠴᠢᠭᠡᠷ︶ ᠶᠢᠨ ᠪᠠᠷᠢᠴᠠᠭᠠᠲᠤ ᠵᠢᠭᠡᠯᠡᠯᠭᠡ ᠵᠡᠷᠭᠡ ᠥᠭᠡᠷᠡᠴᠢᠯᠡᠯᠳᠡ ᠶᠢᠨ | ᠳᠤᠷᠰᠢᠯᠳᠠ ᠶᠢᠨ ᠠᠵᠢᠯ ᠢ ᠠᠬᠢᠭᠤᠯᠬᠤ ᠬᠡᠷᠡᠭᠲᠡᠢ᠃ ᠭᠤᠷᠪᠠ ᠳᠤ ᠳᠠᠷᠢᠶᠠᠯᠠᠩ ᠮᠠᠯ ᠠᠵᠤ ᠠᠬᠤᠢ ᠶᠢ ᠳᠡᠮᠵᠢᠵᠤ | ᠬᠠᠮᠠᠭᠠᠯᠠᠬᠤ ᠳᠥᠷᠥ ᠶᠢᠨ ᠪᠤᠳᠤᠯᠭ᠎ᠠ ᠶᠢ ᠳᠡᠭᠦᠯᠳᠡᠷᠵᠢᠭᠦᠯᠦᠨ᠎ᠡ᠃ ᠠᠮᠤ ᠪᠤᠳᠠᠭ᠎ᠠ ᠶᠢ ᠬᠤᠷᠢᠶᠠᠨ ᠨᠥᠬᠡᠴᠡᠯᠡᠬᠦ | ᠳᠥᠷᠢᠮ ᠤᠨ ᠥᠭᠡᠷᠡᠴᠢᠯᠡᠯᠳᠡ ᠶᠢ ᠭᠦᠨᠵᠡᠭᠡᠶᠢᠷᠡᠭᠦᠯᠵᠦ᠂ ᠳᠠᠷᠢᠶᠠᠯᠠᠩ ᠮᠠᠯ ᠠᠵᠤ ᠠᠬᠤᠢ ᠶᠢᠨ ᠡᠯ᠎ᠡ ᠵᠦᠢᠯ ᠤᠨ | ᠨᠥᠭᠦᠪᠥᠷᠢ ᠶᠢᠨ ᠳᠥᠷᠥ ᠶᠢᠨ ᠪᠤᠳᠤᠯᠭ᠎ᠠ ᠶᠢ ᠲᠡᠭᠦᠯᠳᠡᠷᠵᠢᠭᠦᠯᠬᠦ ᠬᠡᠷᠡᠭᠲᠡᠢ᠃ ᠢᠳᠡᠪᠬᠢᠳᠡᠢ ᠪᠦᠭᠡᠳ ᠪᠦᠲᠦᠮᠵᠢᠲᠠᠢ | ᠴᠢᠳᠠᠪᠤᠷᠢᠳᠠᠨ ᠤ ᠳᠥᠷᠥ ᠶᠢᠨ ᠪᠤᠳᠤᠯᠭ᠎ᠠ ᠶᠢ ᠬᠡᠷᠡᠭᠵᠢᠭᠦᠯᠵᠦ᠂ ᠳᠠᠷᠢᠶᠠᠯᠠᠩ ᠮᠠᠯ ᠠᠵᠤ ᠠᠬᠤᠢ ᠶᠢ ᠤᠶᠢᠯᠠᠭᠠᠳᠠᠭ᠂ | ᠬᠦᠳᠡᠭᠡ ᠲᠤᠰᠬᠤᠨ ᠳᠤ ᠬᠠᠶᠢᠷᠠᠳᠠᠢ᠂ ᠮᠠᠯᠴᠢᠨ ᠳᠠᠷᠢᠶᠠᠴᠢᠨ ᠳᠤ ᠬᠠᠶᠢᠷᠠᠳᠠᠢ ᠪᠠᠶᠢᠳᠠᠭ ᠨᠢᠭᠡᠨ ᠰᠠᠯᠠᠭ᠎ᠠ ︽ᠮᠠᠯᠵᠢᠬᠤ | ᠳᠠᠷᠢᠶᠠᠯᠠᠬᠤ ᠤᠷᠤᠨ ᠮᠠᠯ ᠲᠠᠷᠢᠶᠠᠯᠠᠩ ᠮᠠᠯᠴᠢᠨ ᠳᠠᠷᠢᠶᠠᠴᠢᠨ︾ ᠤ ᠠᠵᠢᠯᠳᠠᠨ ᠤ ᠡᠩᠨᠡᠭᠡ ᠶᠢ ᠬᠥᠮᠥᠵᠢᠭᠦᠯᠵᠤ | ᠭᠠᠷᠭᠠᠬᠤ ᠬᠡᠷᠡᠭᠲᠡᠢ᠃ | ᠳᠠᠷᠢᠶᠠᠯᠠᠩ ᠮᠠᠯ ᠠᠵᠤ ᠠᠬᠤᠢ ᠶᠢᠨ ᠬᠠᠨᠭ᠍ᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ | ᠥᠭᠡᠷᠡᠴᠢᠯᠡᠯᠳᠡ ᠶᠢ ᠠᠬᠢᠭᠤᠯᠤᠨ᠎ᠠ᠃ ᠶᠠᠰᠤ ᠴᠢᠨᠠᠷ ᠢᠶᠠᠷ ᠳᠠᠷᠢᠶᠠᠯᠠᠩ ᠮᠠᠯ ᠠᠵᠤ ᠠᠬᠤᠢ ᠶᠢ ᠬᠥᠭᠵᠢᠭᠦᠯᠬᠦ ᠪᠠ | ᠪᠤᠬᠢᠷᠳᠤᠯ ᠦᠭᠡᠢ ᠪᠠᠷ ᠳᠠᠷᠢᠶᠠᠯᠠᠩ ᠮᠠᠯ ᠠᠵᠤ ᠠᠬᠤᠢ ᠶᠢ ᠬᠥᠭᠵᠢᠭᠦᠯᠬᠦ ᠶᠢ ᠪᠠᠷᠢᠮᠳᠠᠯᠠᠵᠤ᠂ ᠳᠠᠷᠢᠶᠠᠯᠠᠩ ᠮᠠᠯ ᠠᠵᠤ | ᠠᠬᠤᠢ ᠶᠢ ᠤᠨᠠᠯᠲᠠ ᠭᠠᠷᠤᠯᠳᠠ ᠪᠠᠷ ᠤᠳᠤᠷᠢᠳᠤᠮᠵᠢ ᠪᠣᠯᠭᠠᠵᠤ ᠪᠠᠶᠢᠭᠰᠠᠨ ᠠᠴᠠ ᠶᠠᠰᠤ ᠴᠢᠨᠠᠷ ᠦᠷ᠎ᠡ ᠠᠰᠢᠭ ᠢᠶᠠᠷ | ᠤᠳᠤᠷᠢᠳᠤᠮᠵᠢ ᠪᠣᠯᠭᠠᠬᠤ ᠳᠡᠰᠢ ᠰᠢᠯᠵᠢᠭᠦᠯᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠨ | ᠬᠠᠩᠭᠠᠬᠤ ᠬᠡᠷᠡᠭᠲᠡᠢ᠃ ᠨᠢᠭᠡ ᠳᠤ ᠠᠮᠤ ᠪᠤᠳᠠᠭᠠᠨ ᠤ ᠦᠢᠯᠡᠳᠪᠥᠷᠢᠯᠡᠯ ᠢ ᠲᠣᠭᠲᠠᠭᠤᠨ ᠪᠠᠶᠢᠯᠭᠠᠵᠤ᠂ ᠵᠠᠭᠤᠨ | ᠳ᠋ᠥᠡᠭᠰᠢᠭᠤᠷ ᠵᠢᠩ ᠠᠮᠤ ᠪᠤᠳᠠᠭᠠᠨ ᠤ ᠤᠨᠠᠯᠳᠠ ᠶᠢ ᠨᠡᠮᠡᠭᠳᠡᠭᠦᠯᠬᠦ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ | ᠳᠤᠮᠤ ᠳᠤᠮᠳᠠ ᠬᠡᠯᠪᠡᠷᠢ ᠶᠢᠨ ᠤᠰᠤᠯᠠᠯᠳᠠ ᠶᠢᠨ ᠤᠷᠤᠨ ᠤ ᠳᠠᠷᠢᠶᠠᠯᠠᠩ ᠤᠨ ᠤᠰᠤ ᠠᠷᠪᠢᠯᠠᠬᠤ ᠶᠡᠷᠥᠩᠭᠡᠶᠢᠯᠡᠭᠰᠡᠨ | ᠵᠢᠱᠢᠶ᠎ᠡ ᠦᠵᠡᠭᠦᠯᠬᠦ ᠠᠵᠢᠯ ᠢ ᠥᠷᠨᠢᠭᠦᠯᠵᠦ᠂ 500 ᠳᠥᠮᠡᠨ ᠮᠦ ᠶᠢᠨ ᠥᠨᠳᠥᠷ ᠪᠠᠷᠢᠮᠵᠢᠶᠠᠳᠤ ᠳᠠᠷᠢᠶᠠᠨ ᠭᠠᠵᠠᠷ ᠢ | ᠪᠥᠳᠥᠭᠡᠨ ᠪᠠᠶᠢᠭᠤᠯᠬᠤ ᠬᠡᠷᠡᠭᠲᠡᠢ᠃ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠮᠤᠭ ᠴᠢᠩᠭ᠎ᠠ ᠳᠥᠷᠢᠮ ᠢ | ᠨᠠᠶᠢᠳᠠᠪᠤᠷᠢᠵᠢᠭᠤᠯᠵᠤ᠂ ᠠᠮᠤ ᠪᠤᠳᠠᠭ᠎ᠠ ᠳᠠᠷᠢᠬᠤ ᠳᠠᠯᠠᠪᠠᠢ ᠪᠠ ᠶᠡᠷᠥᠩᠭᠡᠶᠢᠯᠡᠭᠰᠡᠨ ᠦᠢᠯᠡᠳᠪᠥᠷᠢᠯᠡᠯ ᠤᠨ ᠴᠢᠳᠠᠪᠤᠷᠢ ᠶᠢ | ᠲᠣᠭᠲᠠᠭᠤᠨ ᠪᠠᠶᠢᠯᠭᠠᠬᠤ ᠬᠡᠷᠡᠭᠲᠡᠢ᠃ ᠬᠤᠶᠠᠷ ᠲᠤ ᠳᠠᠷᠢᠮᠠᠯ ᠤᠨ ᠦᠢᠯᠡᠰ ᠤᠨ ᠪᠥᠳᠥᠴᠡ ᠶᠢ ᠰᠢᠯᠢᠳᠡᠭᠵᠢᠭᠦᠯᠵᠦ᠂ | ᠠᠮᠤ ᠪᠤᠳᠠᠭᠠᠨ ᠤ ᠦᠢᠯᠡᠳᠪᠥᠷᠢᠯᠡᠯ ᠤᠨ ᠴᠢᠳᠠᠮᠵᠢᠳᠤ ᠣᠷᠣᠨ ᠪᠠ ᠴᠢᠬᠤᠯᠠ ᠪᠦᠬᠦᠢ ᠳᠠᠷᠢᠶᠠᠯᠠᠩ ᠤᠨ | ᠪᠥᠳᠥᠭᠡᠭᠳᠡᠭᠦᠨ ᠤ ᠦᠢᠯᠡᠳᠪᠦᠷᠢᠯᠡᠵᠦ ᠬᠠᠮᠠᠭᠠᠯᠠᠬᠤ ᠣᠷᠣᠨ ᠢ ᠬᠤᠪᠢᠶᠠᠷᠢᠯᠠᠨ ᠳᠤᠭᠳᠠᠭᠠᠬᠤ ᠠᠵᠢᠯ ᠢ ᠡᠬᠢᠯᠡᠭᠦᠯᠵᠦ᠂ | ᠲᠠᠷᠢᠶᠠᠯᠠᠬᠤ ᠭᠠᠵᠠᠷ ᠤᠨ ᠡᠭᠡᠯᠵᠢᠯᠡᠨ ᠳᠠᠷᠢᠬᠤ ᠪᠠ ᠥᠨᠵᠢᠭᠦᠯᠵᠦ ᠳᠠᠷᠢᠬᠤ ᠳᠥᠷᠢᠮ ᠤᠨ ᠳᠤᠷᠰᠢᠯᠳᠠ ᠶᠢ | ᠥᠷᠭᠡᠳᠭᠡᠵᠦ᠂ ᠠᠮᠤ ᠪᠤᠳᠠᠭᠠᠨ ᠤ ᠨᠦᠬᠡᠴᠡᠯᠡᠵᠦ ᠬᠠᠳᠠᠭᠠᠯᠠᠬᠤ ᠶᠢ ᠪᠠᠭᠠᠰᠬᠠᠬᠤ ᠡᠷᠴᠢᠮ ᠢ ᠴᠢᠩᠭᠠᠷᠠᠭᠤᠯᠵᠤ᠂ | ᠪᠤᠷᠤᠳᠤᠬᠤᠢ ᠶᠢᠨ ᠭᠠᠵᠠᠷ ᠤᠷᠤᠨ ᠳᠤ ︽ᠬᠤᠵᠢᠷᠯᠢᠬ ᠭᠠᠵᠠᠷ ᠢ ᠰᠠᠶᠢᠵᠢᠷᠠᠭᠤᠯᠤᠨ ᠡᠪᠡᠰᠦ ᠪᠤᠷᠳᠤᠭ᠎ᠠ ᠶᠢ | ᠨᠡᠮᠡᠭᠳᠡᠭᠦᠯᠦᠨ ᠮᠠᠯ ᠠᠵᠤ ᠠᠬᠤᠢ ᠶᠢ ᠬᠥᠭᠵᠢᠭᠦᠯᠬᠦ︾ ᠳᠤᠷᠰᠢᠯᠳᠠ ᠶᠢᠨ ᠢᠨᠵᠧᠨᠧᠷᠢᠩ ᠢ ᠬᠡᠷᠡᠭᠵᠢᠭᠦᠯᠬᠦ ᠬᠡᠷᠡᠭᠲᠡᠢ᠃ | ᠭᠤᠷᠪᠠ ᠳᠤ ᠤᠳᠤ ᠦᠶ᠎ᠡ ᠶᠢᠨ ᠮᠠᠯ ᠠᠵᠤ ᠠᠬᠤᠢ ᠶᠢ ᠬᠥᠭᠵᠢᠭᠦᠯᠵᠦ᠂ ᠮᠠᠯ ᠠᠵᠤ ᠠᠬᠤᠢ ᠶᠢᠨ ᠪᠠᠷᠢᠮᠵᠢᠶᠠᠵᠢᠬᠰᠠᠨ | ᠬᠡᠪᠴᠢᠶᠡᠳᠥ ᠳᠡᠵᠢᠭᠡᠪᠥᠷᠢ ᠶᠢ ᠪᠦᠬᠦ ᠳᠠᠯ᠎ᠠ ᠪᠠᠷ ᠠᠬᠢᠭᠤᠯᠵᠤ᠂ ᠢᠳᠡᠰᠢᠨ ᠤ ᠬᠤᠨᠢ ᠦᠭᠡᠷ ᠤᠨ ᠪᠠᠷᠢᠮᠵᠢᠶᠠᠵᠢᠬᠰᠠᠨ | ᠬᠡᠪᠴᠢᠶᠡᠳᠥ ᠳᠡᠵᠢᠭᠡᠪᠥᠷᠢ ᠶᠢᠨ ᠳᠠᠯᠠᠪᠠᠢ ᠶᠢ 200 ᠠᠴᠠ ᠳᠡᠭᠡᠭᠰᠢ ᠳᠡᠳᠭᠦᠨ ᠪᠠᠶᠢᠭᠤᠯᠵᠤ᠂ ᠳᠠᠷᠢᠵᠤ ᠳᠡᠵᠢᠭᠡᠬᠦ ᠶᠢ | ᠤᠷᠴᠢᠯᠳᠤᠭᠤᠯᠤᠨ ᠨᠢᠭᠡ ᠴᠤᠭᠴᠠᠵᠢᠭᠤᠯᠬᠤ ᠶᠢ ᠪᠦᠬᠦᠯᠢ ᠰᠢᠶᠠᠨ ᠢᠶᠠᠷ ᠠᠬᠢᠭᠤᠯᠬᠤ ᠳᠤᠷᠰᠢᠯᠳᠠ ᠶᠢᠨ ᠳᠥᠷᠥᠯ | ᠵᠦᠢᠯ ᠢ ᠬᠡᠷᠡᠭᠵᠢᠭᠦᠯᠬᠦ ᠬᠡᠷᠡᠭᠲᠡᠢ᠃ ᠳᠥᠷᠪᠡ ᠳᠤ ᠮᠠᠯ ᠳᠠᠷᠢᠶᠠᠯᠠᠩ ᠤᠨ ᠠᠰᠢᠭ ᠰᠢᠮ᠎ᠡ ᠶᠢᠨ ᠪᠥᠳᠥᠭᠡᠭᠳᠡᠭᠦᠨ ᠢ | ᠨᠡᠷᠡᠲᠦ ᠲᠦᠷᠦᠯ ᠲᠡᠮᠳᠡᠭᠵᠢᠭᠦᠯᠬᠦ ᠪᠠᠶᠢᠭᠤᠯᠤᠯᠳᠠ ᠶᠢ ᠳᠥᠷᠭᠡᠳᠭᠡᠨᠡ᠃ ᠪᠤᠬᠢᠷᠳᠤᠯ ᠦᠭᠡᠢ᠂ ᠤᠷᠭᠠᠨᠢᠭ᠂ ᠣᠯᠠᠨ | ᠨᠡᠶᠢᠳᠡ ᠳᠤ ᠬᠤᠣᠷᠳᠠᠭᠳᠠᠯ ᠦᠭᠡᠢ ᠠᠵᠤ ᠦᠢᠯᠡᠰ ᠤᠨ ᠬᠥᠭᠵᠢᠯᠳᠡ ᠶᠢᠨ ᠪᠠᠷᠢᠮᠵᠢᠶ᠎ᠠ ᠶᠢᠨ ᠰᠢᠰᠲ᠋ᠧᠮᠵᠢ ᠶᠢ | ᠪᠠᠶᠢᠭᠤᠯᠵᠤ᠂ ᠨᠢᠭᠡ ᠪᠥᠯᠥᠭ ᠭᠠᠵᠠᠷ ᠵᠦᠢ ᠶᠢᠨ ᠲᠡᠮᠳᠡᠭ ᠲᠠᠢ ᠬᠠᠮᠠᠭᠠᠯᠠᠬᠤ ᠪᠦᠲᠦᠭᠡᠭᠳᠡᠬᠦᠨ ᠪᠠ | ᠳᠠᠩᠰᠠᠯᠠᠭᠤᠯᠤᠭᠰᠠᠨ ᠳᠠᠸᠠᠷ ᠤᠨ ᠳᠡᠮᠳᠡᠭ ᠢ ᠪᠤᠶᠢᠵᠢᠭᠤᠯᠬᠤ ᠬᠡᠷᠡᠭᠲᠡᠢ᠃ | ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠨᠢᠭᠡ ᠳᠤ ᠮᠠᠯᠵᠢᠬᠤ ᠳᠠᠷᠢᠶᠠᠯᠠᠬᠤ | ᠤᠷᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠳᠤᠷᠰᠢᠯᠳᠠ ᠶᠢ | ᠦᠷᠭᠦᠯᠵᠢᠯᠡᠨ ᠠᠬᠢᠭᠤᠯᠵᠤ᠂ ︽ᠢᠨᠲ᠋ᠧᠷ ᠰᠥᠯᠵᠢᠶ᠎ᠡ + ᠣᠳᠣ ᠦᠶ᠎ᠡ ᠶᠢᠨ ᠳᠠᠷᠢᠶᠠᠯᠠᠩ︾ ︽ᠢᠨᠲ᠋ᠧᠷ | ᠰᠥᠯᠵᠢᠶ᠎ᠡ + ᠣᠳᠣ ᠦᠶ᠎ᠡ ᠶᠢᠨ ᠮᠠᠯ ᠠᠵᠤ ᠠᠬᠤᠢ︾ ᠶᠢ ᠶᠡᠭᠡ ᠪᠠᠷ ᠠᠬᠢᠭᠤᠯᠵᠤ᠂ ᠬᠥᠳᠡᠭᠡ ᠳᠤᠰᠬᠤᠨ ᠤ ᠠᠵᠤ | ᠦᠢᠯᠡᠰ ᠢ ᠠᠭᠤᠰᠤᠯᠴᠠᠭᠤᠯᠤᠨ ᠬᠦᠭᠵᠢᠭᠦᠯᠬᠦ ᠤᠯᠤᠰ ᠤᠨ ᠵᠢᠱᠢᠶ᠎ᠡ ᠦᠵᠡᠭᠦᠯᠬᠦ ᠬᠥᠷᠢᠶᠡᠯᠡᠩ ᠢ ᠡᠭᠦᠳᠥᠨ | ᠪᠠᠶᠢᠭᠤᠯᠵᠤ᠂ ᠨᠢᠭᠡ ᠪᠥᠯᠥᠭ ᠬᠥᠳᠡᠭᠡ ᠨᠤᠲᠤᠭ ᠤᠨ ᠶᠡᠷᠥᠩᠭᠡᠶᠢᠯᠡᠭᠰᠡᠨ ᠴᠤᠭᠴᠠ ᠶᠢ ᠪᠤᠢ ᠪᠣᠯᠭᠠᠬᠤ ᠬᠡᠷᠡᠭᠲᠡᠢ᠃ | ᠬᠤᠶᠠᠷ ᠲᠤ ᠠᠰᠢᠭ ᠳᠤᠰᠠ ᠶᠢᠨ ᠬᠤᠯᠪᠤᠭᠠᠯᠠᠯ ᠤᠨ ᠳᠤᠭᠳᠠᠴᠠ ᠶᠢ ᠳᠡᠭᠦᠯᠳᠡᠷᠵᠢᠭᠦᠯᠵᠦ᠂ ᠳᠠᠷᠢᠶᠠᠯᠠᠩ ᠮᠠᠯ ᠠᠵᠤ | ᠠᠬᠤᠢ ᠶᠢᠨ ᠠᠵᠤ ᠦᠢᠯᠡᠰᠵᠢᠭᠰᠡᠨ ᠬᠤᠯᠪᠤᠭᠠᠳᠤ ᠴᠤᠭᠴᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ | ᠠᠰᠢᠭ ᠳᠤᠰᠠ ᠶᠢᠨ ᠬᠤᠯᠪᠤᠭᠠᠯᠠᠯ ᠢᠶᠠᠷ ᠴᠢᠩᠭ᠎ᠠ᠂ ᠮᠠᠯᠴᠢᠨ ᠳᠠᠷᠢᠶᠠᠴᠢᠨ ᠢ ᠳᠠᠶᠢᠴᠢᠯᠠᠨ ᠤᠷᠤᠯᠭ᠎ᠠ ᠶᠢᠨ | ᠨᠡᠮᠡᠭᠳᠡᠯ ᠢᠶᠠᠷ ᠢᠯᠡᠭᠦᠦ᠂ ᠦᠨᠡᠨᠴᠢ ᠢᠳᠡᠭᠡᠮᠵᠢᠳᠡᠢ ᠪᠠᠷ ᠭᠡᠷ᠎ᠡ ᠪᠠᠨ ᠰᠠᠶᠢᠨ ᠭᠦᠢᠴᠡᠳᠭᠡᠳᠡᠭ ᠭᠤᠤᠯᠳᠠᠯᠭᠠᠳᠤ | ᠬᠦᠲᠦᠴᠢ ᠠᠵᠤ ᠠᠬᠤᠶᠢᠯᠠᠯ ᠤᠨ ᠬᠥᠭᠵᠢᠯᠳᠡ ᠶᠢ ᠳᠡᠮᠵᠢᠬᠦ ᠬᠡᠷᠡᠭᠲᠡᠢ᠃ ᠭᠤᠷᠪᠠ ᠳᠤ ᠰᠢᠨ᠎ᠡ ᠬᠡᠯᠪᠡᠷᠢ ᠶᠢᠨ | ᠳᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠳᠡ ᠶᠢᠨ ᠭᠤᠤᠯ ᠴᠤᠭᠴᠠ ᠶᠢ ᠪᠤᠶᠢᠵᠢᠭᠤᠯᠤᠨ᠎ᠠ᠃ ᠭᠡᠷ ᠪᠥᠯᠢ ᠶᠢᠨ | ᠮᠠᠯᠵᠢᠯ ᠳᠠᠷᠢᠶᠠᠯᠠᠩ ᠤᠨ ᠳᠠᠯᠠᠪᠠᠢ᠂ ᠳᠠᠷᠢᠵᠤ ᠳᠡᠵᠢᠭᠡᠬᠦ ᠳᠤᠮᠤ ᠡᠷᠥᠬᠡ᠂ ᠬᠤᠷᠰᠢᠶᠠᠯᠠᠯ᠂ ᠨᠡᠶᠢᠭᠡᠮᠴᠢᠯᠡᠭᠰᠡᠨ | ᠦᠢᠯᠡᠴᠢᠯᠡᠭᠡᠨ ᠤ ᠵᠤᠬᠢᠶᠠᠨ ᠪᠠᠶᠢᠭᠤᠯᠤᠯᠳᠠ᠂ ᠳᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠵᠡᠷᠭᠡ ᠰᠢᠨ᠎ᠡ | ᠭᠤᠤᠯ ᠴᠤᠭᠴᠠ ᠶᠢ ᠢᠳᠡᠪᠬᠢᠲᠡᠢ ᠬᠦᠮᠦᠵᠢᠭᠦᠯᠵᠦ᠂ ᠭᠠᠵᠠᠷ ᠰᠢᠷᠦᠢ ᠪᠠᠷ ᠬᠤᠪᠢ ᠤᠷᠤᠭᠤᠯᠬᠤ᠂ ᠭᠠᠵᠠᠷ | ᠰᠢᠷᠦᠢ ᠶᠢᠨ ᠬᠡᠷᠡᠭᠯᠡᠬᠦ ᠡᠷᠬᠡ ᠶᠢ ᠡᠷᠭᠢᠯᠳᠦᠭᠦᠯᠬᠦ᠂ ᠭᠠᠵᠠᠷ ᠰᠢᠷᠤᠢ ᠶᠢ ᠨᠠᠶᠢᠳᠠᠨ ᠬᠠᠮᠢᠶᠠᠷᠤᠭᠤᠯᠬᠤ ᠵᠡᠷᠭᠡ ᠤᠯᠠᠨ | ᠵᠦᠢᠯ ᠤᠨ ᠡᠵᠡᠩᠨᠡᠯᠳᠡ ᠶᠢᠨ ᠠᠷᠭ᠎ᠠ ᠮᠠᠶ᠋ᠢᠭ ᠶᠢ ᠠᠬᠢᠭᠤᠯᠵᠤ᠂ ᠤᠯᠠᠨ ᠵᠦᠢᠯ ᠤᠨ ᠬᠡᠯᠪᠡᠷᠢ ᠪᠦᠬᠦᠢ ᠳᠤᠬᠢᠷᠠᠮᠵᠢᠳᠠᠢ | ᠬᠡᠪᠴᠢᠶᠡᠳᠤ ᠡᠵᠡᠩᠨᠡᠯᠳᠡ ᠶᠢ ᠬᠦᠭᠵᠢᠭᠦᠯᠬᠦ ᠬᠡᠷᠡᠭᠲᠡᠢ᠃ | ᠣᠷᠣᠰᠢᠨ ᠰᠠᠭᠤᠷᠢᠰᠢᠬᠤ ᠳᠤ ᠲᠣᠬᠢᠷᠠᠮᠵᠢᠳᠡᠢ ᠦᠵᠡᠰᠭᠦᠯᠡᠩᠳᠣ ᠰᠠᠶᠢᠬᠠᠨ ᠭᠦᠳᠡᠭᠡ ᠲᠣᠰᠬᠤᠨ ᠢ ᠪᠦᠳᠣᠭᠡᠨ | ᠪᠠᠶᠢᠭᠤᠯᠣᠨᠡ᠃ ᠣᠯᠠᠮᠵᠢᠯᠠᠯᠳᠣ ᠠᠶᠢᠯ ᠲᠣᠰᠬᠤᠨ ᠤ ᠬᠠᠮᠠᠭᠠᠯᠠᠯᠳᠡ ᠶᠢ ᠴᠢᠩᠭᠠᠳᠬᠠᠵᠤ᠂ ᠤᠨᠴᠠᠯᠢᠭᠳᠣ ᠲᠣᠰᠬᠤᠨ | ᠪᠠᠯᠭᠠᠰᠣ ᠶᠢ ᠡᠭᠦᠳᠣᠨ ᠪᠠᠶᠢᠭᠤᠯᠬᠤ ᠶᠢ ᠬᠡᠷᠡᠭᠵᠢᠭᠦᠯᠬᠦ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ | ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠲᠦᠰᠣᠯ ᠢ | ᠲᠣᠭᠳᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠢ ᠨᠡᠶᠢᠳᠡᠮ ᠳᠤᠨᠢ ᠵᠠᠰᠠᠬᠤ ᠶᠢ ᠠᠬᠢᠭᠤᠯᠵᠤ᠂ | ᠮᠠᠯ ᠵᠢᠭᠦᠷᠳᠡᠨ ᠤ ᠰᠢᠬᠡᠭ ᠰᠠᠩᠭᠠᠰᠤ ᠶᠢ ᠡᠬᠢ ᠪᠠᠶᠠᠯᠢᠬᠵᠢᠭᠤᠯᠣᠨ ᠠᠰᠢᠭᠯᠠᠬᠤ ᠶᠢ ᠪᠦᠬᠦᠯᠢ ᠰᠢᠶᠠᠨ ᠢᠶᠠᠷ ᠠᠬᠢᠭᠤᠯᠬᠤ | ᠲᠣᠷᠰᠢᠯᠳᠡ ᠶᠢᠨ ᠲᠦᠷᠣᠯ ᠵᠦᠢᠯ ᠢ ᠬᠡᠷᠡᠭᠵᠢᠭᠦᠯᠵᠤ᠂ ᠮᠠᠯᠵᠢᠬᠤ ᠲᠠᠷᠢᠶᠠᠯᠠᠬᠤ ᠣᠷᠣᠨ ᠤ ᠡᠷᠣᠬᠡ ᠳᠤ ᠬᠡᠷᠡᠭᠯᠡᠭᠦ | ᠠᠷᠢᠭᠤᠨ ᠴᠡᠪᠡᠷ ᠤᠨ ᠵᠤᠷᠯᠣᠩ ᠢ ᠪᠠᠶᠢᠭᠤᠯᠬᠤ ᠪᠠ ᠦᠭᠡᠷᠡᠴᠢᠯᠠᠡ ᠰᠢᠨᠡᠳᠭᠡᠬᠦ ᠶᠢ ᠦᠷᠨᠢᠭᠦᠯᠬᠦ ᠬᠡᠷᠡᠭᠲᠡᠢ᠃ | ᠣᠣᠭᠤᠬᠤ ᠣᠰᠣᠨ ᠤ ᠠᠮᠤᠷ ᠲᠦᠪᠰᠢᠨ ᠢ ᠪᠠᠬᠢᠵᠢᠭᠦᠯᠣᠨ ᠲᠡᠭᠡᠭᠰᠢᠯᠡᠭᠦᠯᠭᠦ ᠢᠨᠵᠧᠨᠧᠷᠢᠩ ᠢ ᠦᠷᠭᠦᠯᠵᠢᠯᠡᠨ | ᠬᠡᠷᠡᠭᠵᠢᠭᠦᠯᠵᠤ᠂ ᠠᠰᠢᠭ ᠲᠤᠰᠠ ᠬᠦᠷᠲᠡᠬᠦ ᠮᠠᠯᠴᠢᠨ ᠲᠠᠷᠢᠶᠠᠴᠢᠨ ᠢ 40 ᠲᠦᠮᠨ ᠰᠢᠨ᠎ᠡ ᠪᠠᠷ ᠨᠡᠮᠡᠭᠳᠡᠭᠦᠯᠬᠦ ᠬᠡᠷᠡᠭᠲᠡᠢ᠃ | ᠠᠯᠣᠰ ᠪᠦᠢᠳᠡ ᠪᠦᠭᠯᠡᠭᠦᠦ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠦ ᠴᠠᠬᠢᠯᠭᠠᠨ ᠤ ᠲᠡᠰ ᠲᠡᠪᠰᠢᠭᠦᠯᠭᠦ | ᠢᠨᠵᠧᠨᠧᠷᠢᠩ ᠢ ᠲᠦᠷᠭᠡᠳᠭᠡᠨ ᠬᠡᠷᠡᠭᠵᠢᠭᠦᠯᠬᠦ ᠬᠡᠷᠡᠭᠲᠡᠢ᠃ | ᠲᠠᠪᠤ᠂ ᠤᠷᠤᠨ ᠵᠠᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠬᠤᠲᠠ ᠪᠠᠯᠭᠠᠰᠣ ᠶᠢᠨ ᠣᠷᠣᠨ | ᠪᠦᠰᠠ ᠶᠢᠨ ᠵᠣᠬᠢᠴᠠᠯᠳᠤᠨ ᠬᠦᠭᠵᠢᠬᠦ ᠶᠢ ᠬᠦᠴᠦᠯᠡᠨ ᠠᠬᠢᠭᠤᠯᠤᠨ᠎ᠠ | ᠣᠷᠣᠨ ᠪᠦᠰᠠ ᠶᠢᠨ ᠬᠦᠭᠵᠢᠯᠲᠡ ᠳᠤ ᠢᠯᠭᠠᠭ᠎ᠠ ᠭᠠᠷᠴᠤ ᠪᠠᠶᠢᠬᠤ ᠰᠢᠨ᠎ᠡ ᠬᠠᠨᠳᠤᠰᠢ ᠳᠤ ᠵᠤᠬᠢᠴᠠᠭᠤᠯᠤᠨ᠂ | ᠣᠷᠣᠨ ᠪᠦᠰᠠ ᠶᠢᠨ ᠬᠦᠭᠵᠢᠯᠲᠡ ᠶᠢᠨ ᠵᠤᠬᠢᠴᠠᠩᠭᠤᠢ ᠴᠢᠨᠠᠷ ᠢ ᠴᠢᠩᠭᠠᠷᠠᠭᠤᠯᠵᠦ᠂ ᠰᠢᠨ᠎ᠡ ᠬᠡᠯᠪᠡᠷᠢ ᠶᠢᠨ ᠬᠤᠲᠠ | ᠪᠠᠯᠭᠠᠰᠣᠴᠢᠯᠠᠯᠳᠡ ᠶᠢ ᠬᠡᠷᠡᠭᠵᠢᠭᠦᠯᠬᠦ ᠶᠢ ᠠᠬᠢᠭᠤᠯᠤᠨ᠂ ᠣᠷᠣᠨ ᠪᠦᠰᠠ ᠶᠢᠨ ᠰᠠᠶᠢᠨ ᠨᠦᠬᠦᠴᠡᠯᠳᠦᠯ ᠪᠦᠬᠦᠢ᠂ | ᠬᠤᠲᠠ ᠪᠠᠯᠭᠠᠰᠦ ᠶᠢᠨ ᠵᠣᠬᠢᠴᠠᠯᠳᠤᠨ ᠬᠦᠭᠵᠢᠬᠦ ᠰᠢᠨ᠎ᠡ ᠪᠠᠶᠢᠳᠠᠯ ᠢ ᠲᠦᠷᠭᠡᠳᠭᠡᠨ ᠪᠣᠢ ᠪᠣᠯᠭᠠᠬᠤ ᠬᠡᠷᠡᠭᠲᠡᠢ᠃ | ᠬᠦᠬᠡᠬᠤᠲᠠ ᠪᠤᠭᠤᠲᠦ ᠤᠷᠳᠤᠰ ᠤᠨ ᠵᠣᠬᠢᠴᠠᠯᠳᠤᠨ ᠬᠦᠭᠵᠢᠬᠦ ᠶᠢ ᠠᠬᠢᠭᠤᠯᠤᠨ᠎ᠠ᠃ ᠰᠠᠭᠤᠷᠢ | ᠪᠡᠯᠡᠳᠭᠡᠮᠵᠢ ᠶᠢᠨ ᠬᠤᠯᠪᠤᠯᠴᠠᠨ ᠨᠡᠪᠲᠡᠷᠡᠯᠴᠡᠬᠦ ᠶᠢ ᠴᠢᠩᠭᠠᠳᠬᠠᠵᠦ᠂ ᠠᠵᠦ ᠦᠢᠯᠡᠰ ᠤᠨ ᠵᠣᠬᠢᠴᠠᠯᠳᠤᠨ ᠬᠦᠭᠵᠢᠬᠦ ᠶᠢ | ᠠᠬᠢᠭᠤᠯᠵᠦ᠂ ᠠᠮᠢ ᠠᠬᠤᠢ ᠶᠢᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠶᠢ ᠠᠬᠢᠭᠤᠯᠬᠤ ᠬᠡᠷᠡᠭᠲᠡᠢ᠃ | ᠥᠪᠤᠷ ᠮᠤᠩᠭᠤᠯ ᠤᠨ ᠪᠠᠷᠠᠭᠤᠨ ᠬᠡᠰᠡᠭ ︵ᠪᠤᠭᠤᠲᠦ — ᠤᠷᠳᠤᠰ︶ ᠤᠨ ᠠᠵᠦ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠲᠡᠰ ᠳᠡᠪᠰᠢᠭᠦᠯᠵᠦ ᠵᠢᠱᠢᠶ᠎ᠡ ᠦᠵᠡᠭᠦᠯᠬᠦ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠂ ᠬᠦᠬᠡᠬᠤᠲᠠ ᠪᠤᠭᠤᠲᠦ ᠤᠷᠳᠤᠰ ᠤᠨ ᠵᠢᠭᠤᠯᠴᠢᠯᠠᠯ ᠢ ᠵᠣᠬᠢᠴᠠᠯᠳᠤᠭᠤᠯᠤᠨ ᠬᠦᠭᠵᠢᠭᠦᠯᠬᠦ | ᠬᠤᠯᠪᠤᠭ᠎ᠠ ᠶᠢ ᠡᠭᠦᠳᠦᠨ ᠪᠠᠶᠢᠭᠤᠯᠵᠦ᠂ ᠤᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ ᠣᠷᠣᠨ ᠪᠦᠰᠠ ᠶᠢᠨ | ᠬᠤᠯᠪᠤᠭᠠᠯᠠᠨ ᠬᠦᠳᠡᠯᠦᠯᠴᠡᠬᠦ ᠲᠤᠭᠲᠠᠴᠠ ᠶᠢ ᠪᠠᠶᠢᠭᠤᠯᠵᠦ᠂ ︽ᠬᠦᠬᠡᠬᠤᠲᠠ ᠪᠤᠭᠤᠲᠦ ᠤᠷᠳᠤᠰ ᠢᠦ᠋ᠢᠯᠢᠨ ᠤ | ᠬᠤᠳᠡ ᠶᠢᠨ ᠪᠦᠭᠡᠮᠨᠡᠷᠡᠯ ᠤᠨ ᠬᠦᠭᠵᠢᠯᠲᠡ ᠶᠢᠨ ᠲᠦᠯᠦᠪᠵᠢᠭᠦᠯᠭᠡ︾ ᠶᠢ ᠵᠤᠬᠢᠶᠠᠨ ᠪᠠᠶᠢᠭᠤᠯᠤᠨ ᠬᠡᠷᠡᠭᠵᠢᠭᠦᠯᠬᠦ | ᠬᠡᠷᠡᠭᠲᠡᠢ᠃ ᠵᠡᠭᠦᠨ ᠬᠡᠰᠡᠭ ᠤᠨ ᠠᠶᠢᠮᠠᠭ ᠬᠤᠲᠠ ᠶᠢ ᠲᠥᠷᠭᠡᠳᠭᠡᠨ ᠬᠦᠭᠵᠢᠭᠦᠯᠬᠦ ᠶᠢ ᠠᠬᠢᠭᠤᠯᠤᠨ᠎ᠠ᠃ ᠤᠯᠤᠰ ᠤᠨ | ᠵᠡᠭᠦᠨ ᠬᠤᠶᠢᠲᠦ ᠤᠷᠤᠨ ᠢ ᠬᠦᠭᠵᠢᠭᠦᠯᠦᠨ ᠮᠠᠨᠳᠤᠭᠤᠯᠬᠤ ᠭᠤᠷᠪᠠᠨ ᠵᠢᠯ ᠤᠨ ᠦᠷᠭᠦᠯᠵᠢᠯᠡᠨ ᠬᠡᠷᠡᠭᠵᠢᠭᠦᠯᠬᠦ | ᠲᠦᠰᠦᠯ ᠳᠤ ᠵᠢᠭᠰᠠᠭᠠᠨ ᠣᠷᠤᠭᠤᠯᠤᠭᠰᠠᠨ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠂ ᠬᠤᠲᠠ ᠶᠢᠨ ᠲᠤᠭᠤᠷᠢᠭ ᠲᠠᠬᠢ ᠠᠵᠦ ᠦᠢᠯᠡᠳᠪᠤᠷᠢ ᠶᠢᠨ ᠬᠠᠭᠤᠴᠢᠨ ᠲᠤᠭᠤᠷᠢᠭ ᠪᠤᠯᠤᠨ | ᠦᠢᠯᠡᠳᠪᠤᠷᠢ ᠠᠭᠤᠷᠬᠠᠢ ᠶᠢᠨ ᠲᠤᠰᠠᠭᠠᠷ ᠲᠤᠭᠤᠷᠢᠭ ᠢ ᠨᠡᠭᠦᠯᠭᠡᠵᠦ ᠥᠭᠡᠷᠡᠴᠢᠯᠡᠨ ᠰᠢᠨᠡᠳᠭᠡᠬᠦ᠂ ᠨᠡᠭᠦᠷᠡᠰᠦ | ᠮᠠᠯᠲᠠᠭᠰᠠᠨ ᠠᠴᠠ ᠳᠣᠷᠣᠭᠰᠢ ᠰᠠᠭᠤᠭᠰᠠᠨ ᠲᠤᠭᠤᠷᠢᠭ ᠢ ᠶᠡᠷᠦᠩᠬᠡᠶᠢᠯᠡᠨ ᠵᠠᠰᠠᠬᠤ ᠵᠡᠷᠭᠡ ᠢᠨᠵᠧᠨᠧᠷᠢᠩ ᠢ | ᠦᠷᠭᠦᠯᠵᠢᠯᠡᠨ ᠬᠡᠷᠡᠭᠵᠢᠭᠦᠯᠬᠦ ᠬᠡᠷᠡᠭᠲᠡᠢ᠃ ᠥᠪᠤᠷ ᠮᠤᠩᠭᠤᠯ ᠤᠨ ᠵᠡᠭᠦᠨ ᠬᠡᠰᠡᠭ ︵ᠲᠦᠩᠯᠢᠶᠤᠤ — | ᠤᠯᠠᠭᠠᠠᠬᠠᠳᠠ︶ ᠤᠨ ᠳᠠᠭᠠᠭᠠᠨ ᠵᠠᠯᠭᠠᠭᠤᠯᠬᠤ ᠠᠵᠦ ᠦᠢᠯᠡᠰ ᠤᠨ ᠰᠢᠯᠵᠢᠭᠦᠯᠦᠨ ᠬᠠᠮᠲᠤᠷᠠᠯᠴᠠᠬᠤ ᠵᠢᠱᠢᠶ᠎ᠡ | ᠦᠵᠡᠭᠦᠯᠬᠦ ᠲᠤᠭᠤᠷᠢᠭ ᠲᠤ ᠤᠯᠤᠰ ᠤᠨ ᠴᠤᠬᠤᠯᠠᠪᠤᠷᠢ ᠣᠯᠬᠤ ᠪᠠᠷ ᠴᠢᠷᠮᠠᠶᠢᠵᠦ᠂ ᠵᠡᠭᠦᠨ ᠬᠡᠰᠡᠭ ᠤᠨ ᠠᠶᠢᠮᠠᠭ | ᠬᠤᠲᠠ ᠶᠢ ᠵᠡᠭᠦᠨ ᠬᠤᠶᠢᠲᠦ ᠶᠢᠨ ᠲᠦᠷᠪᠡᠨ ᠮᠤᠵᠢ ᠤᠷᠤᠨ ᠤ ᠠᠭᠤᠯᠵᠠᠷ ᠪᠦᠰᠡ ᠶᠢᠨ ᠤᠯᠤᠰ ᠤᠨ ᠲᠡᠰ ᠤᠨ ᠠᠮᠢ | ᠠᠬᠤᠢ ᠶᠢᠨ ᠠᠵᠦ ᠠᠬᠤᠢ ᠶᠢᠨ ᠲᠤᠭᠤᠷᠢᠭ ᠲᠤ ᠪᠦᠬᠦᠯᠢ ᠴᠤᠭᠴᠠ ᠪᠠᠷ ᠨᠢ ᠤᠷᠤᠭᠤᠯᠬᠤ ᠪᠠᠷ ᠴᠢᠷᠮᠠᠶᠢᠵᠦ᠂ | ᠲᠦᠩᠯᠢᠶᠤᠤ ᠶᠢᠨ ᠠᠷᠠᠳ ᠠᠴᠠ ᠡᠵᠡᠩᠨᠡᠭᠰᠡᠨ ᠠᠵᠦ ᠠᠬᠤᠢ ᠶᠢᠨ ᠬᠦᠭᠵᠢᠯᠲᠡ ᠦᠭᠡᠷᠡᠴᠢᠯᠡᠯᠲᠡ ᠶᠢᠨ ᠲᠤᠷᠰᠢᠯᠲᠠ ᠶᠢ | ᠠᠬᠢᠭᠤᠯᠬᠤ ᠬᠡᠷᠡᠭᠲᠡᠢ᠃ | ᠬᠤᠲᠠ ᠪᠠᠯᠭᠠᠰᠣᠴᠢᠯᠠᠯᠳᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠬᠤᠳᠡ ᠶᠢᠨ ᠪᠦᠭᠡᠮᠨᠡᠷᠡᠯ ᠢᠶᠠᠷ | ᠭᠤᠤᠯ ᠴᠤᠭᠴᠠ ᠪᠤᠯᠭᠠᠨ ᠲᠤᠮᠤ ᠳᠤᠮᠳᠠ ᠪᠠᠭ᠎ᠠ ᠬᠤᠲᠠ ᠪᠤᠯᠤᠨ ᠪᠠᠭ᠎ᠠ ᠬᠤᠲᠠ ᠪᠠᠯᠭᠠᠰᠤ ᠶᠢᠨ ᠵᠣᠬᠢᠴᠠᠯᠳᠤᠨ | ᠬᠦᠭᠵᠢᠬᠦ ᠬᠤᠲᠠ ᠪᠠᠯᠭᠠᠰᠤᠨ ᠤ ᠪᠠᠶᠢᠷᠢᠰᠢᠯ ᠢ ᠪᠠᠶᠢᠭᠤᠯᠬᠤ ᠬᠡᠷᠡᠭᠲᠡᠢ᠃ ᠤᠯᠤᠰ ᠤᠨ ᠲᠡᠰ ᠤᠨ ᠥᠪᠡᠷᠮᠢᠴᠡ | ᠤᠨᠴᠠᠯᠢᠭ ᠲᠠᠢ 12 ᠪᠠᠭ᠎ᠠ ᠪᠠᠯᠭᠠᠰᠦ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠦ᠂ ᠥᠪᠡᠷᠳᠡᠭᠡᠨ ᠵᠠᠰᠠᠬᠤ | ᠤᠷᠤᠨ ᠤ ᠲᠡᠰ ᠤᠨ ᠦᠪᠡᠷᠮᠢᠴᠡ ᠤᠨᠴᠠᠯᠢᠭ ᠲᠠᠢ ᠪᠣᠯᠭᠠᠬᠤ ᠨᠢᠭᠡ ᠪᠦᠯᠦᠭ ᠪᠠᠭ᠎ᠠ ᠪᠠᠯᠭᠠᠰᠦ ᠶᠢᠨ ᠠᠵᠢᠯ ᠢ | ᠡᠬᠢᠯᠡᠭᠦᠯᠵᠦ᠂ ᠰᠢᠨ᠎ᠡ ᠬᠡᠯᠪᠡᠷᠢ ᠶᠢᠨ ᠬᠤᠲᠠ ᠪᠠᠯᠭᠠᠰᠣᠴᠢᠯᠠᠯᠳᠡ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ | ᠲᠤᠷᠰᠢᠯᠲᠠ ᠶᠢᠨ ᠠᠵᠢᠯ ᠢ ᠪᠡᠶᠡᠯᠡᠭᠦᠯᠬᠦ ᠬᠡᠷᠡᠭᠲᠡᠢ᠃ ᠲᠠᠷᠢᠶᠠᠯᠠᠩ ᠤᠨ ᠨᠡᠭᠦᠯᠭᠡᠨ ᠰᠢᠯᠵᠢᠭᠦᠯᠦᠭᠰᠡᠨ ᠬᠦᠮᠦᠨ ᠠᠮᠠ ᠶᠢ | ᠬᠤᠲᠠ ᠶᠢᠨ ᠠᠷᠠᠳ ᠪᠤᠯᠭᠠᠬᠤ ᠠᠵᠢᠯ ᠢ ᠲᠦᠷᠭᠡᠳᠭᠡᠵᠦ᠂ ᠨᠤᠲᠤᠭᠯᠠᠨ ᠰᠠᠭᠤᠬᠤ ᠦᠨᠡᠮᠯᠡᠯ ᠲᠠᠢ ᠬᠦᠮᠦᠰ ᠲᠤ | ᠤᠯᠠᠨ ᠨᠡᠶᠢᠲᠡ ᠶᠢᠨ ᠦᠢᠯᠡᠴᠢᠯᠡᠭᠡ ᠶᠢᠨ ᠬᠡᠪᠴᠢᠶ᠎ᠡ ᠪᠠᠨ ᠦᠷᠭᠡᠳᠭᠡᠵᠦ᠂ ᠤᠯᠠᠨ ᠨᠡᠶᠢᠲᠡ ᠶᠢᠨ ᠦᠢᠯᠡᠴᠢᠯᠡᠭᠡ ᠶᠢᠨ | ᠪᠠᠷᠢᠮᠵᠢᠶ᠎ᠠ ᠶᠢ ᠲᠡᠭᠡᠭᠰᠢᠯᠡᠭᠦᠯᠵᠤ᠂ ᠰᠢᠭᠤᠶᠢᠲᠦ ᠤᠷᠤᠨ᠂ ᠬᠠᠭᠠᠯᠪᠤᠷᠢᠯᠠᠯᠲᠠ ᠶᠢᠨ ᠤᠷᠤᠨ᠂ ᠠᠭᠤᠷᠬᠠᠢ ᠶᠢᠨ | ᠣᠷᠣᠨ ᠤ ᠬᠤᠲᠠ ᠪᠠᠯᠭᠠᠰᠣᠴᠢᠯᠠᠯᠳᠡ ᠶᠢ ᠯᠠᠪᠳᠠᠭᠤᠨ ᠪᠦᠭᠡᠳ ᠡᠮᠬᠢ ᠵᠢᠷᠤᠮ ᠲᠠᠢ ᠪᠠᠷ ᠠᠬᠢᠭᠤᠯᠬᠤ ᠬᠡᠷᠡᠭᠲᠡᠢ᠃ ︽ | ᠬᠤᠲᠠ ᠶᠢᠨ ᠬᠤᠣᠰ ᠵᠠᠰᠠᠯᠲᠠ︾ ︵ᠬᠤᠲᠠ ᠶᠢᠨ ᠴᠢᠮᠡᠭᠯᠡᠨ ᠵᠠᠰᠠᠬᠤ᠂ ᠠᠮᠢ ᠠᠬᠤᠢ ᠶᠢᠨ ᠥᠩᠭᠡᠵᠢᠭᠦᠯᠦᠨ | ᠰᠡᠷᠭᠦᠭᠡᠬᠦ︶ ᠶᠢᠨ ᠠᠵᠢᠯ ᠢ ᠦᠷᠨᠢᠭᠦᠯᠵᠦ᠂ ᠤᠯᠤᠰ ᠤᠨ ᠲᠤᠷᠰᠢᠯᠲᠠ ᠶᠢᠨ ᠴᠢᠬ ᠤᠨ 4 ᠬᠤᠲᠠ᠂ ᠥᠪᠡᠷᠳᠡᠭᠡᠨ | ᠵᠠᠰᠠᠬᠤ ᠤᠷᠤᠨ ᠤ ᠲᠤᠷᠰᠢᠯᠲᠠ ᠶᠢᠨ ᠴᠢᠬ ᠤᠨ 14 ᠭᠠᠵᠠᠷ ᠣᠷᠣᠨ ᠤ ᠲᠤᠷᠰᠢᠯᠲᠠ ᠶᠢᠨ ᠴᠢᠬ ᠤᠨ ᠠᠵᠢᠯ ᠢ | ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ | ᠬᠤᠷᠢᠨᠬᠡᠷ ᠰᠢᠨ᠎ᠡ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠰᠢᠨ᠎ᠡ ᠲᠤᠭᠤᠷᠢᠭ ᠤᠨ | ᠶᠡᠷᠦᠩᠬᠡᠢ ᠲᠦᠯᠦᠪᠵᠢᠭᠦᠯᠭᠡ ᠪᠠ ᠠᠵᠦ ᠦᠢᠯᠡᠰ ᠤᠨ ᠲᠦᠯᠦᠪᠵᠢᠭᠦᠯᠭᠡ ᠶᠢ ᠨᠠᠶᠢᠷᠠᠭᠤᠯᠤᠨ ᠳᠠᠭᠤᠰᠬᠠᠵᠤ᠂ ᠨᠢᠭᠡ | ᠪᠦᠯᠦᠭ ᠲᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ᠂ ᠬᠤᠲᠠ ᠶᠢᠨ ᠶᠠᠪᠤᠳᠠᠯ ᠤᠨ ᠰᠠᠭᠤᠷᠢ ᠪᠡᠯᠡᠳᠭᠡᠮᠵᠢ ᠪᠤᠯᠤᠨ | ᠠᠮᠢ ᠠᠬᠤᠢ ᠶᠢᠨ ᠲᠦᠷᠦᠯ ᠵᠦᠢᠯ ᠢ ᠡᠬᠢᠯᠡᠭᠦᠯᠦᠨ ᠪᠠᠶᠢᠭᠤᠯᠬᠤ ᠬᠡᠷᠡᠭᠲᠡᠢ᠃ ᠲᠡᠭᠡᠳᠦ ᠰᠢᠨ᠎ᠡ ᠮᠡᠷᠭᠡᠵᠢᠯ ᠤᠨ ᠠᠵᠦ | ᠦᠢᠯᠡᠰ ᠤᠨ ᠬᠡᠯᠬᠢᠶᠡᠰᠦ ᠪᠠᠶᠢᠭᠤᠯᠬᠤ ᠲᠣᠭᠤᠷᠢᠨ ᠳᠤ᠂ ᠬᠤᠳᠠᠯᠳᠤᠭᠠᠴᠢᠨ ᠤᠷᠢᠵᠦ ᠪᠡᠯᠡ ᠣᠷᠣᠭᠤᠯᠬᠤ ᠠᠵᠢᠯ ᠢ | ᠴᠢᠩᠭᠠᠳᠬᠠᠵᠦ᠂ ᠨᠢᠭᠡ ᠪᠦᠯᠦᠭ ᠴᠢᠨᠠᠷ ᠰᠠᠶᠢᠲᠠᠢ ᠴᠢᠬᠤᠯᠠ ᠶᠡᠭᠡ ᠠᠵᠦ ᠦᠢᠯᠡᠰ ᠤᠨ ᠲᠦᠷᠦᠯ ᠵᠦᠢᠯ ᠢ ᠲᠠᠲᠠᠨ | ᠣᠷᠤᠭᠤᠯᠬᠤ ᠬᠡᠷᠡᠭᠲᠡᠢ᠃ | ᠵᠢᠷᠭᠤᠭ᠎ᠠ᠂ ᠵᠠᠬ᠎ᠠ ᠲᠡᠯᠭᠡᠭᠦᠷ ᠤᠨ ᠠᠵᠦ ᠠᠬᠤᠢ ᠶᠢᠨ ᠪᠠᠶᠢᠭᠤᠯᠣᠯ ᠢ ᠲᠡᠭᠦᠯᠲᠡᠷᠵᠢᠭᠦᠯᠵᠦ᠂ ᠠᠵᠦ | ᠠᠬᠤᠢ ᠶᠢᠨ ᠬᠦᠭᠵᠢᠯᠲᠡ ᠶᠢᠨ ᠦᠷ᠎ᠡ ᠪᠦᠲᠦᠮᠵᠢ ᠶᠢᠨ ᠬᠤᠪᠢᠰᠤᠯᠲᠠ ᠶᠢ ᠬᠦᠴᠦᠯᠡᠨ ᠠᠬᠢᠭᠤᠯᠤᠨ᠎ᠠ | ᠠᠵᠦ ᠠᠬᠤᠢ ᠶᠢᠨ ᠪᠠᠶᠢᠭᠤᠯᠣᠯ ᠤᠨ ᠦᠭᠡᠷᠡᠴᠢᠯᠡᠯᠲᠡ ᠶᠢᠨ ᠠᠯᠬᠤᠴᠠ ᠶᠢ ᠲᠦᠷᠭᠡᠳᠭᠡᠨ᠂ ᠦᠮᠴᠢᠯᠡᠬᠦ | ᠡᠷᠬᠡ ᠶᠢᠨ ᠲᠦᠷᠢᠮ ᠢ ᠲᠡᠭᠦᠯᠳᠡᠷᠵᠢᠭᠦᠯᠬᠦ ᠪᠠ ᠴᠢᠬᠤᠯᠠ ᠬᠦᠴᠦᠨ ᠵᠦᠢᠯ ᠤᠨ ᠵᠠᠬ᠎ᠠ ᠳᠡᠯᠭᠡᠭᠦᠷᠴᠢᠯᠡᠭᠰᠡᠨ | ᠲᠣᠬᠢᠷᠠᠭᠤᠯᠤᠯᠲᠠ ᠪᠠᠷ ᠭᠤᠤᠯᠳᠠᠯᠭ᠎ᠠ ᠪᠤᠯᠭᠠᠵᠦ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠦᠭᠡᠷᠡᠴᠢᠯᠡᠯᠲᠡ ᠶᠢ | ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ | ︽ᠪᠠᠭᠤᠯᠭᠠᠬᠤ ᠬᠠᠮᠢᠶᠠᠷᠬᠤ ᠣᠶᠢᠯᠡᠴᠢᠯᠡᠭᠦ︾ ᠦᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ | ᠵᠠᠬ᠎ᠠ ᠲᠡᠯᠭᠡᠭᠦᠷ ᠲᠤ ᠵᠦᠪᠰᠢᠶᠡᠷᠡᠨ ᠤᠷᠤᠬᠤ ᠳᠤ ᠬᠢᠵᠠᠭᠠᠷᠯᠠᠬᠤ ᠠᠯᠳᠠᠭᠳᠠᠯᠲᠠᠢ ᠵᠦᠢᠯᠡᠰ ᠤᠨ ᠨᠠᠷᠢᠨ ᠳᠠᠩᠰᠠ ᠶᠢᠨ | ᠲᠦᠷᠢᠮ ᠢ ᠪᠦᠬᠦ ᠲᠠᠯ᠎ᠠ ᠪᠠᠷ ᠠᠬᠢᠭᠤᠯᠣᠨ᠂ ᠡᠷᠬᠡ ᠲᠡᠭᠰᠢ ᠪᠠᠷ ᠦᠷᠢᠰᠦᠯᠳᠦᠬᠦ ᠵᠠᠬ᠎ᠠ ᠲᠡᠯᠭᠡᠭᠦᠷ ᠤᠨ ᠤᠷᠴᠢᠨ | ᠨᠦᠬᠦᠴᠡᠯ ᠢ ᠲᠡᠭᠦᠯᠳᠡᠷᠵᠢᠭᠦᠯᠬᠦ ᠬᠡᠷᠡᠭᠲᠡᠢ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠳᠦᠷᠢᠮ ᠤᠨ | ᠦᠭᠡᠷᠡᠴᠢᠯᠡᠯᠲᠡ ᠶᠢ ᠭᠦᠨᠵᠡᠭᠡᠢ ᠠᠬᠢᠭᠤᠯᠤᠨ᠂ ︽ᠭᠡᠷᠡᠴᠢ ᠪᠠ ᠦᠨᠡᠮᠯᠡᠯ ᠢ ᠰᠠᠯᠭᠠᠬᠤ︾ ᠶᠢ ᠪᠦᠬᠦ ᠲᠠᠯ᠎ᠠ ᠪᠠᠷ | ᠠᠬᠢᠭᠤᠯᠵᠦ᠂ ᠡᠯ᠎ᠡ ᠲᠦᠷᠦᠯ ᠤᠨ ᠵᠦᠪᠰᠢᠶᠡᠷᠡᠯ ᠤᠨ ᠦᠨᠡᠮᠯᠡᠯ ᠢ ᠶᠡᠭᠡ ᠬᠡᠪᠴᠢᠶ᠎ᠡ ᠪᠠᠷ ᠬᠦᠴᠦᠨ ᠦᠭᠡᠢ ᠪᠣᠯᠭᠠᠵᠤ᠂ | ︽ᠤᠷᠤᠬᠤ ᠶᠢ ᠵᠦᠪᠰᠢᠶᠡᠷᠡᠭᠡᠳ ᠡᠵᠡᠩᠨᠡᠬᠦ ᠶᠢ ᠦᠯᠦ ᠵᠦᠪᠰᠢᠶᠡᠷᠡᠬᠦ︾ ᠠᠰᠠᠭᠤᠳᠠᠯ ᠤᠳ ᠢ ᠰᠢᠢᠳᠪᠦᠷᠢᠯᠡᠬᠦ | ᠬᠡᠷᠡᠭᠲᠡᠢ᠃ ᠰᠦᠯᠵᠢᠶ᠎ᠡ ᠪᠠᠷ ᠬᠢᠨᠠᠨ ᠵᠦᠪᠰᠢᠶᠡᠷᠡᠬᠦ ᠵᠠᠭᠪᠤᠷ ᠢ ᠬᠡᠷᠡᠭᠵᠢᠭᠦᠯᠵᠦ᠂ ᠭᠤᠶᠤᠴᠢᠯᠠᠬᠤ᠂ ᠬᠦᠯᠢᠶᠡᠨ ᠠᠪᠬᠤ ᠂ | ᠬᠢᠨᠠᠨ ᠬᠠᠷᠭᠤᠭᠤᠯᠬᠤ᠂ ᠦᠨᠡᠮᠯᠡᠯ ᠤᠯᠭᠤᠬᠤ᠂ ᠨᠡᠶᠢᠲᠡ ᠳᠤ ᠵᠠᠷᠯᠠᠬᠤ ᠵᠡᠷᠭᠡ ᠶᠢ ᠪᠦᠭᠦᠲᠡ ᠶᠢ ᠰᠦᠯᠵᠢᠶ᠎ᠡ ᠪᠠᠷ | ᠭᠦᠢᠴᠡᠳᠭᠡᠬᠦ ᠬᠡᠷᠡᠭᠲᠡᠢ᠃ ᠦᠢᠯᠡᠳᠪᠦᠷᠢ ᠬᠤᠳᠠᠯᠳᠤᠭ᠎ᠠ ᠶᠢᠨ ᠵᠦᠢᠯᠡᠰ ᠤᠨ ᠳᠦᠷᠢᠮ ᠤᠨ ᠦᠭᠡᠷᠡᠴᠢᠯᠡᠯᠲᠡ ᠶᠢ | ᠠᠬᠢᠭᠤᠯᠵᠦ᠂ ᠠᠵᠤ ᠠᠬᠤᠶᠢᠯᠠᠯ ᠤᠨ ᠨᠡᠷᠡᠶᠢᠳᠦᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠯᠦᠭᠡᠲᠠᠢ | ᠪᠣᠯᠭᠠᠬᠤ ᠬᠡᠷᠡᠭᠲᠡᠢ᠃ ᠪᠡᠯᠡ ᠤᠷᠤᠭᠤᠯᠤᠯᠲᠠ ᠲᠤᠬᠢᠷᠠᠭᠤᠯᠤᠯᠲᠠ ᠶᠢᠨ ᠪᠠᠶᠢᠭᠤᠯᠣᠯ ᠤᠨ ᠦᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠠᠩᠬ᠎ᠠ ᠬᠦᠯᠢᠶᠡᠨ ᠠᠪᠤᠭᠴᠢ ᠠᠴᠠ ᠬᠠᠷᠢᠭᠤᠴᠠᠯᠭ᠎ᠠ ᠬᠡᠯᠡᠯᠴᠡᠬᠦ ᠲᠦᠷᠢᠮ᠂ ᠪᠡᠯᠡ | ᠤᠷᠤᠭᠤᠯᠤᠯᠲᠠ ᠶᠢᠨ ᠲᠦᠷᠦᠯ ᠵᠦᠢᠯ ᠢ ᠠᠮᠠᠯᠳᠤᠭᠠ ᠶᠢᠨ ᠲᠦᠷᠢᠮ ᠤᠨ ᠦᠭᠡᠷᠡᠴᠢᠯᠡᠯᠲᠡ ᠶᠢᠨ ᠲᠤᠷᠰᠢᠯᠲᠠ ᠶᠢ | ᠰᠦᠪᠡᠭᠴᠢᠯᠡᠨ ᠠᠬᠢᠭᠤᠯᠬᠤ ᠬᠡᠷᠡᠭᠲᠡᠢ᠃ ︽ᠬᠤᠶᠠᠷ ᠢ ᠰᠤᠭᠤᠴᠢᠬᠤ᠂ ᠨᠢᠭᠡ ᠶᠢ ᠢᠯᠡ ᠪᠣᠯᠭᠠᠬᠤ︾ ᠬᠢᠨᠡᠯᠲᠡ | ᠬᠠᠮᠢᠶᠠᠷᠤᠯᠲᠠ ᠶᠢ ᠲᠡᠭᠦᠯᠳᠡᠷᠵᠢᠭᠦᠯᠦᠨ᠂ ᠶᠡᠷᠦᠩᠬᠡᠶᠢᠯᠡᠨ ᠬᠠᠤᠯᠢ ᠬᠡᠷᠡᠭᠵᠢᠬᠦᠯᠬᠦ ᠦᠭᠡᠷᠡᠴᠢᠯᠡᠯᠲᠡ ᠶᠢ ᠠᠬᠢᠭᠤᠯᠬᠤ | ᠬᠡᠷᠡᠭᠲᠡᠢ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠶᠡᠬᠡᠪᠡᠷ ᠬᠡᠷᠡᠭᠵᠢᠭᠦᠯᠵᠦ᠂ | ᠥᠪᠡᠷᠳᠡᠭᠡᠨ ᠵᠠᠰᠠᠬᠤ ᠤᠷᠤᠨ ᠤ ᠲᠤᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠰᠦᠯᠵᠢᠶ᠎ᠡ ᠪᠠᠷ ᠪᠠ | ᠰᠦᠯᠵᠢᠶᠡᠨ ᠭᠠᠳᠠᠭᠤᠷᠬᠢ ᠶᠢ ᠨᠢᠭᠡ ᠴᠣᠭᠴᠠᠵᠢᠭᠤᠯᠬᠤ ᠶᠢ ᠪᠡᠶᠡᠯᠡᠭᠦᠯᠬᠦ ᠬᠡᠷᠡᠭᠲᠡᠢ᠃ | ᠴᠢᠬᠤᠯᠠ ᠬᠦᠴᠦᠨ ᠵᠦᠢᠯ ᠤᠨ ᠵᠠᠬ᠎ᠠ ᠳᠡᠯᠭᠡᠭᠦᠷᠴᠢᠯᠡᠨ ᠲᠣᠬᠢᠷᠠᠭᠤᠯᠤᠯᠲᠠ ᠬᠢᠬᠦ ᠦᠭᠡᠷᠡᠴᠢᠯᠡᠯᠲᠡ ᠶᠢ | ᠲᠦᠷᠭᠡᠳᠭᠡᠨ᠎ᠡ᠃ ᠨᠡᠭᠦᠷᠡᠰᠦᠨ ᠤ ᠡᠬᠢ ᠪᠠᠶᠠᠯᠢᠭ ᠤᠨ ᠲᠤᠬᠢᠷᠠᠭᠤᠯᠤᠯᠲᠠ ᠶᠢᠨ ᠵᠠᠬ᠎ᠠ ᠲᠡᠯᠭᠡᠭᠦᠷᠴᠢᠯᠡᠬᠦ | ᠦᠭᠡᠷᠡᠴᠢᠯᠡᠯᠲᠡ ᠶᠢ ᠠᠬᠢᠭᠤᠯᠬᠤ ᠬᠡᠷᠡᠭᠲᠡᠢ᠃ ᠥᠪᠤᠷ ᠮᠤᠩᠭᠤᠯ ᠤᠨ ᠪᠠᠷᠠᠭᠤᠨ ᠬᠡᠰᠡᠭ ᠤᠨ ᠭᠠᠵᠠᠷ ᠤᠷᠤᠨ ᠤ | ᠴᠠᠬᠢᠯᠭᠠᠨ ᠲᠤᠤᠷ ᠤᠨ ᠴᠠᠬᠢᠯᠭᠠᠨ ᠳᠠᠮᠵᠢᠭᠤᠯᠵᠤ ᠲᠤᠬᠢᠷᠠᠭᠤᠯᠬᠤ ᠦᠨ᠎ᠡ ᠶᠢᠨ ᠦᠭᠡᠷᠡᠴᠢᠯᠡᠯᠲᠡ ᠶᠢᠨ ᠲᠣᠩᠭᠤᠷᠠᠭᠤ | ᠱᠠᠲᠤᠯᠢᠭ ᠦᠨ᠎ᠡ ᠬᠠᠩᠰᠢ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠴᠠᠬᠢᠯᠭᠠᠨ ᠨᠡᠮᠡᠵᠦ | ᠲᠤᠬᠢᠷᠠᠭᠤᠯᠬᠤ ᠲᠤᠬᠠᠶᠢᠯᠠᠭᠰᠠᠨ ᠠᠵᠢᠯ ᠤᠨ ᠦᠭᠡᠷᠡᠴᠢᠯᠡᠯᠲᠡ ᠶᠢᠨ ᠲᠤᠷᠰᠢᠯᠳᠠ ᠶᠢ ᠠᠬᠢᠭᠤᠯᠬᠤ ᠬᠡᠷᠡᠭᠲᠡᠢ᠃ | ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠭᠤᠤᠷᠰᠤ ᠪᠠᠷ ᠳᠠᠮᠵᠢᠭᠤᠯᠬᠤ ᠦᠨ᠎ᠡ ᠬᠠᠩᠰᠢ ᠪᠠ ᠬᠤᠲᠠ ᠶᠢᠨ | ᠰᠢᠲᠠᠮᠠᠬᠠᠢ ᠬᠡᠢ ᠲᠤᠬᠢᠷᠠᠭᠤᠯᠬᠤ ᠦᠨ᠎ᠡ ᠬᠠᠩᠰᠢ ᠶᠢ ᠬᠠᠷᠭᠤᠭᠤᠯᠣᠨ ᠲᠤᠭᠲᠠᠭᠠᠵᠦ᠂ ᠮᠠᠰᠢᠨ ᠲᠡᠷᠭᠡᠨ ᠳᠤ ᠬᠡᠷᠡᠭᠯᠡᠬᠦ | ᠪᠠᠶᠢᠭᠠᠯᠢ ᠶᠢᠨ ᠰᠢᠲᠠᠮᠠᠬᠠᠢ ᠬᠡᠢ ᠶᠢᠨ ᠦᠨ᠎ᠡ ᠬᠠᠩᠰᠢ ᠶᠢᠨ ᠵᠠᠬ᠎ᠠ ᠳᠡᠯᠭᠡᠭᠦᠷᠴᠢᠯᠡᠬᠦ ᠶᠢ ᠠᠬᠢᠭᠤᠯᠬᠤ ᠬᠡᠷᠡᠭᠲᠡᠢ᠃ | ᠤᠷᠴᠢᠨ ᠲᠤᠭᠤᠷᠢᠨ ᠤ ᠬᠠᠮᠠᠭᠠᠯᠠᠯᠲᠠ ᠶᠢᠨ ᠦᠨ᠎ᠡ ᠬᠠᠩᠰᠢ ᠶᠢᠨ ᠲᠦᠷᠦ ᠶᠢᠨ ᠪᠤᠳᠤᠯᠭ᠎ᠠ ᠶᠢᠨ ᠰᠢᠰᠲ᠋ᠧᠮᠵᠢ ᠶᠢ | ᠲᠡᠭᠦᠯᠳᠡᠷᠵᠢᠭᠦᠯᠵᠦ᠂ ᠱᠦᠢᠨᠢ᠂ ᠪᠤᠯᠤᠳ ᠲᠡᠮᠦᠷ᠂ ᠴᠠᠬᠢᠯᠭᠠᠨ ᠵᠠᠳᠠᠯᠤᠯᠲᠤ ᠬᠦᠩᠭᠡᠨ ᠴᠠᠭᠠᠨ ᠳᠤ ᠬᠡᠷᠡᠭᠵᠢᠭᠦᠯᠬᠦ | ᠱᠠᠲᠤᠯᠢᠭ ᠴᠠᠬᠢᠯᠭᠠᠨ ᠤ ᠦᠨ᠎ᠡ ᠬᠠᠩᠰᠢ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠴᠠᠬᠢᠯᠭᠠᠨ ᠢ | ᠡᠨᠧᠷᠬᠢ ᠪᠠᠷ ᠣᠷᠤᠯᠠᠭᠤᠯᠬᠤ ᠴᠠᠬᠢᠯᠭᠠᠨ ᠬᠡᠷᠡᠭᠯᠡᠬᠦ ᠳᠤ ᠬᠠᠷᠠᠭᠠᠯᠵᠠᠬᠤ ᠦᠨ᠎ᠡ ᠬᠠᠩᠰᠢ ᠶᠢᠨ ᠲᠦᠷᠦ ᠶᠢᠨ | ᠪᠤᠳᠤᠯᠭ᠎ᠠ ᠶᠢ ᠬᠡᠷᠡᠭᠵᠢᠭᠦᠯᠬᠦ ᠬᠡᠷᠡᠭᠲᠡᠢ᠃ ᠰᠠᠭᠤᠭᠠᠯᠢ ᠠᠷᠠᠳ ᠤᠨ ᠪᠤᠰᠤ ᠬᠡᠷᠡᠭᠯᠡᠬᠦ ᠤᠰᠤᠨ ᠤ ᠲᠤᠭᠲᠠᠭᠰᠠᠨ | ᠬᠡᠮᠵᠢᠶ᠎ᠡ ᠠᠴᠠ ᠬᠡᠲᠦᠷᠡᠭᠰᠡᠨ ᠳᠤᠨᠢ ᠠᠬᠢᠭᠤᠯᠤᠨ ᠪᠣᠳᠣᠵᠤ ᠦᠨ᠎ᠡ ᠨᠡᠮᠡᠬᠦ ᠲᠦᠷᠦ ᠶᠢᠨ ᠪᠤᠳᠤᠯᠭ᠎ᠠ ᠶᠢ ᠲᠣᠭᠲᠠᠭᠠᠬᠤ | ᠬᠡᠷᠡᠭᠲᠡᠢ᠃ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠲᠦᠬᠦᠷ ᠦᠭᠡᠷᠡᠴᠢᠯᠡᠯᠲᠡ ᠶᠢ ᠠᠬᠢᠭᠤᠯᠬᠤ | ᠬᠡᠷᠡᠭᠲᠡᠢ᠃ | ᠤᠯᠤᠰ ᠤᠨ ᠦᠮᠴᠢᠯᠠᠯᠳᠣ ᠡᠳ᠋ ᠬᠦᠷᠦᠩᠭᠡ ᠪᠠ ᠤᠯᠤᠰ ᠤᠨ ᠦᠮᠴᠢᠯᠠᠯᠳᠣ ᠠᠵᠦ ᠠᠬᠤᠶᠢᠯᠠᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ ᠨᠢᠭᠡ ᠳᠤ ᠡᠵᠡᠩᠨᠡᠯᠲᠡ ᠶᠢᠨ ᠴᠢᠨᠠᠷᠲᠠᠢ ᠤᠯᠤᠰ ᠤᠨ | ᠦᠮᠴᠢᠯᠠᠯᠳᠣ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠪᠠᠶᠢᠭᠤᠯᠣᠯ ᠢ ᠲᠡᠭᠦᠯᠳᠡᠷᠵᠢᠭᠦᠯᠦᠨ᠎ᠡ᠃ ᠡᠵᠡᠩᠨᠡᠯᠲᠡ ᠶᠢᠨ | ᠴᠢᠨᠠᠷᠲᠠᠢ ᠤᠯᠤᠰ ᠤᠨ ᠦᠮᠴᠢᠯᠠᠯᠳᠣ ᠡᠳ᠋ ᠬᠦᠷᠦᠩᠭᠡ ᠶᠢ ᠲᠦᠪᠯᠡᠷᠡᠭᠦᠯᠦᠨ ᠨᠢᠭᠡᠳᠦᠯᠲᠠᠢ ᠬᠢᠨᠠᠨ ᠬᠠᠮᠢᠶᠠᠷᠬᠤ ᠠᠵᠢᠯ ᠢ | ᠠᠬᠢᠭᠤᠯᠵᠦ᠂ ᠥᠪᠡᠷᠳᠡᠭᠡᠨ ᠵᠠᠰᠠᠬᠤ ᠤᠷᠤᠨ ᠤ ᠲᠤᠰ ᠱᠠᠲᠤᠨ ᠤ ᠰᠠᠯᠠᠭ᠎ᠠ ᠮᠦᠴᠢᠷ ᠨᠢᠭᠡᠴᠡ ᠶᠢᠨ ᠡᠷᠬᠢᠯᠡᠭᠰᠡᠨ | ᠠᠵᠦ ᠠᠬᠤᠶᠢᠯᠠᠯ ᠢ ᠰᠠᠯᠭᠠᠵᠤ ᠥᠭᠡᠷᠡᠴᠢᠯᠡᠬᠦ ᠪᠠ ᠰᠢᠯᠵᠢᠭᠦᠯᠦᠨ ᠲᠤᠰᠢᠶᠠᠵᠤ ᠬᠤᠪᠢᠶᠠᠷᠢᠯᠠᠬᠤ ᠠᠵᠢᠯ ᠢ ᠪᠡᠶᠡᠯᠡᠭᠦᠯᠬᠦ | ᠬᠡᠷᠡᠭᠲᠡᠢ᠃ ᠤᠯᠤᠰ ᠤᠨ ᠦᠮᠴᠢᠯᠠᠯᠳᠣ ᠡᠳ᠋ ᠬᠦᠷᠦᠩᠬᠡ ᠶᠢᠨ ᠡᠷᠬᠡ ᠤᠯᠭᠤᠨ ᠡᠵᠡᠩᠨᠡᠬᠦ ᠪᠠᠶᠢᠭᠤᠯᠣᠯ ᠢ | ᠦᠭᠡᠷᠡᠴᠢᠯᠡᠵᠦ᠂ ᠨᠦᠬᠦᠴᠡᠯ ᠪᠦᠷᠢᠳᠣᠭ᠍ᠰᠡᠨ ᠤᠯᠤᠰ ᠤᠨ ᠦᠮᠴᠢᠯᠠᠯᠳᠣ ᠠᠵᠦ ᠠᠬᠤᠶᠢᠯᠠᠯ ᠢ ᠤᠯᠤᠰ ᠤᠨ | ᠦᠮᠴᠢᠯᠠᠯᠳᠣ ᠬᠦᠷᠦᠩᠬᠡ ᠶᠢᠨ ᠪᠡᠯᠡ ᠣᠷᠣᠭᠤᠯᠣᠯᠳᠡ ᠪᠠ ᠠᠵᠢᠯᠯᠠᠨ ᠡᠵᠡᠩᠨᠡᠬᠦ ᠺᠤᠮᠫᠠᠨᠢ ᠶᠢᠨ ᠲᠤᠷᠰᠢᠯᠲᠠ ᠳᠤ | ᠵᠢᠭᠰᠠᠭᠠᠨ ᠣᠷᠤᠭᠤᠯᠬᠤ ᠬᠡᠷᠡᠭᠲᠡᠢ᠃ ᠬᠤᠶᠠᠷ ᠲᠤ ᠤᠯᠤᠰ ᠤᠨ ᠦᠮᠴᠢᠯᠠᠯᠳᠣ ᠠᠵᠦ ᠠᠬᠤᠶᠢᠯᠠᠯ ᠤᠨ | ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠤᠳᠤ ᠦᠶ᠎ᠡ ᠶᠢᠨ ᠠᠵᠦ ᠠᠬᠤᠶᠢᠯᠠᠯ ᠤᠨ ᠲᠦᠷᠢᠮ ᠢ ᠲᠦᠷᠭᠡᠳᠭᠡᠨ | ᠪᠦᠷᠢᠨᠰᠢᠭᠦᠯᠵᠦ᠂ ᠠᠵᠦ ᠠᠬᠤᠶᠢᠯᠠᠯ ᠤᠨ ᠬᠠᠤᠯᠢ ᠶᠢᠨ ᠡᠷᠬᠡᠲᠡᠨ ᠤ ᠵᠠᠰᠠᠯᠲᠠ ᠶᠢᠨ ᠪᠦᠲᠦᠴᠡ ᠶᠢ ᠲᠡᠭᠦᠯᠳᠡᠷᠵᠢᠭᠦᠯᠬᠦ | ᠬᠡᠷᠡᠭᠲᠡᠢ᠃ ᠤᠯᠤᠰ ᠤᠨ ᠦᠮᠴᠢᠯᠠᠯᠳᠣ ᠠᠵᠦ ᠠᠬᠤᠶᠢᠯᠠᠯ ᠤᠨ ᠬᠤᠯᠢᠮᠠᠭ ᠦᠮᠴᠢᠯᠡᠯ ᠤᠨ ᠲᠦᠷᠢᠮ ᠤᠨ | ᠦᠭᠡᠷᠡᠴᠢᠯᠡᠯᠲᠡ ᠶᠢ ᠠᠬᠢᠭᠤᠯᠵᠦ᠂ ᠤᠯᠤᠰ ᠤᠨ ᠭᠤᠷᠪᠠᠳᠤᠭᠠᠷ ᠪᠦᠯᠦᠭ ᠤᠨ ᠬᠤᠯᠢᠮᠠᠭ ᠥᠮᠴᠢᠯᠡᠯ ᠤᠨ ᠲᠦᠷᠢᠮ ᠤᠨ | ᠲᠤᠷᠰᠢᠯᠲᠠ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠬᠡᠷᠡᠭᠲᠡᠢ᠃ ᠭᠤᠷᠪᠠ ᠳᠤ ᠤᠯᠤᠰ ᠤᠨ ᠦᠮᠴᠢᠯᠠᠯᠳᠣ | ᠬᠦᠷᠦᠩᠭᠡ ᠶᠢ ᠬᠦᠴᠦᠷᠭᠡᠭᠵᠢᠭᠦᠯᠬᠦ ᠰᠢᠯᠢᠳᠡᠭᠵᠢᠭᠦᠯᠬᠦ ᠪᠤᠵᠠᠭᠠᠶᠢᠷᠠᠭᠤᠯᠬᠤ ᠠᠵᠢᠯ ᠢ ᠠᠬᠢᠭᠤᠯᠤᠨ᠎ᠠ᠃ ᠤᠯᠤᠰ ᠤᠨ | ᠥᠮᠴᠢᠯᠡᠯ ᠤᠨ ᠠᠵᠦ ᠠᠬᠤᠢ ᠶᠢᠨ ᠪᠠᠶᠢᠷᠢᠰᠢᠯ ᠢ ᠰᠢᠯᠢᠳᠡᠭᠵᠢᠭᠦᠯᠬᠦ᠂ ᠪᠦᠲᠦᠴᠡ ᠶᠢᠨ ᠲᠤᠬᠢᠷᠠᠭᠤᠯᠤᠯᠲᠠ ᠬᠢᠬᠦ᠂ | ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠲᠠᠬᠢᠨ ᠵᠤᠬᠢᠶᠠᠨ ᠪᠠᠶᠢᠭᠤᠯᠬᠤ ᠶᠢ ᠲᠦᠷᠭᠡᠳᠭᠡᠵᠦ᠂ ᠵᠢᠭᠤᠯᠴᠢᠯᠠᠯ ᠤᠨ | ᠪᠦᠯᠦᠭᠯᠡᠯ ᠵᠡᠷᠭᠡ ᠤᠯᠤᠰ ᠤᠨ ᠦᠮᠴᠢᠯᠡᠯᠲᠦ ᠠᠵᠦ ᠠᠬᠤᠶᠢᠯᠠᠯ ᠤᠨ ᠪᠦᠯᠦᠭᠯᠡᠯ ᠢ ᠪᠤᠶᠢᠵᠢᠭᠤᠯᠤᠨ ᠪᠠᠶᠢᠭᠤᠯᠵᠦ᠂ | ᠪᠤᠭᠤᠲᠦ ᠶᠢᠨ ᠪᠤᠯᠤᠳ ᠲᠡᠮᠦᠷ ᠤᠨ ᠺᠤᠮᠫᠠᠨᠢ ᠶᠢᠨ ᠶᠠᠰᠦ ᠴᠢᠨᠠᠷ ᠢᠶᠠᠨ ᠲᠡᠭᠡᠭᠰᠢᠯᠡᠭᠦᠯᠦᠨ ᠦᠷ᠎ᠡ ᠪᠦᠲᠦᠮᠵᠢ ᠪᠠᠨ | ᠨᠡᠮᠡᠭᠳᠡᠭᠦᠯᠵᠦ ᠬᠡᠯᠪᠡᠷᠢ ᠪᠠᠨ ᠬᠤᠪᠢᠷᠠᠭᠤᠯᠤᠨ ᠬᠦᠭᠵᠢᠬᠦ 60 ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ | ᠠᠬᠢᠭᠤᠯᠵᠤ᠂ ᠤᠷᠤᠨ ᠤ ᠬᠠᠷᠢᠶ᠎ᠠ ᠪᠦᠬᠦᠢ ᠤᠯᠤᠰ ᠤᠨ ᠦᠮᠴᠢᠯᠠᠯᠳᠣ ᠬᠦᠴᠢᠷᠳᠡᠯᠲᠡᠢ ᠠᠵᠦ ᠠᠬᠤᠶᠢᠯᠠᠯ ᠤᠨ | ᠠᠯᠳᠠᠭᠳᠠᠯ ᠢᠶᠠᠨ ᠬᠤᠪᠢᠷᠠᠭᠤᠯᠤᠨ ᠤᠯᠵᠠᠪᠤᠷᠢ ᠪᠠᠨ ᠨᠡᠮᠡᠭᠳᠡᠭᠦᠯᠬᠦ ᠶᠢ ᠠᠬᠢᠭᠤᠯᠵᠦ᠂ ᠤᠯᠤᠰ ᠤᠨ ᠦᠮᠴᠢᠯᠠᠯᠳᠣ ᠠᠵᠦ | ᠠᠬᠤᠶᠢᠯᠠᠯ ᠤᠨ ᠨᠡᠶᠢᠭᠡᠮ ᠤᠨ ᠠᠵᠢᠯ ᠡᠷᠬᠢᠯᠡᠬᠦ ᠡᠭᠦᠷᠭᠡ ᠴᠢᠳᠠᠪᠤᠷᠢ ᠶᠢ ᠨᠢ ᠰᠠᠯᠭᠠᠬᠤ ᠵᠡᠷᠭᠡ ᠥᠩᠭᠡᠷᠡᠭᠰᠡᠨ ᠤ | ᠥᠯᠡᠳᠡᠭᠳᠡᠵᠦ ᠢᠷᠡᠭᠰᠡᠨ ᠠᠰᠠᠭᠤᠳᠠᠯ ᠤᠳ ᠢ ᠲᠦᠷᠭᠡᠳᠭᠡᠨ ᠰᠢᠢᠳᠪᠦᠷᠢᠯᠡᠬᠦ ᠬᠡᠷᠡᠭᠲᠡᠢ᠃ ᠤᠯᠤᠰ ᠤᠨ ᠦᠮᠴᠢᠯᠠᠯᠳᠣ | ᠠᠵᠦ ᠠᠬᠤᠶᠢᠯᠠᠯ ᠤᠨ ᠦᠷᠢ ᠥᠭᠴᠡᠭᠡ ᠶᠢᠨ ᠨᠤᠷᠮ᠎ᠠ ᠶᠢᠨ ᠰᠢᠯᠭᠠᠨ ᠬᠢᠨᠠᠬᠤ ᠠᠵᠢᠯ ᠢ ᠴᠢᠩᠭᠠᠳᠬᠠᠬᠤ ᠬᠡᠷᠡᠭᠲᠡᠢ᠃ | ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠤᠨ ᠬᠦᠭᠵᠢᠯᠲᠡ ᠶᠢ ᠲᠡᠮᠵᠢᠬᠦ ᠰᠠᠶᠢᠨ ᠰᠠᠶᠢᠬᠠᠨ ᠤᠷᠴᠢᠨ | ᠠᠬᠤᠢ ᠶᠢ ᠪᠤᠢ ᠪᠤᠯᠭᠠᠨ᠎ᠠ᠃ ︽ᠬᠤᠶᠠᠷ ᠡᠷᠡᠰ ᠭᠤᠶᠢᠪᠢᠰᠢ ᠦᠭᠡᠢ ᠪᠠᠶᠢᠬᠤ︾ ᠶᠢ ᠪᠠᠷᠢᠮᠲᠠᠯᠠᠨ᠂ ᠨᠡᠶᠢᠲᠡ ᠶᠢᠨ | ᠥᠮᠴᠢᠯᠡᠯ ᠤᠨ ᠪᠤᠰᠤ ᠠᠵᠦ ᠠᠬᠤᠢ ᠶᠢᠨ ᠬᠦᠭᠵᠢᠯᠲᠡ ᠶᠢ ᠲᠡᠮᠵᠢᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ | ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠨ᠂ ᠪᠡᠯᠡ ᠲᠣᠬᠢᠷᠠᠭᠤᠯᠬᠤ ᠳᠤ ᠬᠦᠴᠢᠷ ᠪᠦᠭᠡᠳ ᠦᠨᠡᠲᠠᠢ | ᠪᠠᠶᠢᠬᠤ ᠠᠰᠠᠭᠤᠳᠠᠯ ᠤᠳ ᠢ ᠤᠯᠠᠨ ᠠᠷᠭ᠎ᠠ ᠵᠠᠮ ᠢᠶᠠᠷ ᠰᠢᠢᠳᠪᠦᠷᠢᠯᠡᠬᠦ ᠬᠡᠷᠡᠭᠲᠡᠢ᠃ ᠡᠯ᠎ᠡ ᠵᠦᠢᠯ ᠤᠨ ᠥᠮᠴᠢᠯᠡᠬᠦ | ᠡᠷᠬᠡ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠵᠦ᠂ ᠥᠮᠴᠢᠯᠡᠬᠦ ᠡᠷᠬᠡ ᠶᠢ | ᠬᠠᠮᠠᠭᠠᠯᠠᠬᠤ ᠳᠤ ᠠᠰᠢᠭ ᠦᠭᠡᠢ ᠪᠣᠯᠬᠤ ᠨᠢᠭᠡ ᠪᠦᠯᠦᠭ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠳ ᠢ | ᠴᠡᠪᠡᠷᠯᠡᠵᠦ᠂ ᠵᠠᠰᠠᠪᠤᠷᠢ ᠣᠷᠤᠭᠤᠯᠬᠤ ᠪᠠ ᠬᠦᠴᠦᠨ ᠦᠭᠡᠢ ᠪᠣᠯᠭᠠᠬᠤ ᠬᠡᠷᠡᠭᠲᠡᠢ᠃ ᠠᠵᠦ ᠠᠬᠤᠶᠢᠯᠠᠯᠲᠠᠨ ᠤ ᠵᠤᠷᠢᠭ | ᠰᠠᠨᠠᠭ᠎ᠠ ᠶᠢ ᠤᠷᠮᠠᠰᠢᠭᠤᠯᠤᠨ ᠬᠠᠮᠠᠭᠠᠯᠠᠬᠤ ᠰᠠᠨᠠᠯ ᠪᠣᠯᠣᠨ ᠠᠷᠭ᠎ᠠ ᠪᠠᠷᠢᠯ ᠢ ᠨᠡᠶᠢᠲᠡᠯᠡᠵᠦ᠂ ᠠᠵᠦ ᠠᠬᠤᠶᠢᠯᠠᠯᠲᠠᠨ ᠤ | ᠠᠵᠢᠯ ᠬᠢᠵᠦ ᠦᠢᠯᠡᠰ ᠴᠣᠭᠴᠠᠯᠠᠬᠤ ᠶᠢ ᠬᠦᠨᠳᠦᠣᠭᠡᠬᠦ᠂ ᠤᠷᠮᠠᠰᠢᠭᠤᠯᠬᠤ ᠪᠠ ᠬᠠᠮᠠᠭᠠᠯᠠᠬᠤ ᠨᠡᠶᠢᠭᠡᠮ ᠤᠨ ᠠᠭᠤᠷ | ᠠᠮᠢᠰᠬᠤᠯ ᠢ ᠪᠣᠢ ᠪᠣᠯᠭᠠᠬᠤ ᠬᠡᠷᠡᠭᠲᠡᠢ᠃ | ᠡᠳ᠋ ᠤᠨ ᠵᠠᠰᠠᠭ ᠮᠦᠩᠭᠦᠨ ᠭᠦᠢᠯᠭᠡᠭᠡᠨ ᠤ ᠪᠠᠶᠢᠭᠤᠯᠣᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ | ᠨᠢᠭᠡ ᠳᠤ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠡᠳ᠋ ᠤᠨ | ᠵᠠᠰᠠᠭ ᠤᠨ ᠤᠷᠤᠯᠭ᠎ᠠ ᠶᠢᠨ ᠵᠣᠬᠢᠬᠤ ᠬᠡᠮᠵᠢᠶ᠎ᠡ ᠪᠠᠷ ᠨᠡᠮᠡᠭᠳᠡᠬᠦ ᠶᠢ ᠪᠠᠲᠤᠯᠠᠵᠤ᠂ ᠲᠦᠪ ᠤᠨ ᠰᠢᠯᠵᠢᠭᠦᠯᠦᠨ ᠦᠭᠬᠦ ᠪᠠ | ᠰᠢᠨ᠎ᠡ ᠪᠠᠷ ᠨᠡᠮᠡᠭᠳᠡᠭᠦᠯᠬᠦ ᠵᠢᠭᠡᠯᠡᠯᠭᠡ ᠶᠢᠨ ᠲᠡᠮᠳᠡᠭᠲᠦ ᠶᠢᠨ ᠲᠤᠭ᠎ᠠ ᠬᠡᠮᠵᠢᠶ᠎ᠡ ᠶᠢ ᠢᠲᠡᠪᠬᠢᠲᠠᠢ ᠴᠢᠷᠮᠠᠶᠢᠨ ᠣᠯᠬᠤ | ᠬᠡᠷᠡᠭᠲᠡᠢ᠃ ᠭᠤᠤᠯᠳᠠᠯᠭ᠎ᠠ ᠲᠠᠢ ᠵᠠᠷᠤᠯᠭ᠎ᠠ ᠶᠢᠨ ᠲᠦᠰᠦᠪ ᠢ ᠨᠢᠭᠡᠳᠦᠯᠲᠠᠢ ᠲᠦᠯᠦᠪᠯᠡᠨ ᠲᠤᠬᠢᠷᠠᠭᠤᠯᠵᠦ᠂ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ᠂ ᠭᠤᠷᠪᠠᠨ ᠶᠡᠭᠡ ᠰᠢᠪᠲᠤᠯᠤᠯᠲᠠ ᠶᠢᠨ | ᠳᠠᠶᠢᠯᠠᠯᠳᠤᠭᠠᠨ᠂ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ | ᠪᠠ ᠭᠤᠤᠯᠳᠠᠯᠭ᠎ᠠ ᠲᠠᠢ ᠲᠦᠷᠦᠯ ᠵᠦᠢᠯ ᠢ ᠲᠡᠮᠵᠢᠬᠦ ᠡᠷᠴᠢᠮ ᠢᠶᠠᠨ ᠴᠢᠩᠭᠠᠷᠠᠭᠤᠯᠵᠦ᠂ ᠡᠩ ᠤᠨ ᠴᠢᠨᠠᠷᠲᠠᠢ | ᠵᠠᠷᠤᠯᠭ᠎ᠠ ᠶᠢ 10% ᠶᠢᠨ ᠬᠠᠷᠢᠴᠠᠯ ᠢᠶᠠᠷ ᠦᠷᠭᠦᠯᠵᠢᠯᠡᠨ ᠪᠠᠭᠠᠰᠬᠠᠬᠤ ᠬᠡᠷᠡᠭᠲᠡᠢ᠃ ᠰᠢᠯᠵᠢᠭᠦᠯᠦᠨ ᠦᠭᠬᠦ | ᠡᠷᠴᠢᠮ ᠢᠶᠠᠨ ᠴᠢᠩᠭᠠᠷᠠᠭᠤᠯᠵᠦ᠂ ᠬᠦᠴᠢᠷᠳᠡᠯᠲᠠᠢ ᠭᠠᠵᠠᠷ ᠤᠷᠤᠨ ᠪᠤᠯᠤᠨ ᠦᠨᠳᠦᠰᠦᠨ ᠱᠠᠲᠤᠨ ᠤ ᠵᠠᠰᠠᠭ ᠤᠨ | ᠤᠷᠳᠤᠨ ᠤ ᠴᠠᠯᠢᠩ ᠢᠶᠠᠨ ᠪᠠᠲᠤᠯᠠᠬᠤ᠂ ᠠᠵᠢᠯᠯᠠᠭᠠᠨ ᠢᠶᠠᠨ ᠪᠠᠳᠣᠯᠠᠬᠤ᠂ ᠠᠷᠠᠳ ᠤᠨ ᠦᠨᠳᠦᠰᠦᠨ ᠠᠮᠢᠳᠤᠷᠠᠯ ᠢ | ᠪᠠᠲᠤᠯᠠᠬᠤ ᠴᠢᠳᠠᠪᠤᠷᠢ ᠶᠢ ᠴᠢᠩᠭᠠᠳᠬᠠᠬᠤ ᠬᠡᠷᠡᠭᠲᠡᠢ᠃ ᠬᠤᠶᠠᠷ ᠲᠤ ᠡᠳ᠋ ᠤᠨ ᠵᠠᠰᠠᠭ ᠭᠠᠶᠢᠯᠢ ᠲᠠᠲᠠᠪᠤᠷᠢ ᠶᠢᠨ | ᠪᠠᠶᠢᠭᠤᠯᠣᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠡᠳ᠋ ᠤᠨ ᠵᠠᠰᠠᠭ ᠤᠨ ᠬᠠᠮᠢᠶᠠᠷᠤᠯᠲᠠ ᠶᠢᠨ | ᠪᠠᠶᠢᠭᠤᠯᠣᠯ ᠢ ᠲᠡᠭᠦᠯᠳᠡᠷᠵᠢᠭᠦᠯᠦᠨ᠂ ᠥᠪᠡᠷᠳᠡᠭᠡᠨ ᠵᠠᠰᠠᠬᠤ ᠤᠷᠤᠨ ᠠᠴᠠ ᠲᠤᠷᠤᠭᠰᠢᠬᠢ ᠡᠳ᠋ ᠤᠨ ᠵᠠᠰᠠᠭ ᠤᠨ ᠠᠵᠢᠯ | ᠬᠡᠷᠡᠭ ᠬᠠᠮᠢᠶᠠᠷᠬᠤ ᠡᠷᠬᠡ ᠪᠤᠯᠤᠨ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠦᠭᠡᠷᠡᠴᠢᠯᠡᠯᠲᠡ ᠶᠢ | ᠠᠬᠢᠭᠤᠯᠵᠦ᠂ ᠥᠪᠡᠷᠳᠡᠭᠡᠨ ᠵᠠᠰᠠᠬᠤ ᠤᠷᠤᠨ ᠬᠢᠭᠡᠳ ᠠᠶᠢᠮᠠᠭ ᠬᠤᠲᠠ ᠶᠢᠨ ᠤᠷᠤᠯᠭ᠎ᠠ ᠶᠢᠨ ᠬᠤᠪᠢᠶᠠᠷᠢᠯᠠᠬᠤ | ᠶᠡᠷᠦᠩᠬᠡᠢ ᠲᠦᠰᠦᠯ ᠢ ᠰᠣᠳᠣᠯᠬᠤ ᠬᠡᠷᠡᠭᠲᠡᠢ᠃ ᠭᠠᠶᠢᠯᠢ ᠲᠠᠲᠠᠪᠤᠷᠢ ᠶᠢᠨ ᠲᠦᠷᠢᠮ ᠤᠨ ᠦᠭᠡᠷᠡᠴᠢᠯᠡᠯᠲᠡ ᠶᠢ | ᠭᠦᠨᠵᠡᠭᠡᠶᠢᠷᠡᠬᠦᠯᠦᠨ᠂ ᠤᠷᠤᠨ ᠨᠤᠲᠤᠭ ᠤᠨ ᠭᠠᠶᠢᠯᠢ ᠶᠢᠨ ᠰᠢᠰᠲ᠋ᠧᠮᠵᠢ ᠶᠢ ᠪᠦᠷᠢᠨᠰᠢᠭᠦᠯᠵᠦ᠂ ᠲᠦᠪ ᠬᠤᠷᠢᠶ᠎ᠠ ᠶᠢᠨ | ᠪᠠᠶᠢᠷᠢᠯᠠᠭᠤᠯᠤᠯᠲᠠ ᠶᠤᠰᠤᠭᠠᠷ ᠤᠷᠴᠢᠨ ᠲᠤᠭᠤᠷᠢᠨ ᠤ ᠬᠠᠮᠠᠭᠠᠯᠠᠯᠲᠠ ᠶᠢᠨ ᠭᠠᠶᠢᠯᠢ ᠪᠤᠯᠤᠨ ᠤᠰᠤᠨ ᠤ | ᠰᠤᠷᠪᠤᠯᠵᠢ ᠶᠢᠨ ᠭᠠᠶᠢᠯᠢ ᠲᠠᠲᠠᠪᠤᠷᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠭᠤᠷᠪᠠ ᠳᠤ ᠮᠦᠩᠭᠦᠨ | ᠭᠦᠢᠯᠭᠡᠭᠡᠨ ᠤ ᠪᠠᠶᠢᠭᠤᠯᠣᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠢᠲᠡᠭᠡᠮᠵᠢᠲᠦ ᠵᠢᠭᠡᠯᠡᠯᠭᠡ ᠶᠢᠨ | ᠪᠦᠲᠦᠴᠡ ᠶᠢ ᠰᠢᠯᠢᠳᠡᠭᠵᠢᠭᠦᠯᠵᠦ᠂ ᠪᠤᠳᠠᠲᠦ ᠴᠣᠭᠴᠠᠲᠤ ᠠᠵᠦ ᠠᠬᠤᠢ ᠳᠤ ᠦᠵᠡᠭᠦᠯᠬᠦ ᠮᠦᠩᠭᠦᠨ ᠭᠦᠢᠯᠭᠡᠭᠡᠨ ᠤ | ᠲᠡᠮᠵᠢᠯᠭᠡ ᠶᠢᠨ ᠡᠷᠴᠢᠮ ᠢ ᠴᠢᠩᠭᠠᠳᠬᠠᠬᠤ ᠬᠡᠷᠡᠭᠲᠡᠢ᠃ ᠤᠷᠤᠨ ᠤ ᠭᠠᠳᠠᠨᠠᠬᠢ ᠮᠦᠩᠭᠦᠨ ᠭᠦᠢᠯᠭᠡᠭᠡᠨ ᠤ | ᠪᠠᠶᠢᠭᠤᠯᠤᠮᠵᠢ ᠶᠢ ᠢᠲᠡᠪᠬᠢᠲᠠᠢ ᠲᠠᠲᠠᠨ ᠣᠷᠤᠭᠤᠯᠵᠤ᠂ ᠪᠠᠩᠬᠢ ᠶᠢᠨ ᠪᠤᠰᠤ ᠮᠦᠩᠭᠦᠨ ᠬᠦᠢᠯᠭᠡᠭᠡᠨ ᠤ ᠪᠠᠶᠢᠭᠤᠯᠤᠮᠵᠢ | ᠪᠠᠶᠢᠭᠤᠯᠬᠤ ᠶᠢ ᠠᠬᠢᠭᠤᠯᠤᠨ᠂ ᠣᠷᠣᠨ ᠪᠦᠰᠠ ᠶᠢᠨ ᠰᠲ᠋ᠤᠺ ᠤᠨ ᠡᠷᠬᠡ ᠶᠢᠨ ᠠᠷᠠᠯᠵᠢᠶᠠᠨ ᠤ ᠵᠠᠬ᠎ᠠ ᠲᠡᠯᠭᠡᠭᠦᠷ ᠢ | ᠵᠢᠷᠤᠮᠵᠢᠭᠤᠯᠤᠨ ᠬᠦᠭᠵᠢᠭᠦᠯᠵᠦ᠂ ᠬᠦᠳᠡᠭᠡ ᠲᠤᠰᠬᠤᠨ ᠤ ᠬᠤᠷᠰᠢᠬᠰᠠᠨ ᠮᠦᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠦᠮᠴᠢᠯᠡᠬᠦ ᠡᠷᠬᠡ ᠶᠢᠨ ᠦᠭᠡᠷᠡᠴᠢᠯᠡᠯᠲᠠ ᠶᠢᠨ ᠡᠷᠴᠢᠮ ᠢ ᠴᠢᠩᠭᠠᠷᠠᠭᠤᠯᠤᠨ᠂ ᠵᠠᠰᠠᠭ ᠤᠨ | ᠤᠷᠳᠤᠨ ᠤ ᠴᠢᠨᠠᠷᠲᠠᠢ ᠪᠡᠯᠡ ᠲᠣᠬᠢᠷᠠᠭᠤᠯᠭ᠎ᠠ ᠶᠢᠨ ᠲᠠᠭᠠᠭᠠᠯᠲᠠ ᠬᠢᠬᠦ ᠪᠤᠯᠤᠨ ᠲᠠᠬᠢᠨ ᠲᠠᠭᠠᠭᠠᠯᠲᠠ ᠬᠢᠬᠦ | ᠰᠢᠰᠲ᠋ᠧᠮᠵᠢ ᠶᠢ ᠲᠡᠭᠦᠯᠳᠡᠷᠵᠢᠭᠦᠯᠬᠦ ᠬᠡᠷᠡᠭᠲᠡᠢ᠃ | ᠲᠤᠯᠤᠭ᠎ᠠ᠂ ᠤᠯᠤᠰ ᠤᠨ ᠲᠤᠲᠤᠭᠠᠲᠦ ᠪᠠ ᠣᠯᠠᠨ ᠤᠯᠤᠰ ᠤᠨ ᠬᠤᠶᠠᠷ ᠵᠠᠬ᠎ᠠ ᠲᠡᠯᠭᠡᠭᠦᠷ ᠢ ᠨᠢᠭᠡᠳᠦᠯᠲᠠᠢ | ᠲᠦᠯᠦᠪᠯᠡᠵᠦ᠂ ᠲᠤᠲᠤᠭᠠᠲᠦ ᠭᠠᠳᠠᠭᠠᠳᠦ ᠳᠤ ᠨᠡᠭᠡᠭᠡᠯᠲᠡ ᠬᠢᠬᠦ ᠰᠢᠨ᠎ᠡ ᠪᠠᠶᠢᠷᠢᠰᠢᠯ ᠢ ᠬᠦᠴᠦᠯᠡᠨ ᠪᠠᠶᠢᠭᠤᠯᠤᠨ᠎ᠠ | ᠭᠠᠳᠠᠭᠠᠳᠦ ᠠᠷᠠᠯᠵᠢᠶᠠᠨ ᠤ ᠦᠭᠡᠳᠡᠯᠡᠨ ᠰᠠᠶᠢᠵᠢᠷᠠᠬᠤ ᠪᠠᠶᠢᠳᠠᠯ ᠬᠠᠨᠳᠤᠰᠢ ᠶᠢ ᠪᠠᠬᠢᠵᠢᠭᠦᠯᠦᠨ᠂ ︽ᠨᠢᠭᠡ | ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠪᠠᠷ ᠭᠤᠤᠯᠳᠠᠯᠭ᠎ᠠ ᠪᠣᠯᠭᠠᠨ᠂ ᠣᠷᠣᠨ ᠪᠦᠰᠠ ᠶᠢᠨ | ᠬᠠᠮᠲᠤᠷᠠᠯᠴᠠᠭ᠎ᠠ ᠶᠢ ᠴᠢᠩᠭᠠᠳᠬᠠᠵᠦ᠂ ᠨᠡᠭᠡᠭᠡᠯᠲᠡ ᠬᠢᠬᠦ ᠪᠠᠷ ᠲᠠᠮᠵᠢᠨ ᠪᠠᠷᠠᠭᠤᠨ ᠤᠷᠤᠨ ᠤ ᠬᠦᠭᠵᠢᠯᠲᠡ ᠶᠢ | ᠠᠬᠢᠭᠤᠯᠬᠤ ᠤᠯᠤᠰ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠨᠡᠭᠡᠭᠡᠯᠲᠡ ᠬᠢᠬᠦ ᠡᠷᠴᠢᠮ ᠢᠶᠠᠨ | ᠴᠢᠩᠭᠠᠷᠠᠭᠤᠯᠬᠤ ᠬᠡᠷᠡᠭᠲᠡᠢ᠃ | ᠭᠠᠳᠠᠭᠠᠲᠦ ᠠᠷᠠᠯᠵᠢᠶ᠎ᠠ ᠶᠢ ᠰᠢᠯᠢᠳᠡᠭᠵᠢᠭᠦᠯᠦᠨ ᠬᠦᠭᠵᠢᠭᠦᠯᠦᠨ᠎ᠡ᠃ ᠨᠢᠭᠡ ᠳᠤ ᠠᠷᠠᠯᠵᠢᠶᠠᠨ ᠤ ᠣᠯᠠᠨ | ᠡᠰᠢᠵᠢᠭᠰᠡᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠨ᠎ᠡ᠃ ᠭᠠᠳᠠᠭᠠᠲᠦ ᠠᠷᠠᠯᠵᠢᠶᠠᠨ ᠤ ᠰᠢᠯᠢᠳᠡᠭ ᠢ ᠨᠢ | ᠤᠷᠤᠭᠤᠯᠵᠦ ᠰᠢᠯᠢᠳᠡᠭ ᠢ ᠨᠢ ᠭᠠᠷᠭᠠᠬᠤ ᠶᠢ ᠠᠬᠢᠭᠤᠯᠵᠦ᠂ ᠠᠵᠦ ᠠᠬᠤᠶᠢᠯᠠᠯ ᠤᠳ ᠢ ᠵᠣᠷᠢᠬᠵᠢᠭᠤᠯᠤᠨ ᠲᠡᠷᠢᠭᠦᠨ ᠤ | ᠮᠡᠷᠭᠡᠵᠢᠯ ᠪᠤᠯᠤᠨ ᠲᠦᠬᠦᠭᠡᠷᠦᠮᠵᠢ ᠣᠷᠤᠭᠤᠯᠤᠨ᠂ ᠡᠬᠢ ᠪᠠᠶᠠᠯᠢᠭ ᠡᠨᠧᠷᠬᠢ ᠶᠢᠨ ᠲᠦᠷᠦᠯ ᠤᠨ ᠦᠢᠯᠡᠳᠬᠦᠨ ᠤ | ᠭᠠᠳᠠᠭᠠᠳᠤ ᠠᠴᠠ ᠤᠷᠤᠭᠤᠯᠬᠤ ᠬᠡᠪᠴᠢᠶ᠎ᠡ ᠶᠢ ᠦᠷᠭᠡᠳᠬᠡᠵᠦ᠂ ᠦᠢᠯᠡᠴᠢᠯᠡᠭᠡᠨ ᠤ ᠠᠷᠠᠯᠵᠢᠶ᠎ᠠ ᠪᠤᠯᠤᠨ ᠡᠳ᠋ᠰᠢᠭᠦᠯᠬᠦ | ᠠᠷᠠᠯᠵᠢᠶ᠎ᠠ ᠶᠢ ᠢᠲᠡᠪᠬᠢᠲᠠᠢ ᠬᠦᠭᠵᠢᠭᠦᠯᠦᠨ᠂ ︽ᠨᠢᠭᠡ ᠪᠦᠰᠡ ᠨᠢᠭᠡ ᠵᠠᠮ︾ ᠤᠨ ᠭᠤᠤᠯᠳᠠᠯᠭ᠎ᠠ ᠲᠠᠢ ᠵᠠᠬ᠎ᠠ | ᠲᠡᠯᠭᠡᠭᠦᠷ ᠢ ᠴᠢᠷᠮᠠᠶᠢᠨ ᠨᠡᠬᠡᠭᠡᠨ ᠦᠷᠭᠡᠳᠭᠡᠬᠦ ᠬᠡᠷᠡᠭᠲᠡᠢ᠃ ᠬᠤᠶᠠᠷ ᠲᠤ ᠠᠷᠠᠯᠵᠢᠶᠠᠨ ᠤ ᠲᠠᠪᠴᠠᠩ ᠤᠨ | ᠪᠠᠶᠢᠭᠤᠯᠤᠯᠲᠠ ᠶᠢ ᠴᠢᠩᠭᠠᠳᠬᠠᠨ᠎ᠠ᠃ ᠴᠢᠯᠦᠭᠡᠲᠦ ᠠᠷᠠᠯᠵᠢᠶ᠎ᠠ ᠶᠢᠨ ᠲᠤᠷᠰᠢᠯᠲᠠ ᠶᠢᠨ ᠣᠷᠣᠨ ᠪᠠᠶᠢᠭᠤᠯᠬᠤ ᠶᠢ | ᠢᠳᠡᠪᠬᠢᠲᠡᠢ ᠠᠬᠢᠭᠤᠯᠵᠤ᠂ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠲᠣᠭᠤᠷᠢᠭ ᠢ | ᠲᠦᠷᠭᠡᠳᠭᠡᠨ ᠪᠠᠶᠢᠭᠤᠯᠬᠤ ᠬᠡᠷᠡᠭᠲᠡᠢ᠃ ︽ᠭᠤᠷᠪᠠᠨ ᠬᠠᠷᠢᠯᠴᠠᠨ ᠮᠠᠶᠢᠮᠠᠶᠢᠯᠠᠬᠤ︾ ᠪᠣᠭᠤᠮᠲᠠ ᠶᠢᠨ ᠪᠦᠲᠦᠮᠵᠢᠲᠡᠢ | ᠠᠵᠢᠯᠯᠠᠭᠠᠨ ᠤ ᠥᠭᠡᠷᠡᠴᠢᠯᠡᠯᠲᠡ ᠶᠢ ᠠᠬᠢᠭᠤᠯᠵᠤ᠂ ᠣᠯᠠᠨ ᠤᠯᠤᠰ ᠤᠨ ᠠᠷᠠᠯᠵᠢᠶᠠᠨ ᠤ ︽ᠨᠢᠭᠡ ᠴᠣᠩᠬᠤ ᠪᠠᠷ | ᠦᠢᠯᠡᠴᠢᠯᠡᠬᠦ︾ ᠪᠠᠶᠢᠭᠤᠯᠤᠯᠲᠠ ᠶᠢ ᠲᠡᠭᠦᠯᠳᠡᠷᠵᠢᠭᠦᠯᠬᠦ ᠬᠡᠷᠡᠭᠲᠡᠢ᠃ ᠭᠤᠷᠪᠠ ᠳᠤ ᠭᠠᠳᠠᠭᠠᠳᠤ ᠠᠷᠠᠯᠵᠢᠶ᠎ᠠ ᠶᠢᠨ ᠰᠢᠨ᠎ᠡ | ᠡᠵᠡᠩᠨᠡᠯᠳᠡ ᠶᠢᠨ ᠪᠠᠶᠢᠳᠠᠯ᠂ ᠰᠢᠨ᠎ᠡ ᠵᠠᠭᠪᠤᠷ ᠢ ᠪᠤᠶᠢᠵᠢᠭᠤᠯᠤᠨ᠎ᠠ᠃ ᠤᠯᠤᠰ ᠤᠨ ᠬᠢᠯᠢ ᠠᠯᠤᠰᠯᠠᠭᠰᠠᠨ ᠡᠯᠧᠺᠲᠷᠤᠨ | ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠤᠷᠤᠨ ᠤ ᠲᠤᠷᠰᠢᠯᠭ᠎ᠠ ᠬᠢᠳᠡᠯ ᠢ ᠲᠡᠯᠭᠡᠷᠡᠭᠦᠯᠬᠦ | ᠪᠠ ᠵᠢᠷᠤᠮᠯᠠᠨ ᠳᠠᠭᠠᠵᠤ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡ ᠶᠢᠨ ᠠᠵᠦ ᠠᠬᠤᠶᠢᠯᠠᠯ ᠢ | ᠪᠤᠶᠢᠵᠢᠭᠤᠯᠵᠦ᠂ ᠮᠠᠨᠵᠤᠤᠷ᠂ ᠡᠷᠢᠶᠡᠨ ᠬᠤᠲᠠ ᠶᠢᠨ ᠵᠠᠬ᠎ᠠ ᠲᠡᠯᠭᠡᠭᠦᠷ ᠢᠶᠠᠷ ᠬᠤᠳᠠᠯᠳᠤᠨ ᠠᠪᠬᠤ ᠠᠷᠠᠯᠵᠢᠶ᠎ᠠ | ᠦᠷᠨᠢᠭᠦᠯᠬᠦ ᠶᠢ ᠳᠡᠮᠵᠢᠬᠦ ᠬᠡᠷᠡᠭᠲᠡᠢ᠃ | ︽ᠨᠢᠭᠡ ᠪᠦᠰᠡ ᠨᠢᠭᠡ ᠵᠠᠮ︾ ᠤᠨ ᠪᠠᠶᠢᠭᠤᠯᠤᠯᠲᠠ ᠶᠢ ᠠᠬᠢᠭᠤᠯᠤᠨ᠎ᠠ᠃ ᠨᠢᠭᠡ ᠳᠤ ᠬᠠᠮᠲᠤᠷᠠᠯᠴᠠᠭᠠᠨ ᠤ | ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠤᠯᠤᠰ ᠤᠨ ᠭᠤᠤᠯᠳᠠᠯᠭ᠎ᠠ ᠪᠤᠯᠭᠠᠨ ᠨᠡᠭᠡᠭᠡᠨ ᠬᠦᠭᠵᠢᠭᠦᠯᠵᠦ | ᠨᠡᠭᠡᠭᠡᠯᠲᠡ ᠬᠢᠬᠦ ᠲᠤᠷᠰᠢᠯᠲᠠ ᠶᠢᠨ ᠲᠤᠭᠤᠷᠢᠭ᠂ ᠡᠷᠢᠶᠡᠨ ᠬᠤᠲᠠ — ᠵᠠᠮ ᠤᠨ ᠡᠭᠦᠳᠡ ᠶᠢᠨ ᠬᠢᠯᠢ ᠠᠯᠤᠰᠯᠠᠭᠰᠠᠨ | ᠠᠵᠦ ᠠᠬᠤᠢ ᠶᠢᠨ ᠬᠠᠮᠲᠤᠷᠠᠯᠴᠠᠭᠠᠨ ᠤ ᠲᠣᠭᠤᠷᠢᠭ ᠤᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠦ᠂ | ᠥᠪᠡᠷᠳᠡᠭᠡᠨ ᠵᠠᠰᠠᠬᠤ ᠤᠷᠤᠨ ᠤ ᠭᠤᠤᠯᠳᠠᠯᠭ᠎ᠠ ᠲᠠᠢ ᠨᠡᠭᠡᠭᠡᠨ ᠬᠦᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ | ᠲᠤᠭᠤᠷᠢᠭ ᠢ ᠡᠬᠢᠯᠡᠭᠦᠯᠦᠨ ᠪᠠᠶᠢᠭᠤᠯᠵᠤ᠂ ᠮᠠᠨᠵᠤᠤᠷ᠂ ᠡᠷᠢᠶᠡᠨ ᠬᠤᠲᠠ ᠶᠢᠨ ᠬᠢᠯᠢ ᠠᠯᠤᠰᠯᠠᠭᠰᠠᠨ ᠵᠢᠭᠤᠯᠴᠢᠯᠠᠯ ᠤᠨ | ᠬᠠᠮᠲᠤᠷᠠᠯᠴᠠᠭᠠᠨ ᠤ ᠲᠤᠭᠤᠷᠢᠭ ᠢ ᠡᠭᠦᠳᠦᠨ ᠪᠠᠶᠢᠭᠤᠯᠬᠤ ᠬᠡᠷᠡᠭᠲᠡᠢ᠃ ᠬᠤᠶᠠᠷ ᠲᠤ ᠰᠠᠭᠤᠷᠢ ᠪᠡᠯᠡᠳᠭᠡᠮᠵᠢ ᠶᠢᠨ | ᠬᠤᠯᠪᠣᠭᠠᠯᠠᠨ ᠨᠡᠪᠲᠡᠷᠡᠭᠦᠯᠬᠦ ᠶᠢ ᠠᠬᠢᠭᠤᠯᠤᠨ᠎ᠠ᠃ ᠥᠪᠤᠷ ᠮᠤᠩᠭᠤᠯ ᠬᠢᠭᠡᠳ ᠤᠷᠤᠰ ᠮᠤᠩᠭᠤᠯ ᠤᠨ ᠰᠠᠭᠤᠷᠢ | ᠪᠡᠯᠡᠳᠭᠡᠮᠵᠢ ᠶᠢᠨ ᠬᠤᠯᠪᠣᠭᠠᠯᠠᠨ ᠨᠡᠪᠲᠡᠷᠡᠭᠦᠯᠬᠦ ᠶᠡᠷᠦᠩᠬᠡᠢ ᠲᠦᠯᠦᠪᠵᠢᠭᠦᠯᠭᠡ ᠶᠢ ᠲᠦᠷᠭᠡᠳᠭᠡᠨ ᠬᠡᠷᠡᠭᠵᠢᠭᠦᠯᠵᠦ᠂ | ᠳᠤᠮᠳᠠᠳᠦ ᠮᠤᠩᠭᠤᠯ ᠤᠷᠤᠰ ᠤᠨ ᠠᠵᠦ ᠠᠬᠤᠢ ᠶᠢᠨ ᠬᠤᠩᠬᠢᠯ ᠤᠨ ᠤᠷᠲᠤᠪᠲᠤᠷ ᠲᠡᠮᠦᠷ ᠵᠠᠮ ᠪᠤᠯᠤᠨ ᠬᠢᠯᠢ | ᠠᠯᠤᠰᠯᠠᠭᠰᠠᠨ ᠵᠠᠰᠠᠮᠠᠯ ᠵᠠᠮ ᠤᠨ ᠪᠦᠳᠣᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠬᠢᠭᠤᠯᠬᠤ ᠬᠡᠷᠡᠭᠲᠡᠢ᠃ | ᠭᠤᠷᠪᠠ ᠳᠤ ᠲᠤᠮᠳᠠᠳᠦ ᠡᠸᠦ᠋ᠷᠤᠫᠠ ᠶᠢᠨ ᠡᠭᠡᠯᠵᠢ ᠶᠢᠨ ᠭᠠᠯᠲᠦ ᠲᠡᠷᠭᠡ ᠶᠢᠨ ᠪᠠᠶᠢᠩᠭᠤᠵᠢᠭᠤᠯᠬᠤ ᠠᠵᠢᠯᠯᠠᠭᠠᠨ ᠢ | ᠠᠬᠢᠭᠤᠯᠤᠨ᠎ᠠ᠃ ᠲᠤᠮᠳᠠᠳᠦ ᠡᠸᠦ᠋ᠷᠤᠫᠠ ᠶᠢᠨ ᠡᠭᠡᠯᠵᠢ ᠶᠢᠨ ᠭᠠᠯᠲᠦ ᠲᠡᠷᠭᠡ ᠶᠢ ᠲᠡᠮᠵᠢᠬᠦ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠵᠦ᠂ ᠤᠯᠠᠭᠠᠨᠴᠠᠪ ᠤᠨ ᠵᠠᠩᠬᠢᠯᠠᠭ᠎ᠠ ᠶᠢᠨ ᠬᠤᠯᠪᠣᠭᠠᠰᠤ ᠪᠤᠯᠤᠨ ᠭᠤᠣᠯᠳᠠᠯᠭ᠎ᠠ ᠲᠠᠢ ᠪᠠᠷᠠᠭᠠᠨ ᠤ | ᠭᠦᠢᠯᠭᠡᠭᠡ ᠶᠢᠨ ᠲᠦᠪᠯᠡᠷᠡᠭᠦᠯᠵᠦ ᠬᠤᠪᠢᠶᠠᠷᠢᠯᠠᠬᠤ ᠬᠤᠯᠪᠣᠭᠠᠰᠤ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠬᠦ | ᠬᠡᠷᠡᠭᠲᠡᠢ᠃ | ᠣᠷᠣᠨ ᠪᠦᠰᠠ ᠶᠢᠨ ᠬᠠᠮᠳᠣᠷᠠᠯᠴᠠᠭ᠎ᠠ ᠶᠢ ᠦᠷᠭᠦᠯᠵᠢᠯᠡᠨ ᠭᠦᠨᠵᠡᠬᠡᠶᠢᠷᠡᠭᠦᠯᠣᠨᠡ᠃ ᠪᠡᠭᠡᠵᠢᠩ ᠦᠪᠤᠷ | ᠮᠣᠩᠭᠤᠯ ᠤᠨ ᠠᠵᠢᠯ ᠲᠦᠷᠣᠯ ᠨᠢᠭᠡᠲᠡᠨ ᠤ ᠬᠠᠮᠳᠣᠷᠠᠯᠴᠠᠭᠠᠨ ᠤ ᠬᠠᠪᠰᠣᠷᠣᠨ ᠲᠡᠳᠭᠦᠭᠦ ᠶᠢ ᠭᠦᠨᠵᠡᠬᠡᠶᠢᠷᠡᠭᠦᠯᠵᠤ᠂ | ᠨᠠᠶᠢᠰᠯᠠᠯ ᠤᠨ ᠪᠣᠰᠣ ᠴᠢᠳᠠᠮᠵᠢ ᠶᠢ ᠬᠤᠪᠢᠶᠠᠷᠢᠯᠠᠨ ᠰᠢᠢᠳᠪᠦᠷᠢᠯᠡᠬᠦ ᠳᠤ ᠢᠳᠡᠪᠬᠢᠳᠡᠢ ᠣᠷᠣᠯᠴᠠᠨ᠂ ᠨᠦᠭᠦᠴᠡᠯ ᠲᠠᠢ | ᠭᠦᠷᠢᠶᠡᠯᠡᠩ ᠲᠣᠭᠤᠷᠢᠭ ᠢ ᠪᠡᠭᠡᠵᠢᠩ ᠲᠢᠶᠠᠨᠵᠢᠨ ᠡᠾᠧᠪᠸᠢ ᠶᠢᠨ ᠡᠯ᠎ᠡ ᠲᠦᠷᠣᠯ ᠤᠨ ᠭᠦᠷᠢᠶᠡᠯᠡᠩ ᠲᠣᠭᠤᠷᠢᠭ ᠲᠠᠢ | ᠬᠠᠮᠳᠣᠪᠡᠷ ᠪᠠᠶᠢᠭᠤᠯᠵᠤ ᠬᠠᠮᠲᠤᠷᠠᠯᠴᠠᠬᠤ ᠶᠢ ᠦᠷᠨᠢᠭᠦᠯᠬᠦ ᠶᠢ ᠠᠬᠢᠭᠤᠯᠬᠤ ᠬᠡᠷᠡᠭᠲᠡᠢ᠃ ᠦᠪᠤᠷ ᠮᠤᠩᠭᠤᠯ ᠱᠠᠨ ᠰᠢ | ᠡᠾᠧᠪᠸᠢ ︵ᠣᠯᠠᠭᠠᠨᠴᠠᠪ ᠳ᠋ᠠᠲ᠋ᠦ᠋ᠡᠭ ᠴᠢᠭᠤᠯᠣᠯᠳᠣ ᠬᠠᠭᠠᠯᠭ᠎ᠠ︶ ᠶᠢᠨ ᠣᠷᠳᠣ ᠴᠠᠭᠠᠨ ᠬᠡᠷᠡᠮ ᠤᠨ ᠠᠯᠳᠡᠨ | ᠭᠤᠷᠪᠠᠯᠵᠢᠨ ᠬᠤᠶᠢᠭ ᠤᠨ ᠬᠠᠮᠲᠤᠷᠠᠯᠴᠠᠭ᠎ᠠ ᠶᠢᠨ ᠲᠣᠭᠤᠷᠢᠭ ᠤᠨ ᠪᠦᠳᠣᠭᠡᠨ ᠪᠠᠶᠢᠭᠤᠯᠣᠯᠳᠡ ᠶᠢ ᠲᠦᠷᠭᠡᠳᠭᠡᠵᠤ᠂ | ᠵᠡᠭᠦᠨ᠂ ᠲᠣᠮᠳᠡ᠂ ᠪᠠᠷᠠᠭᠤᠨ ᠬᠡᠰᠡᠭ ᠤᠨ ᠣᠷᠣᠨ ᠪᠦᠰᠠ ᠶᠢ ᠬᠤᠯᠪᠣᠭᠰᠠᠨ ᠶᠡᠷᠣᠩᠬᠡᠶᠢᠯᠡᠭᠰᠡᠨ ᠵᠠᠩᠬᠢᠯᠠᠭ᠎ᠠ ᠪᠠ | ᠬᠠᠮᠲᠤᠷᠠᠯᠴᠠᠭ᠎ᠠ ᠶᠢᠨ ᠵᠢᠱᠢᠶ᠎ᠠ ᠦᠵᠡᠭᠦᠯᠭᠦ ᠲᠣᠭᠤᠷᠢᠭ ᠢ ᠪᠠᠶᠢᠭᠤᠯᠬᠤ ᠬᠡᠷᠡᠭᠲᠡᠢ᠃ ᠬᠥᠬᠡ ᠮᠦᠷᠡᠨ ᠤ ᠠᠵᠤ | ᠠᠬᠤᠢ ᠶᠢᠨ ᠪᠦᠰᠠ᠂ ᠲᠠᠯᠠᠢ ᠲᠠᠭᠠᠣ ᠶᠢᠨ ᠭᠦᠭᠵᠢᠭᠰᠡᠨ ᠭᠠᠵᠠᠷ ᠣᠷᠣᠨ᠂ ᠭᠤᠸᠠᠩᠳᠦ᠋ᠡᠭ ᠰᠢᠶᠠᠩᠭᠠᠡᠭ ᠣᠣᠮᠧᠨ | ᠵᠡᠷᠭᠡ ᠭᠠᠵᠠᠷ ᠯᠤᠭ᠎ᠠ ᠶᠢᠨ ᠠᠵᠤ ᠠᠬᠤᠢ ᠠᠷᠠᠯᠵᠢᠶᠠᠨ ᠤ ᠬᠠᠮᠳᠣᠷᠠᠯᠴᠠᠭ᠎ᠠ ᠶᠢ ᠴᠢᠩᠭᠠᠳᠬᠠᠵᠤ᠂ ᠵᠡᠭᠦᠨ ᠡᠮᠣᠨᠡᠳᠣ | ᠲᠠᠯᠠᠢ ᠲᠠᠭᠠᠤ ᠶᠢᠨ ᠭᠦᠭᠵᠢᠭᠰᠡᠨ ᠭᠠᠵᠠᠷ ᠣᠷᠣᠨ ᠲᠠᠢ ᠠᠵᠢᠯ ᠲᠦᠷᠣᠯ ᠢᠶᠠᠷ ᠢᠶᠠᠨ ᠬᠠᠮᠲᠤᠷᠠᠯᠴᠠᠬᠤ ᠲᠣᠭᠳᠠᠴᠠ | ᠪᠠᠶᠢᠭᠤᠯᠬᠤ ᠶᠢ ᠠᠬᠢᠭᠤᠯᠬᠤ ᠬᠡᠷᠡᠭᠲᠡᠢ᠃ | ᠤᠷᠤᠭᠤᠯᠵᠦ ᠠᠪᠴᠢᠷᠠᠬᠤ ᠪᠠ ᠭᠠᠷᠭᠠᠵᠤ ᠶᠠᠪᠤᠭᠤᠯᠬᠤ ᠶᠢ ᠲᠦᠷᠭᠡᠳᠭᠡᠨ᠎ᠡ᠃ ᠨᠢᠭᠡ ᠳᠤ ᠬᠤᠳᠠᠯᠳᠤᠭᠠᠴᠢᠨ | ᠤᠷᠢᠵᠦ ᠪᠡᠯᠡ ᠤᠷᠤᠭᠤᠯᠬᠤ ᠶᠢ ᠶᠡᠬᠡᠪᠡᠷ ᠴᠢᠩᠭᠠᠳᠬᠠᠨ᠎ᠠ᠃ ᠬᠤᠳᠠᠯᠳᠤᠭᠠᠴᠢᠨ ᠤᠷᠢᠵᠦ ᠪᠡᠯᠡ ᠤᠷᠤᠭᠤᠯᠬᠤ | ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠦ᠂ ᠭᠠᠳᠠᠭᠠᠳᠤ ᠪᠡᠯᠡ ᠶᠢᠨ ᠵᠦᠪᠰᠢᠶᠡᠷᠡᠨ | ᠣᠷᠤᠭᠤᠯᠬᠤ ᠬᠢᠵᠠᠭᠠᠷᠯᠠᠯ ᠢ ᠤᠯᠠᠮ ᠨᠢᠭᠡ ᠠᠯᠬᠤᠮ ᠪᠠᠭᠠᠰᠬᠠᠵᠦ᠂ ᠣᠷᠤᠭᠤᠯᠵᠤ ᠠᠪᠴᠢᠷᠠᠬᠤ ᠲᠦᠷᠦᠯ ᠵᠦᠢᠯ ᠤᠨ | ᠮᠦᠷᠳᠡᠨ ᠦᠢᠯᠡᠴᠢᠯᠡᠬᠦ ᠲᠤᠭᠲᠠᠴᠠ ᠶᠢ ᠪᠦᠷᠢᠨᠰᠢᠭᠦᠯᠵᠦ᠂ ᠡᠵᠡᠩᠨᠡᠨ ᠬᠤᠳᠠᠯᠳᠤᠭᠠᠯᠠᠬᠤ ᠤᠷᠴᠢᠨ ᠨᠦᠬᠦᠴᠡᠯ ᠢ | ᠰᠢᠯᠢᠳᠡᠭᠵᠢᠭᠦᠯᠬᠦ ᠬᠡᠷᠡᠭᠲᠡᠢ᠃ ᠬᠤᠶᠠᠷ ᠲᠤ ᠤᠯᠠᠨ ᠤᠯᠤᠰ ᠤᠨ ᠮᠥᠩᠭᠦᠨ ᠭᠦᠢᠯᠭᠡᠭᠡᠨ ᠤ ᠵᠤᠬᠢᠶᠠᠨ ᠪᠠᠶᠢᠭᠤᠯᠤᠯᠲᠠ | ᠪᠠ ᠭᠠᠳᠠᠭᠠᠳᠤ ᠤᠯᠤᠰ ᠤᠨ ᠵᠠᠰᠠᠭ ᠤᠨ ᠤᠷᠳᠤᠨ ᠤ ᠵᠢᠭᠡᠯᠡᠯᠭᠡ ᠶᠢᠨ ᠬᠡᠷᠡᠭᠯᠡᠭᠦ ᠬᠡᠪᠴᠢᠶ᠎ᠡ ᠶᠢ ᠥᠷᠭᠡᠳᠭᠡᠨ᠎ᠡ᠃ ᠠᠮᠢ | ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ᠂ ᠰᠤᠶᠤᠯ ᠤᠨ ᠦᠪ ᠤᠨ ᠬᠠᠮᠠᠭᠠᠯᠠᠯᠲᠠ᠂ ᠰᠢᠨ᠎ᠡ ᠬᠡᠯᠪᠡᠷᠢ ᠶᠢᠨ | ᠬᠤᠲᠠ ᠪᠠᠯᠭᠠᠰᠤᠴᠢᠯᠠᠯᠲᠠ᠂ ᠴᠡᠪᠡᠷ ᠡᠨᠧᠷᠬᠢ ᠵᠡᠷᠭᠡ ᠬᠦᠷᠢᠶ᠎ᠡ ᠴᠠᠷᠠᠭ᠎ᠠ ᠳᠤ ᠨᠢᠭᠡ ᠪᠦᠯᠦᠭ ᠲᠦᠷᠦᠯ ᠵᠦᠢᠯ ᠢ | ᠵᠤᠬᠢᠶᠠᠨ ᠪᠠᠶᠢᠭᠤᠯᠤᠨ ᠭᠤᠶᠤᠴᠢᠯᠠᠨ ᠮᠡᠳᠡᠭᠦᠯᠵᠦ᠂ ᠡᠬᠢᠨ ᠤ ᠬᠤᠭᠤᠴᠠᠭᠠᠨ ᠤ ᠠᠵᠢᠯ ᠪᠠ ᠬᠢᠨᠠᠨ ᠵᠦᠪᠰᠢᠶᠡᠷᠡᠭᠦᠯᠭᠦ | ᠠᠬᠢᠴᠠ ᠶᠢ ᠲᠦᠷᠭᠡᠳᠭᠡᠵᠦ᠂ ᠲᠦᠷᠦᠯ ᠵᠦᠢᠯ ᠤᠨ ᠪᠣᠳᠠᠲᠠᠶᠢᠵᠢᠨ ᠨᠠᠶᠢᠳᠠᠪᠤᠷᠢᠵᠢᠬᠤ ᠶᠢ ᠠᠬᠢᠭᠤᠯᠬᠤ ᠬᠡᠷᠡᠭᠲᠡᠢ᠃ | ᠭᠤᠷᠪᠠ ᠳᠤ ᠭᠠᠳᠠᠭᠠᠳᠤ ᠳᠤ ᠪᠡᠯᠡ ᠤᠷᠤᠭᠤᠯᠬᠤ ᠶᠢ ᠡᠮᠬᠢ ᠵᠢᠷᠤᠮ ᠲᠠᠢ ᠪᠠᠷ ᠬᠦᠲᠦᠯᠦᠨ ᠵᠢᠯᠤᠭᠤᠳᠴᠦ ᠲᠡᠮᠵᠢᠨ᠎ᠡ᠃ | ᠬᠢᠯᠢ ᠶᠢᠨ ᠭᠠᠳᠠᠨ᠎ᠠ ᠪᠡᠯᠡ ᠤᠷᠤᠭᠤᠯᠬᠤ ᠶᠢ ᠬᠦᠲᠦᠯᠦᠨ ᠵᠢᠯᠣᠭᠤᠳᠬᠤ ᠪᠠ ᠵᠢᠷᠤᠮᠵᠢᠭᠤᠯᠤᠨ᠂ ᠨᠦᠭᠦᠴᠡᠯ ᠲᠠᠢ | ᠠᠵᠦ ᠠᠬᠤᠶᠢᠢᠯᠠᠯ ᠤᠳ ᠮᠤᠩᠭᠤᠯ ᠤᠯᠤᠰ᠂ ᠤᠷᠤᠰ ᠲᠤ ᠬᠠᠮᠲᠤᠷᠠᠯᠴᠠᠭ᠎ᠠ ᠶᠢᠨ ᠠᠵᠦ ᠦᠢᠯᠡᠳᠪᠤᠷᠢ ᠶᠢᠨ | ᠬᠦᠷᠢᠶᠡᠯᠡᠩ ᠲᠤᠭᠤᠷᠢᠭ ᠪᠠᠶᠢᠭᠤᠯᠬᠤ ᠶᠢ ᠳᠡᠮᠵᠢᠵᠤ᠂ ᠤᠯᠠᠭᠠᠨ ᠡᠭᠦᠳᠡ ᠶᠢᠨ ᠮᠤᠳᠤᠨ ᠮᠠᠲ᠋ᠧᠷᠢᠶᠠᠯ ᠡᠳ᠋ᠰᠢᠭᠦᠯᠬᠦ | ᠬᠦᠷᠢᠶᠡᠯᠡᠩ ᠲᠤᠭᠤᠷᠢᠭ ︵ᠤᠷᠤᠰ︶ ᠪᠠ ᠦᠪᠦᠷ ᠮᠤᠩᠭᠤᠯ ᠤᠨ ᠬᠢᠯᠢ ᠶᠢᠨ ᠭᠠᠳᠠᠨᠠᠬᠢ ᠠᠵᠦ ᠠᠬᠤᠢ | ᠠᠷᠠᠯᠵᠢᠶᠠᠨ ᠤ ᠬᠥᠷᠢᠶᠡᠯᠡᠩ ᠳᠤᠭᠤᠷᠢᠭ ︵ᠮᠤᠩᠭᠤᠯ ᠤᠯᠤᠰ︶ ᠤᠨ ᠪᠥᠳᠥᠭᠡᠨ ᠪᠠᠶᠢᠭᠤᠯᠤᠯᠳᠠ ᠶᠢ | ᠭᠤᠤᠯᠳᠠᠯᠭ᠎ᠠ ᠲᠠᠢ ᠠᠬᠢᠭᠤᠯᠬᠤ ᠬᠡᠷᠡᠭᠲᠡᠢ᠃ | ᠨᠠᠢᠮᠠ᠂ ᠠᠷᠠᠳ ᠳᠥᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠵᠤ᠂ ᠠᠷᠠᠳ ᠤᠨ ᠠᠮᠢᠳᠤᠷᠠᠯ ᠢ ᠪᠠᠳᠤᠯᠠᠨ | ᠰᠠᠶᠢᠵᠢᠷᠠᠭᠤᠯᠬᠤ ᠪᠠᠷ ᠬᠥᠴᠥᠯᠡᠨ᠎ᠡ᠃ | ︽ᠬᠤᠷᠢᠭ᠎ᠠ ᠱᠤᠭᠤᠮ ᠢ ᠪᠠᠳᠤ ᠰᠠᠬᠢᠬᠤ᠂ ᠭᠤᠤᠯᠳᠠᠯᠭ᠎ᠠ ᠪᠠᠨ ᠳᠤᠪᠤᠶᠢᠯᠭᠠᠬᠤ᠂ ᠳᠥᠷᠢᠮ ᠢᠶᠠᠨ | ᠳᠡᠭᠦᠯᠳᠡᠷᠵᠢᠭᠦᠯᠬᠦ᠂ ᠵᠢᠱᠢᠯᠲᠡ ᠶᠢ ᠬᠦᠲᠦᠯᠦᠨ ᠵᠢᠯᠣᠭᠤᠳᠬᠤ︾ ᠱᠠᠭᠠᠷᠳᠠᠯᠭ᠎ᠠ ᠶᠤᠰᠤᠭᠠᠷ᠂ ᠠᠷᠠᠳ ᠤᠯᠠᠨ ᠤ | ᠬᠠᠯᠠᠮᠵᠢᠯᠠᠵᠤ ᠪᠠᠶᠢᠭ᠎ᠠ ᠰᠢᠨ᠎ᠡ ᠬᠠᠭᠤᠴᠢᠨ ᠠᠰᠠᠭᠤᠳᠠᠯ ᠳᠤ ᠴᠢᠭᠯᠡᠭᠦᠯᠦᠨ ᠲᠦᠢᠯ ᠤᠨ ᠣᠨᠣᠪᠴᠢᠲᠠᠢ ᠪᠠᠷ ᠠᠷᠭ᠎ᠠ | ᠪᠤᠳᠤᠯᠭ᠎ᠠ ᠬᠡᠷᠡᠭᠯᠡᠨ᠂ ᠠᠷᠠᠳ ᠣᠯᠠᠨ ᠳᠤ ᠨᠡᠩ ᠤᠯᠠᠨ ᠬᠦᠷᠲᠡᠭᠡᠮᠵᠢᠲᠡᠢ ᠪᠠᠶᠢᠬᠤ ᠳᠥᠷᠥᠭᠳᠡᠯ᠂ ᠵᠤᠯ ᠵᠢᠷᠭᠠᠯ ᠲᠠᠢ | ᠪᠠᠶᠢᠬᠤ ᠳᠥᠷᠥᠭᠳᠡᠯ ᠪᠣᠯᠣᠨ ᠠᠮᠤᠷ ᠳᠥᠪᠰᠢᠨ ᠤ ᠳᠥᠷᠥᠭᠳᠡᠯ ᠲᠠᠢ ᠪᠣᠯᠭᠠᠬᠤ ᠬᠡᠷᠡᠭᠲᠡᠢ᠃ | ᠡᠷᠬᠡ ᠲᠡᠭᠰᠢ ᠪᠥᠭᠡᠳ ᠴᠢᠨᠠᠷ ᠰᠠᠶᠢᠲᠠᠢ ᠰᠤᠷᠭᠠᠨ ᠬᠥᠮᠥᠵᠢᠯ ᠢ ᠬᠥᠭᠵᠢᠭᠦᠯᠦᠨ᠎ᠡ᠃ ᠭᠤᠷᠪᠠᠲᠤᠭᠠᠷ | ᠬᠤᠭᠤᠴᠠᠭᠠᠨ ᠤ ︽ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠭᠤᠷᠪᠠᠨ ᠵᠢᠯ ᠤᠨ ᠠᠵᠢᠯᠯᠠᠭᠠᠨ ᠤ | ᠲᠦᠯᠦᠪᠯᠡᠭᠡ︾ ᠶᠢ ᠬᠡᠷᠡᠭᠵᠢᠬᠦᠯᠵᠦ᠂ ᠨᠢᠭᠡ ᠪᠦᠯᠦᠭ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠪᠡ | ᠥᠭᠡᠷᠡᠴᠢᠯᠡᠵᠦ ᠦᠷᠭᠡᠳᠭᠡᠨ ᠪᠠᠶᠢᠭᠤᠯᠬᠤ ᠬᠡᠷᠡᠭᠲᠡᠢ᠃ ᠦᠨᠳᠦᠰᠦᠨ ᠤᠯᠠᠨ ᠨᠡᠶᠢᠲᠡ ᠶᠢᠨ ᠰᠤᠷᠭᠠᠨ ᠬᠦᠮᠦᠵᠢᠯ ᠤᠨ | ᠦᠢᠯᠡᠴᠢᠯᠡᠭᠡᠨ ᠤ ᠢᠨᠵᠧᠨᠧᠷᠢᠩ ᠢ ᠬᠡᠷᠡᠭᠵᠢᠬᠦᠯᠵᠦ᠂ 90% ᠠᠴᠠ ᠳᠡᠭᠡᠭᠰᠢᠬᠢ ︽ᠠᠨᠠᠢ ᠶᠢ ᠨᠢ ᠪᠦᠬᠦ ᠲᠠᠯ᠎ᠠ ᠪᠠᠷ | ᠦᠭᠡᠷᠡᠴᠢᠯᠡᠬᠦ︾ ᠡᠭᠦᠷᠭᠡ ᠶᠢ ᠪᠡᠶᠡᠯᠡᠭᠦᠯᠬᠦ ᠬᠡᠷᠡᠭᠲᠡᠢ᠃ ᠰᠢᠶᠠᠨ ᠤ ᠬᠡᠪᠴᠢᠶᠠᠨ ᠤ ᠠᠯᠪᠠᠨ ᠵᠢᠷᠦᠮ ᠤᠨ ᠰᠤᠷᠭᠠᠨ | ᠬᠦᠮᠦᠵᠢᠯ ᠤᠨ ᠲᠡᠩᠴᠡᠭᠦᠷᠢᠲᠡᠢ ᠬᠦᠭᠵᠢᠬᠦ ᠶᠢ ᠲᠦᠷᠭᠡᠳᠬᠡᠵᠦ᠂ ᠵᠢᠯ ᠤᠨ ᠲᠤᠲᠤᠷ᠎ᠠ ᠬᠤᠰᠢᠭᠤ ᠰᠢᠶᠠᠨ ︵ᠬᠤᠲᠠ᠂ | ᠲᠤᠭᠤᠷᠢᠭ︶ ᠪᠦᠬᠦᠨ ᠤ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠲᠡᠩᠴᠡᠭᠦᠷᠢᠲᠡᠢ ᠬᠦᠭᠵᠢᠬᠦ ᠶᠢ ᠤᠯᠤᠰ ᠤᠨ | ᠦᠨᠡᠯᠡᠨ ᠵᠢᠱᠢᠵᠦ ᠮᠠᠭᠠᠳᠯᠠᠨ ᠲᠣᠭᠲᠠᠭᠠᠬᠤ ᠳᠤ ᠪᠠᠲᠤᠯᠠᠭᠤᠯᠬᠤ ᠪᠠᠷ ᠴᠢᠷᠮᠠᠶᠢᠬᠤ ᠬᠡᠷᠡᠭᠲᠡᠢ᠃ ᠦᠨᠳᠦᠷ ᠵᠡᠷᠭᠡ ᠶᠢᠨ | ᠲᠤᠮᠲᠠᠲᠤ ᠰᠤᠷᠭᠠᠭᠤᠯᠢ ᠶᠢᠨ ᠱᠠᠲᠤ ᠥᠶ᠎ᠡ ᠶᠢᠨ ᠰᠤᠷᠭᠠᠨ ᠬᠦᠮᠦᠵᠢᠯ ᠢ ᠲᠦᠭᠡᠮᠡᠯᠵᠢᠬᠦᠯᠬᠦ ᠶᠢ ᠠᠬᠢᠭᠤᠯᠵᠤ᠂ ᠲᠡᠭᠡᠳᠦ | ᠵᠡᠷᠭᠡ ᠶᠢᠨ ᠰᠤᠷᠭᠠᠨ ᠬᠦᠮᠦᠵᠢᠯ ᠤᠨ ︽ᠬᠤᠤᠰ ᠲᠡᠷᠢᠬᠦᠨ︾ ᠤ ᠪᠦᠲᠦᠭᠡᠨ ᠪᠠᠶᠢᠭᠤᠯᠤᠯᠲᠠ ᠶᠢ ᠳᠡᠮᠵᠢᠬᠦ ᠬᠡᠷᠡᠭᠲᠡᠢ᠃ | ᠤᠲᠤ ᠦᠶ᠎ᠠ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠰᠢᠰᠲ᠋ᠧᠮᠵᠢ ᠶᠢ ᠲᠡᠭᠦᠯᠲᠡᠷᠵᠢᠬᠦᠯᠵᠦ᠂ | ᠦᠢᠯᠡᠳᠪᠦᠷᠢᠯᠡᠬᠦ ᠰᠤᠷᠭᠠᠬᠤ ᠶᠢ ᠠᠭᠤᠰᠤᠯᠴᠠᠭᠤᠯᠬᠤ ᠪᠠ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠬᠤ ᠶᠢ | ᠠᠬᠢᠭᠤᠯᠬᠤ ᠬᠡᠷᠡᠭᠲᠡᠢ᠃ ᠦᠨᠳᠦᠰᠦᠲᠡᠨ ᠤ ᠰᠤᠷᠭᠠᠨ ᠬᠦᠮᠦᠵᠢᠯ ᠢ ᠡᠩ ᠲᠡᠷᠢᠬᠦᠨ ᠳᠤ ᠭᠤᠤᠯᠲᠠᠯᠭ᠎ᠠ ᠲᠠᠢ | ᠬᠦᠭᠵᠢᠬᠦᠯᠵᠦ᠂ ᠣᠨᠴᠣᠭᠤᠢ ᠰᠤᠷᠭᠠᠨ ᠬᠦᠮᠦᠵᠢᠯ᠂ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ᠂ | ᠦᠷᠭᠦᠯᠵᠢᠯᠡᠭᠰᠡᠨ ᠰᠤᠷᠭᠠᠨ ᠬᠦᠮᠦᠵᠢᠯ ᠢ ᠨᠢᠭᠡᠲᠦᠯᠲᠡᠢ ᠲᠦᠯᠦᠪᠯᠡᠨ ᠠᠬᠢᠭᠤᠯᠬᠤ ᠬᠡᠷᠡᠭᠲᠡᠢ᠃ | ᠠᠵᠢᠯ ᠤᠯᠭᠤᠯᠲᠠ ᠶᠢᠨ ᠴᠢᠨᠠᠷ ᠴᠢᠨᠰᠠᠭ᠎ᠠ ᠪᠠ ᠠᠷᠠᠳ ᠤᠨ ᠤᠷᠤᠯᠭ᠎ᠠ ᠶᠢᠨ ᠬᠢᠷᠢ ᠲᠦᠪᠰᠢᠨ ᠢ | ᠲᠡᠭᠡᠭᠰᠢᠯᠡᠬᠦᠯᠦᠨ᠎ᠡ᠃ ᠠᠵᠢᠯ ᠤᠯᠭᠤᠯᠲᠠ ᠶᠢ ᠲᠡᠷᠢᠬᠦᠨ ᠳᠤ ᠪᠠᠶᠢᠯᠭᠠᠬᠤ ᠪᠠᠶᠢᠯᠲᠤᠬᠤ ᠪᠤᠲᠤᠯᠭ᠎ᠠ ᠪᠠ | ᠢᠲᠡᠪᠬᠢᠲᠡᠢ ᠪᠠᠷ ᠠᠵᠢᠯ ᠣᠯᠭᠤᠬᠤ ᠲᠦᠷᠦ ᠶᠢᠨ ᠪᠤᠲᠤᠯᠭ᠎ᠠ ᠶᠢ ᠪᠠᠷᠢᠮᠲᠠᠯᠠᠵᠤ᠂ ᠶᠡᠭᠡ ᠲᠡᠭᠡᠳᠦ ᠰᠤᠷᠭᠠᠭᠤᠯᠢ | ᠲᠡᠭᠦᠰᠦᠭᠰᠡᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠬᠤ ᠲᠦᠯᠦᠪᠯᠡᠭᠡ ᠪᠠ ︽ᠠᠳᠠᠯ | ᠦᠢᠯᠡᠰ ᠴᠣᠭᠴᠠᠯᠠᠬᠤ ᠦᠪᠦᠷ ᠮᠤᠩᠭᠤᠯ︾ ᠤᠨ ᠠᠵᠢᠯᠯᠠᠭᠠᠨ ᠤ ᠲᠦᠯᠦᠪᠯᠡᠭᠡ ᠶᠢ ᠭᠦᠨᠵᠡᠭᠡᠶᠢᠷᠡᠬᠦᠯᠦᠨ | ᠬᠡᠷᠡᠭᠵᠢᠬᠦᠯᠵᠦ᠂ ᠲᠠᠷᠢᠶᠠᠴᠢᠨ ᠬᠦᠴᠦ ᠶᠠᠪᠤᠭᠴᠢ᠂ ᠦᠢᠯᠡᠳᠪᠦᠷᠢᠯᠡᠬᠦ ᠴᠢᠳᠠᠮᠵᠢ ᠶᠢ ᠪᠠᠭᠠᠰᠬᠠᠵᠤ ᠬᠤᠪᠢᠶᠠᠷᠢᠯᠠᠨ | ᠰᠠᠯᠭᠠᠵᠤ ᠲᠦᠪᠬᠢᠨᠡᠬᠦᠯᠬᠦ᠂ ᠬᠤᠲᠠ ᠪᠠᠯᠭᠠᠰᠤ ᠶᠢᠨ ᠠᠵᠢᠯ ᠤᠯᠬᠤ ᠳᠤ ᠬᠦᠴᠢᠷᠲᠡᠢ ᠪᠠᠶᠢᠬᠤ ᠵᠡᠷᠭᠡ ᠬᠦᠮᠦᠰ ᠤᠨ | ᠠᠵᠢᠯ ᠣᠯᠬᠤ ᠪᠠ ᠴᠡᠷᠢᠭ ᠤᠨ ᠠᠯᠪᠠ ᠠᠴᠠ ᠪᠠᠭᠤᠭᠰᠠᠳ ᠢ ᠲᠦᠪᠬᠢᠨᠡᠬᠦᠯᠬᠦ ᠠᠵᠢᠯ ᠢ ᠯᠠᠪᠲᠠᠭᠤᠨ ᠪᠠᠲᠤᠲᠠᠢ | ᠰᠠᠶᠢᠲᠤᠷ ᠬᠢᠬᠦ ᠬᠡᠷᠡᠭᠲᠡᠢ᠃ ᠤᠷᠤᠯᠭ᠎ᠠ ᠶᠢᠨ ᠬᠤᠪᠢᠶᠠᠷᠢᠯᠠᠯᠲᠠ ᠶᠢᠨ ᠲᠦᠷᠢᠮ ᠤᠨ ᠦᠭᠡᠷᠡᠴᠢᠯᠡᠯᠲᠡ ᠶᠢ | ᠭᠦᠨᠵᠡᠭᠡᠶᠢᠷᠡᠬᠦᠯᠦᠨ᠂ ᠤᠯᠤᠰ ᠤᠨ ᠨᠢᠭᠡᠲᠦᠯᠲᠡᠢ ᠪᠠᠶᠢᠷᠢᠯᠠᠭᠤᠯᠤᠯᠲᠠ ᠶᠢ ᠦᠨᠳᠦᠰᠦᠯᠡᠨ᠂ ᠠᠯᠪᠠᠨ ᠪᠠᠶᠢᠭᠤᠯᠭ᠎ᠠ | ᠠᠵᠢᠯ ᠦᠢᠯᠡᠰ ᠤᠨ ᠨᠢᠭᠡᠴᠡ ᠶᠢᠨ ᠦᠨᠳᠦᠰᠦᠨ ᠴᠠᠯᠢᠩ ᠤᠨ ᠪᠠᠷᠢᠮᠵᠢᠶ᠎ᠠ ᠳᠤ ᠲᠤᠬᠢᠷᠠᠭᠤᠯᠤᠯᠲᠠ ᠬᠢᠵᠦ᠂ ᠭᠠᠵᠠᠷ | ᠤᠷᠤᠨ ᠤ ᠨᠡᠮᠡᠯᠲᠡ ᠨᠡᠮᠡᠯᠭᠡ ᠶᠢᠨ ᠲᠦᠷᠢᠮ ᠢ ᠬᠡᠷᠡᠭᠵᠢᠬᠦᠯᠵᠦ᠂ ᠠᠯᠪᠠᠲᠠᠨ ᠤ ᠱᠠᠩᠨᠠᠯ ᠤᠨ ᠮᠦᠩᠭᠦ ᠶᠢᠨ ᠲᠦᠷᠢᠮ ᠢ | ᠲᠡᠭᠦᠯᠳᠡᠷᠵᠢᠭᠦᠯᠬᠦ ᠬᠡᠷᠡᠭᠲᠡᠢ᠃ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠪᠦᠬᠦ | ᠠᠷᠠᠳ ᠢᠶᠠᠷ ᠢᠶᠠᠨ ᠲᠠᠭᠠᠳᠬᠠᠯ ᠳᠤ ᠤᠷᠤᠯᠴᠠᠬᠤ ᠲᠦᠯᠦᠪᠯᠡᠭᠡ ᠶᠢ ᠪᠦᠬᠦ ᠲᠠᠯ᠎ᠠ ᠪᠠᠷ ᠬᠡᠷᠡᠭᠵᠢᠬᠦᠯᠵᠦ᠂ ᠬᠠᠦᠯᠢ ᠪᠠᠷ | ᠲᠤᠭᠲᠠᠭᠠᠭᠰᠠᠨ ᠬᠦᠮᠦᠰ ᠢ ᠨᠡᠶᠢᠳᠡᠮ ᠬᠠᠮᠤᠷᠬᠤ ᠶᠢ ᠦᠨᠳᠦᠰᠦᠨ ᠳᠡᠭᠡᠨ ᠪᠡᠶᠡᠯᠡᠭᠦᠯᠬᠦ ᠬᠡᠷᠡᠭᠲᠡᠢ᠃ ᠠᠵᠤ ᠠᠬᠤᠶᠢᠯᠠᠯ | ᠪᠠ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯ ᠠᠴᠠ ᠪᠠᠨ ᠪᠠᠭᠤᠵᠤ ᠠᠮᠠᠷᠠᠭᠰᠠᠳ ᠤᠨ | ᠦᠨᠳᠦᠰᠦᠨ ᠨᠠᠰᠤᠵᠢᠯ ᠤᠨ ᠮᠥᠡᠭᠭᠦ ᠶᠢ ᠳᠤᠬᠢᠷᠠᠭᠤᠯᠤᠨ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠨᠠᠰᠤᠵᠢᠯ ᠤᠨ ᠮᠥᠡᠭᠭᠦ ᠶᠢᠨ ᠨᠠᠭᠠᠳᠤ ᠵᠠᠬ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠬᠡᠷᠡᠭᠲᠡᠢ᠃ | ᠨᠠᠰᠤᠵᠢᠯ ᠤᠨ ᠳᠠᠭᠠᠳᠬᠠᠯ ᠤᠨ ᠮᠥᠡᠭᠭᠦᠨ ᠤ ᠦᠯᠦ ᠮᠡᠳᠡᠭᠳᠡᠮ᠎ᠡ ᠳᠤᠲᠠᠭᠳᠠᠵᠤ ᠪᠠᠶᠢᠭ᠎ᠠ ᠶᠢ ᠠᠷᠭᠠᠴᠠᠬᠤ ᠪᠡᠯᠡᠳᠭᠡᠯ | ᠳᠥᠰᠥᠯ ᠢ ᠳᠤᠭᠳᠠᠭᠠᠵᠤ᠂ ᠤᠯᠤᠰ ᠤᠨ ᠥᠮᠴᠢᠯᠡᠯ ᠤᠨ ᠬᠡᠰᠡᠭ ᠬᠥᠷᠥᠩᠭᠡ ᠶᠢ ᠰᠢᠯᠵᠢᠭᠦᠯᠵᠦ ᠨᠡᠶᠢᠭᠡᠮ ᠤᠨ | ᠪᠠᠳᠤᠯᠠᠭ᠎ᠠ ᠶᠢᠨ ᠰᠠᠭᠤᠷᠢ ᠮᠥᠡᠭᠭᠦ ᠳᠤ ᠨᠡᠮᠡᠵᠦ ᠪᠦᠷᠢᠳᠦᠭᠦᠯᠬᠦ ᠬᠡᠷᠡᠭᠲᠡᠢ᠃ ᠬᠤᠳᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠶᠢ | ᠳᠡᠭᠡᠭᠰᠢᠯᠡᠭᠦᠯᠵᠦ᠂ ᠮᠤᠵᠢ ᠠᠯᠤᠰᠯᠠᠨ ᠤᠨᠳᠤᠤ ᠭᠠᠵᠠᠷ ᠲᠤ ᠡᠮᠨᠡᠭᠦᠯᠬᠦ ᠳᠤ ᠰᠢᠭᠤᠳ ᠳᠠᠰᠤᠯᠤᠨ ᠪᠤᠳᠤᠬᠤ ᠶᠢ ᠪᠥᠬᠦ | ᠳᠠᠯ᠎ᠠ ᠪᠠᠷ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠦᠨᠳᠦᠰᠦᠨ ᠱᠠᠳᠤᠨ ᠤ ᠡᠮᠴᠢᠯᠡᠭᠡᠨ ᠤ ᠪᠠᠶᠢᠭᠤᠯᠤᠮᠵᠢ ᠪᠠ | ᠭᠠᠳᠠᠭᠰᠢ ᠭᠠᠷᠤᠭᠰᠠᠨ ᠲᠠᠷᠢᠶᠠᠴᠢᠨ ᠬᠦᠴᠦ ᠶᠠᠪᠤᠭᠴᠢᠳ᠂ ᠭᠠᠳᠠᠨ᠎ᠠ ᠠᠴᠠ ᠢᠷᠡᠭᠰᠡᠨ ᠠᠵᠢᠯ ᠣᠯᠵᠤ ᠠᠳᠠᠯ | ᠦᠢᠯᠡᠰ ᠴᠣᠭᠴᠠᠯᠠᠭᠴᠢᠳ ᠢ ᠴᠥᠮ ᠬᠠᠮᠤᠷᠤᠨ ᠤᠷᠤᠭᠤᠯᠵᠤ᠂ ᠵᠢᠯ ᠤᠨ ᠰᠡᠭᠦᠯᠴᠢ ᠠᠴᠠ ᠡᠮᠥᠨ᠎ᠡ | ᠦᠨᠳᠦᠰᠦᠨ ᠳᠡᠭᠡᠨ ᠨᠡᠶᠢᠳᠡᠮ ᠬᠠᠮᠤᠷᠬᠤ ᠪᠠᠷ ᠴᠢᠷᠮᠠᠶᠢᠬᠤ ᠬᠡᠷᠡᠭᠲᠡᠢ᠃ ᠬᠥᠨᠳᠥ ᠡᠪᠡᠳᠴᠢᠨ ᠤ ᠳᠠᠭᠠᠳᠬᠠᠯ ᠤᠨ | ᠳᠥᠷᠢᠮ ᠢ ᠳᠡᠭᠦᠯᠳᠡᠷᠵᠢᠭᠦᠯᠵᠦ᠂ ᠳᠤᠮᠳᠠ ᠵᠢᠵᠢᠭ ᠪᠢᠴᠢᠯ ᠠᠵᠤ ᠠᠬᠤᠶᠢᠢᠯᠠᠯ ᠤᠨ ᠠᠵᠢᠯ ᠠᠴᠠ ᠪᠤᠯᠤᠭᠰᠠᠨ | ᠭᠡᠮᠳᠦᠯ ᠤᠨ ᠲᠠᠭᠠᠳᠬᠠᠯ ᠳᠤ ᠤᠷᠤᠯᠴᠠᠬᠤ ᠶᠢ ᠪᠦᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠢ᠃ ᠬᠤᠳᠠ ᠬᠦᠳᠡᠭᠡ ᠶᠢᠨ | ᠨᠠᠭᠠᠳᠤ ᠵᠠᠬ᠎ᠠ ᠶᠢᠨ ᠪᠠᠳᠤᠯᠠᠭ᠎ᠠ ᠶᠢᠨ ᠪᠠᠷᠢᠮᠵᠢᠶ᠎ᠠ ᠪᠠ ᠠᠰᠠᠷᠠᠨ ᠬᠠᠷᠠᠭᠠᠯᠵᠠᠬᠤ ᠨᠦᠬᠦᠪᠦᠷᠢ ᠶᠢᠨ ᠪᠠᠷᠢᠮᠵᠢᠶ᠎ᠠ ᠶᠢ | ᠵᠤᠬᠢᠰᠳᠠᠢ ᠳᠡᠭᠡᠭᠰᠢᠯᠡᠭᠦᠯᠬᠦ ᠬᠡᠷᠡᠭᠲᠡᠢ᠃ | ᠡᠷᠡᠭᠦᠯ ᠡᠩᠬᠡ ᠦᠪᠦᠷ ᠮᠤᠩᠭᠤᠯ ᠤᠨ ᠪᠠᠶᠢᠭᠤᠯᠤᠯᠳᠠ ᠶᠢ ᠠᠬᠢᠭᠤᠯᠤᠨ᠎ᠠ᠃ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠦᠭᠡᠷᠡᠴᠢᠯᠡᠯᠳᠡ ᠶᠢ ᠭᠦᠨᠵᠡᠭᠡᠶᠢᠷᠡᠭᠦᠯᠦᠨ᠂ ᠱᠠᠳᠤ ᠬᠤᠪᠢᠶᠠᠨ ᠤᠨᠤᠰᠢᠯᠠᠨ ᠡᠮᠨᠡᠬᠦ | ᠪᠠ ᠡᠮᠴᠢᠯᠡᠭᠡ ᠶᠢᠨ ᠬᠤᠯᠪᠤᠭᠠᠳᠤ ᠴᠤᠭᠴᠠ ᠶᠢᠨ ᠪᠠᠶᠢᠭᠤᠯᠤᠯᠳᠠ ᠶᠢ ᠲᠦᠷᠭᠡᠳᠭᠡᠵᠤ᠂ ᠭᠡᠷ ᠪᠦᠯᠢ ᠶᠢᠨ ᠡᠮᠴᠢ ᠶᠢᠨ | ᠭᠡᠷ᠎ᠡ ᠲᠣᠭᠲᠠᠭᠠᠵᠤ ᠦᠢᠯᠡᠴᠢᠯᠡᠬᠦ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠡᠮᠴᠢᠯᠡᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠵᠦ᠂ ᠦᠪᠡᠷᠳᠡᠭᠡᠨ ᠵᠠᠰᠠᠬᠤ ᠤᠷᠤᠨ ᠤ ᠲᠤᠰ ᠱᠠᠳᠤᠨ ᠤ | ᠭᠤᠤᠯᠳᠠᠯᠭ᠎ᠠ ᠲᠠᠢ ᠡᠷᠡᠭᠦᠯ ᠬᠠᠮᠠᠭᠠᠯᠠᠯ ᠤᠨ ᠲᠦᠷᠦᠯ ᠵᠦᠢᠯ ᠤᠨ ᠠᠬᠢᠴᠠ ᠶᠢ ᠲᠦᠷᠭᠡᠳᠭᠡᠨ᠂ ᠠᠶᠢᠮᠠᠭ ᠬᠤᠳᠠ᠂ | ᠬᠤᠰᠢᠭᠤ ᠰᠢᠶᠠᠨ ᠤ ᠱᠠᠳᠤᠨ ᠤ ᠡᠪᠡᠳᠴᠢᠨ ᠡᠮᠬᠡᠭ ᠢ ᠰᠡᠷᠭᠡᠶᠢᠯᠡᠨ ᠡᠵᠡᠮᠳᠡᠬᠦ ᠲᠦᠪ ᠤᠨ ᠴᠢᠳᠠᠪᠦᠷᠢ ᠶᠢᠨ | ᠪᠠᠶᠢᠭᠤᠯᠤᠯᠳᠠ ᠶᠢ ᠴᠢᠩᠭᠠᠳᠬᠠᠵᠤ᠂ ᠰᠤᠮᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢ | ᠪᠠᠷᠢᠮᠵᠢᠶᠠᠵᠢᠭᠤᠯᠬᠤ ᠪᠠᠶᠢᠭᠤᠯᠤᠯᠳᠠ ᠶᠢ ᠬᠡᠷᠡᠭᠵᠢᠭᠦᠯᠵᠦ᠂ ᠤᠯᠤᠰ ᠤᠨ ᠬᠦᠴᠢᠷ ᠲᠦᠪᠡᠭᠳᠠᠢ ᠡᠪᠡᠳᠴᠢᠨ ᠢ ᠡᠮᠨᠡᠨ | ᠵᠠᠰᠠᠬᠤ ᠴᠢᠳᠠᠪᠦᠷᠢ ᠶᠢ ᠲᠡᠭᠡᠭᠰᠢᠯᠡᠭᠦᠯᠬᠦ ᠢᠨᠵᠧᠨᠧᠷᠢᠩ ᠤᠨ ᠲᠦᠯᠦᠪᠵᠢᠭᠦᠯᠭᠡ ᠶᠢ ᠨᠠᠶᠢᠳᠠᠪᠦᠷᠢᠵᠢᠭᠤᠯᠵᠤ᠂ ᠮᠤᠩᠭᠤᠯ | ᠬᠢᠳᠠᠳ ᠡᠮ ᠡᠮᠨᠡᠯᠭᠡ ᠶᠢᠨ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠢᠨᠵᠧᠨᠧᠷᠢᠩ ᠤᠨ ᠲᠦᠷᠦᠯ ᠵᠦᠢᠯ ᠤᠨ | ᠪᠠᠶᠢᠭᠤᠯᠤᠯᠳᠠ ᠶᠢ ᠠᠬᠢᠭᠤᠯᠵᠤ᠂ ᠡᠬᠡ ᠨᠢᠯᠬᠠᠰ ᠤᠨ ᠡᠷᠡᠭᠦᠯ ᠡᠩᠬᠡ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ | ᠪᠠᠷᠢᠮᠵᠢᠶᠠᠵᠢᠭᠤᠯᠬᠤ ᠬᠢᠷᠢ ᠲᠦᠪᠰᠢᠨ ᠢ ᠲᠡᠭᠡᠭᠰᠢᠯᠡᠭᠦᠯᠵᠦ᠂ ᠡᠷᠡᠭᠦᠯ ᠡᠩᠬᠡ ᠡᠮᠴᠢᠯᠡᠭᠡ ᠶᠢᠨ ᠲᠤᠮᠤ ᠳ᠋ᠠᠶᠢᠲ᠋ᠠ ᠶᠢᠨ | ᠢᠨᠵᠧᠨᠧᠷᠢᠩ ᠢ ᠬᠡᠷᠡᠭᠵᠢᠭᠦᠯᠬᠦ ᠬᠡᠷᠡᠭᠲᠡᠢ᠃ ︽ᠢᠳᠡᠭᠡᠨ ᠪᠠ ᠡᠮ ᠤᠨ ᠵᠦᠢᠯ ᠢᠶᠠᠷ ᠠᠮᠤᠷ ᠲᠦᠪᠰᠢᠨ ᠦᠪᠦᠷ | ᠮᠤᠩᠭᠤᠯ︾ ᠤᠨ ᠪᠦᠳᠦᠭᠡᠨ ᠪᠠᠶᠢᠭᠤᠯᠤᠯᠳᠠ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠤᠯᠠᠨ ᠨᠡᠶᠢᠳᠡ ᠶᠢᠨ | ᠪᠡᠶ᠎ᠡ ᠶᠢᠨ ᠲᠠᠮᠢᠷ ᠤᠨ ᠬᠦᠳᠡᠯᠭᠡᠭᠡᠨ ᠤ ᠪᠡᠯᠡᠳᠭᠡᠮᠵᠢ ᠪᠠ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ | ᠤᠯᠤᠰ ᠤᠨ ᠤᠮᠠᠷᠠᠳᠤ ᠶᠢᠨ ᠬᠦᠯ ᠪᠦᠮᠪᠦᠭᠡᠨ ᠤ ᠰᠤᠷᠢᠯᠭ᠎ᠠ ᠶᠢᠨ ᠰᠠᠭᠤᠷᠢᠨ ᠭᠠᠵᠠᠷ ᠪᠠ ᠠᠷᠪᠠᠨ ᠲᠦᠷᠪᠡᠳᠦᠭᠡᠷ | ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠤᠷᠳᠤᠨ ᠤ | ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ᠂ ᠤᠯᠠᠨ ᠨᠡᠶᠢᠳᠡ ᠶᠢᠨ ᠪᠡᠶ᠎ᠡ ᠶᠢᠨ ᠲᠠᠮᠢᠷ ᠤᠨ ᠤᠷᠳᠤᠨ ᠤ | ᠪᠡᠯᠡᠳᠭᠡᠮᠵᠢ ᠶᠢ ᠨᠡᠶᠢᠭᠡᠮ ᠳᠤ ᠴᠢᠯᠦᠭᠡᠳᠠᠢ ᠪᠤᠯᠭᠠᠬᠤ ᠶᠢ ᠠᠬᠢᠭᠤᠯᠵᠤ᠂ ᠠᠷᠪᠠᠨ ᠲᠦᠷᠪᠡᠳᠦᠭᠡᠷ ᠬᠤᠭᠤᠴᠠᠭᠠᠨ ᠤ | ᠪᠦᠬᠦ ᠤᠷᠤᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠰᠠᠶᠢᠳᠤᠷ ᠡᠷᠬᠢᠯᠡᠬᠦ ᠬᠡᠷᠡᠭᠲᠡᠢ᠃ | ᠤᠯᠠᠨ ᠲᠦᠮᠡᠨ ᠤ ᠰᠠᠭᠤᠬᠤ ᠠᠴᠠ ᠤᠷᠤᠨ ᠰᠠᠭᠤᠴᠠ ᠲᠠᠢ ᠪᠤᠯᠭᠠᠬᠤ ᠠᠰᠠᠭᠤᠳᠠᠯ ᠢ ᠲᠦᠷᠭᠡᠳᠭᠡᠨ | ᠰᠢᠢᠳᠪᠦᠷᠢᠯᠡᠨ᠎ᠡ᠃ ᠰᠢᠨ᠎ᠡ ᠭᠤᠷᠪᠠᠨ ᠵᠢᠯ ᠳᠠᠬᠢ ᠲᠦᠭᠦᠮ ᠪᠦᠳᠦᠭᠦᠯᠢᠭ ᠤᠷᠤᠨ ᠰᠠᠭᠤᠴᠠᠲᠤ ᠲᠤᠭᠤᠷᠢᠬ ᠤᠨ | ᠥᠭᠡᠷᠡᠴᠢᠯᠡᠯᠲᠡ ᠶᠢᠨ ᠰᠢᠪᠲᠤᠯᠤᠯᠲᠠ ᠶᠢᠨ ᠲᠦᠯᠦᠪᠯᠡᠭᠡ ᠶᠢ ᠡᠬᠢᠯᠡᠭᠦᠯᠵᠦ᠂ 14.1 ᠲᠦᠮᠡᠨ ᠢᠵᠢ ᠲᠦᠭᠦᠮ | ᠪᠦᠳᠦᠭᠦᠯᠢᠭ ᠤᠷᠤᠨ ᠰᠠᠭᠤᠴᠠᠲᠤ ᠲᠤᠭᠤᠷᠢᠬ ᠢ ᠦᠭᠡᠷᠡᠴᠢᠯᠡᠨ ᠰᠢᠨᠡᠳᠭᠡᠬᠦ ᠲᠦᠷᠦᠯ ᠵᠦᠢᠯ ᠢ ᠰᠢᠨ᠎ᠡ ᠪᠠᠷ | ᠪᠠᠶᠢᠭᠤᠯᠵᠤ ᠡᠬᠢᠯᠡᠭᠦᠯᠦᠨ᠎ᠡ᠃ ᠬᠤᠳᠠ ᠪᠠᠯᠭᠠᠰᠤᠨ ᠤ ᠬᠠᠭᠤᠴᠢᠨ ᠪᠠ ᠬᠠᠭᠤᠴᠢᠷᠠᠭᠰᠠᠨ ᠲᠤᠭᠤᠷᠢᠭ ᠤᠳ ᠢ | ᠥᠭᠡᠷᠡᠴᠢᠯᠡᠨ ᠰᠢᠨᠡᠳᠭᠡᠬᠦ ᠶᠢ ᠢᠳᠡᠪᠬᠢᠳᠠᠢ ᠠᠬᠢᠭᠤᠯᠵᠤ᠂ ᠪᠦᠬᠦ ᠤᠷᠤᠨ ᠤ ᠬᠡᠪᠴᠢᠶᠡᠨ ᠳᠤ ᠲᠤᠷᠰᠢᠯᠳᠠ ᠶᠢᠨ | ᠠᠵᠢᠯ ᠢ ᠳᠡᠯᠭᠡᠷᠡᠭᠦᠯᠬᠦ ᠬᠡᠷᠡᠭᠲᠡᠢ᠃ ᠠᠯᠪᠠᠨ ᠠᠴᠠ ᠳᠦᠷᠢᠶᠡᠰᠦᠯᠡᠬᠦ ᠪᠠᠶᠢᠰᠢᠩ ᠤᠨ ᠪᠠᠲᠤᠯᠠᠭ᠎ᠠ ᠶᠢᠨ ᠡᠷᠴᠢᠮ ᠢᠶᠠᠨ | ᠴᠢᠩᠭᠠᠷᠠᠭᠤᠯᠵᠤ᠂ ᠤᠷᠴᠢᠨ ᠲᠤᠭᠤᠷᠢᠨ ᠤ ᠠᠷᠢᠭᠤᠨ ᠴᠡᠪᠡᠷ᠂ ᠤᠯᠠᠨ ᠨᠡᠶᠢᠳᠡ ᠶᠢᠨ ᠵᠠᠮ ᠬᠠᠷᠢᠯᠴᠠᠭ᠎ᠠ ᠵᠡᠷᠭᠡ | ᠠᠵᠢᠯ ᠲᠦᠷᠦᠯ ᠤᠨ ᠬᠦᠴᠢᠷᠳᠡᠯᠳᠠᠢ ᠬᠦᠮᠦᠰ ᠢ ᠤᠷᠢᠳᠠᠪᠠᠷ ᠪᠠᠲᠤᠯᠠᠵᠤ᠂ ᠨᠦᠭᠦᠴᠡᠯ ᠳᠤ ᠨᠡᠶᠢᠴᠡᠭᠰᠡᠨ ᠰᠢᠨ᠎ᠡ ᠪᠠᠷ | ᠠᠵᠢᠯ ᠤᠯᠤᠭᠰᠠᠨ ᠤᠷᠤᠨ ᠰᠠᠭᠤᠴᠠ ᠦᠭᠡᠢ ᠠᠵᠢᠯᠳᠠᠨ ᠠᠵᠢᠯᠴᠢᠨ᠂ ᠭᠠᠳᠠᠨ᠎ᠠ ᠠᠴᠠ ᠢᠷᠡᠭᠰᠡᠨ ᠬᠦᠴᠦ | ᠶᠠᠪᠤᠭᠴᠢᠳ ᠪᠠ ᠵᠠᠯᠠᠭᠤ ᠡᠮᠴᠢ᠂ ᠵᠠᠯᠠᠭᠤ ᠪᠠᠭᠰᠢ ᠨᠠᠷ ᠢ ᠠᠯᠬᠤᠮ ᠠᠯᠬᠤᠮ ᠢᠶᠠᠷ ᠪᠠᠳᠤᠯᠠᠭ᠎ᠠ ᠶᠢᠨ ᠬᠡᠪᠴᠢᠶᠡᠨ ᠳᠤ | ᠤᠷᠤᠭᠤᠯᠤᠨ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠭ᠎ᠠ᠂ ᠳᠣᠣᠷ᠎ᠠ ᠤᠷᠤᠯᠭ᠎ᠠ ᠲᠠᠢ ᠪᠦᠭᠡᠳ ᠤᠷᠤᠨ | ᠰᠠᠭᠤᠴᠠ ᠶᠢᠨ ᠲᠠᠯ᠎ᠠ ᠪᠠᠷ ᠬᠦᠴᠢᠷᠳᠡᠯᠳᠠᠢ ᠪᠠᠶᠢᠭ᠎ᠠ ᠭᠡᠷ ᠪᠦᠯᠢ ᠳᠤ ᠪᠠᠳᠤᠯᠠᠬᠤ ᠶᠤᠰᠤᠳᠠᠢ ᠶᠢ ᠨᠢ ᠴᠦᠮ | ᠪᠠᠳᠤᠯᠠᠬᠤ ᠶᠢ ᠪᠡᠶᠡᠯᠡᠭᠦᠯᠬᠦ ᠬᠡᠷᠡᠭᠲᠡᠢ᠃ ᠠᠯᠪᠠᠨ ᠠᠴᠠ ᠳᠦᠷᠢᠶᠡᠰᠦᠯᠡᠬᠦ ᠪᠠᠶᠢᠰᠢᠩ ᠤᠨ ᠭᠡᠷ ᠲᠣᠬᠢᠷᠠᠭᠤᠯᠤᠨ | ᠬᠠᠩᠭᠠᠬᠤ ᠶᠢ ᠨᠡᠮᠡᠭᠳᠡᠭᠦᠯᠵᠦ᠂ ᠠᠯᠪᠠᠨ ᠠᠴᠠ ᠳᠦᠷᠢᠶᠡᠰᠦᠯᠡᠬᠦ ᠪᠠᠶᠢᠰᠢᠩ ᠤᠨ ᠵᠣᠭᠤᠰᠵᠢᠭᠤᠯᠤᠨ ᠨᠦᠬᠦᠪᠦᠷᠢᠯᠡᠬᠦ ᠶᠢ | ᠠᠬᠢᠭᠤᠯᠬᠤ ᠬᠡᠷᠡᠭᠲᠡᠢ᠃ | ᠰᠤᠶᠤᠯ ᠤᠨ ᠴᠡᠴᠡᠭᠯᠡᠨ ᠬᠦᠭᠵᠢᠬᠦ ᠶᠢ ᠠᠬᠢᠭᠤᠯᠤᠨ᠎ᠠ᠃ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠳᠠ ᠶᠢ ᠴᠢᠩᠭᠠᠳᠬᠠᠵᠤ᠂ ᠤᠯᠤᠰ ᠤᠨ ᠲᠡᠰ ᠤᠨ ᠤᠯᠠᠨ ᠨᠡᠶᠢᠳᠡ ᠶᠢᠨ ᠰᠤᠶᠤᠯ ᠤᠨ | ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠤᠭᠤᠷᠢᠭ ᠢ ᠡᠭᠦᠳᠦᠨ ᠪᠠᠶᠢᠭᠤᠯᠵᠤ᠂ ᠰᠤᠶᠤᠯ ᠤᠨ ᠮᠡᠳᠡᠭᠡ ᠵᠠᠩᠭᠢ ᠶᠢᠨ | ᠡᠬᠢ ᠪᠠᠶᠠᠯᠢᠬ ᠢ ᠬᠠᠮᠳᠤ ᠪᠠᠷ ᠬᠦᠷᠲᠡᠬᠦ᠂ ᠲᠣᠭᠠᠵᠢᠭᠤᠯᠤᠭᠰᠠᠨ ᠨᠤᠮ ᠤᠨ ᠰᠠᠩ ᠢ ᠲᠡᠯᠭᠡᠷᠡᠭᠦᠯᠬᠦ᠂ ︽ | ᠲᠣᠭᠠᠵᠢᠭᠤᠯᠤᠭᠰᠠᠨ ᠰᠤᠶᠤᠯ ᠢ ᠮᠤᠩᠭᠤᠯ ᠭᠡᠷ ᠲᠤ ᠬᠦᠷᠭᠡᠬᠦ︾ ᠵᠡᠷᠭᠡ ᠭᠤᠤᠯᠳᠠᠯᠭ᠎ᠠ ᠲᠠᠢ ᠲᠣᠭᠠᠵᠢᠭᠤᠯᠤᠭᠰᠠᠨ | ᠰᠤᠶᠤᠯ ᠤᠨ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠬᠢᠯᠢ ᠬᠢᠵᠠᠭᠠᠷ ᠤᠷᠤᠨ ᠪᠠ ᠶᠠᠳᠠᠭᠤ ᠬᠦᠴᠢᠷᠳᠡᠯᠳᠠᠢ | ᠬᠤᠰᠢᠭᠤ ᠰᠢᠶᠠᠨ ᠤ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠳᠠ ᠶᠢ | ᠲᠡᠳᠭᠦᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠤᠯᠠᠭᠠᠨᠮᠦ᠋ᠴᠢᠷ ᠤᠨ ᠠᠵᠢᠯ ᠦᠢᠯᠡᠰ ᠤᠨ ᠴᠡᠴᠡᠭᠯᠡᠨ | ᠬᠦᠭᠵᠢᠬᠦ ᠶᠢ ᠠᠬᠢᠭᠤᠯᠬᠤ ᠬᠡᠷᠡᠭᠲᠡᠢ᠃ ᠲᠡᠦᠬᠡ ᠶᠢᠨ ᠳᠤᠷᠠᠰᠬᠠᠯᠲᠤ ᠵᠦᠢᠯᠡᠰ ᠪᠣᠯᠣᠨ ᠪᠣᠳᠠᠰ ᠤᠨ ᠪᠣᠰᠤ | ᠰᠣᠶᠣᠯ ᠤᠨ ᠥᠪ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ | ᠶᠢᠰᠦ᠂ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠳᠠ ᠶᠢ ᠴᠢᠩᠭᠠᠳᠬᠠᠨ᠂ ᠦᠢᠯᠡᠳᠪᠦᠷᠢᠯᠡᠯ | ᠠᠮᠢᠳᠤᠷᠠᠯ ᠤᠨ ᠰᠠᠶᠢᠨ ᠰᠠᠶᠢᠬᠠᠨ ᠤᠷᠴᠢᠨ ᠲᠣᠭᠤᠷᠢᠨ ᠢ ᠬᠦᠴᠦᠯᠡᠨ ᠪᠤᠢ ᠪᠤᠯᠭᠠᠨ᠎ᠠ | ᠠᠷᠪᠢᠯᠠᠬᠤ ᠶᠢ ᠲᠡᠷᠢᠭᠦᠨ ᠳᠤ ᠲᠠᠯᠪᠢᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠪᠠ ᠠᠶᠠᠨᠳᠠᠭᠠᠨ | ᠰᠡᠷᠭᠦᠭᠡᠬᠦ ᠪᠠᠷ ᠭᠤᠤᠯ ᠪᠤᠯᠭᠠᠬᠤ ᠴᠢᠭᠯᠡᠯᠳᠡ ᠶᠢ ᠪᠠᠷᠢᠮᠳᠠᠯᠠᠵᠤ᠂ ᠡᠬᠢ ᠪᠠᠶᠠᠯᠢᠬ ᠢ ᠠᠷᠪᠢᠯᠠᠬᠤ ᠪᠠ ᠤᠷᠴᠢᠨ | ᠲᠣᠭᠤᠷᠢᠨ ᠢ ᠬᠠᠮᠠᠭᠠᠯᠠᠬᠤ ᠤᠷᠤᠨ ᠵᠠᠢ ᠶᠢᠨ ᠪᠠᠶᠢᠷᠢᠯᠠᠯ᠂ ᠠᠵᠤ ᠦᠢᠯᠡᠰ ᠤᠨ ᠪᠦᠳᠦᠴᠡ᠂ ᠦᠢᠯᠡᠳᠪᠦᠷᠢᠯᠡᠯ ᠤᠨ | ᠠᠷᠭ᠎ᠠ ᠮᠠᠶ᠋ᠢᠭ ᠪᠣᠯᠣᠨ ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠤᠯᠭᠠᠨ᠂ ᠮᠠᠨ ᠤ ᠤᠯᠤᠰ ᠤᠨ ᠤᠮᠠᠷᠠᠳᠤ ᠶᠢᠨ | ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠳᠦᠭᠡᠨ ᠪᠠᠶᠢᠭᠤᠯᠬᠤ ᠬᠡᠷᠡᠭᠲᠡᠢ᠃ | ᠪᠤᠬᠢᠷᠳᠤᠯ ᠦᠭᠡᠢ ᠬᠦᠭᠵᠢᠯᠳᠡ ᠶᠢ ᠶᠡᠬᠡᠪᠡᠷ ᠠᠬᠢᠭᠤᠯᠤᠨ᠎ᠠ᠃ ᠨᠢᠭᠡ ᠳᠤ ᠡᠨᠧᠷᠭᠢ ᠠᠷᠪᠢᠯᠠᠵᠤ | ᠨᠡᠭᠦᠷᠡᠰᠦᠳᠦᠷᠦᠭᠴᠢ ᠭᠠᠳᠠᠭᠰᠢᠯᠠᠭᠤᠯᠬᠤ ᠶᠢ ᠪᠠᠭᠠᠰᠬᠠᠬᠤ ᠶᠢ ᠯᠠᠪᠳᠠᠭᠤᠨ ᠪᠠᠳᠤᠳᠠᠢ ᠪᠠᠷ ᠠᠬᠢᠭᠤᠯᠵᠤ᠂ | ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ︽ᠵᠠᠭᠤ ᠮᠢᠩᠭ᠎ᠠ ᠲᠦᠮᠨ︾ ᠶᠢᠨ ᠠᠵᠢᠯᠯᠠᠭᠠᠨ ᠢ | ᠬᠡᠷᠡᠭᠵᠢᠭᠦᠯᠵᠦ᠂ ᠡᠨᠧᠷᠭᠢ ᠶᠢᠨ ᠬᠤᠷᠤᠭᠳᠠᠯ ᠶᠡᠬᠡᠳᠠᠢ ᠠᠵᠤ ᠠᠬᠤᠶᠢᠢᠯᠠᠯ ᠤᠨ ᠡᠨᠧᠷᠭᠢ ᠠᠷᠪᠢᠯᠠᠬᠤ ᠶᠢᠨ ᠬᠢᠨᠠᠯᠳᠠ | ᠬᠠᠮᠢᠶᠠᠷᠤᠯᠳᠠ ᠶᠢ ᠴᠢᠩᠭᠠᠳᠬᠠᠨ᠂ ᠡᠨᠧᠷᠭᠢ ᠶᠢᠨ ᠠᠰᠢᠭᠯᠠᠮᠵᠢ ᠰᠠᠶᠢᠲᠠᠢ ᠲᠠᠭᠠᠭᠤᠯᠤᠭᠴᠢ ᠪᠠ ᠡᠨᠧᠷᠭᠢ ᠶᠢᠨ | ᠠᠰᠢᠭᠯᠠᠮᠵᠢ ᠰᠠᠶᠢᠲᠠᠢ ᠭᠦᠢᠴᠡᠳᠭᠡᠯ ᠲᠣᠭᠠᠨ ᠳᠤ ᠬᠠᠷᠢᠴᠠᠭᠤᠯᠵᠤ ᠵᠠᠳᠠᠯᠬᠤ ᠠᠵᠢᠯᠯᠠᠭᠠᠨ ᠢ ᠠᠬᠢᠭᠤᠯᠤᠨ | ᠬᠡᠷᠡᠭᠵᠢᠭᠦᠯᠬᠦ ᠬᠡᠷᠡᠭᠲᠡᠢ᠃ ᠬᠤᠶᠠᠷ ᠲᠤ ᠡᠨᠧᠷᠭᠢ ᠶᠢᠨ ᠬᠡᠷᠡᠭᠯᠡᠭᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠤᠨ᠂ | ᠰᠠᠭᠤᠭᠠᠯᠢ ᠠᠷᠠᠳ ᠤᠨ ᠲᠤᠯᠠᠭᠠᠯᠠᠭ᠎ᠠ᠂ ᠦᠢᠯᠡᠳᠪᠦᠷᠢᠯᠡᠵᠦ ᠦᠢᠯᠡᠳᠬᠦ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ | ᠬᠦᠷᠢᠶ᠎ᠡ ᠴᠠᠷᠠᠭ᠎ᠠ ᠳᠤ ᠴᠠᠬᠢᠯᠭᠠᠨ ᠢᠶᠠᠷ ᠡᠨᠧᠷᠭᠢ ᠶᠢ ᠤᠷᠤᠯᠠᠭᠤᠯᠬᠤ ᠶᠢ ᠲᠦᠷᠭᠡᠳᠭᠡᠨ ᠬᠡᠷᠡᠭᠵᠢᠭᠦᠯᠵᠦ᠂ ᠴᠠᠬᠢᠯᠭᠠᠨ | ᠬᠦᠳᠡᠯᠭᠡᠬᠦᠷᠳᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠳᠠ ᠶᠢ | ᠴᠢᠩᠭᠠᠳᠬᠠᠵᠤ᠂ ᠬᠠᠭᠤᠴᠢᠨ ᠪᠠ ᠬᠠᠭᠤᠴᠢᠷᠠᠭᠰᠠᠨ ᠲᠤᠭᠤᠷᠢᠬ ᠤᠨ ᠡᠨᠧᠷᠭᠢ ᠠᠷᠪᠢᠯᠠᠬᠤ ᠦᠭᠡᠷᠡᠴᠢᠯᠡᠯᠳᠡ ᠪᠠ | ᠪᠤᠬᠢᠷᠳᠤᠯ ᠦᠭᠡᠢ ᠪᠠᠷᠢᠯᠭ᠎ᠠ ᠶᠢᠨ ᠬᠦᠭᠵᠢᠯᠳᠡ ᠶᠢ ᠠᠬᠢᠭᠤᠯᠬᠤ ᠬᠡᠷᠡᠭᠲᠡᠢ᠃ ᠭᠤᠷᠪᠠ ᠳᠤ ᠡᠷᠭᠢᠯᠳᠡᠲᠦ ᠠᠵᠤ | ᠠᠬᠤᠢ ᠶᠢ ᠬᠦᠭᠵᠢᠭᠦᠯᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ︵ᠨᠡᠭᠡᠭᠡᠯᠳᠡ ᠬᠢᠬᠦ ᠲᠤᠭᠤᠷᠢᠭ︶ | ᠤᠨ ᠣᠷᠴᠢᠯᠳᠤᠭᠤᠯᠤᠨ ᠥᠭᠡᠷᠡᠴᠢᠯᠡᠵᠦ ᠰᠢᠨᠡᠳᠭᠡᠬᠦ ᠶᠢ ᠠᠬᠢᠭᠤᠯᠵᠤ᠂ ᠬᠤᠳᠠ ᠶᠢᠨ ᠬᠠᠶᠠᠭᠳᠠᠮᠠᠯ ᠪᠤᠳᠠᠰ ᠢ | ᠵᠢᠷᠤᠮᠵᠢᠭᠤᠯᠤᠨ ᠰᠢᠢᠳᠪᠦᠷᠢᠯᠡᠬᠦ ᠪᠠ ᠦᠷᠭᠡᠨ ᠬᠡᠷᠡᠭᠴᠡᠭᠡᠨ ᠤ ᠬᠠᠳᠠᠭᠤ ᠪᠡᠶᠡᠳᠦ ᠬᠠᠶᠠᠭᠳᠠᠮᠠᠯ ᠪᠤᠳᠠᠰ ᠢ | ᠶᠡᠷᠦᠩᠬᠡᠶᠢᠯᠡᠨ ᠠᠰᠢᠭᠯᠠᠬᠤ ᠶᠢ ᠴᠢᠩᠭᠠᠳᠬᠠᠬᠤ ᠬᠡᠷᠡᠭᠲᠡᠢ᠃ ᠲᠦᠷᠪᠡ ᠳᠤ ᠪᠤᠬᠢᠷᠳᠤᠯ ᠦᠭᠡᠢ ᠠᠭᠤᠷᠬᠠᠢ ᠶᠢᠨ | ᠪᠦᠳᠦᠭᠡᠨ ᠪᠠᠶᠢᠭᠤᠯᠤᠯᠳᠠ ᠶᠢ ᠠᠬᠢᠭᠤᠯᠵᠤ᠂ ᠠᠭᠤᠷᠬᠠᠢ ᠶᠢᠨ ᠭᠠᠷᠤᠯᠳᠠ ᠶᠢᠨ ᠡᠬᠢ ᠪᠠᠶᠠᠯᠢᠬ ᠢ ᠨᠡᠭᠡᠭᠡᠨ | ᠠᠰᠢᠭᠯᠠᠬᠤ ᠶᠢ ᠵᠢᠷᠤᠮᠵᠢᠭᠤᠯᠤᠨ ᠬᠠᠮᠢᠶᠠᠷᠴᠤ᠂ ᠦᠪᠡᠷᠳᠡᠭᠡᠨ ᠵᠠᠰᠠᠬᠤ ᠤᠷᠤᠨ ᠤ ᠪᠤᠬᠢᠷᠳᠤᠯ ᠦᠭᠡᠢ ᠠᠭᠤᠷᠬᠠᠢ ᠶᠢᠨ | ᠦᠢᠯᠡᠰ ᠤᠨ ᠬᠦᠭᠵᠢᠯᠳᠡ ᠶᠢᠨ ᠨᠢᠭᠡ ᠪᠦᠯᠦᠭ ᠵᠢᠱᠢᠶ᠎ᠡ ᠦᠵᠡᠭᠦᠯᠬᠦ ᠲᠤᠭᠤᠷᠢᠬ ᠢ ᠪᠠᠶᠢᠭᠤᠯᠬᠤ ᠬᠡᠷᠡᠭᠲᠡᠢ᠃ | ᠠᠮᠢ ᠠᠬᠤᠢ ᠶᠢ ᠬᠠᠮᠠᠭᠠᠯᠠᠵᠤ ᠦᠩᠵᠢᠭᠦᠯᠦᠨ ᠰᠡᠷᠭᠦᠭᠡᠬᠦ ᠠᠵᠢᠯ ᠢ ᠠᠬᠢᠭᠤᠯᠤᠨ᠎ᠠ᠃ ᠤᠯᠤᠰ ᠤᠨ ᠶᠡᠭᠡ | ᠬᠡᠪᠴᠢᠶᠡᠨ ᠤ ᠨᠤᠳᠤᠭ ᠲᠡᠪᠢᠰᠭᠡᠷ ᠢ ᠨᠤᠭᠤᠭᠠᠷᠠᠭᠤᠯᠬᠤ ᠠᠵᠢᠯᠯᠠᠭᠠᠨ ᠢ ᠦᠷᠨᠢᠭᠦᠯᠵᠦ᠂ ᠭᠤᠤᠯᠳᠠᠯᠭ᠎ᠠ ᠲᠠᠢ ᠠᠮᠢ | ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠳᠠ ᠶᠢ ᠦᠭᠦᠯᠵᠢᠯᠡᠨ ᠠᠬᠢᠭᠤᠯᠤᠨ᠂ ᠲᠠᠷᠢᠶᠠᠯᠠᠬᠤ ᠶᠢ | ᠵᠤᠭᠰᠤᠭᠠᠵᠤ ᠤᠢ ᠰᠢᠭᠤᠢ ᠶᠢ ᠰᠡᠷᠭᠦᠭᠡᠬᠦ ᠡᠪᠡᠰᠤ ᠪᠡᠯᠴᠢᠭᠡᠷ ᠢ ᠰᠡᠷᠭᠦᠭᠡᠬᠦ ᠬᠡᠪᠴᠢᠶ᠎ᠡ ᠶᠢ ᠦᠷᠭᠡᠳᠭᠡᠵᠤ᠂ | ᠭᠤᠤᠯᠳᠠᠯᠭ᠎ᠠ ᠲᠠᠢ ᠡᠯᠡᠰᠦᠷᠭᠡᠭ ᠭᠠᠵᠠᠷ ᠤᠨ ᠬᠤᠬᠢᠷᠠᠯ ᠲᠠᠢ ᠤᠷᠤᠨ ᠢ ᠲᠤᠰᠬᠠᠢ ᠵᠠᠰᠠᠬᠤ ᠢᠨᠵᠧᠨᠧᠷᠢᠩ ᠢ | ᠬᠡᠷᠡᠭᠵᠢᠭᠦᠯᠦᠨ᠂ ᠬᠤᠯᠠᠨ ᠰᠢᠷᠭ᠎ᠠ ᠲᠠᠭ᠎ᠠ ᠶᠢᠨ ᠬᠡᠪᠴᠢᠶᠡᠵᠢᠭᠦᠯᠦᠭᠰᠡᠨ ᠤᠢ ᠰᠢᠭᠤᠢ ᠶᠢᠨ ᠲᠠᠯᠠᠪᠠᠢ ᠪᠠ ᠬᠠᠳᠤᠨ | ᠭᠤᠤᠯ ᠲᠠᠭᠠᠤ ᠶᠢᠨ ᠠᠮᠢ ᠠᠬᠤᠢ ᠶᠢᠨ ᠬᠤᠨᠭ᠍ᠬᠢᠯ ᠢ ᠪᠦᠳᠦᠭᠡᠨ ᠪᠠᠶᠢᠭᠤᠯᠬᠤ ᠬᠡᠷᠡᠭᠲᠡᠢ᠃ ᠤᠰᠤᠨ ᠤ ᠰᠤᠷᠪᠤᠯᠵᠢ ᠶᠢᠨ | ᠡᠬᠢ ᠪᠠᠶᠠᠯᠢᠬ ᠤᠨ ᠬᠠᠮᠤᠭ ᠤᠨ ᠴᠢᠩᠭ᠎ᠠ ᠬᠠᠮᠢᠶᠠᠷᠤᠯᠳᠠ ᠶᠢᠨ ᠲᠦᠷᠢᠮ ᠢ ᠨᠠᠶᠢᠳᠠᠪᠦᠷᠢᠵᠢᠭᠤᠯᠵᠤ᠂ ᠭᠠᠵᠠᠷ ᠲᠤᠤᠷᠠᠬᠢ | ᠤᠰᠤ ᠶᠢ ᠬᠡᠳᠦᠷᠡᠳᠡᠯ᠎ᠡ ᠲᠠᠳᠠᠭᠰᠠᠨ ᠤᠷᠤᠨ ᠤ ᠶᠡᠷᠦᠩᠬᠡᠶᠢᠯᠡᠭᠰᠡᠨ ᠵᠠᠰᠠᠯᠳᠠ ᠶᠢ ᠠᠬᠢᠭᠤᠯᠬᠤ ᠬᠡᠷᠡᠭᠲᠡᠢ᠃ | ᠤᠯᠤᠰ ᠤᠨ ᠴᠡᠴᠡᠷᠯᠢᠭ ᠢᠶᠠᠷ ᠭᠤᠤᠯ ᠴᠤᠭᠴᠠ ᠪᠤᠯᠭᠠᠭᠰᠠᠨ ᠪᠠᠶᠢᠭᠠᠯᠢ ᠶᠢᠨ ᠬᠠᠮᠠᠭᠠᠯᠠᠯᠳᠠ ᠶᠢᠨ ᠭᠠᠵᠠᠷ ᠤᠨ | ᠰᠢᠰᠲ᠋ᠧᠮᠵᠢ ᠶᠢ ᠰᠦᠪᠡᠭᠴᠢᠯᠡᠨ ᠪᠠᠶᠢᠭᠤᠯᠬᠤ ᠬᠡᠷᠡᠭᠲᠡᠢ᠃ | ᠠᠮᠢ ᠠᠬᠤᠢ ᠶᠢᠨ ᠪᠤᠯᠪᠠᠰᠤᠨ ᠤ ᠲᠦᠷᠢᠮ ᠤᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠭᠤᠣᠯ | ᠴᠤᠭᠴᠠ ᠶᠢᠨ ᠴᠢᠳᠠᠮᠵᠢᠳᠤ ᠤᠷᠤᠨ ᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠭᠤᠣᠯ | ᠴᠤᠭᠴᠠ ᠶᠢᠨ ᠴᠢᠳᠠᠮᠵᠢᠳᠤ ᠤᠷᠤᠨ ᠤ ᠲᠦᠯᠦᠪᠵᠢᠭᠦᠯᠭᠡ ᠶᠢ ᠲᠤᠬᠢᠷᠠᠭᠤᠯᠤᠨ ᠵᠠᠰᠠᠪᠦᠷᠢ ᠤᠷᠤᠭᠤᠯᠵᠤ᠂ ᠠᠳᠠᠯᠢ | ᠪᠤᠰᠤ ᠲᠦᠷᠦᠯ ᠢᠯᠭᠠᠯ ᠲᠠᠢ ᠴᠢᠳᠠᠮᠵᠢᠳᠤ ᠤᠷᠤᠨ ᠤ ᠠᠵᠤ ᠦᠢᠯᠡᠰ ᠤᠨ ᠵᠦᠪᠰᠢᠶᠡᠷᠡᠨ ᠤᠷᠤᠭᠤᠯᠬᠤ ᠲᠦᠷᠦ ᠶᠢᠨ | ᠪᠤᠳᠤᠯᠭ᠎ᠠ ᠶᠢ ᠨᠠᠶᠢᠳᠠᠪᠦᠷᠢᠵᠢᠭᠤᠯᠵᠤ᠂ ᠭᠤᠣᠯ ᠴᠤᠭᠴᠠ ᠶᠢᠨ ᠴᠢᠳᠠᠮᠵᠢᠳᠤ ᠤᠷᠤᠨ ᠤ ᠪᠠᠶᠢᠯᠳᠤᠬᠤ ᠪᠤᠳᠤᠯᠭ᠎ᠠ ᠶᠢ | ᠬᠤᠳᠠ᠂ ᠰᠢᠶᠠᠨ ᠤ ᠳᠠᠪᠬᠤᠷᠭ᠎ᠠ ᠳᠤ ᠲᠦᠢᠯ ᠤᠨ ᠣᠨᠣᠪᠴᠢᠲᠠᠢ ᠪᠠᠷ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ | ᠪᠠᠶᠢᠭᠠᠯᠢ ᠶᠢᠨ ᠡᠬᠢ ᠪᠠᠶᠠᠯᠢᠬ ᠤᠨ ᠡᠳ᠋ ᠬᠦᠷᠦᠩᠭᠡ ᠶᠢᠨ ᠦᠮᠴᠢᠯᠡᠬᠦ ᠡᠷᠬᠡ ᠶᠢᠨ ᠲᠦᠷᠢᠮ ᠢ ᠪᠦᠷᠢᠨᠰᠢᠭᠦᠯᠵᠦ᠂ | ᠵᠠᠬ᠎ᠠ ᠲᠡᠯᠭᠡᠭᠦᠷᠴᠢᠯᠡᠭᠰᠡᠨ᠂ ᠤᠯᠠᠨ ᠡᠰᠢᠵᠢᠭᠦᠯᠦᠭᠰᠡᠨ ᠠᠮᠢ ᠠᠬᠤᠢ ᠶᠢᠨ ᠲᠥᠯᠥᠪᠦᠷᠢᠯᠡᠬᠦ ᠲᠤᠭᠳᠠᠴᠠ ᠶᠢ ᠰᠤᠳᠤᠯᠤᠨ | ᠪᠠᠶᠢᠭᠤᠯᠬᠤ ᠬᠡᠷᠡᠭᠲᠡᠢ᠃ ᠠᠮᠢ ᠠᠬᠤᠢ ᠶᠢᠨ ᠬᠠᠮᠠᠭᠠᠯᠠᠯᠳᠠ ᠶᠢᠨ ᠤᠯᠠᠭᠠᠨ ᠱᠤᠭᠤᠮ ᠢ ᠵᠠᠭᠠᠭᠯᠠᠨ ᠲᠤᠭᠳᠠᠭᠠᠬᠤ | ᠠᠵᠢᠯ ᠢ ᠲᠦᠷᠭᠡᠳᠭᠡᠨ ᠠᠬᠢᠭᠤᠯᠵᠤ᠂ ᠭᠤᠤᠯ ᠮᠦᠷᠡᠨ ᠨᠠᠭᠤᠷ ᠤᠨ ᠨᠡᠷᠡᠰ ᠤᠨ ᠵᠢᠭᠰᠠᠭᠠᠯᠳᠠ ᠶᠢ ᠪᠠᠶᠢᠭᠤᠯᠵᠤ᠂ | ᠭᠤᠤᠯ ᠮᠦᠷᠡᠨ ᠤ ᠠᠵᠢᠯ ᠳᠤ ᠬᠠᠷᠢᠭᠤᠴᠠᠬᠤ ᠲᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠠᠬᠢᠭᠤᠯᠵᠤ᠂ ᠨᠠᠭᠤᠷ | ᠴᠦᠬᠦᠷᠦᠮ ᠤᠨ ᠠᠵᠢᠯ ᠳᠤ ᠬᠠᠷᠢᠭᠤᠴᠠᠬᠤ ᠲᠠᠷᠤᠭ᠎ᠠ ᠶᠢᠨ ᠲᠦᠷᠢᠮ ᠢ ᠬᠡᠷᠡᠭᠵᠢᠭᠦᠯᠬᠦ ᠬᠡᠷᠡᠭᠲᠡᠢ᠃ | ᠬᠦᠰᠦᠨᠦᠭᠲᠦ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | |