ᠥᠪᠥᠷ ᠮᠣᠩᠭᠤᠯ ᠭᠠᠳᠠᠭᠠᠳᠤ ᠳᠤ ᠰᠤᠷᠤᠯᠴᠠᠭᠰᠠᠳ ᠤᠨ ᠰᠢᠨ᠎ᠡ ᠶᠢ ᠡᠭᠦᠳᠦᠨ ᠠᠳᠠᠯ ᠦᠶᠯᠡᠰ ᠴᠣᠭᠴᠠᠯᠠᠬᠤ ᠶᠢ ᠡᠬᠢᠯᠡᠭᠦᠯᠦᠨ ᠳᠡᠮᠵᠢᠬᠦ ᠲᠥᠯᠥᠪᠯᠡᠭᠡ ᠶᠢ ᠬᠡᠷᠡᠭᠵᠢᠭᠦᠯᠪᠡ
ᠨᠡᠶᠢᠲᠡᠯᠡᠭᠰᠡᠨ ᠴᠠᠭ᠄
2018/8/15
     ᠭᠠᠳᠠᠭᠠᠳᠤ ᠳᠤ ᠰᠤᠷᠤᠯᠴᠠᠭᠰᠠᠳ ᠤᠨ ᠨᠤᠲᠤᠭ ᠲᠠᠭᠠᠨ ᠪᠣᠴᠠᠵᠤ ᠰᠢᠨ᠎ᠡ ᠶᠢ ᠡᠭᠦᠳᠦᠨ ᠠᠳᠠᠯ ᠦᠶᠯᠡᠰ ᠴᠣᠭᠴᠠᠯᠠᠬᠤ ᠶᠢ ᠨᠢ ᠵᠣᠷᠢᠭᠵᠢᠭᠤᠯᠬᠤ ᠶᠢᠨ ᠲᠤᠰᠠᠳᠠ᠂ ᠰᠣᠳᠣᠯᠭᠠᠨ ᠢᠶᠠᠷ ᠳᠠᠮᠵᠢᠵᠤ᠂ 2018 ᠣᠨ ᠠᠴᠠ ᠡᠬᠢᠯᠡᠨ᠂ ᠮᠠᠨ ᠤ ᠣᠷᠣᠨ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠳᠤ ᠰᠤᠷᠤᠯᠴᠠᠭᠰᠠᠳ ᠤᠨ ᠰᠢᠨ᠎ᠡ ᠶᠢ ᠡᠭᠦᠳᠦᠨ ᠠᠳᠠᠯ ᠦᠶᠯᠡᠰ ᠴᠣᠭᠴᠠᠯᠠᠬᠤ ᠶᠢ ᠡᠬᠢᠯᠡᠭᠦᠯᠦᠨ ᠳᠡᠮᠵᠢᠬᠦ ᠲᠥᠯᠥᠪᠯᠡᠭᠡ ᠶᠢ ᠬᠡᠷᠡᠭᠵᠢᠭᠦᠯᠪᠡ᠃      ᠣᠶᠢᠯᠠᠭᠠᠭᠰᠠᠨ ᠢᠶᠠᠷ᠂ 2018 ᠣᠨ ᠤ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠳᠤ ᠰᠤᠷᠤᠯᠴᠠᠭᠰᠠᠳ ᠎ ᠤᠨ ᠰᠢᠨ᠎ᠡ ᠶᠢ ᠡᠭᠦᠳᠦᠨ ᠠᠳᠠᠯ ᠦᠶᠯᠡᠰ ᠴᠣᠭᠴᠠᠯᠠᠬᠤ ᠶᠢ ᠡᠬᠢᠯᠡᠭᠦᠯᠦᠨ ᠳᠡᠮᠵᠢᠬᠦ ᠲᠥᠯᠥᠪᠯᠡᠭᠡᠨ ᠤ ᠲᠤᠰᠠᠯᠠᠨ ᠳᠡᠮᠵᠢᠬᠦ ᠬᠦᠷᠢᠶ᠎ᠡ ᠬᠡᠪᠴᠢᠶ᠎ᠡ ᠪᠣᠯ᠄ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ᠂ ᠳᠤᠮᠳᠠᠳᠤ ᠤᠯᠤᠰ ᠤᠨ ᠦᠢᠯᠡᠳᠬᠡᠯ 2025 ᠵᠡᠷᠭᠡ ᠤᠯᠤᠰ ᠤᠨ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ᠂ ᠵᠣᠬᠢᠶᠠᠮᠠᠯ ᠤᠶᠤᠨ ᠴᠢᠳᠠᠪᠤᠷᠢ᠂ ᠲᠣᠮᠣ ᠳ᠋ᠠᠶᠢᠲ᠋ᠠ᠂ ᠰᠢᠨ᠎ᠡ ᠡᠳ᠋ ᠮᠠᠲ᠋ᠧᠷᠢᠶᠠᠯ᠂ ᠲᠡᠷᠢᠭᠦᠨ ᠤ ᠲᠣᠨᠤᠭ ᠲᠥᠬᠦᠭᠡᠷᠦᠮᠵᠢ ᠶᠢᠨ ᠦᠢᠯᠡᠳᠬᠡᠯ᠂ ᠣᠳᠣ ᠦᠶ᠎ᠡ ᠶᠢᠨ ᠠᠨᠠᠭᠠᠬᠤ ᠤᠬᠠᠭᠠᠨ᠂ ᠬᠤᠰᠢᠭᠤᠴᠢ ᠠᠮᠢᠳᠤ ᠪᠣᠳᠠᠰ ᠪᠣᠯᠣᠨ ᠰᠠᠭᠤᠷᠢ ᠰᠢᠨᠵᠢᠯᠡᠭᠡᠨ ᠤ ᠰᠣᠳᠣᠯᠣᠯ ᠵᠡᠷᠭᠡ ᠬᠦᠷᠢᠶᠡᠨ ᠳᠠᠬᠢ ᠰᠢᠨ᠎ᠡ ᠶᠢ ᠡᠭᠦᠳᠦᠨ ᠠᠳᠠᠯ ᠦᠶᠯᠡᠰ ᠴᠣᠭᠴᠠᠯᠠᠬᠤ ᠲᠥᠷᠥᠯ ᠵᠦᠢᠯ ᠢ ᠭᠤᠣᠯᠳᠠᠯᠭ᠎ᠠ ᠲᠠᠢ ᠲᠤᠰᠠᠯᠠᠨ ᠳᠡᠮᠵᠢᠨ᠎ᠡ᠃ ᠭᠤᠶᠤᠴᠢᠯᠠᠬᠤ ᠨᠥᠬᠦᠴᠡᠯ ᠪᠣᠯ᠄ ᠭᠤᠶᠤᠴᠢᠯᠠᠭᠰᠠᠳ ᠡᠬᠡ ᠣᠷᠣᠨ ᠢᠶᠠᠨ ᠬᠠᠶᠢᠷᠠᠯᠠᠵᠤ᠂ ᠬᠠᠤᠯᠢ ᠰᠠᠬᠢᠯᠭ᠎ᠠ ᠶᠢ ᠵᠢᠷᠤᠮᠯᠠᠨ᠂ ᠰᠠᠶᠢᠨ ᠰᠠᠶᠢᠬᠠᠨ ᠠᠵᠢᠯ ᠤᠨ ᠬᠡᠪ ᠰᠤᠷᠲᠠᠯ ᠲᠠᠢ ᠪᠠᠶᠢᠬᠤ ᠬᠡᠷᠡᠭᠲᠡᠢ᠃ ᠭᠠᠳᠠᠭᠠᠳᠤ ᠳᠤ ᠨᠢᠭᠡ ᠵᠢᠯ ᠠᠴᠠ ᠳᠡᠭᠡᠭᠰᠢ ᠰᠤᠷᠤᠯᠴᠠᠭᠠᠳ᠂ ᠭᠠᠳᠠᠭᠠᠳᠤ ︵ᠬᠢᠯᠢ︶᠎ ᠶᠢᠨ ᠮᠠᠰᠲ᠋ᠧᠷ ᠠᠴᠠ ᠳᠡᠭᠡᠭᠰᠢᠬᠢ ᠡᠷᠳᠡᠮ ᠤᠨ ᠴᠣᠯᠠ ᠲᠠᠢ ᠬᠥᠮᠦᠰ︔ ᠠᠯᠪᠠᠨ ᠠᠴᠠ ᠲᠣᠮᠢᠯᠠᠭᠰᠠᠨ ᠭᠠᠳᠠᠭᠠᠳᠤ ᠳᠤ ᠰᠤᠷᠤᠯᠴᠠᠭᠰᠠᠳ︔ ᠥᠪᠡᠷᠲᠡᠭᠡᠨ ᠵᠠᠰᠠᠬᠤ ᠣᠷᠣᠨ ᠤ ︽511 ᠴᠢᠳᠠᠪᠤᠷᠢᠲᠠᠨ ᠤ ᠢᠨᠵᠧᠨᠧᠷᠢᠩ︾᠎ ᠤᠨ ᠭᠠᠳᠠᠭᠠᠳᠤ ᠳᠤ ᠬᠥᠮᠦᠵᠢᠭᠦᠯᠵᠦ ᠪᠠᠶᠢᠭ᠎ᠠ ᠬᠥᠮᠦᠰ ᠪᠠᠶᠢᠬᠤ ᠬᠡᠷᠡᠭᠲᠡᠢ᠃ ᠲᠤᠰᠠᠯᠠᠨ ᠳᠡᠮᠵᠢᠬᠦ ᠲᠥᠷᠥᠯ ᠢᠯᠭᠠᠯ᠄ ᠡᠬᠢᠯᠡᠭᠦᠯᠦᠨ ᠳᠡᠮᠵᠢᠬᠦ ᠲᠥᠯᠥᠪᠯᠡᠭᠡᠨ ᠢ ᠰᠢᠨ᠎ᠡ ᠶᠢ ᠡᠭᠦᠳᠬᠦ ᠪᠠ ᠠᠳᠠᠯ ᠦᠶᠯᠡᠰ ᠴᠣᠭᠴᠠᠯᠠᠬᠤ ᠬᠡᠮᠡᠨ ᠬᠤᠶᠠᠷ ᠲᠦᠷᠦᠯ ᠬᠤᠪᠢᠶᠠᠨ᠎ᠠ᠂ ᠡᠭᠦᠨ ᠳᠤ᠂ ᠰᠢᠨ᠎ᠡ ᠶᠢ ᠡᠭᠦᠳᠬᠦ ᠲᠥᠷᠥᠯ ᠵᠦᠶᠯ ᠢ ᠡᠬᠢᠯᠡᠭᠦᠯᠬᠦ ᠲᠦᠷᠦᠯ ᠪᠣᠯᠤᠨ ᠪᠠᠭ᠎ᠠ ᠲᠣᠭᠠᠨ ᠤ ᠲᠥᠷᠥᠯ ᠬᠡᠮᠡᠨ ᠬᠤᠶᠠᠷ ᠬᠤᠪᠢᠶᠠᠨ᠎ᠠ᠃ ᠲᠤᠰᠠᠯᠠᠨ ᠳᠡᠮᠵᠢᠬᠦ ᠵᠣᠭᠤᠰ ᠤᠨ ᠲᠤᠭ᠎ᠠ᠄ ᠰᠢᠨ᠎ᠡ ᠶᠢ ᠡᠭᠦᠳᠬᠦ ᠡᠬᠢᠯᠡᠭᠦᠯᠦᠯᠲᠡ ᠶᠢᠨ ᠲᠥᠷᠥᠯ ᠵᠦᠢᠯ ᠢ ᠲᠤᠰᠠᠯᠠᠨ ᠳᠡᠮᠵᠢᠬᠦ ᠵᠣᠭᠤᠰ ᠤᠨ ᠲᠤᠭ᠎ᠠ ᠨᠢ 2᠎ ᠠᠴᠠ 5 ᠲᠦᠮᠡᠨ ᠲᠥᠭᠦᠷᠢᠭ ᠪᠣᠯᠣᠨ᠎ᠠ︔ ᠰᠢᠨ᠎ᠡ ᠶᠢ ᠡᠭᠦᠳᠬᠦ ᠪᠠᠭ᠎ᠠ ᠲᠣᠭᠠᠨ ᠤ ᠲᠥᠷᠥᠯ ᠵᠦᠢᠯ ᠢ ᠲᠤᠰᠠᠯᠠᠨ ᠳᠡᠮᠵᠢᠬᠦ ᠵᠣᠭᠤᠰ ᠤᠨ ᠲᠤᠭ᠎ᠠ ᠨᠢ ᠡᠩ ᠤᠨ ᠪᠠᠶᠢᠳᠠᠯ ᠳᠣᠣᠷ᠎ᠠ 2 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ᠠᠳᠠᠯ ᠦᠶᠯᠡᠰ ᠴᠣᠭᠴᠠᠯᠠᠬᠤ ᠲᠥᠷᠥᠯ ᠵᠦᠶᠯ ᠢ ᠲᠤᠰᠠᠯᠠᠨ ᠳᠡᠮᠵᠢᠬᠦ ᠵᠣᠭᠤᠰ ᠤᠨ ᠲᠤᠭ᠎ᠠ ᠨᠢ 5᠎ ᠠᠴᠠ 10 ᠲᠦᠮᠡᠨ ᠲᠥᠭᠦᠷᠢᠭ ᠪᠣᠯᠤᠨ᠎ᠠ᠃ ᠡᠭᠦᠨ ᠠᠴᠠ ᠭᠠᠳᠠᠨ᠎ᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠮᠡᠳᠡᠭᠳᠡᠯ ᠤᠨ ᠱᠠᠭᠠᠷᠳᠠᠯᠭ᠎ᠠ ᠶᠣᠰᠣᠭᠠᠷ᠂ ᠲᠤᠰ ᠲᠤᠰ ᠤᠨ ᠬᠡᠪᠴᠢᠶᠡᠨ ᠳᠣᠲᠣᠷ᠎ᠠ ᠪᠠᠨ ᠭᠤᠶᠤᠴᠢᠯᠠᠨ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃ ᠨᠠᠷᠢᠨ ᠪᠠᠶᠢᠳᠠᠯ ᠢ ᠣᠶᠢᠯᠠᠭᠠᠬᠤ ᠭᠡᠪᠡᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠦᠯᠵᠢᠶ᠎ᠡ ᠳᠤ ᠭᠠᠷᠴᠤ ᠪᠠᠶᠢᠴᠠᠭᠠᠨ ᠯᠠᠪᠯᠠᠵᠤ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号