ᠥᠪᠥᠷ ᠮᠣᠩᠭᠤᠯ ᠢᠳᠡᠭᠡᠨ ᠪᠠ ᠡᠮ ᠤᠨ ᠵᠦᠢᠯᠡᠰ ᠤᠨ ᠬᠦᠷᠢᠶᠡᠨ ᠳᠤ ᠠᠵᠤ ᠠᠬᠤᠶᠢᠯᠠᠯ ᠤᠨ ᠢᠲᠡᠭᠡᠮᠵᠢ ᠶᠢᠨ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠵᠦ ᠪᠤᠢ
ᠨᠡᠶᠢᠲᠡᠯᠡᠭᠰᠡᠨ ᠴᠠᠭ᠄
2018/8/15
      ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠵᠢᠯ ᠲᠥᠷᠥᠯ ᠤᠨ ᠢᠲᠡᠭᠡᠮᠵᠢ ᠶᠢᠨ ᠦᠨᠡᠯᠡᠯᠲᠡ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶᠎ ᠶᠢᠨ ᠱᠠᠭᠠᠷᠳᠠᠯᠭ᠎ᠠ ᠪᠠᠷ ᠪᠥᠬᠦ ᠣᠷᠣᠨ ᠤ ᠢᠳᠡᠭᠡᠨ ᠪᠠ ᠡᠮ ᠤᠨ ᠵᠦᠢᠯ ᠤᠨ ᠠᠵᠢᠯ ᠲᠥᠷᠥᠯ ᠤᠨ ᠢᠲᠡᠭᠡᠮᠵᠢ ᠶᠢᠨ ᠵᠡᠷᠭᠡ ᠳᠡᠰ ᠢ ᠦᠨᠳᠦᠰᠦᠯᠡᠨ ᠲᠥᠷᠥᠯ ᠬᠤᠪᠢᠶᠠᠨ ᠬᠢᠨᠠᠨ ᠬᠠᠮᠢᠶᠠᠷᠴᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ ᠪᠠᠶᠢᠨ᠎ᠠ᠃       ᠣᠶᠢᠯᠠᠭᠠᠭᠰᠠᠨ ᠢᠶᠠᠷ᠂ ︽ᠠᠷᠭ᠎ᠠ︾᠎ ᠶᠢ ᠦᠨᠳᠦᠰᠦᠯᠡᠪᠡᠯ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠢᠲᠡᠭᠡᠮᠵᠢ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠦᠢᠯᠡᠳᠪᠦᠷᠢᠯᠡᠭᠴᠢ ᠡᠵᠡᠩᠨᠡᠭᠴᠢ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠡᠮᠬᠢᠯᠡᠨ ᠨᠡᠶᠢᠯᠡᠭᠦᠯᠵᠦ᠂ ᠦᠢᠯᠡᠳᠪᠦᠷᠢᠯᠡᠭᠴᠢ ᠡᠵᠡᠩᠨᠡᠭᠴᠢ ᠶᠢᠨ ᠢᠲᠡᠭᠡᠮᠵᠢ ᠶᠢᠨ ᠲᠡᠩᠰᠠ ᠡᠪᠬᠡᠮᠡᠯ ᠪᠠᠶᠢᠭᠤᠯᠵᠤ᠂ ᠦᠢᠯᠡᠳᠪᠦᠷᠢᠯᠡᠭᠴᠢ ᠡᠵᠡᠩᠨᠡᠭᠴᠢ ᠶᠢᠨ ᠢᠲᠡᠭᠡᠮᠵᠢ ᠶᠢᠨ ᠵᠡᠷᠭᠡ ᠳᠡᠰ ᠢ ᠲᠣᠭᠲᠠᠭᠠᠵᠤ᠂ ᠢᠲᠡᠭᠡᠮᠵᠢ ᠶᠢᠨ ᠲᠥᠷᠥᠯ ᠢᠯᠭᠠᠯ ᠳᠤ ᠵᠥᠷᠢᠶᠡᠲᠦ ᠬᠠᠮᠢᠶᠠᠷᠤᠯᠲᠠ ᠶᠢ ᠬᠡᠷᠡᠭᠵᠢᠭᠦᠯᠵᠡᠢ᠃ ᠣᠳᠣᠬᠠᠨ ᠳᠤ᠂ ᠡᠨᠡ ᠬᠦ ᠰᠢᠰᠲ᠋ᠧᠮ ᠨᠢ ᠢᠳᠡᠭᠡᠨ ᠪᠠ ᠡᠮ ᠤᠨ ᠵᠦᠢᠯ ᠤᠨ ᠠᠵᠤ ᠠᠬᠤᠶᠢᠯᠠᠯ ᠤᠨ ᠮᠡᠳᠡᠭᠡ ᠵᠠᠩᠭᠢ ᠶᠢ 20 ᠲᠦᠮᠡ ᠭᠠᠷᠤᠶ ᠵᠤᠷᠪᠤᠰ ᠬᠤᠷᠢᠶᠠᠵᠤ᠂ ᠪᠥᠬᠦ ᠣᠷᠣᠨ ᠤ 75%᠎ ᠶᠢᠨ ᠠᠵᠤ ᠠᠬᠤᠶᠢᠯᠠᠯ ᠢ ᠪᠦᠷᠬᠦᠭᠦᠯᠵᠡᠢ᠃       ᠲᠠᠨᠢᠯᠴᠠᠭᠤᠯᠤᠭᠰᠠᠨ ᠢᠶᠠᠷ᠂ ︽ᠠᠷᠭ᠎ᠠ︾᠎ ᠶᠢ ᠦᠨᠳᠦᠰᠦᠯᠡᠪᠡᠯ᠂ ᠢᠳᠡᠭᠡᠨ ᠪᠠ ᠡᠮ ᠤᠨ ᠵᠦᠢᠯ ᠤᠨ ᠦᠢᠯᠡᠳᠪᠦᠷᠢᠯᠡᠭᠴᠢ ᠡᠵᠡᠩᠨᠡᠭᠴᠢ ᠶᠢᠨ ᠭᠤᠣᠯ ᠴᠣᠭᠴᠠ ᠶᠢᠨ ᠥᠨᠳᠥᠰᠦᠨ ᠮᠡᠳᠡᠭᠡ ᠵᠠᠩᠭᠢ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠮᠡᠳᠡᠭᠡ ᠵᠠᠩᠭᠢ᠂ ᠶᠠᠰᠤ ᠴᠢᠨᠠᠷ ᠤᠨ ᠠᠮᠤᠷ ᠲᠦᠪᠰᠢᠨ ᠤ ᠮᠡᠳᠡᠭᠡ ᠵᠠᠩᠭᠢ ᠂ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠭᠰᠠᠨ ᠮᠡᠳᠡᠭᠡ ᠵᠠᠩᠭᠢ᠂ ᠦᠢᠯᠡᠳᠬᠦᠨ ᠢ ᠰᠢᠯᠭᠠᠨ ᠪᠠᠶᠢᠴᠠᠭᠠᠬᠤ ᠰᠤᠭᠤᠴᠢᠨ ᠪᠠᠶᠢᠴᠠᠭᠠᠭᠰᠠᠨ ᠮᠡᠳᠡᠭᠡ ᠵᠠᠩᠭᠢ ᠂ ᠢᠯᠡᠴᠢᠯᠡᠨ ᠮᠡᠳᠡᠭᠦᠯᠦᠭᠰᠡᠨ ᠮᠡᠳᠡᠭᠡ ᠵᠠᠩᠭᠢ᠂ ᠵᠠᠰᠠᠭ ᠵᠠᠬᠢᠷᠭᠠᠨ ᠤ ᠰᠢᠳᠬᠡᠯ ᠤᠨ ᠮᠡᠳᠡᠭᠡ ᠵᠠᠩᠭᠢ ᠂ ᠱᠠᠩᠨᠠᠯ ᠬᠥᠬᠢᠭᠦᠯᠦᠯ ᠤᠨ ᠵᠠᠭᠠᠯᠳᠤᠭᠰᠠᠨ ᠮᠡᠳᠡᠭᠡ ᠵᠠᠩᠭᠢ᠂ ᠨᠡᠶᠢᠭᠡᠮ ᠤᠨ ᠬᠠᠷᠢᠭᠤᠴᠠᠯᠭ᠎ᠠ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠭᠰᠡᠨ ᠮᠡᠳᠡᠭᠡ ᠵᠠᠩᠭᠢ ᠶᠢ ᠴᠥᠮ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠬᠦᠷᠢᠶ᠎ᠡ ᠬᠡᠪᠴᠢᠶᠡᠨ ᠳᠤ ᠣᠷᠣᠭᠤᠯᠬᠤ ᠶᠢᠨ ᠬᠠᠮᠲᠤ ᠬᠤᠪᠢ ᠲᠡᠮᠳᠡᠭᠯᠡᠬᠦ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠨᠢᠭᠡ ᠵᠢᠯ ᠤᠨ ᠢᠲᠡᠭᠡᠮᠵᠢ ᠶᠢᠨ ᠦᠶᠡᠯᠡᠬᠦ ᠬᠤᠭᠤᠴᠠᠭ᠎ᠠ ᠲᠠᠢ ᠤᠶᠠᠯᠳᠤᠭᠤᠯᠤᠨ᠂ ᠢᠳᠡᠭᠡᠨ ᠪᠠ ᠡᠮ ᠤᠨ ᠵᠦᠢᠯ ᠢ ᠦᠢᠯᠡᠳᠪᠦᠷᠢᠯᠡᠭᠴᠢ ᠡᠵᠡᠩᠨᠡᠭᠴᠢᠳ ᠤᠨ ᠢᠲᠡᠭᠡᠮᠵᠢ ᠶᠢᠨ ᠵᠡᠷᠭᠡ ᠳᠡᠰ ᠢ ᠥᠨᠳᠥᠷ ᠠᠴᠠ ᠳᠣᠤᠷ᠎ᠠ ᠲᠡᠰᠢ ᠳᠥᠷᠪᠡᠨ ᠳᠡᠰ ᠪᠣᠯᠭᠠᠨ ᠬᠤᠪᠢᠶᠠᠨ᠎ᠠ᠂ ᠲᠤᠬᠠᠶᠢᠯᠠᠪᠠᠯ ᠢᠲᠡᠭᠡᠮᠵᠢᠲᠡᠶ ᠪᠠᠶᠢᠬᠤ ︵A︶᠂ ᠥᠨᠳᠥᠰᠦᠨ ᠳᠡᠭᠡᠨ ᠢᠲᠡᠭᠡᠮᠵᠢᠲᠡᠶ ᠪᠠᠶᠢᠬᠤ ︵B︶᠂ ᠢᠲᠡᠭᠡᠯ ᠠᠯᠳᠠᠭᠰᠠᠨ ︵C ᠵᠡᠷᠭᠡ︶᠂ ᠬᠦᠨᠳᠦ ᠨᠣᠴᠢᠲᠠᠶ ᠢᠲᠡᠭᠡᠯ ᠠᠯᠳᠠᠭᠰᠠᠨ ︵D ᠳᠡᠰ︶ ᠭᠡᠵᠦ ᠬᠤᠪᠢᠶᠠᠬᠤ ᠮᠥᠷᠲᠡᠭᠡᠨ ᠢᠲᠡᠭᠡᠮᠵᠢ ᠶᠢᠨ ᠲᠠᠰ ᠢ ᠥᠨᠳᠦᠰᠦᠯᠡᠨ ᠲᠥᠷᠥᠯ ᠬᠤᠪᠢᠶᠠᠨ ᠬᠢᠨᠠᠨ ᠬᠠᠮᠢᠶᠠᠷᠤᠨ᠎ᠠ᠃       ᠬᠠᠷᠢᠶᠠᠳᠤ ᠭᠠᠵᠠᠷ ᠤᠨ ᠬᠠᠮᠢᠶᠠᠷᠤᠯᠲᠠ ᠶᠣᠰᠣᠭᠠᠷ᠂ ᠨᠢᠭᠡ ᠡᠷᠦᠬᠡ ᠳᠤ ᠨᠢᠭᠡ ᠳᠠᠩᠰᠠ ᠡᠪᠬᠡᠮᠡᠯ ᠲᠠᠢ ᠪᠠᠶᠢᠯᠭᠠᠬᠤ ᠶᠢ ᠵᠢᠷᠤᠮᠯᠠᠨ᠂ ︽ᠬᠡᠨ ᠵᠥᠪᠰᠢᠶᠡᠷᠡᠭᠰᠡᠨ ᠪᠣᠯ ᠲᠡᠭᠦᠨ ᠢ ᠲᠡᠮᠳᠡᠭᠯᠡᠵᠦ ᠣᠷᠣᠭᠤᠯᠬᠤ᠂ ᠬᠡᠨ ᠦᠨᠡᠮᠰᠢᠭᠰᠡᠨ ᠪᠣᠯ ᠲᠡᠭᠦᠨ ᠢ ᠲᠡᠮᠳᠡᠭᠯᠡᠵᠦ ᠣᠷᠣᠭᠤᠯᠬᠤ᠂ ᠬᠡᠨ ᠪᠠᠶᠢᠴᠠᠭᠠᠭᠰᠠᠨ ᠪᠣᠯ ᠲᠡᠭᠦᠨ ᠢ ᠲᠡᠮᠳᠡᠭᠯᠡᠵᠦ ᠣᠷᠣᠭᠤᠯᠬᠤ᠂ ᠬᠡᠨ ᠰᠤᠭᠤᠴᠢᠨ ᠪᠠᠶᠢᠴᠠᠭᠠᠭᠰᠠᠨ ᠪᠣᠯ ᠲᠡᠭᠦᠨ ᠢ ᠲᠡᠮᠳᠡᠭᠯᠡᠵᠦ ᠣᠷᠣᠭᠤᠯᠬᠤ᠂ ᠬᠡᠨ ᠰᠢᠳᠬᠡᠭᠰᠡᠨ ᠪᠣᠯ ᠲᠡᠭᠦᠨ ᠢ ᠲᠡᠮᠳᠡᠭᠯᠡᠵᠦ ᠣᠷᠣᠭᠤᠯᠬᠤ᠂ ᠬᠡᠨ ᠲᠡᠮᠳᠡᠭᠯᠡᠵᠦ ᠣᠷᠣᠭᠤᠯᠤᠭᠰᠠᠨ ᠪᠣᠯ ᠲᠡᠷᠡ ᠨᠢ ᠬᠠᠷᠢᠭᠤᠴᠠᠬᠤ︾ ᠵᠠᠷᠴᠢᠮ ᠶᠣᠰᠣᠭᠠᠷ᠂ ᠡᠯ᠎ᠡ ᠱᠠᠲᠤᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠢᠳᠡᠭᠡᠨ ᠪᠠ ᠡᠮ ᠤᠨ ᠵᠦᠢᠯ ᠤᠨ ᠠᠵᠤ ᠠᠬᠤᠶᠢᠯᠠᠯ ᠳᠤ ᠢᠲᠡᠭᠡᠮᠵᠢ ᠶᠢ ᠨᠢ ᠬᠠᠮᠢᠶᠠᠷᠬᠤ ᠪᠠ ᠬᠤᠪᠢ ᠶᠢᠨ ᠨᠤᠭᠳᠤᠯ ᠢ ᠨᠢ ᠲᠣᠭᠲᠠᠭᠠᠨ ᠥᠭᠴᠦ᠂ ᠢᠲᠡᠭᠡᠮᠵᠢᠲᠡᠶ ᠠᠵᠤ ᠠᠬᠤᠶᠢᠯᠠᠯ ᠢ ︽ᠤᠯᠠᠭᠠᠨ ᠨᠡᠷ᠎ᠡ ᠶᠢᠨ ᠳᠠᠩᠰᠠ︾᠎ ᠳᠤ ᠣᠷᠣᠭᠤᠯᠵᠤ᠂ ᠢᠲᠡᠭᠡᠯ ᠠᠯᠳᠠᠭᠰᠠᠨ ᠠᠵᠤ ᠠᠬᠤᠶᠢᠯᠠᠯ ᠢ ︽ᠬᠠᠷ᠎ᠠ ᠨᠡᠷ᠎ᠡ ᠶᠢᠨ ᠲᠠᠩᠰᠠ︾᠎ ᠳᠤ ᠣᠷᠣᠭᠤᠯᠬᠤ ᠪᠦᠭᠡᠳ ᠢᠲᠡᠭᠡᠮᠵᠢ ᠠᠯᠳᠠᠭᠰᠠᠨ ᠠᠵᠤ ᠠᠬᠤᠶᠢᠯᠠᠯ ᠳᠤ ᠪᠠᠶᠢᠴᠠᠭᠠᠬᠤ ᠳᠠᠪᠲᠠᠮᠵᠢ ᠤᠳᠠᠭ᠎ᠠ ᠪᠠ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠤᠨ᠎ᠠ᠃ ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠰᠠ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠢᠳᠡᠪᠬᠢᠲᠡᠢ ᠪᠠᠷ ᠵᠣᠯᠭᠠᠭᠤᠯᠤᠨ᠂ ᠰᠠᠯᠠᠭ᠎ᠠ ᠮᠥᠴᠢᠷ ᠠᠯᠤᠰᠯᠠᠭᠰᠠᠨ᠂ ᠭᠠᠵᠠᠷ ᠣᠷᠣᠨ ᠠᠯᠤᠰᠯᠠᠭᠰᠠᠨ᠂ ᠠᠵᠢᠯ ᠲᠦᠷᠦᠯ ᠠᠯᠤᠰᠯᠠᠭᠰᠠᠨ ᠬᠠᠮᠲᠤᠷᠠᠨ ᠤᠷᠮᠠᠰᠢᠭᠤᠯᠬᠤ ᠪᠠ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠵᠤ᠂ ᠢᠲᠡᠭᠡᠮᠵᠢ ᠠᠯᠳᠠᠭᠰᠠᠨ ᠠᠵᠤ ᠠᠬᠤᠶᠢᠯᠠᠯ ᠢ ︽ᠨᠢᠭᠡ ᠶᠠᠪᠤᠳᠠᠯ ᠳᠤ ᠬᠠᠤᠯᠢ ᠠᠴᠠ ᠵᠥᠷᠢᠴᠡᠪᠡᠯ᠂ ᠶᠠᠪᠤᠳᠠᠯ ᠪᠣᠯᠭᠠᠨ ᠳᠤ ᠬᠢᠵᠠᠭᠠᠷᠯᠠᠭᠳᠠᠬᠤ︾ ᠬᠢᠨᠠᠯᠲᠠ ᠬᠠᠮᠢᠶᠠᠷᠤᠯᠲᠠ ᠶᠢᠨ ᠪᠠᠶᠢᠳᠠᠯ ᠢ ᠪᠣᠢ ᠪᠣᠯᠭᠠᠬᠤ ᠎ ᠶᠢ ᠠᠬᠢᠭᠤᠯᠵᠤ᠂ ᠢᠳᠡᠭᠡᠨ ᠪᠠ ᠡᠮ ᠤᠨ ᠵᠦᠢᠯ ᠤᠨ ᠠᠵᠢᠯ ᠲᠥᠷᠥᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠯᠬᠠᠭᠠᠨ ᠰᠢᠳᠬᠡᠬᠦ ᠡᠷᠴᠢᠮ ᠢᠶᠠᠨ ᠴᠢᠩᠭᠠᠷᠠᠭᠤᠯᠵᠤ᠂ ᠦᠨᠡᠨᠴᠢ ᠢᠲᠡᠭᠡᠮᠵᠢᠲᠡᠢ ᠪᠠᠷ ᠬᠠᠤᠯᠢ ᠶᠢ ᠰᠠᠬᠢᠬᠤ ᠡᠵᠡᠩᠨᠡᠯᠲᠡ ᠶᠢᠨ ᠨᠡᠶᠢᠭᠡᠮ ᠤᠨ ᠬᠠᠮᠲᠤᠪᠠᠷ ᠵᠠᠰᠠᠬᠤ ᠬᠠᠮᠲᠤᠪᠠᠷ ᠬᠥᠭᠵᠢᠭᠦᠯᠬᠦ ᠡᠶ᠎ᠡ ᠵᠣᠬᠢᠴᠠᠯ ᠲᠠᠢ ᠵᠠᠬ᠎ᠠ ᠳᠡᠯᠭᠡᠭᠦᠷ ᠤᠨ ᠠᠭᠤᠷ ᠠᠮᠢᠰᠬᠤᠯ ᠢ ᠪᠣᠶ ᠪᠣᠯᠭᠠᠨ᠎ᠠ᠃       ᠣᠶᠢᠯᠠᠭᠠᠭᠰᠠᠨ ᠢᠶᠠᠷ᠂ ᠦᠨᠡᠨᠴᠢ ᠢᠲᠡᠭᠡᠮᠵᠢ ᠶᠢᠨ ︽ᠤᠯᠠᠭᠠᠨ ᠨᠡᠷ᠎ᠡ ᠶᠢᠨ ᠳᠠᠩᠰᠠ︾᠎ ᠳᠤ ᠣᠷᠣᠭᠰᠠᠨ ᠪᠤᠶᠤ A ᠳᠡᠰ ᠤᠨ ᠢᠲᠡᠭᠡᠮᠵᠢᠲᠡᠶ ᠪᠠᠶᠢᠬᠤ ᠢᠶᠠᠷ ᠰᠢᠯᠭᠠᠨ ᠲᠣᠭᠲᠠᠭᠠᠭᠳᠠᠭᠰᠠᠨ ᠢᠳᠡᠭᠡᠨ ᠪᠠ ᠡᠮ ᠤᠨ ᠵᠦᠢᠯ ᠢ ᠦᠢᠯᠡᠳᠪᠦᠷᠢᠯᠡᠭᠴᠢ ᠡᠵᠡᠩᠨᠡᠭᠴᠢ ᠳᠤ ᠪᠣᠯ᠂ ᠵᠠᠰᠠᠭ ᠤᠨ ᠣᠷᠳᠣᠨ ᠤ ᠲᠦᠷᠦ ᠶᠢᠨ ᠪᠤᠳᠤᠯᠭ᠎ᠠ᠂ ᠤᠯᠠᠨ ᠨᠡᠶᠢᠲᠡ ᠶᠢᠨ ᠡᠬᠢ ᠪᠠᠶᠠᠯᠢᠭ ᠢ ᠲᠤᠬᠢᠷᠠᠭᠤᠯᠬᠤ ᠪᠠ ᠵᠠᠬ᠎ᠠ ᠳᠡᠯᠭᠡᠭᠦᠷ ᠤᠨ ᠲᠠᠯ᠎ᠠ ᠪᠠᠷ ᠤᠷᠮᠠᠰᠢᠭᠤᠯᠤᠨ᠎ᠠ᠂ ᠡᠭᠦᠨ ᠳᠤ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠳᠤ ᠣᠷᠣᠯᠴᠠᠬᠤ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠡᠷᠬᠡ ᠶᠢ ᠰᠢᠯᠵᠢᠭᠦᠯᠦᠨ ᠥᠭᠬᠦ᠂ ᠭᠠᠵᠠᠷ ᠰᠢᠷᠣᠶ ᠶᠢ ᠰᠢᠯᠵᠢᠭᠦᠯᠦᠨ ᠥᠭᠬᠦ ᠵᠡᠷᠭᠡ ᠬᠦᠷᠢᠶ᠎ᠡ ᠶᠢ ᠪᠠᠭᠲᠠᠭᠠᠨ᠎ᠠ᠃ ᠬᠦᠨᠳᠦ ᠨᠣᠴᠢᠲᠠᠶ ᠢᠲᠡᠭᠡᠯ ᠠᠯᠳᠠᠭᠰᠠᠨ ᠠᠵᠤ ᠠᠬᠤᠶᠢᠯᠠᠯ ᠢ ᠪᠣᠯ ᠢᠳᠡᠭᠡᠨ ᠪᠠ ᠡᠮ ᠤᠨ ᠵᠦᠢᠯ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠢ ᠦᠢᠯᠡᠳᠪᠦᠷᠢᠯᠡᠵᠦ ᠡᠵᠡᠩᠨᠡᠬᠦ ᠠᠵᠤ ᠠᠬᠤᠶᠢᠯᠠᠯ ᠤᠨ ︿ ᠬᠠᠷ᠎ᠠ ᠨᠡᠷ᠎ᠡ ᠶᠢᠨ ᠳᠠᠩᠰᠠ﹀᠎ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠣᠰᠣᠭᠠᠷ ᠨᠡᠶᠢᠭᠡᠮ ᠤᠨ ᠢᠲᠡᠭᠡᠮᠵᠢ ᠶᠢᠨ ᠬᠠᠮᠢᠶᠠᠷᠤᠯᠲᠠ ᠶᠢᠨ ᠰᠦᠯᠵᠢᠶ᠎ᠡ ᠳᠡᠭᠡᠷ᠎ᠡ ᠲᠡᠭᠦᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ 3 ᠵᠢᠯ ᠨᠡᠶᠢᠲᠡᠯᠡᠵᠦ᠂ ᠬᠦᠨᠳᠦ ᠨᠣᠴᠢᠲᠠᠶ ᠢᠲᠡᠭᠡᠯ ᠠᠯᠳᠠᠭᠰᠠᠨ ᠠᠵᠢᠯᠯᠠᠭ᠎ᠠ ᠶᠢᠨ ︽ᠬᠠᠷ᠎ᠠ ᠨᠡᠷ᠎ᠡ ᠶᠢᠨ ᠳᠠᠩᠰᠠ︾᠎ ᠳᠤ 5 ᠵᠢᠯ ᠣᠷᠣᠭᠤᠯᠬᠤ ᠪᠦᠭᠡᠳ ᠢᠲᠡᠭᠡᠯ ᠠᠯᠳᠠᠭᠰᠠᠨ ᠢ ᠨᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠳ᠋ᠠᠶᠢᠲ᠋ᠠ ᠬᠥᠮᠥᠷᠭᠡ ᠳᠤ ᠣᠷᠣᠭᠤᠯᠵᠤ᠂ ᠲᠡᠭᠦᠨ ᠤ ᠵᠠᠬ᠎ᠠ ᠳᠡᠯᠭᠡᠭᠦᠷ ᠤᠨ ᠥᠷᠢᠰᠥᠯᠳᠦᠭᠡᠨ ᠳᠤ ᠣᠷᠣᠯᠴᠠᠬᠤ ᠶᠢ ᠨᠢ ᠬᠢᠵᠠᠭᠠᠷᠯᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号