ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠠᠴᠠ ᠮᠡᠳᠡᠭᠳᠡᠯ ᠳᠠᠷᠤᠮᠠᠯᠯᠠᠨ | ᠲᠠᠷᠬᠠᠭᠠᠵᠤ᠂ ᠰᠤᠷᠭᠠᠨ ᠬᠥᠮᠥᠵᠢᠯ ᠤᠨ ᠶᠠᠮᠤᠨ ᠵᠡᠷᠭᠡ ᠰᠠᠯᠠᠭ᠎ᠠ ᠮᠥᠴᠢᠷ ᠤᠳ ᠤᠨ ︽ᠰᠤᠷᠭᠠᠨ ᠬᠥᠮᠥᠵᠢᠯ ᠤᠨ | ᠶᠠᠮᠤᠨ ᠤ ᠰᠢᠭᠤᠳ ᠬᠠᠷᠢᠶ᠎ᠠ ᠪᠠᠭᠰᠢ ᠶᠢᠨ ᠶᠡᠭᠡ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠣᠶᠤᠲᠠᠳ ᠢ | ᠠᠯᠪᠠᠨ ᠤ ᠰᠦᠢᠳᠬᠡᠯ ᠢᠶᠠᠷ ᠰᠤᠷᠭᠠᠨ ᠬᠥᠮᠥᠵᠢᠭᠦᠯᠬᠦ ᠶᠢᠨ ᠬᠡᠷᠡᠭᠵᠢᠭᠦᠯᠬᠦ ᠠᠷᠭ᠎ᠠ︾ ︵ᠲᠥᠷᠥ ᠠᠯᠪᠠᠨ | ᠲᠠᠷᠬᠠᠭᠠᠭᠰᠠᠨ ﹇2018﹈ 75 ᠳ᠋ᠤᠭᠠᠷ ᠲᠣᠭᠠᠲᠤ᠂ ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ | ᠳᠠᠮᠵᠢᠭᠤᠯᠤᠨ ᠲᠠᠷᠬᠠᠭᠠᠵᠤ᠂ ᠰᠤᠷᠭᠠᠨ ᠬᠥᠮᠥᠵᠢᠯ ᠤᠨ ᠶᠠᠮᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ︽ | ᠠᠷᠭ᠎ᠠ︾ ᠶᠢᠨ ᠬᠤᠯᠪᠣᠭᠳᠠᠯ ᠪᠦᠬᠦᠢ ᠠᠭᠤᠯᠭ᠎ᠠ ᠶᠢᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ | ᠬᠠᠷᠢᠭᠤᠯᠵᠠᠢ᠃ | ᠨᠢᠭᠡ᠂ ︽ᠠᠷᠭ᠎ᠠ︾ ᠶᠢ ᠨᠡᠶᠢᠲᠡᠯᠡᠭᠰᠡᠨ ᠠᠬᠤᠢ ᠪᠠᠶᠢᠳᠠᠯ ᠪᠠ ᠠᠴᠢ ᠬᠤᠯᠪᠣᠭᠳᠠᠯ ᠨᠢ ᠶᠠᠭᠤ ᠪᠣᠢ︖ | 2007 ᠣᠨ ᠠᠴᠠ ᠡᠬᠢᠯᠡᠨ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠪᠡᠭᠡᠵᠢᠩ ᠤᠨ ᠪᠠᠭᠰᠢ ᠶᠢᠨ ᠶᠡᠭᠡ | ᠰᠤᠷᠭᠠᠭᠤᠯᠢ᠂ ᠬᠤᠸᠠᠳᠦ᠋ᠩ ᠤᠨ ᠪᠠᠭᠰᠢ ᠶᠢᠨ ᠶᠡᠭᠡ ᠰᠤᠷᠭᠠᠭᠤᠯᠢ᠂ ᠵᠡᠭᠦᠨ ᠬᠤᠶᠢᠲᠤ ᠶᠢᠨ ᠪᠠᠭᠰᠢ ᠶᠢᠨ ᠶᠡᠭᠡ | ᠰᠤᠷᠭᠠᠭᠤᠯᠢ᠂ ᠬᠤᠸᠠᠵᠦ᠋ᠩ ᠤᠨ ᠪᠠᠭᠰᠢ ᠶᠢᠨ ᠶᠡᠭᠡ ᠰᠤᠷᠭᠠᠭᠤᠯᠢ᠂ ᠱᠠᠨᠰᠢ ᠶᠢᠨ ᠪᠠᠭᠰᠢ ᠶᠢᠨ ᠶᠡᠭᠡ ᠰᠤᠷᠭᠠᠭᠤᠯᠢ᠂ | ᠪᠠᠷᠠᠭᠤᠨ ᠡᠮᠦᠨᠡᠲᠦ ᠶᠢᠨ ᠶᠡᠭᠡ ᠰᠤᠷᠭᠠᠭᠤᠯᠢ ᠵᠡᠷᠭᠡ ᠰᠤᠷᠭᠠᠨ ᠬᠥᠮᠥᠵᠢᠯ ᠤᠨ ᠶᠠᠮᠤᠨ ᠤ ᠰᠢᠭᠤᠳ ᠬᠠᠷᠢᠶ᠎ᠠ 6 | ᠰᠠᠭᠤᠷᠢ ᠪᠠᠭᠰᠢ ᠶᠢᠨ ᠶᠡᠭᠡ ᠰᠤᠷᠭᠠᠭᠤᠯᠢ ᠳᠤ ᠲᠦᠰᠢᠭᠯᠡᠨ ᠪᠠᠭᠰᠢ ᠶᠢᠨ ᠮᠡᠷᠭᠡᠵᠢᠯ ᠤᠨ ᠣᠶᠤᠲᠠᠳ ᠢ ᠰᠦᠢᠳᠬᠡᠯ | ᠬᠤᠷᠢᠶᠠᠬᠤ ᠦᠭᠡᠢ ᠪᠠᠷ ᠰᠤᠷᠭᠠᠨ ᠬᠥᠮᠥᠵᠢᠭᠦᠯᠬᠦ ᠲᠤᠷᠰᠢᠯᠲᠠ ᠶᠢᠨ ᠴᠡᠭ ᠢ ᠬᠡᠷᠡᠭᠵᠢᠭᠦᠯᠬᠦ ᠪᠠᠷ ᠲᠣᠭᠲᠠᠭᠠᠪᠠ᠃ | 2017 ᠣᠨ ᠪᠣᠯᠲᠠᠯ᠎ᠠ᠂ ᠨᠢᠭᠡᠨᠲᠡ ᠡᠯᠰᠡᠭᠰᠡᠨ ᠰᠦᠢᠳᠬᠡᠯ ᠬᠤᠷᠢᠶᠠᠬᠤ ᠦᠭᠡᠢ ᠪᠠᠭᠰᠢ ᠶᠢᠨ ᠮᠡᠷᠭᠡᠵᠢᠯ ᠤᠨ | ᠣᠶᠤᠲᠠᠨ ᠨᠡᠶᠢᠲᠡ 10.1 ᠲᠦᠮᠡᠨ ᠬᠥᠮᠥᠨ ᠳᠤ ᠬᠦᠷᠴᠦ᠂ ᠰᠤᠷᠭᠠᠭᠤᠯᠢ ᠳᠤ ᠰᠠᠭᠤᠵᠤ ᠰᠤᠷᠤᠯᠴᠠᠵᠤ ᠪᠠᠶᠢᠭ᠎ᠠ ᠨᠢ | 3.1 ᠲᠦᠮᠡᠨ ᠬᠥᠮᠥᠨ᠂ ᠲᠡᠭᠦᠰᠦᠭᠰᠡᠨ ᠨᠢ ᠪᠠᠷᠤᠭ 7 ᠲᠦᠮᠡᠨ ᠬᠥᠮᠥᠨ ᠪᠠᠶᠢᠵᠤ᠂ ᠲᠡᠭᠦᠨ ᠤ ᠳᠣᠲᠣᠷ᠎ᠠ 90% | ᠨᠢ ᠳᠤᠮᠳᠠ ᠪᠠᠷᠠᠭᠤᠨ ᠬᠡᠰᠡᠭ ᠤᠨ ᠮᠤᠵᠢ ᠨᠤᠭᠤᠳ ᠤᠨ ᠳᠤᠮᠳᠠᠳᠤ ᠪᠠᠭ᠎ᠠ ᠰᠤᠷᠭᠠᠭᠤᠯᠢ ᠳᠤ ᠣᠴᠢᠵᠤ ᠪᠠᠭᠰᠢᠯᠠᠨ᠂ | ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠤ ᠮᠠᠰᠢ ᠣᠯᠠᠨ ᠳᠤᠮᠳᠠᠳᠤ ᠪᠠᠭ᠎ᠠ ᠰᠤᠷᠭᠠᠭᠤᠯᠢ ᠨᠢ ᠪᠡᠭᠡᠵᠢᠩ ᠤᠨ | ᠪᠠᠭᠰᠢ ᠶᠢᠨ ᠶᠡᠭᠡ ᠰᠤᠷᠭᠠᠭᠤᠯᠢ᠂ ᠬᠤᠸᠠᠳᠦ᠋ᠩ ᠤᠨ ᠪᠠᠭᠰᠢ ᠶᠢᠨ ᠶᠡᠭᠡ ᠰᠤᠷᠭᠠᠭᠤᠯᠢ ᠵᠡᠷᠭᠡ ᠶᠡᠭᠡ ᠳᠡᠭᠡᠳᠦ | ᠰᠤᠷᠭᠠᠭᠤᠯᠢ ᠠᠴᠠ ᠲᠡᠭᠦᠰᠦᠭᠰᠡᠨ ᠣᠶᠤᠲᠠᠳ ︽ᠢᠷᠡᠵᠦ ᠠᠵᠢᠯᠯᠠᠵᠤ ᠪᠠᠶᠢᠭᠰᠠᠨ ᠦᠭᠡᠢ ᠲᠡᠦᠬᠡ︾ ᠶᠢ | ᠡᠴᠦᠰᠯᠡᠭᠦᠯᠵᠦ᠂ ᠣᠷᠣᠨ ᠨᠤᠲᠤᠭ ᠲᠤ ᠨᠡᠯᠢᠶᠡᠳ ᠥᠨᠳᠥᠷ ᠬᠡᠪ ᠴᠢᠨᠠᠷ ᠪᠦᠬᠦᠢ ᠰᠢᠯᠢᠳᠡᠭ ᠪᠠᠭᠰᠢ ᠨᠠᠷ ᠢ | ᠲᠠᠰᠤᠷᠠᠯᠲᠠ ᠦᠭᠡᠢ ᠨᠥᠬᠦᠪᠦᠷᠢᠯᠡᠵᠦ᠂ ᠣᠷᠣᠨ ᠨᠤᠲᠤᠭ ᠤᠨ ᠰᠤᠷᠭᠠᠨ ᠬᠥᠮᠥᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ᠂ ᠦᠨᠳᠦᠰᠦᠨ ᠱᠠᠲᠤᠨ ᠤ ᠰᠤᠷᠭᠠᠭᠤᠯᠢ᠂ ᠰᠤᠷᠤᠭᠴᠢ ᠶᠢᠨ ᠭᠡᠷ ᠤᠨ ᠠᠬᠠᠮᠠᠳ ᠤᠨ ᠬᠠᠯᠭᠤᠨ ᠬᠦᠷᠢᠶᠡᠯᠡᠯ ᠢ | ᠣᠯᠵᠠᠢ᠃ ᠪᠠᠭᠰᠢ ᠶᠢᠨ ᠮᠡᠷᠭᠡᠵᠢᠯ ᠤᠨ ᠣᠶᠤᠲᠠᠳ ᠢ ᠰᠦᠢᠳᠬᠡᠯ ᠬᠤᠷᠢᠶᠠᠬᠤ ᠦᠭᠡᠢ ᠪᠠᠷ ᠰᠤᠷᠭᠠᠨ ᠬᠥᠮᠥᠵᠢᠭᠦᠯᠬᠦ | ᠲᠤᠷᠰᠢᠯᠲᠠ ᠶᠢᠨ ᠴᠢᠭ᠋ ᠤᠨ ᠠᠵᠢᠯ ᠨᠢ ᠳᠦᠷᠢᠮ ᠢ ᠰᠦᠪᠡᠭᠴᠢᠯᠡᠬᠦ᠂ ᠲᠤᠷᠰᠢᠯᠭ᠎ᠠ ᠬᠤᠷᠠᠮᠳᠤᠭᠤᠯᠬᠤ᠂ ᠵᠢᠱᠢᠶ᠎ᠡ | ᠦᠵᠡᠭᠦᠯᠦᠨ ᠬᠥᠲᠥᠯᠥᠨ ᠳᠠᠭᠠᠭᠤᠯᠬᠤ ᠵᠢᠱᠢᠭᠰᠡᠨ ᠬᠠᠷᠠᠯᠲᠠ ᠳᠤ ᠪᠠᠨ ᠬᠦᠷᠴᠦ᠂ ᠪᠠᠭᠰᠢ ᠬᠥᠮᠥᠵᠢᠭᠦᠯᠦᠨ | ᠨᠥᠬᠦᠪᠦᠷᠢᠯᠡᠬᠦ ᠲᠣᠭᠲᠠᠴᠠ ᠶᠢ ᠰᠢᠯᠢᠳᠡᠭᠵᠢᠭᠦᠯᠬᠦ᠂ ᠰᠢᠯᠢᠳᠡᠭ ᠣᠶᠤᠲᠠᠳ ᠢ ᠲᠠᠲᠠᠨ ᠤᠷᠮᠠᠰᠢᠭᠤᠯᠬᠤ ᠲᠥᠷᠥ ᠶᠢᠨ | ᠪᠣᠳᠣᠯᠭ᠎ᠠ ᠶᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠳᠤᠲᠠᠭᠤᠳᠠᠯ ᠢᠶᠠᠨ ᠨᠥᠬᠦᠪᠦᠷᠢᠯᠡᠬᠦ᠂ ᠡᠷᠬᠡ ᠲᠡᠭᠰᠢ ᠪᠠᠶᠢᠬᠤ ᠶᠢ | ᠠᠬᠢᠭᠤᠯᠬᠤ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠵᠤ᠂ 28 ᠮᠤᠵᠢ ︵ᠣᠷᠣᠨ᠂ ᠬᠤᠲᠠ︶ ᠶᠢ | ᠳᠠᠶᠢᠴᠢᠯᠠᠨ ᠣᠷᠣᠨ ᠨᠤᠲᠤᠭ ᠤᠨ ᠪᠠᠭᠰᠢ ᠶᠢᠨ ᠮᠡᠷᠭᠡᠵᠢᠯ ᠤᠨ ᠣᠶᠤᠲᠠᠳ ᠢ ᠰᠦᠢᠳᠬᠡᠯ ᠬᠤᠷᠢᠶᠠᠬᠤ ᠦᠭᠡᠢ ᠪᠠᠷ | ᠰᠤᠷᠭᠠᠨ ᠬᠥᠮᠥᠵᠢᠭᠦᠯᠬᠦ ᠶᠢ ᠬᠡᠷᠡᠭᠵᠢᠭᠦᠯᠵᠦ᠂ ᠵᠢᠯ ᠪᠦᠷᠢ 4 ᠲᠦᠮᠡ ᠭᠠᠷᠤᠢ ᠲᠡᠭᠦᠰᠦᠭᠰᠡᠳ ᠢ ᠬᠥᠮᠥᠵᠢᠭᠦᠯᠦᠨ | ᠬᠥᠳᠡᠭᠡ ᠲᠣᠰᠬᠤᠨ ᠤ ᠳᠤᠮᠳᠠᠳᠤ ᠪᠠᠭ᠎ᠠ ᠰᠤᠷᠭᠠᠭᠤᠯᠢ ᠳᠤ ᠨᠥᠬᠦᠪᠦᠷᠢᠯᠡᠨ ᠪᠠᠭᠰᠢᠯᠠᠭᠤᠯᠵᠤ ᠂ ᠪᠠᠭᠤᠷᠠᠢ ᠭᠠᠵᠠᠷ | ᠣᠷᠣᠨ ᠤ ᠪᠠᠭᠰᠢ ᠶᠢᠨ ᠬᠦᠴᠦᠨ ᠤ ᠲᠣᠬᠢᠷᠠᠭᠤᠯᠤᠯᠲᠠ ᠶᠢ ᠥᠭᠡᠷᠡᠴᠢᠯᠡᠨ ᠰᠠᠶᠢᠵᠢᠷᠠᠭᠤᠯᠬᠤ ᠪᠠ | ᠲᠡᠩᠴᠡᠭᠦᠷᠢᠰᠢᠭᠦᠯᠬᠦ᠂ ᠶᠠᠳᠠᠭᠤ ᠬᠦᠴᠢᠷᠲᠡᠢ ᠰᠤᠷᠤᠭᠴᠢᠳ ᠢ ᠬᠠᠪᠰᠤᠷᠤᠨ ᠶᠡᠭᠡ ᠰᠤᠷᠭᠠᠭᠤᠯᠢ ᠳᠤ ᠰᠤᠷᠤᠯᠴᠠᠬᠤ | ᠬᠦᠰᠡᠯ ᠢ ᠨᠢ ᠲᠡᠷᠭᠡᠯᠰᠢᠭᠦᠯᠬᠦ ᠵᠡᠷᠭᠡ ᠲᠠᠯ᠎ᠠ ᠪᠠᠷ ᠬᠢ ᠨᠡᠶᠢᠭᠡᠮ ᠤᠨ ᠦᠷ᠎ᠡ ᠪᠦᠲᠦᠮᠵᠢ ᠨᠢ ᠢᠯᠡᠷᠬᠡᠢ ᠪᠠᠶᠢᠨ᠎ᠠ᠃ | ᠶᠠᠮᠤᠨ ᠤ ᠬᠠᠷᠢᠶ᠎ᠠ ᠪᠠᠭᠰᠢ ᠶᠢᠨ ᠶᠡᠭᠡ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠣᠶᠤᠲᠠᠳ ᠪᠣᠯ | ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠨᠥᠬᠦᠪᠦᠷᠢᠯᠡᠬᠦ ᠣᠬᠢ ᠰᠢᠯᠢᠳᠡᠭ ᠢᠷᠡᠯᠲᠡ ᠪᠠᠶᠢᠵᠤ᠂ ᠥᠨᠳᠥᠷ ᠬᠡᠪ | ᠴᠢᠨᠠᠷ ᠪᠦᠬᠦᠢ ᠪᠠᠭᠰᠢ ᠶᠢᠨ ᠡᠩᠨᠡᠭᠡ ᠶᠢ ᠪᠠᠶᠢᠭᠤᠯᠬᠤ ᠶᠢᠨ ᠡᠬᠢ ᠰᠤᠷᠪᠤᠯᠵᠢ ᠪᠣᠯᠣᠨ᠎ᠠ᠃ ᠣᠳᠣᠬᠠᠨ ᠳᠤ᠂ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠨᠢᠭᠡᠨᠲᠡ ᠰᠢᠨ᠎ᠡ ᠴᠠᠭ ᠦᠶ᠎ᠡ ᠳᠤ ᠣᠷᠣᠵᠤ᠂ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠡᠬᠢᠯᠡᠪᠡ᠃ ᠮᠠᠨ ᠤ | ᠤᠯᠤᠰ ᠤᠨ ᠨᠡᠶᠢᠭᠡᠮ ᠤᠨ ᠭᠤᠣᠯ ᠵᠥᠷᠢᠴᠡᠯ ᠨᠢᠭᠡᠨᠲᠡ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ | ᠰᠠᠶᠢᠨ ᠰᠠᠶᠢᠬᠠᠨ ᠠᠮᠢᠳᠤᠷᠠᠯ ᠤᠨ ᠱᠠᠭᠠᠷᠳᠠᠯᠭ᠎ᠠ ᠪᠠ ᠲᠡᠩᠴᠡᠭᠦᠷᠢ ᠦᠭᠡᠢ ᠪᠥᠭᠡᠳ ᠭᠦᠢᠴᠡᠳ ᠦᠭᠡᠢ | ᠬᠥᠭᠵᠢᠯᠲᠡ ᠶᠢᠨ ᠬᠤᠭᠤᠷᠣᠨᠳᠤᠬᠢ ᠵᠥᠷᠢᠴᠡᠯ ᠪᠣᠯᠣᠨ ᠤᠯᠠᠷᠢᠨ ᠰᠢᠯᠵᠢᠵᠦ᠂ ᠠᠷᠠᠳ ᠲᠦᠮᠡᠨ ᠤ ᠡᠷᠬᠡ ᠲᠡᠭᠰᠢ | ᠪᠥᠭᠡᠳ ᠴᠢᠨᠠᠷᠯᠢᠭ ᠰᠤᠷᠭᠠᠨ ᠬᠥᠮᠥᠵᠢᠯ ᠬᠦᠰᠡᠨ ᠬᠥᠭᠡᠭᠡᠴᠡᠯᠳᠦᠬᠦ ᠨᠢ ᠨᠡᠩ ᠲᠤᠯᠭᠠᠮ᠎ᠠ ᠪᠣᠯᠵᠤ᠂ ᠥᠨᠳᠥᠷ ᠬᠡᠪ | ᠴᠢᠨᠠᠷ ᠪᠦᠬᠦᠢ ᠲᠤᠰᠬᠠᠢ ᠮᠡᠷᠭᠡᠵᠢᠭᠰᠡᠨ ᠪᠥᠭᠡᠳ ᠰᠢᠨ᠎ᠡ ᠶᠢ ᠡᠭᠦᠳᠬᠦ ᠬᠡᠯᠪᠡᠷᠢ ᠶᠢᠨ ᠪᠠᠭᠰᠢ ᠶᠢᠨ ᠡᠩᠨᠡᠭᠡ ᠶᠢ | ᠪᠠᠶᠢᠭᠤᠯᠬᠤ ᠳᠤ ᠨᠡᠩ ᠥᠨᠳᠥᠷ ᠬᠦᠰᠡᠯ ᠱᠠᠭᠠᠷᠳᠠᠯᠭ᠎ᠠ ᠲᠠᠢ ᠪᠣᠯᠵᠠᠢ᠃ ᠰᠢᠨ᠎ᠡ ᠣᠷᠣᠨ ᠪᠠᠶᠢᠷᠢᠰᠢᠯ᠂ ᠰᠢᠨ᠎ᠡ ᠠᠶᠠᠨ | ᠵᠠᠮ᠂ ᠰᠢᠨ᠎ᠡ ᠡᠭᠦᠷᠭᠡ ᠬᠠᠷᠢᠭᠤᠴᠠᠯᠭ᠎ᠠ ᠳᠤ ᠬᠠᠨᠳᠤᠭᠤᠯᠤᠨ᠂ ᠪᠠᠭᠰᠢ ᠶᠢᠨ ᠮᠡᠷᠭᠡᠵᠢᠯ ᠤᠨ ᠣᠶᠤᠲᠠᠳ ᠢ ᠰᠦᠢᠳᠬᠡᠯ | ᠬᠤᠷᠢᠶᠠᠬᠤ ᠦᠭᠡᠢ ᠪᠠᠷ ᠰᠤᠷᠭᠠᠨ ᠬᠥᠮᠥᠵᠢᠭᠦᠯᠬᠦ ᠨᠢ ᠥᠨᠳᠥᠷ ᠬᠡᠪ ᠴᠢᠨᠠᠷ ᠪᠦᠬᠦᠢ ᠪᠠᠭᠰᠢ ᠶᠢᠨ ᠡᠩᠨᠡᠭᠡ ᠶᠢ | ᠬᠥᠮᠥᠵᠢᠭᠦᠯᠬᠦ ᠨᠢᠭᠡ ᠵᠦᠢᠯ ᠤᠨ ᠴᠢᠬᠤᠯᠠ ᠠᠷᠭ᠎ᠠ ᠬᠡᠮᠵᠢᠶ᠎ᠡ ᠪᠣᠯᠣᠭᠰᠠᠨ ᠤ ᠬᠤᠪᠢ ᠳᠤ᠂ ᠰᠢᠨ᠎ᠡ ᠴᠠᠭ ᠤᠨ | ᠪᠠᠶᠢᠳᠠᠯ ᠤᠨ ᠱᠠᠭᠠᠷᠳᠠᠯᠭ᠎ᠠ ᠲᠠᠢ ᠨᠡᠩ ᠰᠠᠶᠢᠲᠤᠷ ᠵᠣᠬᠢᠴᠠᠭᠤᠯᠬᠤ ᠶᠢᠨ ᠲᠥᠯᠥᠭᠡ᠂ ᠰᠤᠷᠤᠭᠴᠢ ᠡᠯᠰᠡᠬᠦ᠂ | ᠴᠢᠳᠠᠪᠤᠷᠢᠲᠠᠨ ᠬᠥᠮᠥᠵᠢᠭᠦᠯᠬᠦ᠂ ᠠᠵᠢᠯ ᠣᠯᠭᠤᠬᠤ ᠭᠡᠷ᠎ᠡ ᠶᠢ ᠭᠦᠢᠴᠡᠳᠬᠡᠬᠦ᠂ ᠭᠡᠷ᠎ᠡ ᠭᠦᠢᠴᠡᠳᠬᠡᠬᠦ ᠶᠢ ᠬᠠᠮᠢᠶᠠᠷᠬᠤ᠂ | ᠨᠥᠬᠦᠴᠡᠯ ᠢ ᠪᠠᠲᠤᠯᠠᠬᠤ ᠵᠡᠷᠭᠡ ᠭᠤᠭᠴᠤᠭ᠎ᠠ ᠳᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠬᠦ ᠶᠢ ᠪᠠᠴᠢᠮ ᠱᠠᠭᠠᠷᠳᠠᠵᠤ ᠪᠠᠶᠢᠨ᠎ᠠ᠃ ᠬᠤᠯᠪᠣᠭᠳᠠᠯ ᠪᠦᠬᠦᠢ ᠠᠷᠠᠳᠴᠢᠯᠠᠭᠰᠠᠨ ᠨᠠᠮ ᠪᠦᠯᠦᠭ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠳ᠂ ᠡᠷᠳᠡᠮᠲᠡᠨ ᠮᠡᠷᠭᠡᠵᠢᠯᠲᠡᠳ᠂ ᠰᠦᠢᠳᠬᠡᠯ ᠬᠤᠷᠢᠶᠠᠭᠰᠠᠨ ᠦᠭᠡᠢ ᠪᠠᠭᠰᠢ ᠶᠢᠨ ᠮᠡᠷᠭᠡᠵᠢᠯ ᠤᠨ ᠣᠶᠤᠲᠠᠳ | ᠵᠡᠷᠭᠡ ᠲᠠᠯ᠎ᠠ ᠠᠴᠠ ᠤᠯᠠᠨ ᠤᠳᠠᠭ᠎ᠠ ᠰᠠᠨᠠᠭᠤᠯᠭ᠎ᠠ ᠳᠤᠷᠠᠳᠴᠤ᠂ ᠪᠠᠭᠰᠢ ᠶᠢᠨ ᠮᠡᠷᠭᠡᠵᠢᠯ ᠤᠨ ᠰᠤᠷᠤᠭᠴᠢᠳ ᠢ | ᠰᠦᠢᠳᠬᠡᠯ ᠬᠤᠷᠢᠶᠠᠬᠤ ᠦᠭᠡᠢ ᠪᠠᠷ ᠰᠤᠷᠭᠠᠨ ᠬᠥᠮᠥᠵᠢᠭᠦᠯᠬᠦ ᠲᠥᠷᠥ ᠶᠢᠨ ᠪᠣᠳᠣᠯᠭ᠎ᠠ ᠳᠤ ᠥᠭᠡᠷᠡᠴᠢᠯᠡᠯᠲᠡ ᠬᠢᠵᠦ᠂ | ᠤᠯᠤᠰ ᠤᠨ ᠡᠨᠡ ᠬᠦ ᠲᠥᠷᠥ ᠶᠢᠨ ᠪᠣᠳᠣᠯᠭ᠎ᠠ ᠶᠢᠨ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢ ᠨᠢ | ᠭᠦᠢᠴᠡᠳ ᠪᠠᠳᠠᠷᠠᠭᠤᠯᠪᠠ᠃ ᠪᠠᠭᠰᠢ ᠶᠢᠨ ᠮᠡᠷᠭᠡᠵᠢᠯ ᠤᠨ ᠣᠶᠤᠲᠠᠳ ᠢ ᠠᠯᠪᠠᠨ ᠤ ᠰᠦᠢᠳᠬᠡᠯ ᠢᠶᠠᠷ ᠰᠤᠷᠭᠠᠨ | ᠬᠥᠮᠥᠵᠢᠭᠦᠯᠬᠦ ᠲᠥᠷᠥ ᠶᠢᠨ ᠪᠣᠳᠣᠯᠭ᠎ᠠ ᠶᠢ ᠥᠭᠡᠷᠡᠴᠢᠯᠡᠨ ᠰᠠᠶᠢᠵᠢᠷᠠᠭᠤᠯᠬᠤ ᠪᠠ ᠲᠡᠭᠦᠯᠳᠡᠷᠵᠢᠭᠦᠯᠬᠦ ᠨᠢ ᠣᠳᠣᠬᠠᠨ ᠤ | ᠪᠠᠴᠢᠮ ᠡᠭᠦᠷᠭᠡ ᠪᠣᠯᠣᠭᠰᠠᠨ ᠢᠶᠠᠷ ᠪᠠᠷᠠᠬᠤ ᠦᠭᠡᠢ᠂ ᠨᠡᠩ ᠴᠤ ᠲᠥᠷᠥ ᠶᠢᠨ ᠪᠣᠳᠣᠯᠭ᠎ᠠ ᠶᠢᠨ ᠠᠮᠢᠵᠢᠷᠠᠯ ᠤᠨ | ᠬᠦᠴᠦᠨ ᠢ ᠬᠥᠭᠵᠢᠭᠡᠬᠦ ᠤᠷᠲᠤ ᠬᠤᠭᠤᠴᠠᠭᠠᠨ ᠤ ᠱᠠᠭᠠᠷᠳᠠᠯᠭ᠎ᠠ ᠪᠣᠯᠵᠠᠢ᠃ | ᠨᠠᠮ ᠪᠠ ᠤᠯᠤᠰ ᠠᠴᠠ ᠲᠡᠦᠬᠡᠨ ᠠᠴᠠ ᠪᠠᠨ ᠠᠪᠤᠭᠠᠳ ᠪᠠᠭᠰᠢ ᠶᠢᠨ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠭᠰᠡᠭᠡᠷ ᠢᠷᠡᠪᠡ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ᠂ ︽ | ᠪᠠᠭᠰᠢ ᠶᠢᠨ ᠮᠤᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ ᠥᠨᠳᠥᠷ ᠬᠡᠪ ᠴᠢᠨᠠᠷ ᠪᠦᠬᠦᠢ | ᠪᠠᠭᠰᠢ ᠶᠢᠨ ᠡᠩᠨᠡᠭᠡ ᠶᠢ ᠬᠥᠮᠥᠵᠢᠭᠦᠯᠵᠦ᠂ ᠪᠦᠬᠦ ᠨᠡᠶᠢᠭᠡᠮ ᠢᠶᠠᠷ ᠢᠶᠠᠨ ᠪᠠᠭᠰᠢ ᠶᠢ ᠬᠦᠨᠳᠦᠳᠬᠡᠨ ᠰᠤᠷᠭᠠᠨ | ᠬᠥᠮᠥᠵᠢᠯ ᠢ ᠴᠢᠬᠤᠯᠠᠴᠢᠯᠠᠬᠤ ᠶᠢ ᠰᠠᠨᠠᠭᠠᠴᠢᠯᠠᠬᠤ ᠬᠡᠷᠡᠭᠲᠡᠢ︾ ᠭᠡᠵᠦ ᠲᠣᠳᠣᠷᠬᠠᠢ ᠳᠤᠷᠠᠳᠴᠤ᠂ ᠰᠢᠨ᠎ᠡ ᠴᠠᠭ | ᠦᠶ᠎ᠡ ᠶᠢᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠴᠢᠭᠯᠡᠯ ᠢ | ᠵᠢᠭᠠᠨ ᠲᠣᠳᠣᠷᠬᠠᠶᠢᠯᠠᠵᠤ᠂ ᠰᠢᠨ᠎ᠡ ᠡᠭᠦᠷᠭᠡ ᠶᠢ ᠳᠤᠷᠠᠳᠤᠨ ᠭᠠᠷᠭᠠᠪᠠ᠃ 2018 ᠣᠨ ᠤ 1 ᠳ᠋ᠦ᠋ᠭᠡᠷ ᠰᠠᠷ᠎ᠠ ᠳᠤ ᠂ | ︽ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠰᠠᠨᠠᠯ︾ ︵ᠳᠤᠮᠳᠠᠳᠤ ᠲᠠᠷᠬᠠᠭᠠᠭᠰᠠᠨ ﹇2018﹈ 4 ᠳ᠋ᠦ᠋ᠭᠡᠷ ᠲᠣᠭᠠᠲᠤ︶ ᠳᠤ᠄ ︽ᠰᠤᠷᠭᠠᠨ | ᠬᠥᠮᠥᠵᠢᠯ ᠤᠨ ᠶᠠᠮᠤᠨ ᠤ ᠰᠢᠭᠤᠳ ᠬᠠᠷᠢᠶ᠎ᠠ ᠪᠠᠭᠰᠢ ᠶᠢᠨ ᠶᠡᠭᠡ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ | ᠣᠶᠤᠲᠠᠳ ᠢ ᠠᠯᠪᠠᠨ ᠤ ᠰᠦᠢᠳᠬᠡᠯ ᠢᠶᠠᠷ ᠰᠤᠷᠭᠠᠨ ᠬᠥᠮᠥᠵᠢᠭᠦᠯᠬᠦ ᠳᠦᠷᠢᠮ ᠢ ᠲᠡᠭᠦᠯᠳᠡᠷᠵᠢᠭᠦᠯᠵᠦ᠂ ᠭᠡᠷ᠎ᠡ | ᠭᠦᠢᠴᠡᠳᠬᠡᠵᠦ ᠪᠠᠭᠰᠢᠯᠠᠨ ᠦᠢᠯᠡᠴᠢᠯᠡᠬᠦ ᠬᠤᠭᠤᠴᠠᠭ᠎ᠠ ᠶᠢ 6 ᠵᠢᠯ ᠪᠣᠯᠭᠠᠨ ᠲᠣᠬᠢᠷᠠᠭᠤᠯᠬᠤ ᠬᠡᠷᠡᠭᠲᠡᠢ︾ ᠭᠡᠵᠦ | ᠲᠣᠳᠣᠷᠬᠠᠢ ᠳᠤᠷᠠᠳᠴᠤ᠂ ᠪᠠᠭᠰᠢ ᠶᠢᠨ ᠮᠡᠷᠭᠡᠵᠢᠯ ᠤᠨ ᠣᠶᠤᠲᠠᠳ ᠢ ᠠᠯᠪᠠᠨ ᠤ ᠰᠦᠢᠳᠬᠡᠯ ᠢᠶᠠᠷ ᠰᠤᠷᠭᠠᠨ | ᠬᠥᠮᠥᠵᠢᠭᠦᠯᠬᠦ ᠳᠦᠷᠢᠮ ᠢ ᠥᠭᠡᠷᠡᠴᠢᠯᠡᠨ ᠰᠠᠶᠢᠵᠢᠷᠠᠭᠤᠯᠬᠤ ᠪᠠ ᠲᠡᠭᠦᠯᠳᠡᠷᠵᠢᠭᠦᠯᠬᠦ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠬᠢᠪᠡ᠃ ᠡᠶᠢᠮᠦ ᠠᠴᠠ᠂ ︽ᠠᠷᠭ᠎ᠠ︾ ᠶᠢ ᠰᠤᠳᠤᠯᠤᠨ ᠲᠣᠭᠲᠠᠭᠠᠵᠤ ᠨᠡᠶᠢᠲᠡᠯᠡᠭᠰᠡᠨ ᠨᠢ ︽ | ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠰᠠᠨᠠᠯ︾ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠨᠢᠭᠡ | ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠣᠯᠬᠤ ᠪᠠᠷ ᠪᠠᠷᠠᠬᠤ ᠦᠭᠡᠢ᠂ ᠨᠡᠩ ᠴᠤ ᠰᠢᠯᠢᠳᠡᠭ | ᠴᠢᠳᠠᠪᠤᠷᠢᠲᠠᠳ ᠢ ᠲᠠᠲᠠᠵᠤ ᠪᠠᠭᠰᠢᠯᠠᠭᠤᠯᠬᠤ᠂ ᠨᠠᠮ ᠪᠠ ᠠᠷᠠᠳ ᠲᠦᠮᠡᠨ ᠳᠤ ᠲᠠᠭᠠᠰᠢᠶᠠᠭᠳᠠᠭᠰᠠᠨ ︽ᠳᠥᠷᠪᠡ | ᠪᠠᠶᠢᠬᠤ︾ ᠰᠠᠶᠢᠨ ᠪᠠᠭᠰᠢ ᠶᠢ ᠬᠥᠮᠥᠵᠢᠭᠦᠯᠬᠦ ᠨᠢᠭᠡ ᠵᠦᠢᠯ ᠤᠨ ᠵᠠᠩᠭᠢᠯᠠᠭ᠎ᠠ ᠶᠢᠨ ᠳᠦᠷᠢᠮ ᠪᠣᠯᠣᠨ᠎ᠠ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ᠰᠤᠷᠭᠠᠨ ᠬᠥᠮᠥᠵᠢᠯ ᠤᠨ ᠶᠠᠮᠤᠨ ᠠᠴᠠ ᠲᠥᠪ ᠤᠨ ᠪᠠᠶᠢᠭᠤᠯᠤᠮᠵᠢ ᠣᠷᠣᠨ | ᠲᠣᠭᠠᠨ ᠤ ᠵᠥᠪᠯᠡᠯ ᠤᠨ ᠠᠯᠪᠠᠨ ᠭᠡᠷ᠂ ᠡᠳ᠋ ᠤᠨ ᠵᠠᠰᠠᠭ ᠤᠨ ᠶᠠᠮᠤᠨ᠂ ᠬᠥᠮᠥᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠶᠠᠮᠤᠨ ᠲᠠᠢ ᠬᠠᠮᠲᠤᠷᠠᠨ ᠭᠦᠢᠴᠡᠳ ᠪᠠᠶᠢᠴᠠᠭᠠᠨ ᠰᠤᠳᠤᠯᠵᠤ᠂ ᠥᠷᠭᠡᠨ ᠳᠡᠯᠭᠡᠷ ᠢᠶᠠᠷ | ᠰᠠᠨᠠᠯ ᠬᠤᠷᠢᠶᠠᠭᠰᠠᠨ ᠰᠠᠭᠤᠷᠢᠨ ᠳᠡᠭᠡᠷ᠎ᠡ᠂ ︽ᠰᠤᠷᠭᠠᠨ ᠬᠥᠮᠥᠵᠢᠯ ᠤᠨ ᠶᠠᠮᠤᠨ ᠤ ᠰᠢᠭᠤᠳ ᠬᠠᠷᠢᠶ᠎ᠠ ᠪᠠᠭᠰᠢ ᠶᠢᠨ | ᠶᠡᠭᠡ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠣᠶᠤᠲᠠᠳ ᠢ ᠠᠯᠪᠠᠨ ᠤ ᠰᠦᠢᠳᠬᠡᠯ ᠢᠶᠠᠷ ᠰᠤᠷᠭᠠᠨ | ᠬᠥᠮᠥᠵᠢᠭᠦᠯᠬᠦ ᠶᠢᠨ ᠬᠡᠷᠡᠭᠵᠢᠭᠦᠯᠬᠦ ᠠᠷᠭ᠎ᠠ︾ ᠶᠢ ᠰᠤᠳᠤᠯᠤᠨ ᠲᠤᠭᠤᠷᠪᠢᠵᠤ᠂ ᠲᠥᠷᠥ ᠶᠢᠨ ᠶᠠᠪᠤᠳᠠᠯ ᠤᠨ | ᠬᠤᠷᠢᠶ᠎ᠠ ᠳᠤ ᠮᠡᠳᠡᠭᠦᠯᠦᠨ ᠵᠥᠪᠰᠢᠶᠡᠷᠡᠭᠦᠯᠵᠦ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠠᠴᠠ | ᠳᠠᠮᠵᠢᠭᠤᠯᠤᠨ ᠲᠠᠷᠬᠠᠭᠠᠵᠤ ᠬᠡᠷᠡᠭᠵᠢᠭᠦᠯᠪᠡ᠃ 2007 ᠣᠨ ᠳᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ | ᠲᠢᠩᠬᠢᠮ ᠠᠴᠠ ᠳᠠᠮᠵᠢᠭᠤᠯᠤᠨ ᠲᠠᠷᠬᠠᠭᠠᠭᠰᠠᠨ ︽ᠰᠤᠷᠭᠠᠨ ᠬᠥᠮᠥᠵᠢᠯ ᠤᠨ ᠶᠠᠮᠤᠨ ᠤ ᠰᠢᠭᠤᠳ ᠬᠠᠷᠢᠶ᠎ᠠ ᠪᠠᠭᠰᠢ ᠶᠢᠨ | ᠶᠡᠭᠡ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠣᠶᠤᠲᠠᠳ ᠢ ᠰᠦᠢᠳᠬᠡᠯ ᠬᠤᠷᠢᠶᠠᠬᠤ ᠦᠭᠡᠢ ᠪᠠᠷ ᠰᠤᠷᠭᠠᠨ | ᠬᠥᠮᠥᠵᠢᠭᠦᠯᠬᠦ ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ︵ᠲᠥᠷᠥ ᠠᠯᠪᠠᠨ ᠲᠠᠷᠬᠠᠭᠠᠭᠰᠠᠨ ﹇ | 2007﹈ 34 ᠳ᠋ᠦ᠋ᠭᠡᠷ ᠲᠣᠭᠠᠲᠤ︶ ᠪᠠ 2012 ᠣᠨ ᠳᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ | ᠲᠢᠩᠬᠢᠮ ᠠᠴᠠ ᠳᠠᠮᠵᠢᠭᠤᠯᠤᠨ ᠲᠠᠷᠬᠠᠭᠠᠭᠰᠠᠨ ︽ᠪᠠᠭᠰᠢ ᠶᠢᠨ ᠮᠡᠷᠭᠡᠵᠢᠯ ᠤᠨ ᠣᠶᠤᠲᠠᠳ ᠢ ᠰᠦᠢᠳᠬᠡᠯ ᠬᠤᠷᠢᠶᠠᠬᠤ | ᠦᠭᠡᠢ ᠪᠠᠷ ᠰᠤᠷᠭᠠᠨ ᠬᠥᠮᠥᠵᠢᠭᠦᠯᠬᠦ ᠶᠢ ᠲᠡᠭᠦᠯᠳᠡᠷᠵᠢᠭᠦᠯᠬᠦ ᠪᠠ ᠠᠬᠢᠭᠤᠯᠬᠤ ᠲᠤᠬᠠᠢ ᠰᠤᠷᠭᠠᠨ ᠬᠥᠮᠥᠵᠢᠯ ᠤᠨ | ᠶᠠᠮᠤᠨ ᠵᠡᠷᠭᠡ ᠰᠠᠯᠠᠭ᠎ᠠ ᠮᠥᠴᠢᠷ ᠤᠳ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2012﹈ 2 ᠳ᠋ᠤᠭᠠᠷ | ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠪᠠ᠃ ︽ᠠᠷᠭ᠎ᠠ︾ ᠶᠢ ᠨᠡᠶᠢᠲᠡᠯᠡᠭᠰᠡᠨ ᠨᠢ ᠮᠠᠨ ᠤ | ᠤᠯᠤᠰ ᠤᠨ ᠪᠠᠭᠰᠢ ᠶᠢᠨ ᠮᠡᠷᠭᠡᠵᠢᠯ ᠤᠨ ᠣᠶᠤᠲᠠᠳ ᠢ ︽ᠰᠦᠢᠳᠬᠡᠯ ᠬᠤᠷᠢᠶᠠᠬᠤ ᠦᠭᠡᠢ ᠪᠠᠷ ᠰᠤᠷᠭᠠᠨ | ᠬᠥᠮᠥᠵᠢᠭᠦᠯᠬᠦ︾ ᠠᠴᠠ ᠰᠢᠨ᠎ᠡ ᠴᠠᠭ ᠦᠶ᠎ᠡ ᠶᠢᠨ ︽ᠠᠯᠪᠠᠨ ᠤ ᠰᠦᠢᠳᠬᠡᠯ ᠢᠶᠠᠷ ᠰᠤᠷᠭᠠᠨ ᠬᠥᠮᠥᠵᠢᠭᠦᠯᠬᠦ︾ | ᠪᠣᠯᠭᠠᠨ ᠳᠡᠰ ᠳᠡᠪᠰᠢᠭᠦᠯᠦᠭᠰᠡᠨ ᠢ ᠬᠠᠷᠠᠭᠤᠯᠵᠤ ᠪᠠᠶᠢᠨ᠎ᠠ᠃ | ᠬᠤᠶᠠᠷ᠂ ︽ᠠᠷᠭ᠎ᠠ︾ ᠶᠢ ᠰᠤᠳᠤᠯᠤᠨ ᠲᠣᠭᠲᠠᠭᠠᠭᠰᠠᠨ ᠶᠠᠪᠤᠴᠠ ᠶᠢ ᠲᠠᠨᠢᠯᠴᠠᠭᠤᠯᠤᠭᠠᠳ ᠥᠭᠭᠦᠨ᠎ᠡ | ᠦᠦ︖ | ᠰᠤᠷᠭᠠᠨ ᠬᠥᠮᠥᠵᠢᠯ ᠤᠨ ᠶᠠᠮᠤᠨ ᠠᠴᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ︽ | ᠠᠷᠭ᠎ᠠ︾ ᠶᠢ ᠰᠤᠳᠤᠯᠤᠨ ᠲᠣᠭᠲᠠᠭᠠᠬᠤ ᠠᠵᠢᠯ ᠢ ᠥᠷᠨᠢᠭᠦᠯᠵᠦ᠂ ᠭᠤᠣᠯ ᠰᠤᠳᠤᠯᠤᠨ ᠲᠣᠭᠲᠠᠭᠠᠭᠰᠠᠨ ᠶᠠᠪᠤᠴᠠ ᠨᠢ | ᠳᠣᠣᠷᠠᠬᠢ ᠮᠡᠲᠦ᠃ | ︵ᠨᠢᠭᠡ︶ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢ ᠥᠷᠨᠢᠭᠦᠯᠪᠡ᠃ ᠲᠤᠰᠬᠠᠢ ᠰᠡᠳᠦᠪᠲᠦ | ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠬᠤ᠂ ᠲᠤᠰᠬᠠᠶᠢᠯᠠᠨ ᠰᠤᠷᠪᠤᠯᠵᠢᠯᠠᠨ ᠶᠠᠷᠢᠯᠴᠠᠬᠤ᠂ ᠪᠠᠶᠢᠴᠠᠭᠠᠬᠤ | ᠠᠰᠠᠭᠤᠯᠲᠠ ᠶᠢᠨ ᠬᠠᠭᠤᠳᠠᠰᠤ ᠲᠠᠷᠬᠠᠭᠠᠬᠤ᠂ ᠪᠢᠴᠢᠭ ᠢᠶᠠᠷ ᠪᠤᠶᠤ ᠳ᠋ᠢᠶᠠᠩᠬᠤᠸᠠ ᠪᠠᠷ ᠪᠠᠶᠢᠴᠠᠭᠠᠨ ᠰᠤᠳᠤᠯᠬᠤ ᠵᠡᠷᠭᠡ | ᠣᠯᠠᠨ ᠠᠷᠭ᠎ᠠ ᠬᠡᠯᠪᠡᠷᠢ ᠪᠠᠷ᠂ ᠪᠠᠭᠰᠢ ᠶᠢᠨ ᠮᠡᠷᠭᠡᠵᠢᠯ ᠤᠨ ᠣᠶᠤᠲᠠᠳ ᠢ ᠠᠯᠪᠠᠨ ᠤ ᠰᠦᠢᠳᠬᠡᠯ ᠢᠶᠠᠷ ᠰᠤᠷᠭᠠᠨ | ᠬᠥᠮᠥᠵᠢᠭᠦᠯᠬᠦ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠭᠰᠡᠨ ᠪᠠᠶᠢᠳᠠᠯ ᠢ ᠲᠤᠰᠬᠠᠢ ᠰᠡᠳᠦᠪ ᠢᠶᠠᠷ ᠪᠠᠶᠢᠴᠠᠭᠠᠨ | ᠰᠤᠳᠤᠯᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠮᠤᠵᠢ ᠶᠢᠨ ᠱᠠᠲᠤᠨ ᠤ ᠰᠤᠷᠭᠠᠨ ᠬᠥᠮᠥᠵᠢᠯ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠪᠠ ᠬᠡᠰᠡᠭ ᠬᠤᠲᠠ ᠰᠢᠶᠠᠨ ᠤ ᠰᠤᠷᠭᠠᠨ ᠬᠥᠮᠥᠵᠢᠯ ᠤᠨ ᠲᠣᠪᠴᠢᠶ᠎ᠠ᠂ ᠶᠠᠮᠤᠨ ᠤ | ᠬᠠᠷᠢᠶ᠎ᠠ ᠪᠠᠭᠰᠢ ᠶᠢᠨ ᠶᠡᠭᠡ ᠰᠤᠷᠭᠠᠭᠤᠯᠢ᠂ ᠣᠷᠣᠨ ᠨᠤᠲᠤᠭ ᠤᠨ ᠪᠠᠭᠰᠢ ᠶᠢᠨ ᠶᠡᠭᠡ ᠳᠡᠭᠡᠳᠦ ᠰᠤᠷᠭᠠᠭᠤᠯᠢ᠂ | ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠂ ᠨᠡᠷᠡᠲᠦ ᠲᠤᠰᠬᠠᠢ | ᠮᠡᠷᠭᠡᠵᠢᠯᠲᠡᠳ᠂ ᠵᠠᠬᠢᠳᠠᠯ ᠢᠷᠡᠭᠦᠯᠦᠭᠰᠡᠨ ᠬᠡᠰᠡᠭ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠬᠤᠷᠢᠶᠠᠵᠤ᠂ ︽ | ᠠᠷᠭ᠎ᠠ︾ ᠶᠢᠨ ᠲᠥᠷᠥ ᠶᠢᠨ ᠪᠣᠳᠣᠯᠭ᠎ᠠ ᠶᠢᠨ ᠪᠢᠴᠢᠭᠯᠡᠭᠰᠡᠨ ᠮᠠᠲ᠋ᠧᠷᠢᠶᠠᠯ ᠢ ᠰᠤᠳᠤᠯᠤᠨ ᠲᠤᠭᠤᠷᠪᠢᠵᠠᠢ᠃ | ︵ᠬᠤᠶᠠᠷ︶ ᠥᠷᠭᠡᠨ ᠢᠶᠠᠷ ᠰᠠᠨᠠᠯ ᠬᠤᠷᠢᠶᠠᠪᠠ᠃ ᠤᠯᠤᠰ ᠪᠠ ᠣᠷᠣᠨ ᠨᠤᠲᠤᠭ ᠤᠨ ᠬᠢᠨ ᠤ ᠠᠯᠪᠠᠨ ᠤ | ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠤᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠭᠰᠡᠨ | ᠶᠡᠷᠦᠩᠬᠡᠢ ᠪᠠᠶᠢᠳᠠᠯ ᠢ ᠪᠦᠬᠦ ᠲᠠᠯ᠎ᠠ ᠪᠠᠷ ᠳ᠋ᠦᠩᠨᠡᠭᠰᠡᠨ ᠤ ᠬᠠᠮᠲᠤ᠂ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ | ᠲᠡᠭᠦᠯᠳᠡᠷᠵᠢᠭᠦᠯᠬᠦ ᠲᠤᠬᠠᠢ ᠮᠤᠵᠢ ᠶᠢᠨ ᠱᠠᠲᠤᠨ ᠤ ᠰᠤᠷᠭᠠᠨ ᠬᠥᠮᠥᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ | ᠶᠠᠮᠤᠨ ᠤ ᠬᠠᠷᠢᠶ᠎ᠠ ᠪᠠᠭᠰᠢ ᠶᠢᠨ ᠶᠡᠭᠡ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ᠂ ᠬᠠᠮᠢᠶ᠎ᠠ ᠪᠦᠬᠦᠢ ᠶᠠᠮᠤᠨ | ᠵᠥᠪᠯᠡᠯ ᠤᠳ ᠤᠨ ᠰᠠᠨᠠᠯ ᠰᠠᠨᠠᠭᠤᠯᠭ᠎ᠠ ᠶᠢ ᠤᠯᠠᠮ ᠨᠢᠭᠡ ᠠᠯᠬᠤᠮ ᠬᠤᠷᠢᠶᠠᠵᠤ᠂ ᠲᠤᠰ ᠠᠵᠢᠯ ᠢ ᠥᠭᠡᠷᠡᠴᠢᠯᠡᠨ | ᠰᠠᠶᠢᠵᠢᠷᠠᠭᠤᠯᠬᠤ ᠲᠤᠬᠠᠢ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ ᠶᠢᠨ ᠲᠥᠪ ᠬᠤᠷᠢᠶ᠎ᠠ ᠶᠢᠨ ᠰᠠᠨᠠᠯ | ᠰᠠᠨᠠᠭᠤᠯᠭ᠎ᠠ ᠶᠢ ᠣᠨᠴᠠᠭᠠᠶᠢᠯᠠᠨ ᠬᠦᠯᠢᠶᠡᠨ ᠠᠪᠴᠤ ᠰᠣᠨᠣᠰᠪᠠ᠃ ᠥᠷᠭᠡᠨ ᠢᠶᠠᠷ ᠰᠠᠨᠠᠯ ᠬᠤᠷᠢᠶᠠᠭᠰᠠᠨ ᠰᠠᠭᠤᠷᠢᠨ | ᠳᠡᠭᠡᠷ᠎ᠡ᠂ ᠳᠠᠬᠢᠨ ᠳᠠᠪᠲᠠᠨ ᠰᠤᠳᠤᠯᠤᠨ ᠨᠤᠲᠠᠯᠠᠬᠤ ᠪᠠᠷ ᠳᠠᠮᠵᠢᠭᠤᠯᠵᠤ᠂ ︽ᠠᠷᠭ᠎ᠠ︾ ᠶᠢ ᠪᠦᠷᠢᠯᠳᠦᠭᠦᠯᠪᠡ᠃ | ︵ᠭᠤᠷᠪᠠ︶ ᠤᠯᠤᠰ ᠤᠨ ᠰᠤᠷᠭᠠᠨ ᠬᠥᠮᠥᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠤᠳᠤᠷᠢᠳᠬᠤ | ᠳᠤᠭᠤᠶᠢᠯᠠᠩ ᠠᠴᠠ ᠬᠢᠨᠠᠨ ᠵᠥᠪᠯᠡᠵᠦ ᠪᠠᠲᠤᠯᠠᠪᠠ᠃ 2018 ᠣᠨ ᠤ 2 ᠳ᠋ᠤᠭᠠᠷ ᠰᠠᠷ᠎ᠠ ᠶᠢᠨ 9 ᠤ ᠡᠳᠦᠷ᠂ | ᠤᠯᠤᠰ ᠤᠨ ᠰᠤᠷᠭᠠᠨ ᠬᠥᠮᠥᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠤᠨ 30 | ᠳ᠋ᠤᠭᠠᠷ ᠤᠳᠠᠭᠠᠨ ᠤ ᠬᠤᠷᠠᠯ ᠠᠴᠠ ︽ᠠᠷᠭ᠎ᠠ︾ ᠶᠢ ᠬᠢᠨᠠᠨ ᠵᠥᠪᠯᠡᠵᠦ ᠪᠠᠲᠤᠯᠠᠪᠠ᠃ ᠬᠤᠷᠠᠯ ᠤᠨ ᠵᠣᠷᠢᠭ | ᠰᠠᠨᠠᠭ᠎ᠠ ᠶᠢ ᠦᠨᠳᠦᠰᠦᠯᠡᠨ᠂ ᠰᠤᠷᠭᠠᠨ ᠬᠥᠮᠥᠵᠢᠯ ᠤᠨ ᠶᠠᠮᠤᠨ ᠠᠴᠠ ᠲᠥᠪ ᠤᠨ ᠪᠠᠶᠢᠭᠤᠯᠤᠮᠵᠢ ᠣᠷᠣᠨ ᠲᠣᠭᠠᠨ ᠤ | ᠵᠥᠪᠯᠡᠯ ᠤᠨ ᠠᠯᠪᠠᠨ ᠭᠡᠷ᠂ ᠡᠳ᠋ ᠤᠨ ᠵᠠᠰᠠᠭ ᠤᠨ ᠶᠠᠮᠤᠨ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠶᠠᠮᠤᠨ ᠵᠡᠷᠭᠡ ᠰᠠᠯᠠᠭ᠎ᠠ ᠮᠥᠴᠢᠷ ᠤᠳ ᠲᠠᠢ ᠬᠠᠮᠲᠤᠷᠠᠵᠤ ︽ᠠᠷᠭ᠎ᠠ︾ ᠶᠢᠨ ᠪᠢᠴᠢᠭᠯᠡᠭᠰᠡᠨ | ᠮᠠᠲ᠋ᠧᠷᠢᠶᠠᠯ ᠳᠤ ᠵᠠᠰᠠᠯᠲᠠ ᠬᠢᠵᠦ ᠡᠬᠡ ᠨᠣᠣᠷᠠᠭ ᠢ ᠲᠣᠭᠲᠠᠭᠠᠭᠰᠠᠨ ᠤ ᠬᠠᠮᠲᠤ᠂ ᠬᠠᠮᠢᠶ᠎ᠠ ᠪᠦᠬᠦᠢ ᠶᠠᠮᠤᠨ ᠵᠥᠪᠯᠡᠯ | ᠲᠠᠢ ᠬᠠᠮᠲᠤᠷᠠᠨ ᠭᠠᠷ ᠤᠨ ᠦᠰᠦᠭ ᠵᠢᠷᠤᠵᠤ᠂ ᠳᠡᠰ ᠳᠠᠷᠠᠭᠠᠯᠠᠯ ᠶᠣᠰᠣᠭᠠᠷ ᠲᠥᠷᠥ ᠶᠢᠨ ᠶᠠᠪᠤᠳᠠᠯ ᠤᠨ ᠬᠤᠷᠢᠶ᠎ᠠ ᠳᠤ | ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠠᠴᠠ | ᠳᠠᠷᠤᠮᠠᠯᠯᠠᠨ ᠲᠠᠷᠬᠠᠭᠠᠵᠤ ᠬᠡᠷᠡᠭᠵᠢᠭᠦᠯᠵᠡᠢ᠃ | ᠭᠤᠷᠪᠠ᠂ ︽ᠠᠷᠭ᠎ᠠ︾ ᠶᠢᠨ ᠭᠤᠣᠯ ᠪᠣᠯᠬᠤ ᠲᠥᠷᠥ ᠶᠢᠨ ᠪᠣᠳᠣᠯᠭ᠎ᠠ ᠶᠢᠨ ᠠᠭᠤᠯᠭ᠎ᠠ ᠨᠢ ᠶᠠᠭᠤ ᠪᠣᠢ︖ | ᠰᠢᠨ᠎ᠡ ᠴᠠᠭ ᠦᠶ᠎ᠡ ᠶᠢᠨ ᠪᠠᠭᠰᠢ ᠶᠢᠨ ᠮᠡᠷᠭᠡᠵᠢᠯ ᠤᠨ ᠣᠶᠤᠲᠠᠳ ᠢ ᠠᠯᠪᠠᠨ ᠤ ᠰᠦᠢᠳᠬᠡᠯ ᠢᠶᠠᠷ ᠰᠤᠷᠭᠠᠨ | ᠬᠥᠮᠥᠵᠢᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠰᠢᠨ᠎ᠡ ᠱᠠᠭᠠᠷᠳᠠᠯᠭ᠎ᠠ᠂ ᠰᠢᠨ᠎ᠡ ᠡᠭᠦᠷᠭᠡ᠂ ᠰᠢᠨ᠎ᠡ | ᠥᠷᠢᠰᠦᠯᠳᠦᠭᠡᠨ ᠳᠤ ᠵᠣᠬᠢᠴᠠᠭᠤᠯᠵᠤ᠂ ︽ᠠᠷᠭ᠎ᠠ︾ ᠶᠢ ᠶᠡᠷᠦᠩᠬᠡᠢ ᠳᠦᠷᠢᠮ᠂ ᠰᠢᠯᠭᠠᠷᠠᠭᠤᠯᠤᠨ ᠡᠯᠰᠡᠬᠦ᠂ ᠭᠡᠷ᠎ᠡ | ᠭᠦᠢᠴᠡᠳᠬᠡᠨ ᠪᠠᠭᠰᠢᠯᠠᠬᠤ᠂ ᠤᠷᠮᠠᠰᠢᠭᠤᠯᠬᠤ ᠠᠷᠭ᠎ᠠ ᠬᠡᠮᠵᠢᠶ᠎ᠡ᠂ ᠨᠥᠬᠦᠴᠡᠯ ᠪᠠᠲᠤᠯᠠᠭ᠎ᠠ᠂ ᠳᠠᠭᠠᠯᠳᠤᠭᠤᠯᠤᠯ ᠳᠦᠷᠢᠮ | ᠵᠡᠷᠭᠡ 6 ᠪᠦᠯᠦᠭ᠂ 27 ᠵᠦᠢᠯ ᠵᠤᠷᠪᠤᠰ ᠬᠤᠪᠢᠶᠠᠵᠤ᠂ ᠶᠠᠮᠤᠨ ᠤ ᠬᠠᠷᠢᠶ᠎ᠠ ᠪᠠᠭᠰᠢ ᠶᠢᠨ ᠶᠡᠭᠡ ᠰᠤᠷᠭᠠᠭᠤᠯᠢ ᠶᠢᠨ | ᠪᠠᠭᠰᠢ ᠶᠢᠨ ᠮᠡᠷᠭᠡᠵᠢᠯ ᠤᠨ ᠣᠶᠤᠲᠠᠳ ᠢ ᠠᠯᠪᠠᠨ ᠤ ᠰᠦᠢᠳᠬᠡᠯ ᠢᠶᠠᠷ ᠰᠤᠷᠭᠠᠨ ᠬᠥᠮᠥᠵᠢᠭᠦᠯᠬᠦ ᠲᠥᠷᠥ ᠶᠢᠨ | ᠪᠣᠳᠣᠯᠭ᠎ᠠ ᠳᠤ ᠰᠢᠰᠲ᠋ᠧᠮ ᠲᠠᠢ ᠪᠥᠭᠡᠳ ᠪᠦᠬᠦ ᠲᠠᠯ᠎ᠠ ᠶᠢᠨ ᠲᠣᠭᠲᠠᠭᠠᠯ ᠭᠠᠷᠭᠠᠪᠠ᠃ | ᠨᠢᠭᠡ ᠳᠤ᠂ ᠶᠡᠷᠦᠩᠬᠡᠢ ᠳᠦᠷᠢᠮ᠃ ᠪᠠᠭᠰᠢ ᠶᠢᠨ ᠮᠡᠷᠭᠡᠵᠢᠯ ᠤᠨ ᠣᠶᠤᠲᠠᠳ ᠢ ᠠᠯᠪᠠᠨ ᠤ ᠰᠦᠢᠳᠬᠡᠯ ᠢᠶᠠᠷ | ᠰᠤᠷᠭᠠᠨ ᠬᠥᠮᠥᠵᠢᠭᠦᠯᠬᠦ ᠶᠢᠨ ᠬᠡᠷᠡᠭᠵᠢᠭᠦᠯᠬᠦ ᠵᠣᠷᠢᠯᠲᠠ᠂ ᠠᠯᠪᠠᠨ ᠤ ᠰᠦᠢᠳᠬᠡᠯ ᠤᠨ ᠬᠡᠯᠪᠡᠷᠢ ᠬᠢᠭᠡᠳ ᠠᠭᠤᠯᠭ᠎ᠠ ᠳᠤ | ᠶᠡᠷᠦᠩᠬᠡᠶᠢᠯᠡᠭᠰᠡᠨ ᠴᠢᠨᠠᠷᠲᠠᠢ ᠱᠠᠭᠠᠷᠳᠠᠯᠭ᠎ᠠ ᠳᠤᠷᠠᠳᠴᠠᠢ᠃ ᠬᠤᠶᠠᠷ ᠲᠤ᠂ ᠰᠢᠯᠭᠠᠷᠠᠭᠤᠯᠤᠨ ᠡᠯᠰᠡᠬᠦ᠃ ᠠᠯᠪᠠᠨ ᠤ | ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠤᠨ ᠡᠯᠰᠡᠬᠦ᠂ ᠰᠢᠯᠭᠠᠷᠠᠭᠤᠯᠬᠤ᠂ ᠰᠣᠩᠭᠤᠵᠤ ᠠᠪᠬᠤ᠂ | ᠰᠤᠷᠭᠠᠭᠤᠯᠢ ᠳᠤ ᠰᠠᠭᠤᠭ᠎ᠠ ᠬᠤᠭᠤᠴᠠᠭᠠᠨ ᠳᠤ ᠪᠠᠨ ᠣᠷᠣᠬᠤ ᠪᠠ ᠪᠤᠴᠠᠨ ᠭᠠᠷᠬᠤ ᠵᠢᠴᠢ ᠲᠤᠰᠬᠠᠢ ᠮᠡᠷᠭᠡᠵᠢᠯ ᠢᠶᠠᠨ | ᠰᠣᠯᠢᠬᠤ ᠵᠡᠷᠭᠡ ᠲᠠᠯ᠎ᠠ ᠳᠤ ᠵᠢᠷᠤᠮᠵᠢᠯ ᠤᠨ ᠴᠢᠨᠠᠷᠲᠠᠢ ᠱᠠᠭᠠᠷᠳᠠᠯᠭ᠎ᠠ ᠳᠤᠷᠠᠳᠴᠤ᠂ ᠪᠠᠭᠰᠢᠯᠠᠬᠤ ᠳᠤᠷᠠᠲᠠᠢ᠂ | ᠪᠠᠭᠰᠢᠯᠠᠬᠤ ᠳᠤ ᠲᠣᠬᠢᠷᠠᠬᠤ ᠰᠢᠯᠢᠳᠡᠭ ᠰᠤᠷᠤᠭᠴᠢ ᠶᠢ ᠰᠣᠩᠭᠤᠨ ᠰᠢᠯᠭᠠᠷᠠᠭᠤᠯᠵᠤ ᠠᠯᠪᠠᠨ ᠤ ᠰᠦᠢᠳᠬᠡᠯ ᠤᠨ | ᠪᠠᠭᠰᠢ ᠶᠢᠨ ᠮᠡᠷᠭᠡᠵᠢᠯ ᠤᠨ ᠣᠶᠤᠲᠠᠳ ᠤᠨ ᠡᠩᠨᠡᠭᠡᠨ ᠳᠤ ᠣᠷᠣᠭᠤᠯᠬᠤ ᠶᠢ ᠨᠡᠩ ᠴᠢᠬᠤᠯᠠᠴᠢᠯᠠᠪᠠ᠃ ᠭᠤᠷᠪᠠ ᠳᠤ᠂ | ᠭᠡᠷ᠎ᠡ ᠭᠦᠢᠴᠡᠳᠬᠡᠨ ᠪᠠᠭᠰᠢᠯᠠᠬᠤ᠃ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠤᠨ | ᠬᠡᠯᠡᠯᠴᠡᠭᠡᠷ ᠲᠣᠭᠲᠠᠵᠤ ᠬᠠᠮᠢᠶᠠᠷᠬᠤ᠂ ᠦᠢᠯᠡᠴᠢᠯᠡᠬᠦ ᠬᠤᠭᠤᠴᠠᠭ᠎ᠠ᠂ ᠠᠵᠢᠯᠲᠠᠨ ᠤ ᠶᠠᠪᠤᠳᠠᠯ ᠤᠨ ᠡᠯᠰᠡᠨ ᠬᠡᠷᠡᠭᠯᠡᠬᠦ᠂ | ᠭᠡᠷ᠎ᠡ ᠭᠦᠢᠴᠡᠳᠬᠡᠬᠦ ᠬᠠᠮᠢᠶᠠᠷᠤᠯᠲᠠ᠂ ᠦᠨᠡᠨᠴᠢ ᠢᠲᠡᠭᠡᠮᠵᠢ ᠶᠢᠨ ᠳᠠᠩᠰᠠ ᠡᠪᠬᠡᠮᠡᠯ᠂ ᠪᠦᠬᠦᠯᠢ ᠡᠳᠦᠷ ᠤᠨ ᠪᠤᠰᠤ | ᠳᠦᠷᠢᠮᠲᠦ ᠠᠰᠫᠢᠷᠠᠨᠲ ᠤᠨ ᠡᠷᠳᠡᠮ ᠤᠨ ᠴᠣᠯᠠ ᠣᠯᠬᠤ ᠪᠠᠷ ᠰᠤᠷᠤᠯᠴᠠᠬᠤ ᠵᠡᠷᠭᠡ ᠲᠠᠯ᠎ᠠ ᠪᠠᠷ ᠪᠣᠳᠠᠲᠠᠢ ᠲᠣᠭᠲᠠᠭᠠᠯ | ᠭᠠᠷᠭᠠᠵᠤ᠂ ᠡᠷᠬᠡ ᠬᠠᠷᠢᠭᠤᠴᠠᠯᠭ᠎ᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠨ᠂ ᠵᠢᠷᠤᠮᠵᠢᠭᠤᠯᠤᠯᠲᠠ ᠬᠠᠮᠢᠶᠠᠷᠤᠯᠲᠠ ᠶᠢ | ᠨᠠᠷᠢᠯᠢᠭᠵᠢᠭᠤᠯᠪᠠ᠃ ᠳᠥᠷᠪᠡ ᠳᠤ᠂ ᠤᠷᠮᠠᠰᠢᠭᠤᠯᠬᠤ ᠠᠷᠭ᠎ᠠ ᠬᠡᠮᠵᠢᠶ᠎ᠡ᠃ ᠡᠯ᠎ᠡ ᠱᠠᠲᠤᠨ ᠤ ᠵᠠᠰᠠᠭ ᠤᠨ ᠣᠷᠳᠣᠨ᠂ | ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠶᠠᠮᠤᠨ ᠤ ᠬᠠᠷᠢᠶ᠎ᠠ ᠡᠯ᠎ᠡ ᠪᠠᠭᠰᠢ ᠶᠢᠨ ᠶᠡᠭᠡ ᠰᠤᠷᠭᠠᠭᠤᠯᠢ ᠠᠴᠠ | ᠤᠷᠮᠠᠰᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠠᠯᠪᠠᠨ ᠤ ᠰᠦᠢᠳᠬᠡᠯ ᠤᠨ | ᠪᠠᠭᠰᠢ ᠶᠢᠨ ᠮᠡᠷᠭᠡᠵᠢᠯ ᠤᠨ ᠣᠶᠤᠲᠠᠳ ᠤᠨ ᠠᠮᠢᠳᠤᠷᠠᠯ ᠤᠨ ᠰᠦᠢᠳᠬᠡᠯ ᠤᠨ ᠨᠥᠬᠦᠪᠦᠷᠢ᠂ ᠰᠤᠷᠤᠯᠭ᠎ᠠ ᠶᠢᠨ | ᠬᠥᠬᠢᠭᠦᠯᠦᠯ ᠤᠨ ᠮᠥᠩᠭᠦ ᠵᠡᠷᠭᠡ ᠤᠷᠮᠠᠰᠢᠭᠤᠯᠬᠤ ᠠᠷᠭ᠎ᠠ ᠬᠡᠮᠵᠢᠶ᠎ᠡ ᠶᠢ ᠲᠣᠭᠲᠠᠭᠠᠨ᠂ ᠭᠡᠷ᠎ᠡ ᠭᠦᠢᠴᠡᠳᠬᠡᠨ | ᠪᠠᠭᠰᠢᠯᠠᠭᠰᠠᠨ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠨ ᠨᠢᠭᠡᠪᠦᠷᠢ ᠶᠢᠨ ᠪᠣᠯᠪᠠᠰᠤᠷᠠᠭᠤᠯᠤᠯ | ᠬᠦᠷᠲᠡᠬᠦ᠂ ᠤᠯᠤᠰ ᠤᠨ ᠪᠣᠯᠪᠠᠰᠤᠷᠠᠭᠤᠯᠤᠯ ᠳᠤ ᠣᠷᠣᠯᠴᠠᠬᠤ᠂ ᠲᠤᠰᠬᠠᠢ ᠮᠡᠷᠭᠡᠵᠢᠯ ᠤᠨ ᠬᠥᠭᠵᠢᠯᠲᠡ ᠪᠠᠨ | ᠪᠡᠶᠡᠯᠡᠭᠦᠯᠬᠦ ᠶᠢ ᠳᠡᠮᠵᠢᠵᠦ᠂ ᠬᠥᠳᠡᠭᠡ ᠲᠣᠰᠬᠤᠨ ᠤ ᠰᠤᠷᠭᠠᠭᠤᠯᠢ ᠳᠤ ᠣᠴᠢᠵᠤ ᠪᠠᠭᠰᠢᠯᠠᠬᠤ ᠠᠯᠪᠠᠨ ᠤ | ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠤᠨ ᠠᠯᠪᠠᠯᠠᠬᠤ ᠲᠠᠯᠠᠪᠤᠷ ᠭᠠᠵᠠᠷ᠂ ᠲᠦᠷ ᠲᠣᠬᠢᠷᠠᠭᠤᠯᠤᠨ | ᠰᠠᠭᠤᠯᠭᠠᠬᠤ ᠪᠠᠶᠢᠷᠢ ᠵᠡᠷᠭᠡ ᠠᠵᠢᠯ ᠠᠮᠢᠳᠤᠷᠠᠯ ᠤᠨ ᠨᠥᠬᠦᠴᠡᠯ ᠵᠢᠴᠢ ᠨᠡᠮᠡᠯᠭᠡ ᠨᠡᠮᠡᠭᠦᠷᠢ ᠶᠢ ᠨᠠᠶᠢᠳᠠᠪᠤᠷᠢᠵᠢᠭᠤᠯᠬᠤ | ᠬᠡᠷᠡᠭᠲᠡᠢ ᠭᠡᠵᠦ ᠱᠠᠭᠠᠷᠳᠠᠪᠠ᠃ ᠲᠠᠪᠤ ᠳᠤ᠂ ᠨᠥᠬᠦᠴᠡᠯ ᠤᠨ ᠪᠠᠲᠤᠯᠠᠭ᠎ᠠ᠃ ᠡᠯ᠎ᠡ ᠭᠠᠵᠠᠷ᠂ ᠡᠯ᠎ᠡ ᠰᠠᠯᠠᠭ᠎ᠠ | ᠮᠥᠴᠢᠷ ᠤᠳ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠤᠨ ᠣᠷᠣᠨ ᠲᠤᠭ᠎ᠠ᠂ ᠠᠰᠠᠷᠠᠮᠵᠢ | ᠬᠠᠷᠠᠭᠠᠯᠵᠠᠯ᠂ ᠬᠢᠨᠠᠯᠲᠠ ᠵᠢᠯᠣᠭᠤᠳᠤᠯᠭ᠎ᠠ᠂ ᠬᠥᠬᠢᠭᠦᠯᠦᠯ ᠰᠠᠶᠢᠰᠢᠶᠠᠯ ᠵᠡᠷᠭᠡ ᠲᠠᠯ᠎ᠠ ᠪᠠᠷ ᠬᠢ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠨ᠂ ᠰᠠᠯᠠᠭ᠎ᠠ ᠮᠥᠴᠢᠷ ᠤᠳ ᠤᠨ ᠡᠭᠦᠷᠭᠡ ᠬᠠᠷᠢᠭᠤᠴᠠᠯᠭ᠎ᠠ ᠪᠠ | ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠬᠤ ᠬᠡᠷᠡᠭᠲᠡᠢ ᠭᠡᠵᠦ ᠱᠠᠭᠠᠷᠳᠠᠪᠠ᠃ ᠠᠯᠪᠠᠨ ᠤ ᠰᠦᠢᠳᠬᠡᠯ ᠤᠨ | ᠪᠠᠭᠰᠢ ᠶᠢᠨ ᠮᠡᠷᠭᠡᠵᠢᠯ ᠤᠨ ᠣᠶᠤᠲᠠᠳ ᠤᠨ ᠪᠣᠯᠪᠠᠰᠤᠷᠠᠭᠤᠯᠤᠯ ᠤᠨ ᠲᠣᠭᠲᠠᠴᠠ᠂ ᠰᠤᠷᠭᠠᠨ ᠬᠥᠮᠥᠵᠢᠯ ᠤᠨ | ᠦᠢᠯᠡᠳᠦᠯᠭᠡ᠂ ᠬᠢᠴᠢᠶᠡᠯ ᠲᠥᠷᠥᠯ ᠤᠨ ᠵᠢᠭᠠᠨ ᠰᠤᠷᠭᠠᠯᠲᠠ᠂ ᠪᠠᠭᠰᠢ ᠶᠢᠨ ᠬᠢᠷᠢ ᠭᠡᠮ ᠵᠡᠷᠭᠡ ᠲᠠᠯ᠎ᠠ ᠶᠢᠨ | ᠨᠥᠬᠦᠴᠡᠯ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠤᠨ ᠬᠢᠨ ᠤ ᠣᠷᠣᠨ ᠨᠤᠲᠤᠭ ᠤᠨ | ᠪᠠᠭᠰᠢ ᠶᠢᠨ ᠮᠡᠷᠭᠡᠵᠢᠯ ᠤᠨ ᠣᠶᠤᠲᠠᠳ ᠢ ᠠᠯᠪᠠᠨ ᠤ ᠰᠦᠢᠳᠬᠡᠯ ᠢᠶᠠᠷ ᠰᠤᠷᠭᠠᠨ ᠬᠥᠮᠥᠵᠢᠭᠦᠯᠬᠦ ᠳᠦᠷᠢᠮ ᠢ | ᠬᠡᠷᠡᠭᠵᠢᠭᠦᠯᠬᠦ ᠶᠢ ᠵᠣᠷᠢᠭᠵᠢᠭᠤᠯᠤᠨ ᠳᠡᠮᠵᠢᠪᠡ᠃ ᠵᠢᠷᠭᠤᠭ᠎ᠠ ᠳᠤ᠂ ᠳᠠᠭᠠᠯᠳᠤᠭᠤᠯᠤᠯ ᠳᠦᠷᠢᠮ᠃ ︽ᠠᠷᠭ᠎ᠠ︾ ᠶᠢᠨ | ᠬᠡᠷᠡᠭᠯᠡᠭᠳᠡᠬᠦ ᠬᠡᠪᠴᠢᠶ᠎ᠡ᠂ ᠬᠡᠷᠡᠭᠵᠢᠭᠦᠯᠬᠦ ᠴᠠᠭ ᠪᠠ ᠬᠦᠴᠦᠨ ᠳᠤ ᠲᠣᠭᠲᠠᠭᠠᠯ ᠭᠠᠷᠭᠠᠪᠠ᠃ | ᠳᠥᠷᠪᠡ᠂ ᠪᠠᠭᠰᠢ ᠶᠢᠨ ᠮᠡᠷᠭᠡᠵᠢᠯ ᠤᠨ ᠣᠶᠤᠲᠠᠳ ᠤᠨ ︽ᠰᠦᠢᠳᠬᠡᠯ ᠬᠤᠷᠢᠶᠠᠬᠤ ᠦᠭᠡᠢ ᠪᠠᠷ ᠰᠤᠷᠭᠠᠨ | ᠬᠥᠮᠥᠵᠢᠭᠦᠯᠬᠦ︾ ᠲᠤᠷᠰᠢᠯᠲᠠ ᠶᠢᠨ ᠴᠡᠭ ᠠᠴᠠ ︽ᠠᠯᠪᠠᠨ ᠤ ᠰᠦᠢᠳᠬᠡᠯ ᠢᠶᠠᠷ ᠰᠤᠷᠭᠠᠨ ᠬᠥᠮᠥᠵᠢᠭᠦᠯᠬᠦ︾ ᠲᠡᠶᠢᠰᠢ | ᠰᠢᠯᠵᠢᠭᠦᠯᠬᠦ ᠳᠤ᠂ ︽ᠠᠷᠭ᠎ᠠ︾ ᠨᠢ ᠶᠠᠮᠠᠷ ᠶᠠᠮᠠᠷ ᠲᠥᠷᠥ ᠶᠢᠨ ᠪᠣᠳᠣᠯᠭ᠎ᠠ ᠶᠢᠨ ᠲᠠᠯ᠎ᠠ ᠳᠤ ᠥᠭᠡᠷᠡᠴᠢᠯᠡᠨ | ᠰᠠᠶᠢᠵᠢᠷᠠᠭᠤᠯᠤᠭᠰᠠᠨ ᠪᠠ ᠲᠡᠭᠦᠯᠳᠡᠷᠵᠢᠭᠦᠯᠦᠭᠰᠡᠨ ᠪᠣᠢ︖ | ︽ᠠᠷᠭ᠎ᠠ︾ ᠨᠢ ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ | ᠥᠭᠡᠷᠡᠴᠢᠯᠡᠯᠲᠡ ᠶᠢᠨ ᠱᠠᠭᠠᠷᠳᠠᠯᠭ᠎ᠠ ᠲᠠᠢ ᠵᠣᠬᠢᠴᠠᠭᠤᠯᠤᠨ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ | ᠣᠷᠣᠰᠢᠵᠤ ᠪᠠᠶᠢᠭ᠎ᠠ ᠠᠰᠠᠭᠤᠳᠠᠯ ᠢ ᠦᠨᠳᠦᠰᠦᠯᠡᠵᠦ᠂ ᠲᠥᠷᠥ ᠠᠯᠪᠠᠨ ᠲᠠᠷᠬᠠᠭᠠᠭᠰᠠᠨ ﹇2007﹈ 34 ᠳ᠋ᠦ᠋ᠭᠡᠷ | ᠲᠣᠭᠠᠲᠤ ᠪᠠ ᠲᠥᠷᠥ ᠠᠯᠪᠠᠨ ᠲᠠᠷᠬᠠᠭᠠᠭᠰᠠᠨ ﹇2012﹈ 2 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ | ᠰᠠᠭᠤᠷᠢᠨ ᠳᠡᠭᠡᠷ᠎ᠡ ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠭᠤᠯᠭ᠎ᠠ ᠶᠢ ᠥᠭᠡᠷᠡᠴᠢᠯᠡᠨ | ᠰᠠᠶᠢᠵᠢᠷᠠᠭᠤᠯᠤᠭᠰᠠᠨ ᠪᠠ ᠲᠡᠭᠦᠯᠳᠡᠷᠵᠢᠭᠦᠯᠪᠡ ᠃ ᠡᠭᠦᠨ ᠳᠤ ᠭᠤᠣᠯᠳᠠᠭᠤ ᠳᠣᠣᠷᠠᠬᠢ ᠲᠠᠪᠤᠨ ᠲᠠᠯ᠎ᠠ ᠶᠢ ᠪᠠᠭᠲᠠᠭᠠᠨ᠎ᠠ | ᠃ | ᠨᠢᠭᠡ ᠳᠤ᠂ ᠲᠥᠪ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠᠷ ᠪᠠᠷᠢᠮᠵᠢᠶ᠎ᠠ ᠪᠣᠯᠭᠠᠵᠤ ᠱᠠᠭᠠᠷᠳᠠᠪᠠ᠃ | ︽ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠰᠠᠨᠠᠯ︾ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠠᠭᠰᠢ ᠶᠢᠨ | ᠮᠡᠷᠭᠡᠵᠢᠯ ᠤᠨ ᠣᠶᠤᠲᠠᠳ ᠢ ᠠᠯᠪᠠᠨ ᠤ ᠰᠦᠢᠳᠬᠡᠯ ᠢᠶᠠᠷ ᠰᠤᠷᠭᠠᠨ ᠬᠥᠮᠥᠵᠢᠭᠦᠯᠬᠦ ᠳᠦᠷᠢᠮ ᠢ ᠤᠯᠠᠮ ᠨᠢᠭᠡ ᠠᠯᠬᠤᠮ | ᠲᠡᠭᠦᠯᠳᠡᠷᠵᠢᠭᠦᠯᠦᠨ᠂ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠤᠨ ᠪᠠᠭᠰᠢ ᠶᠢᠨ | ᠮᠤᠷᠠᠯ ᠤᠨ ᠰᠤᠷᠭᠠᠨ ᠬᠥᠮᠥᠵᠢᠯ ᠢ ᠴᠢᠩᠭᠠᠳᠬᠠᠵᠤ᠂ ᠰᠢᠯᠢᠳᠡᠭ ᠪᠠᠭᠰᠢ ᠬᠥᠮᠥᠵᠢᠭᠦᠯᠬᠦ ᠰᠢᠨ᠎ᠡ ᠵᠠᠭᠪᠤᠷ ᠢ | ᠰᠦᠪᠡᠭᠴᠢᠯᠡᠵᠦ᠂ ᠬᠦᠰᠡᠯᠡᠩ ᠢᠲᠡᠭᠡᠯ ᠵᠣᠷᠢᠭ ᠲᠠᠢ᠂ ᠡᠷᠬᠢᠮ ᠳᠡᠭᠡᠳᠦ ᠶᠣᠰᠣ ᠰᠤᠷᠲᠠᠬᠤᠨ ᠲᠠᠢ᠂ ᠯᠠᠪᠳᠠᠭᠤᠨ | ᠪᠠᠲᠤ ᠡᠷᠳᠡᠮ ᠮᠡᠳᠡᠯᠭᠡ ᠲᠠᠢ᠂ ᠡᠨᠡᠷᠢᠯ ᠬᠠᠶᠢᠷ᠎ᠠ ᠶᠢᠨ ᠰᠡᠳᠬᠢᠯᠭᠡ ᠲᠠᠢ ︽ᠳᠥᠷᠪᠡ ᠪᠠᠶᠢᠬᠤ︾ ᠰᠠᠶᠢᠨ ᠪᠠᠭᠰᠢ ᠶᠢ | ᠴᠢᠷᠮᠠᠶᠢᠨ ᠬᠥᠮᠥᠵᠢᠭᠦᠯᠵᠦ᠂ ᠪᠠᠭᠰᠢ ᠶᠢ ᠬᠦᠨᠳᠦᠳᠬᠡᠨ ᠰᠤᠷᠭᠠᠨ ᠬᠥᠮᠥᠵᠢᠯ ᠢ ᠴᠢᠬᠤᠯᠠᠴᠢᠯᠠᠬᠤ ᠭᠦᠨ ᠵᠤᠵᠠᠭᠠᠨ | ᠠᠭᠤᠷ ᠠᠮᠢᠰᠬᠤᠯ ᠢ ᠪᠦᠷᠢᠯᠳᠦᠭᠦᠯᠦᠨ᠂ ᠪᠠᠭᠰᠢ ᠶᠢᠨ ᠠᠵᠢᠯ ᠢ ᠬᠥᠮᠥᠨ ᠪᠦᠬᠦᠨ ᠤ ᠪᠢᠰᠢᠷᠡᠨ ᠬᠦᠷᠢᠶᠡᠯᠡᠬᠦ ᠠᠵᠢᠯ | ᠮᠡᠷᠭᠡᠵᠢᠯ ᠪᠣᠯᠭᠠᠨ᠎ᠠ᠃ | ᠬᠤᠶᠠᠷ ᠲᠤ᠂ ᠪᠠᠭᠰᠢ ᠶᠢᠨ ᠮᠡᠷᠭᠡᠵᠢᠯ ᠤᠨ ᠣᠶᠤᠲᠠᠳ ᠢ ᠠᠯᠪᠠᠨ ᠤ ᠰᠦᠢᠳᠬᠡᠯ ᠢᠶᠠᠷ ᠰᠤᠷᠭᠠᠨ | ᠬᠥᠮᠥᠵᠢᠭᠦᠯᠬᠦ ᠳᠦᠷᠢᠮ ᠢ ᠪᠠᠶᠢᠭᠤᠯᠪᠠ᠃ ︽ᠪᠠᠭᠰᠢ ᠶᠢᠨ ᠮᠡᠷᠭᠡᠵᠢᠯ ᠤᠨ ᠣᠶᠤᠲᠠᠳ ᠢ ᠰᠦᠢᠳᠬᠡᠯ ᠬᠤᠷᠢᠶᠠᠬᠤ | ᠦᠭᠡᠢ ᠪᠠᠷ ᠰᠤᠷᠭᠠᠨ ᠬᠥᠮᠥᠵᠢᠭᠦᠯᠬᠦ ᠲᠥᠷᠥ ᠶᠢᠨ ᠪᠣᠳᠣᠯᠭ᠎ᠠ︾ ᠶᠢ ︽ᠪᠠᠭᠰᠢ ᠶᠢᠨ ᠮᠡᠷᠭᠡᠵᠢᠯ ᠤᠨ ᠣᠶᠤᠲᠠᠳ ᠢ | ᠠᠯᠪᠠᠨ ᠤ ᠰᠦᠢᠳᠬᠡᠯ ᠢᠶᠠᠷ ᠰᠤᠷᠭᠠᠨ ᠬᠥᠮᠥᠵᠢᠭᠦᠯᠬᠦ ᠲᠥᠷᠥ ᠶᠢᠨ ᠪᠣᠳᠣᠯᠭ᠎ᠠ︾ ᠪᠣᠯᠭᠠᠨ ᠲᠣᠬᠢᠷᠠᠭᠤᠯᠵᠤ᠂ | ᠤᠯᠤᠰ ᠤᠨ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠲᠤ ᠰᠤᠷᠤᠯᠭ᠎ᠠ ᠶᠢᠨ ᠰᠦᠢᠳᠬᠡᠯ᠂ | ᠪᠠᠶᠢᠷᠢ ᠶᠢᠨ ᠰᠦᠢᠳᠬᠡᠯ ᠠᠴᠠ ᠬᠡᠯᠲᠦᠷᠢᠭᠦᠯᠬᠦ ᠪᠠ ᠠᠮᠢᠳᠤᠷᠠᠯ ᠤᠨ ᠰᠦᠢᠳᠬᠡᠯ ᠢ ᠨᠢ ᠨᠥᠬᠦᠪᠦᠷᠢᠯᠡᠬᠦ ︽ᠬᠤᠶᠠᠷ ᠢ | ᠬᠡᠯᠲᠦᠷᠢᠭᠦᠯᠵᠦ ᠨᠢᠭᠡ ᠶᠢ ᠨᠥᠬᠦᠪᠦᠷᠢᠯᠡᠬᠦ︾ ᠠᠯᠪᠠᠨ ᠤ ᠰᠦᠢᠳᠬᠡᠯ ᠢᠶᠠᠷ ᠬᠥᠮᠥᠵᠢᠭᠦᠯᠬᠦ᠂ ᠵᠢᠴᠢ ᠲᠡᠭᠦᠰᠦᠭᠰᠡᠨ ᠤ | ᠳᠠᠷᠠᠭ᠎ᠠ ᠠᠵᠢᠯ ᠣᠯᠭᠤᠨ ᠲᠣᠬᠢᠷᠠᠭᠤᠯᠬᠤ ᠶᠢᠨ ᠬᠠᠮᠲᠤ ᠣᠷᠣᠨ ᠲᠣᠭᠠᠨ ᠳᠤ ᠣᠷᠣᠭᠤᠯᠤᠨ ᠠᠵᠢᠯ ᠤᠨ ᠪᠠᠶᠢᠷᠢ ᠳᠤ | ᠭᠠᠷᠭᠠᠬᠤ ᠶᠢ ᠪᠠᠲᠤᠯᠠᠬᠤ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠭᠡᠵᠦ᠂ ᠪᠠᠭᠰᠢ ᠶᠢᠨ | ᠮᠡᠷᠭᠡᠵᠢᠯ ᠤᠨ ᠣᠶᠤᠲᠠᠳ ᠤᠨ ᠪᠠᠭᠰᠢ ᠶᠢᠨ ᠮᠡᠷᠭᠡᠵᠢᠯ ᠰᠤᠷᠴᠤ᠂ ᠲᠡᠭᠦᠰᠦᠭᠰᠡᠨ ᠤ ᠳᠠᠷᠠᠭ᠎ᠠ ᠪᠠᠭᠰᠢᠯᠠᠬᠤ | ᠣᠮᠣᠭᠰᠢᠯᠲᠤ ᠰᠡᠳᠬᠢᠯᠭᠡ ᠶᠢ ᠨᠢ ᠴᠢᠩᠭᠠᠷᠠᠭᠤᠯᠤᠨ᠎ᠠ᠃ ᠵᠠᠷᠢᠮ ᠣᠷᠣᠨ ᠨᠤᠲᠤᠭ ᠤᠨ ᠬᠢᠨ ᠲᠤᠬᠠᠢ ᠶᠢᠨ ᠭᠠᠵᠠᠷ ᠤᠨ | ᠪᠣᠳᠠᠲᠤ ᠪᠠᠶᠢᠳᠠᠯ ᠢᠶᠠᠨ ᠦᠨᠳᠦᠰᠦᠯᠡᠨ ᠨᠢᠭᠡᠨᠲᠡ ᠪᠠᠭᠰᠢ ᠶᠢᠨ ᠮᠡᠷᠭᠡᠵᠢᠯ ᠤᠨ ᠣᠶᠤᠲᠠᠳ ᠢ ᠠᠯᠪᠠᠨ ᠤ | ᠰᠦᠢᠳᠬᠡᠯ ᠢᠶᠠᠷ ᠰᠤᠷᠭᠠᠨ ᠬᠥᠮᠥᠵᠢᠭᠦᠯᠬᠦ ᠳᠦᠷᠢᠮ ᠢ ᠠᠩᠬ᠎ᠠ ᠠᠯᠬᠤᠮ ᠪᠠᠶᠢᠭᠤᠯᠤᠭᠰᠠᠨ ᠪᠣᠯ᠂ ︽ᠠᠷᠭ᠎ᠠ︾ ᠨᠢ | ᠣᠷᠣᠨ ᠨᠤᠲᠤᠭ ᠤᠨ ᠳᠦᠷᠢᠮ ᠤᠨ ᠰᠦᠪᠡᠭᠴᠢᠯᠡᠯᠲᠡ ᠶᠢ ᠤᠯᠤᠰ ᠤᠨ ᠳᠦᠷᠢᠮ ᠤᠨ ᠰᠢᠰᠲ᠋ᠧᠮᠵᠢ ᠳᠤ ᠵᠢᠩᠬᠢᠨᠢ ᠪᠠᠷ | ᠣᠷᠣᠭᠤᠯᠬᠤ ᠶᠢᠨ ᠬᠠᠮᠲᠤ ᠠᠯᠬᠤᠮ ᠠᠯᠬᠤᠮ ᠢᠶᠠᠷ ᠪᠦᠷᠢᠨᠰᠢᠭᠦᠯᠦᠨ᠎ᠡ᠃ | ᠭᠤᠷᠪᠠ ᠳᠤ᠂ ᠭᠡᠷ᠎ᠡ ᠭᠦᠢᠴᠡᠳᠬᠡᠨ ᠪᠠᠭᠰᠢᠯᠠᠬᠤ ᠵᠢᠯ ᠤᠨ ᠬᠢᠵᠠᠭᠠᠷ ᠢ ᠲᠣᠬᠢᠷᠠᠭᠤᠯᠪᠠ᠃ ᠠᠯᠪᠠᠨ ᠤ | ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠤᠨ ᠭᠡᠷ᠎ᠡ ᠭᠦᠢᠴᠡᠳᠬᠡᠨ ᠪᠠᠭᠰᠢᠯᠠᠵᠤ ᠦᠢᠯᠡᠴᠢᠯᠡᠬᠦ ᠵᠢᠯ ᠤᠨ | ᠬᠢᠵᠠᠭᠠᠷ ᠢ 6 ᠵᠢᠯ ᠠᠴᠠ ᠳᠡᠭᠡᠭᠰᠢ ᠪᠣᠯᠭᠠᠨ ᠲᠣᠬᠢᠷᠠᠭᠤᠯᠵᠤ᠂ ᠡᠨᠡ ᠬᠦ ᠲᠥᠷᠥ ᠶᠢᠨ ᠪᠣᠳᠣᠯᠭ᠎ᠠ ᠶᠢᠨ | ᠲᠣᠬᠢᠷᠠᠭᠤᠯᠤᠯᠲᠠ ᠨᠢ 10 ᠲᠦᠮᠡ ᠣᠷᠴᠢᠮ ᠤᠨ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ | ᠣᠶᠤᠲᠠᠳ ᠲᠤ ᠠᠰᠢᠭ ᠬᠦᠷᠲᠡᠭᠡᠬᠦ ᠪᠣᠯᠣᠨ᠎ᠠ᠃ 6 ᠵᠢᠯ ᠪᠠᠭᠰᠢᠯᠠᠬᠤ ᠨᠢ ᠶᠠᠭ ᠰᠠᠶᠢᠬᠠᠨ ᠪᠠᠭ᠎ᠠ ᠰᠤᠷᠭᠠᠭᠤᠯᠢ ᠶᠢᠨ | 6 ᠵᠢᠯ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠪᠤᠶᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ 3 | ᠵᠢᠯ ᠤᠨ ᠪᠦᠷᠢᠨ ᠪᠦᠲᠦᠨ ᠵᠢᠭᠠᠨ ᠰᠤᠷᠭᠠᠯᠲᠠ ᠶᠢᠨ ᠦᠶᠡᠯᠡᠯ ᠤᠨ ᠬᠤᠭᠤᠴᠠᠭ᠎ᠠ ᠶᠢ ᠪᠡᠶᠡᠯᠡᠭᠦᠯᠵᠦ ᠴᠢᠳᠠᠬᠤ ᠪᠠᠷ | ᠪᠠᠷᠠᠬᠤ ᠦᠭᠡᠢ᠂ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠲᠤ ᠨᠡᠩ ᠶᠡᠭᠡ | ᠬᠥᠭᠵᠢᠯᠲᠡ ᠶᠢᠨ ᠣᠷᠣᠨ ᠵᠠᠢ ᠡᠭᠦᠳᠦᠨ ᠥᠭᠴᠦ᠂ ᠲᠥᠷᠥ ᠶᠢᠨ ᠪᠣᠳᠣᠯᠭ᠎ᠠ ᠶᠢᠨ ︽ᠠᠮᠢᠵᠢᠷᠠᠯ ᠤᠨ ᠬᠦᠴᠦᠨ︾ ᠢ | ᠤᠯᠠᠮ ᠨᠢᠭᠡ ᠠᠯᠬᠤᠮ ᠬᠥᠭᠵᠢᠭᠡᠵᠦ ᠴᠢᠳᠠᠨ᠎ᠠ᠃ ᠡᠭᠦᠨ ᠤ ᠬᠠᠮᠲᠤ᠂ ︽ᠠᠷᠭ᠎ᠠ︾ ᠳᠤ ᠬᠥᠳᠡᠭᠡ ᠲᠣᠰᠬᠤᠨ ᠤ | ᠭᠠᠵᠠᠷ ᠣᠷᠣᠨ ᠤ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠲᠡᠶᠢᠰᠢ ᠬᠡᠯᠪᠡᠶᠢᠯᠭᠡᠨ ᠳᠡᠮᠵᠢᠯᠭᠡ ᠦᠵᠡᠭᠦᠯᠵᠦ | ᠪᠠᠶᠢᠬᠤ ᠪᠠᠨ ᠢᠯᠡᠷᠡᠭᠦᠯᠵᠦ᠂ ︽ᠬᠤᠲᠠ ᠪᠠᠯᠭᠠᠰᠤ ᠶᠢᠨ ᠰᠤᠷᠭᠠᠭᠤᠯᠢ ᠳᠤ ᠣᠴᠢᠵᠤ ᠠᠵᠢᠯᠯᠠᠬᠤ ᠠᠯᠪᠠᠨ ᠤ | ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠡᠷᠬᠡᠪᠰᠢ ᠬᠥᠳᠡᠭᠡ ᠲᠣᠰᠬᠤᠨ ᠤ ᠰᠤᠷᠭᠠᠭᠤᠯᠢ ᠳᠤ | ᠣᠴᠢᠵᠤ 1 ᠵᠢᠯ ᠦᠢᠯᠡᠴᠢᠯᠡᠬᠦ ᠬᠡᠷᠡᠭᠲᠡᠢ︾ ᠭᠡᠵᠦ ᠲᠣᠭᠲᠠᠭᠠᠪᠠ᠃ | ᠳᠥᠷᠪᠡ ᠳᠤ᠂ ᠭᠡᠷ᠎ᠡ ᠭᠦᠢᠴᠡᠳᠬᠡᠬᠦ ᠶᠢ ᠬᠠᠮᠢᠶᠠᠷᠬᠤ ᠲᠥᠷᠥ ᠶᠢᠨ ᠪᠣᠳᠣᠯᠭ᠎ᠠ ᠶᠢ ᠥᠭᠡᠷᠡᠴᠢᠯᠡᠨ | ᠰᠠᠶᠢᠵᠢᠷᠠᠭᠤᠯᠪᠠ᠃ ︽ᠠᠷᠭ᠎ᠠ︾ ᠳᠤ ᠰᠤᠷᠭᠠᠭᠤᠯᠢ ᠳᠤ ᠰᠠᠭᠤᠭ᠎ᠠ ᠬᠤᠭᠤᠴᠠᠭᠠᠨ ᠳᠠᠬᠢ ᠠᠯᠪᠠᠨ ᠤ ᠰᠦᠢᠳᠬᠡᠯ ᠤᠨ | ᠪᠤᠰᠤ ᠪᠠᠭᠰᠢ ᠶᠢᠨ ᠮᠡᠷᠭᠡᠵᠢᠯ ᠤᠨ ᠣᠶᠤᠲᠠᠳ ᠤᠨ ᠣᠷᠣᠬᠤ᠂ ᠠᠯᠪᠠᠨ ᠤ ᠰᠦᠢᠳᠬᠡᠯ ᠤᠨ ᠪᠠᠭᠰᠢ ᠶᠢᠨ | ᠮᠡᠷᠭᠡᠵᠢᠯ ᠤᠨ ᠣᠶᠤᠲᠠᠳ ᠤᠨ ᠪᠤᠴᠠᠨ ᠭᠠᠷᠬᠤ ᠪᠣᠳᠠᠲᠠᠢ ᠠᠷᠭ᠎ᠠ᠂ ᠵᠢᠴᠢ ᠠᠯᠪᠠᠨ ᠤ ᠰᠦᠢᠳᠬᠡᠯ ᠤᠨ ᠪᠠᠭᠰᠢ ᠶᠢᠨ | ᠮᠡᠷᠭᠡᠵᠢᠯ ᠤᠨ ᠣᠶᠤᠲᠠᠳ ᠤᠨ ᠬᠤᠶᠠᠳᠠᠬᠢ ᠤᠳᠠᠭ᠎ᠠ ᠲᠤᠰᠬᠠᠢ ᠮᠡᠷᠭᠡᠵᠢᠯ ᠤᠨ ᠰᠣᠩᠭᠤᠯᠲᠠ ᠬᠢᠬᠦ ᠲᠠᠯ᠎ᠠ ᠪᠠᠷ | ᠪᠣᠳᠠᠲᠠᠢ ᠲᠣᠭᠲᠠᠭᠠᠯ ᠲᠣᠭᠲᠠᠭᠠᠬᠤ ᠬᠡᠷᠡᠭᠲᠡᠢ ᠭᠡᠵᠦ ᠲᠣᠳᠣᠷᠬᠠᠢ ᠱᠠᠭᠠᠷᠳᠠᠪᠠ᠃ ᠬᠡᠷᠡᠭᠵᠢᠭᠦᠯᠬᠦ ᠶᠠᠪᠤᠴᠠ ᠳᠤ | ᠢᠯᠡᠷᠡᠭᠰᠡᠨ ᠰᠢᠨ᠎ᠡ ᠠᠰᠠᠭᠤᠳᠠᠯ᠂ ᠣᠨᠴᠠᠭᠠᠶᠢᠯᠠᠨ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ | ᠣᠶᠤᠲᠠᠳ ᠤᠨ ᠣᠨᠴᠠᠭᠠᠢ ᠰᠢᠯᠲᠠᠭᠠᠨ ᠠᠴᠠ ᠪᠣᠯᠵᠤ ᠮᠤᠵᠢ ᠠᠯᠤᠰᠯᠠᠨ ᠠᠵᠢᠯᠯᠠᠬᠤ᠂ ᠠᠵᠢᠯ ᠤᠨ ᠰᠢᠯᠵᠢᠯᠲᠡ ᠬᠢᠬᠦ᠂ | ᠬᠡᠯᠡᠯᠴᠡᠭᠡᠷ ᠢᠶᠠᠨ ᠵᠣᠭᠰᠣᠭᠠᠬᠤ ᠪᠤᠶᠤ ᠳᠠᠭᠤᠰᠬᠠᠬᠤ᠂ ᠭᠡᠷ᠎ᠡ ᠠᠴᠠ ᠵᠥᠷᠢᠴᠡᠭᠰᠡᠨ ᠢ ᠰᠢᠢᠳᠪᠦᠷᠢᠯᠡᠬᠦ ᠵᠡᠷᠭᠡ | ᠲᠠᠯ᠎ᠠ ᠳᠤ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠪᠠ ᠨᠥᠬᠦᠪᠦᠷᠢ ᠲᠣᠭᠲᠠᠭᠠᠯ ᠭᠠᠷᠭᠠᠪᠠ᠃ | ᠤᠤᠯ ᠳᠤ ᠪᠠᠨ ︽ᠪᠠᠭᠰᠢ ᠶᠢᠨ ᠮᠡᠷᠭᠡᠵᠢᠯ ᠤᠨ ᠣᠶᠤᠲᠠᠳ ᠢ ᠰᠦᠢᠳᠬᠡᠯ ᠬᠤᠷᠢᠶᠠᠬᠤ ᠦᠭᠡᠢ ᠪᠠᠷ ᠰᠤᠷᠭᠠᠨ | ᠬᠥᠮᠥᠵᠢᠭᠦᠯᠬᠦ ᠬᠡᠯᠡᠯᠴᠡᠭᠡᠷ︾ ᠲᠤ ᠭᠠᠷ ᠤᠨ ᠦᠰᠦᠭ ᠵᠢᠷᠤᠭᠰᠠᠨ ᠮᠥᠷᠲᠡᠭᠡᠨ ᠶᠠᠭ ᠰᠠᠶᠢᠬᠠᠨ ᠭᠡᠷ᠎ᠡ ᠭᠦᠢᠴᠡᠳᠬᠡᠨ | ᠪᠠᠭᠰᠢᠯᠠᠵᠤ ᠪᠠᠶᠢᠭ᠎ᠠ ᠰᠦᠢᠳᠬᠡᠯ ᠬᠤᠷᠢᠶᠠᠬᠤ ᠦᠭᠡᠢ ᠪᠠᠭᠰᠢ ᠶᠢᠨ ᠮᠡᠷᠭᠡᠵᠢᠯ ᠤᠨ ᠣᠶᠤᠲᠠᠨ ᠨᠢᠭᠡᠪᠦᠷᠢ ᠳᠤ | ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠤᠨ ᠲᠥᠷᠥ ᠶᠢᠨ ᠪᠣᠳᠣᠯᠭ᠎ᠠ ᠶᠢᠨ | ᠬᠠᠮᠢᠶᠠᠷᠤᠯᠲᠠ ᠶᠢ ᠲᠣᠬᠢᠷᠠᠭᠤᠯᠤᠨ ᠬᠡᠷᠡᠭᠯᠡᠵᠦ᠂ ᠭᠡᠷ᠎ᠡ ᠶᠢ ᠵᠥᠷᠢᠴᠡᠭᠰᠡᠨ ᠪᠤᠶᠤ ᠨᠢᠭᠡᠨᠲᠡ ᠲᠣᠭᠲᠠᠭᠠᠯ ᠤᠨ ᠳᠡᠰ | ᠳᠠᠷᠠᠭᠠᠯᠠᠯ ᠶᠣᠰᠣᠭᠠᠷ ᠬᠡᠯᠡᠯᠴᠡᠭᠡᠷ ᠢ ᠬᠦᠴᠦᠨ ᠦᠭᠡᠢ ᠪᠣᠯᠭᠠᠭᠰᠠᠨ ᠪᠣᠯ᠂ ᠳᠠᠬᠢᠵᠤ ︽ᠠᠷᠭ᠎ᠠ︾ ᠶᠢᠨ ᠲᠣᠭᠲᠠᠭᠠᠯ ᠢ | ᠬᠡᠷᠡᠭᠯᠡᠬᠦ ᠳᠤ ᠲᠣᠬᠢᠷᠠᠬᠤ ᠦᠭᠡᠢ ᠪᠣᠯᠣᠨ᠎ᠠ᠃ | ᠲᠠᠪᠤ ᠳᠤ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠪᠠ᠃ ᠰᠤᠷᠤᠭᠴᠢ ᠡᠯᠰᠡᠨ | ᠰᠢᠯᠭᠠᠷᠠᠭᠤᠯᠬᠤ ᠠᠷᠭ᠎ᠠ ᠬᠡᠯᠪᠡᠷᠢ ᠶᠢ ᠥᠭᠡᠷᠡᠴᠢᠯᠡᠨ ᠰᠠᠶᠢᠵᠢᠷᠠᠭᠤᠯᠬᠤ᠂ ᠰᠤᠷᠤᠯᠴᠠᠭᠤᠯᠤᠨ ᠤᠷᠮᠠᠰᠢᠭᠤᠯᠬᠤ | ᠲᠣᠭᠲᠠᠴᠠ ᠶᠢ ᠲᠡᠭᠦᠯᠳᠡᠷᠵᠢᠭᠦᠯᠬᠦ᠂ ᠴᠢᠨᠠᠷ ᠰᠠᠶᠢᠲᠠᠢ ᠬᠥᠮᠥᠵᠢᠭᠦᠯᠬᠦ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ | ᠲᠥᠪᠯᠡᠷᠡᠭᠦᠯᠬᠦ᠂ ᠵᠠᠰᠠᠭ ᠤᠨ ᠣᠷᠳᠣᠨ ᠪᠤᠶᠤ ᠨᠡᠶᠢᠭᠡᠮ ᠠᠴᠠ ᠪᠡᠯᠡ ᠭᠠᠷᠭᠠᠨ ᠱᠠᠩᠨᠠᠨ ᠬᠥᠬᠢᠭᠦᠯᠬᠦ᠂ ᠪᠠᠭᠰᠢ ᠶᠢᠨ | ᠲᠤᠰᠬᠠᠢ ᠮᠡᠷᠭᠡᠵᠢᠯ ᠢ ᠳᠡᠮᠵᠢᠬᠦ ᠡᠷᠴᠢᠮ ᠢ ᠴᠢᠩᠭᠠᠷᠠᠭᠤᠯᠬᠤ ᠵᠡᠷᠭᠡ ᠤᠷᠮᠠᠰᠢᠭᠤᠯᠬᠤ ᠠᠷᠭ᠎ᠠ ᠬᠡᠮᠵᠢᠶ᠎ᠡ ᠪᠠᠷ | ᠳᠠᠮᠵᠢᠭᠤᠯᠵᠤ᠂ ᠰᠢᠯᠢᠳᠡᠭ ᠴᠢᠳᠠᠪᠤᠷᠢᠲᠠᠨ ᠢ ᠲᠠᠲᠠᠵᠤ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ | ᠣᠶᠤᠲᠠᠨ ᠢᠶᠠᠷ ᠨᠡᠷ᠎ᠡ ᠮᠡᠳᠡᠭᠦᠯᠦᠨ ᠰᠢᠯᠭᠠᠭᠤᠯᠵᠤ᠂ ᠪᠠᠭᠰᠢ ᠶᠢᠨ ᠮᠡᠷᠭᠡᠵᠢᠯ ᠤᠨ ᠣᠶᠤᠲᠠᠳ ᠢ ᠬᠥᠮᠥᠵᠢᠭᠦᠯᠬᠦ ᠶᠠᠰᠤ | ᠴᠢᠨᠠᠷ ᠢ ᠳᠡᠭᠡᠭᠰᠢᠯᠡᠭᠦᠯᠦᠨ᠎ᠡ᠃ ᠡᠯ᠎ᠡ ᠭᠠᠵᠠᠷ ᠤᠨ ᠬᠢᠨ ᠤ ᠰᠦᠢᠳᠬᠡᠯ ᠬᠤᠷᠢᠶᠠᠬᠤ ᠦᠭᠡᠢ ᠪᠠᠷ ᠬᠥᠮᠥᠵᠢᠭᠦᠯᠬᠦ᠂ | ᠠᠵᠢᠯ ᠤᠨ ᠪᠠᠶᠢᠷᠢ ᠳᠤ ᠭᠠᠷᠤᠭᠰᠠᠨ ᠤ ᠳᠠᠷᠠᠭ᠎ᠠ ᠰᠦᠢᠳᠬᠡᠯ ᠢ ᠨᠢ ᠪᠤᠴᠠᠭᠠᠬᠤ᠂ ᠰᠤᠷᠤᠯᠭ᠎ᠠ ᠶᠢᠨ ᠰᠦᠢᠳᠬᠡᠯ ᠤᠨ | ᠨᠥᠬᠦᠪᠦᠷᠢ ᠥᠭᠬᠦ ᠪᠠ ᠰᠤᠷᠤᠯᠭ᠎ᠠ ᠶᠢ ᠲᠡᠳᠬᠦᠬᠦ ᠤᠯᠤᠰ ᠤᠨ ᠵᠢᠭᠡᠯᠡᠯᠭᠡ ᠶᠢ ᠣᠷᠣᠯᠠᠨ ᠲᠥᠯᠥᠪᠦᠷᠢᠯᠡᠬᠦ ᠵᠡᠷᠭᠡ ᠣᠯᠠᠨ | ᠵᠦᠢᠯ ᠤᠨ ᠠᠷᠭ᠎ᠠ ᠬᠡᠯᠪᠡᠷᠢ ᠶᠢ ᠰᠦᠪᠡᠭᠴᠢᠯᠡᠬᠦ ᠶᠢ ᠳᠡᠮᠵᠢᠵᠦ᠂ ᠠᠯᠪᠠᠨ ᠤ ᠰᠦᠢᠳᠬᠡᠯ ᠤᠨ ᠪᠠᠭᠰᠢ ᠶᠢᠨ | ᠮᠡᠷᠭᠡᠵᠢᠯ ᠤᠨ ᠣᠶᠤᠲᠠᠳ ᠢ ᠬᠥᠮᠥᠵᠢᠭᠦᠯᠬᠦ ᠬᠡᠪᠴᠢᠶ᠎ᠡ ᠪᠠ ᠶᠠᠰᠤ ᠴᠢᠨᠠᠷ ᠢ ᠥᠷᠭᠡᠳᠬᠡᠨ᠎ᠡ᠃ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠪᠠ ᠪᠠᠲᠤᠯᠠᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠠᠯᠪᠠᠨ ᠤ ᠰᠦᠢᠳᠬᠡᠯ ᠤᠨ | ᠪᠠᠭᠰᠢ ᠶᠢᠨ ᠮᠡᠷᠭᠡᠵᠢᠯ ᠤᠨ ᠣᠶᠤᠲᠠᠳ ᠤᠨ ᠲᠡᠭᠦᠰᠦᠭᠰᠡᠨ ᠤ ᠳᠠᠷᠠᠭ᠎ᠠ ᠬᠥᠳᠡᠭᠡ ᠲᠣᠰᠬᠤᠨ ᠤ ᠰᠤᠷᠭᠠᠭᠤᠯᠢ ᠳᠤ | ᠣᠴᠢᠵᠤ ᠪᠠᠭᠰᠢᠯᠠᠨ ᠦᠢᠯᠡᠴᠢᠯᠡᠬᠦ ᠶᠢ ᠵᠣᠷᠢᠭᠵᠢᠭᠤᠯᠤᠨ ᠳᠡᠮᠵᠢᠨ᠎ᠡ᠃ | ᠲᠠᠪᠤ᠂ ︽ᠠᠷᠭ᠎ᠠ︾ ᠳᠤ ᠪᠠᠭᠰᠢ ᠶᠢᠨ ᠮᠡᠷᠭᠡᠵᠢᠯ ᠤᠨ ᠣᠶᠤᠲᠠᠳ ᠢ ᠠᠯᠪᠠᠨ ᠤ ᠰᠦᠢᠳᠬᠡᠯ ᠢᠶᠠᠷ ᠰᠤᠷᠭᠠᠨ | ᠬᠥᠮᠥᠵᠢᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠶᠠᠮᠠᠷ ᠶᠠᠮᠠᠷ ᠭᠤᠣᠯᠳᠠᠯᠭ᠎ᠠ ᠲᠠᠢ ᠠᠷᠭ᠎ᠠ | ᠬᠡᠮᠵᠢᠶ᠎ᠡ ᠶᠢ ᠳᠤᠷᠠᠳᠤᠭᠰᠠᠨ ᠪᠣᠢ︖ | ᠪᠠᠭᠰᠢ ᠶᠢᠨ ᠮᠡᠷᠭᠡᠵᠢᠯ ᠤᠨ ᠣᠶᠤᠲᠠᠳ ᠢ ᠠᠯᠪᠠᠨ ᠤ ᠰᠦᠢᠳᠬᠡᠯ ᠢᠶᠠᠷ ᠰᠤᠷᠭᠠᠨ ᠬᠥᠮᠥᠵᠢᠭᠦᠯᠬᠦ ᠲᠥᠷᠥ ᠶᠢᠨ | ᠪᠣᠳᠣᠯᠭ᠎ᠠ ᠶᠢ ᠤᠷᠤᠭᠰᠢᠲᠠᠢ ᠬᠡᠷᠡᠭᠵᠢᠭᠦᠯᠦᠨ᠂ ᠲᠤᠭᠤᠰᠢᠲᠠᠢ ᠨᠠᠶᠢᠳᠠᠪᠤᠷᠢᠵᠢᠭᠤᠯᠵᠤ᠂ ᠰᠢᠯᠢᠳᠡᠭ ᠴᠢᠳᠠᠪᠤᠷᠢᠲᠠᠳ ᠢ | ᠲᠠᠲᠠᠵᠤ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠤᠨ ᠡᠩᠨᠡᠭᠡᠨ ᠳᠤ ᠣᠷᠣᠭᠤᠯᠬᠤ ᠶᠢ | ᠦᠨᠡᠨ ᠬᠦ ᠪᠠᠲᠤᠯᠠᠵᠤ᠂ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠤᠨ ᠬᠡᠯᠡᠯᠴᠡᠭᠡᠷ ᠢ | ᠴᠢᠩᠭ᠎ᠠ ᠵᠢᠷᠤᠮᠯᠠᠨ ᠭᠡᠷ᠎ᠡ ᠭᠦᠢᠴᠡᠳᠬᠡᠨ ᠪᠠᠭᠰᠢᠯᠠᠬᠤ ᠶᠢ ᠠᠬᠢᠭᠤᠯᠬᠤ ᠶᠢᠨ ᠲᠥᠯᠥᠭᠡ᠂ ︽ᠠᠷᠭ᠎ᠠ︾ ᠳᠤ ᠳᠣᠣᠷᠠᠬᠢ | ᠬᠡᠳᠦᠨ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠳᠤᠷᠠᠳᠴᠠᠢ᠃ | ᠨᠢᠭᠡ ᠳᠤ᠂ ᠣᠷᠣᠨ ᠲᠤᠭ᠎ᠠ ᠳᠤ ᠣᠷᠣᠭᠤᠯᠤᠨ ᠠᠵᠢᠯ ᠤᠨ ᠪᠠᠶᠢᠷᠢ ᠳᠤ ᠭᠠᠷᠭᠠᠬᠤ ᠶᠢ ᠪᠠᠲᠤᠯᠠᠨ᠎ᠠ᠃ | ᠰᠤᠷᠭᠠᠨ ᠬᠥᠮᠥᠵᠢᠯ ᠤᠨ ᠶᠠᠮᠤᠨ ᠠᠴᠠ ᠰᠤᠷᠤᠭᠴᠢ ᠡᠯᠰᠡᠬᠦ ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠨ᠂ | ᠰᠤᠷᠤᠭᠴᠢ ᠡᠯᠰᠡᠨ ᠬᠥᠮᠥᠵᠢᠭᠦᠯᠬᠦ ᠬᠢᠭᠡᠳ ᠪᠠᠭᠰᠢ ᠶᠢᠨ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠶᠢ | ᠪᠦᠲᠦᠮᠵᠢᠲᠡᠢ ᠵᠣᠯᠭᠠᠯᠳᠤᠭᠤᠯᠬᠤ ᠶᠢ ᠰᠠᠶᠢᠲᠤᠷ ᠬᠢᠵᠦ᠂ ᠠᠶᠠᠨᠳᠠᠭᠠᠨ ᠰᠤᠷᠤᠭᠴᠢ ᠬᠠᠰᠤᠭᠳᠠᠬᠤ ᠵᠡᠷᠭᠡ ᠬᠦᠴᠦᠨ | ᠵᠦᠢᠯ ᠢ ᠭᠦᠢᠴᠡᠳ ᠪᠣᠳᠣᠯᠬᠢᠯᠠᠵᠤ᠂ ᠲᠤᠬᠠᠢ ᠶᠢᠨ ᠭᠠᠵᠠᠷ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ | ᠡᠩᠨᠡᠭᠡ ᠶᠢᠨ ᠬᠤᠭᠤᠰᠤᠨ ᠣᠷᠣᠨ ᠲᠤᠭ᠎ᠠ ᠶᠢᠨ ᠪᠠᠶᠢᠳᠠᠯ ᠢ ᠲᠥᠰᠥᠭᠡᠯᠡᠨ ᠪᠣᠳᠣᠵᠤ᠂ ᠠᠯᠪᠠᠨ ᠤ ᠰᠦᠢᠳᠬᠡᠯ ᠤᠨ | ᠪᠠᠭᠰᠢ ᠶᠢᠨ ᠮᠡᠷᠭᠡᠵᠢᠯ ᠤᠨ ᠣᠶᠤᠲᠠᠨ ᠡᠯᠰᠡᠬᠦ ᠣᠨ ᠤ ᠲᠥᠯᠥᠪᠯᠡᠭᠡ ᠶᠢ ᠵᠦᠢ ᠵᠣᠬᠢᠰᠲᠠᠢ ᠲᠣᠭᠲᠠᠭᠠᠨ᠂ ᠰᠤᠷᠤᠭᠴᠢ | ᠡᠯᠰᠡᠬᠦ ᠬᠢᠭᠡᠳ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠰᠠᠯᠤᠩᠭᠢᠷᠠᠭᠰᠠᠨ ᠠᠴᠠ ᠪᠣᠯᠵᠤ ᠣᠷᠣᠨ | ᠲᠤᠭ᠎ᠠ ᠳᠤ ᠣᠷᠣᠭᠤᠯᠬᠤ ᠶᠢᠨ ᠠᠷᠭ᠎ᠠ ᠦᠭᠡᠢ ᠪᠠᠶᠢᠳᠠᠯ ᠢ ᠪᠣᠢ ᠪᠣᠯᠭᠠᠬᠤ ᠠᠴᠠ ᠵᠠᠶᠢᠯᠠᠰᠬᠢᠵᠠᠢ᠃ ᠡᠯ᠎ᠡ ᠭᠠᠵᠠᠷ ᠤᠨ | ᠬᠢᠨ ᠤ ᠮᠤᠵᠢ ᠶᠢᠨ ᠳᠣᠲᠣᠭᠠᠳᠤ ᠶᠢᠨ ᠠᠵᠢᠯ ᠦᠢᠯᠡᠰ ᠤᠨ ᠣᠷᠣᠨ ᠲᠤᠭ᠎ᠠ ᠪᠠᠨ ᠨᠢᠭᠡᠳᠦᠯᠲᠡᠢ ᠲᠥᠯᠥᠪᠵᠢᠭᠦᠯᠵᠦ | ᠲᠣᠬᠢᠷᠠᠭᠤᠯᠤᠨ ᠬᠡᠷᠡᠭᠯᠡᠬᠦ᠂ ᠬᠥᠳᠡᠯᠦᠩᠭᠦᠢ ᠪᠠᠷ ᠲᠣᠬᠢᠷᠠᠭᠤᠯᠤᠯᠲᠠ ᠬᠢᠬᠦ᠂ ᠰᠢᠯᠵᠢᠭᠦᠯᠦᠨ ᠬᠡᠷᠡᠭᠯᠡᠬᠦ᠂ ᠬᠤᠭᠤᠰᠤᠨ | ᠣᠷᠣᠨ ᠲᠤᠭ᠎ᠠ ᠶᠢ ᠤᠷᠢᠳ ᠢᠶᠠᠷ ᠠᠰᠢᠭᠯᠠᠵᠤ ᠬᠦᠯᠢᠶᠡᠨ ᠠᠪᠬᠤ ᠵᠡᠷᠭᠡ ᠠᠷᠭ᠎ᠠ ᠪᠠᠷ᠂ ᠠᠯᠪᠠᠨ ᠤ ᠰᠦᠢᠳᠬᠡᠯ ᠤᠨ | ᠪᠠᠭᠰᠢ ᠶᠢᠨ ᠮᠡᠷᠭᠡᠵᠢᠯ ᠤᠨ ᠣᠶᠤᠲᠠᠳ ᠤᠨ ᠳᠤᠮᠳᠠᠳᠤ ᠪᠠᠭ᠎ᠠ ᠰᠤᠷᠭᠠᠭᠤᠯᠢ ᠳᠤ ᠣᠴᠢᠵᠤ ᠪᠠᠭᠰᠢᠯᠠᠬᠤ ᠳᠤ ᠬᠡᠷᠡᠭᠰᠡᠬᠦ | ᠣᠷᠣᠨ ᠲᠤᠭ᠎ᠠ ᠶᠢ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃ ᠠᠯᠪᠠᠨ ᠤ ᠰᠦᠢᠳᠬᠡᠯ ᠤᠨ ᠪᠠᠭᠰᠢ ᠶᠢᠨ | ᠮᠡᠷᠭᠡᠵᠢᠯ ᠤᠨ ᠣᠶᠤᠲᠠᠳ ᠢ ᠲᠤᠰᠬᠠᠢ ᠵᠦᠢᠯ ᠢᠶᠠᠷ ᠡᠯᠰᠡᠬᠦ ᠶᠢ ᠬᠡᠷᠡᠭᠵᠢᠭᠦᠯᠦᠨ᠂ ᠬᠥᠮᠥᠨ ᠬᠡᠷᠡᠭᠯᠡᠬᠦ ᠰᠤᠷᠭᠠᠭᠤᠯᠢ | ᠬᠢᠭᠡᠳ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠢ ᠵᠣᠬᠢᠶᠠᠨ ᠪᠠᠶᠢᠭᠤᠯᠵᠤ ᠪᠠᠶᠢᠭᠠᠳ | ᠬᠤᠣᠰ ᠴᠢᠭᠯᠡᠯ ᠢᠶᠠᠷ ᠰᠣᠩᠭᠤᠯᠲᠠ ᠬᠢᠯᠭᠡᠵᠦ᠂ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠢᠶᠠᠷ | ᠲᠡᠭᠦᠰᠦᠭᠰᠡᠨ ᠣᠶᠤᠲᠠᠨ ᠨᠢᠭᠡᠪᠦᠷᠢ ᠳᠤ ᠪᠠᠭᠰᠢᠯᠠᠬᠤ ᠰᠤᠷᠭᠠᠭᠤᠯᠢ ᠶᠢ ᠨᠢ ᠨᠠᠶᠢᠳᠠᠪᠤᠷᠢᠵᠢᠭᠤᠯᠬᠤ ᠶᠢᠨ ᠬᠠᠮᠲᠤ | ᠣᠷᠣᠨ ᠲᠤᠭ᠎ᠠ ᠪᠠ ᠠᠵᠢᠯ ᠤᠨ ᠪᠠᠶᠢᠷᠢ ᠪᠠᠶᠢᠬᠤ ᠶᠢ ᠪᠠᠲᠤᠯᠠᠨ᠎ᠠ᠃ | ᠬᠤᠶᠠᠷ ᠲᠤ᠂ ᠭᠡᠷ᠎ᠡ ᠭᠦᠢᠴᠡᠳᠬᠡᠬᠦ ᠬᠠᠮᠢᠶᠠᠷᠤᠯᠲᠠ ᠶᠢ ᠴᠢᠩᠭᠠᠳᠬᠠᠨ᠎ᠠ᠃ ︽ᠠᠷᠭ᠎ᠠ︾ ᠳᠤ᠂ ᠠᠯᠪᠠᠨ ᠤ | ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ᠂ ᠶᠠᠮᠤᠨ ᠤ ᠬᠠᠷᠢᠶ᠎ᠠ ᠪᠠᠭᠰᠢ ᠶᠢᠨ ᠶᠡᠭᠡ ᠰᠤᠷᠭᠠᠭᠤᠯᠢ ᠪᠠ | ᠣᠶᠤᠲᠠᠨ ᠤ ᠢᠷᠡᠯᠲᠡ ᠶᠢᠨ ᠪᠠᠶᠢᠭ᠎ᠠ ᠭᠠᠵᠠᠷ ᠤᠨ ᠮᠤᠵᠢ ᠶᠢᠨ ᠱᠠᠲᠤᠨ ᠤ ᠰᠤᠷᠭᠠᠨ ᠬᠥᠮᠥᠵᠢᠯ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠭᠤᠷᠪᠠᠨ ᠲᠠᠯ᠎ᠠ ᠪᠠᠷ ᠢᠶᠠᠨ ᠡᠷᠬᠡᠪᠰᠢ ︽ᠪᠠᠭᠰᠢ ᠶᠢᠨ ᠮᠡᠷᠭᠡᠵᠢᠯ ᠤᠨ ᠣᠶᠤᠲᠠᠳ ᠢ | ᠠᠯᠪᠠᠨ ᠤ ᠰᠦᠢᠳᠬᠡᠯ ᠢᠶᠠᠷ ᠰᠤᠷᠭᠠᠨ ᠬᠥᠮᠥᠵᠢᠭᠦᠯᠬᠦ ᠬᠡᠯᠡᠯᠴᠡᠭᠡᠷ︾ ᠲᠣᠭᠲᠠᠨ᠂ ᠡᠯ᠎ᠡ ᠲᠠᠯ᠎ᠠ ᠶᠢᠨ ᠬᠢᠨ ᠤ ᠡᠷᠬᠡ | ᠪᠠ ᠡᠭᠦᠷᠭᠡ ᠶᠢ ᠲᠣᠳᠣᠷᠬᠠᠶᠢᠯᠠᠬᠤ ᠬᠡᠷᠡᠭᠲᠡᠢ ᠭᠡᠵᠦ ᠱᠠᠭᠠᠷᠳᠠᠪᠠ᠃ ᠠᠯᠪᠠᠨ ᠤ ᠰᠦᠢᠳᠬᠡᠯ ᠤᠨ ᠪᠠᠭᠰᠢ ᠶᠢᠨ | ᠮᠡᠷᠭᠡᠵᠢᠯ ᠤᠨ ᠣᠶᠤᠲᠠᠳ ᠡᠷᠬᠡᠪᠰᠢ ᠬᠡᠯᠡᠯᠴᠡᠭᠡᠷ ᠢ ᠴᠢᠩᠭ᠎ᠠ ᠬᠡᠷᠡᠭᠵᠢᠭᠦᠯᠦᠨ᠂ ᠬᠡᠯᠡᠯᠴᠡᠭᠡᠷ ᠶᠣᠰᠣᠭᠠᠷ ᠳᠤᠮᠳᠠᠳᠤ | ᠪᠠᠭ᠎ᠠ ᠰᠤᠷᠭᠠᠭᠤᠯᠢ ᠶᠢᠨ ᠰᠤᠷᠭᠠᠨ ᠬᠥᠮᠥᠵᠢᠯ ᠤᠨ ᠠᠵᠢᠯ ᠢ ᠭᠦᠢᠴᠡᠳᠬᠡᠭᠰᠡᠨ ᠦᠭᠡᠢ ᠪᠣᠯ᠂ ᠠᠯᠪᠠᠨ ᠤ | ᠰᠦᠢᠳᠬᠡᠯ ᠢᠶᠠᠷ ᠰᠤᠷᠭᠠᠨ ᠬᠥᠮᠥᠵᠢᠯ ᠬᠦᠷᠲᠡᠭᠰᠡᠨ ᠰᠦᠢᠳᠬᠡᠯ ᠢ ᠪᠤᠴᠠᠭᠠᠬᠤ ᠶᠢᠨ ᠬᠠᠮᠲᠤ ᠭᠡᠷ᠎ᠡ ᠶᠢ ᠵᠥᠷᠢᠴᠡᠭᠰᠡᠨ | ᠮᠥᠩᠭᠦ ᠲᠤᠰᠢᠶᠠᠬᠤ ᠬᠡᠷᠡᠭᠲᠡᠢ᠃ ᠮᠤᠵᠢ ᠶᠢᠨ ᠱᠠᠲᠤᠨ ᠤ ᠰᠤᠷᠭᠠᠨ ᠬᠥᠮᠥᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠤᠨ ᠬᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠨ ᠠᠯᠪᠠᠨ ᠤ ᠰᠦᠢᠳᠬᠡᠯ ᠤᠨ ᠪᠠᠭᠰᠢ ᠶᠢᠨ | ᠮᠡᠷᠭᠡᠵᠢᠯ ᠤᠨ ᠣᠶᠤᠲᠠᠳ ᠤᠨ ᠠᠵᠢᠯ ᠤᠨ ᠪᠠᠶᠢᠷᠢ ᠶᠢ ᠨᠠᠶᠢᠳᠠᠪᠤᠷᠢᠵᠢᠭᠤᠯᠬᠤ᠂ ᠲᠤᠰᠬᠠᠢ ᠵᠦᠢᠯ ᠢᠶᠠᠷ ᠡᠯᠰᠡᠬᠦ᠂ | ᠮᠤᠵᠢ ᠠᠯᠤᠰᠯᠠᠨ ᠠᠵᠢᠯ ᠣᠯᠭᠤᠬᠤ᠂ ᠭᠡᠷ᠎ᠡ ᠭᠦᠢᠴᠡᠳᠬᠡᠬᠦ ᠢ ᠮᠥᠷᠳᠡᠨ ᠬᠠᠮᠢᠶᠠᠷᠬᠤ᠂ ᠬᠡᠯᠡᠯᠴᠡᠭᠡᠷ ᠢ ᠵᠣᠭᠰᠣᠭᠠᠬᠤ | ᠪᠤᠶᠤ ᠳᠠᠭᠤᠰᠬᠠᠬᠤ᠂ ᠭᠡᠷ᠎ᠡ ᠶᠢ ᠵᠥᠷᠢᠴᠡᠭᠰᠡᠨ ᠢ ᠨᠢ ᠰᠢᠢᠳᠪᠦᠷᠢᠯᠡᠬᠦ ᠵᠡᠷᠭᠡ ᠪᠣᠳᠠᠲᠠᠢ ᠬᠠᠮᠢᠶᠠᠷᠤᠯᠲᠠ ᠶᠢᠨ ᠠᠵᠢᠯ ᠢ | ᠨᠢᠭᠡᠳᠦᠯᠲᠡᠢ ᠲᠥᠯᠥᠪᠵᠢᠭᠦᠯᠦᠨ ᠬᠠᠷᠢᠭᠤᠴᠠᠵᠤ᠂ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠨ | ᠨᠢᠭᠡᠪᠦᠷᠢ ᠳᠤ ᠦᠨᠡᠨᠴᠢ ᠢᠲᠡᠭᠡᠮᠵᠢ ᠶᠢᠨ ᠳᠠᠩᠰᠠ ᠡᠪᠬᠡᠮᠡᠯ ᠪᠠᠶᠢᠭᠤᠯᠬᠤ ᠬᠡᠷᠡᠭᠲᠡᠢ᠃ | ᠭᠤᠷᠪᠠ ᠳᠤ᠂ ᠰᠠᠯᠠᠭ᠎ᠠ ᠮᠥᠴᠢᠷ ᠤᠳ ᠤᠨ ᠡᠭᠦᠷᠭᠡ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ ᠢ | ᠲᠣᠳᠣᠷᠬᠠᠶᠢᠯᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠤᠨ ᠡᠭᠦᠷᠭᠡ | ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ ᠢᠶᠠᠨ ᠨᠠᠷᠢᠯᠢᠭᠵᠢᠭᠤᠯᠤᠨ ᠲᠣᠳᠣᠷᠬᠠᠶᠢᠯᠠᠵᠤ᠂ ᠰᠤᠷᠭᠠᠨ | ᠬᠥᠮᠥᠵᠢᠯ ᠤᠨ ᠰᠠᠯᠠᠭ᠎ᠠ ᠮᠥᠴᠢᠷ ᠨᠢ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠢ ᠡᠯᠰᠡᠵᠦ | ᠬᠥᠮᠥᠵᠢᠭᠦᠯᠬᠦ᠂ ᠠᠵᠢᠯ ᠣᠯᠭᠤᠬᠤ ᠵᠢᠯᠣᠭᠤᠳᠤᠯᠭ᠎ᠠ ᠬᠢᠬᠦ᠂ ᠠᠵᠢᠯ ᠤᠨ ᠪᠠᠶᠢᠷᠢ ᠶᠢ ᠨᠢ ᠨᠠᠶᠢᠳᠠᠪᠤᠷᠢᠵᠢᠭᠤᠯᠬᠤ᠂ | ᠲᠣᠮᠢᠯᠠᠯᠲᠠ ᠶᠢ ᠭᠦᠢᠴᠡᠳᠬᠡᠬᠦ᠂ ᠭᠡᠷ᠎ᠡ ᠭᠦᠢᠴᠡᠳᠬᠡᠬᠦ ᠶᠢ ᠬᠠᠮᠢᠶᠠᠷᠬᠤ ᠵᠡᠷᠭᠡ ᠠᠵᠢᠯ ᠢ ᠲᠦᠷᠦᠭᠦᠯᠡᠨ ᠬᠠᠷᠢᠭᠤᠴᠠᠨ᠎ᠠ︔ | ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠠᠯᠪᠠᠨ ᠤ | ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠤᠨ ᠲᠤᠰᠬᠠᠢ ᠵᠦᠢᠯ ᠢᠶᠠᠷ ᠡᠯᠰᠡᠬᠦ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠠᠵᠢᠯ ᠢ ᠬᠠᠷᠢᠭᠤᠴᠠᠨ᠎ᠠ︔ ᠪᠠᠶᠢᠭᠤᠯᠤᠮᠵᠢ ᠣᠷᠣᠨ ᠲᠣᠭᠠᠨ ᠤ ᠰᠠᠯᠠᠭ᠎ᠠ | ᠮᠥᠴᠢᠷ ᠨᠢ ᠬᠠᠷᠭᠤᠭᠤᠯᠤᠨ ᠲᠣᠭᠲᠠᠭᠠᠭᠰᠠᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠳ ᠤᠨ ᠣᠷᠣᠨ | ᠲᠣᠭᠠᠨ ᠤ ᠶᠡᠷᠦᠩᠬᠡᠢ ᠲᠣᠭᠠᠨ ᠳᠣᠲᠣᠷ᠎ᠠ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠤᠨ | ᠳᠤᠮᠳᠠᠳᠤ ᠪᠠᠭ᠎ᠠ ᠰᠤᠷᠭᠠᠭᠤᠯᠢ ᠳᠤ ᠣᠴᠢᠵᠤ ᠪᠠᠭᠰᠢᠯᠠᠬᠤ ᠣᠷᠣᠨ ᠲᠤᠭ᠎ᠠ ᠶᠢ ᠨᠠᠶᠢᠳᠠᠪᠤᠷᠢᠵᠢᠭᠤᠯᠬᠤ ᠶᠢ | ᠬᠠᠷᠢᠭᠤᠴᠠᠨ᠎ᠠ︔ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠬᠠᠮᠢᠶ᠎ᠠ ᠪᠦᠬᠦᠢ ᠵᠠᠷᠤᠳᠠᠯ ᠤᠨ ᠪᠠᠲᠤᠯᠠᠭ᠎ᠠ ᠶᠢ | ᠬᠠᠷᠢᠭᠤᠴᠠᠵᠤ ᠨᠠᠶᠢᠳᠠᠪᠤᠷᠢᠵᠢᠭᠤᠯᠤᠨ᠎ᠠ᠃ ᠡᠯ᠎ᠡ ᠭᠠᠵᠠᠷ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠰᠠᠯᠠᠭ᠎ᠠ | ᠮᠥᠴᠢᠷ ᠪᠠ ᠬᠤᠯᠪᠣᠭᠳᠠᠯ ᠪᠦᠬᠦᠢ ᠰᠤᠷᠭᠠᠭᠤᠯᠢ ᠨᠤᠭᠤᠳ ᠵᠣᠬᠢᠴᠠᠭᠤᠯᠭ᠎ᠠ ᠪᠠᠨ ᠦᠨᠡᠨ ᠬᠦ ᠴᠢᠩᠭᠠᠳᠬᠠᠨ᠂ | ᠠᠵᠢᠯ ᠤᠨ ᠬᠤᠪᠢᠶᠠᠷᠢᠯᠠᠯ ᠲᠣᠳᠣᠷᠬᠠᠢ ᠬᠠᠷᠢᠭᠤᠴᠠᠯᠭ᠎ᠠ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠵᠤ᠂ | ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠤᠨ ᠠᠵᠢᠯ ᠤᠨ ᠬᠠᠮᠵᠢᠯᠴᠠᠨ ᠠᠬᠢᠭᠤᠯᠬᠤ | ᠲᠣᠭᠲᠠᠴᠠ ᠶᠢ ᠲᠡᠭᠦᠯᠳᠡᠷᠵᠢᠭᠦᠯᠵᠦ᠂ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠤᠨ | ᠡᠯᠰᠡᠵᠦ ᠬᠥᠮᠥᠵᠢᠭᠦᠯᠬᠦ᠂ ᠡᠯᠰᠡᠨ ᠠᠵᠢᠯ ᠣᠯᠭᠤᠬᠤ᠂ ᠣᠷᠣᠨ ᠲᠤᠭ᠎ᠠ ᠳᠤ ᠣᠷᠣᠭᠤᠯᠤᠨ ᠠᠵᠢᠯ ᠤᠨ ᠪᠠᠶᠢᠷᠢ ᠳᠤ | ᠭᠠᠷᠭᠠᠬᠤ᠂ ᠵᠠᠷᠤᠳᠠᠯ ᠢ ᠪᠠᠲᠤᠯᠠᠬᠤ ᠵᠡᠷᠭᠡ ᠠᠵᠢᠯ ᠤᠨ ᠭᠤᠭᠴᠤᠭ᠎ᠠ ᠶᠢ ᠴᠢᠩᠭ᠎ᠠ ᠪᠣᠳᠠᠲᠠᠢ ᠪᠥᠭᠡᠳ ᠰᠠᠶᠢᠲᠤᠷ | ᠠᠳᠬᠤᠬᠤ ᠬᠡᠷᠡᠭᠲᠡᠢ ᠭᠡᠵᠦ ᠱᠠᠭᠠᠷᠳᠠᠵᠠᠢ᠃ | ᠳᠥᠷᠪᠡ ᠳᠤ᠂ ᠴᠢᠨᠠᠷ ᠰᠠᠶᠢᠲᠠᠢ ᠡᠬᠢ ᠪᠠᠶᠠᠯᠢᠭ ᠢ ᠲᠥᠪᠯᠡᠷᠡᠭᠦᠯᠦᠨ ᠬᠥᠮᠥᠵᠢᠭᠦᠯᠦᠨ᠎ᠡ᠃ ᠪᠠᠭᠰᠢ ᠶᠢᠨ | ᠰᠤᠷᠭᠠᠨ ᠬᠥᠮᠥᠵᠢᠯ ᠳᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠲᠤᠷᠰᠢᠯᠲᠠ ᠶᠢᠨ ᠲᠣᠭᠤᠷᠢᠭ ᠪᠠ ᠤᠯᠤᠰ ᠤᠨ | ᠪᠠᠭᠰᠢ ᠶᠢᠨ ᠰᠤᠷᠭᠠᠨ ᠬᠥᠮᠥᠵᠢᠯ ᠤᠨ ᠰᠠᠭᠤᠷᠢᠨ ᠭᠠᠵᠠᠷ ᠢ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ | ᠪᠠᠭᠰᠢ ᠶᠢᠨ ᠶᠡᠭᠡ ᠳᠡᠭᠡᠳᠦ ᠰᠤᠷᠭᠠᠭᠤᠯᠢ ᠬᠢᠭᠡᠳ ᠣᠷᠣᠨ ᠨᠤᠲᠤᠭ ᠤᠨ ᠵᠠᠰᠠᠭ ᠤᠨ ᠣᠷᠳᠣᠨ᠂ ᠳᠤᠮᠳᠠᠳᠤ ᠪᠠᠭ᠎ᠠ | ᠰᠤᠷᠭᠠᠭᠤᠯᠢ ᠬᠠᠮᠵᠢᠯᠴᠠᠨ ᠬᠥᠮᠥᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠠᠯᠪᠠᠨ ᠤ ᠰᠦᠢᠳᠬᠡᠯ ᠤᠨ | ᠪᠠᠭᠰᠢ ᠶᠢᠨ ᠮᠡᠷᠭᠡᠵᠢᠯ ᠤᠨ ᠰᠢᠯᠢᠳᠡᠭ ᠣᠶᠤᠲᠠᠳ ᠤᠨ ᠤᠯᠤᠰ ︵ᠬᠢᠯᠢ︶ ᠤᠨ ᠭᠠᠳᠠᠭᠠᠳᠤ ᠲᠠᠢ ᠰᠣᠯᠢᠯᠴᠠᠨ | ᠰᠤᠷᠤᠯᠴᠠᠬᠤ ᠪᠠ ᠮᠡᠷᠭᠡᠵᠢᠯ ᠴᠢᠳᠠᠪᠤᠷᠢ ᠶᠢᠨ ᠮᠥᠷᠥᠶᠢᠴᠡᠭᠡᠨ ᠶᠠᠪᠤᠭᠤᠯᠬᠤ ᠶᠢ ᠳᠡᠮᠵᠢᠵᠦ᠂ ᠠᠯᠪᠠᠨ ᠤ | ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠤᠨ ᠰᠤᠷᠭᠠᠨ ᠬᠥᠮᠥᠵᠢᠯ ᠪᠠ ᠵᠢᠭᠠᠨ ᠰᠤᠷᠭᠠᠯᠲᠠ ᠶᠢᠨ | ᠮᠡᠷᠭᠡᠵᠢᠯ ᠴᠢᠳᠠᠪᠤᠷᠢ ᠶᠢᠨ ᠦᠨᠡᠨ ᠪᠣᠳᠠᠲᠠᠢ ᠪᠣᠯᠪᠠᠰᠤᠷᠠᠭᠤᠯᠤᠯ ᠤᠨ ᠲᠠᠪᠴᠠᠩ ᠢ ᠪᠠᠶᠢᠭᠤᠯᠵᠤ᠂ ︽ᠬᠤᠣᠰ | ᠵᠢᠯᠣᠭᠤᠳᠬᠤ ᠪᠠᠭᠰᠢ︾ ᠶᠢᠨ ᠳᠦᠷᠢᠮ ᠪᠠ ᠰᠤᠷᠭᠠᠨ ᠬᠥᠮᠥᠵᠢᠯ ᠤᠨ ᠦᠢᠯᠡᠳᠦᠯᠭᠡ ᠨᠢ ᠠᠳᠠᠭ ᠲᠤ ᠪᠠᠨ ᠨᠢᠭᠡ | ᠰᠤᠷᠤᠯᠭ᠎ᠠ ᠶᠢᠨ ᠬᠤᠭᠤᠴᠠᠭ᠎ᠠ ᠪᠠᠶᠢᠬᠤ ᠳᠦᠷᠢᠮ ᠢ ᠨᠠᠶᠢᠳᠠᠪᠤᠷᠢᠵᠢᠭᠤᠯᠵᠤ᠂ ᠬᠠᠮᠤᠭ ᠤᠨ ᠴᠢᠨᠠᠷ ᠰᠠᠶᠢᠲᠠᠢ ᠡᠬᠢ | ᠪᠠᠶᠠᠯᠢᠭ ᠢ ᠲᠥᠪᠯᠡᠷᠡᠭᠦᠯᠦᠨ ᠬᠥᠮᠥᠵᠢᠭᠦᠯᠵᠦ᠂ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠢ | ᠬᠥᠮᠥᠵᠢᠭᠦᠯᠬᠦ ᠴᠢᠨᠠᠷ ᠴᠢᠨᠰᠠᠭ᠎ᠠ ᠶᠢ ᠦᠨᠡᠨ ᠬᠦ ᠳᠡᠭᠡᠭᠰᠢᠯᠡᠭᠦᠯᠦᠨ᠎ᠡ᠃ | ᠲᠠᠪᠤ ᠳᠤ᠂ ᠵᠠᠷᠤᠳᠠᠯ ᠬᠢᠭᠡᠳ ᠬᠠᠷᠠᠭᠠᠯᠵᠠᠯ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ᠃ ᠤᠯᠤᠰ ᠤᠨ | ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠲᠤ ᠰᠤᠷᠤᠯᠭ᠎ᠠ ᠶᠢᠨ ᠰᠦᠢᠳᠬᠡᠯ᠂ ᠪᠠᠶᠢᠷᠢ ᠶᠢᠨ | ᠰᠦᠢᠳᠬᠡᠯ ᠠᠴᠠ ᠬᠡᠯᠲᠦᠷᠢᠭᠦᠯᠬᠦ ᠪᠠ ᠠᠮᠢᠳᠤᠷᠠᠯ ᠤᠨ ᠰᠦᠢᠳᠬᠡᠯ ᠢ ᠨᠢ ᠨᠥᠬᠦᠪᠦᠷᠢᠯᠡᠬᠦ ︽ᠬᠤᠶᠠᠷ ᠢ ᠬᠡᠯᠲᠦᠷᠢᠭᠦᠯᠵᠦ | ᠨᠢᠭᠡ ᠶᠢ ᠨᠥᠬᠦᠪᠦᠷᠢᠯᠡᠬᠦ︾ ᠠᠯᠪᠠᠨ ᠤ ᠰᠦᠢᠳᠬᠡᠯ ᠢᠶᠠᠷ ᠬᠥᠮᠥᠵᠢᠭᠦᠯᠬᠦ᠂ ᠵᠢᠴᠢ ᠲᠡᠭᠦᠰᠦᠭᠰᠡᠨ ᠤ ᠳᠠᠷᠠᠭ᠎ᠠ | ᠰᠤᠷᠤᠭᠴᠢ ᠶᠢᠨ ᠢᠷᠡᠯᠲᠡ ᠶᠢᠨ ᠮᠤᠵᠢ ᠣᠷᠣᠨ ᠤ ᠳᠤᠮᠳᠠᠳᠤ ᠪᠠᠭ᠎ᠠ ᠰᠤᠷᠭᠠᠭᠤᠯᠢ ᠳᠤ ᠨᠢ ᠬᠠᠷᠢᠭᠤᠯᠵᠤ ᠠᠵᠢᠯ | ᠲᠣᠬᠢᠷᠠᠭᠤᠯᠬᠤ ᠶᠢᠨ ᠬᠠᠮᠲᠤ ᠣᠷᠣᠨ ᠲᠣᠭᠠᠨ ᠳᠤ ᠣᠷᠣᠭᠤᠯᠤᠨ ᠠᠵᠢᠯ ᠤᠨ ᠪᠠᠶᠢᠷᠢ ᠳᠤ ᠭᠠᠷᠭᠠᠬᠤ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠬᠦᠷᠲᠡᠭᠡᠵᠦ᠂ ᠪᠠᠭᠰᠢ ᠶᠢᠨ ᠮᠡᠷᠭᠡᠵᠢᠯ ᠤᠨ ᠣᠶᠤᠲᠠᠳ ᠤᠨ ᠤᠯᠤᠰ ᠤᠨ ᠠᠯᠪᠠᠨ ᠤ | ᠰᠦᠢᠳᠬᠡᠯ ᠢᠶᠠᠷ ᠬᠥᠮᠥᠵᠢᠭᠳᠡᠭᠰᠡᠨ ᠪᠠᠭᠰᠢ ᠪᠣᠯᠣᠭᠰᠠᠨ ᠤ ᠬᠠᠷᠢᠭᠤᠴᠠᠯᠭᠠᠲᠤ ᠰᠡᠳᠬᠢᠯᠭᠡ ᠪᠠ ᠢᠷᠠᠭᠤ ᠠᠯᠳᠠᠷᠲᠤ | ᠰᠡᠳᠬᠢᠯᠭᠡ ᠶᠢ ᠨᠢ ᠤᠯᠠᠮ ᠨᠢᠭᠡ ᠠᠯᠬᠤᠮ ᠬᠥᠭᠵᠢᠭᠡᠨ᠎ᠡ᠃ ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ | ᠣᠶᠤᠲᠠᠳ ᠤᠨ ᠠᠮᠢᠳᠤᠷᠠᠯ ᠤᠨ ᠨᠥᠬᠦᠪᠦᠷᠢ ᠶᠢᠨ ᠪᠠᠷᠢᠮᠵᠢᠶ᠎ᠠ ᠶᠢ ᠴᠠᠭ ᠲᠤᠬᠠᠢ ᠳᠤ ᠨᠢ ᠲᠣᠬᠢᠷᠠᠭᠤᠯᠬᠤ᠂ ᠠᠯᠪᠠᠨ | ᠵᠢᠷᠤᠮ ᠤᠨ ᠪᠤᠰᠤ ᠴᠢᠨᠠᠷᠲᠠᠢ ᠰᠤᠷᠤᠯᠭ᠎ᠠ ᠶᠢᠨ ᠬᠥᠬᠢᠭᠦᠯᠦᠯ ᠤᠨ ᠮᠥᠩᠭᠦ ᠣᠯᠭᠤᠬᠤ᠂ ᠲᠤᠰᠬᠠᠢ ᠵᠦᠢᠯ ᠤᠨ | ᠰᠤᠷᠤᠯᠭ᠎ᠠ ᠶᠢᠨ ᠬᠥᠬᠢᠭᠦᠯᠦᠯ ᠤᠨ ᠮᠥᠩᠭᠦ ᠲᠣᠬᠢᠷᠠᠭᠤᠯᠬᠤ᠂ ᠰᠢᠯᠭᠠᠭᠤᠯᠬᠤ ᠦᠭᠡᠢ ᠪᠠᠷ ᠠᠰᠫᠢᠷᠠᠨᠲ ᠤᠨ | ᠡᠷᠳᠡᠮ ᠤᠨ ᠴᠣᠯᠠ ᠲᠠᠨᠢᠯᠴᠠᠭᠤᠯᠤᠨ ᠰᠤᠷᠤᠯᠴᠠᠭᠤᠯᠬᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠢ ᠬᠥᠲᠥᠯᠥᠨ | ᠵᠢᠯᠣᠭᠤᠳᠴᠤ ᠪᠡᠯᠡ ᠭᠠᠷᠭᠠᠯᠭᠠᠨ ᠱᠠᠩᠨᠠᠨ ᠬᠥᠬᠢᠭᠦᠯᠬᠦ ᠵᠡᠷᠭᠡ ᠲᠠᠯ᠎ᠠ ᠶᠢᠨ ᠠᠷᠭ᠎ᠠ ᠬᠡᠮᠵᠢᠶ᠎ᠡ ᠪᠠᠷ ᠳᠠᠮᠵᠢᠭᠤᠯᠵᠤ᠂ | ᠠᠯᠪᠠᠨ ᠤ ᠰᠦᠢᠳᠬᠡᠯ ᠤᠨ ᠪᠠᠭᠰᠢ ᠶᠢᠨ ᠮᠡᠷᠭᠡᠵᠢᠯ ᠤᠨ ᠣᠶᠤᠲᠠᠳ ᠤᠨ ᠤᠷᠲᠤ ᠬᠤᠭᠤᠴᠠᠭ᠎ᠠ ᠪᠠᠷ ᠪᠠᠭᠰᠢᠯᠠᠬᠤ᠂ | ᠨᠠᠰᠤᠨ ᠲᠤᠷᠰᠢᠲᠠ ᠪᠠᠭᠰᠢᠯᠠᠬᠤ ᠶᠢ ᠵᠣᠷᠢᠭᠵᠢᠭᠤᠯᠤᠨ ᠳᠡᠮᠵᠢᠨ᠎ᠡ᠃ | ᠵᠢᠷᠭᠤᠭ᠎ᠠ ᠳᠤ᠂ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠪᠠ ᠨᠠᠶᠢᠳᠠᠪᠤᠷᠢᠵᠢᠭᠤᠯᠬᠤ ᠶᠢ ᠴᠢᠩᠭᠠᠳᠬᠠᠨ᠎ᠠ᠃ | ︽ᠠᠷᠭ᠎ᠠ︾ ᠳᠤ᠂ ᠡᠯ᠎ᠡ ᠱᠠᠲᠤᠨ ᠤ ᠰᠤᠷᠭᠠᠨ ᠬᠥᠮᠥᠵᠢᠯ ᠤᠨ ᠰᠢᠮᠳᠠᠭᠤᠯᠤᠨ ᠵᠢᠯᠣᠭᠤᠳᠬᠤ ᠰᠠᠯᠠᠭ᠎ᠠ ᠮᠥᠴᠢᠷ ᠨᠢ | ᠪᠠᠭᠰᠢ ᠶᠢᠨ ᠮᠡᠷᠭᠡᠵᠢᠯ ᠤᠨ ᠣᠶᠤᠲᠠᠳ ᠤᠨ ᠠᠯᠪᠠᠨ ᠤ ᠰᠦᠢᠳᠬᠡᠯ ᠢᠶᠠᠷ ᠰᠤᠷᠭᠠᠨ ᠬᠥᠮᠥᠵᠢᠭᠦᠯᠬᠦ ᠠᠵᠢᠯ ᠢ | ᠰᠢᠮᠳᠠᠭᠤᠯᠤᠨ ᠵᠢᠯᠣᠭᠤᠳᠬᠤ ᠠᠭᠤᠯᠭ᠎ᠠ ᠳᠤ ᠪᠠᠨ ᠣᠷᠣᠭᠤᠯᠤᠨ᠂ ᠰᠢᠮᠳᠠᠭᠤᠯᠤᠨ ᠵᠢᠯᠣᠭᠤᠳᠤᠭᠰᠠᠨ ᠪᠠᠶᠢᠳᠠᠯ ᠢ ᠴᠠᠭ | ᠲᠤᠬᠠᠢ ᠳᠤ ᠨᠢ ᠮᠡᠳᠡᠭᠡᠯᠡᠨ ᠨᠡᠪᠲᠡᠷᠡᠭᠦᠯᠬᠦ ᠶᠢᠨ ᠬᠠᠮᠲᠤ ᠵᠠᠷᠯᠠᠨ ᠨᠡᠶᠢᠲᠡᠯᠡᠬᠦ ᠬᠡᠷᠡᠭᠲᠡᠢ᠃ ᠪᠠᠭᠰᠢ ᠶᠢᠨ ᠮᠡᠷᠭᠡᠵᠢᠯ ᠤᠨ | ᠣᠶᠤᠲᠠᠳ ᠤᠨ ᠠᠯᠪᠠᠨ ᠤ ᠰᠦᠢᠳᠬᠡᠯ ᠢᠶᠠᠷ ᠰᠤᠷᠭᠠᠨ ᠬᠥᠮᠥᠵᠢᠭᠦᠯᠬᠦ ᠠᠵᠢᠯ ᠤᠨ ᠲᠠᠯ᠎ᠠ ᠪᠠᠷ ᠦᠷ᠎ᠡ ᠪᠦᠲᠦᠮᠵᠢ | ᠲᠣᠪᠣᠶᠢᠮ᠎ᠠ ᠨᠢᠭᠡᠴᠢ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠠᠶᠢᠰᠢᠶᠠᠨ ᠬᠥᠬᠢᠭᠦᠯᠬᠦ ᠶᠢᠨ | ᠬᠠᠮᠲᠤ᠂ ᠠᠮᠵᠢᠯᠲᠠ ᠲᠠᠢ ᠲᠤᠷᠰᠢᠯᠭ᠎ᠠ ᠶᠢ ᠨᠢ ᠴᠠᠭ ᠲᠤᠬᠠᠢ ᠳᠤ ᠨᠢ ᠳ᠋ᠦᠩᠨᠡᠨ ᠳᠡᠯᠭᠡᠷᠡᠭᠦᠯᠬᠦ ᠬᠡᠷᠡᠭᠲᠡᠢ᠃ ᠰᠤᠷᠭᠠᠨ | ᠬᠥᠮᠥᠵᠢᠯ ᠤᠨ ᠶᠠᠮᠤᠨ ᠠᠴᠠ ᠡᠳ᠋ ᠤᠨ ᠵᠠᠰᠠᠭ ᠤᠨ ᠶᠠᠮᠤᠨ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠶᠠᠮᠤᠨ᠂ ᠲᠥᠪ ᠤᠨ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠵᠡᠷᠭᠡ ᠰᠠᠯᠠᠭ᠎ᠠ | ᠮᠥᠴᠢᠷ ᠤᠳ ᠲᠠᠢ ᠬᠠᠮᠲᠤᠷᠠᠨ ᠲᠥᠬᠦᠷᠵᠢᠭᠰᠡᠨ ᠪᠢᠴᠢᠭ ᠮᠠᠲ᠋ᠧᠷᠢᠶᠠᠯ ᠢ ᠰᠤᠳᠤᠯᠤᠨ ᠲᠣᠭᠲᠠᠭᠠᠵᠤ᠂ ᠣᠷᠣᠨ | ᠨᠤᠲᠤᠭ ᠤᠨ ᠰᠤᠷᠭᠠᠨ ᠬᠥᠮᠥᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠶᠠᠮᠤᠨ ᠤ ᠬᠠᠷᠢᠶ᠎ᠠ ᠪᠠᠭᠰᠢ ᠶᠢᠨ | ᠶᠡᠭᠡ ᠰᠤᠷᠭᠠᠭᠤᠯᠢ ᠶᠢᠨ ᠬᠠᠷᠢᠭᠤᠴᠠᠯᠭᠠᠲᠠᠳ ᠤᠨ ᠲᠤᠰᠬᠠᠢ ᠰᠡᠳᠦᠪᠲᠦ ᠪᠣᠯᠪᠠᠰᠤᠷᠠᠭᠤᠯᠤᠯ ᠢ ᠡᠷᠬᠢᠯᠡᠨ᠂ ᠬᠠᠮᠢᠶ᠎ᠠ | ᠪᠦᠬᠦᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠵᠦ᠂ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ | ᠵᠢᠷᠤᠮᠵᠢᠭᠤᠯᠤᠨ᠂ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ | ᠭᠠᠷᠭᠠᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ᠃ |