7 ᠳ᠋ᠤᠭᠠᠷ ᠰᠠᠷ᠎ᠠ ᠶᠢᠨ 31 ᠤ ᠡᠳᠦᠷ᠂ ᠪᠡᠭᠡᠵᠢᠩ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠪᠣᠯᠤᠨ | ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠬᠥᠬᠡᠬᠤᠲᠠ ᠳᠤ᠂ 2018-2020 ᠣᠨ | ᠬᠦᠷᠲᠡᠯ᠎ᠡ ᠶᠠᠳᠠᠭᠤ ᠶᠢ ᠲᠡᠳᠭᠦᠬᠦ ᠬᠠᠮᠵᠢᠯᠴᠠᠭ᠎ᠠ ᠪᠠ ᠬᠠᠮᠲᠤᠷᠠᠯᠴᠠᠭᠠᠨ ᠤ ᠵᠥᠪᠳᠡᠯᠴᠡᠬᠡᠷ ᠲᠣᠭᠲᠠᠵᠠᠢ᠃ | ᠡᠨᠡᠬᠦ ᠵᠥᠪᠳᠡᠯᠴᠡᠭᠡᠷ ᠢ ᠬᠤᠶᠠᠷ ᠭᠠᠵᠠᠷ ᠤᠨ ᠠᠵᠢᠯᠴᠢᠨ ᠤ ᠡᠪᠯᠡᠯ ︽ᠪᠡᠭᠡᠵᠢᠩ ᠬᠤᠲᠠ ᠣᠨᠴᠠ ᠶᠠᠳᠠᠭᠤ | ᠬᠦᠴᠢᠷᠳᠡᠯᠲᠡᠶ ᠭᠠᠵᠠᠷ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠠᠵᠢᠯ ᠲᠦᠷᠦᠯ ᠢᠶᠠᠷ ᠢᠶᠠᠨ | ᠳᠡᠮᠵᠢᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ︵2018-2020 ᠤᠨ︶︾ ᠪᠣᠯᠤᠨ ︽ᠪᠡᠭᠡᠵᠢᠩ | ᠬᠢᠭᠡᠳ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ | ᠭᠤᠷᠪᠠᠨ ᠵᠢᠯ ᠤᠨ ᠠᠵᠢᠯᠯᠠᠭᠠᠨ ᠤ ᠪᠦᠳᠦᠭᠦᠪᠴᠢ ᠵᠥᠪᠳᠡᠯᠴᠡᠭᠡᠷ︾ ᠵᠡᠷᠭᠡ ᠪᠢᠴᠢᠭ ᠮᠠᠲ᠋ᠧᠷᠢᠶᠠᠯ ᠤᠨ ᠪᠦᠲᠦᠮᠵᠢᠲᠡᠶ | ᠨᠠᠶᠢᠳᠠᠪᠤᠷᠢᠵᠢᠭᠤᠯᠤᠯᠲᠠ ᠶᠢ ᠦᠨᠡᠨᠬᠦ ᠠᠬᠢᠭᠤᠯᠬᠤ ᠶᠢᠨ ᠲᠤᠰᠠᠳᠠ ᠲᠣᠭᠲᠠᠭᠠᠭᠰᠠᠨ ᠶᠤᠮ᠃ | ᠵᠥᠪᠳᠡᠯᠴᠡᠭᠡᠷ ᠢᠶᠠᠷ ᠪᠣᠯ᠂ 3 ᠵᠢᠯ ᠤᠨ ᠬᠤᠭᠤᠴᠠᠭᠠᠨ ᠳᠤ᠂ ᠪᠡᠭᠡᠵᠢᠩ ᠬᠤᠳᠠ ᠶᠢᠨ ᠠᠵᠢᠯᠴᠢᠨ ᠤ | ᠶᠡᠷᠦᠩᠬᠡᠶ ᠡᠪᠯᠡᠯ ᠪᠡᠯᠡ ᠮᠦᠩᠭᠦ ᠪᠠᠷ ᠰᠢᠭᠤᠳ ᠲᠡᠳᠬᠦᠬᠦ᠂ ᠲᠣᠬᠤᠨᠢᠭᠤᠯᠬᠤ᠂ ︽ᠠᠯᠲᠠᠨ ᠨᠠᠮᠤᠷ ᠰᠤᠷᠤᠯᠭ᠎ᠠ | ᠲᠡᠳᠬᠦᠬᠦ︾ ᠵᠡᠷᠭᠡ ᠬᠡᠯᠪᠡᠷᠢ ᠪᠠᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠳᠡᠮᠵᠢᠯᠭᠡ ᠬᠦᠯᠢᠶᠡᠬᠦ ᠭᠠᠵᠠᠷ | ᠣᠷᠣᠨ ᠤ ᠬᠦᠴᠦ ᠶᠠᠪᠤᠭᠴᠢ ᠲᠠᠷᠢᠶᠠᠴᠢᠨ ᠮᠠᠯᠴᠢᠨ ᠢ ᠪᠠᠭᠲᠠᠭᠠᠭᠰᠠᠨ᠂ ᠡᠪᠡᠳᠴᠢᠨ ᠢᠶᠠᠷ ᠶᠠᠳᠠᠭᠤᠷᠠᠭᠰᠠᠨ᠂ | ᠡᠪᠡᠳᠴᠢᠨ ᠢᠶᠠᠷ ᠵᠡᠮᠳᠡᠭ ᠪᠣᠯᠤᠭᠰᠠᠨ᠂ ᠰᠠᠨᠠᠭᠠᠨ ᠳᠤ ᠦᠬᠡᠢ ᠶᠠᠪᠤᠳᠠᠯ ᠠᠴᠠ ᠪᠣᠯᠵᠤ ᠶᠠᠳᠠᠭᠤᠷᠠᠭᠰᠠᠨ᠂ ᠰᠤᠷᠤᠯᠭ᠎ᠠ | ᠶᠢᠨ ᠰᠦᠢᠳᠬᠡᠯ ᠠᠴᠠ ᠪᠣᠯᠵᠤ ᠶᠠᠳᠠᠭᠤᠷᠠᠭᠰᠠᠨ ᠵᠡᠷᠭᠡ ᠶᠠᠳᠠᠭᠤ ᠬᠦᠴᠢᠷᠳᠡᠯᠲᠡᠶ ᠠᠵᠢᠯᠲᠠᠨ ᠠᠵᠢᠯᠴᠢᠨ ᠤᠯᠠᠨ | ᠲᠦᠮᠡᠨ ᠳᠤ ᠰᠢᠭᠤᠳ ᠠᠰᠢᠭ ᠬᠦᠷᠲᠡᠭᠡᠨ᠎ᠡ︔ ᠨᠡᠶᠢᠰᠯᠡᠯ ᠤᠨ ᠮᠡᠷᠭᠡᠵᠢᠯ ᠴᠢᠳᠠᠪᠤᠷᠢᠳᠠᠢ ᠬᠦᠮᠦᠰ ᠢ ᠵᠣᠬᠢᠶᠠᠨ | ᠪᠠᠶᠢᠭᠤᠯᠵᠤ ᠪᠠᠶᠢᠭᠠᠳ ᠳᠡᠮᠵᠢᠯᠭᠡ ᠬᠦᠯᠢᠶᠡᠬᠦ ᠭᠠᠵᠠᠷ ᠣᠷᠣᠨ ᠳᠤ ᠮᠡᠷᠭᠡᠵᠢᠯ ᠬᠦᠷᠭᠡᠬᠦ ᠪᠠ ᠳᠡᠮᠵᠢᠯᠭᠡ ᠬᠦᠯᠢᠶᠡᠬᠦ | ᠭᠠᠵᠠᠷ ᠣᠷᠣᠨ ᠤ ᠶᠠᠳᠠᠭᠤ ᠬᠦᠴᠢᠷᠳᠡᠯᠲᠡᠶ ᠬᠦᠮᠦᠰ ᠢ ᠪᠡᠭᠡᠵᠢᠩ ᠳᠤ ᠢᠷᠡᠭᠦᠯᠦᠨ ᠮᠡᠷᠭᠡᠵᠢᠯ ᠴᠢᠳᠠᠪᠤᠷᠢ ᠶᠢᠨ | ᠪᠣᠯᠪᠠᠰᠤᠷᠠᠭᠤᠯᠤᠯ ᠬᠦᠷᠲᠡᠭᠡᠬᠦ ᠪᠠᠷ ᠳᠠᠮᠵᠢᠭᠤᠯᠤᠨ᠂ ᠮᠡᠷᠭᠡᠵᠢᠯ ᠴᠢᠳᠠᠪᠤᠷᠢ ᠶᠢᠨ ᠲᠤᠰᠠᠯᠠᠮᠵᠢ ᠦᠵᠡᠭᠦᠯᠵᠦ᠂ | ᠰᠠᠨᠠᠭᠠᠴᠢᠯᠠᠭ᠎ᠠ ᠲᠠᠢ ᠪᠠᠷ ᠶᠠᠳᠠᠭᠤ ᠠᠴᠠ ᠠᠩᠭᠢᠵᠢᠷᠠᠬᠤ ᠳᠤᠨᠢ ᠲᠤᠰᠠᠯᠠᠮᠵᠢ ᠦᠵᠡᠭᠦᠯᠦᠨ᠎ᠡ︔ ᠠᠷᠠᠳ ᠤᠨ | ᠡᠵᠡᠩᠨᠡᠭᠰᠡᠨ ᠠᠵᠤ ᠠᠬᠤᠶᠢᠯᠠᠯ ᠤᠨ ᠬᠦᠳᠡᠯᠮᠦᠷᠢ ᠶᠢᠨ ᠵᠢᠱᠢᠶᠡᠴᠢ ᠠᠵᠤ ᠠᠬᠤᠶᠢᠯᠠᠯᠲᠠᠨ ᠢ ᠵᠤᠬᠢᠶᠠᠨ ᠪᠠᠶᠢᠭᠤᠯᠤᠭᠠᠳ | ᠥᠪᠡᠷᠲᠡᠭᠡᠨ ᠵᠠᠰᠠᠬᠤ ᠣᠷᠣᠨ ᠳᠤ ᠣᠴᠢᠭᠤᠯᠤᠨ ᠲᠣᠭᠤᠷᠢᠨ ᠪᠠᠶᠢᠴᠠᠭᠠᠯᠭᠠᠬᠤ ᠪᠠᠶᠢᠴᠠᠭᠠᠨ ᠰᠤᠳᠤᠯᠤᠯᠲᠠ ᠬᠢᠯᠭᠡᠵᠤ᠂ | ᠵᠣᠬᠢᠴᠠᠯᠳᠤᠭᠤᠯᠬᠤ ᠪᠠᠷ ᠳᠠᠮᠵᠢᠭᠤᠯᠤᠨ ᠨᠡᠶᠢᠰᠯᠡᠯ ᠤᠨ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠳ | ᠥᠪᠡᠷᠲᠡᠭᠡᠨ ᠵᠠᠰᠠᠬᠤ ᠣᠷᠣᠨ ᠳᠤ ᠪᠡᠯᠡ ᠣᠷᠤᠭᠤᠯᠬᠤ᠂ ᠠᠳᠠᠯ ᠦᠢᠯᠡᠰ ᠴᠣᠭᠴᠠᠯᠠᠬᠤ ᠶᠢ ᠨᠢ ᠵᠣᠷᠢᠭᠵᠢᠭᠤᠯᠤᠨ | ᠲᠠᠶᠢᠴᠢᠯᠠᠬᠤ ᠮᠥᠷᠲᠡᠭᠡᠨ ᠳᠡᠮᠵᠢᠯᠭᠡ ᠬᠦᠯᠢᠶᠡᠬᠦ ᠭᠠᠵᠠᠷ ᠣᠷᠣᠨ ᠤ ᠠᠵᠢᠯᠳᠠᠨ ᠠᠵᠢᠯᠴᠢᠨ ᠤ ᠠᠳᠠᠯ ᠦᠢᠯᠡᠰ | ᠴᠣᠭᠴᠠᠯᠠᠬᠤ ᠳᠤ ᠨᠢ ᠲᠡᠮᠵᠢᠯᠭᠡ ᠦᠵᠡᠭᠦᠯᠵᠦ᠂ ᠲᠤᠬᠠᠶ ᠶᠢᠨ ᠭᠠᠵᠠᠷ ᠤᠨ ᠴᠢᠨᠠᠷ ᠰᠠᠶᠢᠲᠠᠶ ᠣᠨᠴᠠᠯᠢᠭ ᠪᠦᠬᠦᠢ | ᠲᠠᠷᠢᠶᠠᠯᠠᠩ ᠤᠨ ᠳᠠᠭᠠᠯᠲᠠ ᠪᠦᠲᠦᠭᠡᠭᠳᠡᠬᠦᠨ ᠢ ᠳᠡᠯᠭᠡᠷᠡᠭᠦᠯᠦᠨ ᠪᠣᠷᠣᠯᠠᠭᠤᠯᠬᠤ ᠶᠢ ᠳᠡᠮᠵᠢᠵᠦ᠂ ᠬᠦᠴᠢᠷᠳᠡᠯᠲᠡᠶ | ᠠᠵᠢᠯᠳᠠᠨ ᠠᠵᠢᠯᠴᠢᠳ ᠤᠨ ᠠᠵᠢᠯ ᠦᠢᠯᠡᠰ ᠢᠶᠠᠷ ᠶᠠᠳᠠᠭᠤ ᠠᠴᠠ ᠠᠩᠭᠢᠵᠢᠷᠠᠬᠤ ᠳᠤ ᠨᠢ ᠬᠠᠪᠰᠤᠷᠤᠮᠵᠢ | ᠦᠵᠡᠭᠦᠯᠦᠨ᠎ᠡ︔ ᠣᠷᠣᠨ ᠪᠦᠰᠡ ᠠᠯᠤᠰᠯᠠᠨ ᠠᠵᠢᠯ ᠣᠯᠭᠤᠬᠤ ᠴᠤᠭᠯᠠᠭᠠᠨ ᠵᠡᠷᠭᠡ ᠠᠵᠢᠯᠯᠠᠭ᠎ᠠ ᠥᠷᠨᠢᠭᠦᠯᠬᠦ ᠪᠠᠷ | ᠳᠠᠮᠵᠢᠭᠤᠯᠤᠨ᠂ ᠪᠡᠭᠡᠵᠢᠩ ᠣᠷᠣᠨ ᠤ ᠭᠡᠷ ᠤᠨ ᠶᠠᠪᠤᠳᠠᠯ᠂ ᠠᠮᠤᠷ ᠬᠠᠮᠠᠭᠠᠯᠠᠯᠳᠠ᠂ ᠢᠳᠡᠭᠡᠨ ᠤᠮᠳᠠᠭᠠᠨ᠂ ᠠᠰᠠᠷᠠᠨ | ᠰᠤᠪᠢᠯᠠᠬᠤ᠂ ᠪᠠᠷᠢᠯᠭ᠎ᠠ ᠪᠠᠷᠢᠬᠤ ᠵᠡᠷᠭᠡ ᠬᠥᠳᠡᠯᠮᠦᠷᠢ ᠬᠦᠴᠦ ᠨᠢᠬᠲᠠᠷᠠᠭᠰᠠᠨ ᠬᠡᠯᠪᠡᠷᠢ ᠶᠢᠨ ᠠᠵᠢᠯ ᠲᠦᠷᠤᠯ ᠢ | ᠲᠤᠶᠢᠯ ᠤᠨ ᠣᠨᠤᠪᠴᠢᠲᠠᠢ ᠪᠠᠷ ᠬᠥᠲᠥᠯᠥᠨ ᠵᠢᠯᠣᠭᠤᠳᠴᠤ ᠪᠠᠶᠢᠭᠠᠳ ᠥᠪᠥᠷ ᠮᠣᠩᠭᠤᠯ ᠣᠷᠣᠨ ᠤ ᠳᠠᠩᠰᠠ ᠪᠠ | ᠺᠠᠷᠲ ᠲᠠᠢ ᠶᠠᠳᠠᠭᠤ ᠬᠦᠴᠢᠷᠳᠡᠯᠲᠡᠶ ᠬᠥᠮᠦᠰ ᠢ ᠤᠷᠢᠳᠠᠪᠠᠷ ᠡᠯᠰᠡᠭᠦᠯᠵᠦ᠂ ᠲᠡᠳᠡᠨ ᠤ ᠠᠵᠢᠯ ᠤᠯᠬᠤ ᠲᠣᠬᠢᠶᠠᠯ ᠢ ᠨᠢ | ᠨᠡᠮᠡᠭᠳᠡᠭᠦᠯᠦᠨ᠎ᠡ︔ ᠮᠡᠷᠭᠡᠵᠢᠯ ᠴᠢᠳᠠᠪᠤᠷᠢᠲᠠᠢ ᠬᠦᠮᠦᠰ᠂ ᠤᠷᠠᠨ ᠲᠠᠷᠬᠠᠨ᠂ ᠬᠥᠳᠡᠯᠮᠦᠷᠢ ᠶᠢᠨ ᠵᠢᠱᠢᠶᠡᠴᠢ ᠵᠡᠷᠭᠡ | ᠲᠡᠷᠢᠭᠦᠨ ᠤ ᠬᠥᠮᠦᠰ ᠢ ᠵᠣᠬᠢᠶᠠᠨ ᠪᠠᠶᠢᠭᠤᠯᠤᠨ ᠵᠢᠯᠤᠭᠤᠳᠴᠦ ᠪᠠᠶᠢᠭᠠᠳ᠂ ᠮᠡᠷᠭᠡᠵᠢᠯ ᠴᠢᠳᠠᠪᠤᠷᠢ ᠶᠢᠨ | ᠪᠣᠯᠪᠠᠰᠤᠷᠠᠭᠤᠯᠤᠯ᠂ ᠮᠡᠷᠭᠡᠵᠢᠯ ᠤᠨ ᠰᠣᠯᠢᠯᠴᠠᠭ᠎ᠠ᠂ ᠡᠮᠨᠡᠯᠭᠡ ᠰᠤᠷᠭᠠᠭᠤᠯᠢ ᠶᠢᠨ ᠲᠡᠮᠵᠢᠯᠭᠡ᠂ ᠡᠮᠴᠢᠯᠡᠭᠡᠨ ᠤ ᠠᠪᠤᠷᠠᠨ | ᠲᠤᠰᠠᠯᠠᠯᠲᠠ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠶᠠᠳᠠᠭᠤ ᠶᠢ ᠲᠡᠳᠭᠦᠬᠦ ᠠᠵᠢᠯᠯᠠᠭ᠎ᠠ ᠦᠷᠨᠢᠭᠦᠯᠬᠦ ᠳᠤ | ᠤᠷᠤᠯᠴᠠᠭᠤᠯᠬᠤ ᠵᠢᠴᠢ ᠺᠠᠳ᠋ᠷ ᠢ ᠲᠤᠰᠢᠶᠠᠯ ᠡᠭᠦᠷᠭᠡᠯᠡᠭᠦᠯᠦᠨ ᠰᠣᠯᠢᠯᠴᠠᠬᠤ᠂ ᠳᠡᠮᠵᠢᠯᠭᠡ ᠬᠦᠷᠲᠡᠬᠦ ᠭᠠᠵᠠᠷ ᠤᠨ ᠺᠠᠳ᠋ᠷ | ᠠᠵᠢᠯᠲᠠᠨ ᠢ ᠪᠡᠭᠡᠵᠢᠩ ᠳᠤ ᠢᠷᠡᠭᠦᠯᠦᠨ ᠰᠤᠷᠤᠯᠴᠠᠨ ᠪᠣᠯᠪᠠᠰᠤᠷᠠᠭᠤᠯᠬᠤ ᠪᠠᠷ ᠳᠠᠮᠵᠢᠭᠤᠯᠤᠨ ᠪᠦᠬᠦ ᠨᠡᠶᠢᠭᠡᠮ ᠤᠨ | ᠬᠦᠴᠦᠨ ᠢ ᠳᠠᠶᠢᠴᠢᠯᠠᠵᠤ᠂ ᠥᠪᠥᠷ ᠮᠣᠩᠭᠤᠯ ᠯᠦᠭᠡ ᠰᠣᠯᠢᠯᠴᠠᠭ᠎ᠠ ᠶᠠᠪᠤᠯᠴᠠᠭ᠎ᠠ ᠪᠠᠨ ᠤᠯᠠᠮ ᠨᠢᠭᠡ ᠠᠯᠬᠤᠮ | ᠴᠢᠩᠭᠠᠳᠬᠠᠵᠤ᠂ ᠶᠠᠳᠠᠭᠤ ᠶᠢ ᠲᠡᠳᠭᠦᠵᠤ ᠳᠡᠮᠵᠢᠬᠦ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠦᠨ᠎ᠡ᠃ | ᠣᠶᠢᠯᠠᠭᠠᠭᠰᠠᠨ ᠢᠶᠠᠷ᠂ ᠪᠡᠭᠡᠵᠢᠩ ᠬᠤᠳᠠ ᠶᠢᠨ ᠠᠵᠢᠯᠴᠢᠨ ᠤ ᠶᠡᠷᠦᠩᠬᠡᠶ ᠡᠪᠯᠡᠯ ᠪᠣᠯᠤᠨ ᠥᠪᠡᠷᠲᠡᠭᠡᠨ ᠵᠠᠰᠠᠬᠤ | ᠣᠷᠣᠨ ᠤ ᠠᠵᠢᠯᠴᠢᠨ ᠤ ᠶᠡᠷᠦᠩᠬᠡᠶ ᠡᠪᠯᠡᠯ ᠶᠠᠳᠠᠭᠤ ᠶᠢ ᠲᠡᠳᠬᠦᠬᠦ ᠬᠠᠮᠵᠢᠯᠴᠠᠭ᠎ᠠ ᠪᠠ ᠬᠠᠮᠲᠤᠷᠠᠯᠴᠠᠭᠠᠨ ᠤ ᠡᠳᠦᠷ | ᠲᠤᠳᠤᠮ ᠤᠨ ᠠᠵᠢᠯ ᠤᠨ ᠲᠣᠭᠲᠠᠴᠠ ᠶᠢ ᠪᠠᠶᠢᠭᠤᠯᠵᠤ᠂ ᠶᠠᠳᠠᠭᠤ ᠶᠢ ᠲᠡᠳᠬᠦᠬᠦ ᠬᠠᠮᠵᠢᠯᠴᠠᠭ᠎ᠠ ᠪᠠ ᠬᠠᠮᠲᠤᠷᠠᠯᠴᠠᠭᠠᠨ | ᠤ ᠠᠵᠢᠯ ᠤᠨ ᠭᠤᠣᠯᠳᠠᠯᠭ᠎ᠠ ᠵᠢᠴᠢ ᠪᠡᠯᠡ ᠮᠥᠩᠭᠦ ᠶᠢᠨ ᠲᠣᠬᠢᠷᠠᠭᠤᠯᠤᠯᠲᠠ ᠶᠢ ᠵᠢᠯ ᠪᠦᠷᠢ ᠵᠦᠪᠯᠡᠨ ᠲᠣᠭᠲᠠᠭᠠᠵᠤ᠂ | ᠲᠥᠷᠥᠯ ᠵᠦᠢᠯ ᠤᠨ ᠲᠦᠷᠢᠮ ᠤᠨ ᠬᠡᠯᠪᠡᠷᠢ ᠪᠠᠷ ᠨᠠᠶᠢᠳᠠᠪᠤᠷᠢᠵᠢᠭᠤᠯᠬᠤ ᠪᠣᠯᠤᠨ᠎ᠠ᠃ |