ᠤᠯᠠᠭᠠᠨᠮᠦ᠋ᠴᠢᠷ ᠤᠨ ᠬᠢᠯᠢ ᠶᠢᠨ ᠬᠠᠮᠠᠭᠠᠯᠠᠯᠳᠠ ᠶᠢᠨ ᠴᠡᠷᠢᠭ ᠠᠩᠬᠢ ᠶᠢ ᠲᠤᠬᠤᠨᠢᠭᠤᠯᠬᠤ ᠲᠤᠭᠯᠠᠯᠳᠡ ᠶᠢᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2018/8/2
    7 ᠳ᠋ᠤᠭᠠᠷ ᠰᠠᠷ᠎ᠠ ᠶᠢᠨ 31᠎ ᠤ ᠡᠳᠤᠷ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠠᠭᠠᠨᠮᠦ᠋ᠴᠢᠷ ᠤᠨ ᠬᠢᠯᠢ ᠶᠢᠨ ᠬᠠᠮᠠᠭᠠᠯᠠᠯᠳᠠ ᠶᠢᠨ ᠴᠡᠷᠢᠭ ᠠᠩᠬᠢ ᠶᠢ ᠲᠤᠬᠤᠨᠢᠭᠤᠯᠬᠤ ᠲᠤᠭᠯᠠᠯᠳᠡ ᠶᠢᠨ ᠠᠵᠢᠯᠯᠠᠭ᠎ᠠ ᠶᠢᠨ ᠡᠬᠢᠯᠡᠯᠳᠡ ᠶᠢᠨ ᠶᠤᠰᠤᠯᠠᠯ ᠡᠷᠢᠶᠡᠨ ᠬᠤᠳᠠ ᠳᠤ ᠶᠠᠪᠤᠭᠳᠠᠵᠥ᠂ ᠰᠦᠨᠢᠳ ᠪᠠᠷᠠᠭᠤᠨ ᠬᠤᠰᠢᠭᠤ᠂ ᠡᠷᠢᠶᠡᠨ ᠬᠤᠳᠠ ᠶᠢᠨ ᠤᠯᠠᠭᠠᠨᠮᠦ᠋ᠴᠢᠷ ᠤᠨ ᠲᠤᠭᠯᠠᠬᠴᠢᠳ ᠲᠤᠬᠠᠢ ᠶᠢᠨ ᠲᠠᠯᠠᠪᠠᠢ ᠳᠠᠬᠢ ᠲᠠᠷᠤᠭ᠎ᠠ ᠪᠠᠶᠢᠯᠳᠤᠭᠴᠢᠳ ᠲᠤ ᠭᠤᠴᠦ ᠰᠠᠶᠢᠬᠠᠨ ᠲᠤᠭᠯᠠᠯᠳᠡ ᠭᠠᠷᠭᠠᠭᠰᠠᠠ ᠪᠦᠭᠡᠳ ᠮᠠᠨ ᠤ ᠤᠷᠤᠨ ᠳᠤ ᠰᠠᠭᠤᠭ᠎ᠠ ᠲᠠᠷᠤᠭ᠎ᠠ ᠪᠠᠶᠢᠯᠳᠤᠭᠴᠢᠳ ᠲᠠᠢ ᠬᠠᠮᠳᠤ ᠪᠠᠷ ︽8 · 1︾᠎ ᠤ ᠴᠡᠷᠢᠭ ᠪᠠᠶᠢᠭᠤᠯᠤᠭᠳᠠᠭᠰᠠᠠ ᠪᠠᠶᠠᠷ ᠢ ᠪᠡᠯᠬᠡᠯᠡᠵᠥ᠂ ᠴᠡᠷᠢᠭ ᠠᠷᠠᠳ ᠤᠨ ᠵᠢᠭᠠᠰᠤ ᠤᠰᠤᠨ ᠤ ᠬᠠᠶᠢᠷ᠎ᠠ ᠰᠡᠳᠬᠢᠯᠬᠡ ᠶᠢᠨ ᠲᠤᠬᠠᠢ ᠬᠠᠮᠳᠤ ᠪᠠᠷ ᠵᠤᠭᠤᠭᠳᠠᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠪᠠᠶᠢᠩᠭᠤ ᠶᠢᠨ ᠬᠡᠰᠢᠬᠦᠨ᠂ ᠤᠬᠠᠭᠤᠯᠬᠤ ᠬᠡᠯᠳᠡᠰ ᠤᠨ ᠲᠠᠷᠤᠭ᠎ᠠ ᠪᠠᠢ ᠢᠤᠢ ᠭᠠᠩ᠂ ᠲᠤᠮᠳᠠᠳᠤ ᠤᠯᠤᠰ ᠤᠨ ᠠᠷᠠᠳ ᠤᠨ ᠴᠢᠯᠥᠬᠡᠯᠡᠬᠦ ᠴᠡᠷᠢᠭ ᠤᠨ ᠤᠮᠠᠷᠠᠳᠤ ᠶᠢᠨ ᠪᠠᠶᠢᠯᠳᠤᠭᠠᠨ ᠤ ᠲᠤᠭᠤᠷᠢᠭ ᠤᠨ ᠬᠠᠭᠤᠷᠠᠢ ᠵᠠᠮ ᠤᠨ ᠴᠡᠷᠢᠭ ᠤᠨ ᠤᠯᠤᠰ ᠲᠦᠷᠦ ᠶᠢᠨ ᠬᠡᠯᠳᠡᠰ ᠤᠨ ᠲᠡᠳ᠋ ᠡᠷᠬᠢᠯᠡᠭᠴᠢ ᠶᠠᠨ ᠵᠢᠶᠦ᠋ᠨ ᠡᠬᠢᠯᠡᠯᠳᠡ ᠶᠢᠨ ᠶᠤᠰᠤᠯᠠᠯ ᠳᠤ ᠤᠷᠤᠯᠴᠠᠭᠰᠠᠠ ᠪᠦᠬᠡᠳ ᠪᠡᠶᠡᠷ ᠤᠨ ᠦᠭᠡ ᠬᠡᠯᠡᠵᠡᠢ᠃      ᠪᠠᠢ ᠢᠤᠢ ᠭᠠᠩ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠡ᠂ ᠵᠠᠰᠠᠭ ᠤᠨ ᠤᠷᠳᠤᠨ ᠤ ᠡᠮᠤᠨ᠎ᠡ ᠠᠴᠠ᠂ ᠮᠠᠨ ᠤ ᠤᠷᠤᠨ ᠳᠤ ᠰᠠᠭᠤᠭ᠎ᠠ ᠪᠦᠬᠦ ᠲᠠᠷᠤᠭ᠎ᠠ ᠪᠠᠶᠢᠯᠳᠤᠭᠴᠢ ᠵᠢᠴᠢ ᠴᠡᠷᠢᠭ ᠤᠨ ᠬᠡᠷ ᠪᠦᠯᠢ ᠳᠤ ᠪᠠᠶᠠᠷ ᠤᠨ ᠡᠳᠤᠷ ᠤᠨ ᠵᠦᠩᠨᠡᠯ ᠪᠤᠯᠤᠨ ᠲᠤᠳᠤᠨᠤ ᠮᠡᠨᠳᠤᠴᠢᠯᠡᠯ ᠬᠦᠷᠬᠡᠪᠡ᠃ ᠪᠠᠢ ᠢᠤᠢ ᠭᠠᠩ ᠵᠢᠭᠠᠭᠰᠠᠨ ᠨᠢ᠂ ᠤᠷᠳᠤ ᠬᠤᠭᠤᠴᠠᠭᠠᠨ ᠤ ᠲᠤᠷᠰᠢ᠂ ᠮᠠᠨ ᠤ ᠤᠷᠤᠨ ᠳᠤ ᠰᠠᠭᠤᠭ᠎ᠠ ᠴᠡᠷᠢᠭ ᠠᠩᠬᠢ ᠶᠢᠨ ᠲᠠᠷᠤᠭ᠎ᠠ ᠪᠠᠶᠢᠯᠳᠤᠭᠴᠢᠳ ᠡᠬᠡ ᠤᠯᠤᠰ ᠤᠨ ᠤᠮᠠᠷᠠᠳᠤ ᠬᠢᠯᠢ ᠶᠢ ᠰᠠᠬᠢᠨ ᠬᠠᠮᠠᠭᠠᠯᠠᠵᠥ᠂ ᠤᠷᠤᠨ ᠨᠤᠳᠤᠭ ᠤᠨ ᠪᠦᠳᠦᠭᠡᠨ ᠪᠠᠶᠢᠭᠤᠯᠤᠯᠳᠠ ᠶᠢ ᠲᠡᠮᠵᠢᠵᠥ᠂ ᠰᠦᠷ ᠬᠦᠴᠦᠳᠤ ᠴᠡᠷᠢᠭ᠂ ᠪᠤᠯᠪᠠᠰᠤᠨ ᠴᠡᠷᠢᠭ ᠤᠨ ᠬᠡᠷᠡᠯ ᠰᠠᠴᠤᠷᠠᠩᠭᠤᠢ ᠲᠦᠷᠢ ᠲᠦᠷᠬᠦ ᠶᠢ ᠦᠵᠡᠬᠦᠯᠪᠡ᠃ ᠤᠯᠠᠭᠠᠨᠮᠦ᠋ᠴᠢᠷ ᠪᠤᠯ ᠲᠡᠯ᠎ᠡ ᠨᠤᠳᠤᠭ ᠤᠨ ︽ᠬᠤᠪᠢᠰᠬᠠᠯᠳᠤ ᠤᠳᠬ᠎ᠠ ᠤᠷᠠᠯᠢᠭ ᠤᠨ ᠬᠦᠩᠬᠡᠨ ᠮᠤᠷᠢᠳᠤ ᠴᠡᠷᠢᠭ︾ ᠪᠤᠯᠤᠨ᠎ᠡ᠂ ᠰᠠᠭᠤᠭ᠎ᠠ ᠭᠠᠵᠠᠷ ᠤᠨ ᠴᠡᠷᠢᠭ ᠠᠩᠬᠢ ᠯᠤᠭ᠎ᠠ ᠶᠢᠨ ᠰᠤᠶᠤᠯ ᠤᠨ ᠨᠦᠬᠦᠷᠯᠡᠯ ᠢᠶᠠᠨ ᠴᠢᠩᠭᠠᠳᠬᠠᠵᠥ᠂ ᠲᠠᠷᠤᠭ᠎ᠠ ᠪᠠᠶᠢᠯᠳᠤᠭᠴᠢᠳ ᠤᠨ ᠰᠤᠶᠤᠯ ᠤᠨ ᠠᠮᠢᠳᠤᠷᠠᠯ ᠢ ᠪᠠᠶᠠᠯᠢᠬᠵᠢᠭᠤᠯᠬᠤ ᠬᠡᠷᠡᠭᠳᠡᠢ᠃ ᠤᠷᠤᠨ ᠨᠤᠳᠤᠭ ᠤᠨ ᠬᠢᠨ ᠴᠡᠷᠢᠭ ᠠᠩᠬᠢ ᠯᠤᠭ᠎ᠠ ᠤᠷᠳᠤ ᠬᠤᠭᠤᠴᠠᠭᠠᠨ ᠤ ᠬᠠᠮᠳᠤ ᠪᠠᠷ ᠪᠠᠶᠢᠭᠤᠯᠬᠤ ᠲᠤᠭᠳᠠᠴᠠ ᠪᠠᠶᠢᠭᠤᠯᠵᠥ᠂ ︽ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠭᠰᠠᠠ ᠰᠠᠶᠢᠨ ᠬᠡᠷ ᠤᠷᠤᠨ︾᠎ ᠢ ᠴᠡᠷᠢᠭ ᠠᠷᠠᠳ ᠬᠠᠮᠳᠤ ᠪᠠᠷ ᠪᠠᠶᠢᠭᠤᠯᠬᠤ ᠠᠵᠢᠯᠯᠠᠭ᠎ᠠ ᠶᠢ ᠬᠦᠨᠵᠡᠬᠡᠢ ᠦᠷᠨᠢᠬᠦᠯᠵᠥ᠂ ᠦᠨᠳᠦᠰᠦᠳᠡᠨ ᠤ ᠪᠦᠯᠬᠦᠮᠳᠡᠯ ᠪᠤᠯᠤᠨ ᠬᠢᠯᠢ ᠬᠢᠵᠠᠭᠠᠷ ᠤᠨ ᠲᠤᠭᠳᠠᠭᠤᠨ ᠤ ᠰᠠᠭᠤᠷᠢ ᠶᠢ ᠪᠠᠬᠢᠵᠢᠬᠦᠯᠵᠥ᠂ ᠡᠬᠡ ᠤᠯᠤᠰ ᠤᠨ ᠲᠦᠮᠡᠨ ᠭᠠᠵᠠᠷ ᠤᠨ ᠤᠮᠠᠷᠠᠳᠤ ᠬᠢᠯᠢ ᠶᠢ ᠤᠯᠠᠮ ᠪᠦᠯᠬᠦᠮᠳᠡᠯ ᠲᠠᠢ ᠬᠦᠭᠵᠢᠬᠦᠨ ᠪᠤᠯᠭᠠᠬᠤ ᠬᠡᠷᠡᠭᠳᠡᠢ ᠭᠡᠵᠡᠢ᠃      ᠤᠢᠢᠯᠠᠭᠠᠭᠰᠠᠠ ᠢᠶᠠᠷ᠂ ᠲᠤᠰ ᠤᠳᠠᠭ᠎ᠠ ᠶᠢᠨ ᠠᠵᠢᠯᠯᠠᠭ᠎ᠠ ᠨᠢ ᠬᠢᠯᠢ ᠲᠠᠭᠠᠤ ᠶᠢᠨ ᠪᠤᠢ ᠪᠦᠬᠦᠢ ᠠᠶᠢᠮᠠᠭ ᠬᠤᠳᠠ ᠬᠤᠰᠢᠭᠤ ᠰᠢᠶᠠᠨ ᠤ 17 ᠤᠯᠠᠭᠠᠨᠮᠦ᠋ᠴᠢᠷ ᠢ ᠵᠤᠬᠢᠶᠠᠨ ᠪᠠᠶᠢᠭᠤᠯᠵᠥ᠂ 200 ᠰᠢᠬᠠᠮ ᠲᠠᠯᠠᠪᠠᠢ ᠲᠤᠭᠯᠠᠯᠳᠡ ᠭᠠᠷᠭᠠᠵᠥ᠂ ᠰᠠᠭᠤᠭ᠎ᠠ ᠭᠠᠵᠠᠷ ᠤᠨ ᠬᠢᠯᠢ ᠶᠢᠨ ᠬᠠᠮᠠᠭᠠᠯᠠᠯᠳᠠ ᠶᠢᠨ ᠲᠠᠷᠤᠭ᠎ᠠ ᠪᠠᠶᠢᠯᠳᠤᠭᠴᠢᠳ ᠢ ᠲᠤᠬᠤᠨᠢᠭᠤᠯᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号