ᠠᠷᠪᠠᠨ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ · ᠥᠪᠥᠷ ᠮᠣᠩᠭᠤᠯ ᠤᠨ ᠲᠠᠯ᠎ᠠ ᠨᠤᠲᠤᠭ ᠤᠨ | ᠰᠣᠶᠣᠯ ᠤᠨ ᠨᠠᠶᠢᠷ ᠤᠨ ᠠᠵᠢᠯᠯᠠᠭ᠎ᠠ ᠶᠢᠨ ᠨᠢᠭᠡ ᠪᠣᠯᠬᠤ ︽ᠰᠠᠶᠢᠨ ᠰᠠᠶᠢᠬᠠᠨ ᠭᠡᠷ ᠣᠷᠣᠨ ᠢᠶᠠᠨ ᠰᠠᠬᠢᠨ ᠪᠠᠷᠠᠯᠠᠵᠤ | ᠬᠠᠷᠢᠯᠴᠠᠨ ᠬᠠᠪᠰᠤᠷᠤᠯᠴᠠᠶ᠎ᠠ — ᠠᠩᠬᠠᠳᠤᠭᠠᠷ ᠬᠤᠭᠤᠴᠠᠭᠠᠨ ᠤ ᠪᠥᠬᠦ ᠣᠷᠣᠨ ᠤ ᠮᠠᠯᠴᠢᠨ ᠲᠠᠷᠢᠶᠠᠴᠢᠳ ᠤᠨ | ᠤᠷᠠᠨ ᠰᠠᠶᠢᠬᠠᠨ ᠤ ᠲᠣᠭᠯᠠᠯᠲᠠ ᠶᠢᠨ ᠦᠵᠡᠭᠦᠯᠦᠯᠭᠡ︾ ᠳᠤ ᠰᠣᠩᠭᠤᠭᠳᠠᠭᠰᠠᠨ ᠪᠦᠲᠦᠭᠡᠯ ᠢ ᠨᠢᠭᠡᠨᠲᠡ ᠪᠦᠷᠢᠮᠦᠰᠦᠨ | ᠨᠤᠲᠠᠯᠠᠨ ᠲᠣᠭᠲᠠᠭᠠᠵᠤ᠂ ᠪᠥᠬᠦ ᠣᠷᠣᠨ ᠤ 12 ᠠᠶᠢᠮᠠᠭ ᠬᠤᠲᠠ ᠠᠴᠠ ᠰᠢᠯᠢᠨ ᠳᠡᠪᠰᠢᠭᠦᠯᠦᠭᠰᠡᠨ 12 ᠰᠣᠳᠣᠨ | ᠪᠦᠲᠦᠭᠡᠯ ᠢ ᠨᠢᠭᠡᠨ ᠤᠳᠠᠭᠠᠨ ᠤ 90 ᠮᠢᠨᠦ᠋ᠲ ᠤᠨ ᠲᠣᠭᠯᠠᠯᠲᠠ ᠪᠣᠯᠭᠠᠨ ᠨᠠᠶᠢᠷᠠᠭᠤᠯᠤᠨ ᠵᠣᠬᠢᠶᠠᠪᠠ᠂ 8 ᠳ᠋ᠤᠭᠠᠷ | ᠰᠠᠷ᠎ᠠ ᠶᠢᠨ 8 ᠤ ᠡᠳᠦᠷ᠂ 9 ᠤ ᠡᠳᠦᠷ ᠦᠵᠡᠭᠴᠢᠳ ᠲᠠᠢ ᠵᠣᠯᠭᠠᠬᠤ ᠪᠣᠯᠣᠨ᠎ᠠ᠃ ᠠᠩᠬᠠᠳᠠᠭᠴᠢ ᠲᠣᠭᠯᠠᠯᠲᠠ ᠨᠢ | 8 ᠳ᠋ᠤᠭᠠᠷ ᠰᠠᠷ᠎ᠠ ᠶᠢᠨ 8 ᠤ ᠡᠳᠦᠷ ᠤᠨ ᠣᠷᠣᠶ ᠶᠢᠨ 8 ᠴᠠᠭ ᠲᠤ ᠥᠪᠥᠷ ᠮᠣᠩᠭᠤᠯ ᠤᠨ ᠦᠨᠳᠦᠰᠦᠲᠡᠨ ᠤ | ᠤᠷᠠᠯᠢᠭ ᠤᠨ ᠵᠦᠴᠦᠭᠡ ᠶᠢᠨ ᠬᠦᠷᠢᠶᠡᠯᠡᠩ ᠤᠨ ᠳᠠᠭᠤᠤ ᠬᠥᠭᠵᠢᠮ ᠤᠨ ᠲᠢᠩᠬᠢᠮ ᠳᠤ ᠶᠠᠪᠤᠭᠳᠠᠬᠤ ᠪᠣᠯᠣᠨ᠎ᠠ᠂ | ᠬᠤᠶᠠᠳᠠᠬᠢ ᠲᠠᠯᠠᠪᠠᠢ ᠶᠢᠨ ᠲᠣᠭᠯᠠᠯᠲᠠ ᠨᠢ 8 ᠳ᠋ᠤᠭᠠᠷ ᠰᠠᠷ᠎ᠠ ᠶᠢᠨ 9 ᠤ ᠡᠳᠦᠷ ᠤᠨ ᠤᠷᠤᠢ ᠶᠢᠨ 8 ᠴᠠᠭ ᠲᠤ ᠷᠦ᠋ | ᠢ ᠠᠭᠤᠳᠠᠮ ᠲᠠᠯᠠᠪᠠᠶ ᠳᠤ ᠶᠠᠪᠤᠭᠳᠠᠬᠤ ᠪᠣᠯᠣᠨ᠎ᠠ᠃ | ᠲᠤᠰ ᠤᠳᠠᠭᠠᠨ ᠤ ᠦᠵᠡᠭᠦᠯᠦᠯᠭᠡ ᠳᠤ ᠣᠷᠣᠯᠴᠠᠬᠤ ᠲᠣᠭᠯᠠᠯᠲᠠ ᠨᠢ ᠪᠦᠷ ᠨᠠᠷᠢᠨ ᠨᠢᠮᠪᠠᠶ ᠨᠠᠶᠢᠷᠠᠭᠤᠯᠤᠨ | ᠵᠣᠬᠢᠶᠠᠭᠰᠠᠨ ᠮᠠᠯᠴᠢᠨ ᠲᠠᠷᠢᠶᠠᠴᠢᠳ ᠤᠨ ᠤᠷᠠᠨ ᠰᠠᠶᠢᠬᠠᠨ ᠤ ᠲᠣᠭᠯᠠᠯᠲᠠ ᠶᠢᠨ ᠰᠣᠳᠣᠨ ᠪᠦᠲᠦᠭᠡᠯ ᠪᠠᠶᠢᠵᠤ᠂ ᠡᠯ᠎ᠡ | ᠠᠶᠢᠮᠠᠭ ᠬᠤᠲᠠ ᠨᠤᠭᠤᠳ ᠱᠠᠲᠤ ᠬᠤᠪᠢᠶᠠᠨ ᠰᠢᠯᠢᠨ ᠰᠣᠩᠭᠤᠬᠤ ᠤᠷᠤᠯᠳᠤᠭᠠᠨ ᠢᠶᠠᠷ ᠳᠠᠮᠵᠢᠨ ᠰᠣᠩᠭᠤᠵᠤ | ᠭᠠᠷᠭᠠᠭᠰᠠᠨ ᠶᠤᠮ᠃ ᠲᠤᠰ ᠬᠤᠭᠤᠴᠠᠭᠠᠨ ᠤ ᠪᠥᠬᠦ ᠣᠷᠣᠨ ᠤ ᠮᠠᠯᠴᠢᠨ ᠲᠠᠷᠢᠶᠠᠴᠢᠳ ᠤᠨ ᠤᠷᠠᠨ ᠰᠠᠶᠢᠬᠠᠨ ᠤ | ᠲᠣᠭᠯᠠᠯᠲᠠ ᠶᠢᠨ ᠦᠵᠡᠭᠦᠯᠦᠯᠭᠡ ᠨᠢ 4 ᠰᠠᠷ᠎ᠠ ᠦᠷᠭᠦᠯᠵᠢᠯᠡᠪᠡ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠤᠬᠠᠭᠤᠯᠬᠤ ᠬᠡᠯᠲᠡᠰ 4 ᠳ᠋ᠦ᠋ᠭᠡᠷ ᠰᠠᠷ᠎ᠠ ᠳᠤ ᠡᠬᠢᠯᠡᠭᠦᠯᠦᠭᠰᠡᠨ ᠶᠤᠮ︔ 5 — 7 ᠳ᠋ᠤᠭᠠᠷ ᠰᠠᠷ᠎ᠠ ᠳᠤ | ᠡᠯ᠎ᠡ ᠠᠶᠢᠮᠠᠭ ᠬᠤᠳᠠ ᠪᠣᠯᠤᠨ ᠬᠤᠰᠢᠭᠤ ᠰᠢᠶᠠᠨ ᠵᠣᠬᠢᠶᠠᠨ ᠪᠠᠶᠢᠭᠤᠯᠤᠯᠲᠠ᠂ ᠬᠡᠷᠡᠭᠵᠢᠭᠦᠯᠦᠯᠲᠡ ᠪᠠᠨ ᠡᠬᠢᠯᠡᠭᠦᠯᠪᠡ︔ | 7 ᠳ᠋ᠤᠭᠠᠷ ᠰᠠᠷ᠎ᠠ ᠶᠢᠨ ᠡᠴᠦᠰ ᠢᠶᠠᠷ ᠰᠢᠯᠢᠨ ᠰᠣᠩᠭᠤᠬᠤ ᠱᠠᠲᠤᠨ ᠳᠤ ᠣᠷᠣᠵᠤ᠂ ᠡᠭᠦᠨ ᠤ ᠳᠣᠲᠣᠷᠠᠬᠢ ᠰᠣᠳᠣᠨ | ᠪᠦᠲᠦᠭᠡᠯ ᠤᠳ ᠢ 12 ᠠᠶᠢᠮᠠᠭ ᠬᠤᠳᠠ ᠳᠤ ︽ᠰᠠᠶᠢᠨ ᠰᠠᠶᠢᠬᠠᠨ ᠬᠡᠷ ᠣᠷᠣᠨ ᠢᠶᠠᠨ ᠰᠠᠬᠢᠨ ᠪᠠᠷᠠᠯᠠᠶ᠎ᠠ — | ᠮᠠᠯᠴᠢᠨ ᠲᠠᠷᠢᠶᠠᠴᠢᠳ ᠤᠨ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ︾ ᠬᠡᠮᠡᠬᠦ ᠰᠡᠳᠦᠪ ᠢᠶᠠᠷ ᠲᠣᠭᠯᠠᠪᠠ ᠃ | ᠪᠤᠭᠤᠲᠤ ᠬᠤᠲᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠪᠤᠭᠤᠲᠤ | ᠬᠤᠲᠠ ᠶᠢᠨ ᠮᠠᠯᠴᠢᠨ ᠲᠠᠷᠢᠶᠠᠴᠢᠳ ᠤᠨ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠶᠢ 6 ᠳ᠋ᠤᠭᠠᠷ | ᠰᠠᠷ᠎ᠠ ᠠᠴᠠ ᠡᠬᠢᠯᠡᠨ ᠵᠣᠬᠢᠶᠠᠨ ᠪᠠᠶᠢᠭᠤᠯᠤᠨ ᠰᠢᠯᠭᠠᠷᠠᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ ᠠᠴᠠ ᠨᠡᠶᠢᠲᠡ | 40 ᠭᠠᠷᠤᠶ ᠲᠣᠭᠯᠠᠯᠲᠠ ᠳᠡᠪᠰᠢᠭᠦᠯᠦᠨ᠂ ᠬᠤᠶᠠᠷ ᠡᠭᠡᠯᠵᠢ ᠶᠢᠨ ᠰᠢᠯᠢᠨ ᠰᠤᠩᠭᠤᠯᠲᠠ ᠪᠠᠷ ᠳᠠᠮᠵᠢᠨ᠂ ︽ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠬᠥᠮᠦᠰ ᠤᠨ ᠰᠡᠳᠬᠢᠯ ᠢ ᠳᠤᠯᠠᠭᠠᠯᠠᠨ᠎ᠠ︾ ᠭᠡᠬᠦ ᠬᠤᠶᠠᠷ | ᠬᠥᠮᠦᠨ ᠤ ᠳᠠᠭᠤᠯᠠᠯ ᠵᠦᠴᠦᠭᠡ ᠲᠣᠳᠣᠷᠠᠨ ᠭᠠᠷᠴᠤ᠂ ᠪᠦᠬᠦ ᠣᠷᠣᠨ ᠤ ᠮᠠᠯᠴᠢᠨ ᠲᠠᠷᠢᠶᠠᠴᠢᠳ ᠤᠨ ᠤᠷᠠᠨ | ᠰᠠᠶᠢᠬᠠᠨ ᠤ ᠲᠣᠭᠯᠠᠯᠲᠠ ᠶᠢᠨ ᠦᠵᠡᠭᠦᠯᠦᠯᠭᠡ ᠳᠤ ᠰᠢᠯᠢᠨ ᠳᠡᠪᠰᠢᠭᠦᠯᠦᠭᠳᠡᠪᠡ᠃ | ᠲᠤᠰ ᠬᠤᠭᠤᠴᠠᠭᠠᠨ ᠤ ᠪᠥᠬᠦ ᠣᠷᠣᠨ ᠤ ᠮᠠᠯᠴᠢᠨ ᠲᠠᠷᠢᠶᠠᠴᠢᠳ ᠤᠨ ᠤᠷᠠᠨ ᠰᠠᠶᠢᠬᠠᠨ ᠤ ᠲᠣᠭᠯᠠᠯᠲᠠ ᠶᠢᠨ | ᠦᠵᠡᠭᠦᠯᠦᠯᠭᠡ ᠶᠢᠨ ᠤᠳᠤᠷᠢᠳᠤᠭᠠᠴᠢ ᠳᠤᠭᠤᠶᠢᠯᠠᠩ ᠤᠨ ᠬᠠᠷᠢᠭᠤᠴᠠᠯᠭᠠᠲᠠᠨ ᠴᠧᠨ ᠱᠢ ᠬᠡᠯᠡᠭᠰᠡᠨ ᠨᠢ᠄ ︽ᠡᠳᠡᠭᠡᠷ | ᠲᠣᠭᠯᠠᠯᠲᠠ ᠶᠢ ᠮᠠᠯᠴᠢᠨ ᠲᠠᠷᠢᠶᠠᠴᠢᠳ ᠤᠨ ᠳᠤᠮᠳᠠ ᠠᠴᠠ ᠰᠢᠯᠢᠨ ᠰᠣᠩᠭᠤᠵᠤ᠂ ᠤᠯᠠᠨ ᠲᠦᠮᠡᠨ ᠤ ᠰᠠᠭᠤᠷᠢ ᠪᠠᠷ | ᠰᠠᠶᠢᠨ᠂ ᠤᠯᠠᠨ ᠤ ᠢᠳᠡᠪᠬᠢᠵᠢᠯ ᠮᠠᠰᠢ ᠥᠨᠳᠥᠷ ᠪᠠᠶᠢᠨ᠎ᠠ᠃ ᠣᠳᠣᠬᠠᠨ ᠳᠤ᠂ ᠡᠯ᠎ᠡ ᠠᠶᠢᠮᠠᠭ ᠬᠤᠲᠠ ᠶᠢᠨ | ᠬᠠᠮᠲᠤᠷᠠᠭᠰᠠᠨ ᠲᠣᠭᠯᠠᠯᠲᠠ ᠨᠢᠭᠡᠨᠲᠡ ᠳᠠᠭᠤᠰᠴᠤ᠂ 8 ᠳ᠋ᠤᠭᠠᠷ ᠰᠠᠷ᠎ᠠ ᠶᠢᠨ 8 ᠤ ᠡᠳᠦᠷ᠂ 9 ᠤ ᠡᠳᠦᠷ ᠤᠨ | ᠦᠵᠡᠭᠦᠯᠦᠯᠭᠡ ᠶᠢᠨ ᠲᠣᠭᠯᠠᠯᠲᠠ ᠶᠢ ᠪᠦᠬᠦ ᠬᠦᠴᠦᠨ ᠢᠶᠠᠷ ᠢᠶᠠᠨ ᠪᠡᠯᠡᠳᠬᠡᠵᠦ ᠪᠠᠶᠢᠨ᠎ᠠ︾ ᠭᠡᠪᠡ᠃ | ᠠᠩᠬᠠᠳᠤᠭᠠᠷ ᠬᠤᠭᠤᠴᠠᠭᠠᠨ ᠤ ᠪᠥᠬᠦ ᠣᠷᠣᠨ ᠤ ᠮᠠᠯᠴᠢᠨ ᠲᠠᠷᠢᠶᠠᠴᠢᠳ ᠤᠨ ᠤᠷᠠᠨ ᠰᠠᠶᠢᠬᠠᠨ ᠤ | ᠲᠣᠭᠯᠠᠯᠲᠠ ᠶᠢᠨ ᠦᠵᠡᠭᠦᠯᠦᠯᠭᠡ ᠶᠢᠨ ᠪᠦᠲᠦᠭᠡᠯ ᠤᠳ ᠢ ᠪᠠᠰᠠ ᠥᠪᠥᠷ ᠮᠣᠩᠭᠤᠯ ᠤᠨ ᠷᠠᠳᠢᠣ᠋ ᠲᠧᠯᠸᠢᠰ | ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠤᠪᠠᠭ ᠤᠨ ︽ᠰᠣᠶᠣᠯ ᠤᠨ ᠲᠤᠮᠤ ᠬᠦᠷᠢᠶ᠎ᠡ︾ ᠪᠤᠯᠤᠩ ᠳᠤ | ᠨᠡᠪᠲᠡᠷᠡᠭᠦᠯᠬᠦ ᠪᠣᠯᠤᠨ᠎ᠠ᠃ |