7 ᠳ᠋ᠤᠭᠠᠷ ᠰᠠᠷ᠎ᠠ ᠶᠢᠨ 31 ᠤ ᠡᠳᠦᠷ ᠬᠤᠷᠠᠯᠳᠤᠭᠰᠠᠨ ᠲᠠᠪᠤᠳᠤᠭᠠᠷ ᠬᠤᠭᠤᠴᠠᠭᠠᠨ ᠤ ᠥᠪᠥᠷ ᠮᠣᠩᠭᠤᠯ ᠤᠨ | ᠣᠯᠠᠨ ᠤᠯᠤᠰ ᠤᠨ ᠮᠣᠷᠢᠨ ᠮᠡᠷᠭᠡᠵᠢᠯ ᠤᠨ ᠨᠠᠶᠢᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ | ᠤᠶᠢᠯᠠᠭᠠᠭᠰᠠᠨ ᠢᠶᠠᠷ᠂ ᠲᠠᠪᠤᠳᠤᠭᠠᠷ ᠬᠤᠭᠤᠴᠠᠭᠠᠨ ᠤ ᠥᠪᠥᠷ ᠮᠣᠩᠭᠤᠯ ᠤᠨ ᠣᠯᠠᠨ ᠤᠯᠤᠰ ᠤᠨ ᠮᠣᠷᠢᠨ | ᠮᠡᠷᠭᠡᠵᠢᠯ ᠤᠨ ᠨᠠᠶᠢᠷ ᠨᠢ ︽ᠤᠯᠤᠰ ᠤᠨ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠰᠣᠳᠣᠨ ᠪᠦᠲᠦᠭᠡᠯ ᠤᠨ | ᠤᠷᠤᠯᠳᠤᠭᠠᠨ︾ ᠤ ᠠᠩᠬᠠᠳᠤᠭᠠᠷ ᠪᠦᠯᠦᠭ ᠲᠤ ᠰᠣᠩᠭᠤᠭᠳᠠᠭᠰᠠᠨ ᠴᠤᠷ ᠤᠨ ᠭᠠᠭᠴᠠ ᠮᠤᠷᠢᠨ ᠮᠡᠷᠭᠡᠵᠢᠯ ᠤᠨ | ᠪᠡᠶ᠎ᠡ ᠶᠢᠨ ᠲᠠᠮᠢᠷ ᠤᠨ ᠳᠦᠷᠦᠯ ᠵᠦᠢᠯ ᠪᠤᠯᠤᠨ᠎ᠠ᠂ ᠡᠬᠢᠯᠡᠬᠦ ᠶᠣᠰᠣᠯᠠᠯ ᠨᠢ 9 ᠳ᠋ᠦ᠋ᠭᠡᠷ ᠰᠠᠷ᠎ᠠ ᠶᠢᠨ 21 ᠤ ᠡᠳᠦᠷ | ᠶᠠᠪᠤᠭᠳᠠᠨ᠎ᠠ᠃ ᠡᠨᠡ ᠵᠢᠯ ᠤᠨ ᠮᠣᠷᠢᠨ ᠮᠡᠷᠭᠡᠵᠢᠯ ᠤᠨ ᠨᠠᠶᠢᠷ ᠨᠢ ᠥᠩᠭᠡᠷᠡᠭᠰᠡᠨ ᠤ ᠰᠠᠭᠤᠷᠢᠨ ᠳᠡᠭᠡᠷ᠎ᠡ ᠪᠠᠨ | ᠦᠷᠭᠦᠯᠵᠢᠯᠡᠨ ᠳᠡᠰ ᠳᠡᠪᠰᠢᠭᠦᠯᠵᠦ᠂ ᠤᠷᠤᠯᠳᠤᠭᠠᠨ ᠤ ᠬᠡᠪᠴᠢᠶᠡᠨ ᠤ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ | 9 ᠬᠤᠲᠠ 3 ᠠᠶᠢᠮᠠᠭ ᠢ ᠲᠠᠲᠠᠨ ᠪᠦᠬᠦ ᠲᠠᠯ᠎ᠠ ᠪᠠᠷ ᠤᠷᠤᠯᠴᠠᠭᠤᠯᠵᠤ᠂ ᠨᠡᠶᠢᠲᠡ 300 ᠭᠠᠷᠤᠢ ᠲᠠᠯᠠᠪᠤᠷ ᠡᠷᠬᠢᠯᠡᠵᠦ᠂ | 1000 ᠭᠠᠷᠤᠢ ᠲᠠᠮᠢᠷᠴᠢᠨ ᠤᠷᠤᠯᠴᠠᠵᠤ᠂ 5000 ᠢᠯᠡᠭᠦᠦ ᠮᠣᠷᠢ ᠤᠷᠤᠯᠳᠤᠭᠠᠨ ᠳᠤ ᠤᠷᠤᠯᠴᠠᠵᠤ᠂ | ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠲᠤᠭ᠎ᠠ 10000 ᠲᠦᠮᠡᠨ ᠬᠦᠮᠦᠨ ᠤᠳᠠᠭ᠎ᠠ ᠶᠢ ᠳᠠᠪᠠᠭ᠋ᠤ ᠪᠥᠭᠡᠳ | ᠵᠠᠭᠤᠨ ᠲᠦᠮᠡᠨ ᠮᠣᠷᠢᠨ ᠮᠡᠷᠭᠡᠵᠢᠯ ᠳᠤ ᠪᠠᠭ᠋ᠠᠲᠠᠶ ᠬᠦᠮᠦᠰ ᠤᠨ ᠠᠩᠬᠠᠷᠤᠯ ᠢ ᠲᠠᠲᠠᠬᠤ ᠪᠤᠯᠤᠨ᠎ᠠ᠃ 7 ᠳ᠋ᠤᠭᠠᠷ | ᠰᠠᠷ᠎ᠠ ᠶᠢᠨ 24 ᠤ ᠡᠳᠦᠷ᠂ ᠲᠤᠰ ᠤᠷᠤᠯᠳᠤᠭᠠᠨ ᠤ ᠠᠯᠪᠠᠨ ᠤᠬᠠᠭᠤᠯᠭ᠎ᠠ ᠶᠢᠨ ᠬᠠᠷᠠᠭᠠᠨ ᠳᠠᠪᠲᠠᠮᠵᠢ ᠨᠢᠭᠡᠨᠲᠡ | ᠨᠢᠦ᠋ ᠶᠣᠷᠺ ᠤᠨ ᠴᠠᠭ ᠦᠶ᠎ᠡ ᠶᠢᠨ ᠥᠷᠭᠡᠨ ᠲᠠᠯᠠᠪᠠᠢ ᠶᠢᠨ ᠲᠤᠮᠤ ᠬᠦᠰᠢᠭᠡᠨ ᠳᠤ ᠪᠦᠬᠦ ᠲᠠᠯ᠎ᠠ ᠪᠠᠷ ᠭᠠᠷᠤᠭᠰᠠᠨ | ᠪᠦᠭᠡᠳ ᠤᠷᠤᠯᠳᠤᠭᠠᠨ ᠳᠠᠭᠤᠰᠬᠤ ᠪᠣᠯᠲᠠᠯ᠎ᠠ ᠦᠷᠭᠦᠯᠵᠢᠯᠡᠨ᠎ᠡ᠂ ᠡᠨᠡ ᠨᠢ ᠤᠯᠤᠰ ᠤᠨ ᠳᠤᠲᠤᠭᠠᠳᠤ ᠶᠢᠨ ᠮᠣᠷᠢᠨ | ᠮᠡᠷᠭᠡᠵᠢᠯ ᠤᠨ ᠬᠥᠳᠡᠯᠭᠡᠭᠡᠨ ᠠᠩᠬ᠎ᠠ ᠤᠳᠠᠭ᠎ᠠ ᠨᠢᠦ᠋ ᠶᠣᠷᠺ ᠤᠨ ᠴᠠᠭ ᠦᠶ᠎ᠡ ᠶᠢᠨ ᠥᠷᠭᠡᠨ ᠲᠠᠯᠠᠪᠠᠢ ᠶᠢᠨ ᠲᠤᠮᠤ | ᠬᠦᠰᠢᠭᠡᠨ ᠳᠤ ᠭᠠᠷᠴᠤ ᠪᠠᠶᠢᠭ᠎ᠠ ᠶᠤᠮ᠃ |