8 ᠳ᠋ᠤᠭᠠᠷ ᠰᠠᠷ᠎ᠠ ᠶᠢᠨ 17 ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ | ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ | ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠤᠷᠤᠨ ᠨᠤᠳᠤᠭ ᠤᠨ ᠪᠡᠯᠡ | ᠲᠣᠬᠢᠷᠠᠭᠤᠯᠭ᠎ᠠ ᠶᠢᠨ ᠲᠠᠪᠴᠠᠩ ᠺᠤᠮᠫᠠᠨᠢ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠭᠦ ᠶᠢ ᠠᠬᠢᠭᠤᠯᠬᠤ ᠲᠤᠬᠠᠢ | ᠵᠢᠯᠤᠭᠤᠳᠬᠤ ᠰᠠᠨᠠᠯ ᠪᠤᠯᠤᠨ ᠦᠪᠡᠷᠳᠡᠭᠡᠨ ᠵᠠᠰᠠᠬᠤ ᠤᠷᠤᠨ ᠤ ᠲᠤᠰ ᠱᠠᠲᠤᠨ ᠤ ᠡᠷᠭᠡ ᠬᠠᠷᠢᠭᠤᠴᠠᠯᠭ᠎ᠠ ᠶᠢᠨ ᠨᠠᠷᠢᠨ | ᠲᠠᠩᠰᠠ ᠶᠢ ᠰᠤᠳᠤᠯᠵᠤ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠬᠦᠯᠦᠰᠦ ᠶᠢ ᠦᠷᠢᠳᠦᠭᠰᠡᠨ | ᠠᠰᠠᠭᠤᠳᠠᠯ ᠢ ᠵᠠᠰᠠᠬᠰᠠᠨ ᠲᠤᠬᠠᠢ ᠬᠠᠷᠢᠭᠤ ᠮᠡᠳᠡᠭᠦᠯᠦᠯᠳᠡ ᠶᠢ ᠰᠤᠨᠤᠰᠪᠠ᠃ | ᠬᠤᠷᠠᠯ ᠠᠴᠠ ᠱᠠᠭᠠᠷᠳᠠᠭᠰᠠᠨ ᠨᠢ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠳ ᠲᠦᠪ ᠤᠨ ᠬᠠᠮᠢᠶ᠎ᠠ | ᠪᠦᠬᠦᠢ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠡᠶᠢᠳᠡᠪᠦᠷᠢᠵᠢᠭᠤᠯᠵᠤ᠂ | ᠵᠠᠰᠠᠭ ᠤᠨ ᠤᠷᠳᠤᠨ ᠤ ᠪᠡᠯᠡ ᠲᠣᠬᠢᠷᠠᠭᠤᠯᠭ᠎ᠠ ᠶᠢᠨ ᠲᠠᠪᠴᠠᠩ ᠲᠠᠪᠴᠠᠩ ᠺᠤᠮᠫᠠᠨᠢ ᠶᠢᠨ ᠦᠨᠳᠦᠰᠦᠨ ᠪᠠᠶᠢᠳᠠᠯ ᠢ | ᠲᠦᠷᠭᠡᠨ ᠤᠶᠢᠯᠠᠭᠠᠵᠤ᠂ ᠵᠠᠰᠠᠭ ᠤᠨ ᠤᠷᠳᠤᠨ ᠪᠤᠯᠤᠨ ᠵᠠᠬ᠎ᠠ ᠲᠡᠯᠭᠡᠭᠦᠷ ᠤᠨ ᠡᠭᠦᠷᠭᠡ ᠴᠢᠳᠠᠪᠬᠢ ᠶᠢᠨ ᠵᠠᠭᠠᠭ | ᠬᠢᠵᠠᠭᠠᠷ ᠢ ᠲᠤᠳᠤᠷᠬᠠᠶᠢᠯᠠᠨ᠂ ᠪᠡᠯᠡ ᠲᠣᠬᠢᠷᠠᠭᠤᠯᠭ᠎ᠠ ᠶᠢᠨ ᠲᠠᠪᠴᠠᠩ ᠺᠤᠮᠫᠠᠨᠢ ᠶᠢᠨ ᠵᠠᠬ᠎ᠠ ᠲᠡᠯᠭᠡᠭᠦᠷᠴᠢᠯᠡᠨ | ᠬᠡᠯᠪᠡᠷᠢ ᠪᠠᠨ ᠬᠤᠪᠢᠷᠠᠭᠤᠯᠤᠨ ᠬᠦᠭᠵᠢᠭᠦ ᠶᠢ ᠲᠦᠷᠦᠯ ᠬᠤᠪᠢᠶᠠᠨ ᠠᠬᠢᠭᠤᠯᠬᠤ ᠬᠡᠷᠡᠭᠳᠡᠢ ᠬᠡᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠬᠦᠯᠦᠰᠦ ᠶᠢᠨ | ᠠᠰᠠᠭᠤᠳᠠᠯ ᠢ ᠰᠢᠢᠳᠪᠦᠷᠢᠯᠡᠭᠦ ᠨᠢ ᠦᠷᠭᠡᠨ ᠤᠯᠠᠨ ᠮᠠᠯᠴᠢᠨ ᠲᠠᠷᠢᠶᠠᠴᠢᠨ ᠤ ᠦᠨᠳᠦᠰᠦᠨ ᠠᠰᠢᠭ ᠲᠤᠰᠠ ᠲᠠᠢ | ᠬᠤᠯᠪᠤᠬᠳᠠᠵᠤ᠂ ᠨᠡᠶᠢᠭᠡᠮ ᠤᠨ ᠲᠦᠪ ᠭᠤᠤᠯᠴᠢ ᠰᠢᠳᠤᠷᠭᠤ ᠶᠤᠰᠤ ᠬᠢᠭᠡᠳ ᠡᠶ᠎ᠡ ᠵᠤᠬᠢᠴᠠᠩᠭᠤᠢ ᠲᠤᠬᠳᠠᠭᠤᠨ | ᠪᠠᠶᠢᠳᠠᠯ ᠲᠠᠢ ᠬᠤᠯᠪᠤᠬᠳᠠᠵᠤ ᠪᠤᠢ᠃ ᠡᠯ᠎ᠠ ᠭᠠᠵᠠᠷ ᠤᠷᠤᠨ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠤᠯᠤᠰ | ᠲᠦᠷᠦ ᠶᠢᠨ ᠵᠤᠬᠰᠤᠴᠠ ᠪᠠᠨ ᠲᠡᠭᠡᠭᠰᠢᠯᠡᠭᠦᠯᠦᠨ᠂ ︽ᠲᠦᠷᠪᠡᠨ ᠤᠬᠠᠮᠰᠠᠷ︾ ᠢᠶᠠᠨ ᠳᠡᠭᠡᠭᠰᠢᠯᠡᠭᠦᠯᠵᠦ᠂ ᠬᠦᠴᠦ | ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠬᠦᠯᠦᠰᠦ ᠶᠢ ᠦᠷᠢᠳᠦᠭᠰᠡᠨ ᠠᠰᠠᠭᠤᠳᠠᠯ ᠢ ᠪᠦᠬᠦ ᠲᠠᠯ᠎ᠠ ᠪᠠᠷ ᠵᠠᠰᠠᠬᠤ | ᠬᠡᠷᠡᠭᠳᠡᠢ᠃ ᠠᠵᠢᠯ ᠤᠨ ᠠᠷᠭ᠎ᠠ ᠬᠡᠮᠵᠢᠶ᠎ᠡ ᠪᠣᠯᠣᠨ ᠬᠠᠮᠢᠶ᠎ᠠ ᠪᠦᠬᠦᠢ ᠲᠦᠷᠢᠮ ᠢᠶᠠᠨ ᠴᠢᠭᠯᠡᠭᠦᠯᠦᠯᠳᠦ ᠴᠢᠨᠠᠷ ᠲᠠᠢ ᠪᠠᠷ | ᠪᠥᠷᠢᠨᠰᠢᠭᠦᠯᠵᠦ᠂ ᠬᠤᠷᠢᠬᠯᠠᠵᠤ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠬᠦᠯᠦᠰᠦ ᠶᠢ ᠦᠷᠢᠳᠦᠭᠦ | ᠠᠰᠠᠭᠤᠳᠠᠯ ᠢ ᠡᠬᠢ ᠡᠭᠦᠰᠦᠯ ᠠᠴᠠ ᠨᠢ ᠰᠡᠷᠬᠡᠶᠢᠯᠡᠬᠦ ᠬᠡᠷᠡᠭᠳᠡᠢ ᠬᠡᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠷᠭᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢᠨ | ᠬᠠᠮᠢᠶᠠᠷᠤᠯᠳᠠ ᠶᠢᠨ ᠲᠦᠷᠢᠮ ᠢ ᠠᠬᠢᠭᠤᠯᠤᠨ ᠪᠥᠷᠢᠨᠰᠢᠭᠦᠯᠬᠦ ᠪᠤᠯ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ | ᠤᠨ ᠬᠤᠷᠢᠶ᠎ᠠ ᠶᠢᠨ ᠪᠠᠶᠢᠷᠢᠯᠠᠭᠤᠯᠤᠭᠰᠠᠨ ᠴᠢᠬᠤᠯᠠ ᠦᠭᠡᠷᠡᠴᠢᠯᠡᠯᠳᠡ ᠶᠢᠨ ᠡᠭᠦᠷᠭᠡ ᠪᠤᠯᠤᠨ᠎ᠠ᠃ ᠡᠯ᠎ᠠ ᠱᠠᠳᠤᠨ ᠤ | ᠵᠠᠰᠠᠭ ᠤᠨ ᠤᠷᠳᠤᠨ ᠵᠢᠴᠢ ᠲᠡᠭᠦᠨ ᠤ ᠰᠠᠯᠠᠭ᠎ᠠ ᠮᠦᠴᠢᠷ ᠤᠳ ︽ᠬᠠᠤᠯᠢ ᠠᠴᠠ ᠤᠯᠭᠤᠬᠰᠠᠨ ᠦᠭᠡᠢ ᠡᠷᠭᠡ ᠶᠢ | ᠦᠯᠦ ᠬᠡᠷᠡᠭᠵᠢᠭᠦᠯᠵᠤ᠂ ᠬᠠᠤᠯᠢ ᠳᠤ ᠲᠤᠬᠳᠠᠬᠰᠠᠨ ᠡᠭᠦᠷᠭᠡ ᠬᠠᠷᠢᠭᠤᠴᠠᠯᠭ᠎ᠠ ᠪᠠᠨ ᠵᠠᠪᠠᠯ ᠬᠦᠢᠴᠡᠳᠭᠡᠭᠦ︾ ᠵᠠᠷᠴᠢᠮ | ᠢ ᠪᠠᠷᠢᠮᠲᠠᠯᠠᠬᠤ ᠬᠡᠷᠡᠭᠲᠡᠢ᠂ ᠡᠷᠭᠡ ᠬᠠᠷᠢᠭᠤᠴᠠᠯᠭ᠎ᠠ ᠶᠢᠨ ᠨᠠᠷᠢᠨ ᠲᠠᠩᠰᠠ ᠠᠴᠠ ᠭᠠᠳᠠᠨ᠎ᠠ ᠪᠤᠰᠤᠳ ᠵᠠᠰᠠᠭ ᠵᠠᠬᠢᠷᠭᠠᠨ | ᠤ ᠡᠷᠭᠡ ᠲᠤᠰᠢᠶᠠᠯ ᠢ ᠲᠤᠬᠳᠠᠭᠠᠬᠤ ᠪᠠ ᠬᠡᠷᠡᠭᠵᠢᠭᠦᠯᠵᠤ ᠪᠤᠯᠬᠤ ᠦᠭᠡᠢ᠂ ᠡᠷᠭᠡ ᠮᠡᠳᠡᠯ ᠢ ᠲᠤᠷ᠎ᠠ ᠪᠠᠷ ᠢᠶᠠᠨ | ᠬᠤᠪᠢᠷᠠᠭᠤᠯᠵᠤ ᠪᠤᠯᠬᠤ ᠦᠭᠡᠢ᠂ ᠨᠢᠭᠡᠨᠳᠡ ᠬᠦᠴᠦᠨ ᠦᠭᠡᠢ ᠪᠤᠯᠭᠠᠬᠰᠠᠨ᠂ ᠲᠤᠷᠤᠬᠰᠢ ᠲᠠᠯᠪᠢᠬᠰᠠᠨ ᠡᠷᠭᠡ ᠮᠡᠳᠡᠯ | ᠤᠨ ᠵᠦᠢᠯᠡᠰ ᠢ ᠬᠡᠯᠪᠡᠷᠢ ᠶᠢ ᠨᠢ ᠬᠤᠪᠢᠷᠠᠭᠤᠯᠤᠨ ᠬᠡᠷᠡᠭᠵᠢᠭᠦᠯᠵᠤ ᠪᠤᠯᠬᠤ ᠦᠭᠡᠢ᠂ ᠦᠯᠡᠳᠡᠭᠡᠵᠦ ᠪᠦᠬᠦᠢ ᠡᠷᠭᠡ | ᠮᠡᠳᠡᠯ ᠤᠨ ᠵᠦᠢᠯᠡᠰ ᠤᠨ ᠴᠣᠪᠣᠷᠠᠯ ᠢ ᠨᠢ ᠴᠢᠨᠠᠬᠰᠢᠳᠠ ᠰᠢᠯᠢᠳᠡᠭᠵᠢᠭᠦᠯᠵᠤ ᠳᠡᠰ ᠳᠠᠷᠠᠭᠠᠯᠠᠯ ᠢ ᠨᠢ ᠲᠦᠭᠦᠮᠴᠢᠯᠡᠨ | ᠬᠢᠵᠠᠭᠠᠷ ᠴᠠᠭ ᠢ ᠨᠢ ᠪᠤᠭᠤᠨᠢᠰᠬᠠᠵᠤ᠂ ᠵᠠᠰᠠᠭ ᠵᠠᠬᠢᠷᠭᠠᠨ ᠤ ᠡᠷᠭᠡ ᠲᠤᠰᠢᠶᠠᠯ ᠢ ᠬᠡᠷᠡᠭᠵᠢᠭᠦᠯᠭᠦ ᠦᠷ᠎ᠠ ᠠᠰᠢᠭ | ᠪᠤᠯᠤᠠ ᠵᠢᠷᠤᠮᠵᠢᠭᠰᠡᠨ ᠲᠦᠪᠰᠢᠨ ᠢ ᠲᠡᠭᠡᠭᠰᠢᠯᠡᠭᠦᠯᠭᠦ ᠬᠡᠷᠡᠭᠳᠡᠢ᠃ ᠡᠭᠦᠨ ᠤ ᠬᠠᠮᠳᠤ᠂ ᠬᠠᠤᠯᠢ ᠴᠠᠭᠠᠵᠠ ᠬᠠᠤᠯᠢ | ᠲᠦᠷᠢᠮ ᠳᠤ ︽ᠲᠤᠬᠳᠠᠭᠠᠬᠰᠠᠨ᠂ ᠵᠠᠰᠠᠪᠤᠷᠢ ᠤᠷᠤᠭᠤᠯᠤᠬᠰᠠᠨ᠂ ᠬᠦᠴᠦᠨ ᠦᠭᠡᠢ ᠪᠤᠯᠭᠠᠬᠰᠠᠨ︾ ᠵᠢᠴᠢ ᠰᠠᠯᠠᠭ᠎ᠠ | ᠮᠦᠴᠢᠷ ᠤᠨ ᠡᠭᠦᠷᠭᠡ ᠬᠠᠷᠢᠭᠤᠴᠠᠯᠭ᠎ᠠ ᠶᠢ ᠲᠤᠬᠢᠷᠠᠭᠤᠯᠤᠬᠰᠠᠨ ᠪᠠ ᠡᠷᠭᠡ ᠮᠡᠳᠡᠯ ᠤᠨ ᠵᠦᠢᠯᠡᠰ ᠢ ᠨᠡᠮᠡᠵᠤ | ᠬᠠᠰᠤᠬᠰᠠᠨ ᠪᠠᠶᠢᠳᠠᠯ ᠢ ᠦᠨᠳᠦᠰᠦᠯᠡᠨ᠂ ᠡᠷᠭᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠴᠠᠭ ᠲᠤᠬᠠᠢ ᠳᠤᠨᠢ | ᠬᠦᠳᠡᠯᠦᠩᠭᠦᠢ ᠪᠠᠷ ᠲᠤᠬᠢᠷᠠᠭᠤᠯᠵᠤ᠂ ᠨᠡᠶᠢᠭᠡᠮ ᠨᠡᠶᠢᠳᠡ ᠳᠤ ᠨᠡᠶᠢᠳᠡᠯᠡᠭᠦ ᠬᠡᠷᠡᠭᠳᠡᠢ ᠭᠡᠵᠡᠢ᠃ |