| | | 8 ᠳ᠋ᠤᠭᠠᠷ ᠰᠠᠷ᠎ᠠ ᠶᠢᠨ 18 ᠤ ᠤᠷᠤᠢ᠂ ᠠᠷᠪᠠᠨ ᠲᠦᠷᠪᠡᠳᠦᠬᠡᠷ ᠬᠤᠭᠤᠴᠠᠭᠠᠨ ᠤ ᠪᠦᠬᠦ ᠤᠷᠤᠨ ᠤ | ᠪᠡᠶ᠎ᠡ ᠶᠢᠨ ᠲᠠᠮᠢᠷ ᠤᠨ ᠴᠤᠭᠯᠠᠭᠠᠨ ᠦᠪᠡᠳᠡᠭᠰᠢ ᠶᠡᠭᠡ ᠪᠠᠷ ᠡᠬᠢᠯᠡᠪᠠ᠃ ᠦᠪᠡᠷᠳᠡᠬᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠱᠦᠵᠢ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠡᠷᠬᠢᠯᠡᠭᠴᠢ ᠯᠢ ᠵᠢᠢ ᠾᠧᠩ ᠡᠬᠢᠯᠡᠯᠳᠠ ᠶᠢᠨ ᠶᠤᠰᠤᠯᠠᠯ ᠳᠤ ᠤᠷᠤᠯᠴᠠᠭᠰᠠᠨ ᠪᠦᠬᠡᠳ ᠪᠡᠶ᠎ᠡ ᠶᠢᠨ ᠲᠠᠮᠢᠷ ᠤᠨ | ᠴᠤᠭᠯᠠᠭᠠᠨ ᠡᠬᠢᠯᠡᠭᠰᠡᠡ ᠢ ᠵᠠᠷᠯᠠᠵᠠᠢ᠃ | ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠨᠠᠷᠢᠨ ᠪᠢᠴᠢᠭ ᠤᠨ | ᠲᠠᠷᠤᠭ᠎ᠠ ᠯᠦᠸᠧ ᠶᠦᠩ ᠭᠠᠩ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠡᠳ᠋ ᠡᠷᠬᠢᠯᠡᠭᠴᠢ ᠡᠤ ᠲᠤᠸᠠᠨ ᠶᠢᠩ ᠡᠬᠢᠯᠡᠯᠳᠡ ᠶᠢᠨ ᠶᠤᠰᠤᠯᠠᠯ ᠳᠤ | ᠤᠷᠤᠯᠴᠠᠵᠤ᠂ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠠᠢ ᠯᠢ ᠬᠤᠸᠠ ᠡᠬᠢᠯᠡᠯᠳᠡ ᠶᠢᠨ ᠦᠬᠡ | ᠬᠡᠯᠡᠵᠤ᠂ ᠦᠪᠡᠷᠳᠡᠬᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ ᠸᠠᠩ ᠵᠦᠩ | ᠾᠧ ᠡᠬᠢᠯᠡᠯᠳᠠ ᠶᠢᠨ ᠶᠤᠰᠤᠯᠠᠯ ᠳᠤ ᠤᠷᠤᠯᠴᠠᠪᠠ᠃ | ᠤᠷᠤᠢ ᠶᠢᠨ 8 ᠴᠠᠭ ᠲᠤ ᠡᠬᠢᠯᠡᠯᠳᠠ ᠶᠢᠨ ᠶᠤᠰᠤᠯᠠᠯ ᠤᠨ ᠬᠦᠰᠢᠬᠡ ᠠᠯᠭᠤᠷᠬᠠᠨ ᠰᠡᠬᠦᠭᠳᠡᠵᠤ᠂ 18 | ᠲᠤᠭᠴᠢ ᠪᠠᠷ ᠪᠦᠷᠢᠯᠳᠦᠭᠰᠡᠡ ᠤᠯᠤᠰ ᠤᠨ ᠲᠤᠭ ᠤᠨ ᠠᠩᠬᠢ᠂ ᠪᠦᠬᠦ ᠤᠷᠤᠨ ᠤ ᠪᠡᠶ᠎ᠡ ᠶᠢᠨ ᠲᠠᠮᠢᠷ ᠤᠨ ᠴᠤᠭᠯᠠᠭᠠᠨ | ᠤ ᠰᠦᠯᠳᠠ ᠲᠤᠭ ᠪᠤᠯᠤᠨ ᠠᠷᠪᠠᠨ ᠲᠦᠷᠪᠡᠳᠦᠬᠡᠷ ᠬᠤᠭᠤᠴᠠᠭᠠᠨ ᠤ ᠪᠦᠬᠦ ᠤᠷᠤᠨ ᠤ ᠪᠡᠶ᠎ᠡ ᠶᠢᠨ ᠲᠠᠮᠢᠷ ᠤᠨ | ᠴᠤᠭᠯᠠᠭᠠᠨ ᠤ ᠰᠦᠯᠳᠠ ᠲᠤᠭ ᠤᠨ ᠠᠩᠬᠢ ᠶᠢᠨ ᠬᠢᠨ ᠴᠤᠭ ᠢᠳᠡᠷᠡᠬᠦᠨ ᠠᠯᠬᠤᠭ᠎ᠠ ᠪᠠᠷ ᠲᠠᠯᠠᠪᠠᠢ ᠳᠤ ᠤᠷᠤᠪᠠ᠃ | ᠬᠢᠨᠠᠭᠴᠢᠳ ᠤᠨ ᠡᠩᠨᠡᠭᠡ᠂ ᠪᠦᠬᠦ ᠤᠷᠤᠨ ᠤ ᠡᠯ᠎ᠠ ᠠᠶᠢᠮᠠᠭ ᠬᠤᠳᠠ᠂ ᠶᠡᠭᠡ ᠲᠡᠬᠡᠳᠤ ᠰᠤᠷᠭᠠᠭᠤᠯᠢ ᠶᠢᠨ | ᠲᠠᠮᠢᠷᠴᠢᠳ ᠢᠶᠠᠷ ᠪᠦᠷᠢᠯᠳᠦᠭᠰᠡᠡ ᠲᠠᠮᠢᠷᠴᠢᠳ ᠤᠨ ᠡᠩᠨᠡᠭᠡ ᠲᠠᠷᠠᠭᠠᠯᠠᠨ ᠲᠠᠯᠠᠪᠠᠢ ᠳᠤ ᠤᠷᠤᠬᠤ ᠳᠤ ᠦᠵᠡᠭᠴᠢ | ᠤᠯᠠᠨ ᠬᠠᠯᠠᠭᠤᠨ ᠠᠯᠠᠭ᠎ᠠ ᠲᠠᠰᠢᠯᠳᠠ ᠪᠠᠷ ᠢᠶᠠᠨ ᠤᠭᠳᠤᠯ᠎ᠠ᠃ | ᠤᠷᠤᠢ ᠶᠢᠨ 8 ᠴᠠᠭ 45 ᠮᠢᠨᠦ᠋ᠲ ᠲᠤ ᠯᠢ ᠵᠢᠢ ᠾᠧᠩ᠄ ︽ᠦᠪᠦᠷ ᠮᠤᠩᠭᠤᠯ ᠤᠨ ᠦᠪᠡᠷᠳᠡᠬᠡᠨ | ᠵᠠᠰᠠᠬᠤ ᠤᠷᠤᠨ ᠤ ᠠᠷᠪᠠᠨ ᠲᠦᠷᠪᠡᠳᠦᠬᠡᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠡᠬᠢᠯᠡᠯ᠎ᠠ︾ ᠬᠡᠵᠤ | ᠵᠠᠷᠯᠠᠬᠤ ᠳᠤ ᠲᠠᠯᠠᠪᠠᠢ ᠲᠠᠶᠠᠭᠠᠷ ᠬᠦᠷ ᠨᠠᠷᠬᠢᠶᠡᠨ ᠢᠶᠠᠷ ᠪᠢᠯᠬᠠᠵᠤ᠂ ᠦᠩᠬᠡ ᠬᠢᠯᠠᠯᠵᠠᠭᠰᠠᠠ ᠬᠤᠸᠠᠷ ᠫᠤᠤᠵᠢᠩ | ᠦᠳᠡᠰᠢ ᠶᠢᠨ ᠲᠡᠭᠷᠢ ᠶᠢ ᠬᠡᠷᠡᠯᠳᠦᠬᠦᠯᠤᠨ᠂ ᠦᠵᠡᠭᠴᠢ ᠤᠯᠠᠨ ᠤ ᠠᠯᠠᠭ᠎ᠠ ᠲᠠᠰᠢᠯᠳᠠ ᠶᠢᠨ ᠲᠠᠭᠤᠨ᠂ ᠪᠠᠶᠠᠷᠯᠠᠯᠳᠤᠨ | ᠤᠤᠬᠠᠢᠢᠯᠠᠬᠤ ᠲᠠᠭᠤᠨ ᠤᠳᠠᠳᠠᠯ᠎ᠠ ᠦᠷᠬᠦᠯᠵᠢᠯᠡᠪᠠ᠃ | ᠠᠷᠪᠠᠨ ᠲᠦᠷᠪᠡᠳᠦᠬᠡᠷ ᠬᠤᠭᠤᠴᠠᠭᠠᠨ ᠤ ᠪᠦᠬᠦ ᠤᠷᠤᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠰᠦᠯᠳᠠ | ᠲᠠᠭᠤᠤ ︽ᠲᠠᠯ᠎ᠠ ᠨᠤᠳᠤᠭ ᠲᠤ ᠪᠤᠯᠵᠤᠶ᠎ᠠ︾ ᠬᠡᠬᠦ ᠲᠠᠭᠤᠨ ᠤ ᠠᠶ᠎ᠠ ᠲᠤᠮᠳᠠ ᠪᠦᠬᠦ ᠤᠷᠤᠨ ᠤ ᠪᠡᠶ᠎ᠡ ᠶᠢᠨ ᠲᠠᠮᠢᠷ | ᠤᠨ ᠴᠤᠭᠯᠠᠭᠠᠨ ᠤ ᠰᠦᠯᠳᠠ ᠲᠤᠭ ᠪᠤᠯᠤᠨ ᠠᠷᠪᠠᠨ ᠲᠦᠷᠪᠡᠳᠦᠬᠡᠷ ᠬᠤᠭᠤᠴᠠᠭᠠᠨ ᠤ ᠪᠦᠬᠦ ᠤᠷᠤᠨ ᠤ ᠪᠡᠶ᠎ᠡ ᠶᠢᠨ | ᠲᠠᠮᠢᠷ ᠤᠨ ᠴᠤᠭᠯᠠᠭᠠᠨ ᠤ ᠰᠦᠯᠳᠠ ᠲᠤᠭ ᠠᠯᠭᠤᠷᠬᠠᠨ ᠮᠠᠨᠳᠤᠯ᠎ᠠ᠃ ᠲᠠᠮᠢᠷᠴᠢᠳ ᠪᠠ ᠬᠢᠨᠠᠭᠴᠢᠳ ᠤᠨ | ᠲᠦᠯᠦᠬᠡᠯᠡᠭᠴᠢ ᠲᠦᠪ ᠬᠢᠴᠢᠶᠡᠩᠬᠦᠢ ᠪᠠᠷ ᠲᠠᠩᠭᠠᠷᠢᠭᠯᠠᠪᠠ᠃ ᠲᠠᠷᠠᠭ᠎ᠠ ᠨᠢ᠂ ︽ᠤᠯᠠᠭᠠᠨᠴᠠᠪ ᠲᠤ ᠪᠤᠯᠵᠤᠶ᠎ᠠ︾ ᠬᠡᠬᠦ | ᠭᠤᠤᠯ ᠰᠡᠳᠦᠪᠳᠤ ᠲᠤᠮᠤ ᠬᠡᠯᠪᠡᠷᠢ ᠶᠢᠨ ᠰᠤᠶᠤᠯ ᠪᠡᠶ᠎ᠡ ᠶᠢᠨ ᠲᠠᠮᠢᠷ ᠤᠨ ᠲᠤᠭᠯᠠᠯᠳᠠ ᠨᠢ ︽ᠡᠬᠢᠯᠡᠯᠳᠠ︾᠂ ︽ᠪᠡᠶ᠎ᠠ | ᠶᠢᠨ ᠲᠠᠮᠢᠷ · ᠢᠷᠠᠭᠤ ᠠᠯᠳᠠᠷ ᠤᠨ ᠤᠯᠠᠮᠵᠢᠯᠠᠯ︾᠂ ︽ᠬᠤᠳᠠ · ᠠᠮᠢᠵᠢᠷᠠᠯ ᠤᠨ ᠬᠦᠴᠦᠨ ᠢᠶᠠᠷ ᠪᠢᠯᠬᠠᠮ᠎ᠠ︾᠂ ︽ | ᠲᠡᠬᠦᠯᠢᠨ ᠨᠢᠰᠦᠭᠰᠡᠡ ᠤᠯᠠᠭᠠᠨᠴᠠᠪ︾ ᠬᠡᠮᠡᠬᠦ 4 ᠪᠦᠯᠦᠭ ᠬᠤᠪᠢᠶᠠᠭᠳᠠᠨ ᠶᠠᠪᠤᠭᠳᠠᠵᠠᠢ᠃ | ᠤᠷᠤᠢ ᠶᠢᠨ 9 ᠴᠠᠭ 38 ᠮᠢᠨᠦ᠋ᠲ ᠤᠨ ᠦᠶ᠎ᠠ ᠪᠠᠷ ᠭᠠᠯ ᠪᠠᠮᠪᠠᠷᠴᠢᠨ ᠵᠠᠩ ᠭᠧᠨ ᠵᠢᠤ᠂ ᠵᠠᠩ ᠪᠢᠨ᠂ ᠡᠤ | ᠴᠢᠶᠠᠨ ᠯᠦᠩ᠂ ᠺᠠᠩ ᠮᠸᠢ ᠷᠦ᠂ ᠸᠠᠩ ᠮᠧᠩ᠂ ᠱᠢ ᠶᠦᠩ ᠫᠢᠩ᠂ ᠲᠡᠬᠦᠰᠮᠡᠨᠳᠤ᠂ ᠳ᠋ᠧ ᠶᠦᠨ ᠽᠧ᠂ ᠭᠤᠤ | ᠪᠦᠸᠧ᠂ ᠵᠠᠩ ᠶᠤᠤ᠂ ᠯᠢᠦ ᠲᠦᠩ ᠶᠠᠨ᠂ ᠸᠠᠩ ᠵᠢᠩ ᠺᠧ᠂ ᠬᠡᠷᠡᠯᠳᠤ ᠠᠷᠪᠠᠨ ᠲᠦᠷᠪᠡᠳᠦᠬᠡᠷ ᠬᠤᠭᠤᠴᠠᠭᠠᠨ ᠤ | ᠪᠦᠬᠦ ᠤᠷᠤᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠠᠷᠢᠭᠤᠨ ᠭᠠᠯ ᠢ ᠲᠠᠯᠠᠪᠠᠢ ᠲᠤᠳᠤᠷ᠎ᠠ ᠲᠠᠮᠵᠢᠭᠤᠯᠵᠤ᠂ | ᠬᠠᠮᠤᠭ ᠡᠴᠦᠰ ᠲᠤ ᠲᠡᠯᠡᠬᠡᠢ ᠶᠢᠨ ᠠᠯᠬᠤᠭ᠎ᠠ ᠤᠷᠤᠯᠳᠤᠭᠠᠨ ᠤ ᠮᠠᠩᠯᠠᠢ ᠸᠠᠩ ᠬᠤᠤ ᠠᠷᠪᠠᠨ ᠲᠦᠷᠪᠡᠳᠦᠬᠡᠷ | ᠬᠤᠭᠤᠴᠠᠭᠠᠨ ᠤ ᠪᠦᠬᠦ ᠤᠷᠤᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠭᠤᠤᠯ ᠭᠠᠯ ᠪᠠᠮᠪᠠᠷ ᠢ ᠨᠤᠴᠤᠭᠠᠪᠠ᠃ | ᠲᠦᠷᠪᠠᠨ ᠵᠢᠯ ᠳᠤ ᠨᠢᠬᠡ ᠤᠳᠠᠭ᠎ᠠ ᠶᠠᠪᠤᠭᠳᠠᠬᠤ ᠦᠪᠡᠷᠳᠡᠬᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ | ᠴᠤᠭᠯᠠᠭᠠᠨ ᠪᠤᠯ ᠪᠦᠬᠦ ᠤᠷᠤᠨ ᠤ ᠬᠡᠪᠴᠢᠶ᠎ᠠ ᠪᠠᠷ ᠬᠠᠮᠤᠭ ᠤᠨ ᠶᠡᠭᠡ᠂ ᠲᠦᠪᠰᠢᠨ ᠢᠶᠠᠷ ᠬᠠᠮᠤᠭ ᠤᠨ ᠦᠨᠳᠦᠷ | ᠶᠡᠷᠦᠩᠬᠡᠶᠢᠯᠡᠭᠰᠡᠡ ᠴᠢᠨᠠᠷᠳᠠᠢ ᠲᠠᠮᠢᠷ ᠤᠨ ᠦᠪᠡᠳᠡᠭᠰᠢ ᠴᠤᠭᠯᠠᠭᠠᠨ ᠪᠤᠯᠤᠨ᠎ᠠ᠃ ᠠᠷᠪᠠᠨ ᠲᠦᠷᠪᠡᠳᠦᠬᠡᠷ ᠬᠤᠭᠤᠴᠠᠭᠠᠨ | ᠤ ᠪᠦᠬᠦ ᠤᠷᠤᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ | ᠤᠷᠳᠤᠨ ᠠᠴᠠ ᠭᠤᠤᠯᠯᠠᠨ ᠡᠷᠬᠢᠯᠡᠵᠤ᠂ ᠦᠪᠡᠷᠳᠡᠬᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠠ᠂ | ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠠᠴᠠ ᠲᠠᠭᠠᠭᠠᠴᠢᠯᠠᠨ ᠡᠷᠬᠢᠯᠡᠪᠡ᠃ ᠲᠤᠰ | ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠠᠶᠢᠮᠠᠭ ᠬᠤᠳᠠ ᠶᠢᠨ ᠲᠤᠭᠤᠢᠢᠯᠠᠩ᠂ ᠤᠯᠠᠨ ᠲᠦᠮᠡᠨᠴᠢ | ᠲᠤᠭᠤᠢᠢᠯᠠᠩ ᠪᠤᠯᠤᠨ ᠶᠡᠭᠡ ᠲᠡᠬᠡᠳᠤ ᠰᠤᠷᠭᠠᠭᠤᠯᠢ ᠶᠢᠨ ᠲᠤᠭᠤᠢᠢᠯᠠᠩ ᠬᠡᠬᠦ ᠭᠤᠷᠪᠠᠨ ᠲᠤᠭᠤᠢᠢᠯᠠᠩ ᠲᠤᠬᠢᠷᠠᠭᠤᠯᠵᠤ᠂ | ᠨᠠᠶᠢᠳᠠ 55 ᠶᠡᠭᠡ ᠲᠦᠷᠦᠯ᠂ 1015 ᠪᠠᠭ᠎ᠠ ᠲᠦᠷᠦᠯ ᠤᠨ ᠤᠷᠤᠯᠳᠤᠭᠠᠨ ᠢ ᠲᠤᠬᠢᠷᠠᠭᠤᠯᠵᠠᠢ᠃ | ᠤᠷᠤᠯᠳᠤᠭᠠᠨ ᠳᠤ ᠪᠦᠬᠦ ᠤᠷᠤᠨ ᠤ 12 ᠠᠶᠢᠮᠠᠭ ᠬᠤᠳᠠ ᠪᠤᠯᠤᠨ 18 ᠶᠡᠭᠡ ᠲᠡᠬᠡᠳᠤ ᠰᠤᠷᠭᠠᠭᠤᠯᠢ ᠶᠢᠨ 30 | ᠲᠦᠯᠦᠬᠡᠯᠡᠭᠴᠢ ᠶᠢᠨ ᠪᠦᠯᠬᠦᠮ᠂ 10000 ᠭᠠᠷᠤᠢ ᠲᠠᠮᠢᠷᠴᠢᠨ ᠤᠷᠤᠯᠴᠠᠵᠤ᠂ ᠤᠷᠤᠯᠴᠠᠭᠰᠠᠠ ᠬᠦᠮᠦᠨ ᠤ | ᠲᠤᠭ᠎ᠠ ᠪᠠᠷ ᠬᠠᠮᠤᠭ ᠤᠨ ᠠᠷᠪᠢᠨ ᠨᠢᠬᠡ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠪᠤᠯᠤᠭᠰᠠᠠ ᠪᠠᠶᠢᠨ᠎ᠠ᠃ | ᠤᠷᠤᠯᠳᠤᠭᠠᠨ ᠤ ᠲᠦᠷᠦᠯ ᠵᠦᠢᠯ ᠢ ᠨᠠᠩ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠤ᠂ ᠴᠢᠳᠠᠪᠤᠷᠢᠳᠠᠨ | ᠴᠤᠯᠭᠤᠷᠠᠵᠤ ᠰᠢᠯᠭᠠᠷᠠᠬᠤ ᠶᠢ ᠵᠤᠷᠢᠬᠵᠢᠭᠤᠯᠵᠤ᠂ ᠡᠪᠦᠯ ᠵᠤᠨ ᠤ ᠪᠡᠶ᠎ᠡ ᠶᠢᠨ ᠲᠠᠮᠢᠷ ᠤᠨ ᠬᠦᠳᠡᠯᠬᠡᠬᠡᠨ ᠤ | ᠠᠭᠤᠰᠤᠯᠴᠠᠯ ᠢ ᠪᠡᠶᠡᠯᠡᠬᠦᠯᠵᠤ᠂ ᠵᠤᠬᠢᠴᠠᠩᠭᠤᠢ ᠬᠦᠭᠵᠢᠯᠳᠠ ᠶᠢ ᠠᠬᠢᠭᠤᠯᠬᠤ ᠶᠢᠨ ᠲᠦᠯᠦᠬᠡ ᠲᠤᠰ ᠬᠤᠭᠤᠴᠠᠭᠠᠨ ᠤ | ᠪᠡᠶ᠎ᠡ ᠶᠢᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠲᠦᠷᠦᠯ ᠵᠦᠢᠯ ᠳᠤ ᠵᠤᠬᠢᠬᠤ ᠲᠤᠬᠢᠷᠠᠭᠤᠯᠤᠯᠳᠠ ᠬᠢᠵᠤ᠂ | ᠲᠡᠬᠡᠷ᠎ᠠ ᠬᠤᠭᠤᠴᠠᠭᠠᠨ ᠤ 32 ᠶᠡᠭᠡ ᠲᠦᠷᠦᠯ᠂ 575 ᠪᠠᠭ᠎ᠠ ᠲᠦᠷᠦᠯ ᠪᠠᠶᠢᠬᠰᠠᠠ ᠠᠴᠠ ᠨᠢ 55 ᠶᠡᠭᠡ ᠲᠦᠷᠦᠯ᠂ | 1015 ᠪᠠᠭ᠎ᠠ ᠲᠦᠷᠦᠯ ᠪᠤᠯᠭᠠᠨ ᠦᠷᠬᠡᠳᠬᠡᠵᠤ᠂ ᠲᠤᠮᠳᠠᠳᠤ ᠮᠠᠶ᠋ᠢᠭ ᠤᠨ ᠪᠦᠬᠡ᠂ ᠡᠯᠧᠺᠲᠷᠤᠨ ᠤᠷᠤᠯᠳᠤᠭᠠᠨ᠂ | ᠲᠠᠶᠢᠯᠠᠨᠳ᠋ ᠤᠨ ᠰᠦᠯᠵᠢᠮᠠᠯ ᠪᠦᠮᠪᠦᠭᠡ ᠵᠢᠴᠢ ᠴᠠᠰᠤ ᠮᠦᠰᠦᠨ ᠤ ᠲᠦᠷᠦᠯ ᠵᠦᠢᠯ ᠢ ᠰᠢᠨ᠎ᠠ ᠪᠠᠷ ᠨᠡᠮᠡᠭᠰᠡᠡ ᠪᠠᠶᠢᠨ᠎ᠠ᠃ | ᠡᠬᠢᠯᠡᠯᠳᠠ ᠶᠢᠨ ᠶᠤᠰᠤᠯᠠᠯ ᠠᠴᠠ ᠡᠮᠦᠨ᠎ᠠ᠂ ᠯᠢ ᠵᠢᠢ ᠾᠧᠩ ᠵᠡᠷᠬᠡ ᠦᠪᠡᠷᠳᠡᠬᠡᠨ ᠵᠠᠰᠠᠬᠤ ᠤᠷᠤᠨ ᠤ | ᠤᠳᠤᠷᠢᠳᠤᠯᠭ᠎ᠠ ᠨᠠᠷ ᠠᠷᠪᠠᠨ ᠲᠦᠷᠪᠡᠳᠦᠬᠡᠷ ᠬᠤᠭᠤᠴᠠᠭᠠᠨ ᠤ ᠪᠦᠬᠦ ᠤᠷᠤᠨ ᠤ ᠪᠡᠶ᠎ᠡ ᠶᠢᠨ ᠲᠠᠮᠢᠷ ᠤᠨ ᠴᠤᠭᠯᠠᠭᠠᠨ | ᠤ ᠤᠷᠤᠯᠳᠤᠭᠠᠨ ᠤ ᠲᠠᠯᠠᠪᠤᠷ ᠲᠠᠯᠠᠪᠠᠢ ᠶᠢ ᠲᠤᠭᠤᠷᠢᠨ ᠦᠵᠡᠵᠤ᠂ ᠦᠬᠡᠷᠡᠴᠢᠯᠠᠯᠳᠠ ᠨᠡᠬᠡᠬᠡᠯᠳᠠ ᠬᠢᠭᠰᠡᠨ 40 ᠵᠢᠯ | ᠤᠨ ᠲᠤᠷᠰᠢᠬᠢ ᠦᠪᠦᠷ ᠮᠤᠩᠭᠤᠯ ᠤᠨ ᠪᠡᠶ᠎ᠡ ᠶᠢᠨ ᠲᠠᠮᠢᠷ ᠤᠨ ᠦᠢᠯᠡᠰ ᠤᠨ ᠠᠮᠵᠢᠯᠳᠠ ᠪᠦᠳᠦᠮᠵᠢ ᠶᠢᠨ | ᠦᠵᠡᠭᠦᠯᠦᠯᠭᠡ ᠶᠢ ᠦᠵᠡᠪᠡ᠃ |