ᠯᠢ ᠵᠢᠢ ᠾᠧᠩ ᠮᠤᠩᠭᠤᠯ ᠤᠯᠤᠰ ᠤᠨ ᠠᠭᠤᠷᠬᠠᠢ ᠶᠢᠨ ᠦᠢᠯᠡᠰ ᠬᠢᠭᠡᠳ ᠬᠦᠨᠳᠦ ᠠᠵᠤ ᠦᠢᠯᠡᠳᠪᠦᠷᠢ ᠶᠢᠨ ᠶᠠᠮᠤᠨ ᠤ ᠰᠠᠶᠢᠳ ᠲᠣ · ᠰᠤᠮᠢᠶᠠᠪᠠᠽᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2018/8/20
     8 ᠳ᠋ᠤᠭᠠᠷ ᠰᠠᠷ᠎ᠠ ᠶᠢᠨ 16᠎ ᠤ ᠡᠳᠤᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠎ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠦᠬᠡᠬᠤᠳᠠ ᠳᠤ ᠮᠤᠩᠭᠤᠯ ᠤᠯᠤᠰ ᠤᠨ ᠠᠭᠤᠷᠬᠠᠢ ᠶᠢᠨ ᠦᠢᠯᠡᠰ ᠬᠢᠭᠡᠳ ᠬᠦᠨᠳᠦ ᠠᠵᠤ ᠦᠢᠯᠡᠳᠪᠤᠷᠢ ᠶᠢᠨ ᠶᠠᠮᠤᠨ ᠤ ᠰᠠᠶᠢᠳ ᠲᠣ · ᠰᠤᠮᠢᠶᠠᠪᠠᠽᠠᠷ ᠨᠠᠷ ᠲᠠᠢ ᠠᠭᠤᠯᠵᠠᠵᠠᠢ᠃      ᠡᠩ ᠲᠠᠷᠢᠬᠦᠨ ᠳᠤ᠂ ᠯᠢ ᠵᠢᠢ ᠾᠧᠩ ᠲᠣ · ᠰᠤᠮᠢᠶᠠᠪᠠᠽᠠᠷ ᠨᠠᠷ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠳᠤ ᠠᠶᠢᠯᠴᠢᠯᠠᠬᠤ ᠪᠠᠷ ᠢᠷᠡᠭᠰᠡᠨ ᠳᠤ ᠪᠠᠶᠠᠷᠯᠠᠨ ᠤᠬᠳᠤᠵᠤ ᠪᠠᠶᠢᠬᠤ ᠪᠠᠨ ᠢᠯᠡᠳᠭᠡᠪᠡ᠃ ᠲᠡᠷᠡ ᠬᠡᠯᠡᠭᠰᠡᠨ ᠨᠢ᠂ ᠡᠷᠬᠢᠮ ᠰᠠᠶᠢᠳ ᠡᠨᠡ ᠤᠳᠠᠭ᠎ᠠ ᠪᠦᠯᠬᠦᠮ ᠲᠠᠭᠠᠭᠤᠯᠤᠨ ᠠᠭᠤᠷᠬᠠᠢ ᠬᠢᠭᠡᠳ ᠡᠨᠧᠷᠬᠢ ᠶᠢᠨ ᠬᠠᠮᠳᠤᠷᠠᠯᠴᠠᠭᠠᠨ ᠤ ᠵᠦᠢᠯᠡᠰ ᠢ ᠰᠢᠨᠵᠢᠯᠡᠨ ᠪᠠᠶᠢᠴᠠᠭᠠᠬᠤ ᠪᠠᠷ ᠢᠷᠡᠭᠰᠡᠨ ᠨᠢ ᠡᠷᠬᠢᠮ ᠤᠯᠤᠰ ᠤᠨ ᠵᠠᠰᠠᠭ ᠤᠨ ᠤᠷᠳᠤᠨ ᠡᠨᠡ ᠬᠦ ᠬᠦᠷᠢᠶᠡᠨ ᠳᠠᠬᠢ ᠬᠤᠶᠠᠷ ᠲᠠᠯ᠎ᠠ ᠶᠢᠨ ᠬᠠᠮᠳᠤᠷᠠᠯᠴᠠᠭ᠎ᠠ ᠶᠢ ᠲᠡᠭᠡᠳᠦ ᠬᠡᠮᠵᠢᠶ᠎ᠠ ᠪᠠᠷ ᠴᠢᠬᠤᠯᠠᠴᠢᠯᠠᠵᠤ ᠪᠠᠶᠢᠬᠤ ᠶᠢ ᠬᠦᠢᠴᠡᠳ ᠬᠠᠷᠠᠭᠤᠯᠵᠤ ᠪᠠᠶᠢᠨ᠎ᠠ᠃ ᠪᠢᠳᠡ ᠲᠤᠷᠠᠳᠠᠶ᠎ᠠ ᠡᠷᠬᠢᠮ ᠤᠯᠤᠰ ᠯᠤᠭ᠎ᠠ ᠠᠵᠤ ᠦᠢᠯᠡᠳᠪᠦᠷᠢ ᠪᠠ ᠰᠢᠨᠵᠢᠯᠡᠭᠦ ᠤᠬᠠᠭᠠᠨ ᠮᠡᠷᠭᠡᠵᠢᠯ ᠤᠨ ᠬᠦᠷᠢᠶᠡᠨ ᠳᠠᠬᠢ ᠬᠠᠮᠳᠤᠷᠠᠯᠴᠠᠭ᠎ᠠ ᠪᠠᠨ ᠴᠢᠨᠠᠬᠰᠢᠳᠠ ᠬᠦᠨᠵᠡᠭᠡᠶᠢᠷᠡᠭᠦᠯᠵᠤ᠂ ᠨᠡᠩ ᠤᠯᠠᠨ ᠬᠠᠮᠳᠤᠷᠠᠯᠴᠠᠭᠠᠨ ᠤ ᠨᠡᠮᠡᠭᠳᠡᠯ ᠴᠡᠭ ᠢ ᠪᠤᠶᠢᠵᠢᠭᠤᠯᠤᠨ᠂ ᠬᠠᠮᠳᠤ ᠪᠠᠷ ᠴᠡᠴᠡᠭᠯᠡᠨ ᠬᠦᠭᠵᠢᠭᠦ ᠶᠢ ᠠᠬᠢᠭᠤᠯᠦᠨ᠎ᠠ᠃ ᠬᠤᠶᠠᠷ ᠲᠠᠯ᠎ᠠ ᠪᠠᠷ ᠢᠶᠠᠨ ᠬᠠᠮᠳᠤ ᠪᠠᠷ ᠴᠢᠷᠮᠠᠶᠢᠵᠤ᠂ ᠲᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ ᠬᠤᠩᠬᠢᠯ ᠎ ᠤᠨ ᠪᠦᠳᠦᠭᠡᠨ ᠪᠠᠶᠢᠭᠤᠯᠤᠯᠳᠠ ᠶᠢ ᠬᠦᠨᠵᠡᠭᠡᠢ ᠠᠬᠢᠭᠤᠯᠵᠤ᠂ ᠬᠠᠮᠳᠤᠷᠠᠯᠴᠠᠭ᠎ᠠ ᠰᠤᠯᠢᠯᠴᠠᠭᠠᠨ ᠤ ᠲᠤᠬᠳᠠᠴᠠ ᠪᠠᠨ ᠪᠦᠷᠢᠨᠰᠢᠬᠦᠯᠵᠦ᠂ ᠪᠦᠬᠦ ᠲᠠᠯ᠎ᠠ ᠶᠢᠨ᠂ ᠬᠦᠨ ᠲᠠᠪᠬᠤᠷᠭ᠎ᠠ ᠶᠢᠨ ᠬᠠᠮᠳᠤᠷᠠᠯᠴᠠᠭ᠎ᠠ ᠰᠤᠯᠢᠯᠴᠠᠭ᠎ᠠ ᠪᠠᠨ ᠠᠬᠢᠭᠤᠯᠵᠤ᠂ ᠰᠠᠭᠤᠷᠢ ᠪᠡᠯᠡᠳᠭᠡᠮᠵᠢ ᠶᠢ ᠬᠤᠯᠪᠤᠯᠳᠤᠭᠤᠯᠤᠨ ᠨᠡᠪᠳᠡᠷᠡᠭᠦᠯᠭᠦ ᠶᠢ ᠠᠬᠢᠭᠤᠯᠵᠤ᠂ ᠬᠢᠯᠢ ᠠᠯᠤᠰᠯᠠᠬᠰᠠᠨ ᠠᠵᠤ ᠠᠬᠤᠢ ᠶᠢᠨ ᠬᠠᠮᠳᠤᠷᠠᠯᠴᠠᠭᠠᠨ ᠤ ᠤᠷᠤᠨ ᠢ ᠡᠷᠳᠡᠭᠡᠨ ᠪᠦᠳᠦᠬᠡᠨ ᠪᠠᠶᠢᠭᠤᠯᠵᠤ᠂ ᠪᠤᠭᠤᠮᠳᠠ ᠪᠠᠷ ᠦᠩᠭᠡᠷᠡᠭᠦ ᠴᠢᠳᠠᠪᠤᠷᠢ ᠶᠢ ᠴᠢᠩᠭᠠᠳᠬᠠᠨ᠂ ᠬᠠᠮᠳᠤᠷᠠᠯᠴᠠᠭᠠᠨ ᠤ ᠬᠡᠪᠴᠢᠶ᠎ᠡ ᠪᠠᠨ ᠲᠠᠰᠤᠷᠠᠯᠳᠠ ᠦᠭᠡᠢ ᠦᠷᠭᠡᠳᠭᠡᠨ ᠬᠠᠮᠳᠤᠷᠠᠯᠴᠠᠭᠠᠨ ᠤ ᠲᠦᠪᠰᠢᠨ ᠢᠶᠠᠨ ᠲᠡᠭᠡᠭᠰᠢᠯᠡᠭᠦᠯᠵᠦ᠂ ᠲᠤᠮᠳᠠᠳᠤ ᠤᠯᠤᠰ ᠤᠨ ︽ᠨᠢᠭᠡ ᠪᠦᠰᠡ ᠨᠢᠭᠡ ᠵᠠᠮ︾ ᠎ ᠤᠨ ᠰᠠᠨᠠᠭᠠᠴᠢᠯᠠᠭ᠎ᠠ ᠬᠢᠭᠡᠳ ᠮᠤᠩᠭᠤᠯ ᠤᠯᠤᠰ ᠤᠨ ︽ᠬᠦᠭᠵᠢᠯ ᠤᠨ ᠵᠠᠮ︾᠎ ᠤᠨ ᠰᠠᠨᠠᠭᠠᠴᠢᠯᠠᠭ᠎ᠠ ᠶᠢ ᠵᠤᠯᠭᠠᠭᠤᠯᠦᠨ ᠨᠡᠩ ᠶᠡᠭᠡ ᠪᠤᠳᠠᠳᠤ ᠦᠷ᠎ᠠ ᠪᠦᠳᠦᠮᠵᠢ ᠭᠠᠷᠭᠠᠬᠤ ᠶᠢ ᠬᠦᠰᠡᠵᠤ ᠪᠠᠶᠢᠨ᠎ᠠ ᠬᠡᠪᠡ᠃      ᠲᠣ · ᠰᠤᠮᠢᠶᠠᠪᠠᠽᠠᠷ ᠤᠷᠢᠳᠠᠪᠠᠷ ᠮᠤᠩᠭᠤᠯ ᠤᠯᠤᠰ ᠤᠨ ᠤᠳᠤᠷᠢᠳᠤᠯᠭ᠎ᠠ ᠶᠢᠨ ᠮᠡᠨᠳᠦᠴᠢᠯᠡᠯ ᠢ ᠲᠡᠮᠵᠢᠭᠤᠯᠬᠤ ᠶᠢᠨ ᠬᠠᠮᠳᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠠᠯᠠᠭᠤᠮᠰᠤᠭ ᠵᠤᠴᠢᠯᠠᠭ᠎ᠠ ᠳᠤ ᠲᠠᠯᠠᠷᠬᠠᠵᠤ ᠪᠠᠶᠢᠬᠤ ᠪᠠᠨ ᠢᠯᠡᠳᠭᠡᠵᠦ᠂ ᠮᠤᠩᠭᠤᠯ ᠲᠤᠮᠳᠠᠳᠤ ᠶᠢᠨ ᠨᠦᠬᠦᠷᠰᠡᠭ ᠬᠠᠮᠳᠤᠷᠠᠯᠴᠠᠭ᠎ᠠ ᠳᠤ ᠦᠪᠦᠷ ᠮᠤᠩᠭᠤᠯ ᠤᠨ ᠦᠵᠡᠭᠦᠯᠵᠤ ᠪᠠᠶᠢᠭ᠎ᠠ ᠴᠢᠬᠤᠯᠠ ᠦᠢᠯᠡᠳᠦᠯ ᠢ ᠦᠨᠳᠦᠷ ᠦᠨᠡᠯᠡᠪᠡ᠃ ᠲᠡᠷᠡ ᠬᠡᠯᠡᠭᠰᠡᠨ ᠨᠢ᠂ ᠲᠤᠮᠳᠠᠳᠤ ᠮᠤᠩᠭᠤᠯ ᠬᠤᠶᠠᠷ ᠤᠯᠤᠰ ᠤᠨ ᠤᠳᠤᠷᠢᠳᠤᠯᠭ᠎ᠠ ᠬᠤᠶᠠᠷ ᠲᠠᠯ᠎ᠠ ᠶᠢᠨ ᠬᠠᠮᠳᠤᠷᠠᠯᠴᠠᠭ᠎ᠠ ᠶᠢ ᠮᠠᠰᠢ ᠴᠢᠬᠤᠯᠠᠴᠢᠯᠠᠵᠤ᠂ ᠬᠤᠶᠠᠷ ᠤᠯᠤᠰ ᠤᠨ ᠨᠦᠬᠦᠷᠰᠡᠭ ᠬᠠᠷᠢᠴᠠᠭ᠎ᠠ ᠶᠢᠨ ᠰᠢᠨ᠎ᠠ ᠪᠠᠶᠢᠳᠠᠯ ᠢ ᠡᠭᠦᠳᠪᠠ᠃ ᠬᠤᠶᠠᠷ ᠲᠠᠯ᠎ᠠ ᠪᠠᠷ ᠢᠶᠠᠨ ᠬᠠᠮᠳᠤ ᠪᠠᠷ ᠴᠢᠷᠮᠠᠶᠢᠵᠤ᠂ ᠦᠷᠭᠦᠯᠵᠢᠯᠡᠨ ᠠᠵᠤ ᠠᠬᠤᠢ ᠠᠷᠠᠯᠵᠢᠶ᠎ᠠ᠂ ᠰᠢᠨᠵᠢᠯᠡᠭᠦ ᠤᠬᠠᠭᠠᠨ ᠮᠡᠷᠭᠡᠵᠢᠯ᠂ ᠰᠤᠶᠤᠯ᠂ ᠰᠤᠷᠭᠠᠨ ᠬᠦᠮᠦᠵᠢᠯ᠂ ᠠᠶᠠᠯᠠᠯ ᠵᠢᠭᠤᠯᠴᠢᠯᠠᠯ ᠵᠡᠷᠭᠡ ᠬᠦᠷᠢᠶᠡᠨ ᠳᠠᠬᠢ ᠬᠠᠮᠳᠤᠷᠠᠯᠴᠠᠭ᠎ᠠ ᠰᠤᠯᠢᠯᠴᠠᠭ᠎ᠠ ᠪᠠᠨ ᠬᠦᠨᠵᠡᠭᠡᠶᠢᠷᠡᠭᠦᠯᠵᠤ᠂ ᠪᠤᠭᠤᠮᠳᠠ ᠪᠠᠷ ᠦᠩᠭᠡᠷᠡᠭᠦ ᠴᠢᠳᠠᠪᠤᠷᠢ ᠶᠢ ᠴᠢᠷᠮᠠᠶᠢᠨ ᠲᠡᠭᠡᠭᠰᠢᠯᠡᠭᠦᠯᠵᠦ᠂ ᠬᠤᠶᠠᠷ ᠲᠠᠯ᠎ᠠ ᠶᠢᠨ ᠬᠠᠮᠳᠤᠷᠠᠯᠴᠠᠭ᠎ᠠ ᠶᠢ ᠰᠢᠨ᠎ᠠ ᠲᠦᠪᠰᠢᠨ ᠳᠤ ᠬᠦᠷᠭᠡᠭᠦ ᠶᠢ ᠬᠦᠰᠡᠵᠤ ᠪᠠᠶᠢᠨ᠎ᠠ ᠬᠡᠵᠡᠢ᠃      ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠯᠦᠸᠧ ᠶᠦᠩ ᠭᠠᠩ᠂ ᠠᠢ ᠯᠢ ᠬᠤᠸᠠ ᠠᠭᠤᠯᠵᠠᠯᠳᠠ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号