8 ᠳ᠋ᠤᠭᠠᠷ ᠰᠠᠷ᠎ᠠ ᠶᠢᠨ 18 ᠤ ᠡᠳᠦᠷ᠂ 2018 ᠣᠨ ᠤ ᠠᠷᠪᠠᠳᠤᠭᠠᠷ ᠬᠤᠭᠤᠴᠠᠭᠠᠨ ᠤ ᠳᠤᠮᠳᠠᠳᠤ | ᠤᠯᠤᠰ ᠤᠨ ᠡᠷᠢᠶᠡᠨ ᠬᠤᠳᠠ ᠶᠢᠨ ᠳᠤᠮᠳᠠᠳᠤ ᠮᠤᠩᠭᠤᠯ ᠤᠷᠤᠰ ᠤᠨ ᠠᠵᠦ ᠠᠬᠤᠢ ᠠᠷᠠᠯᠵᠢᠶᠠᠨ ᠤ | ᠬᠠᠮᠳᠤᠷᠠᠯᠴᠠᠭᠠᠨ ᠤ ᠵᠦᠪᠳᠡᠯᠴᠡᠭᠡᠷ ᠤᠨ ᠬᠤᠷᠠᠯ ᠡᠷᠢᠶᠡᠨ ᠬᠤᠳᠠ ᠶᠢᠨ ᠤᠯᠠᠨ ᠤᠯᠤᠰ ᠤᠨ ᠦᠵᠡᠰᠬᠦᠯᠡᠩ ᠤᠨ | ᠳᠦᠪ ᠲᠤ ᠡᠬᠢᠯᠡᠪᠡ᠃ | ᠮᠤᠩᠭᠤᠯ ᠤᠯᠤᠰ ᠤᠨ ᠶᠡᠭᠡ ᠬᠤᠷᠠᠯ ᠤᠨ ᠳᠡᠳ᠋ ᠳᠡᠷᠢᠬᠦᠯᠡᠭᠴᠢ ᠶ᠊ · ᠰᠠᠩᠵᠢᠮᠢᠳᠤᠪ ᠤᠷᠤᠯᠴᠠᠵᠦ᠂ | ᠦᠪᠡᠷᠳᠡᠬᠡᠨ ᠵᠠᠰᠠᠬᠤ ᠤᠷᠤᠨ ᠤ ᠤᠯᠤᠰ ᠳᠦᠷᠦ ᠶᠢᠨ ᠵᠦᠪᠯᠡᠯᠬᠡᠨ ᠤ ᠳᠡᠳ᠋ ᠳᠡᠷᠢᠬᠦᠯᠡᠭᠴᠢ ᠴᠠᠩ ᠵᠢᠶᠦ᠋ᠨ ᠵᠧᠩ | ᠪᠠᠶᠠᠷ ᠤᠨ ᠦᠭᠡ ᠬᠡᠯᠡᠪᠡ᠃ | ᠴᠠᠩ ᠵᠢᠶᠦ᠋ᠨ ᠵᠧᠩ ᠪᠠᠶᠠᠷ ᠤᠨ ᠦᠬᠡ ᠳᠡᠭᠡᠨ᠂ ᠬᠤᠶᠢᠰᠢᠳᠠ ᠮᠠᠨ ᠤ ᠤᠷᠤᠨ ᠨᠡᠩ ᠢᠳᠡᠪᠬᠢᠳᠡᠢ ᠪᠦᠬᠡᠳ | ᠰᠠᠨᠠᠭᠠᠴᠢᠯᠠᠭ᠎ᠠ ᠲᠠᠢ ᠤᠪᠤᠷ ᠪᠠᠶᠢᠳᠠᠯ ᠢᠶᠠᠷ᠂ ︽ᠳᠤᠷᠭᠠᠨ ᠵᠠᠮ ᠤᠨ ᠠᠵᠦ ᠠᠬᠤᠢ ᠶᠢᠨ ᠪᠦᠰᠡ︾ ᠶᠢᠨ ᠪᠦᠳᠦᠬᠡᠨ | ᠪᠠᠶᠢᠭᠤᠯᠤᠯᠳᠠ ᠳᠤ ᠬᠦᠨᠵᠡᠬᠡᠢ ᠤᠷᠤᠯᠴᠠᠵᠦ᠂ ︽ᠳᠤᠮᠳᠠᠳᠤ ᠮᠤᠩᠭᠤᠯ ᠤᠷᠤᠰ ᠤᠨ ᠠᠵᠦ ᠠᠬᠤᠢ ᠶᠢᠨ ᠬᠤᠩᠬᠢᠯ︾ | ᠤᠨ ᠪᠦᠳᠦᠬᠡᠨ ᠪᠠᠶᠢᠭᠤᠯᠤᠯᠳᠠ ᠶᠢ ᠬᠦᠴᠦᠯᠡᠨ ᠳᠦᠷᠬᠡᠳᠬᠡᠵᠦ᠂ ᠮᠠᠨᠵᠤᠤᠷ᠂ ᠡᠷᠢᠶᠡᠨ ᠬᠤᠳᠠ ᠶᠢᠨ ᠤᠯᠤᠰ ᠤᠨ | ᠳᠡᠰ ᠤᠨ ᠭᠤᠤᠯᠳᠠᠯᠭ᠎ᠠ ᠲᠠᠢ ᠬᠦᠭᠵᠢᠬᠦᠯᠦᠯᠳᠡ ᠨᠡᠬᠡᠬᠡᠯᠳᠡ ᠶᠢᠨ ᠳᠤᠷᠰᠢᠯᠳᠠ ᠶᠢᠨ ᠤᠷᠤᠨ ᠢ ᠪᠦᠳᠦᠬᠡᠨ ᠪᠠᠶᠢᠭᠤᠯᠵᠦ᠂ | ᠪᠤᠭᠤᠮᠳᠠ ᠶᠢᠨ ᠶᠡᠷᠦᠩᠬᠡᠶᠢᠯᠡᠭᠰᠡᠨ ᠦᠢᠯᠡᠴᠢᠯᠡᠬᠡᠨ ᠤ ᠴᠢᠳᠠᠪᠤᠷᠢ ᠪᠤᠯᠤᠨ ᠳᠦᠪᠰᠢᠨ ᠢ ᠦᠷᠬᠦᠯᠵᠢᠯᠡᠨ | ᠳᠡᠬᠡᠭᠰᠢᠯᠡᠬᠦᠯᠵᠦ᠂ ᠳᠤᠮᠳᠠᠳᠤ ᠮᠤᠩᠭᠤᠯ ᠤᠨ ᠦᠵᠡᠰᠬᠦᠯᠡᠩ᠂ ᠳᠤᠮᠳᠠᠳᠤ ᠤᠷᠤᠰ ᠤᠨ ᠤᠷᠤᠨ ᠨᠤᠳᠤᠬ ᠤᠨ | ᠬᠠᠮᠳᠤᠷᠠᠯᠴᠠᠭ᠎ᠠ ᠰᠤᠯᠢᠯᠴᠠᠭᠠᠨ ᠤ ᠣᠨ ᠵᠡᠷᠬᠡ ᠳᠠᠪᠴᠠᠩ ᠤᠨ ᠦᠢᠯᠡᠳᠦᠯ ᠢ ᠰᠠᠶᠢᠳᠤᠷ ᠪᠠᠳᠠᠷᠠᠭᠤᠯᠵᠦ᠂ ᠤᠷᠤᠰ | ᠮᠤᠩᠭᠤᠯ ᠯᠤᠭ᠎ᠠ ᠶᠢᠨ ᠪᠤᠳᠠᠳᠠᠢ ᠶᠢ ᠡᠷᠬᠢᠮᠯᠡᠭᠰᠡᠨ ᠬᠠᠮᠳᠤᠷᠠᠯᠴᠠᠭ᠎ᠠ ᠶᠢ ᠳᠠᠰᠤᠷᠠᠯᠳᠠ ᠦᠬᠡᠢ ᠬᠦᠨᠵᠡᠬᠡᠶᠢᠷᠡᠬᠦᠯᠵᠦ᠂ | ᠳᠤᠮᠳᠠᠳᠤ ᠮᠤᠩᠭᠤᠯ ᠤᠷᠤᠰ ᠤᠨ ᠪᠦᠬᠦ ᠳᠠᠯ᠎ᠠ ᠶᠢᠨ ᠬᠠᠮᠳᠤᠷᠠᠯᠴᠠᠭᠠᠨ ᠤ ᠳᠦᠪᠰᠢᠨ ᠢ ᠴᠢᠨᠠᠬᠰᠢᠳᠠ | ᠳᠡᠬᠡᠭᠰᠢᠯᠡᠬᠦᠯᠬᠦ ᠳᠤ ᠨᠡᠩ ᠶᠡᠭᠡ ᠰᠢᠨ᠎ᠠ ᠬᠤᠪᠢ ᠨᠠᠮᠠᠷᠢ ᠦᠵᠡᠬᠦᠯᠦᠨ᠎ᠠ ᠬᠡᠵᠠᠢ᠃ | ᠤᠢᠢᠯᠠᠭᠠᠬᠰᠠᠨ ᠢᠶᠠᠷ᠂ ᠳᠤᠰ ᠬᠤᠭᠤᠴᠠᠭᠠᠨ ᠤ ᠵᠦᠪᠳᠡᠯᠴᠡᠭᠡᠷ ᠤᠨ ᠬᠤᠷᠠᠯ ᠨᠢ ︽ᠨᠢᠬᠡ ᠪᠦᠰᠡ ᠨᠢᠬᠡ ᠵᠠᠮ | ᠤᠨ ᠪᠦᠳᠦᠬᠡᠨ ᠪᠠᠶᠢᠭᠤᠯᠤᠯᠳᠠ ᠶᠢ ᠠᠬᠢᠭᠤᠯᠵᠦ᠂ ᠨᠡᠬᠡᠬᠡᠯᠳᠡ ᠬᠦᠭᠵᠢᠬᠦᠯᠦᠯᠳᠡ ᠶᠢᠨ ᠤᠷᠤᠨ ᠵᠠᠢ ᠶᠢ ᠦᠷᠬᠡᠳᠬᠡᠬᠦ︾ | ᠪᠠᠷ ᠭᠤᠤᠯ ᠰᠡᠳᠤᠪ ᠪᠤᠯᠭᠠᠵᠤ᠂ ᠶᠠᠷᠢᠶᠠᠨ ᠤ ᠲᠠᠪᠴᠠᠩ᠂ ᠰᠤᠳᠤᠯᠤᠨ ᠶᠠᠷᠢᠯᠴᠠᠬᠤ᠂ ᠳᠠᠸᠠᠷ ᠤᠨ ᠳᠡᠯᠬᠡᠨ | ᠦᠵᠡᠭᠦᠯᠦᠯᠭᠡ᠂ ᠵᠦᠪᠳᠡᠨ ᠶᠠᠷᠢᠯᠴᠠᠬᠤ᠂ ᠳᠦᠷᠦᠯ ᠵᠦᠢᠯ ᠤᠨ ᠳᠠᠨᠢᠯᠴᠠᠭᠤᠯᠭ᠎ᠠ ᠵᠡᠷᠬᠡ ᠬᠡᠯᠪᠡᠷᠢ ᠪᠠᠷ ᠳᠠᠮᠵᠢᠨ᠂ | ᠳᠤᠮᠳᠠᠳᠤ ᠮᠤᠩᠭᠤᠯ ᠤᠷᠤᠰ ᠤᠨ ᠬᠠᠭᠤᠷᠠᠢ ᠶᠢᠨ ᠱᠤᠭᠤᠮ ᠳᠠᠭᠠᠤ ᠶᠢᠨ ᠭᠠᠵᠠᠷ ᠤᠷᠤᠨ ᠤ ᠬᠤᠭᠤᠷᠤᠨᠳᠤᠬᠢ | ᠬᠠᠮᠳᠤᠷᠠᠯᠴᠠᠭᠠᠨ ᠤ ᠬᠦᠨᠵᠡᠬᠡᠢ ᠬᠦᠭᠵᠢᠯᠳᠡ ᠶᠢ ᠠᠬᠢᠭᠤᠯᠵᠦ᠂ ᠳᠤᠮᠳᠠᠳᠤ ᠮᠤᠩᠭᠤᠯ ᠤᠷᠤᠰ 3 ᠤᠯᠤᠰ ᠤᠨ ᠭᠠᠵᠠᠷ | ᠤᠷᠤᠨ ᠤ ᠬᠤᠭᠤᠷᠤᠨᠳᠤᠬᠢ ᠤᠯᠤᠰ ᠳᠦᠷᠦ᠂ ᠠᠵᠦ ᠠᠬᠤᠢ᠂ ᠰᠤᠶᠤᠯ ᠵᠡᠷᠬᠡ ᠬᠦᠷᠢᠶ᠎ᠡ ᠶᠢᠨ ᠪᠤᠳᠠᠳᠠᠢ ᠶᠢ | ᠡᠷᠬᠢᠮᠯᠡᠭᠰᠡᠨ ᠬᠠᠮᠳᠤᠷᠠᠯᠴᠠᠭ᠎ᠠ ᠶᠢ ᠬᠦᠨᠵᠡᠬᠡᠶᠢᠷᠡᠬᠦᠯᠬᠦ ᠶᠢ ᠵᠤᠷᠢᠬᠰᠠᠨ ᠪᠠᠶᠢᠨ᠎ᠠ᠃ |