ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢᠨ ᠲᠣᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/8/21
     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ 2018 ᠣᠨ ᠤ 8 ᠳ᠋ᠤᠭᠠᠷ ᠰᠠᠷ᠎ᠠ ᠶᠢᠨ 20᠎ ᠤ ᠡᠳᠦᠷ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢᠨ ᠲᠣᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠢ ᠯᠢ ᠬᠤᠸᠠ ᠭᠤᠣᠯ ᠰᠡᠳᠦᠪᠲᠦ ᠮᠡᠳᠡᠭᠡ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠲᠢᠩᠬᠢᠮ ᠤᠨ ᠳᠠᠷᠤᠭ᠎ᠠ ᠪᠠᠶ ᡁᠢ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠵᠧᠩ ᠵᠢᠶᠦ᠋ᠨ᠂ ᠬᠥᠬᠡᠬᠤᠲᠠ ᠲᠡᠮᠦᠷ ᠵᠠᠮ ᠤᠨ ᠲᠣᠪᠴᠢᠶ᠎ᠠ ᠶᠢᠨ ᠳᠡᠳ᠋ ᠳᠠᠷᠤᠭ᠎ᠠ ᠼᠤᠤ ᠶᠦᠨ ᠮᠢᠩ᠂ ᠥᠪᠥᠷ ᠮᠣᠩᠭᠤᠯ ᠤᠨ ᠠᠷᠠᠳ ᠤᠨ ᠠᠭᠠᠷ ᠤᠨ ᠠᠶᠠᠯᠠᠯ ᠤᠨ ᠨᠢᠰᠬᠡᠯ ᠤᠨ ᠪᠠᠭᠤᠳᠠᠯ ᠤᠨ ︵ᠪᠦᠯᠦᠭᠯᠡᠯ︶ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠵᠠᠩ ᠵᠢᠶᠦ᠋ᠨ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠠᠯᠠ ᠣᠷᠣᠭᠤᠯᠤᠯᠲᠠ ︵ᠪᠦᠯᠦᠭᠯᠡᠯ︶᠎ ᠶᠢᠨ ᠺᠣᠮᠫᠠᠨᠢ ᠶᠢᠨ ᠳᠡᠳ᠋ ᠶᠡᠷᠦᠩᠬᠡᠶ ᠵᠠᠬᠢᠷᠤᠯ᠂ ᠲᠢᠶᠠᠨ ᠵᠢᠶᠥᠥ ᠨᠡᠷᠡᠮᠵᠢᠲᠦ ᠠᠭᠠᠷ ᠤᠨ ᠠᠶᠠᠯᠠᠯ ᠤᠨ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠡᠾᠧ ᠢᠦᠢ ᠲᠤᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠤ ᠬᠠᠮᠲᠤ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠶ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠭᠴᠢ᠂ ᠳᠡᠳ᠋ ᠨᠠᠷᠢᠨ ᠪᠢᠴᠢᠭ ᠤᠨ ᠳᠠᠷᠤᠭ᠎ᠠ ᠱᠢ ᠮᠥᠸᠧ ᠬᠤᠷᠠᠯ ᠡᠷᠭᠢᠯᠡᠵᠡᠶ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号