ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠶᠤᠯ ᠥᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠦᠢᠯᠡᠳᠪᠦᠷᠢᠯᠡᠯ ᠤᠨ ᠠᠮᠤᠷ ᠲᠦᠪᠰᠢᠨ ᠠᠳᠡᠯ ᠢ ᠤᠷᠢᠳᠴᠢᠯᠠᠨ | ᠰᠡᠷᠭᠡᠶᠢᠯᠡᠬᠦ ᠪᠠ ᠪᠠᠭᠠᠰᠬᠠᠵᠤ᠂ ᠠᠷᠠᠳ ᠣᠯᠠᠨ ᠤ ᠠᠮᠢ ᠨᠠᠰᠤᠨ ᠤ ᠡᠷᠡᠭᠦᠯ ᠮᠡᠨᠳᠦ ᠪᠠ ᠡᠳ᠋ ᠬᠦᠷᠦᠩᠭᠡ ᠶᠢᠨ ᠠᠮᠤᠷ | ᠲᠦᠪᠰᠢᠨ ᠢ ᠪᠠᠲᠤᠯᠠᠬᠤ ᠶᠢᠨ ᠲᠦᠯᠦᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠶᠢᠷ᠎ᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠶᠤᠯ ᠥᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠭᠠᠯ︾ ︵ᠳᠣᠷᠣᠭᠰᠢ ︽ᠲᠣᠭᠲᠠᠭᠠᠯ︾ ᠭᠡᠵᠦ ᠲᠣᠪᠴᠢᠯᠠᠨ᠎ᠠ︶ ᠢ | ᠳᠠᠷᠤᠮᠠᠯᠯᠠᠨ ᠲᠠᠷᠬᠠᠭᠠᠪᠠ᠃ | ︽ᠲᠣᠭᠲᠠᠭᠠᠯ︾ ᠳᠤ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠢ ᠠᠶᠤᠯ ᠦᠭᠡᠢ ᠦᠢᠯᠡᠳᠪᠦᠷᠢᠯᠡᠯ ᠤᠨ | ᠬᠠᠮᠢᠶᠠᠷᠤᠯᠲᠠ ᠶᠢ ᠦᠷᠭᠦᠯᠵᠢᠯᠡᠨ ᠰᠠᠶᠢᠵᠢᠷᠠᠭᠤᠯᠵᠤ᠂ ᠲᠡᠷᠢᠭᠦᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠ ᠠᠷᠭ᠎ᠠ | ᠪᠠᠷᠢᠯ ᠢ ᠬᠡᠷᠡᠭᠯᠡᠨ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠲᠠᠰ ᠬᠤᠪᠢᠶᠠᠨ ᠬᠠᠮᠢᠶᠠᠷᠤᠨ ᠡᠵᠡᠮᠳᠡᠬᠦ ᠪᠠ | ᠳᠠᠯᠳᠠ ᠬᠡᠮ ᠢ ᠪᠠᠶᠢᠴᠠᠭᠠᠨ ᠵᠠᠰᠠᠬᠤ ᠬᠤᠤᠰ ᠰᠡᠷᠭᠡᠶᠢᠯᠡᠯᠲᠡ ᠶᠢᠨ ᠲᠣᠭᠲᠠᠴᠠ ᠶᠢ ᠪᠠᠶᠢᠭᠤᠯᠵᠤ᠂ ᠡᠯ᠎ᠡ ᠵᠦᠢᠯ ᠤᠨ | ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ | ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠬᠠᠮᠲᠤ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠳᠡᠰ | ᠳᠡᠪᠰᠢᠬᠦ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ ᠲᠤᠨᠤᠭᠯᠠᠯ ᠤᠨ ᠠᠮᠤᠷ ᠲᠦᠪᠰᠢᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠵᠠᠢ᠃ | ︽ᠲᠣᠭᠲᠠᠭᠠᠯ︾ ᠳᠤ ᠲᠤᠳᠤᠷᠬᠠᠢ ᠳᠤᠷᠠᠳᠤᠭᠰᠠᠨ ᠨᠢ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠢ | ᠦᠢᠯᠡᠳᠪᠦᠷᠢᠯᠡᠯ ᠤᠨ ᠠᠮᠤᠷ ᠲᠦᠪᠰᠢᠨ ᠠᠳᠡᠯ ᠢ ᠮᠡᠳᠡᠭᠦᠯᠬᠦ᠂ ᠪᠠᠶᠢᠴᠠᠭᠠᠨ ᠰᠢᠶᠳᠪᠦᠷᠢᠯᠡᠬᠦ ᠪᠠ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ ᠠᠵᠢᠯ ᠢ ᠬᠠᠤᠯᠢ ᠶᠣᠰᠣᠭᠠᠷ ᠰᠠᠶᠢᠲᠤᠷ ᠬᠢᠬᠦ ᠬᠡᠷᠡᠭᠲᠡᠢ᠂ ᠡᠭᠦᠨ ᠳᠤ ᠠᠶᠤᠯ ᠦᠭᠡᠢ | ᠦᠢᠯᠡᠳᠪᠦᠷᠢᠯᠡᠯ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠦᠷᠢᠨ ᠲᠡᠭᠦᠯᠳᠡᠷ | ᠬᠡᠷᠡᠭᠯᠡᠵᠦ ᠪᠤᠯᠬᠤ ᠤᠷᠢᠳᠴᠢᠯᠠᠭᠰᠠᠨ ᠲᠥᠰᠦᠯ ᠢ ᠨᠠᠶᠢᠷᠠᠭᠤᠯᠤᠨ ᠵᠤᠬᠢᠶᠠᠵᠤ᠂ ᠲᠣᠭᠲᠠᠭᠠᠭᠰᠠᠨ ᠮᠡᠳᠡᠭᠦᠯᠬᠦ | ᠬᠤᠭᠤᠴᠠᠭ᠎ᠠ᠂ ᠠᠭᠤᠯᠭ᠎ᠠ᠂ ᠠᠷᠭ᠎ᠠ ᠬᠡᠯᠪᠡᠷᠢ ᠵᠡᠷᠭᠡ ᠱᠠᠭᠠᠷᠳᠠᠯᠭ᠎ᠠ ᠶᠣᠰᠣᠭᠠᠷ᠂ ᠠᠳᠡᠯ ᠢ ᠴᠠᠭ ᠲᠤᠬᠠᠢ ᠳᠤ ᠨᠢ᠂ | ᠪᠦᠷᠢᠨ ᠭᠦᠢᠴᠡᠳ᠂ ᠪᠤᠰᠤᠳᠴᠢ ᠪᠠᠷ ᠮᠡᠳᠡᠭᠦᠯᠬᠦ ᠬᠡᠷᠡᠭᠲᠡᠢ᠂ ᠪᠠᠶᠢᠳᠠᠯ ᠢ ᠮᠡᠳᠡᠭᠦᠯᠬᠦ ᠦᠭᠡᠢ ᠨᠢᠭᠤᠬᠤ᠂ ᠬᠤᠳᠠᠯ ᠢᠶᠠᠷ | ᠮᠡᠳᠡᠭᠦᠯᠬᠦ᠂ ᠤᠳᠠᠭᠠᠰᠢᠷᠠᠭᠤᠯᠤᠨ ᠮᠡᠳᠡᠭᠦᠯᠵᠦ ᠪᠣᠯᠬᠤ ᠦᠭᠡᠢ᠃ ᠬᠡᠷᠪᠡ ︽ᠲᠣᠭᠲᠠᠭᠠᠯ︾ ᠢ ᠵᠦᠷᠢᠴᠡᠭᠰᠡᠨ᠂ | ᠠᠶᠤᠯ ᠦᠭᠡᠢ ᠦᠢᠯᠡᠳᠪᠦᠷᠢᠯᠡᠯ ᠤᠨ ᠲᠠᠯ᠎ᠠ ᠪᠠᠷ ᠬᠠᠤᠯᠢ ᠶᠢ ᠬᠦᠨᠳᠦ ᠨᠤᠴᠢᠲᠠᠢ ᠵᠥᠷᠢᠴᠡᠭᠰᠡᠨ ᠠᠵᠢᠯᠯᠠᠭ᠎ᠠ ᠲᠠᠢ | ᠪᠠᠶᠢᠪᠠᠯ᠂ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠲᠠᠢ | ᠰᠠᠯᠠᠭ᠎ᠠ ᠮᠥᠴᠢᠷ ᠨᠢ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠲᠠᠢ ᠪᠣᠯᠵᠣᠨ | ᠶᠠᠷᠢᠯᠴᠠᠬᠤ ᠪᠤᠶᠤ᠂ ᠴᠢᠬᠤᠯᠠ ᠲᠠᠢ ᠦᠶ᠎ᠡ ᠳᠤ ᠰᠣᠨᠢᠨ ᠮᠡᠳᠡᠭᠡᠨ ᠤ ᠵᠠᠭᠤᠴᠢᠯᠠᠭᠤᠷ ᠢ ᠤᠷᠢᠨ ᠤᠷᠤᠯᠴᠠᠭᠤᠯᠵᠤ | ᠪᠤᠯᠤᠨ᠎ᠠ᠃ ᠡᠭᠦᠨ ᠠᠴᠠ ᠭᠠᠳᠠᠨ᠎ᠠ᠂ ᠠᠶᠤᠯ ᠦᠭᠡᠢ ᠦᠢᠯᠡᠳᠪᠦᠷᠢᠯᠡᠯ ᠤᠨ ᠠᠰᠠᠭᠤᠳᠠᠯ ᠭᠠᠷᠭᠠᠭᠠᠳ 1 ᠵᠢᠯ ᠤᠨ | ᠳᠣᠲᠣᠷ᠎ᠠ 2 ᠤᠳᠠᠭ᠎ᠠ ᠠᠴᠠ ᠳᠡᠭᠡᠭᠰᠢ ︵2 ᠤᠳᠠᠭ᠎ᠠ ᠪᠠᠭᠲᠠᠨ᠎ᠠ︶ ᠬᠦᠨᠳᠦ ᠶᠡᠭᠡ ᠵᠠᠰᠠᠭ ᠵᠠᠬᠢᠷᠭᠠᠨ ᠤ ᠰᠢᠢᠳᠬᠡᠯ | ᠲᠣᠷᠭᠠᠭᠤᠯᠢ ᠤᠯᠤᠭᠰᠠᠨ ᠵᠡᠷᠭᠡ ᠲᠠᠪᠤᠨ ᠵᠦᠢᠯ ᠤᠨ ᠪᠠᠶᠢᠳᠠᠯ ᠲᠠᠢ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢ᠂ | ᠬᠢᠨᠠᠨ ᠬᠠᠷᠭᠤᠭᠤᠯᠬᠤ ᠳᠡᠰ ᠳᠠᠷᠠᠭᠠᠯᠠᠯ ᠤᠨ ᠶᠤᠰᠤᠭᠠᠷ ᠥᠪᠡᠷᠲᠡᠭᠡᠨ ᠵᠠᠰᠠᠬᠤ ᠣᠷᠣᠨ ᠤ ᠳᠡᠰ ᠤᠨ ᠬᠠᠮᠲᠤᠷᠠᠨ | ᠵᠠᠯᠬᠠᠭᠠᠯ ᠦᠵᠡᠭᠦᠯᠬᠦ ︽ᠨᠡᠷ᠎ᠡ ᠶᠢᠨ ᠬᠠᠷ᠎ᠠ ᠳᠠᠩᠰᠠ︾ ᠳᠤ ᠤᠷᠤᠭᠤᠯᠬᠤ ᠬᠡᠷᠡᠭᠲᠡᠢ᠃ ︽ᠨᠡᠷ᠎ᠡ ᠶᠢᠨ ᠬᠠᠷ᠎ᠠ ᠳᠠᠩᠰᠠ | ︾ ᠳᠤ ᠤᠷᠤᠭᠰᠠᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢ ᠪᠤᠯ ᠭᠤᠣᠯᠳᠠᠯᠭ᠎ᠠ ᠲᠠᠢ ᠬᠢᠨᠠᠨ ᠬᠠᠮᠢᠶᠠᠷᠴᠤ᠂ | ᠵᠠᠬ᠎ᠠ ᠳᠡᠯᠭᠡᠭᠦᠷ ᠪᠠ ᠠᠵᠢᠯ ᠲᠥᠷᠥᠯ ᠤᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ᠂ ᠰᠢᠨ᠎ᠡ ᠪᠠᠷ ᠨᠡᠮᠡᠭᠳᠡᠭᠰᠡᠨ | ᠲᠥᠷᠥᠯ ᠵᠦᠢᠯ ᠢ ᠬᠢᠨᠠᠨ ᠵᠥᠪᠰᠢᠶᠡᠷᠡᠵᠦ ᠬᠢᠨᠠᠨ ᠮᠠᠭᠠᠳᠯᠠᠬᠤ᠂ ᠵᠠᠰᠠᠭ ᠤᠨ ᠣᠷᠳᠣᠨ ᠤ ᠴᠢᠨᠠᠷᠲᠠᠶ ᠰᠠᠭᠤᠷᠢ | ᠮᠥᠩᠭᠦ ᠶᠢᠨ ᠲᠦᠷᠦᠯ ᠵᠦᠢᠯ ᠢ ᠭᠤᠶᠤᠴᠢᠯᠠᠬᠤ᠂ ᠬᠤᠯᠪᠣᠭᠳᠠᠯ ᠪᠦᠬᠦᠢ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠰᠤᠯᠢᠯᠴᠠᠭ᠎ᠠ ᠶᠢᠨ ᠠᠵᠢᠯᠯᠠᠭ᠎ᠠ ᠳᠤ ᠣᠷᠣᠯᠴᠠᠬᠤ ᠵᠡᠷᠭᠡ ᠲᠠᠯ᠎ᠠ ᠪᠠᠷ ᠬᠠᠤᠯᠢ ᠶᠣᠰᠣᠭᠠᠷ ᠬᠢᠵᠠᠭᠠᠷᠯᠠᠬᠤ | ᠪᠤᠶᠤ ᠴᠠᠭᠠᠵᠠᠯᠠᠬᠤ ᠬᠡᠷᠡᠭᠲᠡᠶ ᠭᠡᠵᠡᠢ᠃ |