ᠥᠪᠥᠷ ᠮᠣᠩᠭᠤᠯ ᠤᠨ ᠭᠤᠷᠪᠠᠳᠤᠭᠠᠷ ᠬᠤᠭᠤᠴᠠᠭᠠᠨ ᠤ ᠠᠮᠤ ᠪᠤᠳᠠᠭᠠᠨ ᠤ ᠦᠢᠯᠡᠳᠪᠦᠷᠢᠯᠡᠯ | ᠪᠣᠷᠣᠯᠠᠭᠤᠯᠭ᠎ᠠ ᠶᠢᠨ ᠬᠠᠮᠵᠢᠯᠴᠠᠭᠠᠨ ᠤ ᠵᠥᠪᠳᠡᠯᠴᠡᠭᠡᠷ ᠤᠨ ᠬᠤᠷᠠᠯ ᠤᠨ ᠲᠤᠭ᠎ᠠ ᠪᠠᠷᠢᠮᠲᠠ ᠠᠴᠠ ᠦᠵᠡᠪᠡᠯ᠂ ᠥᠪᠥᠷ | ᠮᠣᠩᠭᠤᠯ ᠤᠨ ᠡᠯ᠎ᠡ ᠠᠵᠤ ᠠᠬᠤᠶᠢᠯᠠᠯ ᠤᠳ ᠭᠠᠳᠠᠷ ᠣᠷᠣᠨ ᠤ 50 ᠭᠠᠷᠤᠶ ᠠᠵᠤ ᠠᠬᠤᠶᠢᠯᠠᠯ ᠯᠤᠭ᠎ᠠ ᠠᠮᠤ | ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ 60 ᠵᠥᠪᠳᠡᠯᠴᠡᠭᠡᠷ ᠲᠣᠭᠲᠠᠵᠤ᠂ ᠨᠡᠶᠢᠳᠠ 570 ᠰᠢᠬᠠᠮ | ᠲᠦᠮᠡᠨ ᠲᠣᠨ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠰᠠᠨᠠᠮᠵᠢ ᠪᠣᠯᠵᠣᠵᠣ᠂ ᠵᠥᠪᠳᠡᠯᠴᠡᠭᠡᠷ ᠤᠨ | ᠶᠡᠷᠦᠩᠬᠡᠶ ᠵᠣᠭᠤᠰ ᠤᠨ ᠲᠤᠭ᠎ᠠ ᠨᠢ 130 ᠰᠢᠬᠠᠮ ᠳ᠋ᠦᠩᠰᠢᠭᠤᠷ ᠲᠥᠭᠦᠷᠢᠭ ᠬᠦᠷᠦᠭᠰᠡᠨ ᠪᠠᠶᠢᠨ᠎ᠠ᠃ | ᠥᠪᠥᠷ ᠮᠣᠩᠭᠤᠯ ᠤᠨ ᠭᠤᠷᠪᠠᠳᠤᠭᠠᠷ ᠬᠤᠭᠤᠴᠠᠭᠠᠨ ᠤ ᠠᠮᠤ ᠪᠤᠳᠠᠭᠠᠨ ᠤ ᠦᠢᠯᠡᠳᠪᠦᠷᠢᠯᠡᠯ | ᠪᠣᠷᠣᠯᠠᠭᠤᠯᠭ᠎ᠠ ᠶᠢᠨ ᠬᠠᠮᠵᠢᠯᠴᠠᠭᠠᠨ ᠤ ᠵᠥᠪᠳᠡᠯᠴᠡᠭᠡᠷ ᠤᠨ ᠬᠤᠷᠠᠯ ᠨᠢ 8 ᠳ᠋ᠤᠭᠠᠷ ᠰᠠᠷ᠎ᠠ ᠶᠢᠨ 18 ᠤ ᠡᠳᠦᠷ ᠠᠴᠠ | 20 ᠤ ᠡᠳᠦᠷ ᠪᠣᠯᠲᠠᠯ᠎ᠠ ᠶᠠᠪᠤᠭᠳᠠᠵᠤ᠂ ᠪᠥᠬᠦ ᠤᠯᠤᠰ ᠤᠨ 30 ᠮᠤᠵᠢ ︵ᠣᠷᠣᠨ᠂ ᠬᠤᠲᠠ︶ ᠶᠢᠨ ᠠᠮᠤ | ᠪᠤᠳᠠᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠠᠵᠤ ᠠᠬᠤᠶᠢᠯᠠᠯ ᠵᠡᠷᠭᠡ ᠬᠠᠮᠢᠶ᠎ᠠ ᠪᠦᠬᠦᠢ | ᠨᠢᠭᠡᠴᠢ ᠶᠢᠨ ᠲᠥᠯᠥᠭᠡᠯᠡᠭᠴᠢ ᠬᠤᠷᠠᠯ ᠳᠤ ᠣᠷᠣᠯᠴᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | 14 ᠠᠶᠢᠮᠠᠭ ᠬᠤᠳᠠ ᠶᠢᠨ ᠠᠮᠤ ᠪᠤᠳᠠᠭᠠᠨ ᠤ ᠰᠠᠯᠠᠭ᠎ᠠ ᠮᠥᠴᠢᠷ᠂ 150 ᠭᠠᠷᠤᠶ ᠠᠵᠤ ᠠᠬᠤᠶᠢᠯᠠᠯ ᠤᠨ | ᠲᠥᠯᠥᠭᠡᠯᠡᠭᠴᠢᠳ ᠲᠠᠢ ᠠᠷᠠᠯᠵᠢᠶᠠᠨ ᠤ ᠵᠥᠪᠳᠡᠯᠴᠡᠭᠡᠷ᠂ ᠲᠦᠷᠦᠯ ᠵᠦᠢᠯ ᠤᠨ ᠵᠣᠯᠭᠠᠭᠤᠯᠤᠯᠲᠠ ᠬᠢᠭᠰᠡᠨ ᠪᠠ | ᠰᠠᠨᠠᠯ ᠢᠶᠠᠨ ᠰᠣᠯᠢᠯᠴᠠᠪᠠ᠃ ᠡᠭᠦᠨ ᠳᠤ᠂ ᠳᠤᠮᠳᠠᠳᠤ ᠤᠯᠤᠰ ᠤᠨ ᠠᠮᠤ ᠪᠤᠳᠠᠭᠠᠨ ᠤ ᠠᠷᠠᠯᠵᠢᠶᠠᠨ ᠤ ᠥᠪᠥᠷ | ᠮᠣᠩᠭᠤᠯ ᠤᠨ ᠬᠢᠵᠠᠭᠠᠷᠲᠤ ᠺᠣᠮᠫᠠᠨᠢ ᠨᠢ ᠥᠪᠥᠷ ᠮᠣᠩᠭᠤᠯ ᠤᠨ ᠰᠢᠨ᠎ᠡ ᠠᠮᠤ ᠪᠤᠳᠠᠭ᠎ᠠ ᠶᠢ ᠬᠤᠳᠠᠯᠳᠤᠨ ᠠᠪᠬᠤ | ᠪᠦᠭᠡᠳ ᠣᠷᠣᠨ ᠤ ᠭᠠᠳᠠᠨ᠎ᠠ 150 ᠲᠦᠮᠡᠨ ᠲᠣᠨ ᠠᠴᠠ ᠳᠡᠭᠡᠭᠰᠢ ᠪᠣᠷᠣᠯᠠᠭᠤᠯᠬᠤ ᠪᠠᠷ ᠠᠩᠬ᠎ᠠ ᠠᠯᠬᠤᠮ | ᠲᠣᠭᠲᠠᠪᠠ᠃ ᠣᠶᠢᠯᠠᠭᠠᠭᠰᠠᠨ ᠢᠶᠠᠷ᠂ ᠲᠣᠰ ᠤᠳᠠᠭᠠᠨ ᠤ ᠶᠡᠭᠡ ᠬᠤᠷᠠᠯ ᠨᠢ ᠳᠤᠮᠳᠠᠳᠤ ᠤᠯᠤᠰ ᠤᠨ ᠠᠮᠤ | ᠪᠤᠳᠠᠭᠠᠨ ᠤ ᠰᠣᠯᠢᠯᠴᠠᠭ᠎ᠠ ᠶᠢᠨ ᠶᠡᠭᠡ ᠬᠤᠷᠠᠯ ᠤᠨ ᠲᠠᠪᠴᠠᠩ ᠳᠡᠭᠡᠷ᠎ᠡ ᠥᠪᠥᠷ ᠮᠣᠩᠭᠤᠯ ᠤᠨ ᠴᠢᠨᠠᠷ ᠰᠠᠶᠢᠲᠠᠶ ᠠᠮᠤ | ᠲᠣᠰᠣᠨ ᠤ ᠪᠦᠲᠦᠬᠡᠭᠳᠡᠬᠦᠨ ᠢ ᠠᠩᠬ᠎ᠠ ᠤᠳᠠᠭ᠎ᠠ ᠪᠦᠬᠦ ᠲᠠᠯ᠎ᠠ ᠪᠠᠷ ᠲᠠᠨᠢᠯᠴᠠᠭᠤᠯᠤᠭᠰᠠᠨ ᠪᠦᠭᠡᠳ ᠪᠦᠬᠦ ᠲᠠᠯ᠎ᠠ ᠶᠢᠨ | ᠠᠷᠠᠯᠵᠢᠶᠠᠨ ᠤ ᠵᠥᠪᠳᠡᠯᠴᠡᠭᠡ ᠪᠣᠯᠣᠨ ᠲᠦᠷᠦᠯ ᠵᠦᠢᠯ ᠤᠨ ᠵᠣᠯᠭᠠᠭᠤᠯᠤᠯᠲᠠ ᠬᠢᠵᠦ᠂ ᠪᠥᠬᠦ ᠤᠯᠤᠰ ᠤᠨ ᠠᠮᠤ | ᠪᠤᠳᠠᠭᠠᠨ ᠤ ᠠᠵᠤ ᠠᠬᠤᠶᠢᠯᠠᠯ ᠪᠣᠯᠣᠨ ᠬᠡᠷᠡᠭᠯᠡᠭᠴᠢᠳ ᠲᠤ ᠥᠪᠥᠷ ᠮᠣᠩᠭᠤᠯ ᠤᠨ ᠴᠢᠨᠠᠷ ᠰᠠᠶᠢᠲᠠᠶ ᠠᠮᠤ ᠲᠣᠰᠣ ᠶᠢ | ᠨᠡᠩ ᠰᠠᠶᠢᠨ ᠣᠶᠢᠯᠠᠭᠠᠭᠤᠯᠵᠠᠢ᠃ | |