ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠬᠤᠷᠠᠯ ᠬᠢᠵᠦ ᠠᠮᠢ ᠠᠬᠤᠢ ᠶᠢᠨ ᠬᠠᠮᠠᠭᠠᠯᠠᠯᠳᠠ ᠶᠢᠨ ᠤᠯᠠᠭᠠᠨ ᠱᠤᠭᠤᠮ ᠢ ᠲᠤᠬᠳᠠᠭᠠᠬᠤ ᠠᠵᠢᠯ ᠢ ᠰᠤᠳᠤᠯᠵᠠᠢ
ᠨᠡᠶᠢᠲᠡᠯᠡᠭᠰᠡᠨ ᠴᠠᠭ᠄
2018/8/22
     8 ᠳ᠋ᠤᠭᠠᠷ ᠰᠠᠷ᠎ᠠ ᠶᠢᠨ 20᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠬᠠᠤ ᠤᠷᠤᠨ ᠤ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠲᠦᠷᠪᠡᠳᠦᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠠᠮᠢ ᠠᠬᠤᠢ ᠶᠢᠨ ᠬᠠᠮᠠᠭᠠᠯᠠᠯᠳᠠ ᠶᠢᠨ ᠤᠯᠠᠭᠠᠨ ᠱᠤᠭᠤᠮ ᠢ ᠲᠤᠬᠳᠠᠭᠠᠬᠤ ᠠᠵᠢᠯ ᠢ ᠲᠤᠰᠬᠠᠢ ᠰᠡᠳᠦᠪ ᠢᠶᠠᠷ ᠰᠤᠳᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠠᠮᠢ ᠠᠬᠤᠢ ᠶᠢᠨ ᠬᠠᠮᠠᠭᠠᠯᠠᠯᠳᠠ ᠶᠢᠨ ᠤᠯᠠᠭᠠᠨ ᠱᠤᠭᠤᠮ ᠢ ᠲᠤᠬᠳᠠᠭᠠᠬᠤ ᠪᠤᠯ ᠨᠠᠮ ᠤᠨ ᠲᠦᠪ ᠬᠤᠷᠢᠶ᠎ᠠ ᠠᠴᠠ ᠳᠤᠷᠠᠳᠤᠭᠰᠠᠨ ᠴᠢᠬᠤᠯᠠ ᠶᠡᠭᠡ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠪᠤᠯᠤᠨ᠎ᠠ᠂ ᠭᠤᠤᠯ ᠴᠤᠬᠴᠠ ᠶᠢᠨ ᠴᠢᠳᠠᠪᠬᠢᠳᠦ ᠤᠷᠤᠨ ᠤ ᠲᠦᠷᠢᠮ ᠢ ᠲᠤᠭᠤᠰᠢᠯᠠᠭᠤᠯᠤᠨ ᠨᠡᠶᠢᠳᠡᠪᠦᠷᠢᠵᠢᠭᠤᠯᠬᠤ ᠪᠠ ᠠᠮᠢ ᠠᠬᠤᠢ ᠶᠢᠨ ᠤᠷᠤᠨ ᠵᠠᠢ ᠶᠢᠨ ᠬᠡᠷᠡᠭᠯᠡᠭᠡᠨ ᠤ ᠡᠵᠡᠮᠰᠢᠯ ᠢ ᠬᠡᠷᠡᠭᠵᠢᠭᠦᠯᠭᠦ ᠴᠢᠬᠤᠯᠠ ᠠᠷᠭ᠎ᠠ ᠬᠡᠮᠵᠢᠶ᠎ᠡ ᠪᠤᠯᠤᠨ᠎ᠠ᠃ ᠮᠠᠨ ᠤ ᠤᠷᠤᠨ ᠤ ᠠᠮᠢ ᠠᠬᠤᠢ ᠶᠢᠨ ᠪᠠᠶᠢᠷᠢ ᠰᠠᠭᠤᠷᠢ ᠲᠦᠢᠯ ᠤᠨ ᠴᠢᠬᠤᠯᠠ ᠶᠤᠮ᠂ ᠦᠪᠦᠷ ᠮᠤᠩᠭᠤᠯ ᠢ ᠮᠠᠨ ᠤ ᠤᠯᠤᠰ ᠤᠨ ᠤᠮᠠᠷᠠᠳᠦ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠤᠯᠭᠠᠨ ᠪᠦᠳᠦᠭᠡᠨ ᠪᠠᠶᠢᠭᠤᠯᠬᠤ ᠨᠢ ᠨᠠᠮ ᠤᠨ ᠲᠦᠪ ᠬᠤᠷᠢᠶ᠎ᠠ ᠠᠴᠠ ᠪᠢᠳᠡᠨ ᠳᠤ ᠲᠠᠯᠪᠢᠬᠰᠠᠨ ᠱᠠᠭᠠᠷᠳᠠᠯᠭ᠎ᠠ ᠪᠤᠯᠬᠤ ᠪᠦᠭᠡᠳ ᠪᠢᠳᠡᠨ ᠤ ᠡᠷᠬᠡᠪᠰᠢ ᠤᠬᠠᠮᠰᠠᠷ ᠠᠴᠠ ᠪᠠᠨ ᠡᠭᠦᠷᠭᠡᠯᠡᠭᠦ ᠴᠢᠬᠤᠯᠠ ᠶᠡᠭᠡ ᠬᠠᠷᠢᠭᠤᠴᠠᠯᠭ᠎ᠠ ᠪᠤᠯᠤᠨ᠎ᠠ᠃ ᠪᠢᠳᠡ ᠠᠮᠢ ᠠᠬᠤᠢ ᠶᠢᠨ ᠬᠠᠮᠠᠭᠠᠯᠠᠯᠳᠠ ᠶᠢᠨ ᠤᠯᠠᠭᠠᠨ ᠱᠤᠭᠤᠮ ᠢ ᠲᠤᠬᠳᠠᠭᠠᠬᠤ ᠠᠵᠢᠯ ᠢ ᠲᠡᠭᠡᠳᠦ ᠬᠡᠮᠵᠢᠶ᠎ᠠ ᠪᠠᠷ ᠴᠢᠬᠤᠯᠠᠴᠢᠯᠠᠬᠤ ᠬᠡᠷᠡᠭᠳᠡᠢ᠂ ᠡᠨᠡ ᠨᠢ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠲᠠᠢ ᠬᠤᠯᠪᠤᠬᠳᠠᠵᠤ ᠪᠠᠶᠢᠬᠤ ᠪᠦᠭᠡᠳ ᠦᠪᠡᠷᠳᠡᠭᠡᠨ ᠵᠠᠰᠠᠬᠤ ᠤᠷᠤᠨ ᠤ ᠬᠦᠭᠵᠢᠯᠳᠡ ᠶᠢᠨ ᠪᠦᠬᠦ ᠲᠠᠯ᠎ᠠ ᠲᠠᠢ ᠬᠤᠯᠪᠤᠬᠳᠠᠵᠤ ᠪᠠᠶᠢᠬᠤ ᠶᠡᠭᠡ ᠶᠠᠪᠤᠳᠠᠯ ᠪᠤᠯᠤᠨ᠎ᠠ᠃ ᠬᠠᠮᠠᠭᠠᠯᠠᠬᠤ ᠪᠠ ᠬᠦᠭᠵᠢᠭᠦᠯᠭᠦ ᠶᠢᠨ ᠬᠠᠷᠢᠴᠠᠭ᠎ᠠ ᠶᠢ ᠵᠥᠪ ᠲᠠᠨᠢᠵᠤ᠂ ᠰᠢᠨ᠎ᠠ ᠬᠦᠭᠵᠢᠯᠳᠡ ᠶᠢᠨ ᠣᠨᠣᠯᠵᠢᠬᠤᠨ ᠢ ᠤᠬᠠᠮᠰᠠᠷ ᠠᠴᠠ ᠪᠠᠨ ᠦᠢᠯᠡᠳᠦᠯᠭᠡᠵᠢᠭᠦᠯᠦᠨ᠂ ᠵᠦᠪ ᠠᠵᠢᠯ ᠤᠨ ᠠᠮᠵᠢᠯᠳᠠ ᠶᠢᠨ ᠦᠵᠡᠯᠳᠡ᠂ ᠬᠦᠭᠵᠢᠯᠳᠡ ᠶᠢᠨ ᠦᠵᠡᠯᠳᠡ ᠶᠢ ᠪᠤᠢ ᠪᠤᠯᠭᠠᠵᠤ᠂ ᠠᠯᠤᠰ ᠢ ᠬᠠᠷᠠᠵᠤ᠂ ᠶᠡᠭᠡ ᠲᠠᠯ᠎ᠠ ᠶᠢ ᠬᠠᠷᠠᠵᠤ᠂ ᠠᠮᠢ ᠠᠬᠤᠢ ᠶᠢᠨ ᠬᠠᠮᠠᠭᠠᠯᠠᠯᠳᠠ ᠶᠢᠨ ᠤᠯᠠᠭᠠᠨ ᠱᠤᠭᠤᠮ ᠳᠤ ᠪᠠᠭᠳᠠᠭᠠᠨ ᠤᠷᠤᠭᠤᠯᠬᠤ ᠴᠢᠬᠤᠯᠠᠳᠠᠢ ᠤᠷᠤᠨ ᠪᠦᠰᠡ ᠶᠢ ᠤᠷᠤᠭᠤᠯᠤᠨ ᠬᠠᠮᠠᠭᠠᠯᠠᠬᠤ ᠬᠡᠷᠡᠭᠳᠡᠢ᠃ ᠬᠦᠬᠡᠮᠳᠦᠭ ᠨᠤᠭᠤᠭᠠᠨ ᠠᠭᠤᠯᠠ ᠤᠰᠤ ᠪᠤᠯ ᠠᠯᠳᠠ ᠮᠦᠩᠭᠦᠨ ᠠᠭᠤᠯᠠ ᠤᠰᠤ ᠬᠡᠭᠦ ᠣᠨᠣᠯᠵᠢᠬᠤᠨ ᠢ ᠪᠠᠷᠢᠮᠳᠠᠯᠠᠨ᠂ ᠦᠨᠡᠡ ᠠᠴᠠ ᠵᠦᠪ ᠢ ᠡᠷᠢᠭᠦ ᠶᠢ ᠪᠠᠷᠢᠮᠳᠠᠯᠠᠵᠤ᠂ ᠪᠠᠶᠢᠭᠠᠯᠢ ᠶᠢᠨ ᠠᠮᠢ ᠠᠬᠤᠢ ᠶᠢᠨ ᠪᠦᠬᠦᠯᠢ ᠴᠤᠬᠴᠠᠳᠤ ᠴᠢᠨᠠᠷ ᠪᠤᠯᠤᠨ ᠰᠢᠰᠲ᠋ᠧᠮᠲᠤ ᠴᠢᠨᠠᠷ ᠢ ᠨᠢᠭᠡᠳᠦᠯᠳᠡᠢ ᠲᠦᠯᠦᠪᠵᠢᠭᠦᠯᠦᠨ ᠪᠤᠳᠤᠯᠬᠢᠯᠠᠵᠤ᠂ ᠠᠵᠢᠯ ᠢᠶᠠᠨ ᠨᠠᠷᠢᠨ ᠪᠤᠳᠠᠳᠠᠢ ᠨᠠᠷᠢᠯᠢᠭ ᠤᠨᠤᠪᠴᠢᠳᠠᠢ ᠬᠢᠵᠤ᠂ ᠲᠦᠪ ᠤᠨ ᠱᠠᠭᠠᠷᠳᠠᠯᠭ᠎ᠠ ᠶᠤᠰᠤᠭᠠᠷ ᠠᠮᠢ ᠠᠬᠤᠢ ᠶᠢᠨ ᠬᠠᠮᠠᠭᠠᠯᠠᠯᠳᠠ ᠶᠢᠨ ᠤᠯᠠᠭᠠᠨ ᠱᠤᠭᠤᠮ ᠢ ᠲᠤᠬᠳᠠᠭᠠᠬᠤ ᠠᠵᠢᠯ ᠢ ᠴᠢᠨᠠᠷ ᠰᠠᠶᠢᠳᠠᠢ ᠪᠡᠶᠡᠯᠡᠭᠦᠯᠭᠦ ᠶᠢ ᠪᠠᠳᠤᠯᠠᠬᠤ ᠬᠡᠷᠡᠭᠳᠡᠢ ᠬᠡᠪᠠ᠃      ᠬᠤᠷᠠᠯ ᠠᠴᠠ ᠱᠠᠭᠠᠷᠳᠠᠭᠰᠠᠨ ᠨᠢ᠂ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠤᠨ ᠨᠡᠶᠢᠳᠡᠪᠦᠷᠢᠵᠢᠭᠤᠯᠵᠤ᠂ ᠤᠯᠤᠰ ᠲᠦᠷᠦ ᠶᠢᠨ ᠵᠤᠬᠰᠤᠴᠠ ᠪᠠᠨ ᠲᠡᠭᠡᠭᠰᠢᠯᠡᠭᠦᠯᠦᠨ᠂ ᠦᠵᠡᠯ ᠰᠠᠨᠠᠭ᠎ᠠ ᠪᠠ ᠠᠵᠢᠯᠯᠠᠭ᠎ᠠ ᠪᠠᠨ ᠲᠦᠪ ᠤᠨ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠲᠠᠢ ᠨᠢᠭᠡᠳᠦᠯᠳᠡᠢ ᠪᠠᠶᠢᠯᠭᠠᠵᠤ᠂ ᠨᠠᠮ᠂ ᠤᠯᠤᠰ᠂ ᠬᠤᠶᠢᠴᠢ ᠦᠶ᠎ᠠ ᠳᠡᠭᠡᠨ ᠲᠡᠭᠡᠳᠦ ᠬᠡᠮᠵᠢᠶ᠎ᠠ ᠪᠠᠷ ᠬᠠᠷᠢᠭᠤᠴᠠᠬᠤ ᠵᠤᠷᠢᠭ ᠰᠠᠨᠠᠭ᠎ᠠ ᠪᠠᠷ ᠠᠮᠢ ᠠᠬᠤᠢ ᠶᠢᠨ ᠬᠠᠮᠠᠭᠠᠯᠠᠯᠳᠠ ᠶᠢᠨ ᠤᠯᠠᠭᠠᠨ ᠱᠤᠭᠤᠮ ᠢ ᠲᠤᠬᠳᠠᠭᠠᠬᠤ ᠲᠦᠰᠦᠯ ᠢ ᠰᠠᠶᠢᠳᠤᠷ ᠨᠠᠶᠢᠷᠠᠭᠤᠯᠵᠤ᠂ ᠠᠮᠢ ᠠᠬᠤᠢ ᠶᠢᠨ ᠬᠠᠮᠠᠭᠠᠯᠠᠯᠳᠠ ᠶᠢᠨ ᠤᠯᠠᠭᠠᠨ ᠱᠤᠭᠤᠮ ᠢ ᠲᠤᠬᠳᠠᠭᠠᠬᠤ ᠠᠵᠢᠯ ᠲᠡᠤᠭᠡ ᠶᠢᠨ ᠰᠢᠯᠭᠠᠯᠳᠠ᠂ ᠦᠢᠯᠡᠳᠦᠯᠭᠡ ᠪᠠ ᠠᠷᠠᠳ ᠲᠦᠮᠡᠨ ᠤ ᠰᠢᠯᠭᠠᠯᠳᠠ ᠶᠢ ᠬᠦᠯᠢᠶᠡᠵᠦ ᠲᠡᠶᠢᠯᠭᠦ ᠶᠢ ᠪᠠᠳᠤᠯᠠᠬᠤ ᠬᠡᠷᠡᠭᠳᠡᠢ ᠬᠡᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号