8 ᠳ᠋ᠤᠭᠠᠷ ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠥᠪᠯᠡᠯ ︽ᠦᠨᠳᠦᠰᠦᠨ ᠱᠠᠲᠤᠨ ᠤ ᠤᠯᠤᠰ ᠲᠦᠷᠦ ᠶᠢᠨ ᠠᠮᠢ ᠠᠬᠤᠢ ᠶᠢ ᠤᠯᠠᠮ | ᠨᠢᠭᠡ ᠠᠯᠬᠤᠮ ᠴᠡᠪᠡᠷᠰᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠡᠷᠡᠭᠵᠢᠭᠦᠯᠬᠦ ᠰᠠᠨᠠᠯ︾ ︵ᠳᠣᠷᠣᠭᠰᠢ ︽ᠬᠡᠷᠡᠭᠵᠢᠭᠦᠯᠬᠦ | ᠰᠠᠨᠠᠯ︾ ᠭᠡᠵᠦ ᠳᠥᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠵᠤ᠂ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠪᠠᠶᠢᠭᠤᠯᠭ᠎ᠠ ᠨᠤᠭᠤᠳ ᠦᠨᠳᠦᠰᠦᠨ ᠱᠠᠲᠤᠨ ᠤ ᠤᠯᠤᠰ ᠲᠦᠷᠦ ᠶᠢᠨ ᠠᠮᠢ ᠠᠬᠤᠢ ᠶᠢ | ᠴᠡᠪᠡᠷᠰᠢᠭᠦᠯᠬᠦ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠠᠨ ᠪᠣᠯᠭᠠᠵᠤ᠂ ᠬᠢᠨᠠᠯᠲᠠ ᠲᠠᠯᠪᠢᠬᠤ ᠪᠠ | ᠵᠠᠯᠬᠠᠭᠠᠨ ᠰᠢᠳᠬᠡᠬᠦ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠪᠠᠶᠢᠴᠠᠭᠠᠬᠤ ᠪᠠ ᠠᠷᠢᠯᠭᠠᠬᠤ ᠶᠢ | ᠪᠠᠷᠢᠮᠲᠠᠯᠠᠵᠤ᠂ ᠬᠢᠵᠠᠭᠠᠷᠯᠠᠬᠤ ᠪᠠ ᠤᠷᠮᠠᠰᠢᠭᠤᠯᠬᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠦᠨᠳᠦᠰᠦᠨ | ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠬᠦᠴᠦᠨ ᠢ ᠭᠤᠣᠯᠳᠠᠯᠭ᠎ᠠ ᠲᠠᠢ ᠪᠠᠷ | ᠬᠢᠨᠠᠯᠲᠠ ᠲᠠᠯᠪᠢᠬᠤ ᠲᠡᠶᠢᠰᠢ ᠬᠡᠯᠪᠠᠶᠢᠯᠭᠡᠵᠦ᠂ ᠠᠵᠢᠯ ᠢᠶᠠᠨ ᠦᠨᠳᠦᠰᠦᠨ ᠱᠠᠲᠤ ᠲᠡᠶᠢᠰᠢ ᠦᠷᠬᠦᠯᠵᠢᠯᠡᠭᠦᠯᠵᠦ᠂ | ᠶᠡᠷᠦᠩᠬᠡᠶᠢᠯᠡᠨ ᠵᠠᠰᠠᠬᠤ ︽ᠬᠠᠮ ᠨᠢᠳᠤᠷᠭ᠎ᠠ︾ ᠶᠢᠨ ᠠᠷᠭ᠎ᠠ ᠶᠢ ᠠᠪᠴᠤ᠂ ᠤᠨᠤᠪᠴᠢᠲᠠᠢ ᠪᠠᠷ ᠬᠦᠴᠦᠯᠡᠨ᠂ | ᠶᠡᠷᠦᠩᠬᠡᠶᠢᠯᠡᠨ ᠵᠠᠰᠠᠬᠤ ᠪᠠᠷ ᠳᠠᠮᠵᠢᠭᠤᠯᠤᠨ᠂ ᠢᠯᠡ ᠲᠣᠳᠣ᠂ ᠺᠠᠳ᠋ᠷ ᠣᠯᠠᠨ ᠲᠦᠮᠡᠨ ᠡᠶ᠎ᠡ ᠵᠣᠬᠢᠴᠠᠯ ᠲᠠᠢ᠂ ᠲᠥᠪ | ᠴᠢᠬᠡᠴᠢ ᠬᠡᠪ ᠰᠤᠷᠲᠠᠯ ᠪᠦᠬᠦᠢ ᠦᠨᠳᠦᠰᠦᠨ ᠱᠠᠲᠤᠨ ᠤ ᠤᠯᠤᠰ ᠲᠦᠷᠦ ᠶᠢᠨ ᠠᠮᠢ ᠠᠬᠤᠶ ᠶᠢ ᠪᠤᠢ ᠪᠤᠯᠭᠠᠬᠤ ᠶᠢ | ᠠᠬᠢᠭᠤᠯᠬᠤ ᠬᠡᠷᠡᠭᠲᠡᠢ ᠭᠡᠵᠦ ᠱᠠᠭᠠᠷᠳᠠᠵᠠᠢ᠃ | ︽ᠬᠡᠷᠡᠭᠵᠢᠭᠦᠯᠬᠦ ᠰᠠᠨᠠᠯ︾ ᠳᠤ ᠱᠠᠭᠠᠷᠳᠠᠭᠰᠠᠨ ᠨᠢ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠨᠢ ︽ᠪᠢᠴᠢᠯ ᠡᠷᠬᠡ︾ ᠶᠢ ᠴᠢᠩᠭ᠎ᠠ | ᠠᠩᠬᠠᠷᠴᠤ᠂ ᠵᠠᠩᠭᠢᠯᠠᠭ᠎ᠠ ᠶᠢᠨ ᠠᠵᠢᠯ ᠤᠨ ᠪᠠᠶᠢᠷᠢ᠂ ᠭᠤᠣᠯᠳᠠᠯᠭ᠎ᠠ ᠲᠠᠢ ᠬᠦᠷᠢᠶ᠎ᠡ ᠪᠠ ᠳᠤᠪᠤᠶᠢᠮ᠎ᠠ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠦᠨ᠂ ᠦᠨᠳᠦᠰᠦᠨ ᠱᠠᠲᠤᠨ ᠳᠤ ᠪᠠᠶᠢᠭ᠎ᠠ ᠢᠯᠵᠠᠷᠠᠮᠠᠯ ᠡᠲᠡᠭᠡᠳ ᠢ ᠴᠢᠩᠭ᠎ᠠ ᠵᠠᠯᠬᠠᠭᠠᠨ | ᠰᠢᠳᠬᠡᠵᠦ᠂ ᠦᠨᠳᠦᠰᠦᠨ ᠱᠠᠲᠤᠨ ᠤ ᠤᠯᠤᠰ ᠲᠦᠷᠦ ᠶᠢᠨ ᠠᠮᠢ ᠠᠬᠤᠢ ᠶᠢᠨ ᠬᠥᠷᠥᠰᠥ ᠰᠢᠷᠣᠶ ᠶᠢ | ᠰᠠᠶᠢᠵᠢᠷᠠᠭᠤᠯᠬᠤ ᠬᠡᠷᠡᠭᠲᠡᠢ᠃ ᠢᠯᠡᠴᠢᠯᠡᠨ ᠮᠡᠳᠡᠭᠦᠯᠬᠦ ᠠᠷᠭ᠎ᠠ ᠵᠠᠮ ᠢ ᠥᠷᠭᠡᠳᠬᠡᠵᠦ᠂ ᠰᠢᠨ᠎ᠡ ᠵᠠᠭᠤᠴᠢᠯᠠᠭᠤᠷ ᠢ | ᠠᠰᠢᠭᠯᠠᠨ ᠠᠰᠠᠭᠤᠳᠠᠯ ᠤᠨ ᠰᠦᠪᠡᠭᠴᠢ ᠶᠢ ᠦᠷᠭᠡᠨ ᠢᠶᠠᠷ ᠴᠤᠭᠯᠠᠭᠤᠯᠤᠨ᠂ ᠠᠰᠠᠭᠤᠳᠠᠯ ᠢ ᠢᠯᠡᠷᠡᠭᠦᠯᠬᠦ | ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ︔ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠲᠥᠪ | ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠰᠠᠬᠢᠯᠭ᠎ᠠ ᠪᠠᠲᠤ ᠶᠢ ᠬᠡᠷᠡᠭᠵᠢᠭᠦᠯᠦᠨ ᠬᠢᠨᠠᠨ ᠪᠠᠶᠢᠴᠠᠭᠠᠬᠤ ᠪᠠ | ᠬᠢᠨᠠᠨ ᠪᠠᠶᠢᠴᠠᠭᠠᠬᠤ ᠪᠠᠶᠢᠴᠠᠭᠠᠯᠲᠠ ᠶᠢᠨ ᠭᠤᠣᠯᠳᠠᠯᠭ᠎ᠠ ᠪᠠᠨ ᠪᠣᠯᠭᠠᠵᠤ᠂ ᠡᠩ ᠲᠡᠷᠢᠭᠦᠨ ᠳᠤ ᠰᠢᠶᠳᠪᠦᠷᠢᠯᠡᠬᠦ | ᠬᠡᠷᠡᠭᠲᠡᠶ︔ ᠬᠠᠷᠢᠭᠤᠴᠠᠯᠭ᠎ᠠ ᠲᠤᠯᠭᠠᠬᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠨᠡᠶᠢᠲᠡ ᠳᠤ ᠢᠯᠡᠴᠢᠯᠡᠨ | ᠨᠡᠶᠢᠲᠡᠯᠡᠬᠦ ᠬᠤᠷᠴᠠ ᠵᠡᠪᠰᠡᠭ ᠢ ᠰᠠᠶᠢᠲᠤᠷ ᠬᠡᠷᠡᠭᠯᠡᠵᠦ᠂ ᠪᠠᠶᠢᠴᠠᠭᠠᠨ ᠰᠢᠶᠳᠪᠦᠷᠢᠯᠡᠭᠰᠡᠨ ᠦᠨᠳᠦᠰᠦᠨ ᠱᠠᠲᠤᠨ ᠤ | ᠨᠠᠮ ᠤᠨ ᠭᠡᠰᠢᠭᠦᠨ ᠺᠠᠳ᠋ᠷ ᠤᠨ ᠨᠡᠶᠢᠲᠡᠯᠢᠭ ᠬᠡᠷᠡᠭ ᠤᠨ ᠵᠢᠱᠢᠶ᠎ᠡ ᠶᠢ ᠲᠦᠪᠯᠡᠷᠡᠭᠦᠯᠦᠨ ᠢᠯᠡ ᠪᠠᠷ ᠢᠯᠡᠴᠢᠯᠡᠨ | ᠨᠡᠶᠢᠲᠡᠯᠡᠵᠦ᠂ ᠰᠦᠷᠳᠡᠭᠦᠯᠬᠦ ᠦᠢᠯᠡᠳᠦᠯ ᠢ ᠪᠠᠳᠠᠷᠠᠭᠤᠯᠬᠤ ᠳᠤ ᠬᠦᠴᠦ ᠲᠠᠯᠪᠢᠬᠤ ᠬᠡᠷᠡᠭᠲᠡᠢ ᠭᠡᠵᠡᠢ᠃ ᠡᠭᠦᠨ ᠠᠴᠠ | ᠭᠠᠳᠠᠨ᠎ᠠ᠂ ︽ᠬᠡᠷᠡᠭᠵᠢᠭᠦᠯᠬᠦ ᠰᠠᠨᠠᠯ︾ ᠳᠤ ᠪᠠᠰᠠ ᠴᠢᠬᠤᠯᠠᠴᠢᠯᠠᠭᠰᠠᠨ ᠨᠢ᠂ ᠡᠯ᠎ᠡ ᠬᠤᠰᠢᠭᠤ ᠰᠢᠶᠠᠨ ︵ᠬᠤᠲᠠ᠂ | ᠲᠣᠭᠤᠷᠢᠭ︶ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠤᠳ ︽ᠠᠷᠢᠭᠤᠨ ᠴᠢᠭᠡᠴᠢ | ᠺᠠᠳ᠋ᠷ︾ ᠢ ᠰᠣᠩᠭᠤᠨ ᠰᠢᠯᠭᠠᠷᠠᠭᠤᠯᠬᠤ ᠠᠵᠢᠯ ᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ | ᠭᠦᠨᠵᠡᠭᠡᠶᠢᠷᠡᠭᠦᠯᠬᠦ᠂ ᠺᠠᠳ᠋ᠷ ᠤᠨ ᠡᠩᠨᠡᠭᠡ ᠶᠢᠨ ᠵᠥᠪ ᠤᠷᠮᠠᠰᠢᠭᠤᠯᠤᠯ ᠤᠨ ᠲᠣᠭᠲᠠᠴᠠ ᠶᠢ ᠪᠠᠶᠢᠭᠤᠯᠬᠤ ᠶᠠᠪᠤᠳᠠᠯ ᠢᠶᠠᠷ | ᠬᠦᠴᠦᠨ ᠲᠡᠭᠦᠯᠳᠡᠷ ᠭᠠᠷᠳᠠᠴᠠ ᠪᠣᠯᠭᠠᠨ᠂ ᠺᠠᠳ᠋ᠷ ᠤᠯᠠᠨ ᠲᠦᠮᠡᠨ ᠢ ᠬᠦᠲᠦᠯᠦᠨ ᠵᠢᠯᠤᠭᠤᠳᠴᠦ ᠢᠳᠡᠪᠬᠢᠲᠡᠢ | ᠤᠷᠤᠯᠴᠠᠭᠤᠯᠵᠤ᠂ ᠪᠣᠳᠠᠲᠠᠢ ᠠᠵᠢᠯᠯᠠᠬᠤ ᠶᠢ ᠴᠢᠬᠤᠯᠠᠴᠢᠯᠠᠬᠤ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠶᠢᠨ | ᠵᠦᠭᠯᠡᠭᠦᠷ ᠪᠤᠯᠭᠠᠬᠤ ᠬᠡᠷᠡᠭᠲᠡᠢ᠃ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠵᠦ᠂ | ᠴᠢᠩᠭ᠎ᠠ ᠪᠠᠷᠢᠮᠵᠢᠶᠠᠲᠤ ᠠᠵᠢᠯ ᠤᠨ ᠳᠡᠰ ᠳᠠᠷᠠᠭᠠᠯᠠᠯ ᠪᠠ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭᠠᠷᠠᠭᠤᠯᠵᠤ᠂ | ᠤᠯᠤᠰ ᠲᠦᠷᠦ ᠶᠢᠨ ᠪᠣᠭᠤᠮᠲᠠ᠂ ᠠᠷᠢᠭᠤᠨ ᠴᠢᠬᠡᠴᠢ ᠶᠢᠨ ᠪᠣᠭᠤᠮᠲᠠ᠂ ᠳᠡᠰ ᠳᠠᠷᠠᠭᠠᠯᠠᠯ ᠤᠨ ᠪᠤᠭᠤᠮᠲᠠ ᠶᠢ | ᠴᠢᠩᠭ᠎ᠠ ᠰᠠᠬᠢᠵᠤ᠂ ᠠᠵᠢᠯ ᠳᠤ ᠪᠠᠨ ᠲᠥᠪ ᠴᠢᠩᠭ᠎ᠠ ᠨᠠᠷᠢᠨ ᠬᠢᠨᠠᠮᠠᠭᠠᠢ᠂ ᠲᠥᠪ ᠭᠤᠣᠯᠴᠢ ᠲᠥᠪ ᠴᠢᠬᠡᠴᠢ᠂ | ᠵᠢᠷᠤᠮᠵᠢᠯ ᠲᠠᠢ ᠪᠥᠭᠡᠳ ᠡᠮᠬᠢ ᠵᠢᠷᠤᠮ ᠲᠠᠢ ᠪᠠᠶᠢᠳᠠᠭ ᠬᠦᠮᠦᠰ ᠢ ᠰᠤᠩᠭᠤᠬᠤ ᠶᠢ ᠦᠨᠡᠨ ᠬᠦ ᠪᠠᠲᠤᠯᠠᠵᠤ᠂ ᠥᠷᠭᠡᠨ | ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠤ ᠠᠷᠢᠭᠤᠨ ᠴᠢᠬᠡᠴᠢ ᠪᠠᠶᠢᠬᠤ᠂ ᠬᠠᠷᠢᠭᠤᠴᠠᠯᠭ᠎ᠠ ᠪᠠᠨ ᠰᠢᠷᠭᠠᠭᠤ | ᠭᠦᠢᠴᠡᠳᠬᠡᠬᠦ᠂ ᠠᠵᠢᠯ ᠬᠢᠵᠦ ᠦᠢᠯᠡᠰ ᠪᠤᠰᠬᠠᠬᠤ ᠳᠣᠲᠣᠭᠠᠳᠤ ᠶᠢᠨ ᠬᠥᠳᠡᠯᠭᠡᠬᠦ ᠬᠦᠴᠦᠨ ᠢ ᠨᠢ ᠬᠦᠭᠵᠢᠭᠡᠬᠦ | ᠬᠡᠷᠡᠭᠲᠡᠢ ᠭᠡᠵᠡᠢ᠃ |