ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠬᠤᠶᠢᠲᠤ ᠣᠷᠣᠨ ᠢ ᠬᠤᠯᠪᠣᠭᠰᠠᠨ ᠠᠩᠬᠠᠳᠠᠭᠴᠢ ᠳᠡᠭᠡᠳᠦ ᠬᠤᠷᠳᠤᠴᠠᠲᠤ ᠲᠡᠮᠦᠷ ᠵᠠᠮ ᠢ ᠲᠤᠬᠢᠷᠠᠭᠤᠯᠵᠦ ᠲᠤᠷᠰᠢᠪᠡ
ᠨᠡᠶᠢᠲᠡᠯᠡᠭᠰᠡᠨ ᠴᠠᠭ᠄
2018/8/23
    8 ᠳ᠋ᠤᠭᠠᠷ ᠰᠠᠷ᠎ᠠ ᠶᠢᠨ 20᠎ ᠤ ᠡᠳᠦᠷ᠂ ᠳᠤᠮᠳᠠᠳᠤ ᠤᠯᠤᠰ ᠤᠨ ᠲᠡᠮᠦᠷ ᠵᠠᠮ ᠤᠨ ᠠᠷᠪᠠᠨ ᠳᠥᠷᠪᠡᠳᠦᠭᠡᠷ ᠲᠣᠪᠴᠢᠶ᠎ᠠ ᠶᠢᠨ ᠣᠷᠣᠯᠴᠠᠵᠤ ᠪᠦᠲᠦᠭᠡᠨ ᠪᠠᠶᠢᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠵᠡᠭᠦᠨ ᠬᠤᠶᠢᠲᠤ ᠣᠷᠣᠨ ᠢ ᠬᠤᠯᠪᠣᠭᠰᠠᠨ ᠠᠩᠬᠠᠳᠠᠭᠴᠢ ᠳᠡᠭᠡᠳᠦ ᠬᠤᠷᠳᠤᠴᠠᠲᠤ ᠲᠡᠮᠦᠷ ᠵᠠᠮ — ᠯᠢᠶᠣᠤᠨᠢᠩ ᠮᠤᠵᠢ ᠶᠢᠨ ᠰᠢᠨ ᠮᠢᠨ ᠤ ᠬᠤᠶᠢᠲᠤ ᠥᠷᠲᠡᠭᠡ ᠠᠴᠠ ᠥᠪᠥᠷ ᠮᠣᠩᠭᠤᠯ ᠤᠨ ᠲᠦᠩᠯᠢᠶᠣᠤ ᠬᠦᠷᠬᠦ ᠳᠡᠭᠡᠳᠦ ᠬᠤᠷᠳᠤᠴᠠᠲᠤ ᠲᠡᠮᠦᠷ ᠵᠠᠮ ᠎ ᠢ ᠲᠤᠬᠢᠷᠠᠭᠤᠯᠵᠦ ᠲᠤᠷᠰᠢᠪᠡ᠂ ᠵᠢᠯ ᠤᠨ ᠡᠴᠦᠰ ᠲᠤ ᠬᠡᠷᠡᠭᠯᠡᠯᠲᠡ ᠳᠤ ᠣᠷᠣᠭᠤᠯᠵᠤ ᠨᠡᠪᠲᠡᠷᠡᠭᠦᠯᠬᠦ ᠪᠠᠷ ᠵᠢᠱᠢᠵᠦ ᠪᠠᠶᠢᠨ᠎ᠠ᠃      ᠰᠢᠨ ᠮᠢᠨ ᠠᠴᠠ ᠲᠦᠩᠯᠢᠶᠣᠤ ᠬᠦᠷᠬᠦ ᠳᠡᠭᠡᠳᠦ ᠬᠤᠷᠳᠤᠴᠠᠲᠤ ᠲᠡᠮᠦᠷ ᠵᠠᠮ ᠢ 2016 ᠣᠨ ᠤ 6 ᠳ᠋ᠤᠭᠠᠷ ᠰᠠᠷ᠎ᠠ ᠳᠤ ᠵᠢᠩᠬᠢᠨᠢ ᠪᠠᠷ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠵᠤ᠂ ᠵᠠᠮ ᠱᠤᠭᠤᠮ ᠨᠢ ᠪᠡᠭᠡᠵᠢᠩ ᠠᠴᠠ ᠮᠦᠭᠳᠡᠨ ᠬᠦᠷᠬᠦ ᠳᠡᠭᠡᠳᠦ ᠬᠤᠷᠳᠤᠴᠠᠲᠤ ᠲᠡᠮᠦᠷ ᠵᠠᠮ ᠤᠨ ᠰᠢᠨ ᠮᠢᠨ ᠬᠤᠶᠢᠲᠤ ᠥᠷᠲᠡᠭᠡ ᠠᠴᠠ ᠡᠬᠢᠯᠡᠨ ᠯᠢᠶᠣᠤᠨᠢᠩ ᠮᠤᠵᠢ ᠶᠢᠨ ᠵᠠᠩ ᠡᠦ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠨᠵᠤᠭ᠎ᠠ ᠪᠠᠷ ᠥᠩᠭᠡᠷᠡᠨ ᠲᠦᠩᠯᠢᠶᠣᠤ ᠥᠷᠲᠡᠭᠡ ᠳᠤ ᠬᠦᠷᠦᠨ᠎ᠡ᠂ ᠪᠦᠬᠦ ᠣᠷᠳᠣ ᠨᠢ 197 ᠺᠢᠯᠣᠮᠧᠲᠷ ᠪᠠᠶᠢᠵᠤ᠂ ᠬᠤᠣᠰ ᠱᠤᠭᠤᠮᠲᠤ ᠴᠠᠬᠢᠯᠭᠠᠨᠵᠢᠭᠤᠯᠤᠯᠲᠠ ᠶᠢᠨ ᠬᠡᠮᠬᠡᠳᠡᠭ ᠴᠢᠯᠠᠭᠤᠨ ᠳᠡᠪᠢᠰᠬᠡᠷᠲᠦ ᠵᠠᠮ ᠪᠣᠯᠬᠤ ᠪᠦᠭᠡᠳ ᠵᠢᠷᠤᠵᠤ ᠲᠥᠯᠥᠪᠯᠡᠭᠰᠡᠨ ᠴᠠᠭ ᠤᠨ ᠬᠤᠷᠳᠤᠴᠠ ᠨᠢ 250 ᠺᠢᠯᠣᠮᠧᠲᠷ ᠪᠣᠯᠣᠨ᠎ᠠ᠃ ᠪᠦᠬᠦ ᠱᠤᠭᠤᠮ ᠳᠤ 4 ᠥᠷᠲᠡᠭᠡ ᠪᠠᠶᠢᠭᠤᠯᠵᠠᠢ᠂ ᠲᠤᠰ ᠲᠤᠰ ᠰᠢᠨ ᠮᠢᠨ ᠬᠤᠶᠢᠲᠤ ᠥᠷᠲᠡᠭᠡ᠂ ᠵᠠᠩ ᠡᠦ᠂ ᠭᠠᠨᠵᠤᠭ᠎ᠠ᠂ ᠲᠦᠩᠯᠢᠶᠣᠤ ᠪᠣᠯᠬᠤ ᠪᠦᠭᠡᠳ ᠵᠠᠩᠭᠤᠤᠳᠠᠶ᠂ ᠮᠡᠯᠡᠬᠡᠶᠢᠲᠦ 2 ᠥᠷᠲᠡᠭᠡ ᠶᠢ ᠦᠯᠡᠳᠡᠭᠡᠵᠠᠢ᠃ ᠰᠢᠨ ᠮᠢᠨ ᠠᠴᠠ ᠲᠦᠩᠯᠢᠶᠣᠤ ᠬᠦᠷᠬᠦ ᠳᠡᠭᠡᠳᠦ ᠬᠤᠷᠳᠤᠴᠠᠲᠤ ᠲᠡᠮᠦᠷ ᠵᠠᠮ ᠪᠣᠯ ᠤᠯᠤᠰ ᠠᠴᠠ ᠲᠥᠯᠥᠪᠵᠢᠭᠦᠯᠦᠭᠰᠡᠨ ︽ᠨᠠᠢᠮᠠ ᠬᠥᠨᠳᠡᠯᠡᠨ ᠨᠠᠢᠮᠠᠨ ᠭᠤᠣᠯᠲᠤ︾ ᠳᠡᠭᠡᠳᠦ ᠬᠤᠷᠳᠤᠴᠠᠲᠤ ᠲᠡᠮᠦᠷ ᠵᠠᠮ ᠤᠨ ᠲᠣᠣᠷ ᠤᠨ ᠪᠦᠷᠢᠯᠳᠦᠬᠦᠨ ᠬᠡᠰᠡᠭ ᠪᠣᠯᠬᠤ ᠪᠥᠭᠡᠳ ᠶᠠᠭ ᠪᠠᠶᠢᠭᠤᠯᠵᠤ ᠪᠠᠶᠢᠭ᠎ᠠ ᠪᠡᠭᠡᠵᠢᠩ ᠠᠴᠠ ᠮᠦᠭᠳᠡᠨ ᠬᠦᠷᠬᠦ ᠳᠡᠭᠡᠳᠦ ᠬᠤᠷᠳᠤᠴᠠᠲᠤ ᠲᠡᠮᠦᠷ ᠵᠠᠮ ᠲᠠᠢ ᠵᠠᠯᠭᠠᠵᠤ᠂ ᠵᠡᠭᠦᠨ ᠬᠤᠶᠢᠲᠤ ᠣᠷᠣᠨ ᠴᠢᠨᠠᠭᠰᠢᠯᠠᠪᠠᠯ ᠪᠦᠬᠦ ᠤᠯᠤᠰ ᠤᠨ ᠳᠡᠭᠡᠳᠦ ᠬᠤᠷᠳᠤᠴᠠᠲᠤ ᠲᠡᠮᠦᠷ ᠵᠠᠮ ᠤᠨ ᠲᠣᠤᠷ ᠲᠤ ᠨᠡᠶᠢᠯᠡᠨ ᠣᠷᠣᠪᠠ᠃ ᠮᠠᠨ ᠤ ᠣᠷᠣᠨ ᠤ ᠵᠡᠭᠦᠨ ᠬᠤᠶᠢᠲᠤ ᠣᠷᠣᠨ ᠢ ᠬᠤᠯᠪᠣᠭᠰᠠᠨ ᠠᠩᠬᠠᠳᠠᠭᠴᠢ ᠳᠡᠭᠡᠳᠦ ᠬᠤᠷᠳᠤᠴᠠᠲᠤ ᠲᠡᠮᠦᠷ ᠵᠠᠮ ᠪᠣᠯᠣᠭᠰᠠᠨ ᠤ ᠬᠤᠪᠢ ᠳᠤ᠂ ᠰᠢᠨ ᠮᠢᠨ ᠠᠴᠠ ᠲᠦᠩᠯᠢᠶᠣᠤ ᠬᠦᠷᠬᠦ ᠳᠡᠭᠡᠳᠦ ᠬᠤᠷᠳᠤᠴᠠᠲᠤ ᠲᠡᠮᠦᠷ ᠵᠠᠮ ᠨᠢ ᠥᠪᠡᠷᠲᠡᠭᠡᠨ ᠵᠠᠰᠠᠬᠤ ᠣᠷᠣᠨ ᠤ ᠵᠡᠭᠦᠨ ᠬᠡᠰᠡᠭ ᠤᠨ ᠭᠠᠵᠠᠷ ᠣᠷᠣᠨ ᠮᠦᠭᠳᠡᠨ᠂ ᠪᠡᠭᠡᠵᠢᠩ ᠵᠢᠴᠢ ᠪᠣᠭᠤᠮᠲᠠ ᠶᠢᠨ ᠳᠣᠲᠣᠷ᠎ᠠ ᠣᠷᠣᠬᠤ ᠬᠠᠮᠤᠭ ᠤᠨ ᠳᠥᠭᠦᠮ ᠲᠦᠷᠭᠡᠨ ᠠᠶᠠᠨᠴᠢᠳ ᠤᠨ ᠲᠡᠭᠡᠭᠡᠪᠦᠷᠢ ᠶᠢᠨ ᠵᠠᠮ ᠪᠣᠯᠬᠤ ᠪᠣᠯᠣᠨ᠎ᠠ᠃ ᠪᠠᠶᠢᠭᠤᠯᠵᠤ ᠳᠠᠭᠤᠰᠬᠠᠭᠠᠳ ᠲᠡᠷᠭᠡ ᠨᠡᠪᠲᠡᠷᠡᠭᠰᠡᠨ ᠤ ᠳᠠᠷᠠᠭ᠎ᠠ᠂ ᠲᠦᠩᠯᠢᠶᠣᠤ ᠠᠴᠠ ᠮᠦᠭᠳᠡᠨ ᠬᠦᠷᠬᠦ ᠎ ᠳᠤ 5 ᠴᠠᠭ ᠣᠷᠴᠢᠮ ᠠᠶᠠᠯᠠᠵᠤ ᠪᠠᠶᠢᠭᠰᠠᠨ ᠠᠴᠠ 1.5 ᠴᠠᠭ ᠣᠷᠴᠢᠮ ᠪᠣᠯᠭᠠᠨ ᠪᠣᠭᠤᠨᠢᠰᠬᠠᠵᠤ᠂ ᠲᠦᠩᠯᠢᠶᠣᠤ ᠎ ᠠᠴᠠ ᠪᠡᠭᠡᠵᠢᠩ ᠬᠦᠷᠬᠦ ᠳᠤ 14 ᠴᠠᠭ ᠣᠷᠴᠢᠮ ᠪᠠᠶᠢᠭᠰᠠᠨ ᠠᠴᠠ 3.5 ᠴᠠᠭ ᠣᠷᠴᠢᠮ ᠪᠣᠯᠭᠠᠨ ᠪᠣᠭᠤᠨᠢᠰᠬᠠᠵᠤ᠂ ᠥᠪᠡᠷᠲᠡᠭᠡᠨ ᠵᠠᠰᠠᠬᠤ ᠣᠷᠣᠨ ᠤ ᠵᠡᠭᠦᠨ ᠬᠡᠰᠡᠭ ᠤᠨ ᠭᠠᠵᠠᠷ ᠣᠷᠣᠨ ᠤ ᠪᠦᠸᠧᠬᠠᠢ ᠲᠠᠩᠭᠢᠰ ᠳᠠᠭᠠᠤ ᠭᠠᠵᠠᠷ ᠣᠷᠣᠨ ᠯᠤᠭ᠎ᠠ ᠶᠢᠨ ᠠᠵᠤ ᠠᠬᠤᠶ ᠨᠡᠶᠢᠭᠡᠮ ᠤᠨ ᠰᠣᠯᠢᠯᠴᠠᠭ᠎ᠠ ᠶᠢ ᠴᠢᠩᠭᠠᠳᠬᠠᠵᠤ᠂ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ᠂ ᠯᠢᠶᠣᠤᠨᠢᠩ ᠪᠠ ᠪᠡᠭᠡᠵᠢᠩ ᠲᠢᠶᠠᠨᠵᠢᠨ ᠾᠧᠪᠸᠢ ᠣᠷᠣᠨ ᠤ ᠵᠣᠬᠢᠴᠠᠩᠭᠤᠶ ᠬᠥᠭᠵᠢᠯᠲᠡ ᠶᠢ ᠲᠦᠯᠬᠢᠨ ᠠᠬᠢᠭᠤᠯᠬᠤ ᠳᠤ ᠯᠠᠪᠲᠠᠶᠢᠶ᠎ᠠ ᠢᠳᠡᠪᠬᠢᠲᠡᠶ ᠦᠢᠯᠡᠳᠦᠯ ᠦᠵᠡᠭᠦᠯᠬᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号