8 ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ᠂ ︽ᠳᠤᠮᠳᠠᠳᠤ ᠤᠯᠤᠰ ᠢ ᠣᠶᠢᠯᠠᠭᠠᠬᠤ︾ — | ᠳᠤᠮᠳᠠᠳᠤ ᠤᠯᠤᠰ ᠤᠨ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠭᠠᠷᠠᠭ ᠤᠨ ᠰᠤᠨᠢᠨ ᠮᠡᠳᠡᠭᠡ ᠨᠡᠶᠢᠲᠡᠯᠡᠬᠦ | ᠬᠤᠷᠠᠯ ᠮᠣᠩᠭᠤᠯ ᠤᠯᠤᠰ ᠤᠨ ᠤᠯᠠᠭᠠᠨᠪᠠᠭᠠᠲᠤᠷ ᠲᠤ ᠶᠠᠪᠤᠭᠳᠠᠪᠠ ᠃ ᠳᠤᠮᠳᠠᠳᠤ ᠤᠯᠤᠰ ᠤᠨ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠰᠣᠨᠢᠨ ᠮᠡᠳᠡᠭᠡᠨ ᠤ ᠠᠯᠪᠠᠨ ᠭᠡᠷ᠂ ᠮᠣᠩᠭᠤᠯ ᠤᠯᠤᠰ ᠲᠤ ᠰᠠᠭᠤᠭ᠎ᠠ ᠳᠤᠮᠳᠠᠳᠤ | ᠤᠯᠤᠰ ᠤᠨ ᠡᠯᠴᠢᠨ ᠰᠠᠶᠢᠳ ᠤᠨ ᠶᠠᠮᠤᠨ᠂ ᠳᠤᠮᠳᠠᠳᠤ ᠤᠯᠤᠰ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ᠂ ᠮᠣᠩᠭᠤᠯ ᠤᠯᠤᠰ ᠤᠨ ᠰᠤᠷᠭᠠᠨ ᠬᠥᠮᠦᠵᠢᠯ ᠰᠣᠶᠣᠯ ᠰᠢᠨᠵᠢᠯᠡᠬᠦ | ᠤᠬᠠᠭᠠᠨ ᠪᠡᠶ᠎ᠡ ᠶᠢᠨ ᠲᠠᠮᠢᠷ ᠤᠨ ᠶᠠᠮᠤᠨ ᠤ ᠭᠤᠣᠯᠯᠠᠨ ᠡᠷᠭᠢᠯᠡᠭᠰᠡᠨ ︽ᠳᠤᠮᠳᠠᠳᠤ ᠤᠯᠤᠰ ᠢ ᠣᠶᠢᠯᠠᠭᠠᠬᠤ︾ — | ᠳᠤᠮᠳᠠᠳᠤ ᠤᠯᠤᠰ ᠤᠨ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠭᠠᠷᠠᠭ 9 ᠳ᠋ᠦ᠋ᠭᠡᠷ ᠰᠠᠷ᠎ᠠ 4 ᠤ | ᠡᠳᠦᠷ ᠠᠴᠠ 8 ᠤ ᠡᠳᠦᠷ ᠪᠤᠯᠲᠠᠯ᠎ᠠ ᠤᠯᠠᠭᠠᠨᠪᠠᠭᠠᠲᠤᠷ ᠲᠤ ᠶᠠᠪᠤᠭᠳᠠᠬᠤ ᠪᠤᠯᠤᠨ᠎ᠠ᠃ | ᠲᠤᠰ ᠤᠳᠠᠭᠠᠨ ᠤ ᠰᠣᠶᠣᠯ ᠵᠢᠭᠤᠯᠴᠢᠯᠠᠯ ᠤᠨ ᠭᠠᠷᠠᠭ ᠲᠤ ᠳᠡᠯᠭᠡᠨ ᠦᠵᠡᠭᠦᠯᠦᠯᠭᠡ᠂ ᠤᠷᠠᠯᠢᠭ ᠤᠨ | ᠲᠣᠭᠯᠠᠯᠲᠠ᠂ ᠺᠢᠨᠣ᠋᠂ ᠮᠣᠩᠭᠤᠯ ᠡᠮᠨᠡᠯᠭᠡ ᠶᠢᠨ ᠠᠯᠪᠠᠨ ᠵᠢᠷᠤᠮ ᠤᠨ ᠡᠮᠴᠢᠯᠡᠭᠡ᠂ ᠨᠣᠮ ᠪᠢᠴᠢᠭ ᠬᠡᠪᠯᠡᠯ᠂ | ᠵᠢᠭᠤᠯᠴᠢᠯᠠᠯ ᠤᠨ ᠲᠠᠨᠢᠯᠴᠠᠭᠤᠯᠭ᠎ᠠ᠂ ᠰᠤᠷᠭᠠᠭᠤᠯᠢ ᠶᠢᠨ ᠬᠤᠭᠤᠷᠣᠨᠳᠣᠬᠢ ᠰᠣᠯᠢᠯᠴᠠᠭ᠎ᠠ᠂ ᠪᠡᠶ᠎ᠡ ᠶᠢᠨ ᠲᠠᠮᠢᠷ ᠤᠨ | ᠨᠥᠬᠦᠷᠯᠡᠯ ᠤᠨ ᠠᠵᠢᠯᠯᠠᠭ᠎ᠠ᠂ ᠵᠠᠭᠤᠴᠢᠯᠠᠭᠤᠷ ᠤᠨ ᠰᠣᠯᠢᠯᠴᠠᠭ᠎ᠠ ᠵᠡᠷᠭᠡ ᠠᠵᠢᠯᠯᠠᠭ᠎ᠠ ᠶᠢ ᠪᠠᠭᠲᠠᠭᠠᠭᠰᠠᠨ ᠪᠤᠯᠬᠤᠷ᠂ | ᠥᠩᠭᠡᠷᠡᠭᠰᠡᠨ ᠵᠢᠯ ᠤᠳ ᠲᠤ ᠤᠯᠠᠭᠠᠨᠪᠠᠭᠠᠲᠤᠷ ᠲᠤ ᠡᠷᠬᠢᠯᠡᠭᠰᠡᠨ ᠰᠣᠶᠣᠯ ᠤᠨ ᠠᠵᠢᠯᠯᠠᠭ᠎ᠠ ᠠᠴᠠ ᠬᠡᠪᠴᠢᠶ᠎ᠡ ᠪᠠᠷ | ᠬᠠᠮᠤᠭ ᠤᠨ ᠶᠡᠭᠡ᠂ ᠲᠦᠷᠦᠯ ᠵᠦᠢᠯ ᠢᠶᠠᠷ ᠬᠠᠮᠤᠭ ᠤᠨ ᠤᠯᠠᠨ᠂ ᠠᠭᠤᠯᠭ᠎ᠠ ᠪᠠᠷ ᠬᠠᠮᠤᠭ ᠤᠨ ᠪᠠᠶᠠᠯᠢᠭ ᠪᠦᠬᠦᠢ | ᠨᠢᠭᠡ ᠤᠳᠠᠭᠠᠨ ᠤ ᠠᠵᠢᠯᠯᠠᠭ᠎ᠠ ᠪᠤᠯᠤᠨ᠎ᠠ᠃ ᠲᠤᠰ ᠤᠳᠠᠭᠠᠨ ᠤ ᠰᠣᠶᠣᠯ ᠵᠢᠭᠤᠯᠴᠢᠯᠠᠯ ᠤᠨ ᠭᠠᠷᠠᠭ ᠨᠢ ᠳᠤᠮᠳᠠᠳᠤ | ᠮᠣᠩᠭᠤᠯ ᠤᠨ ᠨᠥᠬᠦᠷᠰᠡᠭ ᠬᠠᠷᠢᠴᠠᠭ᠎ᠠ ᠶᠢᠨ ᠦᠨᠳᠦᠰᠦᠨ ᠵᠣᠷᠢᠯᠲᠠ ᠶᠢ ᠭᠦᠢᠴᠡᠳ ᠢᠯᠡᠷᠡᠭᠦᠯᠵᠦ᠂ ᠦᠨᠢᠷ ᠪᠠᠶᠠᠯᠢᠭ | ᠳᠤᠮᠳᠠᠳᠤ ᠶᠢᠨ ᠰᠤᠶᠤᠯ ᠢ ᠭᠦᠢᠴᠡᠳ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠥᠭᠡᠷᠡᠴᠢᠯᠡᠯᠲᠡ ᠬᠥᠭᠵᠢᠯᠲᠡ ᠶᠢᠨ ᠠᠮᠵᠢᠯᠲᠠ ᠪᠦᠲᠦᠮᠵᠢ ᠪᠣᠯᠤᠨ ᠤᠶᠤᠨ ᠰᠠᠨᠠᠭᠠᠨ ᠤ ᠳᠦᠷᠰᠦ ᠪᠠᠶᠢᠳᠠᠯ ᠢ | ᠭᠦᠢᠴᠡᠳ ᠳᠡᠯᠭᠡᠨ ᠦᠵᠡᠭᠦᠯᠵᠦ᠂ ᠮᠣᠩᠭᠤᠯ ᠤᠯᠤᠰ ᠯᠤᠭ᠎ᠠ ᠶᠢᠨ ᠬᠦᠮᠦᠨ ᠰᠤᠶᠤᠯ ᠤᠨ ᠰᠣᠯᠢᠯᠴᠠᠭ᠎ᠠ ᠶᠢᠨ ᠨᠢᠭᠲᠠ | ᠬᠠᠷᠢᠯᠴᠠᠭ᠎ᠠ ᠶᠢ ᠭᠦᠢᠴᠡᠳ ᠢᠯᠡᠷᠡᠭᠦᠯᠵᠦ᠂ ᠮᠣᠩᠭᠤᠯ ᠤᠯᠤᠰ ᠤᠨ ᠠᠷᠠᠳ ᠤᠯᠠᠨ ᠤ ᠤᠶᠤᠨ ᠰᠠᠨᠠᠭ᠎ᠠ ᠰᠣᠶᠣᠯ ᠤᠨ | ᠠᠮᠢᠳᠤᠷᠠᠯ ᠢ ᠪᠠᠶᠠᠯᠢᠭᠵᠢᠭᠤᠯᠬᠤ ᠰᠠᠶᠢᠨ ᠰᠠᠶᠢᠬᠠᠨ ᠬᠦᠰᠡᠯ ᠡᠷᠡᠮᠡᠯᠵᠡᠯ ᠢ ᠭᠦᠢᠴᠡᠳ ᠢᠯᠡᠷᠡᠭᠦᠯᠬᠦ ᠪᠤᠯᠤᠨ᠎ᠠ᠃ |