ᠥᠪᠥᠷ ᠮᠣᠩᠭᠤᠯ ᠨᠢᠭᠡ ᠪᠦᠯᠦᠭ ᠬᠠᠷᠠᠭᠠᠯᠵᠠᠯ ᠬᠦᠷᠲᠡᠭᠴᠢᠳ ᠵᠡᠷᠭᠡ ᠬᠥᠮᠦᠰ ᠤᠨ ᠠᠰᠠᠷᠠᠮᠵᠢ ᠪᠠ ᠠᠮᠢᠳᠤᠷᠠᠯ ᠤᠨ ᠨᠥᠬᠦᠪᠥᠷᠢ ᠶᠢᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠪᠡ
ᠨᠡᠶᠢᠲᠡᠯᠡᠭᠰᠡᠨ ᠴᠠᠭ᠄
2018/8/23
     ᠴᠡᠷᠢᠭ ᠤᠨ ᠠᠯᠪᠠᠨ ᠠᠴᠠ ᠪᠠᠭᠤᠭᠰᠠᠳ ᠤᠨ ᠠᠵᠢᠯᠲᠠᠨ ᠤ ᠶᠠᠪᠤᠳᠠᠯ ᠤᠨ ᠶᠠᠮᠤᠨ᠂ ᠡᠳ᠋ ᠤᠨ ᠵᠠᠰᠠᠭ ᠤᠨ ᠶᠠᠮᠤᠨ ᠤ ︽ᠬᠡᠰᠡᠭ ᠬᠠᠷᠠᠭᠠᠯᠵᠠᠯ ᠬᠦᠷᠲᠡᠭᠴᠢᠳ ᠵᠡᠷᠭᠡ ᠬᠥᠮᠦᠰ ᠤᠨ ᠠᠰᠠᠷᠠᠮᠵᠢ ᠪᠠ ᠠᠮᠢᠳᠤᠷᠠᠯ ᠤᠨ ᠨᠥᠬᠦᠪᠥᠷᠢ ᠶᠢᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠲᠣᠬᠠᠢ ᠮᠡᠳᠡᠭᠳᠡᠯ︾᠎ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠯᠤᠭ᠎ᠠ ᠬᠠᠮᠲᠤᠷᠠᠨ ︽ᠨᠢᠭᠡ ᠪᠦᠯᠦᠭ ᠬᠠᠷᠠᠭᠠᠯᠵᠠᠯ ᠬᠦᠷᠲᠡᠭᠴᠢᠳ ᠵᠡᠷᠭᠡ ᠬᠥᠮᠦᠰ ᠤᠨ ᠠᠰᠠᠷᠠᠮᠵᠢ ᠪᠠ ᠠᠮᠢᠳᠤᠷᠠᠯ ᠤᠨ ᠨᠥᠬᠦᠪᠥᠷᠢ ᠶᠢᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠲᠣᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠲᠠᠷᠬᠠᠭᠠᠵᠤ᠂ 8 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ ᠨᠢᠭᠡ ᠪᠦᠯᠦᠭ ᠬᠠᠷᠠᠭᠠᠯᠵᠠᠯ ᠬᠦᠷᠲᠡᠭᠴᠢᠳ ᠵᠡᠷᠭᠡ ᠬᠥᠮᠦᠰ ᠤᠨ ᠠᠰᠠᠷᠠᠮᠵᠢ ᠪᠠ ᠠᠮᠢᠳᠤᠷᠠᠯ ᠤᠨ ᠨᠥᠬᠦᠪᠥᠷᠢ ᠶᠢᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠪᠠᠷ ᠪᠣᠯᠪᠠ  ᠃      ᠲᠤᠰ ︽ᠮᠡᠳᠡᠭᠳᠡᠯ︾᠎ ᠳᠤ ᠲᠤᠲᠤᠷᠬᠠᠶᠢᠯᠠᠭᠰᠠᠨ ᠨᠢ᠂ ᠵᠡᠮᠳᠡᠭ ᠴᠡᠷᠢᠭ ︵ᠰᠢᠷᠬᠠᠲᠤᠵᠤ ᠵᠡᠮᠳᠡᠭᠷᠡᠭᠰᠡᠨ ᠠᠷᠠᠳ ᠤᠨ ᠴᠠᠭᠳᠠᠭ᠎ᠠ᠂ ᠲᠦᠷᠦ ᠶᠢᠨ ᠪᠠᠶᠢᠭᠤᠯᠭ᠎ᠠ ᠶᠢᠨ ᠵᠡᠮᠳᠡᠭ ᠠᠵᠢᠯᠲᠠᠨ᠂ ᠰᠢᠷᠬᠠᠲᠤᠵᠤ ᠵᠡᠮᠳᠡᠭᠷᠡᠭᠰᠡᠨ ᠡᠷᠦᠬᠡ ᠶᠢᠨ ᠴᠡᠷᠢᠭ ᠬᠥᠯᠥᠰᠥᠨ ᠠᠵᠢᠯᠴᠢᠨ ᠪᠠᠭᠲᠠᠨ᠎ᠠ︶᠎ ᠤᠨ ᠵᠡᠮᠳᠡᠭ ᠤᠨ ᠠᠰᠠᠷᠠᠮᠵᠢ ᠶᠢᠨ ᠮᠥᠩᠭᠦ᠂ ᠨᠥᠭᠴᠢᠭᠰᠡᠨ ᠪᠠᠭᠠᠲᠤᠷᠴᠤᠳ ᠤᠨ ᠭᠡᠷ ᠪᠦᠯᠢ ︵ᠠᠯᠪᠠᠨ ᠠᠵᠢᠯ ᠢᠶᠠᠷ ᠪᠡᠶ᠎ᠡ ᠦᠷᠡᠭᠳᠡᠭᠰᠡᠨ ᠴᠡᠷᠢᠭ ᠤᠨ ᠭᠡᠷ ᠪᠦᠯᠢ᠂ ᠡᠪᠡᠳᠴᠢᠨ ᠢᠶᠠᠷ ᠨᠠᠰᠤ ᠪᠠᠷᠠᠭᠰᠠᠨ ᠴᠡᠷᠢᠭ ᠤᠨ ᠭᠡᠷ ᠪᠦᠯᠢ ᠪᠠᠭᠲᠠᠨ᠎ᠠ︶᠎ ᠶᠢᠨ ᠲᠣᠭᠲᠠᠮᠠᠯ ᠬᠤᠭᠤᠴᠠᠭᠠᠲᠤ ᠠᠰᠠᠷᠠᠮᠵᠢ ᠶᠢᠨ ᠮᠥᠩᠭᠦ᠂ ᠨᠤᠲᠤᠭ ᠲᠤ ᠪᠠᠨ ᠪᠠᠶᠢᠭ᠎ᠠ ᠴᠡᠷᠢᠭ ᠠᠴᠠ ᠬᠠᠯᠠᠭᠳᠠᠭᠰᠠᠨ ᠤᠯᠠᠭᠠᠨ ᠴᠡᠷᠢᠭ ᠤᠨ ᠠᠬᠠᠮᠠᠳ ᠪᠠᠶᠢᠯᠳᠤᠭᠴᠢ ᠶᠢᠨ ᠠᠮᠢᠳᠤᠷᠠᠯ ᠤᠨ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠬᠡᠷᠡᠭᠲᠡᠢ ᠭᠡᠵᠡᠢ᠃      ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠲᠡᠶᠢᠠ ᠳᠠᠵᠢᠨ᠂ ᠠᠯᠪᠠᠨ ᠠᠵᠢᠯ᠂ ᠡᠪᠡᠳᠴᠢᠨ ᠢᠶᠠᠷ ᠵᠡᠮᠳᠡᠭᠷᠡᠭᠰᠡᠨ ᠨᠢᠭᠡᠳᠦᠭᠡᠷ ᠳᠡᠰ ᠤᠨ ᠵᠡᠮᠳᠡᠭ ᠴᠡᠷᠢᠭ ︵ᠰᠢᠷᠬᠠᠲᠤᠵᠤ ᠵᠡᠮᠳᠡᠭᠷᠡᠭᠰᠡᠨ ᠠᠷᠠᠳ ᠤᠨ ᠴᠠᠭᠳᠠᠭ᠎ᠠ᠂ ᠲᠦᠷᠦ ᠶᠢᠨ ᠪᠠᠶᠢᠭᠤᠯᠭ᠎ᠠ ᠶᠢᠨ ᠵᠡᠮᠳᠡᠭ ᠠᠵᠢᠯᠲᠠᠨ᠂ ᠰᠢᠷᠬᠠᠲᠤᠵᠤ ᠵᠡᠮᠳᠡᠭᠷᠡᠭᠰᠡᠨ ᠡᠷᠦᠬᠡ ᠶᠢᠨ ᠴᠡᠷᠢᠭ ᠬᠥᠯᠥᠰᠥᠨ ᠠᠵᠢᠯᠴᠢᠨ ᠪᠠᠭᠲᠠᠨ᠎ᠠ︶᠎ ᠤᠨ ᠵᠡᠮᠳᠡᠭ ᠤᠨ ᠠᠰᠠᠷᠠᠮᠵᠢ ᠶᠢᠨ ᠮᠥᠩᠭᠦᠨ ᠤ ᠪᠠᠷᠢᠮᠵᠢᠶ᠎ᠠ ᠶᠢ ᠬᠥᠮᠦᠨ ᠨᠢᠭᠡᠪᠦᠷᠢ ᠵᠢᠯ ᠪᠦᠷᠢ ᠲᠤᠰ ᠲᠤᠰ 80140 ᠲᠥᠭᠦᠷᠢᠭ᠂ 77610 ᠲᠥᠭᠦᠷᠢᠭ᠂ 75060 ᠲᠥᠭᠦᠷᠢᠭ ᠲᠤ ᠬᠦᠷᠦᠭᠦᠯᠦᠨ᠎ᠡ︔ ᠳᠠᠶᠢᠨ ᠳᠠᠵᠢᠨ᠂ ᠠᠯᠪᠠᠨ ᠠᠵᠢᠯ ᠢᠶᠠᠷ ᠵᠡᠮᠳᠡᠭᠷᠡᠭᠰᠡᠨ ᠠᠷᠪᠠᠳᠤᠭᠠᠷ ᠳᠡᠰ ᠤᠨ ᠵᠡᠮᠳᠡᠭ ᠴᠡᠷᠢᠭ ︵ᠰᠢᠷᠬᠠᠲᠤᠵᠤ ᠵᠡᠮᠳᠡᠭᠷᠡᠭᠰᠡᠨ ᠠᠷᠠᠳ ᠤᠨ ᠴᠠᠭᠳᠠᠭ᠎ᠠ᠂ ᠲᠦᠷᠦ ᠶᠢᠨ ᠪᠠᠶᠢᠭᠤᠯᠭ᠎ᠠ ᠶᠢᠨ ᠵᠡᠮᠳᠡᠭ ᠠᠵᠢᠯᠲᠠᠨ᠂ ᠰᠢᠷᠬᠠᠲᠤᠵᠤ ᠵᠡᠮᠳᠡᠭᠷᠡᠭᠰᠡᠨ ᠡᠷᠦᠬᠡ ᠶᠢᠨ ᠴᠡᠷᠢᠭ ᠬᠥᠯᠥᠰᠥᠨ ᠠᠵᠢᠯᠴᠢᠨ ᠪᠠᠭᠲᠠᠨ᠎ᠠ︶᠎ ᠤᠨ ᠵᠡᠮᠳᠡᠭ ᠤᠨ ᠠᠰᠠᠷᠠᠮᠵᠢ ᠶᠢᠨ ᠮᠥᠩᠭᠦᠨ ᠤ ᠪᠠᠷᠢᠮᠵᠢᠶ᠎ᠠ ᠶᠢ ᠬᠥᠮᠦᠨ ᠨᠢᠭᠡᠪᠦᠷᠢ ᠵᠢᠯ ᠪᠦᠷᠢ ᠲᠤᠰ ᠲᠤᠰ 8910 ᠲᠥᠭᠦᠷᠢᠭ᠂ 7620 ᠲᠥᠭᠦᠷᠢᠭ ᠲᠤ ᠬᠦᠷᠦᠭᠦᠯᠦᠨ᠎ᠡ᠃ ᠨᠥᠭᠴᠢᠭᠰᠡᠨ ᠪᠠᠭᠠᠲᠤᠷᠴᠤᠳ ᠤᠨ ᠭᠡᠷ ᠪᠦᠯᠢ ︵ᠠᠯᠪᠠᠨ ᠠᠵᠢᠯ ᠢᠶᠠᠷ ᠪᠡᠶ᠎ᠡ ᠦᠷᠡᠭᠳᠡᠭᠰᠡᠨ ᠴᠡᠷᠢᠭ ᠤᠨ ᠭᠡᠷ ᠪᠦᠯᠢ᠂ ᠡᠪᠡᠳᠴᠢᠨ ᠢᠶᠠᠷ ᠨᠠᠰᠤ ᠪᠠᠷᠠᠭᠰᠠᠨ ᠴᠡᠷᠢᠭ ᠤᠨ ᠭᠡᠷ ᠪᠦᠯᠢ ᠪᠠᠭᠲᠠᠨ᠎ᠠ︶᠎ ᠶᠢᠨ ᠲᠣᠭᠲᠠᠮᠠᠯ ᠬᠤᠭᠤᠴᠠᠭᠠᠲᠤ ᠠᠰᠠᠷᠠᠮᠵᠢ ᠶᠢᠨ ᠮᠥᠩᠭᠦ ᠶᠢ ᠨᠥᠭᠴᠢᠭᠰᠡᠨ ᠪᠠᠭᠠᠲᠤᠷᠴᠤᠳ ᠤᠨ ᠭᠡᠷ ᠪᠦᠯᠢ ᠶᠢᠨ ᠬᠥᠮᠦᠨ ᠨᠢᠭᠡᠪᠦᠷᠢ ᠵᠢᠯ ᠪᠦᠷᠢ 25440 ᠲᠥᠭᠦᠷᠢᠭ᠂ ᠠᠯᠪᠠᠨ ᠠᠵᠢᠯ ᠢᠶᠠᠷ ᠪᠡᠶ᠎ᠡ ᠦᠷᠡᠭᠳᠡᠭᠰᠡᠨ ᠴᠡᠷᠢᠭ ᠤᠨ ᠭᠡᠷ ᠪᠦᠯᠢ ᠪᠣᠯ ᠬᠥᠮᠦᠨ ᠨᠢᠭᠡᠪᠦᠷᠢ ᠵᠢᠯ ᠪᠦᠷᠢ 21850 ᠲᠥᠭᠦᠷᠢᠭ᠂ ᠡᠪᠡᠳᠴᠢᠨ ᠢᠶᠠᠷ ᠨᠠᠰᠤ ᠪᠠᠷᠠᠭᠰᠠᠨ ᠴᠡᠷᠢᠭ ᠤᠨ ᠭᠡᠷ ᠪᠦᠯᠢ ᠪᠣᠯ ᠬᠥᠮᠦᠨ ᠨᠢᠭᠡᠪᠦᠷᠢ ᠵᠢᠯ ᠪᠦᠷᠢ 20550 ᠲᠥᠭᠦᠷᠢᠭ ᠲᠤ ᠬᠦᠷᠦᠭᠦᠯᠦᠨ᠎ᠡ᠃ ᠨᠤᠲᠤᠭ ᠲᠤ ᠪᠠᠨ ᠪᠠᠶᠢᠭ᠎ᠠ ᠴᠡᠷᠢᠭ ᠠᠴᠠ ᠬᠠᠯᠠᠭᠳᠠᠭᠰᠠᠨ ᠤᠯᠠᠭᠠᠨ ᠴᠡᠷᠢᠭ ᠤᠨ ᠠᠬᠠᠮᠠᠳ ᠪᠠᠶᠢᠯᠳᠤᠭᠴᠢ ᠶᠢᠨ ᠠᠮᠢᠳᠤᠷᠠᠯ ᠤᠨ ᠨᠥᠬᠦᠪᠥᠷᠢ ᠶᠢᠨ ᠪᠠᠷᠢᠮᠵᠢᠶ᠎ᠠ ᠶᠢ ᠪᠣᠯ ᠨᠤᠲᠤᠭ ᠲᠤ ᠪᠠᠨ ᠪᠠᠶᠢᠭ᠎ᠠ ᠴᠡᠷᠢᠭ ᠠᠴᠠ ᠬᠠᠯᠠᠭᠳᠠᠭᠰᠠᠨ ᠤᠯᠠᠭᠠᠨ ᠴᠡᠷᠢᠭ ᠤᠨ ᠠᠬᠠᠮᠠᠳ ᠪᠠᠶᠢᠯᠳᠤᠭᠴᠢ ᠨᠢᠭᠡᠪᠦᠷᠢ ᠵᠢᠯ ᠪᠦᠷᠢ 55570 ᠲᠥᠭᠦᠷᠢᠭ᠂ ᠨᠤᠲᠤᠭ ᠲᠤ ᠪᠠᠨ ᠪᠠᠶᠢᠭ᠎ᠠ ᠪᠠᠷᠠᠭᠤᠨ ᠵᠠᠮ ᠤᠨ ᠤᠯᠠᠭᠠᠨ ᠴᠡᠷᠢᠭ ᠤᠨ ᠠᠬᠠᠮᠠᠳ ᠪᠠᠶᠢᠯᠳᠤᠭᠴᠢ ᠨᠢᠭᠡᠪᠦᠷᠢ ᠵᠢᠯ ᠪᠦᠷᠢ 55570 ᠲᠥᠭᠦᠷᠢᠭ᠂ ᠤᠯᠠᠭᠠᠨ ᠴᠡᠷᠢᠭ ᠤᠨ ᠰᠠᠯᠵᠤ ᠪᠤᠳᠠᠷᠠᠭᠰᠠᠳ ᠨᠢᠭᠡᠪᠦᠷᠢ ᠵᠢᠯ ᠪᠦᠷᠢ 25070 ᠲᠥᠭᠦᠷᠢᠭ ᠲᠤ ᠬᠦᠷᠦᠭᠦᠯᠦᠨ᠎ᠡ᠃      ︽ᠮᠡᠳᠡᠭᠳᠡᠯ︾᠎ ᠳᠤ ᠲᠣᠲᠣᠷᠬᠠᠶᠢᠯᠠᠭᠰᠠᠨ ᠨᠢ᠂ ᠡᠯ᠎ᠡ ᠭᠠᠵᠠᠷ ᠤᠳ ︽ᠴᠡᠷᠢᠭ ᠤᠨ ᠬᠥᠮᠦᠨ ᠤ ᠠᠰᠠᠷᠠᠮᠵᠢ ᠶᠢᠨ ᠬᠠᠷᠠᠭᠠᠯᠵᠠᠯ ᠤᠨ ᠳᠦᠷᠢᠮ︾᠎ ᠤᠨ ᠲᠣᠭᠲᠠᠭᠠᠯ ᠢᠶᠠᠷ᠂ ᠨᠤᠲᠤᠭ ᠲᠤ ᠪᠠᠨ ᠪᠠᠶᠢᠭ᠎ᠠ ᠠᠬᠠᠮᠠᠳ ᠴᠡᠷᠢᠭ ᠠᠴᠠ ᠬᠠᠯᠠᠭᠳᠠᠭᠰᠠᠳ ᠤᠨ ᠠᠮᠢᠳᠤᠷᠠᠯ ᠤᠨ ᠨᠥᠬᠦᠪᠥᠷᠢ ᠶᠢᠨ ᠪᠠᠷᠢᠮᠵᠢᠶ᠎ᠠ ᠶᠢ ᠶᠡᠬᠡᠪᠡᠷ ᠳᠡᠭᠡᠭᠰᠢᠯᠡᠭᠦᠯᠵᠦ᠂ ᠲᠡᠳᠡᠨ ᠤ ᠠᠮᠢᠳᠤᠷᠠᠯ ᠤᠨ ᠬᠢᠷᠢ ᠬᠡᠮᠵᠢᠶ᠎ᠡ ᠶᠢ ᠨᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃      ᠲᠥᠪ ᠤᠨ ᠡᠳ᠋ ᠤᠨ ᠵᠠᠰᠠᠭ ᠣᠳᠣ ᠶᠢᠨ ᠬᠡᠷᠡᠭᠵᠢᠭᠦᠯᠵᠦ ᠪᠠᠶᠢᠭ᠎ᠠ ᠨᠥᠬᠦᠪᠦᠷᠢ ᠶᠢᠨ ᠪᠠᠷᠢᠮᠵᠢᠶ᠎ᠠ ᠶᠢᠨ ᠰᠠᠭᠤᠷᠢᠨ ᠳᠡᠭᠡᠷ᠎ᠡ᠂ ᠬᠥᠮᠦᠨ ᠨᠢᠭᠡᠪᠦᠷᠢ ᠳᠤ ᠰᠠᠷ᠎ᠠ ᠪᠦᠷᠢ 100 ᠲᠥᠭᠦᠷᠢᠭ ᠨᠡᠮᠡᠭᠳᠡᠭᠦᠯᠪᠡ᠃ ᠡᠯ᠎ᠡ ᠭᠠᠵᠠᠷ ᠤᠳ ᠬᠥᠮᠦᠨ ᠨᠢᠭᠡᠪᠦᠷᠢ ᠳᠤ ᠰᠠᠷ᠎ᠠ ᠪᠦᠷᠢ 550 ᠲᠥᠭᠦᠷᠢᠭ ᠠᠴᠠ ᠳᠡᠭᠡᠭᠰᠢ᠂ ᠠᠷᠪᠠᠳᠤᠭᠠᠷ ᠳᠡᠰ ᠤᠨ ᠵᠡᠮᠳᠡᠭ ᠴᠡᠷᠢᠭ ᠤᠨ ᠠᠰᠠᠷᠠᠮᠵᠢ ᠶᠢᠨ ᠮᠥᠩᠭᠦ ᠶᠢᠨ ᠪᠠᠷᠢᠮᠵᠢᠶ᠎ᠠ ᠠᠴᠠ ᠳᠣᠣᠷ᠎ᠠ ᠪᠠᠶᠢᠯᠭᠠᠬᠤ ᠵᠠᠷᠴᠢᠮ ᠶᠣᠰᠣᠭᠠᠷ᠂ ᠡᠪᠡᠳᠴᠢᠨ ᠲᠠᠢ ᠪᠣᠯᠣᠭᠠᠳ ᠨᠤᠲᠤᠭ ᠲᠤ ᠪᠠᠨ ᠪᠤᠴᠠᠭᠰᠠᠨ ᠴᠡᠷᠢᠭ ᠠᠴᠠ ᠪᠠᠭᠤᠭᠰᠠᠳ ᠤᠨ ᠠᠮᠢᠳᠤᠷᠠᠯ ᠤᠨ ᠨᠥᠬᠦᠪᠥᠷᠢ ᠶᠢᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠵᠦ᠂ ᠬᠥᠮᠦᠨ ᠨᠢᠭᠡᠪᠦᠷᠢ ᠳᠤ ᠰᠠᠷ᠎ᠠ ᠪᠦᠷᠢ ᠶᠢᠨ ᠪᠠᠷᠢᠮᠵᠢᠶ᠎ᠠ ᠶᠢ 50 ᠲᠥᠭᠦᠷᠢᠭ ᠠᠴᠠ ᠳᠡᠭᠡᠭᠰᠢ ᠳᠡᠭᠡᠭᠰᠢᠯᠡᠭᠦᠯᠬᠦ ᠬᠡᠷᠡᠭᠲᠡᠢ᠃ ᠡᠭᠦᠨ ᠳᠤ ᠲᠥᠪ ᠤᠨ ᠡᠳ᠋ ᠤᠨ ᠵᠠᠰᠠᠭ ᠠᠴᠠ ᠬᠥᠮᠦᠨ ᠨᠢᠭᠡᠪᠦᠷᠢ ᠳᠤ ᠰᠠᠷ᠎ᠠ ᠪᠦᠷᠢ 40 ᠲᠥᠭᠦᠷᠢᠭ ᠨᠥᠬᠦᠪᠦᠷᠢᠯᠡᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠤᠤᠯ ᠤᠨ ᠰᠠᠭᠤᠷᠢᠨ ᠳᠡᠭᠡᠷ᠎ᠡ᠂ ᠬᠥᠮᠦᠨ ᠨᠢᠭᠡᠪᠦᠷᠢ ᠳᠤ ᠰᠠᠷ᠎ᠠ ᠪᠦᠷᠢ 10 ᠲᠥᠭᠦᠷᠢᠭ ᠨᠥᠬᠦᠪᠦᠷᠢᠯᠡᠨ᠂ ᠬᠥᠮᠦᠨ ᠨᠢᠭᠡᠪᠦᠷᠢ ᠳᠤ ᠰᠠᠷ᠎ᠠ ᠪᠦᠷᠢ 556 ᠲᠥᠭᠦᠷᠢᠭ ᠲᠤ ᠬᠦᠷᠦᠭᠦᠯᠦᠨ᠎ᠡ᠃      ᠬᠥᠳᠡᠭᠡ ᠲᠣᠰᠬᠤᠨ ᠪᠠ ᠬᠤᠳᠠ ᠪᠠᠯᠭᠠᠰᠤᠨ ᠳᠤ ᠪᠠᠶᠢᠭ᠎ᠠ ᠠᠯᠪᠠᠨ ᠠᠵᠢᠯ ᠦᠭᠡᠢ ᠪᠥᠭᠡᠳ ᠬᠡᠷ ᠪᠦᠯᠢ ᠶᠢᠨ ᠠᠮᠢᠳᠤᠷᠠᠯ ᠨᠢ ᠬᠦᠴᠢᠷᠳᠡᠯ ᠲᠠᠢ ᠲᠠᠶᠢᠨ ᠳᠤ ᠣᠷᠣᠯᠴᠠᠭᠰᠠᠨ ᠴᠡᠷᠢᠭ ᠤᠨ ᠠᠯᠪᠠᠨ ᠠᠴᠠ ᠪᠠᠭᠤᠭᠰᠠᠳ ᠤᠨ ᠠᠮᠢᠳᠤᠷᠠᠯ ᠤᠨ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠬᠥᠮᠦᠨ ᠨᠢᠭᠡᠪᠦᠷᠢ ᠰᠠᠷ᠎ᠠ ᠪᠦᠷᠢ 50 ᠲᠥᠭᠦᠷᠢᠭ ᠨᠡᠮᠡᠵᠦ᠂ ᠬᠥᠮᠦᠨ ᠨᠢᠭᠡᠪᠦᠷᠢ ᠳᠤ ᠰᠠᠷ᠎ᠠ ᠪᠦᠷᠢ 600 ᠲᠥᠭᠦᠷᠢᠭ ᠲᠤ ᠬᠦᠷᠦᠭᠦᠯᠦᠨ᠎ᠡ᠃ ᠡᠭᠦᠨ ᠳᠤ ᠲᠥᠪ ᠤᠨ ᠡᠳ᠋ ᠤᠨ ᠵᠠᠰᠠᠭ ᠠᠴᠠ ᠬᠥᠮᠦᠨ ᠨᠢᠭᠡᠪᠦᠷᠢ ᠳᠤ ᠰᠠᠷ᠎ᠠ ᠪᠦᠷᠢ 40 ᠲᠥᠭᠦᠷᠢᠭ ᠨᠥᠬᠦᠪᠦᠷᠢᠯᠡᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠬᠥᠮᠦᠨ  ᠨᠢᠭᠡᠪᠦᠷᠢ ᠳᠤ ᠰᠠᠷ᠎ᠠ ᠪᠦᠷᠢ 10 ᠲᠥᠭᠦᠷᠢᠭ ᠨᠥᠬᠦᠪᠦᠷᠢᠯᠡᠨ᠎ᠡ᠃      ᠵᠡᠮᠳᠡᠭ ᠢᠶᠠᠷ ᠦᠨᠡᠮᠰᠢᠬᠦ ᠨᠥᠬᠦᠴᠡᠯ  ᠪᠠ ᠡᠪᠡᠳᠴᠢᠨ ᠲᠠᠢ ᠪᠣᠯᠣᠭᠠᠳ ᠨᠤᠲᠤᠭ ᠲᠤ ᠪᠠᠨ ᠪᠤᠴᠠᠭᠰᠠᠨ ᠴᠡᠷᠢᠭ ᠠᠴᠠ ᠪᠠᠭᠤᠭᠰᠠᠳ ᠤᠨ ᠠᠮᠢᠳᠤᠷᠠᠯ ᠤᠨ ᠨᠥᠬᠦᠪᠥᠷᠢ ᠬᠦᠷᠲᠡᠬᠦ ᠨᠥᠬᠦᠴᠡᠯ ᠳᠤ ᠦᠯᠦ ᠨᠡᠶᠢᠴᠡᠬᠦ ᠪᠣᠯᠪᠠᠴᠣ ᠡᠪᠡᠳᠴᠢᠨ ᠲᠠᠢ ᠪᠤᠶᠤ ᠠᠮᠢᠳᠤᠷᠠᠯ ᠨᠢ ᠬᠦᠴᠢᠷᠳᠡᠯ ᠲᠠᠢ ᠬᠥᠳᠡᠭᠡ ᠲᠣᠰᠬᠤᠨ ᠪᠠ ᠬᠤᠳᠠ ᠪᠠᠯᠭᠠᠰᠤᠨ ᠳᠤ ᠠᠯᠪᠠᠨ ᠠᠵᠢᠯ ᠦᠭᠡᠢ ᠤᠤᠯ ᠤᠨ8023 ᠴᠡᠷᠢᠭ ᠠᠩᠭᠢ ᠶᠢᠨ ᠠᠯᠪᠠᠨ ᠠᠴᠠ ᠪᠠᠭᠤᠭᠰᠠᠳ ᠵᠢᠴᠢ ᠪᠤᠰᠤᠳ ᠴᠥᠮ᠎ᠡ ᠶᠢᠨ ᠲᠤᠷᠰᠢᠯᠲᠠ ᠳᠤ ᠣᠷᠣᠯᠴᠠᠭᠰᠠᠨ ᠴᠡᠷᠢᠭ ᠠᠩᠭᠢ ᠶᠢᠨ ᠠᠯᠪᠠᠨ ᠠᠴᠠ ᠪᠠᠭᠤᠭᠰᠠᠳ ︵ᠦᠷᠡᠨ ᠤ ᠠᠭᠤᠷᠬᠠᠶ ᠮᠠᠯᠲᠠᠬᠤ ᠳᠤ ᠣᠷᠣᠯᠴᠠᠭᠰᠠᠨ ᠴᠡᠷᠢᠭ ᠠᠩᠭᠢ ᠶᠢᠨ ᠠᠯᠪᠠᠨ ᠠᠴᠠ ᠪᠠᠭᠤᠭᠰᠠᠳ ᠪᠠᠭᠲᠠᠨ᠎ᠠ︶᠎ ᠤᠨ ᠠᠮᠢᠳᠤᠷᠠᠯ ᠤᠨ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠬᠥᠮᠦᠨ ᠨᠢᠭᠡᠪᠦᠷᠢ ᠳᠤ ᠰᠠᠷ᠎ᠠ ᠪᠦᠷᠢ 50 ᠲᠥᠭᠦᠷᠢᠭ ᠨᠡᠮᠡᠵᠦ᠂ ᠬᠥᠮᠦᠨ ᠨᠢᠭᠡᠪᠦᠷᠢ ᠳᠤ ᠰᠠᠷ᠎ᠠ ᠪᠦᠷᠢ 600 ᠲᠥᠭᠦᠷᠢᠭ ᠲᠤ ᠬᠦᠷᠦᠭᠦᠯᠦᠨ᠎ᠡ᠃      ᠡᠭᠦᠨ ᠳᠤ ᠲᠥᠪ ᠤᠨ ᠡᠳ᠋ ᠤᠨ ᠵᠠᠰᠠᠭ ᠠᠴᠠ ᠬᠥᠮᠦᠨ ᠨᠢᠭᠡᠪᠦᠷᠢ ᠳᠤ ᠰᠠᠷ᠎ᠠ ᠪᠦᠷᠢ 40 ᠲᠥᠭᠦᠷᠢᠭ ᠨᠥᠬᠦᠪᠦᠷᠢᠯᠡᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠬᠥᠮᠦᠨ ᠨᠢᠭᠡᠪᠦᠷᠢ ᠳᠤ ᠰᠠᠷ᠎ᠠ ᠪᠦᠷᠢ 10 ᠲᠥᠭᠦᠷᠢᠭ ᠨᠥᠬᠦᠪᠦᠷᠢᠯᠡᠨ᠎ᠡ ᠃ ᠬᠥᠳᠡᠭᠡ ᠲᠣᠰᠬᠤᠨ ᠪᠠ ᠬᠤᠳᠠ ᠪᠠᠯᠭᠠᠰᠤᠨ ᠳᠤ ᠠᠯᠪᠠᠨ ᠠᠵᠢᠯ ᠦᠭᠡᠢ᠂ ᠪᠦᠬᠦᠯᠢ 18 ᠨᠠᠰᠤᠨ ᠠᠴᠠ ᠡᠮᠦᠨ᠎ᠡ ᠲᠣᠭᠲᠠᠮᠠᠯ ᠬᠤᠭᠤᠴᠠᠭᠠᠲᠤ ᠠᠰᠠᠷᠠᠮᠵᠢ ᠶᠢᠨ ᠮᠥᠩᠭᠦ ᠶᠢᠨ ᠬᠠᠷᠠᠭᠠᠯᠵᠠᠯ ᠢ ᠦᠯᠦ ᠬᠥᠷᠲᠡᠭᠰᠡᠨ ᠮᠥᠷᠲᠡᠭᠡᠨ ᠪᠦᠬᠦᠯᠢ 60 ᠨᠠᠰᠤ ᠬᠦᠷᠦᠭᠰᠡᠨ ᠨᠥᠭᠴᠢᠭᠰᠡᠨ ᠪᠠᠭᠠᠲᠤᠷᠴᠤᠳ ᠤᠨ ᠦᠷ᠎ᠡ ᠬᠡᠦᠬᠡᠳ ︵ᠤᠯᠤᠰ ᠪᠠᠶᠢᠭᠤᠯᠤᠭᠳᠠᠬᠤ ᠠᠴᠠ ᠡᠮᠦᠨ᠎ᠡ  ᠬᠢᠯᠢᠰ ᠢᠶᠠᠷ ᠠᠯᠠᠭᠲᠠᠵᠤ ᠰᠡᠭᠦᠯᠡᠷ ᠨᠢ ᠴᠠᠭᠠᠳᠬᠠᠭᠰᠠᠨ ᠬᠦᠮᠦᠰ ᠤᠨ ᠦᠷ᠎ᠡ ᠬᠡᠦᠬᠡᠳ ᠪᠠᠭᠲᠠᠨ᠎ᠠ︶᠎ ᠤᠨ ᠠᠮᠢᠳᠤᠷᠠᠯ ᠤᠨ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃      ᠲᠥᠪ ᠤᠨ ᠡᠳ᠋ ᠤᠨ ᠵᠠᠰᠠᠭ ᠣᠳᠣ ᠶᠢᠨ ᠬᠡᠷᠡᠭᠵᠢᠭᠦᠯᠵᠦ ᠪᠠᠶᠢᠭ᠎ᠠ ᠨᠥᠬᠦᠪᠦᠷᠢ ᠶᠢᠨ ᠪᠠᠷᠢᠮᠵᠢᠶ᠎ᠠ ᠶᠢᠨ ᠰᠠᠭᠤᠷᠢᠨ ᠳᠡᠭᠡᠷ᠎ᠡ᠂ ᠬᠥᠮᠦᠨ ᠨᠢᠭᠡᠪᠦᠷᠢ ᠳᠤ ᠰᠠᠷ᠎ᠠ ᠪᠦᠷᠢ 50 ᠲᠥᠭᠦᠷᠢᠭ ᠨᠡᠮᠡᠵᠦ᠂ ᠬᠥᠮᠦᠨ ᠨᠢᠭᠡᠪᠦᠷᠢ ᠳᠤ ᠰᠠᠷ᠎ᠠ ᠪᠦᠷᠢ 740 ᠲᠥᠭᠦᠷᠢᠭ ᠲᠤ ᠬᠦᠷᠦᠭᠦᠯᠦᠨ᠎ᠡ᠃ 1954 ᠣᠨ ᠤ 11 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ ᠲᠤᠷᠰᠢᠨ  ᠬᠡᠷᠡᠭᠵᠢᠭᠦᠯᠦᠭᠰᠡᠨ ᠠᠯᠪᠠᠨ ᠵᠢᠷᠤᠮ ᠤᠨ ᠴᠡᠷᠢᠭ ᠤᠨ ᠳᠦᠷᠢᠮ  ᠠᠴᠠ ᠬᠤᠶᠢᠰᠢ ︽ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠢ ᠲᠥᠪᠬᠢᠨᠡᠭᠦᠯᠬᠦ ᠳᠦᠷᠢᠮ︾᠎ ᠢ ᠬᠡᠷᠡᠭᠵᠢᠭᠦᠯᠦᠭᠰᠡᠨ ᠠᠴᠠ ᠡᠮᠦᠨ᠎ᠡ ᠴᠡᠷᠢᠭ ᠲᠤ ᠣᠷᠣᠭᠰᠠᠨ ᠪᠦᠭᠡᠳ ᠪᠦᠬᠦᠯᠢ 60 ᠨᠠᠰᠤᠨ ᠠᠴᠠ ᠳᠡᠭᠡᠭᠰᠢ ︵60 ᠨᠠᠰᠤᠨ ᠪᠠᠭᠲᠠᠨ᠎ᠠ︶᠂ ᠤᠯᠤᠰ ᠤᠨ ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ ᠨᠥᠬᠦᠪᠥᠷᠢ ᠬᠦᠷᠲᠡᠭᠰᠡᠨ ᠦᠭᠡᠢ ᠬᠥᠳᠡᠭᠡ ᠲᠣᠰᠬᠤᠨ ᠳᠤ ᠡᠷᠦᠬᠡ ᠠᠮᠠ ᠲᠠᠢ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠎ ᠤᠨ ᠥᠲᠡᠭᠦᠰ ᠤᠨ ᠠᠮᠢᠳᠤᠷᠠᠯ ᠤᠨ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠠᠯᠪᠠᠨ ᠵᠢᠷᠤᠮ ᠤᠨ ᠴᠡᠷᠢᠭ ᠤᠨ ᠠᠯᠪᠠ ᠬᠠᠭᠠᠭᠰᠠᠨ ᠨᠢᠭᠡ ᠵᠢᠯ ᠪᠦᠷᠢ ᠳᠤ ᠨᠢ ᠬᠥᠮᠦᠨ ᠨᠢᠭᠡᠪᠦᠷᠢ ᠰᠠᠷ᠎ᠠ ᠪᠦᠷᠢ 5 ᠲᠥᠭᠦᠷᠢᠭ  ᠨᠡᠮᠡᠵᠦ᠂ ᠠᠯᠪᠠᠨ ᠵᠢᠷᠤᠮ ᠤᠨ ᠴᠡᠷᠢᠭ ᠤᠨ ᠠᠯᠪᠠ ᠬᠠᠭᠠᠭᠰᠠᠨ ᠨᠢᠭᠡ ᠵᠢᠯ ᠪᠦᠷᠢ ᠳᠤᠨᠢ ᠬᠥᠮᠦᠨ ᠨᠢᠭᠡᠪᠦᠷᠢ ᠰᠠᠷ᠎ᠠ ᠪᠦᠷᠢ 35 ᠲᠥᠭᠦᠷᠢᠭ ᠲᠤ ᠬᠦᠷᠦᠭᠦᠯᠦᠨ᠎ᠡ᠃       ᠡᠭᠦᠨ ᠠᠴᠠ ᠭᠠᠳᠠᠨ᠎ᠠ᠂ ︽ᠮᠡᠳᠡᠭᠳᠡᠯ︾᠎ ᠳᠤ ᠲᠤᠲᠤᠷᠬᠠᠶᠢᠯᠠᠭᠰᠠᠨ ᠨᠢ᠂ ᠤᠯᠤᠰ ᠪᠠᠶᠢᠭᠤᠯᠤᠭᠳᠠᠬᠤ ᠠᠴᠠ ᠡᠮᠦᠨ᠎ᠡ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠭᠰᠠᠨ ᠬᠥᠳᠡᠭᠡ ᠲᠣᠰᠬᠤᠨ ᠤ ᠠᠬᠠᠮᠠᠳ ᠨᠠᠮ ᠤᠨ ᠭᠡᠰᠢᠭᠦᠨ ᠪᠠ ᠠᠵᠢᠯ ᠠᠴᠠ ᠠᠮᠠᠷᠠᠭᠰᠠᠨ ᠠᠵᠢᠯ ᠠᠴᠠ ᠪᠠᠭᠤᠭᠰᠠᠨ ᠬᠠᠷᠠᠭᠠᠯᠵᠠᠯ ᠦᠯᠦ ᠬᠦᠷᠲᠡᠵᠦ ᠪᠠᠶᠢᠭ᠎ᠠ ᠬᠤᠲᠠ ᠪᠠᠯᠭᠠᠰᠤ ᠶᠢᠨ ᠠᠬᠠᠮᠠᠳ ᠨᠠᠮ ᠤᠨ ᠭᠡᠰᠢᠭᠦᠨ ᠤ ᠠᠮᠢᠳᠤᠷᠠᠯ ᠤᠨ ᠨᠥᠬᠦᠪᠥᠷᠢ ᠶᠢᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠵᠦ᠂ ᠬᠥᠮᠦᠨ ᠨᠢᠭᠡᠪᠦᠷᠢ ᠳᠤ ᠰᠠᠷ᠎ᠠ ᠪᠦᠷᠢ 50 ᠲᠥᠭᠦᠷᠢᠭ ᠨᠡᠮᠡᠨ᠎ᠡ᠂ ᠨᠥᠬᠦᠪᠥᠷᠢ ᠶᠢᠨ ᠪᠠᠷᠢᠮᠵᠢᠶ᠎ᠠ ᠳᠤ ᠳᠣᠣᠷᠠᠬᠢ ᠮᠡᠲᠦ ᠲᠣᠬᠢᠷᠠᠭᠤᠯᠪᠠ᠄  1937 ᠣᠨ ᠤ 7 ᠳ᠋ᠤᠭᠠᠷ ᠰᠠᠷ᠎ᠠ ᠶᠢᠨ 6᠎ ᠤ ᠡᠳᠦᠷ ᠠᠴᠠ ᠡᠮᠦᠨ᠎ᠡ ᠨᠠᠮ ᠳᠤ ᠤᠷᠤᠭᠰᠠᠨ ᠪᠣᠯ᠂ ᠬᠥᠮᠦᠨ ᠨᠢᠭᠡᠪᠦᠷᠢ ᠳᠤ ᠰᠠᠷ᠎ᠠ ᠪᠦᠷᠢ 720 ᠲᠥᠭᠦᠷᠢᠭ ᠲᠤ ᠬᠦᠷᠦᠭᠦᠯᠦᠨ᠎ᠡ︔ 1937 ᠣᠨ ᠤ 7 ᠳ᠋ᠤᠭᠠᠷ ᠰᠠᠷ᠎ᠠ ᠶᠢᠨ 7᠎ ᠤ  ᠡᠳᠦᠷ ᠠᠴᠠ 1945 ᠣᠨ ᠤ 9 ᠳ᠋ᠦ᠋ᠭᠡᠷ ᠰᠠᠷ᠎ᠠ ᠶᠢᠨ 2᠎ ᠤᠨ ᠡᠳᠦᠷ ᠤᠨ ᠬᠤᠭᠤᠷᠤᠨᠳᠤ ᠨᠠᠮ ᠳᠤ ᠤᠷᠤᠭᠰᠠᠨ ᠪᠣᠯ᠂ ᠬᠥᠮᠦᠨ ᠨᠢᠭᠡᠪᠦᠷᠢ ᠳᠤ ᠰᠠᠷ᠎ᠠ ᠪᠦᠷᠢ 660 ᠲᠥᠭᠦᠷᠢᠭ ᠲᠤ ᠬᠦᠷᠦᠭᠦᠯᠦᠨ᠎ᠡ︔ 1945 ᠣᠨ ᠤ 9 ᠳ᠋ᠦ᠋ᠭᠡᠷ ᠰᠠᠷ᠎ᠠ ᠶᠢᠨ 3᠎ ᠤ ᠡᠳᠦᠷ ᠠᠴᠠ 1949 ᠣᠨ ᠤ 9 ᠳ᠋ᠦ᠋ᠭᠡᠷ ᠰᠠᠷ᠎ᠠ ᠶᠢᠨ 30᠎ ᠤ ᠡᠳᠦᠷ ᠤᠨ ᠬᠤᠭᠤᠷᠤᠨᠳᠤ ᠨᠠᠮ ᠳᠤ ᠣᠷᠣᠭᠰᠠᠨ ᠪᠣᠯ᠂ ᠬᠥᠮᠦᠨ ᠨᠢᠭᠡᠪᠦᠷᠢ ᠳᠤ ᠰᠠᠷ᠎ᠠ ᠪᠦᠷᠢ 580 ᠲᠥᠭᠦᠷᠢᠭ ᠲᠤ ᠬᠦᠷᠦᠭᠦᠯᠦᠨ᠎ᠡ᠃ ᠠᠰᠠᠷᠠᠨ ᠬᠠᠷᠠᠭᠠᠯᠵᠠᠭᠰᠠᠳ ᠤᠨ ᠠᠰᠠᠷᠠᠮᠵᠢ ᠶᠢᠨ ᠨᠥᠬᠦᠪᠥᠷᠢ ᠬᠦᠷᠲᠡᠵᠦ ᠪᠠᠶᠢᠭ᠎ᠠ ᠠᠬᠠᠮᠠᠳ ᠨᠠᠮ ᠤᠨ ᠭᠡᠰᠢᠭᠦᠨ ᠳᠤ ᠪᠣᠯ᠂ ᠳᠡᠭᠡᠷ᠎ᠡ ᠳᠤᠷᠠᠳᠤᠭᠰᠠᠨ ᠨᠥᠬᠦᠪᠥᠷᠢ ᠶᠢᠨ ᠪᠠᠷᠢᠮᠵᠢᠶ᠎ᠠ ᠶᠢ ᠬᠡᠷᠡᠭᠵᠢᠭᠦᠯᠬᠦ ᠦᠭᠡᠢ᠂ ᠮᠥᠨ ᠬᠦ ᠬᠥᠮᠦᠨ ᠨᠢᠭᠡᠪᠦᠷᠢ ᠳᠤ ᠰᠠᠷ᠎ᠠ ᠪᠦᠷᠢ 50 ᠲᠥᠭᠦᠷᠢᠭ ᠤᠨ ᠪᠠᠷᠢᠮᠵᠢᠶ᠎ᠠ ᠪᠠᠷ ᠠᠮᠢᠳᠤᠷᠠᠯ ᠤᠨ ᠨᠥᠬᠦᠪᠥᠷᠢ ᠣᠯᠭᠤᠨ᠎ᠠ᠃ ᠠᠬᠠᠮᠠᠳ ᠨᠠᠮ ᠤᠨ ᠭᠡᠰᠢᠭᠦᠨ ᠳᠤ ᠲᠣᠭᠲᠠᠭᠰᠠᠨ ᠬᠡᠮᠵᠢᠶᠡᠨ ᠤ ᠨᠥᠬᠦᠪᠥᠷᠢ ᠥᠭᠬᠦ ᠶᠢ ᠬᠡᠷᠡᠭᠵᠢᠭᠦᠯᠵᠦ ᠪᠠᠶᠢᠭ᠎ᠠ ᠭᠠᠵᠠᠷ ᠣᠷᠣᠨ ᠪᠣᠯ᠂ ᠨᠥᠬᠦᠪᠥᠷᠢ ᠶᠢᠨ ᠪᠠᠷᠢᠮᠵᠢᠶ᠎ᠠ ᠨᠢ ᠳᠡᠭᠡᠷ᠎ᠡ ᠳᠤᠷᠠᠳᠤᠭᠰᠠᠨ ᠪᠠᠷᠢᠮᠵᠢᠶ᠎ᠠ ᠠᠴᠠ ᠳᠣᠣᠷ᠎ᠠ ᠪᠠᠶᠢᠪᠠᠯ᠂ ᠵᠦᠷᠢᠶ᠎ᠡ ᠶᠢ ᠨᠢ ᠨᠥᠬᠦᠵᠦ ᠥᠭᠬᠦ ᠵᠠᠷᠴᠢᠮ ᠶᠣᠰᠣᠭᠠᠷ ᠨᠥᠬᠦᠪᠥᠷᠢ ᠥᠭᠭᠦᠨ᠎ᠡ︔ ᠨᠥᠬᠦᠪᠥᠷᠢ ᠶᠢᠨ ᠪᠠᠷᠢᠮᠵᠢᠶ᠎ᠠ ᠨᠢ ᠳᠡᠭᠡᠷ᠎ᠡ ᠳᠤᠷᠠᠳᠤᠭᠰᠠᠨ ᠪᠠᠷᠢᠮᠵᠢᠶ᠎ᠠ ᠠᠴᠠ ᠥᠨᠳᠥᠷ ᠪᠠᠶᠢᠪᠠᠯ᠂ ᠮᠥᠨ ᠬᠦ ᠤᠤᠯ ᠤᠨ ᠨᠥᠬᠦᠪᠥᠷᠢ ᠶᠢᠨ ᠪᠠᠷᠢᠮᠵᠢᠶ᠎ᠠ ᠪᠠᠷ ᠨᠢ ᠨᠥᠬᠦᠪᠥᠷᠢ ᠥᠭᠭᠦᠨ᠎ᠡ᠃ ᠲᠥᠪ ᠪᠠ ᠥᠪᠡᠷᠲᠡᠭᠡᠨ ᠵᠠᠰᠠᠬᠤ ᠣᠷᠣᠨ ᠠᠴᠠ ᠲᠤᠰ ᠪᠦᠷᠢ ᠳᠡᠭᠡᠷ᠎ᠡ ᠳᠤᠷᠠᠳᠤᠭᠰᠠᠨ ᠨᠥᠬᠦᠪᠥᠷᠢ ᠶᠢᠨ ᠪᠠᠷᠢᠮᠵᠢᠶᠠᠨ ᠤ 50%᠎ ᠪᠠᠷ ᠨᠥᠬᠦᠪᠥᠷᠢ ᠶᠢᠨ ᠪᠡᠯᠡ ᠮᠥᠩᠭᠦ ᠲᠣᠬᠢᠷᠠᠭᠤᠯᠤᠨ᠎ᠠ ᠭᠡᠵᠡᠢ᠃       ᠡᠭᠦᠨ ᠤ ᠬᠠᠮᠲᠤ᠂ ᠲᠤᠰ ︽ᠮᠡᠳᠡᠭᠳᠡᠯ︾᠎ ᠳᠤ ᠲᠣᠲᠣᠷᠬᠠᠶᠢᠯᠠᠭᠰᠠᠨ ᠨᠢ᠂ ᠲᠣᠰ ᠤᠳᠠᠭ᠎ᠠ ᠶᠢᠨ ᠪᠠᠷᠢᠮᠵᠢᠶ᠎ᠠ ᠲᠣᠬᠢᠷᠠᠭᠤᠯᠬᠤ ᠳᠤ ᠬᠡᠷᠡᠭᠰᠡᠬᠦ ᠲᠥᠪ ᠤᠨ ᠨᠥᠬᠦᠪᠥᠷᠢ ᠮᠥᠩᠭᠦ ᠶᠢ ᠲᠥᠪ ᠤᠨ ᠡᠳ᠋ ᠤᠨ ᠵᠠᠰᠠᠭ ᠠᠴᠠ ᠲᠣᠬᠢᠷᠠᠭᠤᠯᠵᠤ᠂ ᠠᠰ ᠲᠤᠨᠢ ᠪᠠᠭᠤᠯᠭᠠᠨ᠎ᠠ᠃ ᠨᠤᠲᠤᠭ ᠲᠤ ᠪᠠᠨ ᠪᠠᠶᠢᠭ᠎ᠠ ᠠᠬᠠᠮᠠᠳ ᠴᠡᠷᠢᠭ ᠠᠴᠠ ᠬᠠᠯᠠᠭᠳᠠᠭᠰᠠᠳ᠂ ᠡᠪᠡᠳᠴᠢᠨ ᠲᠠᠢ ᠪᠣᠯᠣᠭᠠᠳ ᠨᠤᠲᠤᠭ ᠲᠠᠭᠠᠨ ᠪᠤᠴᠠᠭᠰᠠᠨ ᠴᠡᠷᠢᠭ ᠠᠴᠠ ᠬᠠᠯᠠᠭᠳᠠᠭᠰᠠᠳ᠂ ︽ᠬᠤᠶᠠᠷ ᠲᠤ ᠣᠷᠣᠯᠴᠠᠭᠰᠠᠨ︾ ᠵᠡᠷᠭᠡ ᠬᠥᠮᠦᠰ ᠤᠨ ᠪᠠᠷᠢᠮᠵᠢᠶ᠎ᠠ ᠶᠢ ᠥᠰᠬᠡᠭᠰᠡᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠡᠭᠦᠷᠭᠡᠯᠡᠬᠦ  ᠵᠠᠷᠤᠳᠠᠯ ᠢ ᠠᠰ ᠲᠤ ᠨᠢ ᠪᠠᠭᠤᠯᠭᠠᠨ᠎ᠠ᠂ ᠡᠯ᠎ᠡ ᠭᠠᠵᠠᠷ ᠪᠠᠯᠠ ᠮᠥᠩᠭᠦ ᠶᠢᠨ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂  ᠠᠰᠠᠷᠠᠮᠵᠢ ᠶᠢᠨ ᠮᠥᠩᠭᠦ ᠪᠠ ᠠᠮᠢᠳᠤᠷᠠᠯ ᠤᠨ ᠨᠥᠬᠦᠪᠦᠷᠢ ᠮᠥᠩᠭᠦ ᠶᠢ ᠴᠠᠭ ᠲᠤᠬᠠᠶ ᠳᠤ ᠨᠢ᠂ ᠣᠨᠣᠪᠴᠢᠲᠠᠶ᠂ ᠲᠤᠭ᠎ᠠ ᠶᠣᠰᠣᠭᠠᠷ ᠠᠰᠠᠷᠠᠨ ᠬᠠᠷᠠᠭᠠᠯᠵᠠᠭᠤᠯᠤᠭᠰᠠᠳ ᠵᠡᠷᠭᠡ ᠬᠥᠮᠦᠰ ᠲᠤ ᠣᠯᠭᠤᠬᠤ ᠬᠡᠷᠡᠭᠲᠡᠢ ᠭᠡᠵᠡᠢ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号