2017 ᠣᠨ ᠤ 4 ᠳ᠋ᠦ᠋ᠭᠡᠷ ᠰᠠᠷ᠎ᠠ ᠳᠤ᠂ ᠰᠤᠷᠭᠠᠨ ᠬᠥᠮᠥᠵᠢᠯ ᠤᠨ ᠶᠠᠮᠤᠨ᠂ ᠲᠥᠪ ᠤᠨ ᠪᠠᠶᠢᠭᠤᠯᠤᠮᠵᠢ | ᠣᠷᠣᠨ ᠲᠣᠭᠠᠨ ᠤ ᠵᠥᠪᠯᠡᠯ ᠤᠨ ᠠᠯᠪᠠᠨ ᠭᠡᠷ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠡᠳ᠋ ᠤᠨ ᠵᠠᠰᠠᠭ ᠤᠨ ᠶᠠᠮᠤᠨ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠵᠡᠷᠭᠡ | ᠲᠠᠪᠤᠨ ᠰᠠᠯᠠᠭ᠎ᠠ ᠮᠥᠴᠢᠷ ᠬᠤᠯᠪᠣᠭᠠᠯᠠᠨ ︽ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠬᠦᠷᠢᠶ᠎ᠡ ᠴᠠᠷᠠᠭᠠᠨ ᠳᠤ | ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠤᠨ | ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠰᠠᠨᠠᠯ ᠤᠳ︾ ︵ᠳᠣᠷᠣᠭᠰᠢ ︽ | ᠰᠠᠨᠠᠯ ᠤᠳ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃ ᠰᠤᠷᠭᠠᠨ ᠬᠥᠮᠥᠵᠢᠯ ᠤᠨ ᠶᠠᠮᠤᠨ ᠵᠡᠷᠭᠡ | ᠲᠠᠪᠤᠨ ᠰᠠᠯᠠᠭ᠎ᠠ ᠮᠥᠴᠢᠷ ᠤᠨ ᠬᠢᠨ ᠤ ︽ᠰᠠᠨᠠᠯ ᠤᠳ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ | ᠲᠥᠯᠥᠭᠡ᠂ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠠᠵᠢᠯ ᠤᠨ ᠪᠠᠶᠢᠷᠢᠯᠠᠭᠤᠯᠤᠯᠲᠠ ᠪᠠ ᠰᠤᠷᠭᠠᠨ | ᠬᠥᠮᠥᠵᠢᠯ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠥᠵᠢᠯ ᠤᠨ ᠲᠢᠩᠬᠢᠮ᠂ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠭᠡᠷ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠵᠡᠷᠭᠡ ᠲᠠᠪᠤᠨ ᠰᠠᠯᠠᠭ᠎ᠠ ᠮᠥᠴᠢᠷ ᠬᠤᠯᠪᠣᠭᠠᠯᠠᠵᠤ ︽︿ᠳᠡᠭᠡᠳᠦ ᠵᠡᠷᠭᠡ ᠶᠢᠨ | ᠰᠤᠷᠭᠠᠨ ᠬᠥᠮᠥᠵᠢᠯ ᠤᠨ ᠬᠦᠷᠢᠶ᠎ᠡ ᠴᠠᠷᠠᠭᠠᠨ ᠳᠤ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ | ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠤᠨ ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠤᠬᠠᠢ ᠰᠤᠷᠭᠠᠨ ᠬᠥᠮᠥᠵᠢᠯ ᠤᠨ ᠶᠠᠮᠤᠨ ᠵᠡᠷᠭᠡ ᠲᠠᠪᠤᠨ ᠰᠠᠯᠠᠭ᠎ᠠ ᠮᠥᠴᠢᠷ ᠤᠨ ᠬᠢᠨ ᠤ | ᠰᠠᠨᠠᠯ ᠤᠳ﹀ ᠢ ᠲᠤᠭᠤᠰᠢᠯᠠᠭᠤᠯᠬᠤ ᠶᠢᠨ ᠬᠡᠷᠡᠭᠵᠢᠭᠦᠯᠬᠦ ᠰᠠᠨᠠᠯ︾ ︵ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ | ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ︽ᠬᠡᠷᠡᠭᠵᠢᠭᠦᠯᠬᠦ ᠰᠠᠨᠠᠯ︾ ᠤᠨ ᠬᠤᠯᠪᠣᠭᠳᠠᠯ ᠪᠦᠬᠦᠢ | ᠥᠭᠡᠷᠡᠴᠢᠯᠡᠯᠲᠡ ᠶᠢᠨ ᠵᠦᠢᠯᠡᠰ ᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ | ᠲᠥᠯᠥᠭᠡ᠂ ᠤᠯᠤᠰ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠ ᠮᠠᠨ ᠤ ᠣᠷᠣᠨ ᠤ | ᠲᠥᠷᠥ ᠶᠢᠨ ᠪᠣᠳᠣᠯᠭ᠎ᠠ ᠶᠢᠨ ᠲᠣᠭᠲᠠᠭᠠᠯ ᠲᠠᠢ ᠤᠶᠠᠯᠳᠤᠭᠤᠯᠵᠤ᠂ ︽ᠬᠡᠷᠡᠭᠵᠢᠭᠦᠯᠬᠦ ᠰᠠᠨᠠᠯ︾ ᠳᠤ ᠳᠣᠣᠷᠠᠬᠢ ᠮᠡᠲᠦ | ᠲᠠᠶᠢᠯᠤᠮᠵᠢ ᠬᠢᠵᠡᠢ᠃ | ᠨᠢᠭᠡ᠂ ᠤᠯᠤᠰ ᠠᠴᠠ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠬᠦᠷᠢᠶ᠎ᠡ ᠴᠠᠷᠠᠭᠠᠨ ᠳᠠᠬᠢ ︽ | ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠤᠭᠰᠠᠨ ᠠᠬᠤᠢ ᠪᠠᠶᠢᠳᠠᠯ ᠪᠠ ᠬᠠᠷᠠᠯᠲᠠ | ᠣᠳᠣᠬᠠᠨ ᠳᠤ᠂ ᠮᠠᠨ ᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠨᠢ ᠠᠭᠤᠯᠤᠭᠳᠠᠬᠤᠨ | ᠮᠠᠶ᠋ᠢᠭ ᠤᠨ ᠬᠥᠭᠵᠢᠯᠲᠡ ᠶᠢᠨ ᠱᠠᠲᠤᠨ ᠳᠤ ᠣᠷᠣᠵᠤ᠂ ᠥᠭᠡᠷᠡᠴᠢᠯᠡᠯᠲᠡ ᠨᠢ ᠰᠢᠪᠲᠤᠯᠤᠯᠲᠠ ᠶᠢᠨ ᠬᠤᠭᠤᠴᠠᠭ᠎ᠠ ᠪᠠ | ᠭᠦᠨ ᠳᠡᠰ ᠳᠠᠪᠬᠤᠷᠭ᠎ᠠ ᠳᠤ ᠣᠷᠣᠭᠰᠠᠨ ᠪᠣᠯᠬᠤᠷ᠂ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠬᠦᠷᠢᠶ᠎ᠡ | ᠴᠠᠷᠠᠭᠠᠨ ᠳᠠᠬᠢ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ | ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠥᠭᠡᠷᠡᠴᠢᠯᠡᠯᠲᠡ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ | ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠠᠷᠢᠯᠭᠠᠨ᠂ ᠡᠷᠬᠡ ᠶᠢ ᠣᠷᠣᠨ ᠨᠤᠲᠤᠭ ᠪᠠ ᠶᠡᠭᠡ ᠳᠡᠭᠡᠳᠦ | ᠰᠤᠷᠭᠠᠭᠤᠯᠢ ᠲᠡᠶᠢᠰᠢ ᠤᠯᠠᠮ ᠨᠢᠭᠡ ᠠᠯᠬᠤᠮ ᠳᠣᠷᠣᠭᠰᠢ ᠪᠠᠭᠤᠯᠭᠠᠵᠤ᠂ ᠶᠡᠭᠡ ᠳᠡᠭᠡᠳᠦ ᠰᠤᠷᠭᠠᠭᠤᠯᠢ ᠶᠢᠨ | ᠬᠦᠯᠢᠶᠡᠰᠦ ᠶᠢ ᠨᠢ ᠲᠠᠶᠢᠯᠤᠨ ᠳᠠᠷᠤᠭᠠᠰᠤ ᠶᠢ ᠨᠢ ᠬᠥᠩᠭᠡᠯᠡᠵᠦ᠂ ᠶᠠᠷᠰᠢᠭ ᠲᠦᠪᠡᠭ ᠲᠠᠢ ᠳᠦᠷᠢᠮ ᠲᠣᠭᠲᠠᠭᠠᠯ ᠢ | ᠬᠦᠴᠦᠨ ᠦᠭᠡᠢ ᠪᠣᠯᠭᠠᠨ᠂ ᠰᠤᠷᠭᠠᠭᠤᠯᠢ ᠳᠤ ᠰᠤᠷᠭᠠᠭᠤᠯᠢ ᠡᠷᠬᠢᠯᠡᠬᠦ ᠨᠡᠩ ᠶᠡᠭᠡ ᠡᠵᠡᠨ ᠮᠡᠳᠡᠬᠦ ᠡᠷᠬᠡ ᠣᠯᠭᠤᠵᠤ᠂ | ᠵᠢᠭᠠᠨ ᠰᠤᠷᠭᠠᠯᠲᠠ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠥᠷᠭᠡᠨ ᠣᠯᠠᠨ ᠠᠵᠢᠯᠲᠠᠳ ᠤᠨ ᠪᠢᠴᠢᠭ ᠵᠢᠭᠠᠵᠤ | ᠬᠥᠮᠥᠨ ᠬᠥᠮᠥᠵᠢᠭᠦᠯᠬᠦ᠂ ᠠᠵᠢᠯ ᠬᠢᠵᠦ ᠠᠳᠠᠯ ᠦᠢᠯᠡᠰ ᠴᠣᠭᠴᠠᠯᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ | ᠬᠥᠭᠵᠢᠭᠡᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠦᠲᠦᠭᠡᠨ | ᠪᠠᠶᠢᠭᠤᠯᠤᠯᠲᠠ ᠲᠠᠢ ᠵᠣᠬᠢᠴᠠᠯᠳᠤᠭᠰᠠᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠦᠨ᠂ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠲᠠᠢ ᠨᠡᠶᠢᠴᠡᠭᠰᠡᠨ ᠰᠢᠨ᠎ᠡ ᠶᠢ ᠡᠭᠦᠳᠬᠦ ᠡᠯ᠎ᠡ | ᠲᠥᠷᠥᠯ ᠤᠨ ᠴᠢᠳᠠᠪᠤᠷᠢᠲᠠᠨ ᠢ ᠬᠥᠮᠥᠵᠢᠭᠦᠯᠵᠦ᠂ ᠳᠡᠯᠡᠬᠡᠢ ᠳᠡᠭᠡᠷᠡᠬᠢ ᠥᠷᠢᠰᠦᠯᠳᠦᠬᠦ ᠰᠢᠨ᠎ᠡ ᠳᠠᠪᠠᠭᠤᠯᠢᠭ ᠢ | ᠬᠥᠮᠥᠵᠢᠭᠦᠯᠦᠨ ᠪᠣᠶᠢᠵᠢᠭᠤᠯᠬᠤ ᠶᠢ ᠲᠤᠯᠭᠠᠮ᠎ᠠ ᠱᠠᠭᠠᠷᠳᠠᠵᠤ ᠪᠠᠶᠢᠨ᠎ᠠ᠃ ᠡᠶᠢᠮᠦ ᠠᠴᠠ᠂ ᠤᠯᠤᠰ ᠠᠴᠠ ᠳᠡᠭᠡᠳᠦ | ᠵᠡᠷᠭᠡ ᠶᠢᠨ ᠰᠤᠷᠭᠠᠨ ᠬᠥᠮᠥᠵᠢᠯ ᠤᠨ ᠬᠦᠷᠢᠶ᠎ᠡ ᠴᠠᠷᠠᠭᠠᠨ ᠳᠠᠬᠢ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠠᠬᠢᠭᠤᠯᠬᠤ ᠨᠢ ᠡᠷᠬᠡᠪᠰᠢ ᠬᠢᠬᠦ ᠴᠢᠬᠤᠯᠠᠲᠠᠢ ᠠᠵᠢᠯ ᠪᠣᠯᠵᠠᠢ᠃ | ᠨᠢᠭᠡ ᠳᠤ᠂ ᠲᠥᠪ ᠬᠤᠷᠢᠶ᠎ᠠ ᠶᠢᠨ ᠲᠣᠳᠣᠷᠬᠠᠢ ᠱᠠᠭᠠᠷᠳᠠᠯᠭ᠎ᠠ ᠪᠣᠯᠣᠨ᠎ᠠ᠃ ᠨᠠᠮ ᠤᠨ ᠠᠷᠪᠠᠨ ᠨᠠᠢᠮᠠᠳᠤᠭᠠᠷ | ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠠᠴᠠ | ᠵᠠᠰᠠᠭ ᠵᠠᠬᠢᠷᠭᠠᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠡᠭᠦᠷᠭᠡ | ᠴᠢᠳᠠᠪᠤᠷᠢ ᠶᠢ ᠬᠤᠪᠢᠷᠠᠭᠤᠯᠬᠤ ᠪᠣᠯ ᠵᠠᠰᠠᠭ ᠵᠠᠬᠢᠷᠭᠠᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠭᠤᠣᠯᠳᠠᠯᠭ᠎ᠠ ᠪᠣᠯᠭᠠᠬᠤ ᠪᠠᠷ ᠴᠢᠬᠤᠯᠠᠴᠢᠯᠠᠪᠠ︔ ᠤᠯᠠᠮ ᠨᠢᠭᠡ ᠠᠯᠬᠤᠮ ᠵᠠᠰᠠᠭ ᠢ ᠴᠣᠮᠬᠠᠳᠬᠠᠨ ᠡᠷᠬᠡ ᠶᠢ | ᠳᠣᠷᠣᠭᠰᠢ ᠪᠠᠭᠤᠯᠭᠠᠵᠤ᠂ ᠵᠠᠰᠠᠭ ᠵᠠᠬᠢᠷᠭᠠᠨ ᠤ ᠬᠢᠨᠠᠯᠲᠠ ᠵᠥᠪᠰᠢᠶᠡᠷᠡᠯ ᠤᠨ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠲᠥᠪ ᠤᠨ ᠵᠠᠰᠠᠭ ᠤᠨ ᠣᠷᠳᠣᠨ ᠤ ᠬᠤᠮᠠᠬᠢ ᠲᠠᠯ᠎ᠠ ᠶᠢᠨ ᠬᠡᠷᠡᠭ ᠶᠠᠪᠤᠳᠠᠯ ᠳᠠᠬᠢ | ᠬᠠᠮᠢᠶᠠᠷᠤᠯᠲᠠ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠰᠤᠨ ᠪᠠᠭᠠᠰᠬᠠᠬᠤ ᠬᠡᠷᠡᠭᠲᠡᠢ ᠭᠡᠵᠦ ᠣᠯᠠᠨ ᠤᠳᠠᠭ᠎ᠠ | ᠳᠤᠷᠠᠳᠤᠨ ᠭᠠᠷᠭᠠᠪᠠ᠃ 2014 ᠣᠨ ᠤ 5 ᠳ᠋ᠤᠭᠠᠷ ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠪᠡᠭᠡᠵᠢᠩ | ᠶᠡᠭᠡ ᠰᠤᠷᠭᠠᠭᠤᠯᠢ ᠶᠢᠨ ᠪᠠᠭᠰᠢ ᠰᠤᠷᠤᠭᠴᠢᠳ ᠲᠠᠢ ᠶᠠᠷᠢᠯᠴᠠᠬᠤ ᠬᠤᠷᠠᠯ ᠳᠡᠭᠡᠷ᠎ᠡ᠂ ᠪᠦᠬᠦ ᠤᠯᠤᠰ ᠤᠨ ᠳᠡᠭᠡᠳᠦ | ᠵᠡᠷᠭᠡ ᠶᠢᠨ ᠰᠤᠷᠭᠠᠭᠤᠯᠢ ᠨᠤᠭᠤᠳ ᠰᠤᠷᠭᠠᠨ ᠬᠥᠮᠥᠵᠢᠯ ᠤᠨ ᠥᠭᠡᠷᠡᠴᠢᠯᠡᠯᠲᠡ ᠶᠢᠨ ᠡᠮᠦᠨ᠎ᠡ ᠡᠩᠨᠡᠭᠡᠨ ᠳᠤ | ᠭᠠᠪᠰᠢᠭᠠᠶᠢᠯᠠᠨ᠂ ᠠᠮᠢᠵᠢᠷᠠᠯ ᠤᠨ ᠬᠦᠴᠦᠨ ᠪᠢᠯᠬᠠᠮ᠎ᠠ᠂ ᠦᠷ᠎ᠡ ᠪᠦᠲᠦᠮᠵᠢ ᠪᠠᠷ ᠥᠨᠳᠥᠷ᠂ ᠨᠡᠩ ᠨᠡᠭᠡᠭᠡᠯᠲᠡ | ᠬᠢᠭᠰᠡᠨ᠂ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠬᠥᠭᠵᠢᠯᠲᠡ ᠳᠤ ᠠᠰᠢᠭᠲᠠᠢ ᠪᠠᠶᠢᠭᠤᠯᠤᠯ ᠲᠣᠭᠲᠠᠴᠠ ᠶᠢ | ᠲᠦᠷᠭᠡᠳᠬᠡᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ 2016 ᠣᠨ ᠤ 4 ᠳ᠋ᠦ᠋ᠭᠡᠷ ᠰᠠᠷ᠎ᠠ ᠳᠤ᠂ | ᠶᠡᠷᠦᠩᠬᠡᠢ ᠰᠠᠶᠢᠳ ᠯᠢ ᠺᠧ ᠴᠢᠶᠠᠩ ᠪᠡᠭᠡᠵᠢᠩ ᠶᠡᠭᠡ ᠰᠤᠷᠭᠠᠭᠤᠯᠢ ᠳᠤ ᠳᠡᠭᠡᠳᠦ ᠵᠡᠷᠭᠡ ᠶᠢᠨ ᠰᠤᠷᠭᠠᠨ ᠬᠥᠮᠥᠵᠢᠯ ᠳᠤ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠲᠤᠬᠠᠢ ᠶᠠᠷᠢᠯᠴᠠᠯᠭ᠎ᠠ ᠶᠢᠨ ᠬᠤᠷᠠᠯ ᠢ ᠬᠤᠷᠠᠯᠳᠤᠭᠤᠯᠵᠤ᠂ ᠴᠠᠭ ᠢ | ᠠᠮᠵᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠰᠤᠳᠤᠯᠤᠨ ᠲᠣᠭᠲᠠᠭᠠᠬᠤ ᠬᠡᠷᠡᠭᠲᠡᠢ ᠭᠡᠵᠦ ᠲᠣᠳᠣᠷᠬᠠᠢ ᠳᠤᠷᠠᠳᠴᠠᠢ᠃ | 2016 ᠣᠨ ᠤ 5 ᠳ᠋ᠤᠭᠠᠷ ᠰᠠᠷ᠎ᠠ ᠳᠤ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠬᠤᠷᠠᠯᠳᠤᠭᠤᠯᠤᠭᠰᠠᠨ ᠪᠦᠬᠦ | ᠤᠯᠤᠰ ᠢᠶᠠᠷ ᠢᠶᠠᠨ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ ᠪᠠᠭᠤᠯᠭᠠᠬᠤ ᠬᠠᠮᠢᠶᠠᠷᠬᠤ ᠶᠢ | ᠤᠶᠠᠯᠳᠤᠭᠤᠯᠤᠨ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠠᠬᠢᠭᠤᠯᠬᠤ ᠲᠧᠯᠸᠢᠰ ᠤᠨ ᠬᠤᠷᠠᠯ ᠳᠡᠭᠡᠷ᠎ᠡ ᠵᠠᠰᠠᠭ ᠢ | ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠤᠯᠠᠮ ᠨᠢᠭᠡ ᠠᠯᠬᠤᠮ | ᠳᠤᠷᠠᠳᠪᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ᠂ ᠵᠠᠰᠠᠭ ᠵᠠᠬᠢᠷᠭᠠᠨ ᠤ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠵᠤ᠂ | ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠯᠪᠡᠷᠢ ᠳᠤ | ᠰᠢᠨ᠎ᠡ ᠶᠢ ᠡᠭᠦᠳᠴᠦ᠂ ᠵᠠᠰᠠᠭ ᠤᠨ ᠣᠷᠳᠣᠨ ᠤ ᠨᠡᠶᠢᠲᠡ ᠶᠢ ᠢᠲᠡᠭᠡᠭᠦᠯᠬᠦ ᠬᠦᠴᠦᠨ ᠪᠠ ᠬᠡᠷᠡᠭᠵᠢᠭᠦᠯᠬᠦ ᠬᠦᠴᠦᠨ ᠢ | ᠴᠢᠩᠭᠠᠷᠠᠭᠤᠯᠤᠨ᠂ ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡ ᠶᠢᠨ ᠬᠡᠯᠪᠡᠷᠢ ᠶᠢᠨ ᠵᠠᠰᠠᠭ ᠤᠨ | ᠣᠷᠳᠣᠨ ᠢ ᠪᠠᠶᠢᠭᠤᠯᠬᠤ ᠬᠡᠷᠡᠭᠲᠡᠢ᠃ ᠠᠵᠢᠯ ᠦᠢᠯᠡᠰ ᠤᠨ ᠨᠢᠭᠡᠴᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ | ᠨᠡᠶᠢᠲᠡ ᠶᠢᠨ ᠠᠰᠠᠷᠠᠮᠵᠢ ᠶᠢᠨ ᠬᠠᠷᠢᠶᠠᠲᠤ ᠴᠢᠨᠠᠷ ᠢ ᠨᠢ ᠴᠢᠩᠭᠠᠷᠠᠭᠤᠯᠵᠤ᠂ ᠵᠠᠰᠠᠭ ᠵᠠᠬᠢᠷᠭᠠᠨ ᠤ ᠨᠢᠭᠡᠴᠢ ᠪᠠ ᠠᠵᠢᠯ | ᠦᠢᠯᠡᠰ ᠤᠨ ᠨᠢᠭᠡᠴᠢ ᠶᠢ ᠰᠠᠯᠭᠠᠬᠤ᠂ ᠠᠵᠢᠯ ᠦᠢᠯᠡᠰ ᠤᠨ ᠨᠢᠭᠡᠴᠢ ᠪᠠ ᠠᠵᠤ ᠠᠬᠤᠶᠢᠯᠠᠯ ᠢ ᠰᠠᠯᠭᠠᠬᠤ᠂ | ᠬᠠᠮᠢᠶᠠᠷᠬᠤ ᠡᠷᠬᠢᠯᠡᠬᠦ ᠶᠢ ᠰᠠᠯᠭᠠᠨ ᠠᠬᠢᠭᠤᠯᠬᠤ ᠬᠡᠷᠡᠭᠲᠡᠢ ᠭᠡᠵᠦ ᠲᠣᠳᠣᠷᠬᠠᠢ ᠵᠢᠭᠠᠵᠤ ᠭᠠᠷᠭᠠᠪᠠ᠃ ᠡᠳᠡᠭᠡᠷ ᠨᠢ ᠪᠦᠷ | ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠡᠭᠡᠳᠦ | ᠵᠡᠷᠭᠡ ᠶᠢᠨ ᠰᠤᠷᠭᠠᠨ ᠬᠥᠮᠥᠵᠢᠯ ᠤᠨ ᠠᠭᠤᠯᠤᠭᠳᠠᠬᠤᠨ ᠮᠠᠶ᠋ᠢᠭ ᠤᠨ ᠬᠥᠭᠵᠢᠯᠲᠡ ᠶᠢ ᠠᠬᠢᠭᠤᠯᠬᠤ ᠳᠤ ᠴᠢᠭᠯᠡᠯ ᠢ | ᠵᠢᠭᠠᠨ ᠲᠣᠳᠣᠷᠬᠠᠶᠢᠯᠠᠵᠠᠢ᠃ | ᠬᠤᠶᠠᠷ ᠲᠤ᠂ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠶᠢᠨ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠣᠶᠢᠷ᠎ᠠ ᠶᠢᠨ ᠵᠢᠯ ᠤᠳ ᠲᠤ᠂ ᠳᠡᠭᠡᠳᠦ ᠵᠡᠷᠭᠡ ᠶᠢᠨ | ᠰᠤᠷᠭᠠᠨ ᠬᠥᠮᠥᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠪᠦᠲᠦᠴᠡ᠂ ᠣᠳᠣ ᠦᠶ᠎ᠡ ᠶᠢᠨ ᠶᠡᠭᠡ ᠰᠤᠷᠭᠠᠭᠤᠯᠢ ᠶᠢᠨ | ᠳᠦᠷᠢᠮ᠂ ᠰᠤᠷᠭᠠᠭᠤᠯᠢ ᠡᠷᠬᠢᠯᠡᠬᠦ ᠪᠦᠲᠦᠴᠡ᠂ ᠬᠠᠮᠢᠶᠠᠷᠬᠤ ᠡᠷᠬᠢᠯᠡᠬᠦ ᠦᠨᠡᠯᠡᠬᠦ ᠶᠢ ᠰᠠᠯᠭᠠᠨ ᠠᠬᠢᠭᠤᠯᠬᠤ ᠵᠡᠷᠭᠡ | ᠲᠠᠯ᠎ᠠ ᠶᠢᠨ ᠥᠭᠡᠷᠡᠴᠢᠯᠡᠯᠲᠡ ᠨᠢ ᠮᠠᠰᠢ ᠶᠡᠭᠡ ᠠᠬᠢᠴᠠ ᠲᠠᠢ ᠪᠣᠯᠪᠠ᠃ ᠮᠠᠨ ᠤ ᠤᠯᠤᠰ ᠤᠨ ᠳᠡᠭᠡᠳᠦ ᠵᠡᠷᠭᠡ ᠶᠢᠨ | ᠰᠤᠷᠭᠠᠨ ᠬᠥᠮᠥᠵᠢᠯ ᠨᠢ ᠨᠡᠶᠢᠭᠡᠮ ᠤᠨ ᠬᠡᠯᠪᠡᠷᠢ ᠶᠢᠨ ᠬᠤᠪᠢᠷᠠᠯᠲᠠ ᠪᠠ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ | ᠬᠡᠯᠪᠡᠷᠢ ᠶᠢᠨ ᠬᠤᠪᠢᠷᠠᠯᠲᠠ ᠬᠥᠭᠵᠢᠯᠲᠡ ᠬᠠᠷᠢᠯᠴᠠᠨ ᠳᠠᠪᠬᠤᠴᠠᠭᠰᠠᠨ ᠲᠡᠦᠬᠡ ᠶᠢᠨ ᠴᠠᠭ ᠬᠤᠭᠤᠴᠠᠭ᠎ᠠ ᠳᠤ | ᠣᠷᠣᠰᠢᠵᠤ ᠪᠠᠶᠢᠭ᠎ᠠ ᠪᠣᠯᠬᠤᠷ᠂ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠶᠡᠷᠦᠩᠬᠡᠶᠢᠯᠡᠭᠰᠡᠨ | ᠥᠭᠡᠷᠡᠴᠢᠯᠡᠯᠲᠡ ᠳᠤ ᠮᠥᠨ ᠬᠦ ᠪᠦᠲᠦᠴᠡ ᠲᠣᠭᠲᠠᠴᠠ ᠶᠢᠨ ᠲᠠᠯ᠎ᠠ ᠶᠢᠨ ᠮᠠᠰᠢ ᠣᠯᠠᠨ ᠬᠠᠷᠰᠢ ᠰᠠᠭᠠᠳ ᠣᠷᠣᠰᠢᠵᠤ | ᠪᠠᠶᠢᠨ᠎ᠠ᠃ ᠣᠳᠣᠬᠠᠨ ᠳᠤ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ᠂ | ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠴᠢᠳᠠᠪᠤᠷᠢ ᠶᠢ ᠦᠨᠡᠨ ᠬᠦ ᠴᠢᠩᠭᠠᠷᠠᠭᠤᠯᠵᠤ᠂ ︽ | ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ︾ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ | ᠰᠢᠨ᠎ᠡ ᠴᠠᠭ ᠤᠨ ᠪᠠᠶᠢᠳᠠᠯ ᠳᠣᠣᠷ᠎ᠠ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠲᠦᠷᠭᠡᠳᠬᠡᠨ ᠠᠬᠢᠭᠤᠯᠬᠤ ᠨᠢ ᠨᠡᠩ ᠲᠤᠯᠭᠠᠮ᠎ᠠ ᠪᠣᠯᠵᠠᠢ᠃ | ᠭᠤᠷᠪᠠ ᠳᠤ᠂ ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠡᠵᠡᠨ ᠮᠡᠳᠡᠬᠦ ᠡᠷᠬᠡ ᠶᠢ | ᠨᠠᠶᠢᠳᠠᠪᠤᠷᠢᠵᠢᠭᠤᠯᠬᠤ ᠪᠠ ᠥᠷᠭᠡᠳᠬᠡᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠣᠨ᠎ᠠ᠃ ᠳᠡᠭᠡᠳᠦ ᠵᠡᠷᠭᠡ ᠶᠢᠨ | ᠰᠤᠷᠭᠠᠨ ᠬᠥᠮᠥᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠳᠤ᠂ ᠡᠷᠬᠡᠪᠰᠢ ᠶᠡᠭᠡ ᠳᠡᠭᠡᠳᠦ ᠰᠤᠷᠭᠠᠭᠤᠯᠢ ᠶᠢᠨ | ᠰᠤᠷᠭᠠᠭᠤᠯᠢ ᠡᠷᠬᠢᠯᠡᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠲᠣᠳᠣᠷᠬᠠᠶᠢᠯᠠᠨ᠂ ᠰᠤᠷᠭᠠᠭᠤᠯᠢ ᠡᠷᠬᠢᠯᠡᠬᠦ ᠡᠵᠡᠨ | ᠮᠡᠳᠡᠬᠦ ᠡᠷᠬᠡ ᠶᠢ ᠨᠢ ᠨᠠᠶᠢᠳᠠᠪᠤᠷᠢᠵᠢᠭᠤᠯᠬᠤ ᠬᠡᠷᠡᠭᠲᠡᠢ᠃ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠬᠥᠭᠵᠢᠯᠲᠡ ᠶᠢ ᠠᠬᠢᠭᠤᠯᠬᠤ ᠶᠠᠪᠤᠴᠠ ᠳᠤ᠂ ᠬᠢᠴᠢᠶᠡᠯ ᠬᠥᠮᠥᠵᠢᠯ ᠤᠨ | ᠲᠤᠰᠬᠠᠢ ᠮᠡᠷᠭᠡᠵᠢᠯ᠂ ᠣᠷᠣᠨ ᠲᠤᠭ᠎ᠠ᠂ ᠠᠵᠢᠯ ᠤᠨ ᠪᠠᠶᠢᠷᠢ᠂ ᠠᠵᠢᠯᠲᠠᠨ ᠣᠷᠣᠭᠤᠯᠵᠤ ᠠᠵᠢᠯᠲᠠᠨ ᠬᠡᠷᠡᠭᠯᠡᠬᠦ᠂ | ᠮᠡᠷᠭᠡᠵᠢᠯ ᠤᠨ ᠴᠣᠯᠠ ᠦᠨᠡᠯᠡᠨ ᠬᠢᠨᠠᠬᠤ᠂ ᠴᠠᠯᠢᠩ ᠬᠥᠯᠥᠰᠦ ᠬᠤᠪᠢᠶᠠᠷᠢᠯᠠᠬᠤ᠂ ᠵᠠᠷᠤᠳᠠᠯ ᠢᠶᠠᠨ ᠬᠡᠷᠡᠭᠯᠡᠨ ᠬᠠᠮᠢᠶᠠᠷᠬᠤ | ᠵᠡᠷᠭᠡ ᠲᠠᠯ᠎ᠠ ᠶᠢᠨ ᠭᠦᠨ ᠳᠡᠰ ᠳᠠᠪᠬᠤᠷᠭ᠎ᠠ ᠶᠢᠨ ᠠᠰᠠᠭᠤᠳᠠᠯ ᠳᠤ ᠠᠳᠠᠯᠢ ᠪᠤᠰᠤ ᠬᠡᠮᠵᠢᠶ᠎ᠡ ᠪᠠᠷ ᠲᠤᠯᠭᠠᠷᠠᠵᠤ ᠪᠠᠶᠢᠭ᠎ᠠ | ᠪᠣᠯᠬᠤᠷ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠶᠡᠷᠦᠩᠬᠡᠶᠢᠯᠡᠭᠰᠡᠨ ᠴᠢᠨᠠᠷᠲᠠᠢ ᠥᠭᠡᠷᠡᠴᠢᠯᠡᠯᠲᠡ ᠪᠠᠷ | ᠳᠠᠮᠵᠢᠭᠤᠯᠵᠤ᠂ ︽ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠬᠠᠤᠯᠢ︾ ᠳᠤ ᠲᠣᠭᠲᠠᠭᠠᠭᠰᠠᠨ ᠶᠡᠭᠡ ᠳᠡᠭᠡᠳᠦ | ᠰᠤᠷᠭᠠᠭᠤᠯᠢ ᠶᠢᠨ ᠡᠵᠡᠨ ᠮᠡᠳᠡᠬᠦ ᠡᠷᠬᠡ ᠶᠢ ᠦᠨᠡᠨ ᠬᠦ ᠨᠠᠶᠢᠳᠠᠪᠤᠷᠢᠵᠢᠭᠤᠯᠤᠨ᠂ ᠶᠡᠭᠡ ᠳᠡᠭᠡᠳᠦ ᠰᠤᠷᠭᠠᠭᠤᠯᠢ ᠶᠢᠨ | ᠠᠮᠢᠵᠢᠷᠠᠯ ᠤᠨ ᠬᠦᠴᠦᠨ ᠢ ᠬᠥᠭᠵᠢᠭᠡᠬᠦ ᠴᠢᠬᠤᠯᠠᠲᠠᠢ ᠪᠣᠯᠵᠠᠢ᠃ | ᠬᠤᠶᠠᠷ᠂ ᠮᠠᠨ ᠤ ᠣᠷᠣᠨ ᠠᠴᠠ ᠰᠤᠷᠭᠠᠨ ᠬᠥᠮᠥᠵᠢᠯ ᠤᠨ ᠶᠠᠮᠤᠨ ᠵᠡᠷᠭᠡ ᠲᠠᠪᠤᠨ ᠰᠠᠯᠠᠭ᠎ᠠ ᠮᠥᠴᠢᠷ ᠤᠨ | ᠬᠢᠨ ᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠵᠦᠢᠯᠡᠰ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠤᠭᠰᠠᠨ ᠭᠤᠣᠯ ᠣᠨᠴᠠᠯᠢᠭ | ᠮᠠᠨ ᠤ ᠣᠷᠣᠨ ᠤ ︽ᠬᠡᠷᠡᠭᠵᠢᠭᠦᠯᠬᠦ ᠰᠠᠨᠠᠯ︾ ᠨᠢ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ | ᠬᠦᠷᠢᠶ᠎ᠡ ᠴᠠᠷᠠᠭᠠᠨ ᠳᠠᠬᠢ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠵᠦᠢᠯᠡᠰ ᠢ ᠪᠦᠬᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠠᠴᠠ ᠳᠣᠷᠣᠭᠰᠢ ᠪᠠᠭᠤᠯᠭᠠᠬᠤ ᠪᠠᠷ ᠲᠣᠳᠣᠷᠬᠠᠢ | ᠱᠠᠭᠠᠷᠳᠠᠭᠰᠠᠨ ᠵᠦᠢᠯᠡᠰ ᠢ ︽ᠬᠡᠷᠡᠭᠵᠢᠭᠦᠯᠬᠦ ᠰᠠᠨᠠᠯ︾ ᠳᠤ ᠲᠡᠷᠡ ᠬᠡᠪ ᠢᠶᠠᠷ ᠨᠢ ᠶᠡᠭᠡ ᠳᠡᠭᠡᠳᠦ ᠰᠤᠷᠭᠠᠭᠤᠯᠢ ᠳᠤ | ᠪᠠᠭᠤᠯᠭᠠᠵᠤ᠂ ᠵᠠᠷᠢᠮ ᠵᠦᠢᠯᠡᠰ ᠨᠢ ᠣᠳᠣ ᠶᠢᠨ ᠬᠡᠷᠡᠭᠵᠢᠭᠦᠯᠵᠦ ᠪᠠᠶᠢᠭ᠎ᠠ ᠲᠥᠷᠥ ᠶᠢᠨ ᠪᠣᠳᠣᠯᠭ᠎ᠠ ᠶᠢᠨ ᠵᠥᠪᠰᠢᠶᠡᠷᠡᠬᠦ | ᠬᠡᠪᠴᠢᠶᠡᠨ ᠳᠣᠲᠣᠷ᠎ᠠ ᠨᠡᠩ ᠶᠡᠭᠡ ᠳᠡᠮᠵᠢᠯᠭᠡ ᠶᠢᠨ ᠡᠷᠴᠢᠮ ᠢ ᠢᠯᠡᠷᠡᠭᠦᠯᠵᠡᠢ᠃ | ᠨᠢᠭᠡ ᠳᠤ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠳᠡᠭᠡᠳᠦ | ᠵᠡᠷᠭᠡ ᠶᠢᠨ ᠰᠤᠷᠭᠠᠨ ᠬᠥᠮᠥᠵᠢᠯ ᠤᠨ ᠬᠦᠷᠢᠶ᠎ᠡ ᠴᠠᠷᠠᠭᠠᠨ ᠳᠠᠬᠢ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠳᠤ ᠳᠡᠭᠡᠳᠦ ᠬᠡᠮᠵᠢᠶᠡᠨ ᠤ ᠬᠠᠮᠲᠤ ᠶᠢᠨ ᠲᠠᠨᠢᠯᠲᠠ ᠲᠠᠢ ᠪᠠᠶᠢᠨ᠎ᠠ᠃ ᠰᠤᠷᠭᠠᠨ ᠬᠥᠮᠥᠵᠢᠯ ᠤᠨ | ᠶᠠᠮᠤᠨ ᠵᠡᠷᠭᠡ ᠲᠠᠪᠤᠨ ᠰᠠᠯᠠᠭ᠎ᠠ ᠮᠥᠴᠢᠷ ᠠᠴᠠ ︽ᠰᠠᠨᠠᠯ ᠤᠳ︾ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ | ᠮᠠᠨ ᠤ ᠣᠷᠣᠨ ᠠᠴᠠ ᠬᠦᠴᠦᠨ ᠢᠶᠠᠨ ᠵᠣᠬᠢᠶᠠᠨ ᠪᠠᠶᠢᠭᠤᠯᠵᠤ᠂ ᠭᠦᠨᠵᠡᠭᠡᠢ ᠪᠠᠶᠢᠴᠠᠭᠠᠨ ᠰᠤᠳᠤᠯᠤᠭᠰᠠᠨ ᠰᠠᠭᠤᠷᠢᠨ | ᠳᠡᠭᠡᠷ᠎ᠡ ︽ᠬᠡᠷᠡᠭᠵᠢᠭᠦᠯᠬᠦ ᠰᠠᠨᠠᠯ︾ ᠢ ᠲᠤᠭᠤᠷᠪᠢᠪᠠ᠃ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ | ᠬᠦᠷᠢᠶ᠎ᠡ ᠴᠠᠷᠠᠭᠠᠨ ᠳᠠᠬᠢ ᠲᠤᠰ ᠤᠳᠠᠭᠠᠨ ᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠨᠢ | ᠭᠤᠣᠯᠳᠠᠭᠤ ᠶᠡᠭᠡ ᠳᠡᠭᠡᠳᠦ ᠰᠤᠷᠭᠠᠭᠤᠯᠢ ᠶᠢᠨ ᠬᠢᠴᠢᠶᠡᠯ ᠲᠥᠷᠥᠯ ᠤᠨ ᠲᠤᠰᠬᠠᠢ ᠮᠡᠷᠭᠡᠵᠢᠯ ᠢ ᠲᠣᠬᠢᠷᠠᠭᠤᠯᠬᠤ᠂ | ᠣᠷᠣᠨ ᠲᠤᠭ᠎ᠠ ᠪᠠ ᠠᠵᠢᠯ ᠤᠨ ᠪᠠᠶᠢᠷᠢ ᠶᠢ ᠲᠣᠬᠢᠷᠠᠭᠤᠯᠬᠤ᠂ ᠠᠵᠢᠯᠲᠠᠨ ᠣᠷᠣᠭᠤᠯᠤᠨ ᠠᠵᠢᠯᠲᠠᠨ ᠬᠡᠷᠡᠭᠯᠡᠬᠦ ᠶᠢ | ᠬᠠᠮᠢᠶᠠᠷᠬᠤ᠂ ᠪᠠᠭᠰᠢ ᠶᠢᠨ ᠮᠡᠷᠭᠡᠵᠢᠯ ᠤᠨ ᠴᠣᠯᠠ ᠪᠠ ᠴᠠᠯᠢᠩ ᠬᠥᠯᠥᠰᠦ ᠶᠢ ᠬᠤᠪᠢᠶᠠᠷᠢᠯᠠᠬᠤ᠂ ᠵᠠᠷᠤᠳᠠᠯ ᠪᠠ ᠡᠳ᠋ | ᠬᠥᠷᠥᠩᠭᠡ ᠶᠢ ᠬᠠᠮᠢᠶᠠᠷᠬᠤ ᠵᠡᠷᠭᠡ ᠣᠯᠠᠨ ᠲᠠᠯ᠎ᠠ ᠳᠤ ᠬᠤᠯᠪᠣᠭᠳᠠᠨ᠂ ᠥᠪᠡᠷᠲᠡᠭᠡᠨ ᠵᠠᠰᠠᠬᠤ ᠣᠷᠣᠨ ᠤ ᠣᠯᠠᠨ | ᠰᠠᠯᠠᠭ᠎ᠠ ᠮᠥᠴᠢᠷ ᠲᠠᠢ ᠬᠤᠯᠪᠣᠭᠳᠠᠵᠤ᠂ ᠭᠤᠣᠯᠳᠠᠭᠤ ᠰᠤᠷᠭᠠᠨ ᠬᠥᠮᠥᠵᠢᠯ ᠤᠨ ᠲᠢᠩᠬᠢᠮ᠂ ᠪᠠᠶᠢᠭᠤᠯᠤᠮᠵᠢ ᠣᠷᠣᠨ | ᠲᠣᠭᠠᠨ ᠤ ᠵᠥᠪᠯᠡᠯ ᠤᠨ ᠠᠯᠪᠠᠨ ᠭᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠥᠮᠥᠨ ᠤ ᠬᠦᠴᠦᠨ ᠤ | ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠵᠡᠷᠭᠡ ᠪᠠᠭᠲᠠᠵᠤ ᠪᠠᠶᠢᠨ᠎ᠠ᠃ | ᠡᠯ᠎ᠡ ᠰᠠᠯᠠᠭ᠎ᠠ ᠮᠥᠴᠢᠷ ᠤᠳ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠬᠦᠷᠢᠶ᠎ᠡ ᠴᠠᠷᠠᠭᠠᠨ ᠳᠠᠬᠢ ︽ | ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠳᠤ ᠨᠢᠭᠡᠳᠦᠯᠲᠡᠢ ᠲᠠᠨᠢᠯᠲᠠ ᠲᠠᠢ ᠪᠠᠶᠢᠵᠤ᠂ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠢᠳᠡᠪᠬᠢᠲᠡᠢ ᠪᠠᠷ ᠬᠠᠮᠵᠢᠯᠴᠠᠨ ᠳᠡᠮᠵᠢᠵᠦ ᠪᠠᠶᠢᠨ᠎ᠠ᠃ ᠶᠡᠭᠡ ᠳᠡᠭᠡᠳᠦ | ᠰᠤᠷᠭᠠᠭᠤᠯᠢ ᠨᠤᠭᠤᠳ ᠤᠨ ᠰᠠᠨᠠᠯ ᠰᠠᠨᠠᠭᠤᠯᠭ᠎ᠠ ᠶᠢ ᠬᠤᠷᠢᠶᠠᠭᠰᠠᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ | ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠣᠯᠠᠨ ᠤᠳᠠᠭ᠎ᠠ ᠣᠶᠢᠯᠠᠭᠠᠯᠴᠠᠨ ᠵᠣᠬᠢᠴᠠᠭᠤᠯᠬᠤ ᠪᠠᠷ | ᠳᠠᠮᠵᠢᠭᠤᠯᠤᠨ᠂ ᠤᠯᠤᠰ ᠤᠨ ᠥᠭᠡᠷᠡᠴᠢᠯᠡᠯᠲᠡ ᠶᠢᠨ ᠱᠠᠭᠠᠷᠳᠠᠯᠭ᠎ᠠ ᠪᠠ ᠣᠳᠣ ᠶᠢᠨ ᠬᠡᠷᠡᠭᠵᠢᠭᠦᠯᠵᠦ ᠪᠠᠶᠢᠭ᠎ᠠ | ᠲᠥᠷᠥ ᠶᠢᠨ ᠪᠣᠳᠣᠯᠭ᠎ᠠ ᠶᠢᠨ ᠲᠣᠭᠲᠠᠭᠠᠯ ᠲᠠᠢ ᠤᠶᠠᠯᠳᠤᠭᠤᠯᠵᠤ᠂ ︽ᠬᠡᠷᠡᠭᠵᠢᠭᠦᠯᠬᠦ ᠰᠠᠨᠠᠯ︾ ᠢ ᠣᠯᠠᠨ ᠤᠳᠠᠭ᠎ᠠ | ᠨᠠᠷᠢᠨ ᠬᠢᠨᠠᠮᠠᠭᠠᠢ ᠵᠠᠰᠠᠨ ᠲᠡᠭᠦᠯᠳᠡᠷᠵᠢᠭᠦᠯᠵᠡᠢ᠃ | ᠬᠤᠶᠠᠷ ᠲᠤ᠂ ︽ᠬᠡᠷᠡᠭᠵᠢᠭᠦᠯᠬᠦ ᠰᠠᠨᠠᠯ︾ ᠬᠢᠭᠡᠳ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠪᠢᠴᠢᠭ | ᠮᠠᠲ᠋ᠧᠷᠢᠶᠠᠯ ᠢ ᠣᠷᠭᠠᠨᠢᠭ ᠢᠶᠠᠷ ᠵᠣᠯᠭᠠᠯᠳᠤᠭᠤᠯᠪᠠ᠃ ︽ᠬᠡᠷᠡᠭᠵᠢᠭᠦᠯᠬᠦ ᠰᠠᠨᠠᠯ︾ ᠨᠢ ᠰᠤᠷᠭᠠᠨ ᠬᠥᠮᠥᠵᠢᠯ ᠤᠨ ᠶᠠᠮᠤᠨ | ᠵᠡᠷᠭᠡ ᠲᠠᠪᠤᠨ ᠰᠠᠯᠠᠭ᠎ᠠ ᠮᠥᠴᠢᠷ ᠤᠨ ᠬᠢᠨ ᠤ ︽ᠰᠠᠨᠠᠯ ᠤᠳ︾ ᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠤᠭᠰᠠᠨ ᠤ ᠬᠠᠮᠲᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ | ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠲᠠᠢ ᠠᠭᠤᠰᠤᠯᠴᠠᠭᠤᠯᠤᠨ᠂ ᠤᠯᠤᠰ ᠤᠨ ᠳᠡᠰ ᠳᠠᠪᠬᠤᠷᠭ᠎ᠠ ᠳᠤ | ᠨᠢᠭᠡᠨᠲᠡ ᠨᠡᠶᠢᠲᠡᠯᠡᠭᠳᠡᠭᠰᠡᠨ ᠪᠢᠴᠢᠭ ᠮᠠᠲ᠋ᠧᠷᠢᠶᠠᠯ ᠯᠤᠭ᠎ᠠ ᠶᠢᠨ ᠵᠣᠬᠢᠴᠠᠭᠤᠯᠬᠤ ᠬᠠᠷᠢᠴᠠᠭ᠎ᠠ ᠶᠢ ᠰᠠᠶᠢᠲᠤᠷ | ᠰᠢᠢᠳᠪᠦᠷᠢᠯᠡᠵᠦ᠂ ᠮᠠᠨ ᠤ ᠣᠷᠣᠨ ᠠᠴᠠ ᠨᠢᠭᠡᠨᠲᠡ ᠤᠷᠢᠳ ᠢᠶᠠᠷ ᠬᠡᠷᠡᠭᠵᠢᠭᠦᠯᠦᠨ ᠠᠬᠢᠭᠤᠯᠤᠭᠰᠠᠨ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠯᠦᠭᠡ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠶᠢ ᠴᠢᠬᠤᠯᠠᠴᠢᠯᠠᠪᠠ᠃ | ᠵᠢᠱᠢᠶᠡᠯᠡᠪᠡᠯ᠂ ︽ᠶᠡᠭᠡ ᠳᠡᠭᠡᠳᠦ ᠰᠤᠷᠭᠠᠭᠤᠯᠢ ᠶᠢᠨ ᠦᠨᠳᠦᠰᠦᠨ ᠠᠩᠭᠢ ᠶᠢᠨ ᠲᠤᠰᠬᠠᠢ ᠮᠡᠷᠭᠡᠵᠢᠯ ᠤᠨ | ᠲᠣᠬᠢᠷᠠᠭᠤᠯᠤᠯᠲᠠ ᠶᠢ ᠥᠭᠡᠷᠡᠴᠢᠯᠡᠨ ᠰᠠᠶᠢᠵᠢᠷᠠᠭᠤᠯᠬᠤ︾ ᠲᠠᠯ᠎ᠠ ᠪᠠᠷ᠂ ᠲᠥᠷᠥ ᠶᠢᠨ ᠶᠠᠪᠤᠳᠠᠯ ᠤᠨ ᠬᠤᠷᠢᠶ᠎ᠠ ᠪᠠ | ᠮᠠᠨ ᠤ ᠣᠷᠣᠨ ᠤ ᠵᠠᠰᠠᠭ ᠵᠠᠬᠢᠷᠭᠠᠨ ᠤ ᠬᠢᠨᠠᠯᠲᠠ ᠵᠥᠪᠰᠢᠶᠡᠷᠡᠯ ᠤᠨ ᠵᠦᠢᠯᠡᠰ ᠢ ᠬᠦᠴᠦᠨ ᠦᠭᠡᠢ ᠪᠣᠯᠭᠠᠬᠤ ᠲᠤᠬᠠᠢ | ᠲᠣᠭᠲᠠᠭᠠᠯ ᠢ ᠴᠢᠩᠭ᠎ᠠ ᠵᠢᠷᠤᠮᠯᠠᠵᠤ᠂ ᠶᠡᠭᠡ ᠳᠡᠭᠡᠳᠦ ᠰᠤᠷᠭᠠᠭᠤᠯᠢ ᠠᠴᠠ ︽ᠡᠩ ᠤᠨ ᠳᠡᠭᠡᠳᠦ ᠵᠡᠷᠭᠡ ᠶᠢᠨ | ᠰᠤᠷᠭᠠᠭᠤᠯᠢ ᠶᠢᠨ ᠦᠨᠳᠦᠰᠦᠨ ᠠᠩᠭᠢ ᠶᠢᠨ ᠲᠤᠰᠬᠠᠢ ᠮᠡᠷᠭᠡᠵᠢᠯ ᠤᠨ ᠭᠠᠷᠴᠠᠭ︾ ᠲᠤ ᠵᠢᠭᠰᠠᠭᠠᠭᠰᠠᠨ ᠲᠤᠰᠬᠠᠢ | ᠮᠡᠷᠭᠡᠵᠢᠯ ᠢ ᠭᠤᠶᠤᠴᠢᠯᠠᠨ ᠲᠣᠬᠢᠷᠠᠭᠤᠯᠬᠤ ᠳᠤ᠂ ᠲᠣᠬᠢᠷᠠᠭᠤᠯᠤᠯᠲᠠ ᠶᠢ ᠨᠢ ᠤᠯᠤᠰ ᠠᠴᠠ ᠡᠵᠡᠮᠳᠡᠵᠦ ᠪᠠᠶᠢᠭ᠎ᠠ ᠵᠢᠴᠢ | ᠲᠤᠰ ᠭᠠᠷᠴᠠᠭ ᠲᠤ ᠵᠢᠭᠰᠠᠭᠠᠭᠳᠠᠭᠠ ᠦᠭᠡᠢ ᠰᠢᠨ᠎ᠡ ᠲᠤᠰᠬᠠᠢ ᠮᠡᠷᠭᠡᠵᠢᠯ ᠠᠴᠠ ᠭᠠᠳᠠᠨ᠎ᠠ᠂ ᠮᠤᠵᠢ ᠶᠢᠨ ᠱᠠᠲᠤᠨ ᠤ | ᠰᠤᠷᠭᠠᠨ ᠬᠥᠮᠥᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠳᠠᠬᠢᠵᠤ ᠠᠩᠬᠠᠨ ᠤ ᠬᠢᠨᠠᠯᠲᠠ ᠬᠢᠬᠦ ᠦᠭᠡᠢ | ᠪᠣᠯᠭᠠᠵᠤ᠂ ᠮᠡᠳᠡᠭᠦᠯᠦᠨ ᠳᠠᠩᠰᠠᠯᠠᠭᠤᠯᠬᠤ ᠳᠦᠷᠢᠮ ᠢ ᠬᠡᠷᠡᠭᠵᠢᠭᠦᠯᠪᠡ︔ ︽ᠶᠡᠭᠡ ᠳᠡᠭᠡᠳᠦ ᠰᠤᠷᠭᠠᠭᠤᠯᠢ ᠶᠢᠨ | ᠮᠡᠷᠭᠡᠵᠢᠯ ᠤᠨ ᠴᠣᠯᠠ ᠶᠢᠨ ᠦᠨᠡᠯᠡᠨ ᠬᠢᠨᠠᠬᠤ ᠡᠷᠬᠡ ᠶᠢ ᠳᠣᠷᠣᠭᠰᠢ ᠪᠠᠭᠤᠯᠭᠠᠬᠤ︾ ᠲᠠᠯ᠎ᠠ ᠪᠠᠷ᠂ ᠥᠪᠡᠷᠲᠡᠭᠡᠨ | ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠤᠷᠭᠠᠨ | ᠬᠥᠮᠥᠵᠢᠯ ᠤᠨ ᠲᠢᠩᠬᠢᠮ ᠤᠨ ︽ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ | ᠮᠡᠷᠭᠡᠵᠢᠯ ᠤᠨ ᠴᠣᠯᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠵᠢᠯᠣᠭᠤᠳᠬᠤ ᠰᠠᠨᠠᠯ ᠢ | ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠥᠪᠥᠷ ᠬᠥᠮᠥᠨ ᠨᠡᠶᠢᠭᠡᠮ ᠲᠠᠷᠬᠠᠭᠠᠭᠰᠠᠨ ﹇2016﹈ 21 | ᠳ᠋ᠦ᠋ᠭᠡᠷ ᠲᠣᠭᠠᠲᠤ︶ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠵᠠᠰᠠᠭ ᠤᠨ | ᠣᠷᠳᠣᠨ ᠤ ᠠᠯᠪᠠᠨ ᠲᠢᠩᠬᠢᠮ ᠠᠴᠠ ᠳᠠᠷᠤᠮᠠᠯᠯᠠᠨ ᠲᠠᠷᠬᠠᠭᠠᠭᠰᠠᠨ ︽ᠮᠡᠷᠭᠡᠵᠢᠯ ᠤᠨ ᠴᠣᠯᠠ ᠶᠢᠨ ᠳᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠬᠡᠷᠡᠭᠵᠢᠭᠦᠯᠬᠦ ᠰᠠᠨᠠᠯ ᠤᠨ ᠮᠡᠳᠡᠭᠳᠡᠯ︾ ︵ᠥᠪᠥᠷ ᠨᠠᠮ ᠠᠯᠪᠠᠨ | ᠲᠠᠷᠬᠠᠭᠠᠭᠰᠠᠨ ﹇2017﹈ 36 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠬᠠᠮᠢᠶ᠎ᠠ ᠪᠦᠬᠦᠢ | ᠠᠭᠤᠯᠭ᠎ᠠ ᠳᠤ ᠠᠭᠤᠰᠤᠯᠴᠠᠭᠤᠯᠤᠨ ᠣᠷᠣᠭᠤᠯᠤᠭᠰᠠᠨ ᠤ ᠬᠠᠮᠲᠤ᠂ ᠡᠨᠡ ᠵᠢᠯ ᠠᠴᠠ ᠥᠪᠡᠷᠲᠡᠭᠡᠨ ᠵᠠᠰᠠᠬᠤ ᠣᠷᠣᠨ ᠤ | ᠦᠨᠳᠦᠰᠦᠨ ᠠᠩᠭᠢ ᠶᠢᠨ ᠶᠡᠭᠡ ᠳᠡᠭᠡᠳᠦ ᠰᠤᠷᠭᠠᠭᠤᠯᠢ ᠶᠢᠨ ᠮᠡᠷᠭᠡᠵᠢᠯ ᠤᠨ ᠴᠣᠯᠠ ᠶᠢᠨ ᠦᠨᠡᠯᠡᠨ ᠬᠢᠨᠠᠬᠤ ᠡᠷᠬᠡ ᠶᠢ | ᠪᠦᠬᠦᠨ ᠢ ᠶᠡᠭᠡ ᠳᠡᠭᠡᠳᠦ ᠰᠤᠷᠭᠠᠭᠤᠯᠢ ᠳᠤ ᠪᠠᠭᠤᠯᠭᠠᠬᠤ ᠪᠠᠷ ᠪᠣᠯᠪᠠ︔ ︽ᠶᠡᠭᠡ ᠳᠡᠭᠡᠳᠦ ᠰᠤᠷᠭᠠᠭᠤᠯᠢ ᠶᠢᠨ | ᠵᠠᠷᠤᠳᠠᠯ ᠢᠶᠠᠨ ᠬᠡᠷᠡᠭᠯᠡᠨ ᠬᠠᠮᠢᠶᠠᠷᠬᠤ ᠶᠢ ᠲᠡᠭᠦᠯᠳᠡᠷᠵᠢᠭᠦᠯᠬᠦ ᠪᠠ ᠴᠢᠩᠭᠠᠳᠬᠠᠬᠤ︾ ᠲᠠᠯ᠎ᠠ ᠪᠠᠷ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ︽ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ | ᠲᠥᠷᠥᠯ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠰᠠᠨᠠᠯ | ︾ ︵ᠥᠪᠥᠷ ᠨᠠᠮ ᠠᠯᠪᠠᠨ ᠲᠠᠷᠬᠠᠭᠠᠭᠰᠠᠨ ﹇2017﹈ 30 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ | ᠲᠣᠭᠲᠠᠭᠠᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ ᠠᠴᠠ ᠥᠪᠡᠰᠦᠪᠡᠨ ᠰᠢᠨᠵᠢᠯᠡᠬᠦ | ᠤᠬᠠᠭᠠᠨ ᠤ ᠰᠤᠳᠤᠯᠭᠠᠨ ᠤ ᠪᠠᠭᠠᠵᠢ ᠲᠥᠬᠦᠭᠡᠷᠦᠮᠵᠢ ᠬᠤᠳᠠᠯᠳᠤᠨ ᠠᠪᠴᠤ᠂ ᠥᠪᠡᠰᠦᠪᠡᠨ ᠡᠳ᠋ ᠬᠥᠷᠥᠩᠭᠡ ᠪᠠᠨ | ᠰᠢᠢᠳᠪᠦᠷᠢᠯᠡᠵᠦ ᠬᠡᠷᠡᠭᠯᠡᠭᠡᠨ ᠠᠴᠠ ᠭᠠᠷᠭᠠᠵᠤ ᠪᠣᠯᠣᠨ᠎ᠠ ᠭᠡᠬᠦ ᠮᠡᠲᠦ ᠪᠠᠷ ᠲᠣᠳᠣᠷᠬᠠᠶᠢᠯᠠᠵᠠᠢ᠃ | ᠭᠤᠷᠪᠠ ᠳᠤ᠂ ᠤᠯᠤᠰ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ | ᠨᠠᠷᠢᠯᠢᠭᠵᠢᠭᠤᠯᠤᠭᠰᠠᠨ ᠪᠠ ᠰᠢᠪᠲᠤᠯᠤᠯᠲᠠ ᠬᠢᠪᠡ᠃ ᠤᠯᠤᠰ ᠤᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢᠨ ᠵᠦᠢᠯᠡᠰ ᠤᠨ ᠬᠤᠷᠸ᠎ᠠ ᠲᠠᠯ᠎ᠠ ᠶᠢᠨ ᠵᠢᠯᠣᠭᠤᠳᠤᠯᠭ᠎ᠠ ᠳᠣᠣᠷ᠎ᠠ᠂ ᠮᠠᠨ ᠤ ᠣᠷᠣᠨ ᠤ ︽ | ᠬᠡᠷᠡᠭᠵᠢᠭᠦᠯᠬᠦ ᠰᠠᠨᠠᠯ︾ ᠨᠢ ᠥᠭᠡᠷᠡᠴᠢᠯᠡᠯᠲᠡ ᠶᠢᠨ ᠵᠦᠢᠯᠡᠰ ᠲᠤ ᠵᠤᠷᠪᠤᠰ ᠳᠠᠷᠠᠭᠠᠯᠠᠨ ᠨᠠᠷᠢᠯᠢᠭᠵᠢᠭᠤᠯᠤᠯᠲᠠ ᠬᠢᠵᠦ᠂ | ᠬᠤᠯᠪᠣᠭᠳᠠᠯ ᠪᠦᠬᠦᠢ ᠠᠵᠢᠯ ᠤᠨ ᠵᠦᠢᠯᠡᠰ ᠢ ᠨᠡᠩ ᠴᠢᠩᠭ᠎ᠠ ᠬᠡᠷᠡᠭᠯᠡᠭᠦᠰᠢᠲᠡᠢ ᠴᠢᠨᠠᠷ ᠲᠠᠢ ᠪᠣᠯᠭᠠᠪᠠ᠃ ᠵᠢᠱᠢᠶᠡᠯᠡᠪᠡᠯ᠂ | ︽ᠪᠠᠭᠰᠢ ᠶᠢᠨ ᠮᠡᠷᠭᠡᠵᠢᠯ ᠤᠨ ᠴᠣᠯᠠ ᠶᠢᠨ ᠦᠨᠡᠯᠡᠨ ᠬᠢᠨᠠᠬᠤ ᠠᠷᠭ᠎ᠠ ᠶᠢ ᠥᠭᠡᠷᠡᠴᠢᠯᠡᠨ ᠰᠠᠶᠢᠵᠢᠷᠠᠭᠤᠯᠬᠤ︾ | ᠲᠠᠯ᠎ᠠ ᠪᠠᠷ᠂ ᠮᠡᠷᠭᠡᠵᠢᠯ ᠤᠨ ᠴᠣᠯᠠ ᠶᠢᠨ ᠦᠨᠡᠯᠡᠨ ᠬᠢᠨᠠᠬᠤ ᠠᠭᠤᠯᠭ᠎ᠠ ᠶᠢᠨ ᠴᠢᠬᠤᠯᠠ ᠬᠦᠴᠦᠨ ᠵᠦᠢᠯ ᠢ ᠤᠯᠠᠮ | ᠨᠢᠭᠡ ᠠᠯᠬᠤᠮ ᠲᠣᠳᠣᠷᠬᠠᠶᠢᠯᠠᠨ᠂ ᠲᠥᠷᠥᠯ ᠬᠤᠪᠢᠶᠠᠨ ᠦᠨᠡᠯᠡᠬᠦ ᠱᠠᠭᠠᠷᠳᠠᠯᠭ᠎ᠠ ᠶᠢ ᠤᠯᠠᠮ ᠨᠢᠭᠡ ᠠᠯᠬᠤᠮ | ᠨᠠᠷᠢᠯᠢᠭᠵᠢᠭᠤᠯᠪᠠ︔ ︽ᠶᠡᠭᠡ ᠳᠡᠭᠡᠳᠦ ᠰᠤᠷᠭᠠᠭᠤᠯᠢ ᠶᠢ ᠳᠡᠮᠵᠢᠨ ᠳᠣᠲᠣᠭᠠᠳᠤ ᠶᠢᠨ ᠴᠠᠯᠢᠩ ᠬᠥᠯᠥᠰᠦ ᠪᠠᠨ | ᠬᠤᠪᠢᠶᠠᠷᠢᠯᠠᠬᠤ ᠥᠭᠡᠷᠡᠴᠢᠯᠡᠯᠲᠡ ᠶᠢ ᠠᠬᠢᠭᠤᠯᠬᠤ︾ ᠲᠠᠯ᠎ᠠ ᠪᠠᠷ᠂ ᠤᠯᠤᠰ ᠤᠨ ᠥᠭᠡᠷᠡᠴᠢᠯᠡᠯᠲᠡ ᠶᠢᠨ ᠰᠠᠨᠠᠯ ᠲᠠᠢ | ᠬᠠᠷᠢᠴᠠᠭᠤᠯᠵᠤ ᠪᠠᠶᠢᠭᠠᠳ ᠨᠡᠩ ᠶᠡᠭᠡ ᠳᠡᠮᠵᠢᠯᠭᠡ ᠶᠢᠨ ᠡᠷᠴᠢᠮ ᠢ ᠪᠡᠶᠡᠯᠡᠭᠦᠯᠵᠦ᠂ ᠶᠡᠭᠡ ᠳᠡᠭᠡᠳᠦ ᠰᠤᠷᠭᠠᠭᠤᠯᠢ ᠠᠴᠠ | ᠪᠦᠷᠢᠳᠬᠡᠨ ᠳᠠᠩᠰᠠᠯᠠᠭᠤᠯᠤᠭᠰᠠᠨ ᠪᠠᠭᠰᠢ ᠶᠢᠨ ᠶᠡᠷᠦᠩᠬᠡᠢ ᠲᠤᠭ᠎ᠠ᠂ ᠠᠵᠤ ᠠᠬᠤᠢ ᠶᠢᠨ ᠬᠥᠭᠵᠢᠯᠲᠡ ᠶᠢᠨ ᠬᠢᠷᠢ | ᠲᠦᠪᠰᠢᠨ᠂ ᠰᠤᠷᠭᠠᠭᠤᠯᠢ ᠡᠷᠬᠢᠯᠡᠬᠦ ᠳᠡᠰ ᠳᠠᠪᠬᠤᠷᠭ᠎ᠠ ᠵᠡᠷᠭᠡ ᠬᠦᠴᠦᠨ ᠵᠦᠢᠯ ᠢᠶᠠᠨ ᠦᠨᠳᠦᠰᠦᠯᠡᠵᠦ᠂ ᠲᠤᠰ | ᠰᠤᠷᠭᠠᠭᠤᠯᠢ ᠶᠢᠨ ᠢᠶᠠᠨ ᠠᠵᠢᠯ ᠤᠨ ᠦᠷ᠎ᠡ ᠪᠦᠲᠦᠮᠵᠢ ᠶᠢᠨ ᠴᠠᠯᠢᠩ ᠤᠨ ᠪᠦᠲᠦᠴᠡ ᠪᠠ ᠬᠤᠪᠢᠶᠠᠷᠢᠯᠠᠬᠤ ᠠᠷᠭ᠎ᠠ | ᠬᠡᠯᠪᠡᠷᠢ ᠪᠠᠨ ᠡᠵᠡᠨ ᠮᠡᠳᠡᠨ ᠲᠣᠭᠲᠠᠭᠠᠬᠤ ᠶᠢ ᠵᠥᠪᠰᠢᠶᠡᠷᠡᠪᠡ︔ ︽ᠪᠠᠭᠠᠵᠢ ᠲᠥᠬᠦᠭᠡᠷᠦᠮᠵᠢ ᠬᠤᠳᠠᠯᠳᠤᠨ ᠠᠪᠬᠤ︾ | ᠲᠠᠯ᠎ᠠ ᠪᠠᠷ᠂ ᠵᠠᠰᠠᠭ ᠤᠨ ᠣᠷᠳᠣᠨ ᠠᠴᠠ ᠨᠢᠭᠡᠳᠦᠯᠲᠡᠢ ᠬᠤᠳᠠᠯᠳᠤᠨ ᠠᠪᠬᠤ ᠭᠠᠷᠴᠠᠭ ᠲᠠᠬᠢ ᠲᠤᠰᠬᠠᠢ | ᠬᠡᠷᠡᠭᠯᠡᠭᠡᠨ ᠤ ᠬᠤᠳᠠᠯᠳᠤᠨ ᠠᠪᠬᠤ ᠲᠥᠷᠥᠯ ᠵᠦᠢᠯ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠶᠡᠭᠡ | ᠳᠡᠭᠡᠳᠦ ᠰᠤᠷᠭᠠᠭᠤᠯᠢ ᠠᠴᠠ ᠥᠪᠡᠰᠦᠪᠡᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠭᠠᠵᠢ ᠲᠥᠬᠦᠭᠡᠷᠦᠮᠵᠢ ᠪᠠᠨ | ᠬᠤᠳᠠᠯᠳᠤᠨ ᠠᠪᠴᠤ᠂ ᠥᠪᠡᠰᠦᠪᠡᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠭᠠᠵᠢ ᠲᠥᠬᠦᠭᠡᠷᠦᠮᠵᠢ ᠶᠢᠨ ᠦᠨᠡᠯᠡᠨ | ᠬᠢᠨᠠᠬᠤ ᠲᠤᠰᠬᠠᠢ ᠮᠡᠷᠭᠡᠵᠢᠯᠲᠡᠳ ᠢ ᠰᠣᠩᠭᠤᠵᠤ ᠪᠣᠯᠣᠨ᠎ᠠ ᠭᠡᠵᠦ ᠲᠣᠭᠲᠠᠭᠠᠪᠠ︔ ︽ᠵᠠᠮ ᠤᠨ ᠵᠠᠷᠤᠳᠠᠯ ᠢ | ᠬᠠᠮᠢᠶᠠᠷᠬᠤ︾ ᠲᠠᠯ᠎ᠠ ᠪᠠᠷ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ | ᠠᠵᠢᠯᠲᠠᠳ ᠤᠨ ᠵᠠᠮ ᠤᠨ ᠵᠠᠷᠤᠳᠠᠯ᠂ ᠬᠤᠷᠠᠯ ᠤᠨ ᠵᠠᠷᠤᠳᠠᠯ᠂ ᠠᠰᠠᠭᠤᠨ ᠯᠠᠪᠯᠠᠯᠲᠠ ᠶᠢᠨ ᠵᠠᠷᠤᠳᠠᠯ ᠵᠡᠷᠭᠡ ᠶᠢᠨ | ᠬᠠᠮᠢᠶᠠᠷᠬᠤ ᠡᠷᠬᠡ ᠶᠢᠨ ᠬᠢᠵᠠᠭᠠᠷ ᠢ ᠳᠣᠷᠣᠭᠰᠢ ᠪᠠᠭᠤᠯᠭᠠᠵᠤ᠂ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ | ᠰᠤᠷᠭᠠᠭᠤᠯᠢ ᠠᠴᠠ ᠲᠥᠷᠥᠯ ᠵᠦᠢᠯ ᠢ ᠬᠡᠷᠡᠭᠵᠢᠭᠦᠯᠬᠦ ᠪᠣᠳᠠᠲᠠᠢ ᠱᠠᠭᠠᠷᠳᠠᠯᠭ᠎ᠠ ᠪᠠᠨ ᠦᠨᠳᠦᠰᠦᠯᠡᠨ᠂ ᠦᠨᠡᠨ ᠠᠴᠠ | ᠵᠥᠪ ᠢ ᠡᠷᠢᠬᠦ᠂ ᠰᠢᠯᠢᠳᠡᠭ ᠠᠪᠰᠠᠷ ᠮᠥᠷᠲᠡᠭᠡᠨ ᠥᠨᠳᠥᠷ ᠦᠷ᠎ᠡ ᠪᠦᠲᠦᠮᠵᠢᠲᠡᠢ᠂ ᠰᠠᠶᠢᠲᠤᠷ ᠠᠷᠪᠢᠯᠠᠨ ᠭᠠᠮᠨᠠᠬᠤ | ᠵᠠᠷᠴᠢᠮ ᠶᠣᠰᠣᠭᠠᠷ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠤᠨ ᠵᠠᠮ ᠤᠨ ᠵᠠᠷᠤᠳᠠᠯ᠂ ᠬᠤᠷᠠᠯ ᠤᠨ | ᠵᠠᠷᠤᠳᠠᠯ᠂ ᠠᠰᠠᠭᠤᠨ ᠯᠠᠪᠯᠠᠯᠲᠠ ᠶᠢᠨ ᠵᠠᠷᠤᠳᠠᠯ ᠤᠨ ᠬᠠᠮᠢᠶᠠᠷᠬᠤ ᠠᠷᠭ᠎ᠠ ᠶᠢ ᠥᠪᠡᠰᠦᠪᠡᠨ ᠰᠤᠳᠤᠯᠬᠤ ᠶᠢᠨ ᠬᠠᠮᠲᠤ | ᠵᠦᠢ ᠵᠣᠬᠢᠰᠲᠠᠢ ᠲᠣᠭᠲᠠᠭᠠᠵᠤ ᠪᠣᠯᠣᠨ᠎ᠠ ᠭᠡᠬᠦ ᠮᠡᠲᠦ᠃ | ᠭᠤᠷᠪᠠ᠂ ︽ᠬᠡᠷᠡᠭᠵᠢᠭᠦᠯᠬᠦ ᠰᠠᠨᠠᠯ︾ ᠤᠨ ᠭᠤᠣᠯ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ | ︵ᠨᠢᠭᠡ︶ ᠡᠷᠳᠡᠮ ᠤᠨ ᠴᠣᠯᠠ ᠶᠢᠨ ᠡᠷᠬᠡ ᠣᠯᠭᠤᠬᠤ ᠶᠢ ᠬᠢᠨᠠᠨ ᠬᠠᠷᠭᠤᠭᠤᠯᠬᠤ ᠪᠠ ᠲᠤᠰᠬᠠᠢ ᠮᠡᠷᠭᠡᠵᠢᠯ | ᠲᠣᠬᠢᠷᠠᠭᠤᠯᠬᠤ ᠥᠭᠡᠷᠡᠴᠢᠯᠡᠯᠲᠡ ᠶᠢᠨ ᠭᠤᠣᠯ ᠠᠷᠭ᠎ᠠ ᠬᠡᠮᠵᠢᠶ᠎ᠡ᠃ ︽ᠬᠡᠷᠡᠭᠵᠢᠭᠦᠯᠬᠦ ᠰᠠᠨᠠᠯ︾ ᠨᠢ ᠰᠤᠷᠭᠠᠨ | ᠬᠥᠮᠥᠵᠢᠯ ᠤᠨ ᠶᠠᠮᠤᠨ ᠵᠡᠷᠭᠡ ᠲᠠᠪᠤᠨ ᠰᠠᠯᠠᠭ᠎ᠠ ᠮᠥᠴᠢᠷ ᠤᠨ ᠬᠢᠨ ᠤ ︽ᠰᠠᠨᠠᠯ ᠤᠳ︾ ᠢ ᠴᠢᠩᠭ᠎ᠠ | ᠨᠠᠶᠢᠳᠠᠪᠤᠷᠢᠵᠢᠭᠤᠯᠵᠤ᠂ ᠡᠷᠳᠡᠮ ᠤᠨ ᠴᠣᠯᠠ ᠶᠢᠨ ᠡᠷᠬᠡ ᠣᠯᠭᠤᠬᠤ ᠪᠠ ᠦᠨᠳᠦᠰᠦᠨ ᠠᠩᠭᠢ ᠶᠢᠨ ᠲᠤᠰᠬᠠᠢ | ᠮᠡᠷᠭᠡᠵᠢᠯ ᠲᠣᠬᠢᠷᠠᠭᠤᠯᠬᠤ ᠵᠡᠷᠭᠡ ᠲᠠᠯ᠎ᠠ ᠪᠠᠷ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠪᠠ᠃ | ᠨᠢᠭᠡ ᠳᠤ᠂ ᠳᠦᠷᠢᠮ ᠢ ᠲᠡᠭᠦᠯᠳᠡᠷᠵᠢᠭᠦᠯᠦᠨ᠂ ᠡᠷᠳᠡᠮ ᠤᠨ ᠴᠣᠯᠠ ᠶᠢᠨ ᠡᠷᠬᠡ ᠣᠯᠭᠤᠬᠤ ᠶᠢ ᠬᠢᠨᠠᠨ | ᠵᠥᠪᠰᠢᠶᠡᠷᠡᠬᠦ ᠲᠣᠭᠲᠠᠴᠠ ᠳᠤ ᠥᠭᠡᠷᠡᠴᠢᠯᠡᠯᠲᠡ ᠬᠢᠨ᠎ᠡ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠡᠷᠳᠡᠮ ᠤᠨ | ᠴᠣᠯᠠ ᠶᠢᠨ ᠵᠥᠪᠯᠡᠯ ᠠᠴᠠ ᠡᠷᠬᠡ ᠣᠯᠭᠤᠭᠰᠠᠨ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠡᠷᠳᠡᠮ ᠤᠨ | ᠴᠣᠯᠠ ᠶᠢᠨ ᠵᠥᠪᠯᠡᠯ ᠠᠴᠠ ᠰᠢᠨ᠎ᠡ ᠪᠠᠷ ᠨᠡᠮᠡᠭᠰᠡᠨ ᠠᠰᠫᠢᠷᠠᠨᠲ ᠤᠨ ᠡᠷᠳᠡᠮ ᠤᠨ ᠴᠣᠯᠠ ᠣᠯᠭᠤᠬᠤ ᠨᠢᠭᠡᠴᠢ ᠪᠠ | ᠡᠷᠬᠡ ᠣᠯᠭᠤᠬᠤ ᠴᠡᠭ ᠢ ᠬᠢᠨᠠᠨ ᠬᠠᠷᠭᠤᠭᠤᠯᠬᠤ᠂ ᠰᠢᠨ᠎ᠡ ᠪᠠᠷ ᠨᠡᠮᠡᠭᠰᠡᠨ ᠳ᠋ᠣᠺᠲ᠋ᠣᠷᠠᠨᠲ ᠤᠨ ᠡᠷᠳᠡᠮ ᠤᠨ ᠴᠣᠯᠠ | ᠣᠯᠭᠤᠬᠤ ᠨᠢᠭᠡᠴᠢ ᠪᠠ ᠡᠷᠬᠡ ᠣᠯᠭᠤᠬᠤ ᠴᠡᠭ ᠲᠤ ᠠᠩᠬᠠᠨ ᠤ ᠬᠢᠨᠠᠯᠲᠠ ᠬᠢᠬᠦ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠬᠢᠨᠠᠯᠲᠠ ᠬᠠᠷᠭᠤᠭᠤᠯᠤᠯᠲᠠ ᠪᠠ ᠠᠩᠬᠠᠨ ᠤ ᠬᠢᠨᠠᠯᠲᠠ ᠳᠤ ᠬᠢᠷᠢ ᠲᠡᠩᠴᠡᠭᠰᠡᠳ ᠢ ᠰᠤᠷᠭᠠᠨ | ᠬᠥᠮᠥᠵᠢᠯ ᠤᠨ ᠶᠠᠮᠤᠨ ᠳᠤ ᠮᠡᠳᠡᠭᠦᠯᠦᠨ ᠬᠢᠨᠠᠨ ᠵᠥᠪᠰᠢᠶᠡᠷᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠠᠴᠠ ︽ | ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠰᠤᠷᠤᠭᠰᠠᠳ ᠤᠨ ᠡᠷᠳᠡᠮ ᠤᠨ ᠴᠣᠯᠠ ᠶᠢᠨ ᠡᠷᠬᠡ ᠣᠯᠭᠤᠬᠤ ᠶᠢ | ᠬᠢᠨᠠᠨ ᠬᠠᠷᠭᠤᠭᠤᠯᠬᠤ ᠠᠵᠢᠯ ᠤᠨ ᠠᠷᠭ᠎ᠠ︾ ᠶᠢ ᠵᠠᠰᠠᠨ ᠲᠡᠭᠦᠯᠳᠡᠷᠵᠢᠭᠦᠯᠵᠦ᠂ ᠬᠢᠨᠠᠨ ᠵᠥᠪᠰᠢᠶᠡᠷᠡᠵᠦ ᠪᠦᠷᠢᠳᠬᠡᠨ | ᠳᠠᠩᠰᠠᠯᠠᠬᠤ ᠠᠵᠢᠯ ᠢ ᠲᠡᠭᠦᠯᠳᠡᠷᠵᠢᠭᠦᠯᠦᠨ᠎ᠡ᠃ ᠡᠭᠦᠨ ᠤ ᠬᠠᠮᠲᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠡᠷᠳᠡᠮ ᠤᠨ ᠴᠣᠯᠠ ᠶᠢᠨ ᠡᠷᠬᠡ ᠣᠯᠭᠤᠬᠤ ᠬᠢᠴᠢᠶᠡᠯ ᠬᠥᠮᠥᠵᠢᠯ ᠪᠠ ᠡᠷᠬᠡ ᠣᠯᠭᠤᠬᠤ ᠴᠡᠭ ᠲᠤ ᠬᠥᠳᠡᠯᠦᠩᠭᠦᠢ ᠪᠠᠷ | ᠲᠣᠬᠢᠷᠠᠭᠤᠯᠤᠯᠲᠠ ᠬᠢᠨ᠎ᠡ᠃ | ᠬᠤᠶᠠᠷ ᠲᠤ᠂ ᠬᠥᠲᠥᠯᠥᠨ ᠵᠢᠯᠣᠭᠤᠳᠬᠤ ᠪᠠᠨ ᠴᠢᠩᠭᠠᠷᠠᠭᠤᠯᠵᠤ᠂ ᠶᠡᠭᠡ ᠳᠡᠭᠡᠳᠦ ᠰᠤᠷᠭᠠᠭᠤᠯᠢ ᠶᠢᠨ | ᠦᠨᠳᠦᠰᠦᠨ ᠠᠩᠭᠢ ᠪᠠ ᠲᠤᠰᠬᠠᠢ ᠮᠡᠷᠭᠡᠵᠢᠯ ᠤᠨ ᠠᠩᠭᠢ ᠶᠢᠨ ᠲᠤᠰᠬᠠᠢ ᠮᠡᠷᠭᠡᠵᠢᠯ ᠢ ᠲᠣᠬᠢᠷᠠᠭᠤᠯᠬᠤ ᠶᠢ ᠬᠢᠨᠠᠨ | ᠵᠥᠪᠰᠢᠶᠡᠷᠡᠵᠦ ᠪᠦᠷᠢᠳᠬᠡᠨ ᠳᠠᠩᠰᠠᠯᠠᠬᠤ ᠳᠦᠷᠢᠮ ᠢ ᠥᠭᠡᠷᠡᠴᠢᠯᠡᠨ ᠰᠠᠶᠢᠵᠢᠷᠠᠭᠤᠯᠤᠨ᠎ᠠ᠃ ᠶᠡᠭᠡ ᠳᠡᠭᠡᠳᠦ | ᠰᠤᠷᠭᠠᠭᠤᠯᠢ ᠨᠤᠭᠤᠳ ᠤᠨ ᠦᠨᠳᠦᠰᠦᠨ ᠠᠩᠭᠢ ᠶᠢᠨ ᠲᠤᠰᠬᠠᠢ ᠮᠡᠷᠭᠡᠵᠢᠯ ᠢᠶᠠᠨ ᠬᠠᠤᠯᠢ ᠶᠣᠰᠣᠭᠠᠷ ᠡᠵᠡᠨ ᠮᠡᠳᠡᠨ | ᠲᠣᠬᠢᠷᠠᠭᠤᠯᠬᠤ ᠶᠢ ᠳᠡᠮᠵᠢᠵᠦ᠂ ᠲᠣᠬᠢᠷᠠᠭᠤᠯᠤᠯᠲᠠ ᠶᠢ ᠨᠢ ᠤᠯᠤᠰ ᠠᠴᠠ ᠡᠵᠡᠮᠳᠡᠵᠦ ᠪᠠᠶᠢᠭ᠎ᠠ ᠲᠤᠰᠬᠠᠢ | ᠮᠡᠷᠭᠡᠵᠢᠯ ᠠᠴᠠ ᠭᠠᠳᠠᠨ᠎ᠠ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠢᠨ ᠲᠤᠰ | ᠰᠤᠷᠭᠠᠭᠤᠯᠢ ᠶᠢᠨ ᠢᠶᠠᠨ ᠪᠣᠳᠠᠲᠤ ᠪᠠᠶᠢᠳᠠᠯ ᠵᠢᠴᠢ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠵᠤ ᠦᠢᠯᠡᠰ ᠤᠨ | ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠥᠵᠢᠯ ︵ | ᠲᠤᠰᠬᠠᠢ ᠮᠡᠷᠭᠡᠵᠢᠯ ᠤᠨ ᠠᠩᠭᠢ︶ ᠤᠨ ᠲᠤᠰᠬᠠᠢ ᠮᠡᠷᠭᠡᠵᠢᠯ ᠢᠶᠠᠨ ᠡᠵᠡᠨ ᠮᠡᠳᠡᠵᠦ ᠲᠣᠬᠢᠷᠠᠭᠤᠯᠬᠤ ᠪᠠ | ᠲᠣᠬᠢᠷᠠᠭᠤᠯᠤᠯᠲᠠ ᠬᠢᠬᠦ ᠶᠢᠨ ᠬᠠᠮᠲᠤ᠂ ᠲᠤᠰᠬᠠᠢ ᠮᠡᠷᠭᠡᠵᠢᠯ ᠤᠨ ᠪᠣᠯᠪᠠᠰᠤᠷᠠᠭᠤᠯᠤᠯ ᠤᠨ ᠪᠣᠳᠠᠲᠤ ᠪᠠᠶᠢᠳᠠᠯ ᠢ | ᠦᠨᠳᠦᠰᠦᠯᠡᠵᠦ᠂ ᠲᠤᠰᠬᠠᠢ ᠮᠡᠷᠭᠡᠵᠢᠯ ᠤᠨ ᠴᠢᠭᠯᠡᠯ ᠢᠶᠠᠨ ᠡᠵᠡᠨ ᠮᠡᠳᠡᠨ ᠲᠣᠬᠢᠷᠠᠭᠤᠯᠵᠤ ᠪᠣᠯᠣᠨ᠎ᠠ᠃ ᠦᠨᠳᠦᠰᠦᠨ | ᠠᠩᠭᠢ ᠶᠢᠨ ᠲᠤᠰᠬᠠᠢ ᠮᠡᠷᠭᠡᠵᠢᠯ ᠢ ᠲᠣᠬᠢᠷᠠᠭᠤᠯᠬᠤ ᠳᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ | ᠲᠢᠩᠬᠢᠮ ᠠᠴᠠ ᠡᠮᠬᠢᠯᠡᠨ ᠬᠤᠷᠢᠶᠠᠩᠭᠤᠶᠢᠯᠠᠭᠰᠠᠨ ᠤ ᠳᠠᠷᠠᠭ᠎ᠠ ᠰᠤᠷᠭᠠᠨ ᠬᠥᠮᠥᠵᠢᠯ ᠤᠨ ᠶᠠᠮᠤᠨ ᠳᠤ ᠮᠡᠳᠡᠭᠦᠯᠦᠨ | ᠪᠦᠷᠢᠳᠬᠡᠨ ᠳᠠᠩᠰᠠᠯᠠᠭᠤᠯᠵᠤ᠂ ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠢ ᠮᠡᠷᠭᠡᠵᠢᠯ ᠤᠨ ᠠᠩᠭᠢ︶ ᠤᠨ | ᠲᠤᠰᠬᠠᠢ ᠮᠡᠷᠭᠡᠵᠢᠯ ᠢ ᠲᠣᠬᠢᠷᠠᠭᠤᠯᠬᠤ ᠳᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ ᠳᠤ | ᠮᠡᠳᠡᠭᠦᠯᠵᠦ ᠪᠦᠷᠢᠳᠬᠡᠨ ᠳᠠᠩᠰᠠᠯᠠᠭᠤᠯᠤᠨ᠎ᠠ᠃ | ᠭᠤᠷᠪᠠ ᠳᠤ᠂ ᠲᠤᠰᠬᠠᠢ ᠮᠡᠷᠭᠡᠵᠢᠯ ᠲᠣᠬᠢᠷᠠᠭᠤᠯᠬᠤ ᠶᠢᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠵᠤ᠂ | ᠲᠤᠰᠬᠠᠢ ᠮᠡᠷᠭᠡᠵᠢᠯ ᠲᠣᠬᠢᠷᠠᠭᠤᠯᠤᠭᠰᠠᠨ ᠢ ᠦᠨᠡᠯᠡᠨ ᠵᠢᠱᠢᠬᠦ ᠪᠠ ᠰᠤᠭᠤᠴᠢᠨ ᠪᠠᠶᠢᠴᠠᠭᠠᠬᠤ ᠶᠢ ᠥᠷᠨᠢᠭᠦᠯᠦᠨ᠎ᠡ᠃ | ᠲᠤᠰᠬᠠᠢ ᠮᠡᠷᠭᠡᠵᠢᠯ ᠲᠣᠬᠢᠷᠠᠭᠤᠯᠬᠤ ᠶᠢᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ᠂ ᠲᠤᠰᠬᠠᠢ ᠮᠡᠷᠭᠡᠵᠢᠯ ᠤᠨ | ᠪᠠᠶᠢᠭᠤᠯᠤᠯᠲᠠ ᠶᠢᠨ ᠮᠡᠳᠡᠭᠡ ᠵᠠᠩᠭᠢ ᠶᠢᠨ ᠦᠢᠯᠡᠴᠢᠯᠡᠭᠡ ᠶᠢ ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ ᠶᠢᠨ | ᠰᠤᠷᠤᠭᠴᠢ ᠡᠯᠰᠡᠬᠦ᠂ ᠲᠡᠭᠦᠰᠦᠭᠰᠡᠨ ᠰᠤᠷᠤᠭᠴᠢᠳ ᠲᠤ ᠠᠵᠢᠯ ᠣᠯᠭᠤᠬᠤ ᠬᠢᠭᠡᠳ ᠲᠤᠰᠬᠠᠢ ᠮᠡᠷᠭᠡᠵᠢᠯ | ᠲᠣᠬᠢᠷᠠᠭᠤᠯᠬᠤ ᠳᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠤᠰᠬᠠᠢ ᠮᠡᠷᠭᠡᠵᠢᠯ ᠤᠨ | ᠲᠣᠬᠢᠷᠠᠭᠤᠯᠤᠯᠲᠠ ᠶᠢ ᠦᠨᠡᠯᠡᠨ ᠵᠢᠱᠢᠬᠦ ᠪᠠ ᠰᠤᠭᠤᠴᠢᠨ ᠪᠠᠶᠢᠴᠠᠭᠠᠬᠤ ᠶᠢ ᠥᠷᠨᠢᠭᠦᠯᠦᠨ᠂ ᠦᠨᠡᠯᠡᠨ ᠵᠢᠱᠢᠵᠦ᠂ | ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢᠶᠠᠷ ᠲᠤᠰᠬᠠᠢ ᠮᠡᠷᠭᠡᠵᠢᠯ ᠤᠨ ᠰᠤᠷᠤᠭᠴᠢ ᠡᠯᠰᠡᠬᠦ ᠲᠥᠯᠥᠪᠯᠡᠭᠡ ᠳᠤ ᠪᠠᠨ | ᠲᠣᠬᠢᠷᠠᠭᠤᠯᠤᠯᠲᠠ ᠬᠢᠬᠦ ᠭᠤᠣᠯ ᠦᠨᠳᠦᠰᠦᠯᠡᠯ ᠪᠣᠯᠭᠠᠨ᠎ᠠ᠃ ᠴᠢᠳᠠᠪᠤᠷᠢᠲᠠᠨ ᠬᠥᠮᠥᠵᠢᠭᠦᠯᠬᠦ ᠪᠠᠶᠢᠷᠢ ᠲᠣᠭᠲᠠᠭᠠᠯᠲᠠ | ᠨᠢ ᠨᠡᠶᠢᠭᠡᠮ ᠤᠨ ᠬᠡᠷᠡᠭᠴᠡᠭᠡ ᠱᠠᠭᠠᠷᠳᠠᠯᠭ᠎ᠠ ᠲᠠᠢ ᠵᠣᠬᠢᠴᠠᠯᠳᠤᠬᠤ ᠦᠭᠡᠢ᠂ ᠰᠤᠷᠭᠠᠭᠤᠯᠢ ᠡᠷᠬᠢᠯᠡᠬᠦ ᠨᠥᠬᠦᠴᠡᠯ ᠨᠢ | ᠬᠦᠨᠳᠦ ᠨᠣᠴᠢᠲᠠᠢ ᠬᠦᠷᠦᠯᠴᠡᠬᠦ ᠦᠭᠡᠢ᠂ ᠵᠢᠭᠠᠨ ᠰᠤᠷᠭᠠᠯᠲᠠ ᠶᠢᠨ ᠬᠠᠮᠢᠶᠠᠷᠤᠯᠲᠠ ᠨᠢ ᠵᠢᠷᠤᠮᠵᠢᠯ ᠪᠤᠰᠤ᠂ ᠠᠵᠢᠯ | ᠣᠯᠭᠤᠬᠤ ᠨᠣᠷᠮ᠎ᠠ ᠨᠢ ᠬᠡᠳᠦ ᠳᠣᠣᠷ᠎ᠠ᠂ ᠴᠢᠳᠠᠪᠤᠷᠢᠲᠠᠨ ᠬᠥᠮᠥᠵᠢᠭᠦᠯᠬᠦ ᠶᠠᠰᠤ ᠴᠢᠨᠠᠷ ᠨᠢ ᠥᠨᠳᠥᠷ ᠪᠤᠰᠤ ᠵᠡᠷᠭᠡ | ᠣᠷᠣᠰᠢᠵᠤ ᠪᠠᠶᠢᠭ᠎ᠠ ᠪᠠᠶᠢᠳᠠᠯ ᠳᠤ᠂ ᠬᠤᠯᠪᠣᠭᠳᠠᠯ ᠪᠦᠬᠦᠢ ᠶᠡᠭᠡ ᠳᠡᠭᠡᠳᠦ ᠰᠤᠷᠭᠠᠭᠤᠯᠢ ᠶᠢ ᠱᠠᠭᠠᠷᠳᠠᠨ ᠲᠣᠭᠲᠠᠭᠰᠠᠨ | ᠬᠤᠭᠤᠴᠠᠭᠠᠨ ᠳᠤ ᠴᠡᠭᠴᠡᠯᠡᠯᠲᠡ ᠬᠢᠯᠭᠡᠬᠦ ᠪᠤᠶᠤ ᠰᠤᠷᠤᠭᠴᠢ ᠡᠯᠰᠡᠬᠦ ᠶᠢ ᠨᠢ ᠵᠣᠭᠰᠣᠭᠠᠨ᠎ᠠ᠃ | ︵ᠬᠤᠶᠠᠷ︶ ᠶᠡᠭᠡ ᠳᠡᠭᠡᠳᠦ ᠰᠤᠷᠭᠠᠭᠤᠯᠢ ᠶᠢᠨ ᠣᠷᠣᠨ ᠲᠤᠭ᠎ᠠ ᠵᠢᠴᠢ ᠠᠵᠢᠯ ᠤᠨ ᠪᠠᠶᠢᠷᠢ ᠶᠢᠨ | ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢᠨ ᠭᠤᠣᠯ ᠠᠷᠭ᠎ᠠ ᠬᠡᠮᠵᠢᠶ᠎ᠡ᠃ ᠮᠠᠨ ᠤ ᠣᠷᠣᠨ ᠤ ᠰᠢᠭᠤᠳ | ᠬᠠᠷᠢᠶ᠎ᠠ ᠶᠡᠭᠡ ᠳᠡᠭᠡᠳᠦ ᠰᠤᠷᠭᠠᠭᠤᠯᠢ ᠶᠢᠨ ᠣᠳᠣ ᠶᠢᠨ ᠪᠠᠶᠢᠭ᠎ᠠ ᠣᠷᠣᠨ ᠲᠣᠭᠠᠨ ᠤ ᠬᠡᠪᠴᠢᠶ᠎ᠡ ᠶᠢ ᠭᠤᠣᠯᠳᠠᠭᠤ | 2006 ᠣᠨ ᠤ ᠡᠮᠦᠨ᠎ᠡ ᠬᠤᠶᠢᠨ᠎ᠠ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠣᠷᠣᠨ ᠲᠣᠭᠠᠨ ᠤ | ᠵᠥᠪᠯᠡᠯ ᠤᠨ ᠠᠯᠪᠠᠨ ᠭᠡᠷ ᠠᠴᠠ ᠬᠠᠷᠭᠤᠭᠤᠯᠤᠨ ᠲᠣᠭᠲᠠᠭᠠᠵᠤ᠂ ᠮᠠᠨ ᠤ ᠣᠷᠣᠨ ᠤ ᠳᠡᠭᠡᠳᠦ ᠵᠡᠷᠭᠡ ᠶᠢᠨ ᠰᠤᠷᠭᠠᠨ | ᠬᠥᠮᠥᠵᠢᠯ ᠤᠨ ᠦᠢᠯᠡᠰ ᠤᠨ ᠲᠦᠷᠭᠡᠨ ᠢᠶᠠᠷ ᠬᠥᠭᠵᠢᠬᠦ ᠶᠢ ᠳᠠᠭᠠᠯᠳᠤᠨ᠂ ᠶᠡᠭᠡ ᠳᠡᠭᠡᠳᠦ ᠰᠤᠷᠭᠠᠭᠤᠯᠢ ᠶᠢᠨ | ᠣᠳᠣ ᠶᠢᠨ ᠪᠠᠶᠢᠭ᠎ᠠ ᠣᠷᠣᠨ ᠲᠤᠭ᠎ᠠ ᠨᠢ ᠨᠢᠭᠡᠨᠲᠡ ᠬᠥᠭᠵᠢᠯᠲᠡ ᠶᠢᠨ ᠱᠠᠭᠠᠷᠳᠠᠯᠭ᠎ᠠ ᠲᠠᠢ ᠵᠣᠬᠢᠴᠠᠯᠳᠤᠬᠤ ᠦᠭᠡᠢ | ᠪᠣᠯᠪᠠ᠃ ᠰᠤᠷᠭᠠᠨ ᠬᠥᠮᠥᠵᠢᠯ ᠤᠨ ᠶᠠᠮᠤᠨ ᠵᠡᠷᠭᠡ ᠲᠠᠪᠤᠨ ᠰᠠᠯᠠᠭ᠎ᠠ ᠮᠥᠴᠢᠷ ᠤᠨ ᠬᠢᠨ ᠤ ︽ᠪᠠᠭᠤᠯᠭᠠᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠱᠠᠭᠠᠷᠳᠠᠯᠭ᠎ᠠ ᠶᠣᠰᠣᠭᠠᠷ᠂ ᠰᠤᠷᠭᠠᠨ ᠬᠥᠮᠥᠵᠢᠯ ᠤᠨ | ᠶᠠᠮᠤᠨ ᠠᠴᠠ ᠲᠥᠪ ᠤᠨ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠭᠡᠷ᠂ ᠡᠳ᠋ ᠤᠨ ᠵᠠᠰᠠᠭ ᠤᠨ | ᠶᠠᠮᠤᠨ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠶᠡᠭᠡ ᠳᠡᠭᠡᠳᠦ ᠰᠤᠷᠭᠠᠭᠤᠯᠢ ᠶᠢᠨ ᠪᠠᠭᠰᠢ ᠶᠢᠨ | ᠶᠡᠷᠦᠩᠬᠡᠢ ᠲᠤᠭ᠎ᠠ ᠶᠢ ᠬᠠᠷᠭᠤᠭᠤᠯᠤᠨ ᠲᠣᠭᠲᠠᠭᠠᠵᠤ ᠵᠢᠯᠣᠭᠤᠳᠬᠤ ᠪᠠᠷᠢᠮᠵᠢᠶ᠎ᠠ ᠪᠠ ᠲᠤᠷᠰᠢᠯᠲᠠ ᠶᠢᠨ ᠴᠢᠭ᠋ ᠤᠨ | ᠲᠥᠰᠥᠯ ᠢ ᠲᠣᠭᠲᠠᠭᠠᠵᠤ᠂ ᠲᠤᠷᠰᠢᠯᠲᠠ ᠶᠢᠨ ᠴᠢᠭ᠋ ᠤᠨ ᠠᠵᠢᠯ ᠢ ᠢᠳᠡᠪᠬᠢᠲᠡᠢ ᠪᠠᠷ ᠥᠷᠨᠢᠭᠦᠯᠦᠨ᠎ᠡ᠃ | ᠳᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ ᠠᠴᠠ | ᠤᠯᠤᠰ ᠤᠨ ᠲᠥᠷᠥ ᠶᠢᠨ ᠪᠣᠳᠣᠯᠭ᠎ᠠ ᠶᠢᠨ ᠲᠣᠭᠲᠠᠭᠠᠯ ᠪᠠ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ | ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠭᠡᠷ᠂ ᠡᠳ᠋ ᠤᠨ | ᠵᠠᠰᠠᠭ ᠤᠨ ᠲᠢᠩᠬᠢᠮ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠵᠤ᠂ ᠥᠪᠡᠷᠲᠡᠭᠡᠨ ᠵᠠᠰᠠᠬᠤ | ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠪᠠᠭᠰᠢ ᠠᠵᠢᠯᠲᠠᠳ ᠤᠨ ᠶᠡᠷᠦᠩᠬᠡᠢ ᠲᠤᠭ᠎ᠠ ᠶᠢ ᠬᠠᠷᠭᠤᠭᠤᠯᠤᠨ | ᠲᠣᠭᠲᠠᠭᠠᠵᠤ ᠵᠢᠯᠣᠭᠤᠳᠬᠤ ᠪᠠᠷᠢᠮᠵᠢᠶ᠎ᠠ ᠪᠠ ᠲᠤᠷᠰᠢᠯᠲᠠ ᠶᠢᠨ ᠴᠢᠭ᠋ ᠤᠨ ᠲᠥᠰᠥᠯ ᠢ ᠰᠦᠪᠡᠭᠴᠢᠯᠡᠨ | ᠲᠣᠭᠲᠠᠭᠠᠬᠤ ᠶᠢᠨ ᠬᠠᠮᠲᠤ᠂ ᠠᠳᠠᠯᠢ ᠪᠤᠰᠤ ᠶᠢᠨ ᠳᠡᠰ ᠳᠠᠪᠬᠤᠷᠭ᠎ᠠ ᠲᠥᠷᠥᠯ ᠬᠡᠯᠪᠡᠷᠢ ᠲᠠᠢ᠂ ᠠᠵᠢᠯ ᠤᠨ ᠰᠠᠭᠤᠷᠢ | ᠨᠢ ᠨᠡᠯᠢᠶᠡᠳ ᠰᠠᠶᠢᠨ᠂ ᠡᠳᠦᠷ ᠲᠤᠲᠤᠮ ᠤᠨ ᠬᠠᠮᠢᠶᠠᠷᠤᠯᠲᠠ ᠨᠢ ᠵᠢᠷᠤᠮᠵᠢᠯ ᠲᠠᠢ 2 — 3 ᠰᠠᠭᠤᠷᠢ ᠶᠡᠭᠡ ᠳᠡᠭᠡᠳᠦ | ᠰᠤᠷᠭᠠᠭᠤᠯᠢ ᠶᠢ ᠰᠣᠩᠭᠤᠨ ᠲᠤᠷᠰᠢᠯᠲᠠ ᠶᠢᠨ ᠴᠢᠭ᠋ ᠤᠨ ᠠᠵᠢᠯ ᠥᠷᠨᠢᠭᠦᠯᠵᠦ᠂ ᠲᠤᠷᠰᠢᠯᠲᠠ ᠶᠢᠨ ᠴᠢᠭ᠋ ᠤᠨ | ᠰᠠᠭᠤᠷᠢᠨ ᠳᠡᠭᠡᠷ᠎ᠡ ᠪᠦᠬᠦ ᠣᠷᠣᠨ ᠤ ᠬᠡᠪᠴᠢᠶᠡᠨ ᠳᠤ ᠠᠯᠬᠤᠮ ᠠᠯᠬᠤᠮ ᠢᠶᠠᠷ ᠳᠡᠯᠭᠡᠷᠡᠭᠦᠯᠦᠨ ᠬᠡᠷᠡᠭᠵᠢᠭᠦᠯᠦᠨ᠎ᠡ᠃ | ᠲᠤᠷᠰᠢᠯᠲᠠ ᠶᠢᠨ ᠴᠢᠭ᠋ ᠤᠨ ᠶᠡᠭᠡ ᠳᠡᠭᠡᠳᠦ ᠰᠤᠷᠭᠠᠭᠤᠯᠢ ᠶᠢᠨ ᠬᠥᠮᠥᠰ ᠤᠨ ᠶᠡᠷᠦᠩᠬᠡᠢ ᠲᠣᠭᠠᠨ ᠳᠤ | ᠬᠥᠳᠡᠯᠦᠩᠭᠦᠢ ᠪᠠᠷ ᠲᠣᠬᠢᠷᠠᠭᠤᠯᠤᠯᠲᠠ ᠬᠢᠬᠦ ᠶᠢ ᠬᠡᠷᠡᠭᠵᠢᠭᠦᠯᠵᠦ᠂ ᠶᠡᠷᠦᠩᠬᠡᠢ ᠲᠣᠭᠠᠨ ᠳᠤ ᠣᠷᠣᠭᠤᠯᠤᠨ ᠬᠠᠮᠢᠶᠠᠷᠬᠤ | ᠪᠠᠭᠰᠢ ᠠᠵᠢᠯᠲᠠᠳ ᠲᠤ ᠪᠠᠨ ᠲᠣᠬᠢᠷᠠᠯᠴᠠᠭᠰᠠᠨ ᠬᠠᠷᠠᠭᠠᠯᠵᠠᠯ ᠪᠠ ᠪᠠᠲᠤᠯᠠᠭ᠎ᠠ ᠬᠦᠷᠲᠡᠭᠡᠨ᠎ᠡ᠃ | ᠨᠢᠭᠡ ᠳᠤ᠂ ᠶᠡᠭᠡ ᠳᠡᠭᠡᠳᠦ ᠰᠤᠷᠭᠠᠭᠤᠯᠢ ᠶᠢᠨ ᠪᠠᠭᠰᠢ ᠠᠵᠢᠯᠲᠠᠳ ᠤᠨ ᠶᠡᠷᠦᠩᠬᠡᠢ ᠲᠣᠭᠠᠨ ᠳᠤ | ᠬᠠᠮᠢᠶᠠᠷᠤᠯᠲᠠ ᠶᠠᠪᠤᠭᠤᠯᠬᠤ ᠶᠢ ᠢᠳᠡᠪᠬᠢᠲᠡᠢ ᠪᠠᠷ ᠰᠦᠪᠡᠭᠴᠢᠯᠡᠨ ᠬᠡᠷᠡᠭᠵᠢᠭᠦᠯᠦᠨ᠎ᠡ᠃ ᠲᠤᠷᠰᠢᠯᠲᠠ ᠶᠢᠨ ᠴᠢᠭ᠋ ᠢ | ᠤᠷᠢᠳ ᠢᠶᠠᠷ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠶᠡᠭᠡ ᠳᠡᠭᠡᠳᠦ ᠰᠤᠷᠭᠠᠭᠤᠯᠢ ᠶᠢᠨ ᠪᠠᠭᠰᠢ ᠠᠵᠢᠯᠲᠠᠳ ᠲᠤ | ᠬᠠᠮᠢᠶᠠᠷᠤᠯᠲᠠ ᠶᠠᠪᠤᠭᠤᠯᠬᠤ ᠳᠦᠷᠢᠮ ᠢ ᠪᠦᠬᠦ ᠣᠷᠣᠨ ᠤ ᠬᠡᠪᠴᠢᠶᠡᠨ ᠳᠤ ᠠᠯᠬᠤᠮ ᠠᠯᠬᠤᠮ ᠢᠶᠠᠷ | ᠬᠡᠷᠡᠭᠵᠢᠭᠦᠯᠦᠨ᠎ᠡ᠃ | ᠬᠤᠶᠠᠷ ᠲᠤ᠂ ᠶᠡᠭᠡ ᠳᠡᠭᠡᠳᠦ ᠰᠤᠷᠭᠠᠭᠤᠯᠢ ᠠᠴᠠ ᠠᠵᠢᠯ ᠤᠨ ᠪᠠᠶᠢᠷᠢ ᠶᠢᠨ ᠲᠣᠬᠢᠷᠠᠭᠤᠯᠤᠯᠲᠠ ᠶᠢ ᠬᠠᠤᠯᠢ | ᠶᠣᠰᠣᠭᠠᠷ ᠡᠵᠡᠨ ᠮᠡᠳᠡᠨ ᠬᠠᠮᠢᠶᠠᠷᠤᠨ᠎ᠠ᠃ ᠶᠡᠭᠡ ᠳᠡᠭᠡᠳᠦ ᠰᠤᠷᠭᠠᠭᠤᠯᠢ ᠠᠴᠠ ᠤᠯᠤᠰ ᠪᠠ ᠥᠪᠡᠷᠲᠡᠭᠡᠨ ᠵᠠᠰᠠᠬᠤ | ᠣᠷᠣᠨ ᠤ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠠᠵᠢᠯᠲᠠᠨ ᠪᠠ ᠠᠵᠢᠯ ᠤᠨ ᠪᠠᠶᠢᠷᠢ ᠶᠢᠨ ᠶᠡᠷᠦᠩᠬᠡᠢ | ᠬᠡᠮᠵᠢᠶᠡᠨ ᠳᠣᠲᠣᠷ᠎ᠠ ᠪᠠᠨ᠂ ᠠᠵᠢᠯ ᠤᠨ ᠪᠠᠶᠢᠷᠢ ᠲᠣᠬᠢᠷᠠᠭᠤᠯᠬᠤ ᠲᠥᠰᠥᠯ ᠪᠠ ᠬᠠᠮᠢᠶᠠᠷᠤᠯᠲᠠ ᠶᠢᠨ ᠠᠷᠭ᠎ᠠ ᠪᠠᠨ | ᠡᠵᠡᠨ ᠮᠡᠳᠡᠨ ᠲᠣᠭᠲᠠᠭᠠᠬᠤ ᠶᠢᠨ ᠬᠠᠮᠲᠤ᠂ ᠠᠵᠢᠯ ᠤᠨ ᠪᠠᠶᠢᠷᠢ ᠳᠤ ᠤᠷᠢᠨ ᠲᠣᠮᠢᠯᠠᠬᠤ ᠠᠵᠢᠯ ᠢ ᠪᠡᠶᠡᠯᠡᠭᠦᠯᠦᠨ᠎ᠡ᠃ | ᠠᠵᠢᠯ ᠤᠨ ᠪᠠᠶᠢᠷᠢ ᠲᠣᠬᠢᠷᠠᠭᠤᠯᠬᠤ ᠲᠥᠰᠥᠯ ᠢᠶᠠᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ | ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠳᠤ ᠮᠡᠳᠡᠭᠦᠯᠦᠨ | ᠳᠠᠩᠰᠠᠯᠠᠭᠤᠯᠤᠨ᠎ᠠ᠃ | ᠭᠤᠷᠪᠠ ᠳᠤ᠂ ᠶᠡᠭᠡ ᠳᠡᠭᠡᠳᠦ ᠰᠤᠷᠭᠠᠭᠤᠯᠢ ᠠᠴᠠ ᠳᠣᠲᠣᠭᠠᠳᠤ ᠳᠤ ᠪᠠᠨ ᠲᠣᠬᠢᠷᠠᠭᠤᠯᠬᠤ ᠪᠠᠶᠢᠭᠤᠯᠤᠮᠵᠢ ᠪᠠᠨ | ᠡᠵᠡᠨ ᠮᠡᠳᠡᠨ ᠲᠣᠬᠢᠷᠠᠭᠤᠯᠤᠨ᠎ᠠ᠃ ᠶᠡᠭᠡ ᠳᠡᠭᠡᠳᠦ ᠰᠤᠷᠭᠠᠭᠤᠯᠢ ᠠᠴᠠ ᠡᠵᠡᠮᠳᠡᠵᠦ ᠪᠠᠶᠢᠭ᠎ᠠ ᠪᠠᠭᠰᠢ | ᠠᠵᠢᠯᠲᠠᠳ ᠤᠨ ᠢᠶᠠᠨ ᠶᠡᠷᠦᠩᠬᠡᠢ ᠬᠡᠮᠵᠢᠶᠡᠨ ᠳᠣᠲᠣᠷ᠎ᠠ ᠪᠠᠨ᠂ ᠰᠤᠷᠭᠠᠭᠤᠯᠢ ᠡᠷᠬᠢᠯᠡᠬᠦ ᠪᠠᠶᠢᠷᠢ ᠲᠣᠭᠲᠠᠭᠠᠯᠲᠠ᠂ | ᠲᠥᠷᠥᠯ ᠬᠡᠯᠪᠡᠷᠢ ᠪᠠ ᠣᠨᠴᠠᠯᠢᠭ᠂ ᠰᠤᠷᠤᠭᠴᠢ ᠶᠢᠨ ᠲᠤᠭ᠎ᠠ ᠵᠡᠷᠭᠡ ᠪᠠᠨ ᠦᠨᠳᠦᠰᠦᠯᠡᠨ᠂ ᠰᠢᠯᠢᠳᠡᠭ ᠠᠪᠰᠠᠷ᠂ | ᠦᠷ᠎ᠡ ᠴᠢᠳᠠᠮᠵᠢ ᠶᠢᠨ ᠵᠠᠷᠴᠢᠮ ᠠᠴᠠ ᠡᠭᠦᠰᠦᠨ᠂ ᠵᠢᠭᠠᠨ ᠰᠤᠷᠭᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ᠂ | ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠵᠡᠷᠭᠡ ᠶᠢᠨ ᠳᠣᠲᠣᠭᠠᠳᠤ ᠳᠤ ᠪᠠᠨ ᠲᠣᠬᠢᠷᠠᠭᠤᠯᠬᠤ ᠪᠠᠶᠢᠭᠤᠯᠤᠮᠵᠢ ᠶᠢᠨ | ᠲᠣᠬᠢᠷᠠᠭᠤᠯᠤᠯᠲᠠ ᠪᠠ ᠬᠥᠮᠥᠰ ᠤᠨ ᠲᠣᠬᠢᠷᠠᠭᠤᠯᠤᠯᠲᠠ ᠪᠠᠨ ᠡᠵᠡᠨ ᠮᠡᠳᠡᠨ ᠲᠣᠭᠲᠠᠭᠠᠨ᠎ᠠ᠃ ᠳᠣᠲᠣᠭᠠᠳᠤ ᠳᠤ ᠪᠠᠨ | ᠲᠣᠬᠢᠷᠠᠭᠤᠯᠬᠤ ᠪᠠᠶᠢᠭᠤᠯᠤᠮᠵᠢ ᠶᠢᠨ ᠲᠥᠰᠥᠯ ᠢᠶᠠᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ | ᠲᠢᠩᠬᠢᠮ᠂ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠲᠤ | ᠮᠡᠳᠡᠭᠦᠯᠦᠨ᠎ᠡ ᠳᠠᠩᠰᠠᠯᠠᠭᠤᠯᠤᠨ᠎ᠠ᠃ | ᠳᠥᠷᠪᠡ ᠳᠤ᠂ ᠶᠡᠭᠡ ᠳᠡᠭᠡᠳᠦ ᠰᠤᠷᠭᠠᠭᠤᠯᠢ ᠠᠴᠠ ᠡᠵᠡᠨ ᠮᠡᠳᠡᠵᠦ ᠴᠢᠳᠠᠪᠤᠷᠢᠲᠠᠨ ᠤᠷᠢᠨ ᠡᠯᠰᠡᠨ᠎ᠡ᠃ ᠶᠡᠭᠡ | ᠳᠡᠭᠡᠳᠦ ᠰᠤᠷᠭᠠᠭᠤᠯᠢ ᠠᠴᠠ ᠪᠠᠭᠰᠢ ᠠᠵᠢᠯᠲᠠᠳ ᠤᠨ ᠢᠶᠠᠨ ᠶᠡᠷᠦᠩᠬᠡᠢ ᠬᠡᠮᠵᠢᠶᠡᠨ ᠳᠣᠲᠣᠷ᠎ᠠ᠂ ᠠᠵᠢᠯ ᠦᠢᠯᠡᠰ ᠤᠨ | ᠬᠥᠭᠵᠢᠯᠲᠡ᠂ ᠬᠢᠴᠢᠶᠡᠯ ᠬᠥᠮᠥᠵᠢᠯ ᠤᠨ ᠪᠠᠶᠢᠭᠤᠯᠤᠯᠲᠠ ᠪᠠ ᠡᠩᠨᠡᠭᠡ ᠶᠢᠨ ᠪᠠᠶᠢᠭᠤᠯᠤᠯᠲᠠ ᠶᠢᠨ ᠱᠠᠭᠠᠷᠳᠠᠯᠭ᠎ᠠ ᠪᠠᠨ | ᠦᠨᠳᠦᠰᠦᠯᠡᠨ᠂ ᠭᠤᠣᠯ ᠠᠵᠢᠯ ᠦᠢᠯᠡᠰ ᠤᠨ ᠢᠶᠠᠨ ᠲᠣᠭᠤᠷᠢᠨ ᠳᠤ᠂ ᠭᠤᠣᠯᠳᠠᠯᠭ᠎ᠠ ᠪᠠᠨ ᠲᠣᠪᠣᠶᠢᠯᠭᠠᠬᠤ ᠪᠠ | ᠰᠢᠨ᠎ᠡ ᠶᠢ ᠡᠭᠦᠳᠬᠦ ᠶᠢ ᠳᠡᠮᠵᠢᠵᠦ᠂ ᠴᠢᠳᠠᠪᠤᠷᠢᠲᠠᠨ ᠤᠷᠢᠨ ᠡᠯᠰᠡᠬᠦ ᠪᠤᠶᠤ ᠤᠷᠢᠬᠤ ᠪᠠᠨ ᠪᠣᠯᠢᠬᠤ ᠨᠥᠬᠦᠴᠡᠯ ᠪᠠ | ᠪᠠᠷᠢᠮᠵᠢᠶ᠎ᠠ ᠪᠠᠨ ᠡᠵᠡᠨ ᠮᠡᠳᠡᠨ ᠲᠣᠭᠲᠠᠭᠠᠬᠤ ᠶᠢᠨ ᠬᠠᠮᠲᠤ᠂ ᠥᠪᠡᠰᠦᠪᠡᠨ ᠢᠯᠡ ᠪᠠᠷ ᠤᠷᠢᠨ ᠡᠯᠰᠡᠬᠦ ᠶᠢ ᠵᠣᠬᠢᠶᠠᠨ | ᠪᠠᠶᠢᠭᠤᠯᠵᠤ᠂ ᠵᠠᠰᠠᠭ ᠤᠨ ᠣᠷᠳᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠳᠠᠬᠢᠵᠤ ᠶᠡᠭᠡ ᠳᠡᠭᠡᠳᠦ | ᠰᠤᠷᠭᠠᠭᠤᠯᠢ ᠶᠢᠨ ᠪᠠᠭᠰᠢ ᠠᠵᠢᠯᠲᠠᠳ ᠢ ᠡᠯᠰᠡᠨ ᠬᠡᠷᠡᠭᠯᠡᠬᠦ ᠰᠢᠯᠭᠠᠯᠲᠠ ᠶᠢ ᠵᠣᠬᠢᠶᠠᠨ ᠪᠠᠶᠢᠭᠤᠯᠬᠤ ᠦᠭᠡᠢ ᠭᠡᠬᠦ ᠮᠡᠲᠦ᠃ | ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠠᠴᠠ ᠤᠷᠢᠨ ᠡᠯᠰᠡᠬᠦ ᠲᠥᠰᠥᠯ | ᠪᠠ ᠤᠷᠢᠨ ᠡᠯᠰᠡᠬᠦ ᠦᠷ᠎ᠡ ᠳ᠋ᠦᠩ ᠢᠶᠠᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ᠂ | ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠪᠠᠶᠢᠭᠤᠯᠤᠮᠵᠢ ᠣᠷᠣᠨ ᠲᠣᠭᠠᠨ ᠤ | ᠵᠥᠪᠯᠡᠯ ᠤᠨ ᠠᠯᠪᠠᠨ ᠭᠡᠷ ᠲᠤ ᠮᠡᠳᠡᠭᠦᠯᠵᠦ ᠪᠦᠷᠢᠳᠬᠡᠨ ᠳᠠᠩᠰᠠᠯᠠᠭᠤᠯᠤᠨ᠎ᠠ᠃ | ︵ᠭᠤᠷᠪᠠ︶ ᠶᠡᠭᠡ ᠳᠡᠭᠡᠳᠦ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢᠨ ᠦᠨᠡᠯᠡᠨ ᠬᠢᠨᠠᠬᠤ | ᠲᠣᠭᠲᠠᠴᠠ ᠳᠤ ᠥᠭᠡᠷᠡᠴᠢᠯᠡᠯᠲᠡ ᠬᠢᠬᠦ ᠭᠤᠣᠯ ᠠᠷᠭ᠎ᠠ ᠬᠡᠮᠵᠢᠶ᠎ᠡ᠃ ᠤᠯᠤᠰ ᠤᠨ ︽ᠪᠠᠭᠤᠯᠭᠠᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢᠨ ᠶᠡᠷᠦᠩᠬᠡᠢ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠣᠷᠣᠨ ᠤ ︽ | ᠬᠡᠷᠡᠭᠵᠢᠭᠦᠯᠬᠦ ᠰᠠᠨᠠᠯ︾ ᠳᠤ ᠶᠡᠭᠡ ᠳᠡᠭᠡᠳᠦ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢᠨ ᠦᠨᠡᠯᠡᠨ | ᠬᠢᠨᠠᠬᠤ ᠲᠣᠭᠲᠠᠴᠠ ᠶᠢ ᠥᠭᠡᠷᠡᠴᠢᠯᠡᠨ ᠰᠠᠶᠢᠵᠢᠷᠠᠭᠤᠯᠬᠤ ᠪᠠᠷ ᠳᠤᠷᠠᠳᠪᠠ᠂ ᠡᠨᠡ ᠨᠢ ᠭᠤᠣᠯᠳᠠᠭᠤ ᠶᠡᠭᠡ ᠳᠡᠭᠡᠳᠦ | ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢᠨ ᠦᠨᠡᠯᠡᠨ ᠬᠢᠨᠠᠬᠤ ᠡᠷᠬᠡ ᠶᠢ ᠳᠣᠷᠣᠭᠰᠢ ᠪᠠᠭᠤᠯᠭᠠᠬᠤ ᠪᠠ | ᠪᠠᠭᠰᠢ ᠶᠢᠨ ᠮᠡᠷᠭᠡᠵᠢᠯ ᠤᠨ ᠴᠣᠯᠠ ᠶᠢᠨ ᠦᠨᠡᠯᠡᠨ ᠬᠢᠨᠠᠬᠤ ᠠᠷᠭ᠎ᠠ ᠶᠢ ᠥᠭᠡᠷᠡᠴᠢᠯᠡᠨ ᠰᠠᠶᠢᠵᠢᠷᠠᠭᠤᠯᠬᠤ ᠶᠢ | ᠪᠠᠭᠲᠠᠭᠠᠨ᠎ᠠ᠃ 2012 ᠣᠨ ᠤ 9 ᠳ᠋ᠦ᠋ᠭᠡᠷ ᠰᠠᠷ᠎ᠠ ᠶᠢᠨ ︽ᠵᠢᠷᠭᠤᠳᠤᠭᠠᠷ ᠪᠦᠯᠦᠭ ᠵᠠᠰᠠᠭ ᠵᠠᠬᠢᠷᠭᠠᠨ ᠤ ᠬᠢᠨᠠᠯᠲᠠ | ᠵᠥᠪᠰᠢᠶᠡᠷᠡᠯ ᠤᠨ ᠲᠥᠷᠥᠯ ᠵᠦᠢᠯ ᠢ ᠦᠭᠡᠶᠢᠰᠬᠡᠬᠦ ᠪᠠ ᠲᠣᠬᠢᠷᠠᠭᠤᠯᠬᠤ ᠲᠤᠬᠠᠢ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠲᠣᠭᠲᠠᠭᠠᠯ︾ ︵ᠲᠥᠷᠥ ᠲᠠᠷᠬᠠᠭᠠᠭᠰᠠᠨ ﹇2012﹈ 52 ᠳ᠋ᠤᠭᠠᠷ ᠲᠣᠭᠠᠲᠤ︶ ᠢ ᠦᠨᠳᠦᠰᠦᠯᠡᠵᠦ᠂ | ᠶᠡᠭᠡ ᠳᠡᠭᠡᠳᠦ ᠰᠤᠷᠭᠠᠭᠤᠯᠢ ᠶᠢᠨ ᠳᠡᠳ᠋ ᠫᠷᠣᠹᠧᠰᠰᠣᠷ ᠤᠨ ᠦᠨᠡᠯᠡᠨ ᠬᠢᠨᠠᠬᠤ ᠡᠷᠬᠡ ᠶᠢᠨ ᠬᠢᠨᠠᠨ ᠵᠥᠪᠰᠢᠶᠡᠷᠡᠬᠦ | ᠠᠵᠢᠯ ᠢ ᠰᠤᠷᠭᠠᠨ ᠬᠥᠮᠥᠵᠢᠯ ᠤᠨ ᠶᠠᠮᠤᠨ ᠠᠴᠠ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠰᠤᠷᠭᠠᠨ ᠬᠥᠮᠥᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠪᠠᠭᠤᠯᠭᠠᠵᠤ ᠬᠡᠷᠡᠭᠵᠢᠭᠦᠯᠪᠡ᠃ 2017 | ᠣᠨ ᠤ 1 ᠳ᠋ᠦ᠋ᠭᠡᠷ ᠰᠠᠷ᠎ᠠ ᠳᠤ᠂ ︽ᠲᠥᠪ ᠠᠴᠠ ᠵᠢᠭᠠᠨ ᠲᠣᠭᠲᠠᠭᠠᠭᠰᠠᠨ ᠣᠷᠣᠨ ᠨᠤᠲᠤᠭ ᠲᠤ ᠬᠡᠷᠡᠭᠵᠢᠭᠦᠯᠬᠦ | ᠭᠤᠷᠪᠠᠳᠤᠭᠠᠷ ᠪᠦᠯᠦᠭ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠦᠭᠡᠶᠢᠰᠬᠡᠬᠦ ᠲᠤᠬᠠᠢ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠲᠣᠭᠲᠠᠭᠠᠯ︾ ︵ᠲᠥᠷᠥ ᠲᠠᠷᠬᠠᠭᠠᠭᠰᠠᠨ ﹇2017﹈ 7 ᠳ᠋ᠤᠭᠠᠷ ᠲᠣᠭᠠᠲᠤ︶ ᠳᠤ | ᠳᠡᠭᠡᠳᠦ ᠵᠡᠷᠭᠡ ᠶᠢᠨ ᠰᠤᠷᠭᠠᠭᠤᠯᠢ ᠶᠢᠨ ᠳᠡᠳ᠋ ᠫᠷᠣᠹᠧᠰᠰᠣᠷ ᠤᠨ ᠦᠨᠡᠯᠡᠨ ᠬᠢᠨᠠᠬᠤ ᠡᠷᠬᠡ ᠶᠢᠨ ᠬᠢᠨᠠᠯᠲᠠ | ᠵᠥᠪᠰᠢᠶᠡᠷᠡᠯ ᠢ ᠦᠭᠡᠶᠢᠰᠬᠡᠵᠦ᠂ ᠶᠡᠭᠡ ᠳᠡᠭᠡᠳᠦ ᠰᠤᠷᠭᠠᠭᠤᠯᠢ ᠠᠴᠠ ᠡᠵᠡᠨ ᠮᠡᠳᠡᠵᠦ ᠳᠡᠳ᠋ ᠫᠷᠣᠹᠧᠰᠰᠣᠷ ᠢ ᠦᠨᠡᠯᠡᠨ | ᠬᠢᠨᠠᠵᠤ ᠪᠣᠯᠬᠤ ᠪᠣᠯᠭᠠᠪᠠ᠃ ᠥᠭᠡᠷᠡᠴᠢᠯᠡᠯᠲᠡ ᠬᠢᠭᠰᠡᠨ ᠤ ᠳᠠᠷᠠᠭ᠎ᠠ᠂ ᠮᠠᠨ ᠤ ᠣᠷᠣᠨ ᠠᠴᠠ ᠦᠨᠳᠦᠰᠦᠨ | ᠠᠩᠭᠢ ᠶᠢᠨ ᠶᠡᠭᠡ ᠳᠡᠭᠡᠳᠦ ᠰᠤᠷᠭᠠᠭᠤᠯᠢ ᠶᠢᠨ ᠮᠡᠷᠭᠡᠵᠢᠯ ᠤᠨ ᠴᠣᠯᠠ ᠶᠢᠨ ᠦᠨᠡᠯᠡᠨ ᠬᠢᠨᠠᠬᠤ ᠡᠷᠬᠡ ᠶᠢ ᠰᠢᠭᠤᠳ | ᠶᠡᠭᠡ ᠳᠡᠭᠡᠳᠦ ᠰᠤᠷᠭᠠᠭᠤᠯᠢ ᠬᠦᠷᠲᠡᠯ᠎ᠡ ᠳᠣᠷᠣᠭᠰᠢ ᠪᠠᠭᠤᠯᠭᠠᠬᠤ ᠶᠢᠨ ᠬᠠᠮᠲᠤ᠂ ᠮᠡᠷᠭᠡᠵᠢᠯ ᠤᠨ ᠴᠣᠯᠠ ᠶᠢᠨ ᠦᠨᠡᠯᠡᠨ | ᠬᠢᠨᠠᠬᠤ ᠠᠷᠭ᠎ᠠ ᠬᠡᠯᠪᠡᠷᠢ ᠶᠢ ᠥᠭᠡᠷᠡᠴᠢᠯᠡᠨ ᠰᠠᠶᠢᠵᠢᠷᠠᠭᠤᠯᠤᠨ᠎ᠠ᠃ | ᠨᠢᠭᠡ ᠳᠤ᠂ ᠶᠡᠭᠡ ᠳᠡᠭᠡᠳᠦ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢᠨ ᠦᠨᠡᠯᠡᠨ ᠬᠢᠨᠠᠬᠤ ᠡᠷᠬᠡ ᠶᠢ | ᠳᠣᠷᠣᠭᠰᠢ ᠪᠠᠭᠤᠯᠭᠠᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠪᠠᠭᠰᠢ ᠶᠢᠨ ᠰᠢᠷᠢᠰ ︵ᠵᠢᠭᠠᠨ ᠰᠤᠷᠭᠠᠯᠲᠠ᠂ | ᠰᠢᠨᠵᠢᠯᠡᠬᠦ ᠤᠬᠠᠭᠠᠨ ᠤ ᠰᠤᠳᠤᠯᠭᠠᠨ᠂ ᠰᠤᠷᠤᠭᠴᠢᠳ ᠤᠨ ᠦᠵᠡᠯ ᠰᠠᠨᠠᠭ᠎ᠠ ᠤᠯᠤᠰ ᠲᠥᠷᠥ ᠶᠢᠨ ᠰᠤᠳᠤᠯᠤᠯᠲᠠ | ᠵᠢᠴᠢ ᠲᠤᠷᠰᠢᠯᠲᠠ ᠶᠢᠨ ᠮᠡᠷᠭᠡᠵᠢᠯ︶ ᠮᠡᠷᠭᠡᠵᠢᠯ ᠤᠨ ᠴᠣᠯᠠ ᠶᠢᠨ ᠦᠨᠡᠯᠡᠨ ᠬᠢᠨᠠᠬᠤ ᠡᠷᠬᠡ ᠶᠢ ᠠᠯᠬᠤᠮ ᠠᠯᠬᠤᠮ ᠢᠶᠠᠷ | ᠳᠣᠷᠣᠭᠰᠢ ᠪᠠᠭᠤᠯᠭᠠᠨ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠨᠢᠭᠡᠳᠦᠯᠲᠡᠢ ᠳᠠᠷᠤᠮᠠᠯᠯᠠᠨ ᠦᠢᠯᠡᠳᠦᠭᠰᠡᠨ ᠪᠠ ᠨᠢᠭᠡᠳᠦᠯᠲᠡᠢ ᠳ᠋ᠤᠭᠠᠷᠯᠠᠭᠰᠠᠨ | ᠲᠤᠰᠬᠠᠢ ᠮᠡᠷᠭᠡᠵᠢᠯ ᠤᠨ ᠬᠢᠷᠢ ᠭᠡᠮ ᠤᠨ ᠦᠨᠡᠮᠯᠡᠯ ᠢ ᠲᠠᠷᠬᠠᠭᠠᠨ ᠣᠯᠭᠤᠬᠤ ᠶᠢᠨ ᠬᠠᠮᠲᠤ᠂ ᠠᠵᠢᠯ ᠤᠨ ᠪᠠᠶᠢᠷᠢ ᠶᠢᠨ | ᠱᠠᠭᠠᠷᠳᠠᠯᠭ᠎ᠠ ᠶᠣᠰᠣᠭᠠᠷ ᠡᠯᠰᠡᠨ ᠬᠡᠷᠡᠭᠯᠡᠨ᠎ᠡ᠃ ᠦᠨᠡᠯᠡᠨ ᠬᠢᠨᠠᠬᠤ ᠠᠷᠭ᠎ᠠ᠂ ᠬᠡᠷᠡᠭᠵᠢᠭᠦᠯᠬᠦ ᠲᠥᠰᠥᠯ᠂ ᠦᠨᠡᠯᠡᠨ | ᠬᠢᠨᠠᠭᠰᠠᠨ ᠦᠷ᠎ᠡ ᠳ᠋ᠦᠩ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ᠂ ᠬᠥᠮᠥᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠵᠢᠴᠢ ᠶᠡᠭᠡ ᠳᠡᠭᠡᠳᠦ ᠰᠤᠷᠭᠠᠭᠤᠯᠢ ᠶᠢᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠪᠦᠷᠢᠳᠬᠡᠨ ᠳᠠᠩᠰᠠᠯᠠᠭᠤᠯᠤᠨ᠎ᠠ᠃ ᠲᠦᠷ ᠨᠥᠬᠦᠴᠡᠯ | ᠪᠦᠷᠢᠯᠳᠦᠭᠡ ᠦᠭᠡᠢ᠂ ᠦᠨᠡᠯᠡᠨ ᠬᠢᠨᠠᠬᠤ ᠶᠢ ᠬᠠᠷᠠᠬᠠᠨ ᠲᠤᠰᠠᠭᠠᠷ ᠵᠣᠬᠢᠶᠠᠨ ᠪᠠᠶᠢᠭᠤᠯᠵᠤ ᠴᠢᠳᠠᠬᠤ ᠦᠭᠡᠢ ᠶᠡᠭᠡ | ᠳᠡᠭᠡᠳᠦ ᠰᠤᠷᠭᠠᠭᠤᠯᠢ ᠳᠤ᠂ ᠮᠥᠨ ᠬᠦ ᠣᠳᠣ ᠶᠢᠨ ᠬᠡᠷᠡᠭᠵᠢᠭᠦᠯᠵᠦ ᠪᠠᠶᠢᠭ᠎ᠠ ᠬᠤᠯᠪᠣᠭᠠᠯᠠᠵᠤ ᠦᠨᠡᠯᠡᠨ ᠬᠢᠨᠠᠬᠤ | ᠠᠷᠭ᠎ᠠ ᠬᠡᠯᠪᠡᠷᠢ ᠪᠠᠷ ᠶᠠᠪᠤᠭᠤᠯᠤᠨ᠎ᠠ᠃ | ᠬᠤᠶᠠᠷ ᠲᠤ᠂ ᠪᠠᠭᠰᠢ ᠶᠢᠨ ᠮᠡᠷᠭᠡᠵᠢᠯ ᠤᠨ ᠴᠣᠯᠠ ᠶᠢᠨ ᠦᠨᠡᠯᠡᠨ ᠬᠢᠨᠠᠬᠤ ᠠᠷᠭ᠎ᠠ ᠶᠢ ᠥᠭᠡᠷᠡᠴᠢᠯᠡᠨ | ᠰᠠᠶᠢᠵᠢᠷᠠᠭᠤᠯᠤᠨ᠎ᠠ᠃ ᠶᠡᠭᠡ ᠳᠡᠭᠡᠳᠦ ᠰᠤᠷᠭᠠᠭᠤᠯᠢ ᠠᠴᠠ ᠦᠵᠡᠯ ᠰᠠᠨᠠᠭ᠎ᠠ ᠤᠯᠤᠰ ᠲᠥᠷᠥ ᠶᠢᠨ ᠢᠯᠡᠷᠡᠯ ᠪᠠ | ᠪᠠᠭᠰᠢ ᠶᠢᠨ ᠶᠣᠰᠣ ᠮᠣᠷᠠᠯ ᠤᠨ ᠲᠠᠯ᠎ᠠ ᠶᠢᠨ ᠢᠯᠡᠷᠡᠯ ᠢᠶᠠᠷ ᠮᠡᠷᠭᠡᠵᠢᠯ ᠤᠨ ᠴᠣᠯᠠ ︵ᠲᠤᠰᠢᠶᠠᠯ︶ ᠶᠢᠨ ᠦᠨᠡᠯᠡᠨ | ᠤᠷᠢᠬᠤ ᠲᠡᠷᠢᠭᠦᠨ ᠴᠢᠬᠤᠯᠠ ᠨᠥᠬᠦᠴᠡᠯ ᠪᠣᠯᠭᠠᠨ᠂ ᠦᠵᠡᠯ ᠰᠠᠨᠠᠭ᠎ᠠ ᠤᠯᠤᠰ ᠲᠥᠷᠥ ᠶᠢᠨ ᠬᠡᠪ ᠴᠢᠨᠠᠷ ᠪᠤᠶᠤ | ᠪᠠᠭᠰᠢ ᠶᠢᠨ ᠶᠣᠰᠣ ᠮᠣᠷᠠᠯ ᠤᠨ ᠰᠢᠯᠭᠠᠨ ᠬᠢᠨᠠᠯᠲᠠ ᠳᠤ ᠬᠢᠷᠢ ᠥᠯᠥ ᠲᠡᠩᠴᠡᠭᠰᠡᠳ ᠲᠤ᠂ ᠨᠡᠶᠢᠳᠡᠮ ᠳᠤ ᠨᠢ ︽ | ᠨᠢᠭᠡ ᠯᠡ ᠪᠢᠯᠧᠲ ᠢᠶᠠᠷ ᠦᠭᠡᠶᠢᠰᠬᠡᠬᠦ︾ ᠳᠦᠷᠢᠮ ᠢ ᠬᠡᠷᠡᠭᠵᠢᠭᠦᠯᠬᠦ ᠬᠡᠷᠡᠭᠲᠡᠢ᠃ ᠠᠳᠠᠯᠢ ᠪᠤᠰᠤ ᠲᠥᠷᠥᠯ ᠬᠡᠯᠪᠡᠷᠢ᠂ | ᠠᠳᠠᠯᠢ ᠪᠤᠰᠤ ᠳᠡᠰ ᠳᠠᠪᠬᠤᠷᠭ᠎ᠠ ᠶᠢᠨ ᠪᠠᠭᠰᠢ ᠳᠤ ᠴᠢᠭᠯᠡᠭᠦᠯᠦᠨ᠂ ᠨᠡᠶᠢᠭᠡᠮ ᠤᠨ ᠰᠢᠨᠵᠢᠯᠡᠬᠦ ᠤᠬᠠᠭᠠᠨ᠂ | ᠪᠠᠶᠢᠭᠠᠯᠢ ᠶᠢᠨ ᠰᠢᠨᠵᠢᠯᠡᠬᠦ ᠤᠬᠠᠭᠠᠨ ᠵᠡᠷᠭᠡ ᠠᠳᠠᠯᠢ ᠪᠤᠰᠤ ᠬᠢᠴᠢᠶᠡᠯ ᠲᠥᠷᠥᠯ ᠤᠨ ᠬᠦᠷᠢᠶ᠎ᠡ ᠴᠠᠷᠠᠭ᠎ᠠ ᠶᠣᠰᠣᠭᠠᠷ᠂ | ᠰᠠᠭᠤᠷᠢ ᠰᠤᠳᠤᠯᠭᠠᠨ᠂ ᠬᠡᠷᠡᠭᠯᠡᠭᠡᠨ ᠤ ᠰᠤᠳᠤᠯᠭᠠᠨ ᠵᠡᠷᠭᠡ ᠠᠳᠠᠯᠢ ᠪᠤᠰᠤ ᠰᠤᠳᠤᠯᠭᠠᠨ ᠤ ᠲᠥᠷᠥᠯ ᠬᠡᠯᠪᠡᠷᠢ ᠶᠢ | ᠪᠠᠶᠢᠭᠤᠯᠵᠤ᠂ ᠲᠥᠷᠥᠯ ᠬᠤᠪᠢᠶᠠᠨ ᠦᠨᠡᠯᠡᠬᠦ ᠪᠠᠷᠢᠮᠵᠢᠶ᠎ᠠ ᠶᠢ ᠲᠣᠭᠲᠠᠭᠠᠨ᠎ᠠ᠃ | ︵ᠳᠥᠷᠪᠡ︶ ᠶᠡᠭᠡ ᠳᠡᠭᠡᠳᠦ ᠰᠤᠷᠭᠠᠭᠤᠯᠢ ᠶᠢᠨ ᠵᠠᠷᠤᠳᠠᠯ ᠢᠶᠠᠨ ᠬᠡᠷᠡᠭᠯᠡᠬᠦ ᠪᠠ ᠬᠠᠮᠢᠶᠠᠷᠬᠤ ᠶᠢ | ᠲᠡᠭᠦᠯᠳᠡᠷᠵᠢᠭᠦᠯᠦᠨ ᠴᠢᠩᠭᠠᠳᠬᠠᠬᠤ ᠥᠭᠡᠷᠡᠴᠢᠯᠡᠯᠲᠡ ᠳᠤ ᠭᠤᠣᠯ ᠰᠢᠢᠳᠪᠦᠷᠢᠯᠡᠬᠦ ᠠᠰᠠᠭᠤᠳᠠᠯ᠃ ᠮᠠᠨ ᠤ ᠣᠷᠣᠨ ᠤ | ︽ᠬᠡᠷᠡᠭᠵᠢᠭᠦᠯᠬᠦ ᠰᠠᠨᠠᠯ︾ ᠨᠢ ᠤᠯᠤᠰ ᠤᠨ ︽ᠶᠡᠭᠡ ᠳᠡᠭᠡᠳᠦ ᠰᠤᠷᠭᠠᠭᠤᠯᠢ ᠶᠢᠨ ᠵᠠᠷᠤᠳᠠᠯ ᠢᠶᠠᠨ ᠬᠡᠷᠡᠭᠯᠡᠬᠦ ᠪᠠ | ᠬᠠᠮᠢᠶᠠᠷᠬᠤ ᠶᠢ ᠲᠡᠭᠦᠯᠳᠡᠷᠵᠢᠭᠦᠯᠦᠨ ᠴᠢᠩᠭᠠᠳᠬᠠᠬᠤ︾ ᠲᠤᠬᠠᠢ ᠥᠭᠡᠷᠡᠴᠢᠯᠡᠯᠲᠡ ᠶᠢᠨ ᠵᠦᠢᠯᠡᠰ ᠶᠢ ᠤᠯᠠᠮ ᠨᠢᠭᠡ | ᠠᠯᠬᠤᠮ ᠨᠠᠷᠢᠯᠢᠭᠵᠢᠭᠤᠯᠪᠠ᠃ ᠡᠭᠦᠨ ᠳᠤ ᠭᠤᠣᠯᠳᠠᠭᠤ ᠲᠠᠪᠤᠨ ᠲᠠᠯ᠎ᠠ ᠶᠢᠨ ᠲᠣᠪᠣᠶᠢᠮ᠎ᠠ ᠠᠰᠠᠭᠤᠳᠠᠯ ᠢ | ᠰᠢᠢᠳᠪᠦᠷᠢᠯᠡᠬᠦ ᠬᠡᠷᠡᠭᠲᠡᠢ᠃ | ᠨᠢᠭᠡ ᠳᠤ᠂ ᠶᠡᠭᠡ ᠳᠡᠭᠡᠳᠦ ᠰᠤᠷᠭᠠᠭᠤᠯᠢ ᠶᠢᠨ ᠵᠠᠷᠤᠳᠠᠯ ᠢᠶᠠᠨ ᠲᠣᠬᠢᠷᠠᠭᠤᠯᠬᠤ ᠡᠵᠡᠨ ᠮᠡᠳᠡᠬᠦ ᠡᠷᠬᠡ ᠪᠠ | ᠨᠢᠭᠡᠳᠦᠯᠲᠡᠢ ᠲᠥᠯᠥᠪᠵᠢᠭᠦᠯᠦᠨ ᠬᠡᠷᠡᠭᠯᠡᠬᠦ ᠡᠷᠬᠡ ᠶᠢᠨ ᠠᠰᠠᠭᠤᠳᠠᠯ ᠢ ᠰᠢᠢᠳᠪᠦᠷᠢᠯᠡᠨ᠎ᠡ᠃ ᠲᠥᠰᠥᠪ ᠲᠤ ᠵᠣᠭᠤᠰ | ᠰᠠᠯᠭᠠᠨ ᠥᠭᠬᠦ ᠳᠦᠷᠢᠮ ᠢ ᠲᠡᠭᠦᠯᠳᠡᠷᠵᠢᠭᠦᠯᠦᠨ᠂ ᠵᠣᠭᠤᠰ ᠰᠠᠯᠭᠠᠨ ᠥᠭᠬᠦ ᠪᠦᠲᠦᠴᠡ ᠶᠢ ᠰᠢᠯᠢᠳᠡᠭᠵᠢᠭᠦᠯᠬᠦ ᠪᠠᠷ | ᠳᠠᠮᠵᠢᠭᠤᠯᠵᠤ᠂ ᠦᠨᠳᠦᠰᠦᠨ ᠵᠠᠷᠤᠯᠭ᠎ᠠ ᠶᠢ ᠪᠠᠲᠤᠯᠠᠬᠤ ᠡᠷᠴᠢᠮ ᠢ ᠴᠢᠩᠭᠠᠷᠠᠭᠤᠯᠤᠨ᠎ᠠ︔ ᠦᠨᠳᠦᠰᠦᠨ ᠵᠠᠷᠤᠯᠭ᠎ᠠ ᠶᠢᠨ | ᠡᠵᠡᠯᠡᠬᠦ ᠬᠠᠷᠢᠴᠠᠯ ᠨᠢ ᠬᠠᠷᠢᠴᠠᠩᠭᠤᠢ ᠳᠣᠣᠷ᠎ᠠ ᠣᠷᠣᠨ ᠨᠤᠲᠤᠭ ᠲᠤ ᠴᠢᠭᠯᠡᠭᠦᠯᠦᠨ᠂ ᠪᠦᠲᠦᠴᠡ ᠶᠢ ᠤᠯᠠᠮ ᠨᠢᠭᠡ | ᠠᠯᠬᠤᠮ ᠰᠢᠯᠢᠳᠡᠭᠵᠢᠭᠦᠯᠵᠦ᠂ ᠦᠨᠳᠦᠰᠦᠨ ᠵᠠᠷᠤᠯᠭ᠎ᠠ ᠶᠢ ᠵᠦᠢ ᠵᠣᠬᠢᠰᠲᠠᠢ ᠲᠣᠬᠢᠷᠠᠭᠤᠯᠬᠤ ᠪᠠᠷ ᠱᠠᠭᠠᠷᠳᠠᠵᠤ᠂ ᠶᠡᠭᠡ | ᠳᠡᠭᠡᠳᠦ ᠰᠤᠷᠭᠠᠭᠤᠯᠢ ᠶᠢᠨ ᠵᠠᠷᠤᠳᠠᠯ ᠢᠶᠠᠨ ᠲᠣᠬᠢᠷᠠᠭᠤᠯᠬᠤ ᠡᠵᠡᠨ ᠮᠡᠳᠡᠬᠦ ᠡᠷᠬᠡ ᠶᠢ ᠥᠷᠭᠡᠳᠬᠡᠨ᠎ᠡ᠃ ᠪᠡᠯᠡ | ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠠᠯᠢ ᠲᠦᠷᠭᠡᠨ ᠢᠶᠠᠷ ᠲᠡᠭᠦᠯᠳᠡᠷᠵᠢᠭᠦᠯᠦᠨ᠂ ᠲᠤᠭ᠎ᠠ ᠬᠡᠮᠵᠢᠶ᠎ᠡ ᠶᠢ | ᠬᠠᠮᠢᠶᠠᠷᠬᠤ᠂ ᠡᠵᠡᠨ ᠮᠡᠳᠡᠵᠦ ᠲᠣᠬᠢᠷᠠᠭᠤᠯᠬᠤ ᠵᠡᠷᠭᠡ ᠠᠷᠭ᠎ᠠ ᠬᠡᠮᠵᠢᠶ᠎ᠡ ᠶᠢ ᠠᠪᠬᠤ ᠪᠠᠷ ᠳᠠᠮᠵᠢᠭᠤᠯᠵᠤ᠂ ᠶᠡᠭᠡ | ᠳᠡᠭᠡᠳᠦ ᠰᠤᠷᠭᠠᠭᠤᠯᠢ ᠠᠴᠠ ᠵᠥᠪᠰᠢᠶᠡᠷᠡᠭᠰᠡᠨ ᠲᠥᠰᠥᠪ ᠤᠨ ᠬᠡᠮᠵᠢᠶᠡᠨ ᠳᠣᠲᠣᠷ᠎ᠠ᠂ ᠲᠥᠷᠥᠯ ᠵᠦᠢᠯ ᠤᠨ ᠪᠡᠯᠡ | ᠮᠥᠩᠭᠦ ᠶᠢᠨ ᠬᠡᠷᠡᠭᠯᠡᠯᠲᠡ ᠶᠢ ᠬᠤᠪᠢᠷᠠᠭᠤᠯᠬᠤ ᠦᠭᠡᠢ ᠤᠷᠢᠳᠠᠯ ᠳᠣᠣᠷ᠎ᠠ᠂ ᠲᠥᠷᠥᠯ ᠵᠦᠢᠯ ᠤᠨ ᠪᠡᠯᠡ ᠮᠥᠩᠭᠦ ᠪᠠᠨ | ᠡᠵᠡᠨ ᠮᠡᠳᠡᠵᠦ ᠨᠢᠭᠡᠳᠦᠯᠲᠡᠢ ᠲᠥᠯᠥᠪᠵᠢᠭᠦᠯᠦᠨ ᠬᠡᠷᠡᠭᠯᠡᠵᠦ᠂ ᠶᠡᠭᠡ ᠳᠡᠭᠡᠳᠦ ᠰᠤᠷᠭᠠᠭᠤᠯᠢ ᠶᠢᠨ ᠬᠢᠨ ᠤ ᠲᠥᠷᠥᠯ | ᠵᠦᠢᠯ ᠤᠨ ᠵᠠᠷᠤᠳᠠᠯ ᠤᠨ ᠬᠡᠷᠡᠭᠯᠡᠯᠲᠡ ᠪᠠᠨ ᠨᠢᠭᠡᠳᠦᠯᠲᠡᠢ ᠲᠥᠯᠥᠪᠵᠢᠭᠦᠯᠬᠦ ᠡᠷᠬᠡ ᠶᠢ ᠦᠨᠡᠨ ᠬᠦ ᠥᠷᠭᠡᠳᠬᠡᠨ᠎ᠡ᠃ | ᠬᠤᠶᠠᠷ ᠲᠤ᠂ ᠶᠡᠭᠡ ᠳᠡᠭᠡᠳᠦ ᠰᠤᠷᠭᠠᠭᠤᠯᠢ ᠳᠤ ᠵᠠᠷᠤᠳᠠᠯ ᠤᠨ ᠪᠡᠯᠡ ᠮᠥᠩᠭᠦ ᠣᠯᠭᠤᠨ ᠥᠭᠬᠦ ᠦᠷ᠎ᠡ ᠪᠦᠲᠦᠮᠵᠢ | ᠬᠡᠳᠦ ᠳᠣᠣᠷ᠎ᠠ ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ᠃ ᠶᠡᠭᠡ ᠳᠡᠭᠡᠳᠦ ᠰᠤᠷᠭᠠᠭᠤᠯᠢ ᠶᠢᠨ ᠵᠠᠷᠤᠳᠠᠯ ᠢᠶᠠᠨ | ᠬᠠᠮᠢᠶᠠᠷᠬᠤ ᠣᠨᠴᠠᠯᠢᠭ ᠲᠤ ᠴᠢᠭᠯᠡᠭᠦᠯᠦᠨ᠂ ᠤᠯᠤᠰ ᠤᠨ ᠬᠥᠮᠥᠷᠭᠡ ᠠᠴᠠ ᠲᠥᠪᠯᠡᠷᠡᠭᠦᠯᠵᠦ ᠣᠯᠭᠤᠨ ᠥᠭᠬᠦ | ᠬᠡᠪᠴᠢᠶ᠎ᠡ ᠶᠢ ᠬᠤᠪᠢᠶᠠᠷᠢᠯᠠᠨ ᠰᠠᠯᠭᠠᠬᠤ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠳ᠋ ᠤᠨ ᠵᠠᠰᠠᠭ ᠤᠨ ᠡᠷᠬᠡ | ᠣᠯᠭᠤᠵᠤ ᠪᠠᠶᠢᠭᠠᠳ ᠣᠯᠭᠤᠨ ᠥᠭᠬᠦ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠵᠦ᠂ ᠲᠥᠰᠥᠪ ᠢ | ᠬᠡᠷᠡᠭᠵᠢᠭᠦᠯᠬᠦ ᠠᠬᠢᠴᠠ ᠶᠢ ᠤᠯᠠᠮ ᠨᠢᠭᠡ ᠠᠯᠬᠤᠮ ᠲᠦᠷᠭᠡᠳᠬᠡᠨ᠎ᠡ᠃ ᠵᠣᠭᠤᠰ ᠬᠡᠷᠡᠭᠯᠡᠬᠦ ᠲᠥᠯᠥᠪᠯᠡᠭᠡ ᠶᠢ | ᠨᠠᠶᠢᠷᠠᠭᠤᠯᠤᠨ ᠮᠡᠳᠡᠭᠦᠯᠬᠦ ᠠᠭᠤᠯᠭ᠎ᠠ ᠶᠢ ᠴᠣᠮᠬᠠᠳᠬᠠᠨ᠂ ᠵᠠᠰᠠᠭ ᠤᠨ ᠣᠷᠳᠣᠨ ᠤ ᠣᠷᠣᠯᠭ᠎ᠠ ᠵᠠᠷᠤᠯᠭ᠎ᠠ ᠪᠠᠷ ᠬᠢᠴᠢᠶᠡᠯ | ᠲᠥᠷᠥᠯ ᠬᠤᠪᠢᠶᠠᠭᠰᠠᠨ ᠳᠡᠰ ᠤᠨ ᠵᠠᠷᠤᠯᠭ᠎ᠠ ᠶᠢᠨ ᠴᠢᠳᠠᠮᠵᠢ ᠶᠣᠰᠣᠭᠠᠷ ᠬᠢᠴᠢᠶᠡᠯ ᠲᠥᠷᠥᠯ ᠬᠤᠪᠢᠶᠠᠨ ᠵᠣᠭᠤᠰ | ᠬᠡᠷᠡᠭᠯᠡᠬᠦ ᠲᠥᠯᠥᠪᠯᠡᠭᠡ ᠪᠠᠨ ᠨᠠᠶᠢᠷᠠᠭᠤᠯᠤᠨ ᠮᠡᠳᠡᠭᠦᠯᠬᠦ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠶᠡᠭᠡ ᠳᠡᠭᠡᠳᠦ | ᠰᠤᠷᠭᠠᠭᠤᠯᠢ ᠶᠢᠨ ᠠᠵᠢᠯ ᠤᠨ ᠬᠡᠮᠵᠢᠶ᠎ᠡ ᠶᠢ ᠦᠨᠡᠨ ᠬᠦ ᠬᠥᠩᠭᠡᠷᠡᠭᠦᠯᠦᠨ᠎ᠡ᠃ | ᠭᠤᠷᠪᠠ ᠳᠤ᠂ ᠶᠡᠭᠡ ᠳᠡᠭᠡᠳᠦ ᠰᠤᠷᠭᠠᠭᠤᠯᠢ ᠶᠢᠨ ᠡᠳ᠋ ᠬᠥᠷᠥᠩᠭᠡ ᠪᠠᠨ ᠰᠢᠢᠳᠪᠦᠷᠢᠯᠡᠬᠦ ᠵᠢᠴᠢ | ᠰᠢᠢᠳᠪᠦᠷᠢᠯᠡᠭᠰᠡᠨ ᠠᠰᠢᠭ ᠣᠷᠣᠯᠭ᠎ᠠ ᠪᠠᠨ ᠬᠡᠷᠡᠭᠯᠡᠬᠦ ᠡᠷᠬᠡ ᠶᠢᠨ ᠠᠰᠠᠭᠤᠳᠠᠯ ᠢ ᠰᠢᠢᠳᠪᠦᠷᠢᠯᠡᠨ᠎ᠡ᠃ ᠨᠢᠭᠡ ᠲᠠᠯ᠎ᠠ ᠪᠠᠷ | ᠂ ᠨᠡᠶᠢᠭᠡᠮ ᠠᠵᠤ ᠠᠬᠤᠢ ᠶᠢᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠳ᠋ ᠬᠥᠷᠥᠩᠭᠡ ᠪᠠᠨ | ᠰᠢᠢᠳᠪᠦᠷᠢᠯᠡᠬᠦ ᠶᠢᠨ ᠪᠦᠷᠢᠳᠬᠡᠨ ᠳᠠᠩᠰᠠᠯᠠᠭᠤᠯᠬᠤ ᠪᠠ ᠮᠡᠳᠡᠭᠦᠯᠦᠨ ᠵᠥᠪᠰᠢᠶᠡᠷᠡᠭᠦᠯᠬᠦ ᠪᠠᠷᠢᠮᠵᠢᠶ᠎ᠠ ᠶᠢ ᠵᠣᠬᠢᠰᠲᠠᠢ | ᠳᠡᠭᠡᠭᠰᠢᠯᠡᠭᠦᠯᠦᠨ᠎ᠡ᠃ ᠨᠥᠭᠦᠭᠡ ᠲᠠᠯ᠎ᠠ ᠪᠠᠷ᠂ ᠨᠢᠭᠡᠨᠲᠡ ᠬᠡᠷᠡᠭᠯᠡᠭᠰᠡᠨ ᠵᠢᠯ ᠣᠨ ᠨᠢ ᠭᠦᠢᠴᠡᠵᠦ᠂ ᠲᠠᠶᠠᠭᠳᠠᠭᠤᠯᠵᠤ | ᠬᠡᠷᠡᠭᠯᠡᠭᠡᠨ ᠠᠴᠠ ᠭᠠᠷᠭᠠᠪᠠᠰᠤ ᠵᠣᠬᠢᠬᠤ ᠡᠳ᠋ ᠬᠥᠷᠥᠩᠭᠡ ᠶᠢ ᠰᠤᠷᠭᠠᠭᠤᠯᠢ ᠪᠠᠷ ᠰᠢᠢᠳᠪᠦᠷᠢᠯᠡᠭᠦᠯᠦᠨ᠂ | ᠰᠢᠢᠳᠪᠦᠷᠢᠯᠡᠭᠰᠡᠨ ᠠᠰᠢᠭ ᠣᠷᠣᠯᠭ᠎ᠠ ᠶᠢ ᠨᠢ ᠰᠤᠷᠭᠠᠭᠤᠯᠢ ᠳᠤ ᠦᠯᠡᠳᠡᠭᠡᠨ ᠬᠡᠷᠡᠭᠯᠡᠭᠦᠯᠵᠦ᠂ ᠶᠡᠭᠡ ᠳᠡᠭᠡᠳᠦ | ᠰᠤᠷᠭᠠᠭᠤᠯᠢ ᠶᠢᠨ ᠢᠳᠡᠪᠬᠢᠵᠢᠯ ᠢ ᠳᠠᠶᠢᠴᠢᠯᠠᠨ᠎ᠠ᠃ ᠡᠭᠦᠨ ᠤ ᠬᠠᠮᠲᠤ᠂ ᠶᠡᠭᠡ ᠳᠡᠭᠡᠳᠦ ᠰᠤᠷᠭᠠᠭᠤᠯᠢ ᠠᠴᠠ | ᠰᠢᠨᠵᠢᠯᠡᠬᠦ ᠤᠬᠠᠭᠠᠨ ᠤ ᠰᠤᠳᠤᠯᠭᠠᠨ ᠤ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢᠶᠠᠨ | ᠬᠠᠮᠢᠶᠠᠷᠬᠤ ᠡᠷᠬᠡ ᠶᠢᠨ ᠬᠢᠵᠠᠭᠠᠷ ᠢ ᠥᠷᠭᠡᠳᠬᠡᠨ᠂ ᠶᠡᠭᠡ ᠳᠡᠭᠡᠳᠦ ᠰᠤᠷᠭᠠᠭᠤᠯᠢ ᠶᠢᠨ ᠵᠠᠰᠠᠭ ᠤᠨ ᠣᠷᠳᠣᠨ ᠠᠴᠠ | ᠬᠤᠳᠠᠯᠳᠤᠨ ᠠᠪᠴᠤ ᠬᠠᠮᠢᠶᠠᠷᠬᠤ ᠶᠢ ᠥᠭᠡᠷᠡᠴᠢᠯᠡᠨ ᠰᠠᠶᠢᠵᠢᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ | ᠲᠥᠷᠥᠯ ᠤᠨ ᠵᠠᠮ ᠤᠨ ᠵᠠᠷᠤᠳᠠᠯ᠂ ᠬᠤᠷᠠᠯ ᠤᠨ ᠵᠠᠷᠤᠳᠠᠯ᠂ ᠠᠰᠠᠭᠤᠨ ᠯᠠᠪᠯᠠᠯᠲᠠ ᠶᠢᠨ ᠵᠠᠷᠤᠳᠠᠯ ᠤᠨ | ᠬᠠᠮᠢᠶᠠᠷᠤᠯᠲᠠ ᠶᠢᠨ ᠡᠷᠬᠡ ᠶᠢᠨ ᠬᠢᠵᠠᠭᠠᠷ ᠵᠡᠷᠭᠡ ᠶᠢ ᠳᠣᠷᠣᠭᠰᠢ ᠪᠠᠭᠤᠯᠭᠠᠵᠠᠢ᠃ | ᠳᠥᠷᠪᠡ ᠳᠤ᠂ ᠶᠡᠭᠡ ᠳᠡᠭᠡᠳᠦ ᠰᠤᠷᠭᠠᠭᠤᠯᠢ ᠶᠢᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠠᠰᠠᠭᠤᠳᠠᠯ ᠢ ᠰᠢᠢᠳᠪᠦᠷᠢᠯᠡᠨ᠎ᠡ᠃ ᠭᠠᠶᠢᠯᠢ ᠶᠢᠨ ᠶᠠᠪᠤᠳᠠᠯ ᠤᠨ ᠰᠠᠯᠠᠭ᠎ᠠ | ᠮᠥᠴᠢᠷ ᠠᠴᠠ ᠶᠡᠭᠡ ᠳᠡᠭᠡᠳᠦ ᠰᠤᠷᠭᠠᠭᠤᠯᠢ ᠶᠢᠨ ᠭᠠᠶᠢᠯᠢ ᠲᠠᠲᠠᠪᠤᠷᠢ ᠳᠤ ᠬᠤᠯᠪᠣᠭᠳᠠᠬᠤ ᠡᠯ᠎ᠡ ᠵᠦᠢᠯ ᠤᠨ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠦᠨ᠎ᠡ᠃ | ᠲᠠᠪᠤ ᠳᠤ᠂ ︽ᠬᠡᠷᠡᠭᠵᠢᠭᠦᠯᠬᠦ ᠰᠠᠨᠠᠯ︾ ᠨᠢ ᠵᠠᠷᠤᠳᠠᠯ ᠤᠨ ᠬᠠᠮᠢᠶᠠᠷᠤᠯᠲᠠ ᠶᠢ ᠴᠢᠩᠭᠠᠳᠬᠠᠬᠤ ᠲᠠᠯ᠎ᠠ ᠪᠠᠷ | ᠪᠣᠳᠠᠲᠠᠢ ᠱᠠᠭᠠᠷᠳᠠᠯᠭ᠎ᠠ ᠳᠤᠷᠠᠳᠪᠠ᠃ ᠶᠡᠭᠡ ᠳᠡᠭᠡᠳᠦ ᠰᠤᠷᠭᠠᠭᠤᠯᠢ ᠠᠴᠠ ᠲᠥᠰᠥᠪ ᠢᠶᠠᠨ ᠨᠠᠶᠢᠷᠠᠭᠤᠯᠤᠨ ᠵᠣᠬᠢᠶᠠᠬᠤ | ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠲᠥᠰᠥᠪ ᠢᠶᠠᠨ ᠬᠡᠷᠡᠭᠵᠢᠭᠦᠯᠬᠦ ᠠᠬᠢᠴᠠ ᠪᠠᠨ | ᠲᠦᠷᠭᠡᠳᠬᠡᠵᠦ᠂ ᠳᠣᠲᠣᠭᠠᠳᠤ ᠳᠤ ᠪᠠᠨ ᠡᠵᠡᠮᠳᠡᠬᠦ ᠲᠣᠭᠲᠠᠴᠠ ᠪᠠᠨ ᠲᠡᠭᠦᠯᠳᠡᠷᠵᠢᠭᠦᠯᠵᠦ᠂ ᠡᠳ᠋ ᠤᠨ ᠵᠠᠰᠠᠭ ᠠᠵᠤ | ᠠᠬᠤᠢ ᠶᠢᠨ ᠰᠠᠬᠢᠯᠭ᠎ᠠ ᠪᠠᠲᠤ ᠪᠠᠨ ᠴᠢᠩᠭᠠᠳᠬᠠᠨ᠂ ᠲᠣᠭᠲᠠᠭᠠᠯ ᠢ ᠴᠢᠩᠭ᠎ᠠ ᠵᠢᠷᠤᠮᠯᠠᠨ ᠡᠯ᠎ᠡ ᠵᠦᠢᠯ ᠤᠨ ᠵᠠᠷᠤᠳᠠᠯ ᠪᠠ | ᠡᠳ᠋ ᠬᠥᠷᠥᠩᠭᠡ ᠪᠠᠨ ᠰᠠᠶᠢᠲᠤᠷ ᠬᠡᠷᠡᠭᠯᠡᠬᠦ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠶᠢᠨ ᠡᠳ᠋ ᠬᠥᠷᠥᠩᠭᠡ ᠪᠠᠨ | ᠬᠠᠮᠢᠶᠠᠷᠬᠤ ᠲᠠᠯ᠎ᠠ ᠪᠠᠷ ᠬᠢ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ᠂ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠠᠮᠤᠷ ᠲᠦᠪᠰᠢᠨ ᠪᠠ ᠪᠦᠲᠦᠮᠵᠢᠲᠡᠢ ᠬᠡᠷᠡᠭᠯᠡᠬᠦ ᠶᠢ ᠪᠠᠲᠤᠯᠠᠬᠤ ᠬᠡᠷᠡᠭᠲᠡᠢ︔ | ᠶᠡᠭᠡ ᠳᠡᠭᠡᠳᠦ ᠰᠤᠷᠭᠠᠭᠤᠯᠢ ᠶᠢᠨ ᠬᠢᠨ ᠬᠢᠨᠠᠨ ᠪᠣᠳᠣᠵᠤ ᠬᠢᠨᠠᠯᠲᠠ ᠲᠠᠯᠪᠢᠬᠤ ᠶᠢ ᠬᠠᠤᠯᠢ ᠶᠣᠰᠣᠭᠠᠷ ᠬᠦᠯᠢᠶᠡᠬᠦ | ᠬᠡᠷᠡᠭᠲᠡᠢ᠃ | ︵ᠲᠠᠪᠤ︶ ᠶᠡᠭᠡ ᠳᠡᠭᠡᠳᠦ ᠰᠤᠷᠭᠠᠭᠤᠯᠢ ᠶᠢᠨ ᠳᠣᠲᠣᠭᠠᠳᠤ ᠶᠢᠨ ᠵᠠᠰᠠᠯᠲᠠ ᠪᠠᠨ ᠲᠡᠭᠦᠯᠳᠡᠷᠵᠢᠭᠦᠯᠬᠦ ᠪᠠ | ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ ᠦᠢᠯᠡᠴᠢᠯᠡᠭᠡ ᠪᠠᠨ ᠰᠢᠯᠢᠳᠡᠭᠵᠢᠭᠦᠯᠬᠦ ᠥᠭᠡᠷᠡᠴᠢᠯᠡᠯᠲᠡ ᠶᠢᠨ ᠭᠤᠣᠯ | ᠠᠷᠭ᠎ᠠ ᠬᠡᠮᠵᠢᠶ᠎ᠡ᠃ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠬᠦᠷᠢᠶ᠎ᠡ ᠴᠠᠷᠠᠭᠠᠨ ᠳᠠᠬᠢ ︽ᠪᠠᠭᠤᠯᠭᠠᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠲᠥᠯᠥᠭᠡ᠂ ︽ | ᠬᠡᠷᠡᠭᠵᠢᠭᠦᠯᠬᠦ ᠰᠠᠨᠠᠯ︾ ᠳᠤ ᠶᠡᠭᠡ ᠳᠡᠭᠡᠳᠦ ᠰᠤᠷᠭᠠᠭᠤᠯᠢ ᠶᠢᠨ ᠳᠣᠲᠣᠭᠠᠳᠤ ᠶᠢᠨ ᠵᠠᠰᠠᠯᠲᠠ ᠪᠠᠨ ᠲᠡᠭᠦᠯᠳᠡᠷᠵᠢᠭᠦᠯᠦᠨ᠂ | ᠬᠢᠨᠠᠯᠲᠠ ᠬᠠᠮᠢᠶᠠᠷᠤᠯᠲᠠ ᠪᠠᠨ ᠴᠢᠩᠭᠠᠷᠠᠭᠤᠯᠵᠤ ᠦᠢᠯᠡᠴᠢᠯᠡᠭᠡ ᠪᠠᠨ ᠰᠢᠯᠢᠳᠡᠭᠵᠢᠭᠦᠯᠬᠦ ᠲᠠᠯ᠎ᠠ ᠪᠠᠷ ᠲᠤᠰᠬᠠᠢ | ᠲᠣᠭᠲᠠᠭᠠᠯ ᠭᠠᠷᠭᠠᠪᠠ᠃ | ᠨᠢᠭᠡ ᠳᠤ᠂ ᠳᠣᠲᠣᠭᠠᠳᠤ ᠳᠤ ᠪᠠᠨ ᠵᠠᠰᠠᠯᠲᠠ ᠬᠢᠬᠦ ᠲᠠᠯ᠎ᠠ ᠪᠠᠷ᠂ ᠶᠡᠭᠡ ᠳᠡᠭᠡᠳᠦ ᠰᠤᠷᠭᠠᠭᠤᠯᠢ ᠳᠠᠬᠢ ᠨᠠᠮ ᠤᠨ | ᠤᠳᠤᠷᠢᠳᠤᠯᠭ᠎ᠠ ᠶᠢ ᠴᠢᠩᠭᠠᠳᠬᠠᠵᠤ᠂ ᠰᠤᠷᠭᠠᠭᠤᠯᠢ ᠶᠢᠨ ᠱᠠᠲᠤ᠂ ᠳᠡᠭᠡᠳᠦ ᠰᠤᠷᠭᠠᠭᠤᠯᠢ ᠰᠠᠯᠪᠤᠷᠢ ᠶᠢᠨ ᠱᠠᠲᠤ ᠪᠠ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠵᠡᠷᠭᠡ ᠲᠠᠯ᠎ᠠ ᠠᠴᠠ ᠲᠣᠳᠣᠷᠬᠠᠢ ᠲᠣᠭᠲᠠᠭᠠᠯ ᠭᠠᠷᠭᠠᠬᠤ | ᠬᠡᠷᠡᠭᠲᠡᠢ ᠭᠡᠵᠦ ᠱᠠᠭᠠᠷᠳᠠᠪᠠ︔ ᠳᠦᠷᠢᠮ ᠤᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠨ᠂ ᠰᠤᠷᠭᠠᠨ | ᠬᠥᠮᠥᠵᠢᠯ ᠤᠨ ᠬᠠᠤᠯᠢ ᠴᠠᠭᠠᠵᠠ ᠳᠤ ᠲᠣᠭᠲᠠᠭᠠᠭᠰᠠᠨ ᠦᠨᠳᠦᠰᠦᠨ ᠳᠦᠷᠢᠮ᠂ ᠶᠡᠭᠡ ᠳᠡᠭᠡᠳᠦ ᠰᠤᠷᠭᠠᠭᠤᠯᠢ ᠶᠢᠨ | ᠳᠦᠷᠢᠮ᠂ ᠰᠠᠬᠢᠯᠭ᠎ᠠ ᠪᠠᠲᠤ ᠵᠢᠴᠢ ᠰᠤᠷᠭᠠᠭᠤᠯᠢ ᠶᠢᠨ ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ᠵᠡᠷᠭᠡ | ᠲᠠᠯ᠎ᠠ ᠠᠴᠠ ᠪᠦᠬᠦ ᠲᠠᠯ᠎ᠠ ᠶᠢᠨ ᠱᠠᠭᠠᠷᠳᠠᠯᠭ᠎ᠠ ᠳᠤᠷᠠᠳᠴᠤ᠂ ᠶᠡᠭᠡ ᠳᠡᠭᠡᠳᠦ ᠰᠤᠷᠭᠠᠭᠤᠯᠢ ᠶᠢᠨ ᠵᠠᠰᠠᠯᠲᠠ ᠨᠢ ᠠᠷᠭ᠎ᠠ | ᠳᠡᠮ ᠲᠠᠢ᠂ ᠬᠠᠮᠢᠶᠠᠷᠤᠯᠲᠠ ᠨᠢ ᠭᠦᠢᠴᠡᠳ ᠲᠤᠭᠤᠰᠢᠲᠠᠢ᠂ ᠬᠡᠪ ᠰᠤᠷᠲᠠᠯ ᠨᠢ ᠲᠥᠪ ᠴᠢᠬᠡᠴᠢ ᠪᠠᠶᠢᠬᠤ ᠶᠢ | ᠠᠬᠢᠭᠤᠯᠤᠨ᠎ᠠ︔ ᠠᠷᠠᠳᠴᠢᠯᠠᠭᠰᠠᠨ ᠬᠠᠮᠢᠶᠠᠷᠤᠯᠲᠠ ᠪᠠ ᠡᠷᠳᠡᠮ ᠰᠢᠨᠵᠢᠯᠡᠭᠡᠨ ᠤ ᠵᠠᠰᠠᠯᠲᠠ ᠶᠢ ᠲᠡᠭᠦᠯᠳᠡᠷᠵᠢᠭᠦᠯᠦᠨ᠂ | ᠶᠡᠭᠡ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢ ᠠᠵᠢᠯᠲᠠᠳ ᠤᠨ ᠠᠷᠠᠳᠴᠢᠯᠠᠭᠰᠠᠨ ᠬᠠᠮᠢᠶᠠᠷᠤᠯᠲᠠ ᠳᠤ | ᠣᠷᠣᠯᠴᠠᠬᠤ ᠪᠠ ᠬᠢᠨᠠᠯᠲᠠ ᠲᠠᠯᠪᠢᠬᠤ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠡᠷᠳᠡᠮ ᠰᠢᠨᠵᠢᠯᠡᠭᠡᠨ ᠤ ᠬᠡᠷᠡᠭ | ᠶᠠᠪᠤᠳᠠᠯ ᠢ ᠵᠠᠰᠠᠭ ᠵᠠᠬᠢᠷᠭᠠᠨᠴᠢᠯᠠᠬᠤ ᠶᠢ ᠦᠭᠡᠶᠢᠰᠬᠡᠬᠦ ᠶᠢ ᠠᠬᠢᠭᠤᠯᠵᠤ᠂ ᠨᠡᠭᠡᠭᠡᠯᠲᠡ ᠬᠢᠬᠦ᠂ ᠬᠠᠮᠵᠢᠯᠴᠠᠬᠤ᠂ ᠦᠷ᠎ᠡ | ᠪᠦᠲᠦᠮᠵᠢᠲᠡᠢ᠂ ᠰᠢᠨ᠎ᠡ ᠶᠢ ᠡᠭᠦᠳᠬᠦ ᠳᠤ ᠠᠰᠢᠭᠲᠠᠢ ᠣᠳᠣ ᠦᠶ᠎ᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ | ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠦᠨ᠎ᠡ︔ ᠮᠡᠳᠡᠭᠡ ᠵᠠᠩᠭᠢ ᠶᠢ ᠢᠯᠡ ᠪᠣᠯᠭᠠᠬᠤ ᠬᠢᠭᠡᠳ ᠨᠡᠶᠢᠭᠡᠮ ᠤᠨ | ᠬᠢᠨᠠᠯᠲᠠ ᠲᠠᠯᠪᠢᠬᠤ ᠶᠢ ᠴᠢᠩᠭᠠᠷᠠᠭᠤᠯᠵᠤ᠂ ᠰᠤᠷᠭᠠᠭᠤᠯᠢ ᠶᠢᠨ ᠶᠠᠪᠤᠳᠠᠯ ᠢ ᠢᠯᠡ ᠪᠣᠯᠭᠠᠬᠤ ᠶᠢ ᠬᠠᠤᠯᠢ ᠶᠣᠰᠣᠭᠠᠷ | ᠠᠬᠢᠭᠤᠯᠵᠤ᠂ ᠬᠢᠨᠠᠯᠲᠠ ᠲᠠᠯᠪᠢᠬᠤ ᠠᠷᠭ᠎ᠠ ᠵᠠᠮ ᠢ ᠰᠢᠯᠤᠭᠤᠳᠬᠠᠨ᠎ᠠ᠃ | ᠬᠤᠶᠠᠷ ᠲᠤ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ ᠦᠢᠯᠡᠴᠢᠯᠡᠭᠡ ᠪᠠᠨ ᠰᠢᠯᠢᠳᠡᠭᠵᠢᠭᠦᠯᠬᠦ ᠲᠤᠬᠠᠢ᠂ | ︽ᠬᠡᠷᠡᠭᠵᠢᠭᠦᠯᠬᠦ ᠰᠠᠨᠠᠯ︾ ᠳᠤ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠵᠤ | ᠬᠠᠮᠢᠶᠠᠷᠬᠤ ᠰᠢᠰᠲ᠋ᠧᠮᠵᠢ ᠶᠢ ᠪᠠᠶᠢᠭᠤᠯᠤᠨ᠂ ᠡᠯ᠎ᠡ ᠶᠡᠭᠡ ᠳᠡᠭᠡᠳᠦ ᠰᠤᠷᠭᠠᠭᠤᠯᠢ ᠠᠴᠠ ᠬᠤᠯᠪᠣᠭᠳᠠᠯ ᠪᠦᠬᠦᠢ | ᠵᠦᠢᠯᠡᠰ ᠢ ᠵᠠᠯᠭᠠᠮᠵᠢᠯᠠᠨ ᠵᠠᠯᠭᠠᠯᠳᠤᠭᠤᠯᠬᠤ ᠪᠣᠳᠠᠲᠠᠢ ᠬᠠᠮᠢᠶᠠᠷᠤᠯᠲᠠ ᠶᠢᠨ ᠠᠷᠭ᠎ᠠ ᠪᠤᠶᠤ ᠬᠡᠷᠡᠭᠵᠢᠭᠦᠯᠬᠦ ᠨᠠᠷᠢᠨ | ᠳᠦᠷᠢᠮ ᠢ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ | ᠰᠤᠭᠤᠴᠢᠨ ᠪᠠᠶᠢᠴᠠᠭᠠᠬᠤ᠂ ᠰᠢᠮᠳᠠᠭᠤᠯᠤᠨ ᠵᠢᠯᠣᠭᠤᠳᠬᠤ᠂ ᠲᠣᠭᠤᠷᠢᠨ ᠪᠠᠶᠢᠴᠠᠭᠠᠬᠤ᠂ ᠭᠤᠷᠪᠠᠳᠠᠭᠴᠢ ᠲᠠᠯ᠎ᠠ ᠠᠴᠠ | ᠦᠨᠡᠯᠡᠨ ᠵᠢᠱᠢᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠤ᠂ ᠶᠡᠭᠡ ᠳᠡᠭᠡᠳᠦ ᠰᠤᠷᠭᠠᠭᠤᠯᠢ ᠠᠴᠠ ᠲᠣᠭᠲᠠᠭᠠᠭᠰᠠᠨ | ᠬᠠᠮᠢᠶᠠᠷᠤᠯᠲᠠ ᠶᠢᠨ ᠳᠦᠷᠢᠮ ᠪᠤᠶᠤ ᠬᠡᠷᠡᠭᠵᠢᠭᠦᠯᠬᠦ ᠠᠷᠭ᠎ᠠ ᠶᠣᠰᠣᠭᠠᠷ ᠬᠤᠯᠪᠣᠭᠳᠠᠯ ᠪᠦᠬᠦᠢ ᠠᠵᠢᠯ ᠢᠶᠠᠨ | ᠥᠷᠨᠢᠭᠦᠯᠵᠦ ᠪᠠᠶᠢᠬᠤ ᠡᠰᠡᠬᠦ ᠶᠢ ᠪᠠᠶᠢᠴᠠᠭᠠᠬᠤ ᠬᠡᠷᠡᠭᠲᠡᠢ︔ ᠵᠣᠬᠢᠴᠠᠭᠤᠯᠭ᠎ᠠ ᠵᠢᠯᠣᠭᠤᠳᠤᠯᠭ᠎ᠠ ᠶᠢ ᠴᠢᠩᠭᠠᠳᠬᠠᠨ᠂ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠷᠢᠯᠴᠠᠨ ᠬᠠᠮᠵᠢᠯᠴᠠᠵᠤ᠂ ᠪᠦᠬᠦᠯᠢ ᠴᠣᠭᠴᠠ ᠪᠠᠷ ᠨᠢ | ᠠᠬᠢᠭᠤᠯᠵᠤ᠂ ᠠᠵᠢᠯ ᠤᠨ ᠳᠤᠮᠳᠠᠬᠢ ᠠᠰᠠᠭᠤᠳᠠᠯ ᠢᠶᠠᠨ ᠴᠠᠭ ᠲᠤᠬᠠᠢ ᠳᠤ ᠨᠢ ᠰᠢᠢᠳᠪᠦᠷᠢᠯᠡᠬᠦ ᠬᠡᠷᠡᠭᠲᠡᠢ᠃ | ᠦᠢᠯᠡᠴᠢᠯᠡᠭᠡ ᠪᠠᠨ ᠰᠢᠯᠢᠳᠡᠭᠵᠢᠭᠦᠯᠦᠨ ᠠᠯᠬᠤᠮ ᠳᠠᠷᠠᠭᠠᠯᠠᠯ ᠢᠶᠠᠨ ᠴᠣᠮᠬᠠᠳᠬᠠᠵᠤ᠂ ᠠᠵᠢᠯ ᠬᠡᠷᠡᠭ ᠭᠦᠢᠴᠡᠳᠬᠡᠬᠦ | ᠳᠡᠰ ᠳᠠᠷᠠᠭᠠᠯᠠᠯ ᠢ ᠳᠥᠭᠦᠮᠴᠢᠯᠡᠬᠦ ᠪᠠ ᠵᠢᠷᠤᠮᠵᠢᠭᠤᠯᠵᠤ᠂ ᠣᠯᠠᠨ ᠨᠡᠶᠢᠲᠡ ᠶᠢᠨ ᠦᠢᠯᠡᠴᠢᠯᠡᠭᠡ ᠶᠢᠨ ᠵᠦᠢᠯᠡᠰ ᠤᠨ | ᠰᠦᠯᠵᠢᠶ᠎ᠡ ᠪᠠᠷ ᠭᠦᠢᠴᠡᠳᠬᠡᠬᠦ ᠶᠢ ᠠᠬᠢᠭᠤᠯᠵᠤ᠂ ᠦᠢᠯᠡᠴᠢᠯᠡᠭᠡ ᠶᠢᠨ ᠶᠠᠰᠤ ᠴᠢᠨᠠᠷ ᠢᠶᠠᠨ ᠰᠠᠶᠢᠵᠢᠷᠠᠭᠤᠯᠤᠨ᠂ | ᠥᠭᠡᠷᠡᠴᠢᠯᠡᠯᠲᠡ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠪᠣᠢ ᠪᠣᠯᠭᠠᠬᠤ ᠬᠡᠷᠡᠭᠲᠡᠢ ᠭᠡᠵᠦ ᠱᠠᠭᠠᠷᠳᠠᠵᠠᠢ᠃ | ︵ᠵᠢᠷᠭᠤᠭ᠎ᠠ︶ ︽ᠬᠡᠷᠡᠭᠵᠢᠭᠦᠯᠬᠦ ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠲᠣᠳᠣᠷᠬᠠᠢ | ᠱᠠᠭᠠᠷᠳᠠᠯᠭ᠎ᠠ ᠳᠤᠷᠠᠳᠪᠠ | ᠨᠢᠭᠡ ᠳᠤ᠂ ᠰᠠᠶᠢᠲᠤᠷ ᠰᠤᠷᠤᠯᠴᠠᠵᠤ ᠰᠠᠶᠢᠲᠤᠷ ᠤᠬᠠᠭᠤᠯᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ᠂ ᠶᠡᠭᠡ ᠳᠡᠭᠡᠳᠦ ᠰᠤᠷᠭᠠᠭᠤᠯᠢ ᠶᠢᠨ ᠬᠢᠨ ᠪᠦᠬᠦ ᠤᠯᠤᠰ ᠤᠨ ᠲᠧᠯᠸᠢᠰ ᠬᠤᠷᠠᠯ ᠤᠨ ᠬᠤᠯᠪᠣᠭᠳᠠᠯ | ᠪᠦᠬᠦᠢ ᠲᠣᠬᠢᠷᠠᠭᠤᠯᠤᠯᠲᠠ ᠪᠠ ᠱᠠᠭᠠᠷᠳᠠᠯᠭ᠎ᠠ ᠶᠣᠰᠣᠭᠠᠷ᠂ ︽ᠬᠡᠷᠡᠭᠵᠢᠭᠦᠯᠬᠦ ᠰᠠᠨᠠᠯ︾ ᠢ ᠥᠷᠭᠡᠨ ᠳᠡᠯᠭᠡᠷ ᠢᠶᠠᠷ | ᠰᠤᠷᠤᠯᠴᠠᠬᠤ ᠶᠢ ᠵᠣᠬᠢᠶᠠᠨ ᠪᠠᠶᠢᠭᠤᠯᠵᠤ᠂ ᠥᠷᠭᠡᠨ ᠣᠯᠠᠨ ᠪᠠᠭᠰᠢ ᠠᠵᠢᠯᠲᠠᠳ ᠲᠤ ︽ᠪᠠᠭᠤᠯᠭᠠᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢᠨ ᠠᠵᠢᠯ ᠤᠨ ᠵᠦᠢᠯᠡᠰ ᠢ ᠢᠳᠡᠪᠬᠢᠲᠡᠢ ᠪᠠᠷ ᠤᠬᠠᠭᠤᠯᠤᠨ᠂ ᠰᠤᠷᠭᠠᠭᠤᠯᠢ ᠠᠴᠠ | ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠵᠦᠢᠯᠡᠰ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠤᠨ ᠠᠷᠭ᠎ᠠ ᠬᠡᠮᠵᠢᠶ᠎ᠡ ᠪᠠᠨ ᠬᠢᠨᠠᠮᠠᠭᠠᠢ ᠤᠬᠠᠭᠠᠯᠠᠨ ᠲᠥᠯᠥᠪᠯᠡᠵᠦ᠂ ︽ᠪᠠᠭᠤᠯᠭᠠᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠵᠢᠯ ᠢ ᠥᠷᠨᠢᠭᠦᠯᠬᠦ ᠰᠠᠶᠢᠨ ᠰᠠᠶᠢᠬᠠᠨ ᠠᠭᠤᠷ ᠠᠮᠢᠰᠬᠤᠯ ᠢ | ᠪᠦᠷᠢᠯᠳᠦᠭᠦᠯᠬᠦ ᠬᠡᠷᠡᠭᠲᠡᠢ᠃ | ᠬᠤᠶᠠᠷ ᠲᠤ᠂ ᠰᠠᠶᠢᠲᠤᠷ ᠲᠤᠭᠤᠰᠢᠯᠠᠭᠤᠯᠵᠤ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠥᠪᠡᠷᠲᠡᠭᠡᠨ | ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ ᠠᠴᠠ ᠬᠢᠴᠢᠶᠡᠯ ᠬᠥᠮᠥᠵᠢᠯ ᠤᠨ ᠲᠤᠰᠬᠠᠢ ᠮᠡᠷᠭᠡᠵᠢᠯ | ᠲᠣᠬᠢᠷᠠᠭᠤᠯᠬᠤ᠂ ᠮᠡᠷᠭᠡᠵᠢᠯ ᠤᠨ ᠴᠣᠯᠠ ᠦᠨᠡᠯᠡᠨ ᠬᠢᠨᠠᠬᠤ᠂ ᠰᠤᠷᠭᠠᠭᠤᠯᠢ ᠶᠢᠨ ᠳᠣᠲᠣᠭᠠᠳᠤ ᠶᠢᠨ ᠵᠠᠰᠠᠯᠲᠠ ᠶᠢ | ᠲᠡᠭᠦᠯᠳᠡᠷᠵᠢᠭᠦᠯᠬᠦ ᠵᠡᠷᠭᠡ ᠲᠠᠯ᠎ᠠ ᠶᠢᠨ ᠥᠭᠡᠷᠡᠴᠢᠯᠡᠯᠲᠡ ᠶᠢᠨ ᠵᠦᠢᠯᠡᠰ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ︔ | ᠪᠠᠶᠢᠭᠤᠯᠤᠮᠵᠢ ᠣᠷᠣᠨ ᠲᠤᠭ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ | ᠲᠦᠷᠦᠭᠦᠯᠡᠬᠦ ᠰᠠᠯᠠᠭ᠎ᠠ ᠮᠥᠴᠢᠷ ᠤᠳ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠬᠠᠮᠵᠢᠯᠴᠠᠨ᠂ ᠤᠯᠤᠰ ᠤᠨ | ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ᠂ ᠶᠡᠭᠡ ᠳᠡᠭᠡᠳᠦ ᠰᠤᠷᠭᠠᠭᠤᠯᠢ ᠶᠢᠨ ᠪᠠᠭᠰᠢ ᠠᠵᠢᠯᠲᠠᠳ ᠤᠨ | ᠶᠡᠷᠦᠩᠬᠡᠢ ᠲᠣᠭᠠᠨ ᠤ ᠬᠠᠮᠢᠶᠠᠷᠤᠯᠲᠠ᠂ ᠴᠠᠯᠢᠩ ᠬᠥᠯᠥᠰᠦ ᠵᠡᠷᠭᠡ ᠲᠠᠯ᠎ᠠ ᠶᠢᠨ ᠨᠠᠶᠢᠳᠠᠪᠤᠷᠢᠵᠢᠭᠤᠯᠬᠤ ᠠᠷᠭ᠎ᠠ ᠶᠢ | ᠠᠮᠵᠢᠨ ᠨᠠᠷᠢᠯᠢᠭᠵᠢᠭᠤᠯᠬᠤ ᠬᠡᠷᠡᠭᠲᠡᠢ᠃ ᠡᠯ᠎ᠡ ᠶᠡᠭᠡ ᠳᠡᠭᠡᠳᠦ ᠰᠤᠷᠭᠠᠭᠤᠯᠢ ᠠᠴᠠ ︽ᠬᠡᠷᠡᠭᠵᠢᠭᠦᠯᠬᠦ ᠰᠠᠨᠠᠯ︾ ᠤᠨ | ᠱᠠᠭᠠᠷᠳᠠᠯᠭ᠎ᠠ ᠶᠣᠰᠣᠭᠠᠷ᠂ ᠡᠷᠬᠡ ᠶᠢ ᠵᠠᠯᠭᠠᠮᠵᠢᠯᠠᠨ ᠵᠠᠯᠭᠠᠯᠳᠤᠭᠤᠯᠬᠤ ᠵᠦᠢᠯᠡᠰ ᠤᠨ ᠪᠣᠳᠠᠲᠠᠢ ᠬᠠᠮᠢᠶᠠᠷᠤᠯᠲᠠ ᠶᠢᠨ | ᠳᠦᠷᠢᠮ ᠪᠤᠶᠤ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠬᠤ ᠬᠡᠷᠡᠭᠲᠡᠢ᠃ | ᠭᠤᠷᠪᠠ ᠳᠤ᠂ ᠠᠵᠢᠯ ᠢᠶᠠᠨ ᠰᠠᠶᠢᠲᠤᠷ ᠬᠤᠪᠢᠶᠠᠷᠢᠯᠠᠵᠤ ᠬᠠᠷᠢᠯᠴᠠᠨ ᠬᠠᠮᠵᠢᠯᠴᠠᠬᠤ ᠬᠡᠷᠡᠭᠲᠡᠢ᠃ ︽ | ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠪᠣᠯ ᠨᠢᠭᠡᠨ ᠶᠡᠷᠦᠩᠬᠡᠶᠢᠯᠡᠭᠰᠡᠨ ᠴᠢᠨᠠᠷᠲᠠᠢ ᠥᠭᠡᠷᠡᠴᠢᠯᠡᠯᠲᠡ ᠶᠢᠨ ᠠᠵᠢᠯ | ᠪᠠᠶᠢᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠡᠯ᠎ᠡ ᠬᠤᠯᠪᠣᠭᠳᠠᠯ ᠪᠦᠬᠦᠢ ᠲᠠᠯ᠎ᠠ ᠳᠤ ᠬᠤᠯᠪᠣᠭᠳᠠᠵᠤ | ᠪᠠᠶᠢᠬᠤ ᠪᠣᠯᠬᠤᠷ᠂ ᠠᠵᠢᠯ ᠢᠶᠠᠨ ᠰᠠᠶᠢᠲᠤᠷ ᠬᠤᠪᠢᠶᠠᠷᠢᠯᠠᠵᠤ᠂ ᠬᠠᠷᠢᠭᠤᠴᠠᠯᠭ᠎ᠠ ᠪᠠᠨ ᠲᠣᠳᠣᠷᠬᠠᠶᠢᠯᠠᠬᠤ ᠪᠠᠷ ᠪᠠᠷᠠᠬᠤ | ᠦᠭᠡᠢ᠂ ᠬᠠᠷᠢᠯᠴᠠᠨ ᠬᠠᠮᠲᠤᠷᠠᠯᠴᠠᠨ᠂ ᠨᠢᠭᠲᠠ ᠬᠠᠮᠵᠢᠯᠴᠠᠬᠤ ᠬᠡᠷᠡᠭᠲᠡᠢ᠂ ᠥᠭᠡᠷᠡᠴᠢᠯᠡᠯᠲᠡ ᠶᠢᠨ ᠣᠬᠤᠷᠬᠠᠨ | ᠬᠤᠭᠤᠴᠠᠭᠠᠨ ᠤ ᠬᠠᠷᠠᠯᠲᠠ ᠶᠢ ᠲᠣᠳᠣᠷᠬᠠᠶᠢᠯᠠᠬᠤ ᠪᠠᠷ ᠪᠠᠷᠠᠬᠤ ᠦᠭᠡᠢ᠂ ᠥᠭᠡᠷᠡᠴᠢᠯᠡᠯᠲᠡ ᠶᠢᠨ ᠤᠷᠲᠤ | ᠬᠤᠭᠤᠴᠠᠭᠠᠨ ᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠥᠵᠢᠯ ᠤᠨ ᠲᠢᠩᠬᠢᠮ ᠠᠴᠠ ᠪᠠᠶᠢᠭᠤᠯᠤᠮᠵᠢ ᠣᠷᠣᠨ ᠲᠤᠭ᠎ᠠ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ | ᠵᠠᠰᠠᠭ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠤᠳ ᠲᠠᠢ | ᠬᠠᠮᠲᠤᠷᠠᠨ ᠥᠭᠡᠷᠡᠴᠢᠯᠡᠯᠲᠡ ᠶᠢᠨ ᠨᠢᠭᠡᠳᠦᠯᠲᠡᠢ ᠲᠥᠯᠥᠵᠢᠭᠦᠯᠬᠦ ᠪᠠ ᠡᠭᠦᠷᠭᠡ ᠶᠢ ᠨᠠᠶᠢᠳᠠᠪᠤᠷᠢᠵᠢᠭᠤᠯᠬᠤ ᠵᠡᠷᠭᠡ | ᠠᠵᠢᠯ ᠢ ᠰᠠᠶᠢᠲᠤᠷ ᠬᠢᠬᠦ ᠬᠡᠷᠡᠭᠲᠡᠢ᠃ | | 2018 ᠣᠨ ᠤ 7 ᠳ᠋ᠤᠭᠠᠷ ᠰᠠᠷ᠎ᠠ ᠶᠢᠨ 10 ᠤ ᠡᠳᠦᠷ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ | | |