ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠲᠡᠮᠳᠡᠭᠯᠡᠨ ᠳᠠᠩᠰᠠᠯᠠᠬᠤ ᠲᠣᠪᠴᠢᠶ᠎ᠠ ᠠᠴᠠ ︽ᠠᠵᠤ ᠠᠬᠤᠶᠢᠯᠠᠯ ᠤᠨ ᠪᠦᠯᠦᠭᠯᠡᠯ ᠤᠨ ᠬᠠᠷᠭᠤᠭᠤᠯᠤᠨ ᠵᠥᠪᠰᠢᠶᠡᠷᠡᠵᠦ ᠲᠡᠮᠳᠡᠭᠯᠡᠬᠦ ᠵᠡᠷᠭᠡ 4 ᠵᠦᠢᠯ ᠤᠨ ᠵᠠᠰᠠᠭ ᠵᠠᠬᠢᠷᠭᠠᠨ ᠤ ᠵᠥᠪᠰᠢᠶᠡᠷᠡᠯ ᠢ ᠦᠭᠡᠶᠢᠰᠬᠡᠬᠦ ᠵᠡᠷᠭᠡ ᠵᠦᠢᠯᠡᠰ ᠢ ᠵᠣᠯᠭᠠᠯᠳᠤᠭᠤᠯᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠳᠤ ᠲᠠᠶᠢᠯᠤᠮᠵᠢ ᠬᠢᠪᠡ
ᠨᠡᠶᠢᠲᠡᠯᠡᠭᠰᠡᠨ ᠴᠠᠭ᠄
2018/8/23
     ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠨᠢᠭᠡ ᠪᠦᠯᠦᠭ ᠵᠠᠰᠠᠭ ᠵᠠᠬᠢᠷᠭᠠᠨ ᠤ ᠵᠥᠪᠰᠢᠶᠡᠷᠡᠯ ᠵᠡᠷᠭᠡ ᠵᠦᠢᠯᠡᠰ ᠢ ᠦᠭᠡᠶᠢᠰᠬᠡᠬᠦ ᠲᠤᠬᠠᠢ ᠲᠣᠭᠲᠠᠭᠠᠯ︾ ︵ᠲᠥᠷᠥ ᠲᠠᠷᠬᠠᠭᠠᠭᠰᠠᠨ ﹇2018﹈ 28 ᠳ᠋ᠤᠭᠠᠷ ᠲᠣᠭᠠᠲᠤ᠂ ᠳᠣᠷᠣᠭᠰᠢ ︽ᠲᠣᠭᠲᠠᠭᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ︽ᠲᠣᠭᠲᠠᠭᠠᠯ︾ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 8 ᠳ᠋ᠤᠭᠠᠷ ᠰᠠᠷ᠎ᠠ ᠶᠢᠨ 17 ᠤ ᠡᠳᠦᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠠᠴᠠ ︽ᠠᠵᠤ ᠠᠬᠤᠶᠢᠯᠠᠯ ᠤᠨ ᠪᠦᠯᠦᠭᠯᠡᠯ ᠤᠨ ᠬᠠᠷᠭᠤᠭᠤᠯᠤᠨ ᠵᠥᠪᠰᠢᠶᠡᠷᠡᠵᠦ ᠲᠡᠮᠳᠡᠭᠯᠡᠬᠦ ᠵᠡᠷᠭᠡ 4 ᠵᠦᠢᠯ ᠤᠨ ᠵᠠᠰᠠᠭ ᠵᠠᠬᠢᠷᠭᠠᠨ ᠤ ᠵᠥᠪᠰᠢᠶᠡᠷᠡᠯ ᠢ ᠦᠭᠡᠶᠢᠰᠬᠡᠬᠦ ᠵᠡᠷᠭᠡ ᠵᠦᠢᠯᠡᠰ ᠢ ᠵᠣᠯᠭᠠᠯᠳᠤᠭᠤᠯᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠲᠥᠷᠥ ᠵᠠᠬ᠎ᠠ ᠬᠢᠨᠠᠯᠲᠠ ᠠᠵᠤ ᠠᠬᠤᠶᠢᠯᠠᠯ ᠳᠠᠩᠰᠠᠯᠠᠭᠰᠠᠨ ﹇2018﹈ 139 ᠳ᠋ᠦ᠋ᠭᠡᠷ ᠲᠣᠭᠠᠲᠤ᠂ ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠡᠳᠦᠭᠡ ︽ᠮᠡᠳᠡᠭᠳᠡᠯ︾ ᠤᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠲᠠᠶᠢᠯᠤᠮᠵᠢ ᠬᠢᠵᠡᠢ᠃      ᠨᠢᠭᠡ᠂ ︽ᠮᠡᠳᠡᠭᠳᠡᠯ︾ ᠨᠢ ᠭᠤᠣᠯᠳᠠᠭᠤ ᠶᠠᠮᠠᠷ ᠶᠠᠮᠠᠷ ᠠᠰᠠᠭᠤᠳᠠᠯ ᠢ ᠰᠢᠢᠳᠪᠦᠷᠢᠯᠡᠭᠰᠡᠨ ᠪᠣᠢ︖      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠠᠴᠠ ᠤᠯᠤᠰ ᠤᠨ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡ ᠶᠢᠨ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠪᠠᠷ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠵᠠᠩᠭᠢᠯᠠᠭ᠎ᠠ ᠶᠢᠨ ᠭᠤᠭᠴᠤᠭ᠎ᠠ ᠪᠣᠯᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠠᠵᠢᠯ ᠬᠡᠷᠡᠭ ᠭᠦᠢᠴᠡᠳᠬᠡᠬᠦ ᠳᠤ ᠬᠦᠴᠢᠷᠲᠡᠢ᠂ ᠠᠵᠢᠯ ᠬᠡᠷᠡᠭ ᠭᠦᠢᠴᠡᠳᠬᠡᠬᠦ ᠳᠤ ᠤᠳᠠᠭᠠᠨ᠂ ᠠᠵᠢᠯ ᠬᠡᠷᠡᠭ ᠭᠦᠢᠴᠡᠳᠬᠡᠬᠦ ᠳᠤ ᠶᠠᠷᠰᠢᠭᠲᠠᠢ ᠠᠰᠠᠭᠤᠳᠠᠯ ᠢ ᠰᠢᠢᠳᠪᠦᠷᠢᠯᠡᠬᠦ ᠲᠤᠬᠠᠢ ᠪᠦᠬᠦ ᠲᠠᠯ᠎ᠠ ᠪᠠᠷ ᠪᠠᠶᠢᠷᠢᠯᠠᠭᠤᠯᠤᠯᠲᠠ ᠬᠢᠵᠦ᠂ ᠠᠵᠤ ᠠᠬᠤᠶᠢᠯᠠᠯ ᠪᠠ ᠠᠷᠠᠳ ᠲᠦᠮᠡᠨ ᠤ ᠠᠵᠢᠯ ᠬᠡᠷᠡᠭ ᠭᠦᠢᠴᠡᠳᠬᠡᠬᠦ ᠳᠤ ᠳᠥᠭᠦᠮ ᠦᠵᠡᠭᠦᠯᠬᠦ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠂ ︽ᠵᠥᠪᠬᠡᠨ ᠨᠢᠭᠡ ᠯᠡ ᠡᠭᠦᠳᠡ ᠪᠠᠷ ᠣᠷᠣᠵᠤ ᠭᠦᠢᠴᠡᠳᠬᠡᠬᠦ︾᠂ ︽ᠶᠡᠬᠡᠳᠡᠬᠦ ᠳᠤ ᠪᠠᠨ ᠨᠢᠭᠡ ᠯᠠ ᠤᠳᠠᠭ᠎ᠠ ᠣᠴᠢᠵᠤ ᠭᠦᠢᠴᠡᠳᠬᠡᠬᠦ︾ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠪᠡ᠃ ᠡᠨᠡ ᠵᠢᠯ ᠤᠨ 7 ᠳ᠋ᠤᠭᠠᠷ ᠰᠠᠷ᠎ᠠ ᠶᠢᠨ 28 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠠᠵᠤ ᠠᠬᠤᠶᠢᠯᠠᠯ ᠤᠨ ᠪᠦᠯᠦᠭᠯᠡᠯ ᠤᠨ ᠬᠠᠷᠭᠤᠭᠤᠯᠤᠨ ᠵᠥᠪᠰᠢᠶᠡᠷᠡᠵᠦ ᠲᠡᠮᠳᠡᠭᠯᠡᠬᠦ᠂ ᠰᠠᠯᠪᠤᠷᠢ ᠺᠣᠮᠫᠠᠨᠢ ᠪᠠᠶᠢᠭᠤᠯᠬᠤ ᠶᠢ ᠪᠦᠷᠢᠳᠬᠡᠨ ᠳᠠᠩᠰᠠᠯᠠᠬᠤ᠂ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠣᠭᠤᠯᠵᠤ ᠬᠠᠮᠲᠤᠷᠠᠭᠰᠠᠨ ᠠᠵᠤ ᠠᠬᠤᠶᠢᠯᠠᠯ ᠤᠨ ᠰᠠᠯᠪᠤᠷᠢ ᠪᠠᠶᠢᠭᠤᠯᠤᠮᠵᠢ ᠪᠠᠶᠢᠭᠤᠯᠬᠤ᠂ ᠬᠤᠪᠢᠷᠠᠭᠤᠯᠬᠤ᠂ ᠳᠠᠩᠰᠠᠯᠠᠭᠤᠯᠬᠤ ᠶᠢ ᠪᠦᠷᠢᠳᠬᠡᠨ ᠳᠠᠩᠰᠠᠯᠠᠬᠤ ᠪᠠ ᠡᠵᠡᠩᠨᠡᠯᠲᠡ ᠶᠢᠨ ᠦᠨᠡᠮᠯᠡᠯ ᠢᠶᠠᠨ ᠬᠦᠴᠦᠨ ᠦᠭᠡᠢ ᠪᠣᠯᠭᠠᠬᠤ ᠪᠠᠷ ᠢᠯᠡᠷᠬᠡᠶᠢᠯᠡᠬᠦ ᠵᠡᠷᠭᠡ ᠠᠵᠤ ᠠᠬᠤᠶᠢᠯᠠᠯ ᠤᠨ ᠲᠡᠮᠳᠡᠭᠯᠡᠨ ᠳᠠᠩᠰᠠᠯᠠᠬᠤ ᠳᠤ ᠬᠤᠯᠪᠣᠭᠳᠠᠭᠰᠠᠨ ᠵᠦᠢᠯᠡᠰ ᠢ ᠦᠭᠡᠶᠢᠰᠬᠡᠬᠦ ᠲᠣᠭᠲᠠᠭᠠᠯ ᠭᠠᠷᠭᠠᠵᠤ᠂ ᠮᠡᠳᠡᠭᠡ ᠵᠠᠩᠭᠢ ᠶᠢ ᠨᠡᠶᠢᠲᠡ ᠳᠤ ᠵᠠᠷᠯᠠᠬᠤ ᠪᠠ ᠬᠠᠮᠵᠢᠯᠴᠠᠵᠤ ᠬᠠᠮᠲᠤ ᠳᠤ ᠪᠠᠨ ᠬᠦᠷᠲᠡᠬᠦ ᠶᠢ ᠴᠢᠩᠭᠠᠷᠠᠭᠤᠯᠤᠨ᠂ ᠠᠵᠢᠯ ᠬᠡᠷᠡᠭ ᠤᠨ ᠳᠤᠮᠳᠠᠬᠢ ᠪᠠ ᠠᠵᠢᠯ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ᠃ ᠬᠤᠯᠪᠣᠭᠳᠠᠯ ᠪᠦᠬᠦᠢ ᠵᠦᠢᠯᠡᠰ ᠢ ᠦᠭᠡᠶᠢᠰᠬᠡᠭᠰᠡᠨ ᠤ ᠳᠠᠷᠠᠭᠠᠬᠢ ᠲᠥᠬᠦᠷᠵᠢᠭᠦᠯᠦᠨ ᠵᠣᠯᠭᠠᠯᠳᠤᠭᠤᠯᠬᠤ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠤᠨ ᠠᠵᠢᠯ ᠬᠡᠷᠡᠭ ᠭᠦᠢᠴᠡᠳᠬᠡᠬᠦ ᠥᠪᠡᠷ ᠤᠨ ᠥᠷᠲᠡᠭ ᠢ ᠨᠢ ᠪᠠᠭᠤᠷᠠᠭᠤᠯᠤᠨ᠂ ᠠᠵᠢᠯ ᠬᠡᠷᠡᠭ ᠤᠨ ᠳᠤᠮᠳᠠᠬᠢ ᠪᠠ ᠠᠵᠢᠯ ᠬᠡᠷᠡᠭ ᠤᠨ ᠳᠠᠷᠠᠭᠠᠬᠢ ᠬᠢᠨᠠᠵᠤ ᠬᠠᠮᠢᠶᠠᠷᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠶᠢᠨ ᠲᠥᠯᠥᠭᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠠᠴᠠ 8 ᠳ᠋ᠤᠭᠠᠷ ᠰᠠᠷ᠎ᠠ ᠶᠢᠨ 17 ᠤ ᠡᠳᠦᠷ ︽ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ︽ᠠᠵᠤ ᠠᠬᠤᠶᠢᠯᠠᠯ ᠤᠨ ᠪᠦᠯᠦᠭᠯᠡᠯ ᠤᠨ ᠳᠠᠩᠰᠠᠯᠠᠭᠤᠯᠤᠨ ᠲᠡᠮᠳᠡᠭᠯᠡᠭᠦᠯᠦᠭᠰᠡᠨ ᠦᠨᠡᠮᠯᠡᠯ︾ ᠢ ᠬᠠᠷᠭᠤᠭᠤᠯᠤᠨ ᠲᠠᠷᠬᠠᠭᠠᠬᠤ ᠶᠢ ᠦᠭᠡᠶᠢᠰᠬᠡᠬᠦ᠂ ᠠᠵᠤ ᠠᠬᠤᠶᠢᠯᠠᠯ ᠤᠨ ᠮᠡᠳᠡᠭᠡ ᠵᠠᠩᠭᠢ ᠪᠠᠨ ᠨᠡᠶᠢᠲᠡ ᠳᠤ ᠵᠠᠷᠯᠠᠬᠤ ᠶᠢ ᠴᠢᠩᠭᠠᠷᠠᠭᠤᠯᠬᠤ︔ ᠠᠵᠤ ᠠᠬᠤᠶᠢᠯᠠᠯ ᠤᠨ ᠬᠠᠮᠢᠶ᠎ᠠ ᠪᠦᠬᠦᠢ ᠪᠦᠷᠢᠳᠬᠡᠯ ᠳᠠᠩᠰᠠᠯᠠᠭᠤᠯᠤᠯᠲᠠ ᠶᠢ ᠦᠭᠡᠶᠢᠰᠬᠡᠵᠦ᠂ ᠳᠠᠩᠰᠠᠯᠠᠨ ᠲᠡᠮᠳᠡᠭᠯᠡᠬᠦ ᠪᠠᠶᠢᠭᠤᠯᠭ᠎ᠠ ᠶᠢᠨ ᠮᠡᠳᠡᠭᠡ ᠵᠠᠩᠭᠢ ᠪᠠᠨ ᠲᠠᠨᠢᠯᠴᠠᠭᠤᠯᠤᠨ ᠬᠦᠷᠭᠡᠬᠦ ᠶᠢ ᠰᠠᠶᠢᠲᠤᠷ ᠬᠢᠬᠦ︔ ᠢᠯᠡᠷᠬᠡᠶᠢᠯᠡᠬᠦ ᠠᠷᠭ᠎ᠠ ᠬᠡᠯᠪᠡᠷᠢ ᠳᠤ ᠲᠣᠬᠢᠷᠠᠭᠤᠯᠤᠯᠲᠠ ᠬᠢᠵᠦ᠂ ᠰᠦᠢᠳᠬᠡᠯ ᠬᠤᠷᠢᠶᠠᠬᠤ ᠦᠭᠡᠢ ᠪᠠᠷ ᠨᠡᠶᠢᠲᠡᠯᠡᠨ ᠵᠠᠷᠯᠠᠬᠤ ᠦᠢᠯᠡᠴᠢᠯᠡᠭᠡ ᠬᠠᠩᠭᠠᠬᠤ︔ ᠰᠢᠰᠲ᠋ᠧᠮ ᠤᠨ ᠦᠢᠯᠡᠳᠦᠯ ᠴᠢᠳᠠᠮᠵᠢ ᠶᠢ ᠲᠡᠭᠦᠯᠳᠡᠷᠵᠢᠭᠦᠯᠵᠦ᠂ ᠮᠡᠳᠡᠭᠡ ᠵᠠᠩᠭᠢᠵᠢᠭᠤᠯᠤᠨ ᠪᠠᠲᠤᠯᠠᠬᠤ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠵᠡᠷᠭᠡ 4 ᠲᠠᠯ᠎ᠠ ᠠᠴᠠ ᠠᠵᠢᠯ ᠤᠨ ᠪᠠᠶᠢᠷᠢᠯᠠᠭᠤᠯᠤᠯᠲᠠ ᠬᠢᠵᠡᠢ᠃      ᠬᠤᠶᠠᠷ᠂ ᠠᠵᠤ ᠠᠬᠤᠶᠢᠯᠠᠯ ᠤᠨ ᠪᠦᠯᠦᠭᠯᠡᠯ ᠤᠨ ᠬᠠᠷᠭᠤᠭᠤᠯᠤᠨ ᠵᠥᠪᠰᠢᠶᠡᠷᠡᠵᠦ ᠲᠡᠮᠳᠡᠭᠯᠡᠬᠦ ᠶᠢ ᠦᠭᠡᠶᠢᠰᠬᠡᠭᠰᠡᠨ ᠤ ᠳᠠᠷᠠᠭ᠎ᠠ᠂ ᠠᠵᠤ ᠠᠬᠤᠶᠢᠯᠠᠯ ᠤᠨ ᠪᠦᠯᠦᠭᠯᠡᠯ ᠪᠠᠶᠢᠭᠤᠯᠬᠤ ᠨᠥᠬᠦᠴᠡᠯ ᠳᠤ ᠶᠠᠮᠠᠷ ᠬᠤᠪᠢᠷᠠᠯᠲᠠ ᠭᠠᠷᠬᠤ ᠪᠣᠢ︖      ᠠᠵᠤ ᠠᠬᠤᠶᠢᠯᠠᠯ ᠤᠨ ᠪᠦᠯᠦᠭᠯᠡᠯ ᠤᠨ ᠬᠠᠷᠭᠤᠭᠤᠯᠤᠨ ᠵᠥᠪᠰᠢᠶᠡᠷᠡᠵᠦ ᠲᠡᠮᠳᠡᠭᠯᠡᠬᠦ ᠶᠢ ᠦᠭᠡᠶᠢᠰᠬᠡᠬᠦ ᠠᠴᠠ ᠡᠮᠦᠨ᠎ᠡ᠂ ᠠᠵᠤ ᠠᠬᠤᠶᠢᠯᠠᠯ ᠤᠨ ᠪᠦᠯᠦᠭᠯᠡᠯ ᠪᠠᠶᠢᠭᠤᠯᠬᠤ ᠳᠤ ᠭᠤᠷᠪᠠᠨ ᠦᠨᠳᠦᠰᠦᠨ ᠨᠥᠬᠦᠴᠡᠯ ᠢ ᠪᠦᠷᠢᠯᠳᠦᠭᠦᠯᠬᠦ ᠴᠢᠬᠤᠯᠠᠲᠠᠢ᠃ ᠲᠤᠬᠠᠶᠢᠯᠠᠪᠠᠯ᠂ ᠪᠦᠯᠦᠭᠯᠡᠯ ᠤᠨ ᠡᠬᠡ ᠺᠣᠮᠫᠠᠨᠢ ᠶᠢᠨ ᠳᠠᠩᠰᠠᠯᠠᠭᠤᠯᠤᠭᠰᠠᠨ ᠬᠥᠷᠥᠩᠭᠡ ᠨᠢ 5000 ᠲᠦᠮᠡᠨ ᠲᠥᠭᠦᠷᠢᠭ ᠠᠷᠠᠳ ᠤᠨ ᠵᠣᠭᠤᠰ ᠠᠴᠠ ᠳᠡᠭᠡᠭᠰᠢ ᠪᠠᠶᠢᠵᠤ᠂ ᠡᠬᠡ ᠺᠣᠮᠫᠠᠨᠢ ᠪᠠ ᠬᠤᠪᠢᠶᠠᠷᠢ ᠺᠣᠮᠫᠠᠨᠢ ︵ᠠᠳᠠᠭ ᠲᠤ ᠪᠠᠨ 5 ᠺᠣᠮᠫᠠᠨᠢ ᠪᠠᠶᠢᠨ᠎ᠠ︶ ᠶᠢᠨ ᠳᠠᠩᠰᠠᠯᠠᠭᠤᠯᠤᠭᠰᠠᠨ ᠬᠥᠷᠥᠩᠭᠡ ᠶᠢᠨ ᠶᠡᠷᠦᠩᠬᠡᠢ ᠨᠡᠶᠢᠯᠡᠪᠦᠷᠢ ᠨᠢ 1 ᠳ᠋ᠦᠩᠰᠢᠭᠤᠷ ᠲᠥᠭᠦᠷᠢᠭ ᠠᠷᠠᠳ ᠤᠨ ᠵᠣᠭᠤᠰ ᠠᠴᠠ ᠳᠡᠭᠡᠭᠰᠢ ᠪᠠᠶᠢᠪᠠᠯ᠂ ᠪᠦᠯᠦᠭᠯᠡᠯ ᠤᠨ ᠪᠦᠷᠢᠯᠳᠦᠬᠦᠨ ᠨᠢᠭᠡᠴᠢ ᠨᠦᠭᠦᠳ ᠲᠤ ᠪᠦᠷ ᠬᠠᠤᠯᠢ ᠶᠢᠨ ᠡᠷᠬᠡᠲᠡᠨ ᠤ ᠬᠢᠷᠢ ᠭᠡᠮ ᠲᠠᠢ ᠪᠠᠶᠢᠳᠠᠭ᠃ ᠶᠡᠷᠦᠩᠬᠡᠢ ᠲᠣᠪᠴᠢᠶ᠎ᠠ ᠠᠴᠠ ︽ᠮᠡᠳᠡᠭᠳᠡᠯ︾ ᠳᠤ ᠪᠠᠨ᠂ ᠠᠵᠤ ᠠᠬᠤᠶᠢᠯᠠᠯ ᠤᠨ ᠪᠦᠯᠦᠭᠯᠡᠯ ᠤᠨ ᠬᠠᠷᠭᠤᠭᠤᠯᠤᠨ ᠵᠥᠪᠰᠢᠶᠡᠷᠡᠵᠦ ᠲᠡᠮᠳᠡᠭᠯᠡᠬᠦ ᠶᠢ ᠦᠭᠡᠶᠢᠰᠬᠡᠭᠰᠡᠨ ᠤ ᠳᠠᠷᠠᠭ᠎ᠠ᠂ ᠠᠵᠤ ᠠᠬᠤᠶᠢᠯᠠᠯ ᠠᠴᠠ ᠳᠠᠬᠢᠵᠤ ᠠᠵᠤ ᠠᠬᠤᠶᠢᠯᠠᠯ ᠤᠨ ᠪᠦᠯᠦᠭᠯᠡᠯ ᠤᠨ ᠬᠠᠷᠭᠤᠭᠤᠯᠤᠨ ᠵᠥᠪᠰᠢᠶᠡᠷᠡᠵᠦ ᠲᠡᠮᠳᠡᠭᠯᠡᠬᠦ ᠶᠢ ᠭᠦᠢᠴᠡᠳᠬᠡᠬᠦ ᠪᠠ ︽ᠠᠵᠤ ᠠᠬᠤᠶᠢᠯᠠᠯ ᠤᠨ ᠪᠦᠯᠦᠭᠯᠡᠯ ᠤᠨ ᠲᠡᠮᠳᠡᠭᠯᠡᠭᠦᠯᠬᠦ ᠦᠨᠡᠮᠯᠡᠯ︾ ᠭᠤᠶᠤᠴᠢᠯᠠᠬᠤ ᠴᠢᠬᠤᠯᠠ ᠦᠭᠡᠢ ᠪᠣᠯᠵᠠᠢ ᠭᠡᠵᠦ ᠲᠣᠳᠣᠷᠬᠠᠶᠢᠯᠠᠪᠠ᠃ ᠡᠭᠦᠨ ᠤ ᠬᠠᠮᠲᠤ᠂ ︽ᠮᠡᠳᠡᠭᠳᠡᠯ︾ ᠨᠢ ᠠᠵᠤ ᠠᠬᠤᠶᠢᠯᠠᠯ ᠤᠨ ᠨᠡᠷᠡᠶᠢᠳᠦᠯ ᠳᠤ ︽ᠪᠦᠯᠦᠭᠯᠡᠯ︾ ᠭᠡᠬᠦ ᠦᠰᠦᠭ ᠢ ᠬᠡᠷᠬᠢᠨ ᠬᠡᠷᠡᠭᠯᠡᠬᠦ ᠲᠤᠬᠠᠢ ᠵᠢᠷᠤᠮᠵᠢᠭᠤᠯᠪᠠ᠃ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠠᠴᠠ ᠨᠡᠷᠡᠶᠢᠳᠦᠯ ᠳᠠᠬᠢ ᠵᠣᠬᠢᠶᠠᠨ ᠪᠠᠶᠢᠭᠤᠯᠬᠤ ᠬᠡᠯᠪᠡᠷᠢ ᠶᠢᠨ ᠡᠮᠦᠨ᠎ᠡ ᠪᠠᠨ ︽ᠪᠦᠯᠦᠭᠯᠡᠯ︾ ᠪᠤᠶᠤ ︽︵ᠪᠦᠯᠦᠭᠯᠡᠯ︶︾ ᠦᠰᠦᠭ ᠢ ᠬᠡᠷᠡᠭᠯᠡᠵᠦ᠂ ᠲᠤᠰ ᠠᠵᠤ ᠠᠬᠤᠶᠢᠯᠠᠯ ᠢᠶᠠᠨ ᠠᠵᠤ ᠠᠬᠤᠶᠢᠯᠠᠯ ᠤᠨ ᠪᠦᠯᠦᠭᠯᠡᠯ ᠤᠨ ᠢᠶᠠᠨ ᠡᠬᠡ ᠺᠣᠮᠫᠠᠨᠢ ᠪᠣᠯᠭᠠᠵᠤ ᠪᠣᠯᠣᠨ᠎ᠠ᠃ ᠠᠵᠤ ᠠᠬᠤᠶᠢᠯᠠᠯ ᠤᠨ ᠪᠦᠯᠦᠭᠯᠡᠯ ᠤᠨ ᠨᠡᠷᠡᠶᠢᠳᠦᠯ ᠨᠢ ᠡᠬᠡ ᠺᠣᠮᠫᠠᠨᠢ ᠶᠢᠨ ᠢᠶᠠᠨ ᠨᠡᠷᠡᠶᠢᠳᠦᠯ ᠤᠨ ᠵᠠᠰᠠᠭ ᠵᠠᠬᠢᠷᠭᠠᠨ ᠤ ᠬᠤᠪᠢᠶᠠᠷᠢᠯᠠᠯ᠂ ᠦᠰᠦᠭ ᠤᠨ ᠨᠣᠮᠧᠷ᠂ ᠠᠵᠢᠯ ᠲᠥᠷᠥᠯ ᠪᠤᠶᠤ ᠡᠵᠡᠩᠨᠡᠯᠲᠡ ᠶᠢᠨ ᠣᠨᠴᠠᠯᠢᠭ ᠲᠠᠢ ᠨᠢᠭᠡᠳᠦᠯᠲᠡᠢ ᠪᠠᠶᠢᠬᠤ ᠬᠡᠷᠡᠭᠲᠡᠢ᠃ ᠠᠵᠤ ᠠᠬᠤᠶᠢᠯᠠᠯ ᠤᠨ ᠪᠦᠯᠦᠭᠯᠡᠯ ᠤᠨ ᠨᠡᠷᠡᠶᠢᠳᠦᠯ ᠪᠠ ᠳᠥᠭᠦᠮ ᠨᠡᠷᠡᠶᠢᠳᠦᠯ ᠢ ᠬᠡᠷᠡᠭᠯᠡᠬᠦ ᠴᠢᠬᠤᠯᠠᠲᠠᠢ ᠪᠣᠯ᠂ ᠡᠬᠡ ᠺᠣᠮᠫᠠᠨᠢ ᠨᠢ ᠳᠦᠷᠢᠮ ᠲᠣᠭᠲᠠᠭᠠᠯ ᠳᠤ ᠪᠠᠨ ᠲᠡᠮᠳᠡᠭᠯᠡᠬᠦ ᠶᠢᠨ ᠬᠠᠮᠲᠤ᠂ ᠠᠵᠤ ᠠᠬᠤᠶᠢᠯᠠᠯ ᠤᠨ ᠨᠡᠷᠡᠶᠢᠳᠦᠯ ᠢᠶᠠᠨ ᠲᠡᠮᠳᠡᠭᠯᠡᠭᠦᠯᠬᠦ ᠪᠠᠷ ᠭᠤᠶᠤᠴᠢᠯᠠᠬᠤ ᠦᠶ᠎ᠡ ᠳᠤ ᠬᠠᠮᠲᠤ ᠳᠤ ᠨᠢ ᠲᠤᠰᠢᠶᠠᠬᠤ ᠬᠡᠷᠡᠭᠲᠡᠢ᠃ ᠡᠬᠡ ᠺᠣᠮᠫᠠᠨᠢ ᠶᠢᠨ ᠪᠦᠬᠦ ᠬᠥᠷᠥᠩᠭᠡ ᠪᠤᠶᠤ ᠰᠲ᠋ᠣᠺ ᠡᠵᠡᠮᠳᠡᠵᠦ ᠪᠠᠶᠢᠭ᠎ᠠ ᠬᠤᠪᠢᠶᠠᠷᠢ ᠺᠣᠮᠫᠠᠨᠢ᠂ ᠡᠬᠡ ᠺᠣᠮᠫᠠᠨᠢ ᠠᠴᠠ ᠡᠷᠬᠡ ᠣᠯᠭᠤᠭᠰᠠᠨ ᠰᠲ᠋ᠣᠺ ᠣᠷᠣᠭᠰᠠᠨ ᠺᠣᠮᠫᠠᠨᠢ ᠨᠢ ᠨᠡᠷᠡᠶᠢᠳᠦᠯ ᠳᠤ ᠪᠠᠨ ᠠᠵᠤ ᠠᠬᠤᠶᠢᠯᠠᠯ ᠤᠨ ᠪᠦᠯᠦᠭᠯᠡᠯ ᠤᠨ ᠨᠡᠷᠡᠶᠢᠳᠦᠯ ᠪᠤᠶᠤ ᠳᠥᠭᠦᠮ ᠨᠡᠷᠡᠶᠢᠳᠦᠯ ᠢ ᠬᠠᠳᠠᠵᠤ ᠪᠣᠯᠣᠨ᠎ᠠ᠃ ᠠᠵᠤ ᠦᠢᠯᠡᠳᠪᠦᠷᠢ ᠬᠤᠳᠠᠯᠳᠤᠭ᠎ᠠ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠠᠵᠤ ᠠᠬᠤᠶᠢᠯᠠᠯ ᠤᠨ ᠪᠦᠯᠦᠭᠯᠡᠯ ᠤᠨ ᠪᠦᠷᠢᠯᠳᠦᠬᠦᠨ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠬᠥᠷᠥᠩᠭᠡ ᠪᠠ ᠲᠣᠭᠠᠨ ᠬᠡᠮᠵᠢᠶᠡᠨ ᠳᠤ ᠬᠢᠨᠠᠯᠲᠠ ᠪᠠᠶᠢᠴᠠᠭᠠᠯᠲᠠ ᠬᠢᠬᠦ ᠦᠭᠡᠢ᠃      ᠭᠤᠷᠪᠠ᠂ ᠠᠵᠤ ᠠᠬᠤᠶᠢᠯᠠᠯ ᠤᠨ ᠪᠦᠯᠦᠭᠯᠡᠯ ᠤᠨ ᠬᠠᠷᠭᠤᠭᠤᠯᠤᠨ ᠵᠥᠪᠰᠢᠶᠡᠷᠡᠵᠦ ᠲᠡᠮᠳᠡᠭᠯᠡᠬᠦ ᠶᠢ ᠦᠭᠡᠶᠢᠰᠬᠡᠭᠰᠡᠨ ᠤ ᠳᠠᠷᠠᠭ᠎ᠠ᠂ ᠠᠵᠤ ᠦᠢᠯᠡᠳᠪᠦᠷᠢ ᠬᠤᠳᠠᠯᠳᠤᠭ᠎ᠠ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠠᠵᠤ ᠠᠬᠤᠶᠢᠯᠠᠯ ᠤᠨ ᠪᠦᠯᠦᠭᠯᠡᠯ ᠳᠠᠬᠢ ᠵᠠᠯᠭᠠᠮᠵᠢ ᠬᠢᠨᠠᠯᠲᠠ ᠬᠠᠮᠢᠶᠠᠷᠤᠯᠲᠠ ᠶᠢ ᠬᠡᠷᠬᠢᠨ ᠴᠢᠩᠭᠠᠳᠬᠠᠬᠤ ᠪᠣᠢ︖      ᠶᠡᠷᠦᠩᠬᠡᠢ ᠲᠣᠪᠴᠢᠶ᠎ᠠ ᠠᠴᠠ ︽ᠮᠡᠳᠡᠭᠳᠡᠯ︾ ᠳᠤ ᠪᠠᠨ᠂ ᠡᠯ᠎ᠡ ᠭᠠᠵᠠᠷ ᠤᠨ ᠠᠵᠤ ᠦᠢᠯᠡᠳᠪᠦᠷᠢ ᠬᠤᠳᠠᠯᠳᠤᠭ᠎ᠠ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠪᠦᠯᠦᠭᠯᠡᠯ ᠤᠨ ᠡᠬᠡ ᠺᠣᠮᠫᠠᠨᠢ ᠶᠢᠨ ᠮᠡᠳᠡᠭᠡ ᠵᠠᠩᠭᠢ ᠶᠢ ᠨᠡᠶᠢᠲᠡ ᠳᠤ ᠵᠠᠷᠯᠠᠬᠤ ᠪᠠᠨ ᠴᠢᠩᠭᠠᠷᠠᠭᠤᠯᠬᠤ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠪᠦᠯᠦᠭᠯᠡᠯ ᠳᠠᠬᠢ ᠵᠠᠯᠭᠠᠮᠵᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠪᠣᠯᠣᠨ᠎ᠠ᠃ ᠠᠵᠤ ᠠᠬᠤᠶᠢᠯᠠᠯ ᠤᠨ ᠪᠦᠯᠦᠭᠯᠡᠯ ᠤᠨ ᠬᠠᠷᠭᠤᠭᠤᠯᠤᠨ ᠵᠥᠪᠰᠢᠶᠡᠷᠡᠵᠦ ᠲᠡᠮᠳᠡᠭᠯᠡᠬᠦ ᠶᠢ ᠦᠭᠡᠶᠢᠰᠬᠡᠭᠰᠡᠨ ᠤ ᠳᠠᠷᠠᠭ᠎ᠠ᠂ ᠪᠦᠯᠦᠭᠯᠡᠯ ᠤᠨ ᠡᠬᠡ ᠺᠣᠮᠫᠠᠨᠢ ᠠᠴᠠ ᠠᠵᠤ ᠠᠬᠤᠶᠢᠯᠠᠯ ᠤᠨ ᠪᠦᠯᠦᠭᠯᠡᠯ ᠤᠨ ᠨᠡᠷᠡᠶᠢᠳᠦᠯ ᠵᠢᠴᠢ ᠪᠦᠯᠦᠭᠯᠡᠯ ᠤᠨ ᠭᠡᠰᠢᠭᠦᠳ ᠤᠨ ᠮᠡᠳᠡᠭᠡ ᠵᠠᠩᠭᠢ ᠶᠢ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠨᠡᠶᠢᠲᠡ ᠳᠤ ᠵᠠᠷᠯᠠᠬᠤ ᠰᠢᠰᠲ᠋ᠧᠮ ᠤᠨ ︽ᠪᠦᠯᠦᠭᠯᠡᠯ ᠤᠨ ᠡᠬᠡ ᠺᠣᠮᠫᠠᠨᠢ ᠶᠢᠨ ᠠᠯᠪᠠᠨ ᠵᠠᠷᠯᠠᠯ︾ ᠪᠤᠯᠤᠩ ᠢᠶᠠᠷ ᠳᠠᠮᠵᠢᠭᠤᠯᠤᠨ ᠨᠡᠶᠢᠭᠡᠮ ᠨᠡᠶᠢᠲᠡ ᠳᠤ ᠵᠠᠷᠯᠠᠵᠤ᠂ ᠨᠡᠶᠢᠭᠡᠮ ᠤᠨ ᠬᠢᠨᠠᠯᠲᠠ ᠲᠠᠯᠪᠢᠬᠤ ᠶᠢ ᠬᠦᠯᠢᠶᠡᠨ᠎ᠡ᠃ ᠡᠭᠦᠨ ᠤ ᠬᠠᠮᠲᠤ᠂ ᠠᠵᠤ ᠦᠢᠯᠡᠳᠪᠦᠷᠢ ᠬᠤᠳᠠᠯᠳᠤᠭ᠎ᠠ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠨᠡᠶᠢᠲᠡ ᠳᠤ ᠵᠠᠷᠯᠠᠬᠤ ᠰᠢᠰᠲ᠋ᠧᠮ ᠢᠶᠠᠷ ᠳᠠᠮᠵᠢᠭᠤᠯᠤᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠡᠭᠦᠰᠦᠭᠰᠡᠨ ᠠᠵᠤ ᠠᠬᠤᠶᠢᠯᠠᠯ ᠤᠨ ᠮᠡᠳᠡᠭᠡ ᠵᠠᠩᠭᠢ ᠶᠢ ᠬᠠᠤᠯᠢ ᠶᠣᠰᠣᠭᠠᠷ ᠨᠡᠶᠢᠲᠡ ᠳᠤ ᠵᠠᠷᠯᠠᠵᠤ᠂ ᠨᠡᠶᠢᠭᠡᠮ ᠤᠨ ᠨᠡᠶᠢᠲᠡ ᠣᠯᠠᠨ ᠢᠶᠠᠷ ᠢᠶᠠᠨ ᠬᠤᠯᠪᠣᠭᠳᠠᠯ ᠪᠦᠬᠦᠢ ᠠᠵᠤ ᠠᠬᠤᠶᠢᠯᠠᠯ ᠤᠨ ᠪᠦᠯᠦᠭᠯᠡᠯ ᠤᠨ ᠦᠨᠳᠦᠰᠦᠨ ᠪᠠᠶᠢᠳᠠᠯ ᠢ ᠬᠠᠶᠢᠨ ᠯᠠᠪᠯᠠᠵᠤ ᠮᠠᠭᠠᠳᠯᠠᠬᠤ ᠳᠤ ᠳᠥᠭᠦᠮ ᠦᠵᠡᠭᠦᠯᠦᠨ᠎ᠡ᠃ ᠡᠭᠦᠨ ᠤ ᠬᠠᠮᠲᠤ᠂ ᠠᠵᠤ ᠦᠢᠯᠡᠳᠪᠦᠷᠢ ᠬᠤᠳᠠᠯᠳᠤᠭ᠎ᠠ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠡᠯ᠎ᠡ ᠵᠦᠢᠯ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ᠠᠪᠴᠢᠯ ᠢ ᠶᠡᠷᠦᠩᠬᠡᠶᠢᠯᠡᠨ ᠬᠡᠷᠡᠭᠯᠡᠵᠦ᠂ ᠬᠠᠷᠢᠶᠠᠲᠤ ᠣᠷᠣᠨ ᠤ ᠳᠣᠲᠣᠷᠠᠬᠢ ᠠᠵᠤ ᠠᠬᠤᠶᠢᠯᠠᠯ ᠤᠨ ᠪᠦᠯᠦᠭᠯᠡᠯ ᠵᠢᠴᠢ ᠪᠦᠷᠢᠯᠳᠦᠬᠦᠨ ᠠᠵᠤ ᠠᠬᠤᠶᠢᠯᠠᠯ ᠪᠠᠨ ᠬᠠᠤᠯᠢ ᠶᠣᠰᠣᠭᠠᠷ ᠬᠥᠳᠡᠯᠦᠩᠭᠦᠢ ᠪᠠᠷ ᠬᠢᠨᠠᠨ ᠰᠢᠨᠵᠢᠬᠦ ᠪᠠ ᠬᠠᠷᠭᠤᠭᠤᠯᠤᠨ ᠪᠠᠶᠢᠴᠠᠭᠠᠵᠤ᠂ ᠬᠢᠨᠠᠨ ᠪᠠᠶᠢᠴᠠᠭᠠᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠣᠢ ᠪᠣᠯᠭᠠᠨ᠎ᠠ᠃ ᠵᠠᠬ᠎ᠠ ᠳᠡᠯᠭᠡᠭᠦᠷ ᠤᠨ ᠬᠢᠨᠠᠯᠲᠠ ᠲᠠᠯᠪᠢᠵᠤ ᠬᠠᠮᠢᠶᠠᠷᠬᠤ ᠬᠠᠤᠯᠢ ᠴᠠᠭᠠᠵᠠ ᠳᠦᠷᠢᠮ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠡᠷᠡᠵᠦ ᠮᠡᠳᠡᠪᠡᠯ᠂ ᠬᠠᠮᠢᠶ᠎ᠠ ᠪᠦᠬᠦᠢ ᠲᠣᠭᠲᠠᠭᠠᠯ ᠢᠶᠠᠷ ᠦᠨᠳᠦᠰᠦᠯᠡᠯ ᠪᠣᠯᠭᠠᠵᠤ ᠰᠢᠢᠳᠪᠦᠷᠢᠯᠡᠨ᠎ᠡ ᠭᠡᠵᠦ ᠳᠤᠷᠠᠳᠤᠨ ᠭᠠᠷᠭᠠᠵᠠᠢ᠃      ᠳᠥᠷᠪᠡ᠂ ᠠᠵᠤ ᠠᠬᠤᠶᠢᠯᠠᠯ ᠤᠨ ᠬᠠᠮᠢᠶ᠎ᠠ ᠪᠦᠬᠦᠢ ᠪᠦᠷᠢᠳᠬᠡᠯ ᠳᠠᠩᠰᠠᠯᠠᠭᠤᠯᠤᠯᠲᠠ ᠶᠢ ᠦᠭᠡᠶᠢᠰᠬᠡᠭᠰᠡᠨ ᠤ ᠳᠠᠷᠠᠭ᠎ᠠ᠂ ᠪᠦᠷᠢᠳᠬᠡᠨ ᠳᠠᠩᠰᠠᠯᠠᠭᠰᠠᠨ ᠮᠡᠳᠡᠭᠡ ᠵᠠᠩᠭᠢ ᠶᠢ ᠬᠡᠷᠬᠢᠨ ᠨᠡᠶᠢᠲᠡ ᠳᠤ ᠵᠠᠷᠯᠠᠬᠤ ᠪᠣᠢ︖      ︽ᠲᠣᠭᠲᠠᠭᠠᠯ︾ ᠳᠤ ᠬᠤᠪᠢᠶᠠᠷᠢ ᠺᠣᠮᠫᠠᠨᠢ ᠪᠠᠶᠢᠭᠤᠯᠬᠤ ᠪᠠᠷ ᠪᠦᠷᠢᠳᠬᠡᠨ ᠳᠠᠩᠰᠠᠯᠠᠭᠤᠯᠬᠤ ᠪᠠ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠣᠭᠤᠯᠵᠤ ᠬᠠᠮᠲᠤᠷᠠᠭᠰᠠᠨ ᠠᠵᠤ ᠠᠬᠤᠶᠢᠯᠠᠯ ᠤᠨ ᠰᠠᠯᠪᠤᠷᠢ ᠪᠠᠶᠢᠭᠤᠯᠤᠮᠵᠢ ᠪᠠᠶᠢᠭᠤᠯᠬᠤ᠂ ᠬᠤᠪᠢᠷᠠᠭᠤᠯᠬᠤ᠂ ᠬᠦᠴᠦᠨ ᠦᠭᠡᠢ ᠪᠣᠯᠭᠠᠬᠤ ᠪᠠᠷ ᠪᠦᠷᠢᠳᠬᠡᠨ ᠳᠠᠩᠰᠠᠯᠠᠭᠤᠯᠬᠤ ᠶᠢ ᠦᠭᠡᠶᠢᠰᠬᠡᠪᠡ᠃ ᠶᠡᠷᠦᠩᠬᠡᠢ ᠲᠣᠪᠴᠢᠶ᠎ᠠ ᠠᠴᠠ ︽ᠮᠡᠳᠡᠭᠳᠡᠯ︾ ᠳᠤ ᠪᠠᠨ᠂ ᠬᠤᠪᠢᠶᠠᠷᠢ ᠺᠣᠮᠫᠠᠨᠢ ᠶᠢ ᠺᠣᠮᠫᠠᠨᠢ ᠶᠢᠨ ᠳᠠᠩᠰᠠᠯᠠᠨ ᠲᠡᠮᠳᠡᠭᠯᠡᠬᠦ ᠪᠠᠶᠢᠭᠤᠯᠭ᠎ᠠ ᠠᠴᠠ ᠳᠠᠩᠰᠠᠯᠠᠨ ᠲᠡᠮᠳᠡᠭᠯᠡᠭᠦᠯᠬᠦ ᠶᠢ ᠵᠥᠪᠰᠢᠶᠡᠷᠡᠭᠰᠡᠨ ᠤ ᠳᠠᠷᠠᠭ᠎ᠠ᠂ ᠺᠣᠮᠫᠠᠨᠢ ᠠᠴᠠ ᠳᠠᠬᠢᠵᠤ ᠺᠣᠮᠫᠠᠨᠢ ᠶᠢᠨ ᠳᠠᠩᠰᠠᠯᠠᠨ ᠲᠡᠮᠳᠡᠭᠯᠡᠬᠦ ᠪᠠᠶᠢᠭᠤᠯᠭ᠎ᠠ ᠳᠤ ᠣᠴᠢᠵᠤ ᠬᠤᠪᠢᠶᠠᠷᠢ ᠺᠣᠮᠫᠠᠨᠢ ᠪᠠᠶᠢᠭᠤᠯᠬᠤ ᠪᠦᠷᠢᠳᠬᠡᠯ ᠳᠠᠩᠰᠠᠯᠠᠭᠤᠯᠤᠯᠲᠠ ᠭᠦᠢᠴᠡᠳᠬᠡᠬᠦ ᠴᠢᠬᠤᠯᠠ ᠦᠭᠡᠢ᠃ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠣᠭᠤᠯᠵᠤ ᠬᠠᠮᠲᠤᠷᠠᠭᠰᠠᠨ ᠠᠵᠤ ᠠᠬᠤᠶᠢᠯᠠᠯ ᠠᠴᠠ ᠰᠠᠯᠪᠤᠷᠢ ᠪᠠᠶᠢᠭᠤᠯᠤᠮᠵᠢ ᠪᠠᠶᠢᠭᠤᠯᠬᠤ ᠪᠠᠷ ᠳᠠᠩᠰᠠᠯᠠᠭᠤᠯᠤᠨ ᠲᠡᠮᠳᠡᠭᠯᠡᠭᠦᠯᠬᠦ᠂ ᠳᠠᠩᠰᠠᠯᠠᠨ ᠲᠡᠮᠳᠡᠭᠯᠡᠬᠦ ᠪᠠᠨ ᠬᠤᠪᠢᠷᠠᠭᠤᠯᠤᠭᠰᠠᠨ ᠪᠤᠶᠤ ᠬᠦᠴᠦᠨ ᠦᠭᠡᠢ ᠪᠣᠯᠭᠠᠭᠰᠠᠨ ᠤ ᠳᠠᠷᠠᠭ᠎ᠠ᠂ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠣᠭᠤᠯᠵᠤ ᠬᠠᠮᠲᠤᠷᠠᠭᠰᠠᠨ ᠠᠵᠤ ᠠᠬᠤᠶᠢᠯᠠᠯ ᠠᠴᠠ ᠳᠠᠬᠢᠵᠤ ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠬᠦ ᠪᠠᠶᠢᠭᠤᠯᠭ᠎ᠠ ᠳᠤ ᠣᠴᠢᠵᠤ ᠰᠠᠯᠪᠤᠷᠢ ᠪᠠᠶᠢᠭᠤᠯᠤᠮᠵᠢ ᠪᠠᠶᠢᠭᠤᠯᠬᠤ᠂ ᠬᠤᠪᠢᠷᠠᠭᠤᠯᠬᠤ ᠪᠤᠶᠤ ᠪᠦᠷᠢᠳᠬᠡᠯ ᠳᠠᠩᠰᠠᠯᠠᠭᠤᠯᠤᠯᠲᠠ ᠪᠠᠨ ᠬᠦᠴᠦᠨ ᠦᠭᠡᠢ ᠪᠣᠯᠭᠠᠬᠤ ᠪᠠᠷ ᠭᠦᠢᠴᠡᠳᠬᠡᠬᠦ ᠴᠢᠬᠤᠯᠠ ᠦᠭᠡᠢ᠃ ᠬᠤᠪᠢᠶᠠᠷᠢ ᠺᠣᠮᠫᠠᠨᠢ ︵ᠰᠠᠯᠪᠤᠷᠢ ᠪᠠᠶᠢᠭᠤᠯᠤᠮᠵᠢ︶ ᠶᠢᠨ ᠳᠠᠩᠰᠠᠯᠠᠨ ᠲᠡᠮᠳᠡᠭᠯᠡᠬᠦ ᠪᠠᠶᠢᠭᠤᠯᠭ᠎ᠠ ᠠᠴᠠ ᠬᠤᠪᠢᠶᠠᠷᠢ ᠺᠣᠮᠫᠠᠨᠢ ︵ᠰᠠᠯᠪᠤᠷᠢ ᠪᠠᠶᠢᠭᠤᠯᠤᠮᠵᠢ︶ ᠶᠢᠨ ᠳᠠᠩᠰᠠᠯᠠᠭᠤᠯᠤᠨ ᠲᠡᠮᠳᠡᠭᠯᠡᠭᠦᠯᠦᠭᠰᠡᠨ ᠮᠡᠳᠡᠭᠡ ᠵᠠᠩᠭᠢ ᠶᠢ ᠨᠡᠶᠢᠲᠡ ᠳᠤ ᠵᠠᠷᠯᠠᠬᠤ ᠡᠭᠦᠷᠭᠡ ᠶᠢ ᠭᠦᠢᠴᠡᠳᠬᠡᠬᠦ ᠶᠢᠨ ᠬᠠᠮᠲᠤ᠂ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠠᠪᠴᠢᠯ ᠢᠶᠠᠷ ᠳᠠᠮᠵᠢᠭᠤᠯᠤᠨ ᠺᠣᠮᠫᠠᠨᠢ ︵ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠣᠭᠤᠯᠵᠤ ᠬᠠᠮᠲᠤᠷᠠᠭᠰᠠᠨ ᠠᠵᠤ ᠠᠬᠤᠶᠢᠯᠠᠯ︶ ᠶᠢᠨ ᠳᠠᠩᠰᠠᠯᠠᠨ ᠲᠡᠮᠳᠡᠭᠯᠡᠬᠦ ᠪᠠᠶᠢᠭᠤᠯᠭ᠎ᠠ ᠲᠠᠢ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠶᠢ ᠪᠡᠶᠡᠯᠡᠭᠦᠯᠦᠨ᠎ᠡ᠃ ᠺᠣᠮᠫᠠᠨᠢ ︵ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠣᠭᠤᠯᠵᠤ ᠬᠠᠮᠲᠤᠷᠠᠭᠰᠠᠨ ᠠᠵᠤ ᠠᠬᠤᠶᠢᠯᠠᠯ︶ ᠶᠢᠨ ᠳᠠᠩᠰᠠᠯᠠᠨ ᠲᠡᠮᠳᠡᠭᠯᠡᠬᠦ ᠪᠠᠶᠢᠭᠤᠯᠭ᠎ᠠ ᠨᠢ ᠪᠠᠭᠤᠯᠭᠠᠵᠤ ᠠᠵᠤ ᠠᠬᠤᠶᠢᠯᠠᠯ ᠤᠨ ᠨᠡᠷᠡᠶᠢᠳᠦᠯ ᠤᠨ ᠳᠣᠣᠷ᠎ᠠ ᠲᠡᠮᠳᠡᠭᠯᠡᠬᠦ ᠶᠢ ᠬᠠᠷᠢᠭᠤᠴᠠᠬᠤ ᠶᠢᠨ ᠬᠠᠮᠲᠤ᠂ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠨᠡᠶᠢᠲᠡ ᠳᠤ ᠵᠠᠷᠯᠠᠬᠤ ᠰᠢᠰᠲ᠋ᠧᠮ ᠳᠠᠬᠢ ᠲᠤᠰ ᠺᠣᠮᠫᠠᠨᠢ ︵ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠣᠭᠤᠯᠵᠤ ᠬᠠᠮᠲᠤᠷᠠᠭᠰᠠᠨ ᠠᠵᠤ ᠠᠬᠤᠶᠢᠯᠠᠯ︶ ᠶᠢᠨ ᠳᠡᠯᠭᠡᠴᠡ ᠳᠡᠭᠡᠷ᠎ᠡ ᠳᠠᠮᠵᠢᠭᠤᠯᠵᠤ ᠨᠡᠶᠢᠲᠡ ᠳᠤ ᠵᠠᠷᠯᠠᠨ᠎ᠠ ᠭᠡᠵᠦ ᠤᠯᠠᠮ ᠨᠢᠭᠡ ᠠᠯᠬᠤᠮ ᠲᠣᠳᠣᠷᠬᠠᠶᠢᠯᠠᠵᠠᠢ᠃      ᠲᠠᠪᠤ᠂ ᠢᠯᠡᠷᠬᠡᠶᠢᠯᠡᠬᠦ ᠠᠷᠭ᠎ᠠ ᠬᠡᠯᠪᠡᠷᠢ  ᠳᠤ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠠᠵᠤ ᠠᠬᠤᠶᠢᠯᠠᠯ ᠠᠴᠠ  ︽ᠡᠵᠡᠩᠨᠡᠯᠲᠡ ᠶᠢᠨ ᠦᠨᠡᠮᠯᠡᠯ  ᠢᠶᠠᠨ ᠬᠦᠴᠦᠨ  ᠦᠭᠡᠢ  ᠪᠣᠯᠭᠠᠭᠰᠠᠨ ᠢᠯᠡᠷᠬᠡᠶᠢᠯᠡᠯᠲᠡ︾ ᠪᠠᠨ ᠬᠡᠷᠬᠢᠨ ᠨᠡᠶᠢᠲᠡᠯᠡᠬᠦ ᠪᠣᠢ︖      ᠶᠡᠷᠦᠩᠬᠡᠢ ᠲᠣᠪᠴᠢᠶ᠎ᠠ ᠠᠴᠠ ︽ᠮᠡᠳᠡᠭᠳᠡᠯ︾ ᠳᠤ ᠪᠠᠨ᠂ ᠡᠵᠡᠩᠨᠡᠯᠲᠡ ᠶᠢᠨ ᠦᠨᠡᠮᠯᠡᠯ ᠨᠢ ᠭᠡᠭᠡᠭᠳᠡᠭᠰᠡᠨ ᠪᠤᠶᠤ ᠡᠪᠳᠡᠭᠳᠡᠭᠰᠡᠨ ᠪᠣᠯ᠂ ᠠᠵᠤ ᠠᠬᠤᠶᠢᠯᠠᠯ ᠠᠴᠠ ᠳᠠᠬᠢᠵᠤ ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠬᠦ ᠪᠠᠶᠢᠭᠤᠯᠭ᠎ᠠ ᠶᠢᠨ ᠵᠢᠭᠠᠨ ᠲᠣᠭᠲᠠᠭᠠᠭᠰᠠᠨ ᠰᠣᠨᠢᠨ ᠰᠡᠳᠬᠦᠯ ᠳᠡᠭᠡᠷ᠎ᠡ ᠬᠦᠴᠦᠨ ᠦᠭᠡᠢ ᠪᠣᠯᠭᠠᠭᠰᠠᠨ ᠢᠯᠡᠷᠬᠡᠶᠢᠯᠡᠯᠲᠡ ᠨᠡᠶᠢᠲᠡᠯᠡᠬᠦ ᠴᠢᠬᠤᠯᠠ ᠦᠭᠡᠢ ᠪᠣᠯᠵᠤ᠂ ᠵᠥᠪᠬᠡᠨ ᠡᠵᠡᠨ ᠮᠡᠳᠡᠵᠦ ᠨᠡᠶᠢᠲᠡ ᠳᠤ ᠵᠠᠷᠯᠠᠬᠤ᠂ ᠬᠠᠷᠢᠭᠤᠴᠠᠯᠭ᠎ᠠ ᠪᠠᠨ ᠥᠪᠡᠷ ᠢᠶᠠᠨ ᠡᠭᠦᠷᠭᠡᠯᠡᠬᠦ ᠵᠠᠷᠴᠢᠮ ᠶᠣᠰᠣᠭᠠᠷ᠂ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠨᠡᠶᠢᠲᠡ ᠳᠤ ᠵᠠᠷᠯᠠᠬᠤ ᠰᠢᠰᠲ᠋ᠧᠮ ᠳᠤ ᠥᠪᠡᠰᠦᠪᠡᠨ ᠨᠡᠪᠲᠡᠷᠡᠨ ᠭᠠᠷᠴᠤ᠂ ︽ᠡᠵᠡᠩᠨᠡᠯᠲᠡ ᠶᠢᠨ ᠦᠨᠡᠮᠯᠡᠯ ᠢᠶᠠᠨ ᠬᠦᠴᠦᠨ ᠦᠭᠡᠢ ᠪᠣᠯᠭᠠᠬᠤ ᠢᠯᠡᠷᠬᠡᠶᠢᠯᠡᠯᠲᠡ︾ ᠪᠤᠯᠤᠩ ᠢᠶᠠᠷ ᠳᠠᠮᠵᠢᠭᠤᠯᠤᠨ ᠨᠡᠶᠢᠲᠡ ᠳᠤ ᠵᠠᠷᠯᠠᠪᠠᠯ ᠪᠣᠯᠴᠢᠬᠠᠨ᠎ᠠ᠂ ᠶᠠᠮᠠᠷᠪᠠ ᠵᠠᠷᠤᠳᠠᠯ ᠢ ᠡᠭᠦᠷᠭᠡᠯᠡᠨ ᠳᠠᠭᠠᠭᠠᠬᠤ ᠴᠢᠬᠤᠯᠠ ᠦᠭᠡᠢ ᠪᠣᠯᠣᠭᠰᠠᠨ ᠠᠴᠠ᠂ ᠠᠵᠤ ᠠᠬᠤᠶᠢᠯᠠᠯ ᠤᠨ ᠠᠵᠤ ᠠᠬᠤᠢ ᠶᠢᠨ ᠳᠠᠷᠤᠭᠠᠰᠤ ᠶᠢ ᠬᠥᠩᠭᠡᠯᠡᠨ᠎ᠡ᠃ ᠣᠨᠴᠠᠭᠠᠶᠢᠯᠠᠨ ᠠᠩᠬᠠᠷᠬᠤ ᠴᠢᠬᠤᠯᠠᠲᠠᠢ ᠨᠢ᠂ ᠠᠵᠤ ᠠᠬᠤᠶᠢᠯᠠᠯ ᠠᠴᠠ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠨᠡᠶᠢᠲᠡ ᠳᠤ ᠵᠠᠷᠯᠠᠬᠤ ᠰᠢᠰᠲ᠋ᠧᠮ ᠳᠤ ︽ᠡᠵᠡᠩᠨᠡᠯᠲᠡ ᠶᠢᠨ ᠦᠨᠡᠮᠯᠡᠯ ᠢᠶᠠᠨ ᠬᠦᠴᠦᠨ ᠦᠭᠡᠢ ᠪᠣᠯᠭᠠᠬᠤ ᠢᠯᠡᠷᠬᠡᠶᠢᠯᠡᠯᠲᠡ︾ ᠪᠠᠨ ᠵᠢᠩᠬᠢᠨᠢ ᠪᠠᠷ ᠨᠡᠶᠢᠲᠡᠯᠡᠭᠰᠡᠨ ᠤ ᠳᠠᠷᠠᠭ᠎ᠠ᠂ ᠰᠠᠶ᠋ᠢ ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠬᠦ ᠪᠠᠶᠢᠭᠤᠯᠭ᠎ᠠ ᠳᠤ ᠣᠴᠢᠵᠤ ᠡᠵᠡᠩᠨᠡᠯᠲᠡ ᠶᠢᠨ ᠦᠨᠡᠮᠯᠡᠯ ᠢᠶᠠᠨ ᠨᠥᠬᠦᠨ ᠠᠪᠬᠤ ᠭᠠᠷᠳᠠᠮ ᠢᠶᠠᠨ ᠭᠤᠶᠤᠴᠢᠯᠠᠨ ᠭᠦᠢᠴᠡᠳᠬᠡᠵᠦ ᠪᠣᠯᠣᠨ᠎ᠠ᠃ ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠬᠦ ᠪᠠᠶᠢᠭᠤᠯᠭ᠎ᠠ ᠨᠢ ᠡᠵᠡᠩᠨᠡᠯᠲᠡ ᠶᠢᠨ ᠦᠨᠡᠮᠯᠡᠯ ᠨᠥᠬᠦᠨ ᠠᠪᠬᠤ ᠭᠠᠷᠳᠠᠮ ᠢ ᠭᠦᠢᠴᠡᠳᠬᠡᠵᠦ ᠥᠭᠬᠦ ᠳᠤ ᠪᠠᠨ᠂ ᠴᠠᠭ ᠲᠤᠬᠠᠢ ᠳᠤ ᠨᠢ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠨᠡᠶᠢᠲᠡ ᠳᠤ ᠵᠠᠷᠯᠠᠬᠤ ᠰᠢᠰᠲ᠋ᠧᠮ ᠳᠡᠭᠡᠷ᠎ᠡ ᠠᠴᠠ ᠬᠤᠯᠪᠣᠭᠳᠠᠯ ᠪᠦᠬᠦᠢ ᠠᠵᠤ ᠠᠬᠤᠶᠢᠯᠠᠯ ᠤᠨ ︽ᠡᠵᠡᠩᠨᠡᠯᠲᠡ ᠶᠢᠨ ᠦᠨᠡᠮᠯᠡᠯ ᠢᠶᠠᠨ ᠬᠦᠴᠦᠨ ᠦᠭᠡᠢ ᠪᠣᠯᠭᠠᠬᠤ ᠢᠯᠡᠷᠬᠡᠶᠢᠯᠡᠯᠲᠡ︾ ᠪᠠᠨ ᠨᠡᠶᠢᠲᠡ ᠳᠤ ᠵᠠᠷᠯᠠᠭᠰᠠᠨ ᠡᠰᠡᠬᠦ ᠶᠢ ᠬᠠᠶᠢᠵᠤ ᠦᠵᠡᠬᠦ ᠴᠢᠬᠤᠯᠠᠲᠠᠢ ᠭᠡᠵᠦ ᠲᠣᠳᠣᠷᠬᠠᠶᠢᠯᠠᠵᠠᠢ᠃      ᠵᠢᠷᠭᠤᠭ᠎ᠠ᠂ ︽ᠮᠡᠳᠡᠭᠳᠡᠯ︾ ᠳᠠᠬᠢ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠬᠡᠵᠢᠶ᠎ᠡ ᠠᠴᠠ ᠵᠢᠩᠬᠢᠨᠢ ᠪᠠᠷ ᠬᠡᠷᠡᠭᠵᠢᠭᠦᠯᠬᠦ ᠪᠣᠢ︖      ︽ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠵᠦ᠂ ᠣᠳᠣᠬᠠᠨ ᠳᠤ᠂ ᠡᠯ᠎ᠡ ᠱᠠᠲᠤᠨ ᠤ ᠠᠵᠤ ᠦᠢᠯᠡᠳᠪᠦᠷᠢ ᠬᠤᠳᠠᠯᠳᠤᠭ᠎ᠠ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠶᠠᠭ ᠰᠠᠶᠢᠬᠠᠨ ᠴᠠᠭ ᠢ ᠠᠮᠵᠢᠨ ᠨᠡᠶᠢᠲᠡ ᠳᠤ ᠵᠠᠷᠯᠠᠬᠤ ᠰᠢᠰᠲ᠋ᠧᠮ ᠪᠠ ᠲᠤᠬᠠᠶᠢᠯᠠᠭᠰᠠᠨ ᠠᠵᠢᠯ ᠤᠨ ᠰᠢᠰᠲ᠋ᠧᠮ ᠢ ᠳᠡᠰ ᠳᠡᠪᠰᠢᠭᠦᠯᠬᠦ ᠪᠠ ᠥᠭᠡᠷᠡᠴᠢᠯᠡᠨ ᠰᠢᠨᠡᠳᠬᠡᠵᠦ ᠪᠠᠶᠢᠨ᠎ᠠ᠃ 2018 ᠣᠨ ᠤ 9 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ᠂ ᠠᠵᠤ ᠠᠬᠤᠶᠢᠯᠠᠯ ᠤᠳ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠨᠡᠶᠢᠲᠡ ᠳᠤ ᠵᠠᠷᠯᠠᠬᠤ ᠰᠢᠰᠲ᠋ᠧᠮ ᠢᠶᠠᠷ ᠳᠠᠮᠵᠢᠭᠤᠯᠤᠨ ︽ᠡᠵᠡᠩᠨᠡᠯᠲᠡ ᠶᠢᠨ ᠦᠨᠡᠮᠯᠡᠯ ᠢᠶᠠᠨ ᠬᠦᠴᠦᠨ ᠦᠭᠡᠢ ᠪᠣᠯᠭᠠᠬᠤ ᠢᠯᠡᠷᠬᠡᠶᠢᠯᠡᠯᠲᠡ︾ ᠪᠠᠨ ᠨᠡᠶᠢᠲᠡᠯᠡᠬᠦ ᠪᠠ ᠡᠬᠡ ᠺᠣᠮᠫᠠᠨᠢ ᠠᠴᠠ ᠠᠵᠤ ᠠᠬᠤᠶᠢᠯᠠᠯ ᠤᠨ ᠨᠡᠷᠡᠶᠢᠳᠦᠯ ᠳᠤ ᠪᠠᠨ ︽ᠪᠦᠯᠦᠭᠯᠡᠯ︾ ᠭᠡᠬᠦ ᠦᠰᠦᠭ ᠢ ᠬᠡᠷᠡᠭᠯᠡᠬᠦ ᠪᠠᠷ ᠭᠤᠶᠤᠴᠢᠯᠠᠵᠤ ᠪᠣᠯᠬᠤ ᠶᠢᠨ ᠬᠠᠮᠲᠤ᠂ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠨᠡᠶᠢᠲᠡ ᠳᠤ ᠵᠠᠷᠯᠠᠬᠤ ᠰᠢᠰᠲ᠋ᠧᠮ ᠢᠶᠠᠷ ᠳᠠᠮᠵᠢᠭᠤᠯᠤᠨ ᠨᠡᠶᠢᠭᠡᠮ ᠳᠡᠭᠡᠷ᠎ᠡ ᠠᠵᠤ ᠠᠬᠤᠶᠢᠯᠠᠯ ᠤᠨ ᠪᠦᠯᠦᠭᠯᠡᠯ ᠤᠨ ᠮᠡᠳᠡᠭᠡ ᠵᠠᠩᠭᠢ ᠪᠠᠨ ᠨᠡᠶᠢᠲᠡ ᠳᠤ ᠵᠠᠷᠯᠠᠵᠤ ᠪᠣᠯᠣᠨ᠎ᠠ᠃ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠠᠤᠯᠢ ᠴᠠᠭᠠᠵᠠ ᠳᠦᠷᠢᠮ ᠲᠣᠭᠲᠠᠭᠠᠯ᠂ ᠰᠠᠯᠠᠭ᠎ᠠ ᠮᠥᠴᠢᠷ ᠤᠳ ᠤᠨ ᠳᠦᠷᠢᠮ ᠲᠣᠭᠲᠠᠭᠠᠯ ᠳᠤ ᠵᠠᠰᠠᠪᠤᠷᠢ ᠣᠷᠣᠭᠤᠯᠤᠭᠰᠠᠨ ᠤ ᠳᠠᠷᠠᠭ᠎ᠠ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠵᠠᠰᠠᠭ ᠵᠠᠬᠢᠷᠭᠠᠨ ᠤ ᠬᠠᠤᠯᠢ ᠴᠠᠭᠠᠵᠠ ᠳᠦᠷᠢᠮ ᠲᠣᠭᠲᠠᠭᠠᠯ᠂ ᠰᠠᠯᠠᠭ᠎ᠠ ᠮᠥᠴᠢᠷ ᠤᠳ ᠤᠨ ᠳᠦᠷᠢᠮ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠢ ᠭᠡᠵᠦ ᠱᠠᠭᠠᠷᠳᠠᠵᠠᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ