ᠥᠪᠥᠷ ᠵᠠᠰᠠᠭ ᠲᠠᠷᠬᠠᠭᠠᠭᠰᠠᠨ ﹇2018﹈ 14 ᠳ᠋ᠤᠭᠡᠷ ᠲᠤᠭᠠᠳᠤ | 4 ᠳ᠋ᠦ᠋ᠭᠡᠷ ᠰᠠᠷ᠎ᠠ ᠶᠢᠨ 16 ᠤ ᠡᠳᠦᠷ | | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ | ᠬᠡᠷᠡᠭᠵᠢᠭᠦᠯᠦᠯᠲᠡ ᠶᠢ ᠴᠢᠩᠭᠠᠳᠬᠠᠨ ᠲᠦᠭ ᠲᠦᠮᠡᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠮᠡᠨ | ᠣᠯᠠᠨ ᠢᠶᠠᠷ ᠢᠶᠠᠨ ᠰᠢᠨ᠎ᠡ ᠶᠢ ᠡᠭᠦᠳᠬᠦ ᠶᠢᠨ ᠭᠦᠨᠵᠡᠭᠡᠢ ᠬᠥᠭᠵᠢᠯᠲᠡ ᠶᠢ ᠤᠯᠠᠮ ᠨᠢᠭᠡ ᠠᠯᠬᠤᠮ ᠳᠥᠯᠭᠢᠨ | ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠷᠥ ᠲᠠᠷᠬᠠᠭᠠᠭᠰᠠᠨ ﹇2017﹈ | 37 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠴᠦ | ᠠᠳᠠᠯ ᠦᠢᠯᠡᠰ ᠴᠣᠭᠴᠠᠯᠠᠬᠤ ᠡᠬᠢ ᠪᠠᠶᠠᠯᠢᠭ ᠤᠨ ᠲᠥᠪᠯᠡᠷᠡᠯ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ | ᠦᠷᠬᠦᠯᠵᠢᠯᠡᠭᠰᠡᠨ ᠰᠤᠯᠢᠬᠳᠠᠯ ᠢ ᠤᠯᠠᠮ ᠨᠢᠭᠡ ᠠᠯᠬᠤᠮ ᠠᠬᠢᠭᠤᠯᠬᠤ ᠶᠢᠨ ᠲᠤᠰᠠᠳᠠ᠂ ᠡᠳᠦᠭᠡ ᠳᠣᠣᠷᠠᠬᠢ ᠮᠡᠲᠦ | ᠰᠠᠨᠠᠯ ᠢ ᠳᠤᠷᠠᠳᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ︽ᠠᠭᠤᠰᠤᠯᠴᠠᠬᠤ᠂ ᠵᠣᠬᠢᠴᠠᠯᠳᠤᠬᠤ᠂ ᠬᠠᠮᠲᠤ ᠪᠠᠷ ᠡᠳ᠋ᠯᠡᠬᠦ︾ ᠵᠠᠷᠴᠢᠮ ᠢ | ᠪᠠᠷᠢᠮᠲᠠᠯᠠᠨ᠂ ᠲᠦᠭ ᠲᠦᠮᠡᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠮᠡᠨ ᠣᠯᠠᠨ ᠢᠶᠠᠷ ᠢᠶᠠᠨ ᠰᠢᠨ᠎ᠡ ᠶᠢ | ᠡᠭᠦᠳᠬᠦ ᠶᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ | ᠬᠡᠷᠡᠭᠵᠢᠬᠦᠯᠬᠦ ᠶᠢᠨ ᠴᠢᠬᠤᠯᠠ ᠠᠴᠢᠶᠠᠯᠠᠪᠤᠷᠢ ᠪᠣᠯᠭᠠᠵᠤ᠂ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ | ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠢᠨ᠎ᠠ ᠶᠢ ᠡᠬᠦᠳᠴᠤ ᠠᠳᠠᠯ ᠦᠢᠯᠡᠰ | ᠴᠤᠬᠴᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠬᠤᠨ ᠢ ᠳᠡᠭᠡᠭᠰᠢᠯᠡᠭᠦᠯᠵᠦ᠂ ᠰᠢᠨ᠎ᠡ ᠶᠢ ᠡᠭᠦᠳᠴᠦ | ᠠᠳᠠᠯ ᠦᠢᠯᠡᠰ ᠴᠣᠭᠴᠠᠯᠠᠬᠤ ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠶᠢ ᠴᠢᠩᠭᠠᠷᠠᠭᠤᠯᠤᠨ᠂ ᠰᠢᠨ᠎ᠡ ᠶᠢ | ᠡᠭᠦᠳᠴᠦ ᠠᠳᠠᠯ ᠦᠢᠯᠡᠰ ᠴᠣᠭᠴᠠᠯᠠᠬᠤ ᠬᠢᠭᠡᠳ ᠪᠣᠳᠠᠲᠤ ᠴᠣᠭᠴᠠ ᠶᠢᠨ ᠠᠵᠤ ᠠᠬᠤᠶ ᠶᠢᠨ ᠬᠥᠭᠵᠢᠯᠲᠡ ᠶᠢᠨ | ᠭᠦᠨᠵᠡᠭᠡᠶ ᠠᠭᠤᠰᠤᠯᠴᠠᠯ ᠢ ᠬᠦᠴᠦᠯᠡᠨ ᠪᠡᠶᠡᠯᠡᠭᠦᠯᠵᠦ᠂ ᠲᠦᠭ ᠲᠦᠮᠡᠨ ᠢᠶᠠᠷ ᠢᠶᠠᠨ ᠠᠳᠠᠯ ᠦᠢᠯᠡᠰ ᠴᠣᠭᠴᠠᠯᠠᠵᠤ | ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠨᠡᠩ ᠥᠷᠭᠡᠨ ᠬᠡᠪᠴᠢᠶ᠎ᠡ᠂ ᠨᠡᠩ ᠳᠡᠭᠡᠳᠦ ᠳᠡᠰ ᠳᠠᠪᠬᠤᠷᠭ᠎ᠠ᠂ | ᠨᠡᠩ ᠭᠦᠨ ᠬᠡᠮᠵᠢᠶᠡᠨ ᠳᠤ ᠠᠬᠢᠭᠤᠯᠤᠨ᠂ ᠮᠠᠨ ᠤ ᠣᠷᠣᠨ ᠤ ᠰᠢᠨ᠎ᠡ ᠶᠢ ᠡᠭᠦᠳᠬᠦ ᠬᠦᠴᠦᠨ ᠪᠠ ᠥᠷᠢᠰᠥᠯᠳᠦᠬᠦ | ᠬᠦᠴᠦᠨ ᠢ ᠳᠡᠭᠡᠭᠰᠢᠯᠡᠭᠦᠯᠵᠦ᠂ ᠠᠵᠤ ᠠᠬᠤᠶ ᠶᠢᠨ ᠬᠥᠭᠵᠢᠯᠲᠡ ᠶᠢᠨ ᠬᠡᠯᠪᠡᠷᠢ ᠪᠠᠨ ᠬᠤᠪᠢᠷᠠᠭᠤᠯᠤᠨ ᠲᠡᠰ | ᠳᠡᠪᠰᠢᠭᠦᠯᠬᠦ ᠶᠢ ᠠᠬᠢᠭᠤᠯᠬᠤ ᠳᠤ ᠬᠦᠴᠦᠲᠡᠶ ᠲᠦᠰᠢᠭ ᠲᠤᠯᠭᠠᠭᠤᠷᠢ ᠬᠠᠩᠭᠠᠬᠤ ᠬᠡᠷᠡᠭᠲᠡᠶ᠃ | ᠬᠤᠶᠠᠷ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠬᠦᠴᠦᠲᠡᠢ ᠲᠦᠯᠬᠢᠨ | ᠠᠬᠢᠭᠤᠯᠤᠨ᠎ᠠ | ︵ᠨᠢᠭᠡ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠬᠠᠤᠯᠢ | ᠬᠡᠷᠡᠭᠵᠢᠭᠦᠯᠬᠦ ᠪᠠᠶᠢᠭᠤᠯᠤᠯ ᠢ ᠬᠠᠶᠢᠨ ᠰᠦᠪᠡᠭᠴᠢᠯᠡᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ | ᠲᠦᠷᠭᠡᠨ ᠬᠢᠨᠠᠨ ᠪᠠᠶᠢᠴᠠᠭᠠᠬᠤ᠂ ᠡᠷᠬᠡ ᠶᠢ ᠲᠦᠷᠭᠡᠨ ᠨᠤᠲᠠᠯᠠᠨ ᠲᠣᠭᠲᠠᠭᠠᠬᠤ ᠶᠢ ᠨᠢᠭᠡ ᠴᠤᠭᠴᠠᠵᠢᠭᠤᠯᠤᠬᠰᠠᠨ᠂ | ᠬᠢᠨᠠᠨ ᠪᠠᠶᠢᠴᠠᠭᠠᠵᠤ ᠡᠷᠬᠡ ᠶᠢ ᠨᠤᠲᠠᠯᠠᠨ ᠲᠣᠭᠲᠠᠭᠠᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠡᠷᠬᠡ ᠪᠠᠨ | ᠬᠠᠮᠠᠭᠠᠯᠠᠬᠤ ᠳᠤ ᠲᠤᠰᠠᠯᠠᠮᠵᠢ ᠦᠵᠡᠭᠦᠯᠬᠦ᠂ ᠬᠥᠨᠳᠡᠯᠡᠨ ᠠᠴᠠ ᠲᠠᠰᠤᠯᠤᠨ ᠡᠶᠡᠲᠡᠭᠦᠯᠬᠦ᠂ ᠬᠠᠤᠯᠢ ᠴᠠᠭᠠᠵᠠ ᠶᠢ | ᠵᠤᠯᠭᠠᠭᠤᠯᠤᠨ ᠬᠠᠮᠲᠤᠷᠠᠨ ᠬᠥᠳᠡᠯᠦᠯᠴᠡᠭᠰᠡᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠬᠠᠮᠠᠭᠠᠯᠠᠯᠲᠠ ᠶᠢᠨ ᠲᠥᠪ ᠢ ᠪᠠᠶᠢᠭᠤᠯᠤᠨ᠂ ᠨᠢᠭᠡ ᠯᠡ ᠥᠷᠲᠡᠭᠡ ᠮᠠᠶ᠋ᠢᠭ ᠤᠨ ᠶᠡᠷᠦᠩᠬᠡᠶᠢᠯᠡᠭᠰᠡᠨ ᠦᠢᠯᠡᠴᠢᠯᠡᠭᠡ | ᠦᠷᠨᠢᠭᠦᠯᠦᠨ᠎ᠡ᠃ ᠮᠠᠭᠤ ᠰᠠᠨᠠᠭ᠎ᠠ ᠡᠪᠦᠷᠯᠡᠨ ᠡᠷᠬᠡ ᠳᠤ ᠬᠠᠯᠳᠠᠭᠰᠠᠨ ᠢ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠳᠤ | ᠣᠷᠣᠭᠤᠯᠵᠤ᠂ ᠭᠤᠣᠯᠳᠠᠯᠭ᠎ᠠ ᠲᠠᠢ ᠠᠵᠤ ᠦᠢᠯᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠃ ᠬᠡᠪᠯᠡᠯ ᠤᠨ ᠡᠷᠬᠡ ᠶᠢᠨ ᠠᠵᠤ ᠦᠢᠯᠡᠰ ᠤᠨ | ᠬᠥᠭᠵᠢᠯᠲᠡ ᠶᠢ ᠢᠳᠡᠪᠬᠢᠲᠡᠶ ᠪᠤᠶᠢᠵᠢᠭᠤᠯᠵᠤ᠂ ᠬᠡᠪᠯᠡᠯ ᠤᠨ ᠡᠷᠬᠡ ᠶᠢᠨ ᠵᠢᠱᠢᠶ᠎ᠡ ᠦᠵᠡᠭᠦᠯᠬᠦ ᠶᠢ ᠡᠭᠦᠳᠦᠨ | ᠪᠠᠶᠢᠭᠤᠯᠬᠤ ᠠᠵᠢᠯᠯᠠᠭ᠎ᠠ ᠶᠢ ᠶᠡᠬᠡᠪᠡᠷ ᠦᠷᠨᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠲᠢᠩᠬᠢᠮ᠂ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ᠂ ᠰᠣᠨᠢᠨ ᠮᠡᠳᠡᠭᠡ ᠬᠡᠪᠯᠡᠯ ᠷᠠᠳᠢᠣ᠋ | ᠺᠢᠨᠤ᠋ ᠲᠧᠯᠸᠢᠰ ᠤᠨ ᠲᠣᠪᠴᠢᠶ᠎ᠠ᠂ ᠬᠠᠤᠯᠢ ᠴᠠᠭᠠᠵᠠ ᠶᠢᠨ ᠲᠢᠩᠬᠢᠮ ᠵᠡᠷᠭᠡ ᠰᠠᠯᠠᠭ᠎ᠠ ᠮᠥᠴᠢᠷ ᠤᠳ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ᠂ ᠲᠤᠰᠬᠠᠶ ᠠᠰᠢᠭ ᠪᠣᠯᠣᠨ ᠵᠣᠬᠢᠶᠠᠯ | ᠪᠦᠲᠦᠭᠡᠯ ᠤᠨ ᠡᠷᠬᠡ ᠲᠠᠢ ᠪᠦᠲᠦᠭᠡᠯ ᠵᠡᠷᠭᠡ ᠢᠯᠡ ᠪᠣᠰᠤ ᠬᠥᠷᠥᠩᠭᠡ ᠶᠢᠨ ᠥᠷᠲᠡᠭ ᠢ ᠵᠠᠬ᠎ᠠ ᠳᠡᠯᠭᠡᠭᠦᠷᠴᠢᠯᠡᠨᠡ᠃ | ᠲᠤᠰᠬᠠᠶ ᠠᠰᠢᠭ ᠤᠨ ᠡᠷᠬᠡ ᠶᠢ ᠳᠠᠨᠵᠢᠯᠠᠨ ᠵᠢᠭᠡᠯᠡᠯᠭᠡ ᠬᠢᠬᠦ᠂ ᠲᠤᠰᠬᠠᠶ ᠠᠰᠢᠭ ᠤᠨ ᠳᠠᠭᠠᠳᠬᠠᠯ᠂ ᠲᠤᠰᠬᠠᠶ | ᠠᠰᠢᠭ ᠤᠨ ᠡᠷᠬᠡ ᠶᠢ ᠬᠠᠩᠰᠢᠯᠠᠨ ᠪᠡᠯᠠ ᠭᠠᠷᠭᠠᠵᠤ ᠬᠤᠪᠢ ᠣᠷᠣᠭᠤᠯᠬᠤ᠂ ᠵᠣᠬᠢᠶᠠᠯ ᠪᠦᠲᠦᠭᠡᠯ ᠤᠨ ᠡᠷᠬᠡ ᠲᠠᠢ | ᠪᠦᠲᠦᠭᠡᠯ ᠤᠨ ᠦᠷᠳᠡᠭ ᠢ ᠨᠢ ᠦᠨᠡᠯᠡᠨ ᠵᠢᠱᠢᠵᠦ ᠪᠡᠯᠡ ᠲᠣᠬᠢᠷᠠᠭᠤᠯᠬᠤ ᠵᠡᠷᠭᠡ ᠠᠵᠢᠯ ᠢ ᠲᠦᠯᠬᠢᠨ ᠠᠬᠢᠭᠤᠯᠵᠤ᠂ | ᠠᠵᠤ ᠠᠬᠤᠶᠢᠯᠠᠯ ᠤᠨ ᠢᠲᠡᠭᠡᠮᠵᠢᠲᠦ ᠵᠢᠭᠡᠯᠡᠯᠭᠡ ᠶᠢ ᠦᠨᠡᠯᠡᠨ ᠵᠢᠱᠢᠬᠦ ᠭᠦᠢᠴᠡᠳᠬᠡᠯ ᠲᠣᠭᠠᠨ ᠤ ᠰᠢᠰᠲ᠋ᠧᠮᠵᠢ ᠳᠠᠬᠢ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠱᠢᠯᠲᠡ ᠬᠡᠮᠵᠢᠭᠳᠡᠯ ᠤᠨ ᠡᠵᠡᠯᠡᠮᠵᠢ ᠶᠢ ᠨᠡᠮᠡᠭᠳᠡᠭᠦᠯᠦᠨ᠂ | ᠥᠨᠳᠥᠷ ᠦᠷᠳᠡᠭ ᠲᠠᠢ ᠲᠤᠰᠬᠠᠶ ᠠᠰᠢᠭ ᠲᠤ ᠪᠡᠯᠡ ᠲᠤᠬᠢᠷᠠᠭᠤᠯᠭ᠎ᠠ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠭᠤᠴᠢ ᠦᠢᠯᠡᠴᠢᠯᠡᠭᠡᠨ ᠤ ᠰᠢᠰᠲ᠋ᠧᠮᠵᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠠᠴᠠ ᠨᠡᠶᠢᠭᠡᠮ ᠤᠨ ᠦᠢᠯᠡᠴᠢᠯᠡᠭᠡ ᠶᠢ ᠬᠤᠳᠠᠯᠳᠤᠨ | ᠠᠪᠬᠤ ᠠᠷᠭ᠎ᠠ ᠮᠠᠶ᠋ᠢᠭ ᠢᠶᠠᠷ ᠰᠢᠨ᠎ᠡ ᠶᠢ ᠡᠭᠦᠳᠬᠦ ᠭᠤᠣᠯ ᠴᠣᠭᠴᠠ ᠳᠤ ᠤᠯᠠᠨ ᠡᠰᠢᠵᠢᠭᠰᠡᠨ ᠦᠢᠯᠡᠴᠢᠯᠡᠭᠡ | ᠬᠠᠩᠭᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠠᠭᠤᠯᠭ᠎ᠠ ᠪᠣᠯᠣᠨ | ᠬᠠᠩᠭᠠᠯᠭ᠎ᠠ ᠶᠢᠨ ᠴᠢᠨᠠᠷ ᠴᠢᠨᠰᠠᠭ᠎ᠠ ᠶᠢ ᠥᠷᠭᠡᠳᠬᠡᠵᠦ᠂ ᠪᠠᠶᠠᠯᠢᠬᠵᠢᠭᠤᠯᠤᠨ ᠳᠡᠭᠡᠭᠰᠢᠯᠡᠭᠦᠯᠦᠨ᠎ᠡ᠃ ︵ᠥᠪᠡᠷᠲᠡᠭᠡᠨ | ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠮᠥᠩᠭᠦᠨ ᠭᠦᠢᠯᠭᠡᠭᠡᠨ ᠤ ᠠᠯᠪᠠᠨ ᠭᠡᠷ᠂ ᠥᠪᠥᠷ | ᠮᠣᠩᠭᠤᠯ ᠤᠨ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠡᠮᠳᠡᠭᠲᠦ ᠶᠢᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠤᠭᠤᠳ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠭᠤᠴᠠᠭ᠎ᠠ ᠬᠢᠵᠠᠭᠠᠷᠯᠠᠨ | ᠤᠯᠠᠷᠢᠭᠤᠯᠬᠤ ᠳᠦᠷᠢᠮ ᠢ ᠰᠦᠪᠡᠭᠴᠢᠯᠡᠨ ᠪᠠᠶᠢᠭᠤᠯᠤᠨ᠎ᠠ᠃ ᠡᠩ ᠲᠡᠷᠢᠭᠦᠨ ᠳᠤ ᠳᠡᠭᠡᠳᠦ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠤ ᠡᠳ᠋ ᠤᠨ ᠵᠠᠰᠠᠭ ᠤᠨ ᠪᠡᠯᠡ ᠮᠥᠩᠭᠦ ᠶᠢ ᠠᠰᠢᠭᠯᠠᠨ ᠪᠤᠢ | ᠪᠣᠯᠣᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠭᠤᠴᠠᠭ᠎ᠠ ᠬᠢᠵᠠᠭᠠᠷᠯᠠᠨ ᠤᠯᠠᠷᠢᠭᠤᠯᠬᠤ | ᠲᠦᠷᠢᠮ ᠤᠨ ᠪᠠᠶᠢᠭᠤᠯᠤᠯᠲᠠ ᠶᠢᠨ ᠲᠤᠷᠰᠢᠯᠲᠠ ᠬᠢᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠳᠡᠮᠵᠢᠯᠭᠡ ᠪᠠᠷ | ᠪᠤᠢ ᠪᠣᠯᠣᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠨᠢ᠂ ᠵᠦᠢ ᠵᠣᠬᠢᠰᠲᠠᠶ ᠬᠤᠭᠤᠴᠠᠭ᠎ᠠ | ᠬᠢᠵᠠᠭᠠᠷ ᠤᠨ ᠳᠣᠲᠣᠷ᠎ᠠ ᠤᠯᠠᠷᠢᠭᠤᠯᠤᠭᠠᠳᠤᠢ᠂ ᠤᠯᠤᠰ ᠤᠨ ᠪᠠᠲᠤᠯᠠᠨ ᠬᠠᠮᠠᠭᠠᠯᠠᠯᠲᠠ᠂ ᠤᠯᠤᠰ ᠤᠨ ᠠᠮᠤᠷ | ᠲᠥᠪᠰᠢᠨ᠂ ᠤᠯᠤᠰ ᠤᠨ ᠠᠰᠢᠭ ᠲᠤᠰᠠ᠂ ᠨᠡᠶᠢᠭᠡᠮ ᠨᠡᠶᠢᠲᠡ ᠶᠢᠨ ᠴᠢᠬᠤᠯᠠ ᠶᠡᠭᠡ ᠠᠰᠢᠭ ᠲᠤᠰᠠ ᠳᠤ | ᠬᠤᠯᠪᠣᠭᠳᠠᠬᠤ ᠠᠴᠠ ᠪᠤᠰᠤᠳ ᠢ ᠨᠢ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ | ᠭᠤᠷᠪᠠᠳᠠᠬᠢ ᠡᠲᠡᠭᠡᠳ ᠲᠤ ᠡᠷᠬᠡ ᠣᠯᠭᠤᠬᠤ ᠪᠤᠶᠤ ᠪᠤᠰᠤᠳ ᠢᠶᠠᠷ ᠦᠷ᠎ᠡ ᠪᠦᠲᠦᠭᠡᠯ ᠢ ᠤᠯᠠᠷᠢᠭᠤᠯᠬᠤ ᠶᠢ ᠨᠢ | ᠵᠥᠪᠰᠢᠶᠡᠷᠡᠵᠦ᠂ ᠦᠷ᠎ᠡ ᠪᠦᠲᠦᠭᠡᠯ ᠤᠨ ᠰᠤᠳᠤᠯᠤᠨ ᠨᠡᠭᠡᠭᠡᠬᠦ ᠪᠦᠯᠬᠦᠮ ᠤᠨ ᠬᠢᠨ ᠪᠤᠶᠤ ᠪᠡᠶᠡᠯᠡᠭᠦᠯᠦᠭᠰᠡᠨ | ᠬᠥᠮᠥᠨ ᠨᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠤᠷᠢᠳᠠᠪᠠᠷ ᠰᠢᠢᠳᠪᠦᠷᠢᠯᠡᠬᠦ | ᠡᠷᠬᠡ ᠲᠠᠢ ᠪᠣᠯᠣᠨ᠎ᠠ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ | ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠳ | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠲᠦᠷᠪᠡ︶ ᠤᠯᠠᠨ ᠢᠶᠠᠷ ᠢᠶᠠᠨ ᠡᠭᠦᠳᠬᠦ ᠣᠷᠣᠨ ᠵᠠᠶ ᠶᠢᠨ ᠬᠥᠭᠵᠢᠯᠲᠡ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ | ᠭᠠᠵᠠᠷ ᠤᠨ ᠬᠢᠨ ᠳᠠᠪᠠᠭᠤᠯᠢᠭ ᠲᠤᠰᠬᠠᠶ ᠮᠡᠷᠭᠡᠵᠢᠯ ᠤᠨ ᠬᠦᠷᠢᠶ᠎ᠡ ᠬᠡᠪᠴᠢᠶ᠎ᠡ ᠶᠢᠨ ᠲᠣᠭᠤᠷᠢᠨ ᠳᠤ᠂ ᠬᠦᠲᠦᠴᠢ | ᠭᠤᠣᠯᠯᠠᠬᠤ ᠠᠵᠤ ᠠᠬᠤᠶᠢᠯᠠᠯ ᠨᠢ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠴᠢᠭᠯᠡᠯ ᠤᠨ | ᠲᠣᠭᠤᠷᠢᠨ ᠳᠤ᠂ ᠣᠷᠣᠨ ᠨᠤᠲᠤᠭ ᠤᠨ ᠬᠢᠨ ᠣᠷᠣᠨ ᠪᠦᠰᠡ ᠶᠢᠨ ᠲᠤᠯᠭᠠᠭᠤᠷᠢ ᠪᠣᠯᠣᠨ ᠳᠠᠪᠠᠭᠤᠯᠢᠭ ᠠᠵᠤ ᠦᠢᠯᠡᠰ | ᠵᠡᠷᠭᠡ ᠨᠠᠷᠢᠨ ᠠᠩᠭᠢᠯᠠᠭᠰᠠᠨ ᠬᠦᠷᠢᠶ᠎ᠡ ᠬᠡᠪᠴᠢᠶᠡᠨ ᠤ ᠲᠣᠭᠤᠷᠢᠨ ᠳᠤ ᠲᠠᠪᠴᠠᠩ ᠤᠨ ᠬᠡᠯᠪᠡᠷᠢ ᠲᠠᠢ ᠤᠯᠠᠨ ᠢᠶᠠᠷ ᠢᠶᠠᠨ | ᠡᠭᠦᠳᠬᠦ ᠣᠷᠣᠨ ᠵᠠᠶ ᠪᠠᠶᠢᠭᠤᠯᠬᠤ ᠶᠢ ᠳᠡᠮᠵᠢᠵᠦ᠂ ᠣᠯᠠᠨ ᠢᠶᠠᠷ ᠢᠶᠠᠨ ᠡᠭᠦᠳᠬᠦ ᠣᠷᠣᠨ ᠵᠠᠶ ᠶᠢ ᠬᠦᠲᠦᠯᠦᠨ | ᠵᠢᠯᠣᠭᠤᠳᠴᠤ ᠪᠠᠶᠢᠭᠠᠳ ᠲᠤᠰᠬᠠᠶᠢᠵᠢᠭᠰᠠᠨ᠂ ᠨᠠᠷᠢᠯᠢᠬᠵᠢᠭᠤᠯᠤᠭᠰᠠᠨ ᠴᠢᠭᠯᠡᠯ ᠵᠦᠭ ᠳᠡᠰ ᠳᠡᠪᠰᠢᠭᠦᠯᠦᠨ᠎ᠡ᠃ | ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠨᠡᠪᠴᠢᠭᠦᠯᠦᠭᠦᠷ ᠵᠡᠷᠭᠡ ᠰᠢᠨ᠎ᠡ ᠮᠠᠶ᠋ᠢᠭ ᠤᠨ ᠨᠡᠪᠴᠢᠭᠦᠯᠦᠭᠦᠷ ᠢ | ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠤᠨ ᠬᠠᠮᠢᠶᠠᠷᠤᠯᠲᠠ ᠶᠢᠨ | ᠦᠢᠯᠡᠴᠢᠯᠡᠭᠡᠨ ᠤ ᠰᠢᠰᠲ᠋ᠧᠮᠵᠢ ᠳᠤ ᠣᠷᠣᠭᠤᠯᠵᠤ᠂ ᠨᠡᠪᠴᠢᠭᠦᠯᠦᠭᠦᠷ᠂ ᠣᠯᠠᠨ ᠢᠶᠠᠷ ᠢᠶᠠᠨ ᠡᠭᠦᠳᠬᠦ ᠣᠷᠣᠨ ᠵᠠᠢ ᠶᠢᠨ | ᠶᠡᠷᠦᠩᠬᠡᠶᠢᠯᠡᠭᠰᠡᠨ ᠦᠢᠯᠡᠴᠢᠯᠡᠭᠡᠨ ᠤ ᠠᠮᠵᠢᠯᠲᠠ ᠪᠦᠲᠦᠮᠵᠢ ᠪᠣᠯᠣᠨ ᠬᠠᠲᠠᠭᠤ ᠵᠥᠭᠡᠯᠡᠨ ᠲᠤᠨᠤᠭ ᠪᠡᠯᠡᠳᠬᠡᠮᠵᠢ ᠶᠢᠨ | ᠥᠪᠡᠷ ᠤᠨ ᠦᠷᠳᠡᠭ ᠤᠨ ᠶᠣᠰᠣᠭᠠᠷ ᠳᠠᠷᠠᠭᠠᠪᠡᠷ ᠨᠥᠬᠦᠪᠥᠷᠢ ᠥᠭᠴᠦ ᠳᠡᠮᠵᠢᠬᠦ ᠠᠷᠭ᠎ᠠ ᠮᠠᠶ᠋ᠢᠭ ᠢ ᠪᠠᠶᠢᠭᠤᠯᠤᠨ᠎ᠠ᠃ | ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠲᠦᠷᠦᠭᠦᠯᠡᠨ ᠬᠠᠷᠢᠭᠤᠴᠠᠨ᠎ᠠ︶ | ︵ᠲᠠᠪᠤ︶ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢ ᠪᠡᠯᠡᠳᠬᠡᠮᠵᠢ ᠵᠡᠷᠭᠡ | ᠲᠠᠯ᠎ᠠ ᠪᠠᠷ ᠬᠢ ᠨᠡᠭᠡᠭᠡᠯᠳᠡ ᠲᠠᠢ ᠪᠠᠷ ᠬᠠᠮᠲᠤ ᠪᠠᠷ ᠡᠳ᠋ᠯᠡᠬᠦ ᠲᠣᠭᠲᠠᠴᠠ ᠶᠢ ᠪᠦᠷᠢᠨᠰᠢᠭᠦᠯᠦᠨ᠎ᠡ᠃ ᠳᠡᠭᠡᠳᠦ ᠰᠤᠷᠭᠠᠭᠤᠯᠢ᠂ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠬᠢᠨ ᠤ ᠰᠢᠨᠵᠢᠯᠡᠬᠦ ᠤᠬᠠᠭᠠᠨ ᠤ ᠰᠤᠳᠤᠯᠭᠠᠨ ᠤ | ᠬᠡᠷᠡᠭᠴᠡᠭᠡ ᠪᠠᠨ ᠪᠠᠲᠤᠯᠠᠬᠤ ᠶᠢᠨ ᠬᠠᠮᠲᠤ᠂ ᠨᠡᠶᠢᠭᠡᠮ ᠳᠠᠶᠠᠭᠠᠷ ᠲᠤ ᠡᠳ᠋ ᠤᠨ ᠵᠠᠰᠠᠭ ᠤᠨ ᠪᠡᠯᠡ ᠮᠥᠩᠭᠦ ᠶᠢᠨ | ᠳᠡᠮᠵᠢᠯᠭᠡ ᠪᠠᠷ ᠪᠤᠢ ᠪᠣᠯᠤᠭᠰᠠᠨ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢ ᠪᠡᠯᠡᠳᠬᠡᠮᠵᠢ᠂ | ᠰᠢᠨᠵᠢᠯᠡᠬᠦ ᠤᠬᠠᠭᠠᠨ ᠤ ᠰᠤᠳᠤᠯᠭᠠᠨ ᠤ ᠲᠣᠮᠣ ᠬᠡᠯᠪᠡᠷᠢ ᠶᠢᠨ ᠬᠡᠮᠵᠢᠭᠦᠷ ᠪᠣᠯᠤᠨ ᠲᠤᠰᠬᠠᠶ ᠠᠰᠢᠭ ᠤᠨ ᠰᠠᠭᠤᠷᠢ | ᠮᠡᠳᠡᠭᠡ ᠵᠠᠩᠭᠢ ᠶᠢᠨ ᠡᠬᠢ ᠪᠠᠶᠠᠯᠢᠭ ᠢ ᠴᠢᠯᠦᠭᠡᠲᠡᠢ ᠨᠡᠭᠡᠭᠡᠬᠦ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠤ | ᠰᠤᠳᠤᠯᠭᠠᠨ ᠤ ᠬᠡᠮᠵᠢᠭᠦᠷ ᠤᠨ ᠲᠥᠬᠦᠭᠡᠷᠦᠮᠵᠢ ᠶᠢ ᠵᠠᠬ᠎ᠠ ᠳᠡᠯᠭᠡᠭᠦᠷᠴᠢᠯᠡᠭᠰᠡᠨ ᠠᠷᠭ᠎ᠠ ᠮᠠᠶ᠋ᠢᠭ ᠢᠶᠠᠷ ᠡᠵᠡᠩᠨᠡᠬᠦ᠂ | ᠦᠢᠯᠡᠴᠢᠯᠡᠬᠦ ᠪᠠ ᠬᠠᠮᠢᠶᠠᠷᠬᠤ ᠶᠢ ᠵᠣᠷᠢᠬᠵᠢᠭᠤᠯᠤᠨ᠂ ᠲᠤᠰᠬᠠᠶ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠨᠢ | ᠰᠦᠯᠵᠢᠶᠡᠨ ᠳᠡᠭᠡᠷᠡᠬᠢ ᠦᠢᠯᠡᠴᠢᠯᠡᠭᠡᠨ ᠤ ᠲᠠᠪᠴᠠᠩ ᠢ ᠪᠠᠶᠢᠭᠤᠯᠵᠤ ᠨᠡᠶᠢᠭᠡᠮ ᠪᠠ ᠬᠡᠮᠵᠢᠭᠦᠷ ᠤᠨ ᠬᠠᠮᠢᠶᠠᠷᠤᠯᠲᠠ ᠶᠢᠨ | ᠨᠢᠭᠡᠴᠡ ᠳᠤ ᠦᠢᠯᠡᠴᠢᠯᠡᠭᠡ ᠬᠠᠩᠭᠠᠬᠤ ᠶᠢ ᠵᠣᠷᠢᠬᠵᠢᠭᠤᠯᠤᠨ ᠳᠡᠮᠵᠢᠨ᠎ᠡ᠃ ︵ᠥᠪᠡᠷᠲᠡᠭᠡᠨ ᠵᠠᠰᠠᠬᠤ ᠣᠷᠣᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠵᠡᠷᠭᠡ ᠰᠠᠯᠠᠭ᠎ᠠ ᠮᠥᠴᠢᠷ ᠤᠳ | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠭᠤᠷᠪᠠ᠂ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠵᠠᠮ ᠮᠥᠷ ᠢ ᠥᠷᠭᠡᠳᠬᠡᠨ᠎ᠡ | ︵ᠨᠢᠭᠡ︶ ᠳᠤᠮᠤ ᠬᠡᠯᠪᠡᠷᠢ ᠶᠢᠨ ᠪᠠᠩᠬᠢ ᠶᠢᠨ ᠬᠢᠨ ᠬᠤᠰᠢᠭᠤ ᠰᠢᠶᠠᠨ ︵ᠬᠤᠳᠠ᠂ ᠲᠣᠭᠤᠷᠢᠭ︶ ᠤ ᠰᠠᠯᠪᠤᠷᠢ | ᠪᠠᠩᠬᠢ ᠳᠤ ᠢᠲᠡᠭᠡᠮᠵᠢᠲᠦ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ ᠡᠷᠬᠡ ᠮᠡᠳᠡᠯ ᠤᠨ ᠬᠡᠪᠴᠢᠶ᠎ᠡ ᠶᠢ ᠵᠦᠢ | ᠵᠣᠬᠢᠰᠲᠠᠶ ᠪᠠᠷ ᠣᠯᠭᠤᠬᠤ ᠶᠢ ᠵᠣᠷᠢᠬᠵᠢᠭᠤᠯᠤᠨ᠎ᠠ᠃ ᠳᠤᠮᠤ ᠬᠡᠯᠪᠡᠷᠢ ᠶᠢᠨ ᠪᠠᠩᠬᠢ ᠶᠢᠨ ᠢᠲᠡᠭᠡᠮᠵᠢᠲᠦ ᠵᠢᠭᠡᠯᠡᠯᠭᠡ ᠶᠢᠨ | ᠲᠤᠬᠠᠶᠢᠯᠠᠭᠰᠠᠨ ᠠᠵᠢᠯ ᠤᠨ ᠡᠷᠬᠡ ᠣᠯᠭᠤᠬᠤ ᠲᠣᠭᠲᠠᠴᠠ ᠶᠢ ᠲᠡᠭᠦᠯᠳᠡᠷᠵᠢᠭᠦᠯᠬᠦ ᠶᠢ ᠠᠬᠢᠭᠤᠯᠤᠨ ᠳᠡᠮᠵᠢᠵᠦ᠂ | ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ ᠶᠢᠨ ᠬᠤᠪᠢᠶᠠᠷᠢ ᠪᠠᠩᠬᠢ ᠶᠢᠨ ᠬᠢᠨ ᠬᠤᠰᠢᠭᠤ ᠰᠢᠶᠠᠨ ︵ᠬᠤᠳᠠ᠂ | ᠲᠣᠭᠤᠷᠢᠭ︶ ᠤ ᠰᠠᠯᠪᠤᠷᠢ ᠪᠠᠩᠬᠢ ᠳᠤ ᠢᠲᠡᠭᠡᠮᠵᠢᠲᠦ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ ᠡᠷᠬᠡ ᠮᠡᠳᠡᠯ ᠤᠨ | ᠬᠡᠪᠴᠢᠶ᠎ᠡ ᠶᠢ ᠵᠦᠢ ᠵᠣᠬᠢᠰᠲᠠᠶ ᠪᠠᠷ ᠣᠯᠭᠤᠬᠤ ᠶᠢ ᠵᠣᠷᠢᠬᠵᠢᠭᠤᠯᠬᠤ ᠶᠢᠨ ᠬᠠᠮᠲᠤ᠂ ᠡᠷᠬᠡ ᠣᠯᠭᠤᠭᠰᠠᠨ ᠦᠷ᠎ᠡ | ᠪᠦᠲᠦᠮᠵᠢ ᠶᠢ ᠦᠨᠡᠯᠡᠨ ᠵᠢᠱᠢᠬᠦ ᠪᠠ ᠡᠷᠬᠡ ᠣᠯᠭᠤᠭᠰᠠᠨ ᠢ ᠬᠦᠳᠡᠯᠦᠯ ᠪᠠᠶᠢᠳᠠᠯ ᠤᠨ ᠲᠤᠬᠢᠷᠠᠭᠤᠯᠤᠯᠳᠠ ᠶᠢ | ᠴᠢᠩᠭᠠᠳᠬᠠᠨ᠎ᠠ᠃ ᠣᠷᠣᠨ ᠨᠤᠲᠤᠭ ᠤᠨ ᠴᠢᠨᠠᠷᠲᠠᠶ ᠬᠠᠤᠯᠢ ᠶᠢᠨ ᠡᠷᠬᠡᠲᠡᠨ ᠤ ᠪᠠᠩᠬᠢ ᠨᠢ ᠨᠥᠬᠦᠴᠡᠯ ᠳᠤ | ᠨᠡᠶᠢᠴᠡᠭᠰᠡᠨ ᠪᠠᠶᠢᠳᠠᠯ ᠳᠣᠣᠷ᠎ᠠ ᠬᠤᠰᠢᠭᠤ ᠰᠢᠶᠠᠨ ︵ᠬᠤᠳᠠ᠂ ᠲᠣᠭᠤᠷᠢᠭ︶ ᠵᠡᠷᠭᠡ ᠦᠨᠳᠦᠰᠦᠨ ᠱᠠᠲᠤᠨ ᠤ | ᠣᠷᠣᠨ ᠪᠦᠰᠡ ᠳᠤ ᠵᠢᠵᠢᠭᠬᠡᠨ ᠰᠠᠯᠪᠤᠷᠢ ᠪᠠᠩᠬᠢ᠂ ᠨᠡᠶᠢᠭᠡᠮ ᠲᠣᠭᠤᠷᠢᠭ ᠤᠨ ᠰᠠᠯᠪᠤᠷᠢ ᠪᠠᠩᠬᠢ ᠨᠡᠮᠡᠵᠦ ᠪᠠᠶᠢᠭᠤᠯᠤᠨ᠂ | ᠬᠤᠳᠠᠯᠳᠤᠭᠠᠨ ᠤ ᠪᠠᠩᠬᠢ ᠠᠴᠠ ᠵᠢᠵᠢᠭ ᠪᠢᠴᠢᠯ ᠠᠵᠤ ᠠᠬᠤᠶᠢᠯᠠᠯ ᠤᠨ ᠢᠲᠡᠭᠡᠮᠵᠢᠲᠦ ᠵᠢᠭᠡᠯᠡᠯᠭᠡ ᠶᠢᠨ ᠴᠣᠪᠤᠷᠠᠯ ᠪᠠ | ᠢᠲᠡᠭᠡᠮᠵᠢ ᠶᠢ ᠦᠨᠡᠯᠡᠬᠦ ᠵᠠᠭᠪᠤᠷ ᠢ ᠥᠭᠡᠷᠡᠴᠢᠯᠡᠬᠦ ᠶᠢ ᠳᠡᠮᠵᠢᠵᠦ᠂ ᠵᠢᠵᠢᠭ ᠪᠢᠴᠢᠯ ᠠᠵᠤ ᠠᠬᠤᠶᠢᠯᠠᠯ ᠤᠨ ᠢᠲᠡᠭᠡᠮᠵᠢ | ᠣᠯᠭᠤᠬᠤ ᠶᠢ ᠬᠢᠨᠠᠨ ᠵᠥᠪᠰᠢᠶᠡᠷᠡᠬᠦ ᠡᠷᠬᠡ ᠮᠡᠳᠡᠯ ᠢ ᠵᠦᠢ ᠵᠣᠬᠢᠰᠲᠠᠶ ᠪᠠᠷ ᠲᠣᠬᠢᠷᠠᠭᠤᠯᠤᠨ᠎ᠠ᠃ ︵ᠥᠪᠡᠷᠲᠡᠭᠡᠨ | ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠠᠯᠪᠠᠨ ᠭᠡᠷ᠂ ᠥᠪᠥᠷ ᠮᠣᠩᠭᠤᠯ ᠤᠨ ᠪᠠᠩᠬᠢ ᠶᠢᠨ ᠦᠢᠯᠡᠰ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠵᠡᠷᠭᠡ | ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠳᠤ | ᠪᠡᠯᠡ ᠣᠷᠣᠭᠤᠯᠬᠤ ᠪᠠ ᠪᠡᠯᠡ ᠲᠣᠬᠢᠷᠠᠭᠤᠯᠬᠤ ᠦᠢᠯᠡᠴᠢᠯᠡᠭᠡ ᠬᠠᠩᠭᠠᠬᠤ ᠶᠢ ᠴᠢᠩᠭᠠᠳᠬᠠᠨ᠎ᠠ᠃ ᠨᠥᠬᠦᠴᠡᠯ ᠳᠤ | ᠨᠡᠶᠢᠴᠡᠬᠦ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ᠂ | ᠰᠢᠨ᠎ᠡ ᠭᠤᠷᠪᠠᠳᠤᠭᠠᠷ ᠰᠠᠮᠪᠠᠷ᠎ᠠ ᠪᠣᠯᠣᠨ ᠣᠷᠣᠨ ᠪᠦᠰᠡ ᠶᠢᠨ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠲᠤ | ᠫᠠᠶᠢᠰᠠ ᠡᠯᠭᠦᠬᠦ᠂ ᠬᠤᠪᠢᠴᠠᠭ᠎ᠠ ᠲᠦᠭᠡᠭᠡᠬᠦ᠂ ᠬᠠᠨᠳᠤᠯᠭ᠎ᠠ ᠲᠠᠢ ᠪᠠᠷ ᠨᠡᠮᠡᠵᠦ ᠲᠠᠷᠬᠠᠭᠠᠬᠤ᠂ ᠨᠡᠶᠢᠯᠡᠭᠦᠯᠦᠨ ᠠᠪᠴᠤ | ᠳᠠᠬᠢᠨ ᠪᠠᠶᠢᠭᠤᠯᠬᠤ᠂ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠵᠡᠷᠭᠡ ᠤᠯᠠᠨ ᠵᠦᠢᠯ ᠤᠨ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠰᠢᠭᠤᠳ ᠪᠡᠯᠡ ᠲᠣᠬᠢᠷᠠᠭᠤᠯᠭ᠎ᠠ ᠶᠢᠨ ᠵᠠᠮ ᠮᠥᠷ ᠢ ᠥᠷᠭᠡᠳᠬᠡᠨ᠎ᠡ᠃ ᠪᠠᠩᠬᠢ ᠶᠢᠨ ᠦᠢᠯᠡᠰ ᠤᠨ | ᠪᠠᠶᠢᠭᠤᠯᠤᠮᠵᠢ ᠨᠢ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠵᠢᠵᠢᠭ ᠪᠢᠴᠢᠯ ᠠᠵᠤ ᠠᠬᠤᠶᠢᠯᠠᠯ ᠳᠤ | ᠢᠲᠡᠭᠡᠮᠵᠢ ᠣᠯᠭᠤᠬᠤ᠂ ᠲᠣᠭᠠᠴᠠᠭ᠎ᠠ ᠬᠢᠵᠦ ᠳ᠋ᠦᠩᠨᠡᠨ ᠪᠤᠳᠤᠬᠤ᠂ ᠡᠳ᠋ ᠬᠦᠷᠦᠩᠭᠡ ᠶᠢᠨ ᠬᠠᠮᠢᠶᠠᠷᠤᠯᠲᠠ ᠵᠡᠷᠭᠡ ᠶᠢ | ᠪᠠᠭᠲᠠᠭᠠᠭᠰᠠᠨ ᠶᠡᠷᠦᠩᠬᠡᠶᠢᠯᠡᠭᠰᠡᠨ ᠴᠢᠨᠠᠷᠲᠠᠶ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠶᠢ ᠲᠦᠯᠬᠢᠨ | ᠠᠬᠢᠭᠤᠯᠵᠤ᠂ ᠵᠠᠰᠠᠭ ᠤᠨ ᠣᠷᠳᠣᠨ ᠤ ᠴᠢᠨᠠᠷᠲᠠᠶ ᠪᠡᠯᠡ ᠲᠤᠬᠢᠷᠠᠭᠤᠯᠭ᠎ᠠ ᠶᠢᠨ ᠳᠠᠭᠠᠭᠠᠯᠲᠠ ᠬᠢᠬᠦ ᠪᠠᠶᠢᠭᠤᠯᠤᠮᠵᠢ ᠨᠢ | ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠵᠢᠭᠡᠯᠡᠯᠭᠡ | ᠲᠠᠷᠬᠠᠭᠠᠬᠤ ᠳᠤ ᠳᠠᠭᠠᠭᠠᠯᠲᠠ ᠬᠠᠩᠭᠠᠬᠤ ᠶᠢ ᠳᠡᠮᠵᠢᠵᠦ᠂ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ | ᠣᠷᠳᠣᠨ ᠢ ᠵᠣᠷᠢᠬᠵᠢᠭᠤᠯᠵᠤ ᠪᠠᠶᠢᠭᠠᠳ ᠵᠠᠰᠠᠭ ᠪᠠᠩᠬᠢ ᠳᠠᠭᠠᠭᠠᠯᠲᠠ᠂ ᠵᠠᠰᠠᠭ ᠪᠠᠩᠬᠢ ᠲᠠᠭᠠᠳᠬᠠᠯ ᠵᠡᠷᠭᠡ ᠠᠳᠠᠯᠢ | ᠪᠤᠰᠤ ᠲᠦᠷᠦᠯ ᠬᠡᠯᠪᠡᠷᠢ ᠶᠢᠨ ᠲᠦᠭᠰᠢᠭᠦᠷᠢ ᠳᠤ ᠨᠥᠬᠦᠪᠥᠷᠢᠯᠡᠬᠦ ᠲᠣᠭᠲᠠᠴᠠ ᠪᠠᠶᠢᠭᠤᠯᠤᠨ᠂ ᠳᠤᠮᠳᠠ ᠵᠢᠵᠢᠭ ᠠᠵᠤ | ᠠᠬᠤᠶᠢᠯᠠᠯ ᠤᠨ ᠲᠤᠰᠬᠠᠶ ᠠᠰᠢᠭ ᠤᠨ ᠵᠢᠭᠡᠯᠡᠯᠭᠡ ᠳᠤ ᠪᠠᠲᠤᠯᠠᠭ᠎ᠠ ᠲᠠᠢ ᠲᠠᠭᠠᠳᠬᠠᠯ ᠤᠨ ᠦᠢᠯᠡᠴᠢᠯᠡᠭᠡ ᠬᠠᠩᠭᠠᠨ᠎ᠠ᠃ | ︵ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠶᠢᠨ ᠦᠢᠯᠡᠰ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠮᠥᠩᠭᠦᠨ | ᠭᠦᠢᠯᠭᠡᠭᠡᠨ ᠤ ᠠᠯᠪᠠᠨ ᠭᠡᠷ᠂ ᠡᠳ᠋ ᠤᠨ ᠵᠠᠰᠠᠭ ᠤᠨ ᠲᠢᠩᠬᠢᠮ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠵᠡᠷᠭᠡ | ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠷᠪᠠ︶ ᠤᠯᠤᠰ ᠤᠨ ᠦᠮᠴᠢᠯᠡᠯᠲᠦ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ | ᠬᠠᠮᠢᠶᠠᠷᠤᠯᠲᠠ ᠶᠢ ᠲᠡᠭᠦᠯᠳᠡᠷᠵᠢᠭᠦᠯᠦᠨ᠎ᠡ᠃ ᠨᠥᠬᠦᠴᠡᠯ ᠲᠠᠢ ᠤᠯᠤᠰ ᠤᠨ ᠦᠮᠴᠢᠯᠠᠯᠲᠦ ᠠᠵᠤ ᠠᠬᠤᠶᠢᠯᠠᠯ ᠨᠢ ᠠᠳᠠᠯ | ᠦᠢᠯᠡᠰ ᠴᠣᠭᠴᠠᠯᠠᠬᠤ ᠪᠡᠯᠡ ᠣᠷᠣᠭᠤᠯᠤᠯᠲᠠ ᠬᠢᠬᠦ ᠶᠢ ᠳᠡᠮᠵᠢᠵᠦ᠂ ᠬᠤᠪᠢ ᠣᠷᠣᠭᠤᠯᠬᠤ ᠰᠠᠭᠤᠷᠢ ᠮᠥᠩᠭᠦ᠂ | ᠬᠠᠮᠲᠤᠷᠠᠨ ᠪᠡᠯᠡ ᠣᠷᠣᠭᠤᠯᠬᠤ᠂ ᠪᠡᠯᠡ ᠲᠤᠬᠢᠷᠠᠭᠤᠯᠭ᠎ᠠ ᠶᠢᠨ ᠳᠠᠭᠠᠭᠠᠯᠲᠠ ᠬᠢᠬᠦ ᠵᠡᠷᠭᠡ ᠤᠯᠠᠨ ᠵᠦᠢᠯ ᠤᠨ ᠠᠷᠭ᠎ᠠ | ᠮᠠᠶ᠋ᠢᠭ ᠢ ᠶᠡᠷᠦᠩᠬᠡᠶᠢᠯᠡᠨ ᠠᠰᠢᠭᠯᠠᠵᠤ᠂ ᠠᠷᠠᠳ ᠤᠨ ᠪᠡᠯᠡ ᠣᠷᠣᠭᠤᠯᠤᠯᠲᠠ ᠶᠢ ᠬᠥᠲᠥᠯᠥᠨ ᠵᠢᠯᠣᠭᠤᠳᠬᠤ᠂ | ᠰᠢᠭᠤᠳ ᠪᠡᠯᠡ ᠲᠤᠬᠢᠷᠠᠭᠤᠯᠭ᠎ᠠ ᠶᠢ ᠥᠷᠭᠡᠳᠬᠡᠬᠦ᠂ ᠵᠠᠬ᠎ᠠ ᠳᠡᠯᠭᠡᠭᠦᠷ ᠤᠨ ᠦᠢᠯᠡᠳᠦᠯ ᠢᠶᠠᠨ ᠠᠯᠳᠠᠬᠤ ᠶᠢ | ᠨᠥᠬᠦᠪᠥᠷᠢᠯᠡᠬᠦ ᠵᠡᠷᠭᠡ ᠲᠠᠯ᠎ᠠ ᠪᠠᠷ ᠬᠢ ᠡᠳ᠋ ᠤᠨ ᠵᠠᠰᠠᠭ ᠤᠨ ᠪᠡᠯᠡ ᠮᠥᠩᠭᠦ ᠶᠢᠨ ᠦᠢᠯᠡᠳᠦᠯ ᠢ ᠪᠠᠳᠠᠷᠠᠭᠤᠯᠤᠨ᠎ᠠ᠃ | ᠡᠳ᠋ ᠤᠨ ᠵᠠᠰᠠᠭ ᠤᠨ ᠪᠡᠯᠡ ᠮᠥᠩᠭᠦ᠂ ᠤᠯᠤᠰ ᠤᠨ ᠦᠮᠴᠢᠯᠡᠯᠲᠦ ᠬᠥᠷᠥᠩᠭᠡ ᠶᠢᠨ ᠠᠳᠠᠯ ᠦᠢᠯᠡᠰ ᠴᠣᠭᠴᠠᠯᠠᠬᠤ | ᠪᠡᠯᠡ ᠣᠷᠣᠭᠤᠯᠤᠯᠲᠠ ᠳᠤ ᠣᠷᠣᠯᠴᠠᠬᠤ᠂ ᠬᠠᠮᠢᠶᠠᠷᠬᠤ ᠪᠠ ᠪᠤᠴᠠᠵᠤ ᠭᠠᠷᠬᠤ ᠪᠠᠷᠢᠮᠵᠢᠶ᠎ᠠ ᠪᠣᠯᠤᠨ ᠶᠤᠰᠤ ᠳᠦᠷᠢᠮ ᠢ | ᠲᠡᠭᠦᠯᠳᠡᠷᠵᠢᠭᠦᠯᠵᠦ᠂ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠠᠳᠠᠯᠢ ᠪᠤᠰᠤ ᠣᠨᠴᠠᠯᠢᠭ ᠢ | ᠦᠨᠳᠦᠰᠦᠯᠡᠨ᠂ ᠲᠥᠷᠥᠯ ᠬᠤᠪᠢᠶᠠᠭᠰᠠᠨ ᠠᠵᠢᠯᠯᠠᠭᠠᠨ ᠢ ᠬᠢᠨᠠᠨ ᠬᠠᠮᠢᠶᠠᠷᠬᠤ᠂ ᠡᠳ᠋ ᠤᠨ ᠵᠠᠰᠠᠭ ᠤᠨ ᠪᠡᠯᠡ | ᠮᠥᠩᠭᠦ ᠶᠢᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠪᠠ ᠰᠠᠭᠤᠷᠢ ᠮᠥᠩᠭᠦ ᠶᠢᠨ ᠬᠠᠮᠢᠶᠠᠷᠤᠯᠲᠠ ᠶᠢᠨ | ᠪᠠᠶᠢᠭᠤᠯᠤᠮᠵᠢ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠦᠨᠡᠯᠡᠬᠦ ᠵᠡᠷᠭᠡ ᠲᠣᠭᠲᠠᠴᠠ ᠶᠢ ᠬᠠᠶᠢᠨ ᠰᠦᠪᠡᠭᠴᠢᠯᠡᠨ | ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠤᠯᠤᠰ ᠤᠨ ᠡᠳ᠋ | ᠬᠦᠷᠦᠩᠭᠡ ᠶᠢᠨ ᠵᠥᠪᠯᠡᠯ᠂ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠲᠦᠷᠪᠡ︶ ᠨᠡᠶᠢᠭᠡᠮ ᠤᠨ ᠬᠦᠷᠦᠩᠭᠡ ᠶᠢ ᠬᠥᠲᠥᠯᠥᠨ ᠵᠢᠯᠣᠭᠤᠳᠴᠤ ᠪᠠᠶᠢᠭᠠᠳ ᠠᠳᠠᠯ ᠦᠢᠯᠡᠰ | ᠴᠣᠭᠴᠠᠯᠠᠬᠤ ᠪᠡᠯᠡ ᠣᠷᠣᠭᠤᠯᠤᠯᠲᠠ ᠳᠤ ᠣᠷᠣᠯᠴᠠᠭᠤᠯᠤᠨ᠎ᠠ᠃ ᠡᠯ᠎ᠡ ᠲᠥᠷᠥᠯ ᠤᠨ ᠰᠲ᠋ᠣᠺ ᠤᠨ ᠡᠷᠬᠡ ᠶᠢᠨ ᠰᠠᠭᠤᠷᠢ | ᠮᠥᠩᠭᠦ᠂ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ᠂ ᠲᠦᠭᠰᠢᠭᠦᠷᠢᠲᠦ ᠪᠡᠯᠡ | ᠣᠷᠣᠭᠤᠯᠤᠯᠲᠠ ᠶᠢᠨ ᠰᠠᠭᠤᠷᠢ ᠮᠥᠩᠭᠦ ᠶᠢ ᠢᠳᠡᠪᠬᠢᠲᠡᠢ ᠬᠥᠮᠥᠵᠢᠭᠦᠯᠵᠦ᠂ ᠠᠶᠤᠯ ᠲᠦᠭᠰᠢᠭᠦᠷᠢ ᠶᠢ ᠢᠯᠭᠠᠨ ᠲᠠᠨᠢᠬᠤ | ᠪᠠ ᠠᠶᠤᠯ ᠲᠦᠭᠰᠢᠭᠦᠷᠢ ᠶᠢ ᠳᠠᠭᠠᠭᠠᠬᠤ ᠴᠢᠳᠠᠪᠤᠷᠢ ᠲᠠᠢ ᠬᠤᠪᠢ ᠬᠥᠮᠦᠨ ᠠᠳᠠᠯ ᠦᠢᠯᠡᠰ ᠴᠣᠭᠴᠠᠯᠠᠬᠤ ᠪᠡᠯᠡ | ᠣᠷᠣᠭᠤᠯᠤᠯᠲᠠ ᠳᠤ ᠣᠷᠣᠯᠴᠠᠬᠤ ᠶᠢ ᠳᠡᠮᠵᠢᠵᠦ᠂ ᠪᠡᠯᠡ ᠣᠷᠣᠭᠤᠯᠤᠭᠴᠢ ᠠᠨᠴᠢᠯ᠂ ᠠᠳᠠᠯ ᠦᠢᠯᠡᠰ ᠴᠣᠭᠴᠠᠯᠠᠬᠤ | ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠨᠡᠪᠴᠢᠭᠦᠯᠦᠭᠦᠷ ᠪᠣᠯᠤᠨ ᠣᠯᠠᠨ ᠢᠶᠠᠷ ᠢᠶᠠᠨ ᠡᠭᠦᠳᠬᠦ ᠣᠷᠣᠨ | ᠵᠠᠢ ᠳᠤ ᠣᠷᠣᠵᠤ ᠲᠣᠬᠠᠶᠢᠯᠠᠭᠰᠠᠨ ᠠᠵᠢᠯ ᠦᠷᠨᠢᠭᠦᠯᠬᠦ ᠶᠢ ᠵᠣᠷᠢᠬᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ᠂ ᠣᠷᠣᠨ ᠨᠤᠲᠤᠭ ᠤᠨ ᠭᠠᠶᠢᠯᠢ ᠶᠢᠨ ᠲᠣᠪᠴᠢᠶ᠎ᠠ᠂ ᠥᠪᠥᠷ ᠮᠣᠩᠭᠤᠯ ᠤᠨ | ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠲᠠᠪᠤ︶ ᠰᠢᠨ᠎ᠡ ᠶᠢ ᠡᠭᠦᠳᠬᠦ ᠲᠡᠮᠳᠡᠭᠲᠦ᠂ ᠠᠳᠠᠯ ᠦᠢᠯᠡᠰ ᠴᠣᠭᠴᠠᠯᠠᠬᠤ ᠲᠡᠮᠳᠡᠭᠲᠦ ᠶᠢᠨ | ᠬᠠᠮᠢᠶᠠᠷᠤᠯᠲᠠ ᠶᠢᠨ ᠳᠦᠷᠢᠮ ᠪᠣᠯᠣᠨ ᠠᠵᠢᠯᠯᠠᠭᠠᠨ ᠤ ᠲᠣᠭᠲᠠᠴᠠ ᠶᠢ ᠪᠠᠶᠢᠭᠤᠯᠤᠨ᠎ᠠ᠃ ᠰᠢᠨ᠎ᠡ ᠶᠢ ᠡᠭᠦᠳᠬᠦ ᠪᠠ | ᠠᠳᠠᠯ ᠦᠢᠯᠡᠰ ᠴᠣᠭᠴᠠᠯᠠᠬᠤ ᠲᠡᠮᠳᠡᠭᠲᠦ ᠶᠢᠨ ᠲᠤᠷᠰᠢᠯᠲᠠ ᠶᠢᠨ ᠴᠢᠬ ᠪᠠᠶᠢᠭᠤᠯᠵᠤ᠂ ᠦᠢᠯᠡᠴᠢᠯᠡᠭᠡ ᠬᠤᠳᠠᠯᠳᠤᠨ | ᠠᠪᠬᠤ᠂ ᠠᠮᠵᠢᠯᠲᠠ ᠪᠦᠲᠦᠮᠵᠢ ᠶᠢᠨ ᠱᠠᠩᠨᠠᠯ ᠣᠯᠭᠤᠬᠤ ᠵᠡᠷᠭᠡ ᠠᠷᠭ᠎ᠠ ᠮᠠᠶ᠋ᠢᠭ ᠢᠶᠠᠷ ᠠᠳᠠᠯ ᠦᠢᠯᠡᠰ ᠴᠣᠭᠴᠠᠯᠠᠭᠴᠢ | ᠪᠠ ᠰᠢᠨ᠎ᠡ ᠶᠢ ᠡᠭᠦᠳᠬᠦ ᠠᠵᠤ ᠠᠬᠤᠶᠢᠯᠠᠯ ᠳᠤ ᠨᠡᠶᠢᠭᠡᠮ ᠤᠨ ᠪᠣᠯᠪᠠᠰᠤᠷᠠᠭᠤᠯᠤᠯ᠂ ᠬᠠᠮᠢᠶᠠᠷᠤᠯᠲᠠ ᠶᠢᠨ ᠯᠠᠪᠯᠠᠯᠭ᠎ᠠ᠂ | ᠪᠠᠶᠢᠴᠠᠭᠠᠨ ᠰᠢᠯᠭᠠᠵᠦ ᠪᠠᠶᠢᠴᠠᠭᠠᠨ ᠬᠡᠮᠵᠢᠬᠦ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ᠂ ᠳ᠋ᠠᠶᠢᠲ᠋ᠠ ᠶᠢᠨ | ᠵᠠᠳᠠᠯᠤᠯᠲᠠ᠂ ᠬᠠᠤᠯᠢ ᠴᠠᠭᠠᠵᠠ ᠶᠢᠨ ᠯᠠᠪᠯᠠᠯᠭ᠎ᠠ ᠥᠭᠬᠦ ᠵᠡᠷᠭᠡ ᠦᠢᠯᠡᠴᠢᠯᠡᠭᠡ ᠬᠠᠩᠭᠠᠵᠤ᠂ ᠳᠡᠮᠵᠢᠬᠦ ᠬᠡᠪᠴᠢᠶ᠎ᠡ ᠶᠢ | ᠠᠯᠬᠤᠮ ᠠᠯᠬᠤᠮ ᠢᠶᠠᠷ ᠥᠷᠭᠡᠳᠬᠡᠵᠦ᠂ ᠣᠷᠣᠨ ᠪᠦᠰᠡ ᠠᠯᠤᠰᠯᠠᠨ ᠬᠠᠷᠢᠯᠴᠠᠨ ᠨᠡᠪᠲᠡᠷᠡᠯᠴᠡᠵᠦ ᠬᠠᠷᠢᠯᠴᠠᠨ | ᠮᠡᠳᠡᠷᠡᠬᠦ ᠶᠢ ᠬᠠᠶᠢᠨ ᠰᠦᠪᠡᠭᠴᠢᠯᠡᠨ ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠲᠦᠷᠪᠡ᠂ ᠪᠣᠳᠠᠲᠤ ᠴᠣᠭᠴᠠ ᠶᠢᠨ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ | ᠠᠬᠢᠭᠤᠯᠤᠨ᠎ᠠ | ︵ᠨᠢᠭᠡ︶ ᠠᠵᠦ ᠠᠬᠤᠶᠢᠢᠯᠠᠯ ᠲᠡᠬᠡᠳᠤ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ ᠶᠢᠨ ᠬᠠᠮᠵᠢᠯᠴᠠᠨ ᠰᠢᠨ᠎ᠡ ᠶᠢ ᠡᠭᠦᠳᠬᠦ ᠶᠢ ᠵᠣᠷᠢᠬᠵᠢᠭᠤᠯᠤᠨ ᠳᠡᠮᠵᠢᠨ᠎ᠡ᠃ ᠳᠡᠭᠡᠳᠦ ᠰᠤᠷᠭᠠᠭᠤᠯᠢ᠂ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠳᠡᠠ | ᠠᠳᠠᠯ ᠦᠢᠯᠡᠰ ᠴᠣᠭᠴᠠᠯᠠᠭᠴᠢ ᠯᠤᠭ᠎ᠠ ᠬᠠᠮᠲᠤᠷᠠᠯᠴᠠᠭ᠎ᠠ ᠪᠠ ᠬᠠᠷᠢᠯᠴᠠᠨ ᠰᠠᠨᠠᠯ ᠰᠣᠯᠢᠯᠴᠠᠭ᠎ᠠ ᠬᠢᠬᠦ ᠶᠢ | ᠵᠣᠷᠢᠬᠵᠢᠭᠤᠯᠤᠨ᠂ ᠵᠠᠬ᠎ᠠ ᠳᠡᠯᠭᠡᠭᠦᠷᠴᠢᠯᠡᠭᠰᠡᠨ᠂ ᠲᠤᠰᠬᠠᠶᠢᠵᠢᠭᠤᠯᠤᠭᠰᠠᠨ᠂ ᠲᠥᠪᠯᠡᠷᠡᠭᠰᠡᠨ᠂ ᠰᠦᠯᠵᠢᠶᠡᠵᠢᠭᠦᠯᠦᠭᠰᠡᠨ | ᠠᠷᠭ᠎ᠠ ᠮᠠᠶ᠋ᠢᠭ ᠢᠶᠠᠷ ᠨᠡᠶᠢᠲᠡ ᠣᠯᠠᠨ ᠤ ᠣᠶᠣᠨ ᠰᠠᠨᠠᠭ᠎ᠠ ᠶᠢ ᠲᠥᠪᠯᠡᠷᠡᠭᠦᠯᠵᠦ᠂ ᠬᠦᠴᠢᠷ ᠠᠰᠠᠭᠤᠳᠠᠯ ᠢ | ᠰᠢᠢᠳᠪᠦᠷᠢᠯᠡᠬᠦ ︽ᠣᠯᠠᠨ ᠢᠶᠠᠷ ᠢᠶᠠᠨ ᠡᠭᠦᠳᠬᠦ ᠣᠷᠣᠨ ᠵᠠᠶ︾ ᠶᠢ ᠡᠭᠦᠳᠦᠨ ᠪᠠᠶᠢᠭᠤᠯᠵᠤ᠂ ᠨᠡᠶᠢᠭᠡᠮ ᠳᠠᠶᠠᠭᠠᠷ ᠲᠤ | ᠬᠠᠨᠳᠤᠭᠤᠯᠤᠨ ᠨᠡᠭᠡᠭᠡᠯᠲᠡ ᠲᠠᠢ ᠬᠠᠮᠲᠤᠪᠡᠷ ᠡᠳ᠋ᠯᠡᠵᠦ ᠬᠠᠷᠢᠯᠴᠠᠨ ᠬᠦᠳᠡᠯᠦᠯᠴᠡᠬᠦ ᠲᠣᠭᠲᠠᠴᠠ ᠶᠢ ᠪᠣᠢ ᠪᠣᠯᠭᠠᠨ᠎ᠠ᠃ | ᠠᠳᠠᠯ ᠦᠢᠯᠡᠰ ᠴᠣᠭᠴᠠᠯᠠᠬᠤ ᠪᠤᠯᠪᠠᠰᠤᠷᠠᠭᠤᠯᠤᠯ ᠤᠨ ᠭᠠᠵᠠᠷ᠂ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ | ᠤᠷᠤᠯᠳᠤᠭᠠᠨ ᠵᠡᠷᠭᠡ ᠤᠯᠠᠨ ᠵᠦᠢᠯ ᠤᠨ ᠬᠡᠯᠪᠡᠷᠢ ᠶᠢᠨ ᠰᠢᠨ᠎ᠡ ᠶᠢ ᠡᠭᠦᠳᠬᠦ ᠠᠵᠢᠯᠯᠠᠭ᠎ᠠ ᠡᠷᠬᠢᠯᠡᠬᠦ ᠪᠠᠷ ᠳᠠᠮᠵᠢᠭᠤᠯᠤᠨ᠂ | ᠠᠵᠤ ᠠᠬᠤᠶᠢᠯᠠᠯ ᠪᠣᠯᠤᠨ ᠨᠡᠶᠢᠭᠡᠮ ᠤᠨ ᠰᠢᠨ᠎ᠡ ᠶᠢ ᠡᠭᠦᠳᠬᠦ ᠬᠦᠴᠢᠷ ᠠᠰᠠᠭᠤᠳᠠᠯ ᠳᠤ ᠬᠠᠨᠳᠤᠭᠤᠯᠵᠤ᠂ ᠰᠢᠨᠵᠢᠯᠡᠬᠦ | ᠤᠬᠠᠭᠠᠨ ᠤ ᠠᠰᠠᠭᠤᠳᠠᠯ ᠢ ᠠᠪᠰᠠᠷᠬᠠᠨ ᠰᠢᠢᠳᠪᠦᠷᠢᠯᠡᠨ᠎ᠡ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠵᠡᠷᠭᠡ ᠰᠠᠯᠠᠭ᠎ᠠ ᠮᠥᠴᠢᠷ ᠤᠳ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠶᠠᠷ︶ ᠲᠡᠷᠢᠭᠦᠨ ᠤ ᠦᠢᠯᠡᠳᠬᠦ ᠦᠢᠯᠡᠰ ᠤᠨ ᠬᠥᠭᠵᠢᠯᠲᠡ ᠶᠢ ᠳᠡᠮᠵᠢᠨ᠎ᠡ᠃ ᠥᠪᠡᠷᠲᠡᠭᠡᠨ ᠵᠠᠰᠠᠬᠤ | ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠬᠦᠲᠦᠯᠦᠨ ᠵᠢᠯᠣᠭᠤᠳᠬᠤ ᠰᠠᠭᠤᠷᠢ | ᠮᠥᠩᠭᠦ ᠶᠢᠨ ᠲᠡᠷᠢᠭᠦᠨ ᠤ ᠦᠢᠯᠡᠳᠬᠦ ᠦᠢᠯᠡᠰ ᠲᠠᠬᠢ ᠪᠡᠯᠡ ᠣᠷᠣᠭᠤᠯᠤᠯᠲᠠ ᠶᠢ ᠨᠡᠮᠡᠭᠳᠡᠭᠦᠯᠦᠨ᠂ ᠵᠠᠩᠭᠢᠯᠠᠭ᠎ᠠ ᠶᠢᠨ | ᠬᠦᠷᠢᠶ᠎ᠡ ᠬᠡᠪᠴᠢᠶ᠎ᠡ ᠪᠠ ᠪᠣᠭᠤᠮᠢ ᠭᠤᠭᠴᠤᠭ᠎ᠠ ᠳᠠᠬᠢ ᠮᠡᠷᠭᠡᠵᠢᠯ ᠤᠨ ᠥᠭᠡᠷᠡᠴᠢᠯᠡᠯᠲᠡ ᠶᠢ ᠳᠡᠮᠵᠢᠨ᠎ᠡ᠃ ᠮᠠᠨ ᠤ | ᠣᠷᠣᠨ ᠤ ᠠᠵᠤ ᠦᠢᠯᠡᠰ ᠤᠨ ᠰᠠᠭᠤᠷᠢ᠂ ᠡᠬᠢ ᠪᠠᠶᠠᠯᠢᠭ ᠤᠨ ᠨᠥᠬᠦᠴᠡᠯ ᠲᠠᠢ ᠤᠶᠠᠯᠳᠤᠭᠤᠯᠤᠨ᠂ ᠡᠨᠧᠷᠭᠢ᠂ | ᠲᠡᠮᠦᠷᠯᠢᠭ ᠬᠠᠶᠢᠯᠤᠭᠤᠯᠬᠤ᠂ ᠬᠢᠮᠢ ᠶᠢᠨ ᠠᠵᠤ ᠦᠢᠯᠡᠳᠪᠦᠷᠢ᠂ ᠲᠤᠨᠤᠭ ᠲᠦᠬᠦᠭᠡᠷᠦᠮᠵᠢ ᠦᠢᠯᠡᠳᠬᠦ᠂ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ ᠵᠡᠷᠭᠡ ᠤᠯᠠᠮᠵᠢᠯᠠᠯᠲᠤ ᠳᠠᠪᠠᠭᠤᠯᠢᠭ ᠠᠵᠤ | ᠦᠢᠯᠡᠰ ᠲᠤ᠂ ᠦᠢᠯᠡᠳᠪᠦᠷᠢ ᠶᠢᠨ ᠲᠣᠭᠠᠴᠢᠯᠠᠭᠰᠠᠨ᠂ ᠤᠶᠤᠨᠴᠢᠯᠠᠭᠰᠠᠨ ᠥᠭᠡᠷᠡᠴᠢᠯᠡᠯᠲᠡ ᠶᠢ ᠲᠦᠯᠬᠢᠨ | ᠠᠬᠢᠭᠤᠯᠤᠨ᠎ᠠ᠃ ᠠᠵᠤ ᠠᠬᠤᠶᠢᠯᠠᠯ ᠤᠨ ᠬᠢᠨ ᠤ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ | ᠬᠦᠷᠢᠶᠡᠯᠡᠩ ᠭᠠᠵᠠᠷ ᠵᠡᠷᠭᠡ ᠰᠢᠨ᠎ᠡ ᠶᠢ ᠡᠭᠦᠳᠬᠦ ᠭᠤᠣᠯ ᠴᠣᠭᠴᠠ ᠲᠠᠢ ᠬᠠᠮᠲᠤᠷᠠᠨ᠂ ᠨᠢᠭᠡ ᠪᠦᠯᠦᠭ ᠪᠡᠶ᠎ᠡ ᠪᠠᠨ | ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ | ᠪᠠᠶᠢᠭᠤᠯᠬᠤ ᠶᠢ ᠵᠤᠷᠢᠬᠵᠢᠭᠤᠯᠤᠨ᠎ᠠ᠃ ᠴᠡᠷᠢᠭ ᠠᠷᠠᠳ ᠠᠭᠤᠰᠤᠯᠴᠠᠭᠰᠠᠨ ᠠᠵᠤ ᠠᠬᠤᠶᠢᠯᠠᠯ ᠨᠢ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠬᠠᠮᠳᠤᠷᠠᠯᠴᠠᠵᠦ ᠢᠨᠵᠧᠨᠧᠷᠢᠩ ᠤᠨ ᠰᠤᠳᠤᠯᠭᠠᠨ ᠤ ᠲᠥᠪ᠂ | ᠭᠤᠣᠯᠳᠠᠯᠭ᠎ᠠ ᠲᠠᠢ ᠲᠤᠷᠰᠢᠯᠲᠠ ᠶᠢᠨ ᠳᠠᠰᠤᠭ᠂ ᠠᠵᠤ ᠠᠬᠤᠶᠢᠯᠠᠯ ᠤᠨ ᠮᠡᠷᠭᠡᠵᠢᠯ ᠤᠨ ᠲᠥᠪ ᠵᠡᠷᠭᠡ ᠰᠢᠨ᠎ᠡ ᠶᠢ | ᠡᠭᠦᠳᠬᠦ ᠲᠠᠪᠴᠠᠩ ᠢ ᠪᠠᠶᠢᠭᠤᠯᠬᠤ ᠶᠢ ᠵᠣᠷᠢᠬᠵᠢᠭᠤᠯᠵᠤ᠂ ᠴᠡᠷᠢᠭ ᠠᠷᠠᠳ ᠲᠤ ᠵᠡᠷᠭᠡᠪᠡᠷ ᠬᠡᠷᠡᠭᠯᠡᠭᠳᠡᠬᠦ ᠮᠡᠷᠭᠡᠵᠢᠯ ᠤᠨ | ᠦᠢᠯᠡᠳᠬᠦᠨ ᠤ ᠵᠠᠯᠭᠠᠯᠳᠤᠭᠤᠯᠬᠤ ᠬᠠᠮᠲᠤᠷᠠᠯᠴᠠᠭ᠎ᠠ ᠶᠢ ᠲᠦᠯᠬᠢᠨ ᠠᠬᠢᠭᠤᠯᠵᠤ᠂ ᠴᠡᠷᠢᠭ ᠠᠷᠠᠳ ᠲᠤ ᠵᠡᠷᠭᠡᠪᠡᠷ | ᠬᠡᠷᠡᠭᠯᠭᠳᠡᠬᠦ ᠮᠡᠷᠭᠡᠵᠢᠯ ᠤᠨ ᠬᠤᠶᠠᠷ ᠴᠢᠭᠯᠡᠯ ᠤᠨ ᠰᠢᠯᠵᠢᠯᠲᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠤᠨ ᠤᠯᠠᠷᠢᠭᠤᠯᠤᠯᠲᠠ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠮᠡᠳᠡᠭᠡ | ᠵᠠᠩᠭᠢᠵᠢᠯᠲᠠ ᠶᠢᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ | ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠵᠡᠷᠭᠡ ᠰᠠᠯᠠᠭ᠎ᠠ ᠮᠦᠴᠢᠷ ᠤᠳ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠷᠪᠠ︶ ᠬᠠᠮᠲᠤ ᠪᠠᠷ ᠡᠳ᠋ᠯᠡᠬᠦ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃ ᠬᠠᠮᠲᠤ ᠪᠠᠷ ᠡᠳ᠋ᠯᠡᠬᠦ | ᠠᠵᠤ ᠠᠬᠤᠶ ᠶᠢᠨ ᠬᠥᠭᠵᠢᠯᠲᠡ ᠳᠤ ᠵᠣᠬᠢᠴᠠᠯᠳᠤᠭᠰᠠᠨ ᠪᠠᠭᠲᠠᠭᠠᠮᠵᠢᠲᠠᠢ ᠪᠦᠬᠡᠳ ᠪᠣᠯᠭᠤᠮᠵᠢᠲᠠᠶ ᠬᠢᠨᠠᠨ ᠬᠠᠮᠢᠶᠠᠷᠬᠤ | ᠲᠣᠭᠲᠠᠴᠠ ᠪᠠᠶᠢᠭᠤᠯᠬᠤ ᠶᠢ ᠠᠬᠢᠭᠤᠯᠵᠤ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠪᠠᠶᠢᠳᠠᠯ᠂ ᠬᠡᠷᠡᠭᠯᠡᠭᠴᠢᠳ ᠤᠨ | ᠡᠷᠬᠡ ᠠᠰᠢᠭ᠂ ᠨᠡᠶᠢᠭᠡᠮ ᠤᠨ ᠪᠠᠲᠤᠯᠠᠭ᠎ᠠ᠂ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ᠂ ᠠᠶᠤᠯ | ᠲᠦᠭᠰᠢᠭᠦᠷᠢ ᠶᠢ ᠡᠵᠡᠮᠳᠡᠬᠦ ᠵᠡᠷᠭᠡ ᠲᠠᠯ᠎ᠠ ᠪᠠᠷ ᠬᠢ ᠲᠦᠷᠦ ᠶᠢᠨ ᠪᠤᠳᠤᠯᠭ᠎ᠠ ᠶᠢᠨ ᠬᠠᠤᠯᠢ ᠲᠣᠭᠲᠠᠭᠠᠯ ᠢ ᠲᠦᠷᠭᠡᠳᠬᠡᠨ | ᠲᠡᠭᠦᠯᠳᠡᠷᠵᠢᠭᠦᠯᠵᠦ᠂ ᠬᠠᠮᠲᠤ ᠪᠠᠷ ᠡᠳ᠋ᠯᠡᠬᠦ ᠠᠵᠤ ᠠᠬᠤᠶ ᠶᠢᠨ ᠣᠨᠴᠠᠯᠢᠭ ᠲᠤ ᠵᠣᠬᠢᠴᠠᠭᠰᠠᠨ ᠭᠠᠶᠢᠯᠢ ᠲᠠᠲᠠᠪᠤᠷᠢ ᠶᠢᠨ | ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠰᠦᠪᠡᠭᠴᠢᠯᠡᠨ᠎ᠡ᠃ ᠰᠤᠷᠭᠠᠨ ᠬᠥᠮᠦᠵᠢᠯ ᠵᠡᠷᠭᠡ ᠠᠵᠢᠯ ᠲᠦᠷᠦᠯ ᠤᠨ | ᠢᠨᠲ᠋ᠧᠷ ᠰᠦᠯᠵᠢᠶᠡᠨ ᠳᠤ ᠵᠥᠪᠰᠢᠶᠡᠷᠡᠨ ᠤᠷᠤᠭᠤᠯᠬᠤ ᠨᠥᠬᠦᠴᠡᠯ ᠢ ᠵᠣᠬᠢᠬᠤ ᠬᠡᠮᠵᠢᠶ᠎ᠡ ᠪᠠᠷ ᠠᠭᠤᠵᠢᠭᠤ ᠲᠠᠯᠪᠢᠵᠤ᠂ | ᠡᠳ᠋ ᠪᠣᠳᠠᠰ᠂ ᠬᠥᠳᠡᠯᠮᠦᠷᠢ ᠦᠢᠯᠡᠴᠢᠯᠡᠭᠡ᠂ ᠮᠡᠳᠡᠯᠭᠡ᠂ ᠤᠷ᠎ᠠ ᠴᠢᠳᠠᠪᠤᠷᠢ ᠵᠡᠷᠭᠡ ᠬᠦᠷᠢᠶ᠎ᠡ ᠬᠡᠪᠴᠢᠶᠡᠨ ᠳᠠᠬᠢ ᠨᠢᠬᠡ | ᠪᠦᠯᠦᠭ ᠬᠠᠮᠲᠤ ᠪᠠᠷ ᠡᠳ᠋ᠯᠡᠬᠦ ᠬᠡᠷᠡᠭᠯᠡᠭᠡᠨ ᠤ ᠲᠠᠪᠴᠠᠩ ᠢ ᠪᠤᠶᠢᠵᠢᠭᠤᠯᠤᠨ ᠳᠡᠳᠬᠦᠬᠦ ᠪᠠ ᠣᠷᠣᠭᠤᠯᠤᠨ ᠠᠪᠴᠢᠷᠠᠨ᠎ᠠ᠃ | ᠬᠠᠮᠲᠤ ᠪᠠᠷ ᠡᠳ᠋ᠯᠡᠬᠦ ᠠᠵᠤ ᠠᠬᠤᠶ ᠶᠢᠨ ᠲᠠᠪᠴᠠᠩ ᠲᠠᠢ ᠠᠵᠤ ᠠᠬᠤᠶᠢᠯᠠᠯ ᠪᠣᠯᠣᠨ ᠬᠤᠪᠢ ᠬᠥᠮᠦᠨ ᠤ | ᠬᠡᠷᠡᠭᠯᠡᠭᠴᠢᠳ ᠤᠨ ᠵᠣᠬᠢᠬᠤ ᠬᠠᠷᠢᠭᠤᠴᠠᠯᠭ᠎ᠠ ᠶᠢ ᠴᠢᠩᠭᠠᠷᠠᠭᠤᠯᠵᠤ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ | ᠠᠵᠢᠯ ᠪᠠ ᠠᠵᠢᠯᠯᠠᠭᠴᠢᠳ ᠤᠨ ᠨᠡᠶᠢᠭᠡᠮ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ᠃ ︵ᠥᠪᠡᠷᠲᠡᠭᠡᠨ ᠵᠠᠰᠠᠬᠤ | ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠲᠢᠩᠬᠢᠮ᠂ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ᠂ ᠣᠷᠣᠨ ᠨᠤᠲᠤᠭ ᠤᠨ | ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠨᠠᠮ ᠤᠨ ᠬᠤᠷᠢᠶ᠎ᠠ ᠶᠢᠨ ᠰᠦᠯᠵᠢᠶ᠎ᠡ ᠮᠡᠳᠡᠭᠡ ᠵᠠᠩᠭᠢ ᠶᠢᠨ ᠠᠯᠪᠠᠨ ᠭᠡᠷ᠂ | ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ | ᠲᠥᠪ ᠰᠠᠯᠪᠤᠷᠢ ᠪᠠᠩᠬᠢ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | ︵ᠲᠦᠷᠪᠡ︶ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠳᠡᠭᠡᠳᠦ | ᠬᠤᠷᠳᠣ᠂ ᠰᠢᠯᠵᠢᠮᠡᠯ᠂ ᠠᠮᠤᠷ ᠲᠦᠪᠰᠢᠨ᠂ ᠲᠦᠬᠡᠮᠡᠯ ᠪᠠᠶᠢᠭ᠎ᠠ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ | ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠥᠷᠭᠡᠳᠬᠡᠨ ᠠᠬᠢᠭᠤᠯᠵᠦ᠂ ᠴᠠᠬᠢᠯᠭᠠᠨ ᠬᠤᠯᠪᠣᠭᠠᠨ ᠤ | ᠲᠦᠭᠡᠮᠡᠯ ᠦᠢᠯᠡᠴᠢᠯᠡᠭᠡ ᠶᠢ ᠲᠦᠯᠬᠢᠨ ᠠᠬᠢᠭᠤᠯᠤᠨ᠎ᠠ᠃ ᠢᠨᠲ᠋ᠧᠷ ᠰᠦᠯᠵᠢᠶ᠎ᠡ᠂ ᠪᠤᠳᠠᠰᠯᠢᠭ ᠬᠤᠯᠪᠤᠭᠠᠳᠤ ᠰᠦᠯᠵᠢᠶ᠎ᠡ᠂ | ᠲᠤᠮᠤ ᠳ᠋ᠠᠶᠢᠲ᠋ᠠ᠂ ᠡᠭᠦᠯᠡᠨ ᠪᠣᠳᠣᠯᠳᠠ᠂ ᠲᠦᠰᠦᠭᠡᠯᠡᠯ ᠠᠬᠤᠶ᠂ ᠬᠢᠮᠡᠯ ᠤᠶᠤᠨᠴᠢ ᠵᠡᠷᠭᠡ ᠰᠢᠨ᠎ᠡ ᠨᠢᠭᠡ ᠦᠶ᠎ᠡ ᠶᠢᠨ | ᠮᠡᠳᠡᠭᠡ ᠵᠠᠩᠭᠢ ᠶᠢᠨ ᠮᠡᠷᠭᠡᠵᠢᠯ ᠤᠨ ᠵᠠᠰᠠᠭ ᠤᠨ ᠣᠷᠳᠣᠨ ᠤ ᠵᠠᠰᠠᠯᠲᠠ᠂ ᠨᠡᠶᠢᠲᠡ ᠶᠢᠨ ᠦᠢᠯᠡᠴᠢᠯᠡᠭᠡ᠂ ᠠᠵᠤ | ᠦᠢᠯᠡᠰ ᠤᠨ ᠬᠥᠭᠵᠢᠯᠲᠡ ᠵᠡᠷᠭᠡ ᠬᠦᠷᠢᠶ᠎ᠡ ᠬᠡᠪᠴᠢᠶᠡᠨ ᠳᠠᠬᠢ ᠬᠡᠷᠡᠭᠯᠡᠭᠡᠨ ᠢ ᠭᠦᠨᠵᠡᠭᠡᠶᠢᠷᠡᠭᠦᠯᠦᠨ᠎ᠡ᠃ ᠵᠠᠰᠠᠭ ᠤᠨ | ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠬᠠᠮᠲᠤ ᠪᠠᠷ ᠡᠳ᠋ᠯᠡᠨ ᠨᠡᠭᠡᠭᠡᠯᠲᠡ ᠲᠠᠢ | ᠪᠠᠶᠢᠯᠭᠠᠬᠤ ᠶᠢ ᠲᠦᠯᠬᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠳ᠋ᠠᠶᠢᠲ᠋ᠠ ᠡᠬᠢ ᠪᠠᠶᠠᠯᠢᠭ ᠢ ᠨᠢᠭᠡᠳᠦᠯᠲᠡᠶ | ᠲᠥᠯᠥᠪᠯᠡᠨ ᠬᠠᠮᠢᠶᠠᠷᠬᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ | ᠬᠦᠷᠢᠶ᠎ᠡ ᠬᠡᠪᠴᠢᠶᠡᠨ ᠳᠠᠬᠢ ᠲᠤᠭ᠎ᠠ ᠪᠠᠷᠢᠮᠳᠠ ᠶᠢ ᠠᠵᠤ ᠠᠬᠤᠶᠢᠯᠠᠯ᠂ ᠨᠡᠶᠢᠭᠡᠮ ᠤᠨ ᠲᠤᠭ᠎ᠠ ᠪᠠᠷᠢᠮᠳᠠ ᠯᠤᠭ᠎ᠠ | ᠵᠠᠯᠭᠠᠯᠳᠤᠭᠤᠯᠬᠤ ᠶᠢ ᠠᠬᠢᠭᠤᠯᠤᠨ᠂ ᠬᠥᠬᠡᠬᠤᠲᠠ᠂ ᠦᠬᠠᠶ ᠬᠤᠲᠠ ᠶᠢᠨ ᠰᠢᠨ᠎ᠡ ᠮᠠᠶ᠋ᠢᠭ ᠤᠨ ᠤᠬᠠᠭᠠᠨᠯᠢᠭ | ᠬᠤᠳᠠ ᠶᠢᠨ ᠲᠤᠷᠰᠢᠯᠲᠠ ᠶᠢᠨ ᠠᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠤᠬᠠᠭᠠᠨᠯᠢᠭ ᠬᠤᠲᠠ ᠶᠢᠨ | ᠪᠥᠲᠥᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠦᠢᠯᠡᠳᠬᠦ ᠦᠢᠯᠡᠰ ᠤᠨ ᠲᠣᠭᠠᠴᠢᠯᠠᠭᠰᠠᠨ᠂ | ᠰᠦᠯᠵᠢᠶᠡᠵᠢᠭᠰᠡᠨ᠂ ᠤᠶᠤᠨᠴᠢᠯᠠᠭᠰᠠᠨ ᠲᠡᠰᠢ ᠭᠥᠭᠵᠢᠬᠦ ᠶᠢ ᠲᠦᠯᠬᠢᠨ ᠠᠬᠢᠭᠤᠯᠵᠤ᠂ ᠲᠣᠮᠣ ᠳ᠋ᠠᠶᠢᠲ᠋ᠠ᠂ ᠢᠨᠲ᠋ᠧᠷ | ᠰᠦᠯᠵᠢᠶ᠎ᠡ᠂ ᠬᠢᠮᠡᠯ ᠤᠶᠤᠨᠴᠢ ᠵᠡᠷᠭᠡ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠪᠣᠳᠠᠲᠤ | ᠴᠣᠭᠴᠠ ᠶᠢᠨ ᠠᠵᠤ ᠠᠬᠤᠶ ᠯᠤᠭ᠎ᠠ ᠭᠦᠨᠴᠡ ᠪᠠᠷ ᠡᠮᠬᠢᠯᠡᠨ ᠨᠡᠶᠢᠯᠡᠭᠦᠯᠬᠦ ᠶᠢ ᠲᠦᠯᠬᠢᠨ ᠠᠬᠢᠭᠤᠯᠤᠨ᠎ᠠ᠃ ᠣᠷᠣᠰ᠂ | ᠮᠣᠩᠭᠤᠯ ᠤᠯᠤᠰ ᠵᠡᠷᠭᠡ ᠱᠤᠭᠤᠮ ᠳᠠᠭᠠᠤ ᠤᠯᠤᠰ ᠤᠳ ᠲᠠᠢ ᠢᠳᠡᠪᠬᠢᠲᠡᠢ ᠪᠠᠷ ᠲᠤᠭᠠᠴᠢᠳᠤ ᠠᠵᠤ ᠠᠬᠤᠶ ᠶᠢᠨ | ᠰᠣᠯᠢᠯᠴᠠᠭ᠎ᠠ ᠪᠣᠯᠤᠨ ᠬᠠᠮᠲᠤᠷᠠᠯᠴᠠᠭ᠎ᠠ ᠬᠢᠬᠦ ᠶᠢ ᠦᠷᠨᠢᠭᠦᠯᠵᠦ᠂ ︽ᠨᠢᠭᠡ ᠪᠦᠰᠡ ᠨᠢᠭᠡ ᠵᠠᠮ︾ ᠳ᠋ᠠᠶᠢᠲ᠋ᠠ ᠶᠢᠨ | ᠭᠠᠷᠠᠮ ᠤᠨ ᠪᠦᠳᠦᠬᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠠᠬᠤᠶ ᠮᠡᠳᠡᠭᠡ ᠵᠠᠩᠭᠢᠵᠢᠯᠲᠠ ᠶᠢᠨ ᠵᠥᠪᠯᠡᠯ᠂ ᠨᠠᠮ ᠤᠨ | ᠬᠤᠷᠢᠶ᠎ᠠ ᠶᠢᠨ ᠰᠦᠯᠵᠢᠶ᠎ᠡ ᠮᠡᠳᠡᠭᠡ ᠵᠠᠩᠭᠢ ᠶᠢᠨ ᠠᠯᠪᠠᠨ ᠭᠡᠷ᠂ ᠲᠣᠮᠣ ᠳ᠋ᠠᠶᠢᠲ᠋ᠠ ᠶᠢᠨ ᠬᠥᠭᠵᠢᠯᠲᠡ | ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ | ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠲᠠᠪᠤ︶ ᠰᠢᠨ᠎ᠡ ᠠᠵᠤ ᠠᠬᠤᠢ ᠶᠢᠨ ᠲᠤᠭ᠎ᠠ ᠪᠦᠷᠢᠳᠬᠡᠯ ᠤᠨ ᠠᠩᠭᠢᠯᠠᠯ ᠢ ᠲᠡᠭᠦᠯᠳᠡᠷᠵᠢᠭᠦᠯᠦᠨ᠎ᠡ᠃ | ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠤᠯᠤᠰ ᠠᠷᠠᠳ ᠤᠨ ᠠᠵᠤ ᠠᠬᠤᠶ ᠶᠢᠨ ᠠᠵᠢᠯ ᠲᠦᠷᠦᠯ ᠤᠨ ᠠᠩᠭᠢᠯᠠᠯ︾ | ᠂ ︽ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠪᠠᠶᠢᠳᠠᠯ ᠰᠢᠨ᠎ᠡ ᠬᠤᠳᠠᠯᠳᠤᠭᠠᠨ ᠤ ᠵᠠᠭᠪᠤᠷ ᠤᠨ ᠲᠤᠭ᠎ᠠ | ᠪᠦᠷᠢᠳᠬᠡᠯ ᠤᠨ ᠠᠩᠭᠢᠯᠠᠯ ︵ᠲᠤᠷᠰᠢᠨ ᠬᠡᠷᠡᠭᠵᠢᠭᠦᠯᠬᠦ︶︾ ᠪᠠ ︽ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠦᠢᠯᠡᠴᠢᠯᠡᠭᠡᠨ ᠤ ᠲᠤᠭ᠎ᠠ ᠪᠦᠷᠢᠳᠬᠡᠯ ᠤᠨ ᠠᠩᠭᠢᠯᠠᠯ︾ ᠵᠡᠷᠭᠡ ᠲᠦᠷᠦᠯ ᠠᠩᠭᠢᠯᠠᠯ ᠤᠨ ᠬᠤᠯᠪᠣᠭᠳᠠᠯ ᠪᠦᠬᠦᠢ | ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠦᠢᠯᠡᠰ ᠴᠤᠬᠴᠠᠯᠠᠵᠦ ᠰᠢᠨ᠎ᠠ ᠶᠢ ᠡᠬᠦᠳᠬᠦ ᠬᠥᠭᠵᠢᠯᠲᠡ ᠶᠢᠨ ᠲᠤᠭ᠎ᠠ | ᠪᠦᠷᠢᠳᠬᠡᠯ ᠤᠨ ᠭᠦᠢᠴᠡᠳᠬᠡᠯ ᠲᠣᠭᠠᠨ ᠤ ᠰᠢᠰᠲ᠋ᠧᠮᠵᠢ ᠶᠢ ᠰᠤᠳᠤᠯᠤᠨ ᠲᠣᠭᠲᠠᠭᠠᠵᠤ᠂ ᠲᠤᠮᠤ ᠳ᠋ᠠᠶᠢᠲ᠋ᠠ ᠵᠡᠷᠭᠡ ᠣᠲᠣ | ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠠᠰᠢᠭᠯᠠᠨ᠂ ᠠᠵᠤ ᠠᠬᠤᠶ ᠶᠢᠨ | ᠪᠦᠲᠦᠴᠡ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠰᠢᠨ᠎ᠡ ᠠᠬᠢᠴᠠ ᠶᠢ ᠰᠢᠨᠵᠢᠯᠡᠬᠦ ᠤᠬᠠᠭᠠᠨᠴᠢ᠂ ᠣᠨᠣᠪᠴᠢᠲᠠᠶ᠂ | ᠴᠠᠭ ᠲᠤᠬᠠᠶ ᠳᠤᠨᠢ ᠲᠤᠰᠬᠠᠨ᠎ᠠ᠃ ︵ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ | ᠲᠦᠷᠦᠭᠦᠯᠡᠨ ᠬᠠᠷᠢᠭᠤᠴᠠᠨ᠎ᠠ︶ | ︵ᠵᠢᠷᠭᠤᠭ᠎ᠠ︶ ᠭᠠᠵᠠᠷ ᠬᠡᠷᠡᠭᠯᠡᠬᠦ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠤᠨ᠎ᠠ᠃ ᠰᠢᠨ᠎ᠡ ᠶᠢ ᠡᠭᠦᠳᠴᠦ | ᠠᠳᠠᠯ ᠦᠢᠯᠡᠰ ᠴᠣᠭᠴᠠᠯᠠᠬᠤ ᠳᠤ ᠬᠡᠷᠡᠭᠯᠡᠬᠦ ᠭᠠᠵᠠᠷ ᠢ ᠭᠠᠵᠠᠷ ᠰᠢᠷᠣᠶ ᠬᠠᠩᠭᠠᠬᠤ ᠲᠥᠯᠥᠪᠯᠡᠭᠡ ᠳᠤ ᠤᠷᠢᠳᠠᠪᠡᠷ | ᠣᠷᠣᠭᠤᠯᠵᠤ᠂ ᠰᠢᠨ᠎ᠡ ᠠᠵᠤ ᠦᠢᠯᠡᠰ ᠲᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢ ᠤᠷᠢᠳᠠᠪᠠᠷ ᠲᠣᠬᠢᠷᠠᠭᠤᠯᠤᠨ᠎ᠠ᠃ | ᠰᠢᠨ᠎ᠡ ᠠᠵᠤ ᠦᠢᠯᠡᠰ ᠤᠨ ᠲᠥᠷᠥᠯ ᠵᠦᠢᠯ ᠳᠤ ᠬᠡᠷᠡᠭᠯᠡᠬᠦ ᠭᠠᠵᠠᠷ ᠨᠢ ︽ᠬᠤᠪᠢᠶᠠᠷᠢᠯᠠᠨ ᠦᠭᠬᠦᠭᠰᠡᠨ ᠬᠡᠷᠡᠭᠯᠡᠬᠦ | ᠭᠠᠵᠠᠷ ᠤᠨ ᠭᠠᠷᠴᠠᠭ︾ ᠲᠤ ᠨᠡᠶᠢᠴᠡᠪᠡᠯ᠂ ᠰᠢᠯᠵᠢᠭᠦᠯᠦᠨ ᠬᠠᠩᠭᠠᠵᠤ ᠪᠣᠯᠤᠨ᠎ᠠ᠃ ᠰᠢᠨ᠎ᠡ ᠠᠵᠤ ᠦᠢᠯᠡᠰ ᠤᠨ | ᠬᠥᠭᠵᠢᠯᠲᠡ ᠨᠢ ᠲᠥᠷᠭᠡᠨ᠂ ᠭᠠᠵᠠᠷ ᠬᠡᠷᠡᠭᠯᠡᠭᠰᠡᠨ ᠨᠢ ᠡᠷᠴᠢᠮᠯᠢᠭ ᠮᠥᠷᠲᠡᠭᠡᠨ ᠬᠡᠷᠡᠭᠴᠡᠭᠡ ᠶᠡᠬᠡᠲᠡᠶ ᠭᠠᠵᠠᠷ | ᠣᠷᠣᠨ ᠳᠤ᠂ ᠣᠨ ᠤ ᠰᠢᠨ᠎ᠡ ᠪᠠᠷ ᠨᠡᠮᠡᠭᠳᠡᠭᠰᠡᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠦᠢᠴᠡᠳᠬᠡᠯ | ᠲᠤᠭ᠎ᠠ ᠶᠢ ᠵᠣᠬᠢᠰᠲᠠᠶ ᠪᠠᠷ ᠨᠡᠮᠡᠭᠳᠡᠭᠦᠯᠵᠦ ᠪᠣᠯᠤᠨ᠎ᠠ᠃ ᠤᠳᠤ ᠶᠢᠨ ᠪᠠᠶᠢᠭ᠎ᠠ ᠭᠠᠵᠠᠷ ᠰᠢᠷᠤᠢ ᠶᠢ ᠴᠢᠯᠦᠬᠡᠳᠡᠢ | ᠬᠦᠢᠯᠬᠡᠬᠡᠨ ᠠᠰᠢᠭᠯᠠᠵᠤ᠂ ᠤᠯᠠᠮᠵᠢᠯᠠᠯᠲᠤ ᠠᠵᠤ ᠦᠢᠯᠡᠳᠪᠦᠷᠢ ᠠᠵᠤ ᠠᠬᠤᠶᠢᠯᠠᠯ ᠢ ᠲᠡᠷᠢᠭᠦᠨ ᠤ ᠦᠢᠯᠡᠳᠬᠦ | ᠦᠢᠯᠡᠰ ᠤᠨ ᠠᠵᠤ ᠠᠬᠤᠶᠢᠯᠠᠯ ᠪᠤᠯᠭᠠᠨ ᠬᠤᠪᠢᠷᠠᠭᠤᠯᠬᠤ ᠶᠢ ᠵᠤᠷᠢᠬᠵᠢᠭᠤᠯᠬᠤ ᠪᠠ ᠬᠠᠳᠠᠭᠠᠯᠠᠵᠤ ᠪᠠᠶᠢᠭ᠎ᠠ ᠬᠡᠷ | ᠬᠥᠷᠥᠩᠭᠡ ᠶᠢ ᠠᠰᠢᠭᠯᠠᠵᠤ ᠪᠠᠶᠢᠭᠠᠳ ᠦᠢᠯᠡᠳᠬᠦ ᠦᠢᠯᠡᠰ ᠢ ᠰᠣᠶᠣᠯ ᠤᠨ ᠪᠦᠲᠦᠭᠡᠯᠴᠢ ᠰᠠᠨᠠᠭ᠎ᠠ᠂ ᠰᠢᠨᠵᠢᠯᠡᠬᠦ | ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠯᠦᠭᠡ ᠠᠭᠤᠰᠤᠯᠴᠠᠭᠤᠯᠤᠨ ᠬᠦᠭᠵᠢᠬᠦᠯᠦᠭᠰᠡᠨ ᠪᠠᠶᠢᠪᠠᠯ᠂ | ᠤᠤᠯ ᠤᠨ ᠬᠡᠷᠡᠭᠴᠡᠭᠡ ᠪᠠ ᠭᠠᠵᠠᠷ ᠰᠢᠷᠣᠶ ᠶᠢᠨ ᠡᠷᠬᠡ ᠶᠢᠨ ᠲᠦᠷᠦᠯ ᠬᠡᠯᠪᠡᠷᠢ ᠪᠠᠷ ᠭᠠᠵᠠᠷ ᠰᠢᠷᠣᠶ ᠬᠡᠷᠡᠭᠯᠡᠬᠦ | ᠰᠢᠯᠵᠢᠯᠲᠡ ᠶᠢᠨ ᠦᠶ᠎ᠡ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ ᠪᠣᠯᠣᠨ᠎ᠠ᠃ ᠤᠳᠦ ᠶᠢᠨ ᠪᠠᠶᠢᠭ᠎ᠠ | ᠪᠦᠳᠦᠭᠡᠠ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠰᠢᠯᠵᠢᠯᠲᠡ ᠶᠢᠨ ᠬᠤᠭᠤᠴᠠᠭ᠎ᠠ ᠶᠢ ᠳᠡᠮᠵᠢᠬᠦ ᠲᠦᠷᠦ ᠶᠢᠨ | ᠪᠤᠳᠤᠯᠭ᠎ᠠ ᠶᠢᠨ 5 ᠵᠢᠯ ᠤᠨ ᠬᠤᠭᠤᠴᠠᠭ᠎ᠠ ᠨᠢ ᠲᠠᠭᠤᠰᠤᠬᠰᠠᠨ ᠤ ᠳᠠᠷᠠᠭ᠎ᠠ ᠭᠠᠵᠠᠷ ᠬᠡᠷᠡᠭᠯᠡᠬᠦ ᠭᠠᠷᠳᠠᠮ ᠢ | ᠬᠦᠢᠴᠡᠳᠬᠡᠬᠦ ᠴᠢᠬᠤᠯᠠᠲᠠᠢ ᠪᠣᠯ᠂ ᠰᠢᠨ᠎ᠡ ᠬᠡᠷᠡᠭᠴᠡᠭᠡ᠂ ᠰᠢᠨ᠎ᠡ ᠡᠷᠬᠡ ᠶᠢᠨ ᠲᠥᠷᠥᠯ ᠬᠡᠯᠪᠡᠷᠢ᠂ ᠵᠠᠬ᠎ᠠ ᠳᠡᠯᠭᠡᠭᠦᠷ ᠤᠨ | ᠦᠨ᠎ᠡ ᠬᠠᠩᠰᠢ᠂ ᠬᠡᠯᠡᠯᠴᠡᠭᠡᠷ ᠲᠣᠭᠲᠠᠬᠤ ᠠᠷᠭ᠎ᠠ ᠮᠠᠶ᠋ᠢᠭ ᠢᠶᠠᠷ ᠭᠦᠢᠴᠡᠳᠬᠡᠵᠦ ᠪᠣᠯᠣᠨ᠎ᠠ᠃ ︵ᠥᠪᠡᠷᠲᠡᠭᠡᠨ ᠵᠠᠰᠠᠬᠤ | ᠣᠷᠣᠨ ᠤ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠲᠢᠩᠬᠢᠮ ᠲᠦᠷᠦᠭᠦᠯᠡᠨ ᠬᠠᠷᠢᠭᠤᠴᠠᠨ᠎ᠠ︶ | ︵ᠲᠤᠯᠤᠭ᠎ᠠ︶ ᠴᠢᠬᠤᠯᠠ ᠶᠡᠭᠡ ᠮᠡᠷᠭᠡᠵᠢᠯ ᠤᠨ ᠠᠩᠬᠠᠨ ᠤ ᠲᠤᠨᠤᠭ ᠳᠦᠬᠦᠭᠡᠷᠦᠮᠵᠢ ᠶᠢ ᠰᠤᠳᠤᠯᠤᠨ ᠨᠡᠭᠡᠭᠡᠬᠦ | ᠪᠠ ᠳᠡᠯᠭᠡᠷᠡᠭᠦᠯᠦᠨ ᠬᠡᠷᠡᠭᠯᠡᠬᠦ ᠶᠢ ᠠᠬᠢᠭᠤᠯᠤᠨ᠎ᠠ᠃ ᠴᠢᠬᠤᠯᠠ ᠶᠡᠭᠡ ᠮᠡᠷᠭᠡᠵᠢᠯ ᠤᠨ ᠠᠩᠬᠠᠨ ᠤ ᠲᠤᠨᠤᠭ | ᠲᠦᠬᠦᠬᠡᠷᠦᠮᠵᠢ ᠶᠢᠨ ᠵᠢᠱᠢᠶ᠎ᠡ ᠦᠵᠡᠭᠦᠯᠦᠨ ᠬᠡᠷᠡᠭᠯᠡᠬᠦ ᠶᠢ ᠠᠬᠢᠭᠤᠯᠬᠤ ᠰᠠᠨᠠᠯ ᠢ ᠰᠤᠳᠤᠯᠤᠨ ᠲᠣᠭᠲᠠᠭᠠᠵᠤ᠂ ᠴᠢᠬᠤᠯᠠ | ᠶᠡᠭᠡ ᠮᠡᠷᠭᠡᠵᠢᠯ ᠤᠨ ᠲᠤᠨᠤᠭ ᠲᠦᠬᠦᠬᠡᠷᠦᠮᠵᠢ ᠶᠢ ᠰᠤᠳᠤᠯᠤᠨ ᠨᠡᠭᠡᠭᠡᠬᠦ᠂ ᠪᠠᠶᠢᠢᠴᠠᠭᠠᠨ ᠰᠢᠨᠵᠢᠵᠦ ᠬᠢᠨᠠᠨ | ᠲᠣᠭᠲᠠᠭᠠᠬᠤ᠂ ᠵᠢᠱᠢᠶ᠎ᠡ ᠦᠵᠡᠬᠦᠯᠦᠨ ᠬᠡᠷᠡᠭᠯᠡᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠡᠳ᠋ ᠤᠨ ᠵᠠᠰᠠᠭ᠂ | ᠮᠥᠩᠭᠦᠨ ᠭᠦᠢᠯᠭᠡᠭᠡᠨ᠂ ᠳᠠᠭᠠᠳᠬᠠᠯ ᠵᠡᠷᠭᠡ ᠲᠠᠯ᠎ᠠ ᠪᠠᠷ ᠬᠢ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢ | ᠲᠡᠭᠦᠯᠳᠡᠷᠵᠢᠭᠦᠯᠦᠨ᠂ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠬᠠᠮᠢᠶ᠎ᠠ ᠪᠦᠬᠦᠢ ᠱᠠᠭᠠᠷᠳᠠᠯᠭ᠎ᠠ ᠶᠢ | ᠲᠤᠲᠤᠷᠬᠠᠶᠢᠯᠠᠵᠤ᠂ ᠵᠢᠱᠢᠶ᠎ᠡ ᠦᠵᠡᠭᠦᠯᠬᠦ ᠬᠡᠷᠡᠭᠯᠡᠭᠡᠨ ᠤ ᠤᠷᠮᠠᠰᠢᠭᠤᠯᠬᠤ ᠪᠠ ᠪᠠᠲᠤᠯᠠᠬᠤ ᠲᠣᠭᠲᠠᠴᠠ ᠶᠢ ᠪᠠᠶᠢᠭᠤᠯᠵᠤ᠂ | ᠰᠠᠶᠢᠨ ᠰᠠᠶᠢᠬᠠᠨ ᠳᠦᠷᠦ ᠶᠢᠨ ᠪᠤᠳᠤᠯᠭ᠎ᠠ ᠪᠣᠯᠤᠨ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠤᠢ ᠪᠣᠯᠭᠠᠨ᠎ᠠ᠃ ︵ | ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠪᠠ ᠮᠡᠳᠡᠭᠡ ᠵᠠᠩᠭᠢᠵᠢᠯᠲᠠ ᠶᠢᠨ ᠵᠥᠪᠯᠡᠯ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠮᠥᠩᠭᠦᠨ ᠭᠦᠢᠯᠭᠡᠭᠡᠨ ᠤ ᠠᠯᠪᠠᠨ ᠭᠡᠷ᠂ ᠡᠳ᠋ ᠤᠨ ᠵᠠᠰᠠᠭ ᠤᠨ ᠲᠢᠩᠬᠢᠮ᠂ ᠶᠠᠰᠤ | ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠥᠪᠥᠷ ᠮᠣᠩᠭᠤᠯ ᠤᠨ ᠳᠠᠭᠠᠳᠬᠠᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠲᠠᠪᠤ᠂ ᠴᠢᠳᠠᠪᠤᠷᠢᠲᠠᠨ ᠤ ᠰᠢᠯᠵᠢᠬᠦ ᠶᠢ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ | ︵ᠨᠢᠭᠡ︶ ᠭᠠᠳᠠᠭᠠᠳᠤ ᠶᠢᠨ ᠬᠠᠷᠢᠶ᠎ᠠ ᠲᠠᠢ ᠴᠢᠳᠠᠪᠤᠷᠢᠲᠠᠨ ᠤ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ | ᠰᠢᠯᠢᠳᠡᠭᠵᠢᠭᠦᠯᠦᠨ᠎ᠡ᠃ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠮᠠᠭᠠᠳᠯᠠᠨ ᠲᠣᠭᠲᠠᠭᠠᠭᠰᠠᠨ | ᠭᠠᠳᠠᠭᠠᠳᠤ ᠶᠢᠨ ᠬᠠᠷᠢᠶ᠎ᠠ ᠲᠠᠢ ᠴᠢᠳᠠᠪᠤᠷᠢᠲᠠᠨ ᠤ ᠸᠢᠰᠠ᠂ ᠣᠷᠣᠰᠢᠨ ᠰᠠᠭᠤᠬᠤ ᠵᠥᠪᠰᠢᠶᠡᠷᠡᠯ᠂ ᠥᠨᠢ ᠡᠭᠦᠷᠢᠳᠡ | ᠣᠷᠣᠰᠢᠨ ᠰᠠᠭᠤᠬᠤ ᠪᠡᠶ᠎ᠠ ᠶᠢᠨ ᠦᠨᠡᠮᠯᠡᠯ ᠵᠡᠷᠭᠡ ᠬᠢᠯᠢ ᠪᠠᠷ ᠭᠠᠷᠴᠤ ᠣᠷᠣᠬᠤ ᠭᠡᠷᠡᠴᠢ ᠲᠡᠮᠳᠡᠭ ᠢ ᠬᠦᠢᠴᠡᠳᠬᠡᠬᠦ ᠪᠠᠷ | ᠭᠤᠶᠤᠴᠢᠯᠠᠬᠤ ᠳᠤ ᠰᠠᠭᠠᠳ ᠦᠭᠡᠢ ᠨᠡᠪᠲᠡᠷᠡᠬᠦ ᠵᠠᠮ ᠨᠡᠪᠲᠡᠷᠡᠭᠦᠯᠵᠦ᠂ ᠭᠠᠳᠠᠭᠠᠳᠤ ᠶᠢᠨ ᠬᠠᠷᠢᠶ᠎ᠠ ᠲᠠᠢ | ᠴᠢᠳᠠᠪᠤᠷᠢᠲᠠᠨ ᠤ ᠬᠠᠨᠢ ᠨᠥᠬᠦᠷ ᠪᠤᠶᠤ ᠨᠠᠰᠤᠨ ᠳᠤ ᠬᠦᠷᠦᠭᠡᠳᠦᠢ ᠦᠷ᠎ᠡ ᠬᠡᠦᠬᠡᠳ ᠲᠤ ᠪᠣᠯ᠂ ᠭᠠᠳᠠᠭᠠᠳᠤ ᠶᠢᠨ | ᠴᠢᠳᠠᠪᠤᠷᠢᠲᠠᠨ ᠤ ᠸᠢᠰᠠ ᠪᠠ ᠣᠷᠣᠰᠢᠨ ᠰᠠᠭᠤᠬᠤ ᠵᠥᠪᠰᠢᠶᠡᠷᠡᠯ ᠭᠤᠶᠤᠴᠢᠯᠠᠬᠤ ᠲᠠᠢ ᠠᠳᠠᠯᠢ ᠪᠠᠷ ᠳᠦᠭᠦᠮ | ᠦᠵᠡᠭᠦᠯᠵᠦ ᠪᠣᠯᠣᠨ᠎ᠠ᠃ ᠭᠠᠳᠠᠭᠠᠳᠤ ᠶᠢᠨ ᠬᠠᠷᠢᠶ᠎ᠠ ᠲᠠᠢ ᠴᠢᠳᠠᠪᠤᠷᠢᠲᠠᠨ ᠤ ᠬᠠᠨᠢ ᠨᠥᠬᠦᠷ ᠨᠢ ᠠᠵᠢᠯᠯᠠᠬᠤ | ᠰᠠᠨᠠᠭ᠎ᠠ ᠲᠠᠢ ᠮᠥᠷᠲᠡᠭᠡᠨ ᠣᠷᠣᠨ ᠤ ᠳᠣᠲᠣᠷᠠᠬᠢ ᠬᠥᠮᠦᠨ ᠬᠡᠷᠡᠭᠯᠡᠬᠦ ᠨᠢᠭᠡᠴᠡ ᠳᠤ ᠤᠷᠢᠨ ᠬᠡᠷᠡᠭᠯᠡᠭᠳᠡᠭᠰᠡᠨ ᠪᠣᠯ᠂ | ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ | ᠲᠢᠩᠬᠢᠮ ᠠᠴᠠ ᠭᠠᠳᠠᠭᠠᠳᠤ ᠶᠢᠨ ᠬᠥᠮᠦᠨ ᠳᠤᠮᠳᠠᠳᠤ ᠤᠯᠤᠰ ᠲᠤ ᠢᠷᠡᠵᠤ ᠠᠵᠢᠯᠯᠠᠬᠤ ᠵᠥᠪᠰᠢᠶᠡᠷᠡᠯ ᠢ ᠤᠷᠢᠳᠠᠪᠡᠷ | ᠭᠦᠢᠴᠡᠳᠬᠡᠵᠦ ᠥᠭᠭᠦᠨ᠎ᠡ᠃ ᠭᠠᠳᠠᠭᠠᠳᠤ ᠶᠢᠨ ᠬᠠᠷᠢᠶ᠎ᠠ ᠲᠠᠢ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠳᠤ | ᠦᠢᠯᠡᠴᠢᠯᠡᠬᠦ ︽ᠪᠥᠬᠦᠨ ᠳᠤ ᠲᠤᠬᠢᠷᠠᠬᠤ ᠺᠠᠷᠲ︾ ᠤᠨ ᠲᠤᠷᠰᠢᠯᠲᠠ ᠶᠢ ᠬᠢᠨ᠎ᠡ᠃ ︵ᠥᠪᠡᠷᠲᠡᠭᠡᠨ ᠵᠠᠰᠠᠬᠤ | ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | ︵ᠬᠤᠶᠠᠷ︶ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢ ᠤᠯᠠᠮ ᠨᠢᠭᠡ ᠠᠯᠬᠤᠮ | ᠴᠢᠩᠭᠠᠷᠠᠭᠤᠯᠤᠨ᠎ᠠ᠃ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠢ ᠴᠢᠩᠭᠠᠳᠬᠠᠵᠤ᠂ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠲᠥᠷᠥ ᠶᠢᠨ ᠪᠣᠳᠣᠯᠭ᠎ᠠ ᠶᠢᠨ ᠰᠢᠨ᠎ᠡ ᠶᠢ ᠡᠭᠦᠳᠴᠦ᠂ ᠪᠡᠶ᠎ᠡ ᠪᠠᠨ ᠳᠠᠭᠠᠭᠠᠭᠰᠠᠨ | ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠲᠠᠢ᠂ ᠣᠯᠠᠨ ᠤᠯᠤᠰ ᠤᠨ ᠲᠡᠷᠢᠭᠦᠨ ᠤ ᠪᠤᠶᠤ ᠤᠯᠤᠰ ᠤᠨ | ᠳᠣᠲᠣᠭᠠᠳᠤ ᠶᠢᠨ ᠲᠡᠷᠢᠭᠦᠨ ᠳᠡᠰ ᠤᠨ ᠬᠢᠷᠢ ᠬᠡᠮᠵᠢᠶ᠎ᠡ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ | ᠭᠠᠷᠭᠠᠭᠰᠠᠨ ᠣᠷᠣᠨ ᠤ ᠲᠤᠲᠤᠷ᠎ᠠ ᠭᠠᠳᠠᠨᠠᠬᠢ ᠳᠡᠭᠡᠳᠦ ᠳᠡᠰ ᠳᠠᠪᠬᠤᠷᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠴᠢᠳᠠᠪᠤᠷᠢᠲᠠᠨ ᠪᠠ ᠪᠦᠯᠬᠦᠮ ᠨᠡᠶᠢᠲᠡ ᠮᠠᠨ ᠤ ᠣᠷᠣᠨ ᠳᠤ ᠢᠷᠡᠵᠦ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠤᠨ ᠤᠯᠠᠷᠢᠭᠤᠯᠤᠯᠳᠠ ᠬᠢᠬᠦ ᠶᠢ ᠲᠠᠮᠵᠢᠵᠦ᠂ ᠨᠥᠬᠦᠴᠡᠯ ᠳᠤ ᠨᠡᠶᠢᠴᠡᠭᠰᠡᠨ ᠪᠦᠯᠬᠦᠮ ᠢ ᠲᠦᠷᠦᠯ ᠬᠤᠪᠢᠶᠠᠨ | ᠲᠡᠳᠬᠦᠨ ᠲᠤᠰᠠᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠰᠢᠨᠵᠢᠯᠡᠬᠦ | ᠤᠬᠠᠭᠠᠨ ᠮᠡᠷᠭᠡᠵᠢᠯ ᠤᠨ ᠲᠢᠩᠬᠢᠮ᠂ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠵᠡᠷᠭᠡ ᠰᠠᠯᠠᠭ᠎ᠠ | ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠷᠪᠠ︶ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ | ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠷᠭ᠎ᠠ ᠶᠢ ᠲᠡᠭᠦᠯᠳᠡᠷᠵᠢᠭᠦᠯᠦᠨ᠎ᠡ᠃ ᠳᠡᠭᠡᠳᠦ ᠰᠤᠷᠭᠠᠭᠤᠯᠢ᠂ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠮᠡᠳᠡᠯᠭᠡ ᠶᠢᠨ ᠦᠷᠳᠡᠭ ᠢ ᠨᠡᠮᠡᠭᠳᠡᠭᠦᠯᠬᠦ ᠪᠠᠷ | ᠤᠳᠤᠷᠢᠳᠤᠮᠵᠢ ᠪᠣᠯᠭᠠᠭᠰᠠᠨ ᠬᠤᠪᠢᠶᠠᠷᠢᠯᠠᠯᠲᠠ ᠶᠢᠨ ᠲᠦᠷᠦ ᠶᠢᠨ ᠪᠤᠳᠤᠯᠭ᠎ᠠ ᠶᠢᠨ ᠥᠭᠡᠷᠡᠴᠢᠯᠡᠯᠲᠡ ᠶᠢ | ᠢᠳᠡᠪᠬᠢᠲᠡᠢ ᠪᠠᠷ ᠲᠦᠯᠬᠢᠨ ᠠᠬᠢᠭᠤᠯᠵᠤ᠂ ᠬᠠᠷᠭᠤᠭᠤᠯᠤᠨ ᠲᠣᠭᠲᠠᠭᠠᠭᠰᠠᠨ ᠠᠵᠢᠯ ᠤᠨ ᠠᠮᠵᠢᠯᠲᠠ ᠪᠦᠲᠦᠮᠵᠢ ᠶᠢᠨ | ᠴᠠᠯᠢᠩ ᠤᠨ ᠶᠡᠷᠦᠩᠬᠡᠶ ᠬᠡᠮᠵᠢᠶᠡᠨ ᠤ ᠳᠣᠲᠣᠷ᠎ᠠ ᠵᠢᠯ ᠤᠨ ᠴᠠᠯᠢᠩ ᠤᠨ ᠲᠦᠷᠢᠮ᠂ ᠬᠡᠯᠡᠯᠴᠡᠭᠡᠷᠲᠦ ᠴᠠᠯᠢᠩ᠂ ᠲᠦᠷᠦᠯ | ᠵᠦᠢᠯ ᠤᠨ ᠴᠠᠯᠢᠩ ᠵᠡᠷᠭᠡ ᠠᠮᠢᠳᠤᠯᠢᠭ ᠪᠥᠭᠡᠳ ᠤᠯᠠᠨ ᠶᠠᠩᠵᠤ ᠶᠢᠨ ᠬᠤᠪᠢᠶᠠᠷᠢᠯᠠᠬᠤ ᠬᠡᠯᠪᠡᠷᠢ ᠪᠠ ᠠᠷᠭ᠎ᠠ ᠠᠪᠴᠤ | ᠪᠣᠯᠤᠨ᠎ᠠ᠃ ᠱᠠᠳᠤ ᠬᠤᠪᠢᠶᠠᠨ ᠬᠠᠮᠢᠶᠠᠷᠬᠤ ᠵᠠᠷᠴᠢᠮ ᠤᠨ ᠶᠣᠰᠣᠭᠠᠷ᠂ ᠠᠶᠢᠮᠠᠭ ᠬᠤᠳᠠ ᠪᠠᠷ ᠨᠢᠭᠡᠴᠢ ᠪᠣᠯᠭᠠᠨ᠂ | ᠠᠵᠢᠯ ᠦᠢᠯᠡᠰ ᠤᠨ ᠣᠷᠣᠨ ᠲᠤᠭ᠎ᠠ ᠶᠢ ᠨᠢᠭᠡᠳᠦᠯᠲᠡᠶ ᠲᠥᠯᠥᠪᠯᠡᠵᠦ ᠲᠣᠬᠢᠷᠠᠭᠤᠯᠬᠤ ᠶᠢᠨ ᠬᠦᠳᠡᠯᠦᠩᠬᠦᠢ ᠪᠠᠷ | ᠵᠤᠬᠢᠴᠠᠭᠤᠯᠵᠦ ᠡᠷᠬᠢᠯᠳᠦᠬᠦᠯᠦᠨ ᠬᠡᠷᠡᠭᠯᠡᠬᠦ ᠳᠦᠷᠢᠮ ᠢ ᠪᠠᠶᠢᠭᠤᠯᠤᠨ᠎ᠠ᠃ ᠠᠵᠢᠯ ᠦᠢᠯᠡᠰ ᠤᠨ ᠨᠢᠭᠡᠴᠡ ᠨᠢ ᠳᠡᠭᠡᠳᠦ | ᠲᠡᠰ ᠳᠠᠪᠬᠤᠷᠭ᠎ᠠ ᠶᠢᠨ ᠬᠥᠮᠦᠰ ᠪᠠ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠣᠷᠣᠭᠤᠯᠤᠨ | ᠠᠪᠴᠢᠷᠠᠬᠤ ᠳᠤ᠂ ᠡᠯᠰᠡᠨ ᠬᠡᠷᠡᠭᠯᠡᠬᠦ ᠲᠡᠰ ᠳᠠᠷᠠᠭᠠᠯᠠᠯ ᠢ ᠴᠤᠮᠬᠠᠳᠬᠠᠵᠤ᠂ ᠰᠤᠯᠠ ᠠᠵᠢᠯ ᠤᠨ ᠪᠠᠶᠢᠷᠢ ᠦᠭᠡᠢ ᠨᠢ | ᠤᠨᠴᠠ ᠲᠤᠬᠳᠠᠬᠰᠠᠨ ᠠᠵᠢᠯ ᠤᠨ ᠪᠠᠶᠢᠷᠢ ᠪᠠᠶᠢᠷᠢᠯᠠᠭᠤᠯᠬᠤ ᠪᠠᠷ ᠭᠤᠶᠤᠴᠢᠯᠠᠵᠤ ᠪᠣᠯᠬᠤ ᠮᠥᠷᠲᠡᠭᠡᠨ ᠬᠠᠮᠢᠶ᠎ᠠ ᠪᠥᠬᠦᠢ | ᠲᠣᠭᠲᠠᠭᠠᠯ ᠶᠣᠰᠣᠭᠠᠷ ᠠᠵᠢᠯᠳᠠᠨ ᠤ ᠶᠠᠪᠤᠳᠠᠯ ᠤᠨ ᠬᠠᠷᠢᠴᠠᠭ᠎ᠠ ᠶᠢ ᠭᠦᠢᠴᠡᠳᠬᠡᠵᠦ᠂ ᠠᠵᠢᠯ ᠤᠨ ᠪᠠᠶᠢᠷᠢ ᠶᠢᠨ | ᠴᠠᠯᠢᠩ ᠬᠥᠯᠥᠰᠥ ᠶᠢ ᠲᠣᠭᠲᠠᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ ᠲᠣᠭᠠᠨ ᠤ ᠠᠯᠪᠠᠨ ᠭᠡᠷ᠂ | ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ | ᠰᠤᠷᠭᠠᠨ ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠵᠡᠷᠭᠡ ᠰᠠᠯᠠᠭ᠎ᠠ ᠮᠥᠴᠢᠷ ᠤᠳ | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠲᠦᠷᠪᠡ︶ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠨᠤᠲᠤᠭ ᠲᠠᠭᠠᠨ ᠪᠤᠴᠠᠵᠤ ᠠᠳᠠᠯ ᠦᠢᠯᠡᠰ | ᠴᠣᠭᠴᠠᠯᠠᠬᠤ ᠶᠢ ᠳᠡᠮᠵᠢᠨ᠎ᠡ᠃ ᠨᠤᠲᠤᠭ ᠲᠠᠭᠠᠨ ᠪᠤᠴᠠᠭᠰᠠᠨ ᠠᠳᠠᠯ ᠦᠢᠯᠡᠰ ᠴᠣᠭᠴᠠᠯᠠᠭᠰᠠᠳ ᠲᠤ ᠠᠳᠠᠯ ᠦᠢᠯᠡᠰ | ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ᠂ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ᠨᠡᠮᠡᠬᠦᠷᠢ᠂ | ᠨᠡᠶᠢᠭᠡᠮ ᠤᠨ ᠳᠠᠭᠠᠳᠬᠠᠯ ᠤᠨ ᠨᠡᠮᠡᠬᠦᠷᠢ ᠥᠭᠬᠦ ᠲᠠᠯ᠎ᠠ ᠪᠠᠷ ᠳᠡᠮᠵᠢᠯᠭᠡ ᠦᠵᠡᠭᠦᠯᠵᠦ᠂ ᠨᠤᠲᠤᠭ ᠲᠠᠭᠠᠨ ᠪᠤᠴᠠᠵᠤ | ᠬᠥᠳᠡᠭᠡ ᠪᠠᠭᠤᠭᠰᠠᠨ ᠬᠥᠮᠦᠰ ᠳᠠᠪᠠᠭᠤᠯᠢᠭ ᠣᠨᠴᠠᠯᠢᠭ ᠪᠦᠬᠦᠢ ᠠᠵᠤ ᠦᠢᠯᠡᠰ ᠤᠨ ᠲᠣᠭᠤᠷᠢᠨ ᠳᠤ᠂ | ᠬᠡᠪᠴᠢᠶᠡᠵᠢᠭᠦᠯᠦᠨ ᠲᠡᠷᠢᠵᠦ ᠲᠡᠵᠢᠭᠡᠬᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ | ᠪᠣᠯᠪᠠᠰᠤᠷᠠᠭᠤᠯᠬᠤ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠦᠢᠯᠡᠴᠢᠯᠡᠭᠡ᠂ ᠰᠡᠯᠡᠭᠦᠴᠡᠯ ᠲᠠᠷᠢᠶᠠᠯᠠᠩ | ᠮᠠᠯ ᠠᠵᠤ ᠠᠬᠤᠶ ᠪᠠ ᠬᠥᠳᠡᠭᠡ ᠲᠣᠰᠬᠤᠨ ᠤ ᠵᠢᠭᠤᠯᠴᠢᠯᠠᠯ ᠤᠨ ᠦᠢᠯᠡᠰ ᠢ ᠭᠤᠣᠯᠳᠠᠯᠭ᠎ᠠ ᠲᠠᠢ ᠬᠥᠭᠵᠢᠭᠦᠯᠬᠦ ᠶᠢ | ᠵᠣᠷᠢᠬᠵᠢᠭᠤᠯᠤᠨ᠎ᠠ᠃ ᠬᠥᠳᠡᠭᠡ ᠲᠣᠰᠬᠤᠨ ᠤ ᠳᠠᠭᠠᠭᠠᠴᠢᠯᠠᠭᠰᠠᠨ ᠭᠠᠵᠠᠷ ᠰᠢᠷᠣᠶ ︵ᠬᠠᠳᠤᠯᠠᠩ ᠪᠡᠯᠴᠢᠭᠡᠷ︶ ᠶᠢᠨ | ᠡᠵᠡᠩᠨᠡᠯᠲᠡ ᠶᠢᠨ ᠡᠷᠬᠡ ᠵᠢᠴᠢ ᠮᠠᠯᠴᠢᠨ ᠲᠠᠷᠢᠶᠠᠴᠢᠨ ᠤ ᠣᠷᠣᠨ ᠰᠠᠭᠤᠴᠠ ᠡᠳ᠋ ᠬᠥᠷᠥᠩᠭᠡ ᠶᠢᠨ ᠡᠷᠬᠡ ᠪᠠᠨ | ᠪᠠᠷᠢᠴᠠᠭᠠᠯᠠᠨ ᠵᠢᠭᠡᠯᠡᠯᠭᠡ ᠠᠪᠬᠤ ᠲᠤᠷᠰᠢᠯᠲᠠ ᠶᠢ ᠰᠦᠪᠡᠭᠴᠢᠯᠡᠨ ᠬᠡᠷᠡᠭᠵᠢᠬᠦᠯᠦᠨ᠎ᠠ᠃ ︵ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠲᠢᠩᠬᠢᠮ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠬᠢᠮ᠂ ᠮᠥᠩᠭᠦᠨ ᠭᠦᠢᠯᠭᠡᠭᠡᠨ ᠤ | ᠠᠯᠪᠠᠨ ᠭᠡᠷ᠂ ᠥᠪᠥᠷ ᠮᠣᠩᠭᠤᠯ ᠤᠨ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠵᠡᠷᠭᠡ ᠰᠠᠯᠠᠭ᠎ᠠ ᠮᠥᠴᠢᠷ ᠤᠳ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠵᠢᠷᠭᠤᠭ᠎ᠠ᠂ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠠᠷᠭ᠎ᠠ ᠶᠢᠨ ᠰᠢᠨ᠎ᠡ ᠶᠢ ᠡᠭᠦᠳᠦᠨ᠎ᠡ | ︵ᠨᠢᠭᠡ︶ ᠲᠥᠪ ᠭᠤᠣᠯᠴᠢ ᠪᠠᠷ ᠥᠷᠢᠰᠥᠯᠳᠦᠬᠦ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠤᠢ | ᠪᠣᠯᠭᠠᠨ᠎ᠠ᠃ ᠲᠥᠪ ᠭᠤᠣᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠳᠠ ᠶᠢ ᠬᠡᠷᠡᠭᠵᠢᠭᠦᠯᠬᠦ ᠨᠠᠷᠢᠨ ᠳᠦᠷᠢᠮ | ᠵᠡᠷᠭᠡ ᠶᠢᠨ ᠱᠠᠭᠠᠷᠳᠠᠯᠭ᠎ᠠ ᠶᠣᠰᠣᠭᠠᠷ᠂ ᠪᠦᠬᠦ ᠣᠷᠣᠨ ᠤ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠣᠯᠣᠨ | ᠬᠠᠤᠯᠢ ᠴᠠᠭᠠᠵᠠ᠂ ᠬᠠᠤᠯᠢ ᠲᠣᠭᠲᠠᠭᠠᠯ ᠢᠶᠠᠷ ᠡᠷᠬᠡ ᠣᠯᠭᠤᠭᠰᠠᠨ ᠤᠯᠠᠨ ᠨᠡᠶᠢᠲᠡ ᠶᠢᠨ ᠬᠡᠷᠡᠭ ᠡᠷᠬᠢᠯᠡᠬᠦ ᠶᠢ | ᠬᠠᠮᠢᠶᠠᠷᠬᠤ ᠡᠭᠦᠷᠭᠡ ᠴᠢᠳᠠᠪᠤᠷᠢ ᠪᠦᠬᠦᠢ ᠵᠣᠬᠢᠶᠠᠨ ᠪᠠᠶᠢᠭᠤᠯᠤᠯᠲᠠ ᠨᠢ ᠵᠠᠬ᠎ᠠ ᠳᠡᠯᠭᠡᠭᠦᠷ ᠲᠤ ᠵᠥᠪᠰᠢᠶᠡᠷᠡᠨ | ᠤᠷᠤᠭᠤᠯᠬᠤ᠂ ᠠᠵᠤ ᠦᠢᠯᠡᠰ ᠢ ᠬᠥᠭᠵᠢᠭᠦᠯᠬᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ | ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠵᠠᠰᠠᠭ ᠤᠨ ᠣᠷᠳᠣᠨ ᠬᠤᠳᠠᠯᠳᠤᠨ ᠠᠪᠬᠤ᠂ | ᠡᠵᠡᠩᠨᠡᠯᠲᠡ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠬᠤ᠂ ᠬᠢᠷᠢ ᠬᠡᠮ ᠤᠨ ᠪᠠᠷᠢᠮᠵᠢᠶ᠎ᠠ ᠵᠡᠷᠭᠡ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠠᠵᠤ ᠠᠬᠤᠶ ᠶᠢᠨ ᠠᠵᠢᠯᠯᠠᠭᠠᠨ ᠳᠤ ᠬᠤᠯᠪᠤᠬᠳᠠᠬᠰᠠᠨ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠪᠣᠯᠤᠨ ᠪᠤᠰᠤᠳ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠳᠤ ᠴᠥᠮ ᠲᠦᠪ | ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠳᠠ ᠬᠢᠬᠦ ᠬᠡᠷᠡᠭᠲᠡᠶ᠃ ᠠᠵᠤ ᠠᠬᠤᠶᠢᠯᠠᠯ ᠳᠤ ᠬᠤᠯᠪᠣᠭᠳᠠᠬᠰᠠᠨ | ᠰᠦᠢᠳᠬᠡᠯ ᠬᠤᠷᠢᠶᠠᠬᠤ ᠲᠥᠷᠥᠯ ᠵᠦᠢᠯ ᠤᠳ ᠢ ᠢᠯᠭᠠᠷᠠᠭᠤᠯᠤᠨ ᠵᠢᠷᠤᠮᠵᠢᠭᠤᠯᠵᠤ᠂ ᠢᠲᠡᠭᠡᠮᠵᠢ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠨ᠂ ᠵᠠᠰᠠᠭ ᠵᠠᠬᠢᠷᠭᠠᠨ ᠤ ᠬᠠᠮᠢᠶᠠᠷᠤᠯᠲᠠ᠂ ᠨᠡᠶᠢᠭᠡᠮ ᠨᠡᠶᠢᠲᠡ ᠶᠢᠨ | ᠦᠢᠯᠡᠴᠢᠯᠡᠭᠡ᠂ ᠵᠠᠬ᠎ᠠ ᠳᠡᠯᠭᠡᠭᠦᠷ ᠤᠨ ᠠᠷᠡᠯᠵᠢᠶ᠎ᠡ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ | ᠵᠡᠷᠭᠡ ᠬᠦᠷᠢᠶ᠎ᠡ ᠬᠡᠪᠴᠢᠶᠡᠨ ᠳᠤ ᠢᠲᠡᠭᠡᠮᠵᠢ ᠶᠢᠨ ᠲᠡᠩᠰᠠ ᠡᠪᠬᠡᠮᠡᠯ ᠪᠣᠯᠣᠨ ᠢᠲᠡᠭᠡᠮᠵᠢ ᠶᠢᠨ ᠲᠡᠮᠳᠡᠭᠯᠡᠯ ᠢ | ᠳᠡᠯᠭᠡᠷᠡᠭᠦᠯᠦᠨ ᠬᠡᠷᠡᠭᠯᠡᠨ᠎ᠡ᠃ ︵ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭ᠎ᠠ ᠶᠢᠨ | ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠬᠤᠳᠠᠯᠳᠤᠭᠠᠨ ᠤ | ᠶᠠᠪᠤᠳᠠᠯ ᠤᠨ ᠲᠢᠩᠬᠢᠮ᠂ ᠬᠠᠤᠯᠢ ᠳᠦᠷᠢᠮ ᠤᠨ ᠠᠯᠪᠠᠨ ᠭᠡᠷ ᠵᠡᠷᠭᠡ ᠰᠠᠯᠠᠭ᠎ᠠ ᠮᠥᠴᠢᠷ ᠤᠳ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠶᠠᠷ︶ ︽ᠤᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ︾ ᠳᠠᠩᠰᠠᠯᠠᠯ ᠤᠨ ᠳᠦᠷᠢᠮ ᠤᠨ | ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠠᠵᠤ ᠠᠬᠤᠶᠢᠯᠠᠯ ᠤᠨ ᠳᠠᠩᠰᠠᠯᠠᠯ ᠤᠨ ᠪᠦᠬᠦ ᠶᠠᠪᠤᠴᠠ ᠶᠢ | ᠡᠯᠧᠺᠲᠷᠤᠨᠴᠢᠯᠠᠬᠤ ᠪᠠ ᠡᠯᠧᠺᠲᠷᠤᠨ ᠡᠵᠡᠩᠨᠡᠯᠲᠡ ᠶᠢᠨ ᠦᠨᠡᠮᠯᠡᠯ ᠢ ᠬᠡᠷᠡᠭᠵᠢᠬᠦᠯᠵᠦ᠂ ᠣᠯᠠᠨ ᠢᠶᠠᠷ ᠢᠶᠠᠨ ᠡᠭᠦᠳᠬᠦ | ᠣᠷᠣᠨ ᠵᠠᠶ ᠵᠡᠷᠭᠡ ᠰᠢᠨ᠎ᠡ ᠮᠠᠶ᠋ᠢᠭ ᠤᠨ ᠨᠡᠪᠴᠢᠭᠦᠯᠬᠦ ᠪᠠᠶᠢᠭᠤᠯᠤᠮᠵᠢ ᠶᠢᠨ ᠲᠥᠪᠯᠡᠷᠡᠩᠭᠦᠢ ᠠᠵᠢᠯᠯᠠᠬᠤ ᠵᠡᠷᠭᠡ | ᠣᠨᠴᠠᠯᠢᠭ ᠲᠤ ᠴᠢᠭᠯᠡᠭᠦᠯᠦᠨ᠂ ᠣᠷᠣᠨ ᠰᠠᠭᠤᠴᠠ ᠳᠠᠩᠰᠠᠯᠠᠬᠤ ᠨᠥᠬᠦᠴᠡᠯ ᠢ ᠠᠭᠤᠵᠢᠭᠤ ᠲᠠᠯᠪᠢᠵᠤ᠂ ᠡᠯ᠎ᠡ | ᠭᠠᠵᠠᠷ ᠤᠨ ᠬᠢᠨ ᠪᠤᠳᠠᠲᠠᠢ ᠲᠠᠢ ᠪᠠᠨ ᠤᠶᠠᠯᠳᠤᠭᠤᠯᠤᠨ ︽ᠨᠢᠭᠡ ᠬᠠᠶ᠋ᠢᠭ ᠲᠤ ᠣᠯᠠᠨ ᠦᠨᠡᠮᠯᠡᠯ︾᠂ ︽ᠨᠢᠭᠡ | ᠦᠨᠡᠮᠯᠡᠯ ᠳᠤ ᠤᠯᠠᠨ ᠬᠠᠶ᠋ᠢᠭ︾ ᠢᠶᠠᠷ ᠳᠠᠩᠰᠠᠯᠠᠬᠤ ᠶᠢ ᠵᠤᠷᠢᠬᠵᠢᠭᠤᠯᠵᠦ᠂ ︽ᠤᠯᠠᠨ ᠦᠨᠡᠮᠯᠡᠯ ᠢ ᠨᠡᠶᠢᠯᠡᠭᠦᠯᠦᠨ | ᠨᠢᠭᠡ ᠪᠣᠯᠭᠠᠬᠤ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ᠪᠠ ︽ᠤᠷᠢᠳᠠᠪᠠᠷ ᠡᠵᠡᠩᠨᠡᠯᠲᠡ ᠶᠢᠨ | ᠦᠨᠡᠮᠯᠡᠯ ᠣᠯᠭᠤᠵᠤ ᠳᠠᠷᠠᠭ᠎ᠠ ᠨᠢ ᠵᠥᠪᠰᠢᠶᠡᠷᠡᠯ ᠤᠨ ᠦᠨᠡᠮᠯᠡᠯ ᠣᠯᠭᠤᠬᠤ︾ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠎ᠠ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠨᠡᠷᠡᠶᠢᠳᠦᠯ ᠤᠨ ᠬᠥᠮᠥᠷᠭᠡ ᠶᠢ ᠪᠦᠬᠦ | ᠲᠠᠯ᠎ᠠ ᠪᠠᠷ ᠴᠢᠯᠦᠭᠡᠲᠡᠢ ᠬᠡᠷᠡᠭᠯᠡᠬᠦᠯᠵᠦ᠂ ᠠᠵᠤ ᠠᠬᠤᠶᠢᠯᠠᠯ ᠤᠨ ᠨᠡᠷᠡᠶᠢᠳᠦᠯ ᠢ ᠤᠷᠢᠳᠴᠢᠯᠠᠨ ᠬᠢᠨᠠᠨ ᠵᠥᠪᠰᠢᠶᠡᠷᠡᠬᠦ ᠶᠢ | ᠬᠦᠴᠦᠨ ᠦᠭᠡᠢ ᠪᠣᠯᠭᠠᠬᠤ ᠥᠭᠡᠷᠡᠴᠢᠯᠡᠯᠲᠡ ᠶᠢ ᠬᠠᠶᠢᠨ ᠰᠥᠪᠡᠭᠴᠢᠯᠡᠨ᠂ ᠠᠵᠤ ᠠᠬᠤᠶᠢᠯᠠᠯ ᠤᠨ ᠨᠡᠷᠡᠶᠢᠳᠦᠯ ᠳᠤ ︽ | ᠳᠠᠪᠬᠤᠷᠳᠠᠭᠰᠠᠨ ᠢ ᠥᠪᠡᠰᠦᠪᠡᠨ ᠪᠠᠶᠢᠴᠠᠭᠠᠵᠤ᠂ ᠪᠡᠶ᠎ᠡ ᠪᠠᠨ ᠳᠠᠭᠠᠭᠠᠵᠤ ᠮᠡᠳᠡᠭᠦᠯᠬᠦ︾ ᠳᠠᠩᠰᠠᠯᠠᠯ ᠤᠨ ᠵᠠᠭᠪᠤᠷ ᠢ | ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ | ᠲᠦᠷᠦᠭᠦᠯᠡᠨ ᠬᠠᠷᠢᠭᠤᠴᠠᠨ᠎ᠠ︶ | ︵ᠭᠤᠷᠪᠠ︶ ᠠᠵᠢᠯ ᠬᠡᠷᠡᠭ ᠤᠨ ᠳᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | ︽ᠬᠤᠶᠠᠷ ᠢ ᠰᠤᠭᠤᠴᠢᠨ ᠪᠠᠶᠢᠴᠠᠭᠠᠬᠤ ᠪᠠ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠪᠦᠷᠢᠨ | ᠪᠦᠷᠭᠦᠭᠦᠯᠬᠦ ᠶᠢ ᠪᠦᠬᠦ ᠲᠠᠯ᠎ᠠ ᠪᠠᠷ ᠪᠡᠶᠡᠯᠡᠭᠦᠯᠵᠦ᠂ ︽ᠨᠢᠭᠡ ᠬᠠᠭᠤᠳᠠᠰᠤ ᠬᠤᠶᠠᠷ ᠬᠥᠮᠥᠷᠭᠡ᠂ ᠨᠢᠭᠡ ᠨᠠᠷᠢᠨ ᠳᠦᠷᠢᠮ | ︾ ᠢ ᠪᠠᠶᠢᠭᠤᠯᠤᠨ᠂ ᠰᠠᠯᠠᠭ᠎ᠠ ᠮᠥᠴᠢᠷ ᠠᠯᠤᠰᠯᠠᠭᠰᠠᠨ ︽ᠬᠤᠶᠠᠷ ᠢ ᠰᠤᠭᠤᠴᠢᠨ ᠪᠠᠶᠢᠴᠠᠭᠠᠬᠤ︾ ᠬᠠᠮᠲᠤᠷᠠᠭᠰᠠᠨ | ᠪᠠᠶᠢᠴᠠᠭᠠᠯᠲᠠ ᠬᠢᠵᠦ᠂ ᠬᠤᠯᠪᠣᠭᠠᠯᠠᠨ ᠵᠠᠯᠬᠠᠭᠠᠬᠤ ᠲᠣᠭᠲᠠᠴᠠ ᠶᠢ ᠪᠠᠶᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠨᠢᠭᠡᠨᠲᠡ ᠨᠡᠶᠢᠲᠡᠯᠡᠭᠰᠡᠨ ᠡᠷᠬᠡ ᠬᠠᠷᠢᠭᠤᠴᠠᠯᠭ᠎ᠠ ᠶᠢᠨ ᠨᠠᠷᠢᠨ | ᠬᠠᠭᠤᠳᠠᠰᠤ ᠶᠢᠨ ᠶᠣᠰᠣᠭᠠᠷ ᠬᠢᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠪᠠᠶᠢᠴᠠᠭᠠᠯᠲᠠ ᠨᠢ ᠠᠵᠤ | ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠬᠡᠪ ᠤᠨ ᠠᠵᠢᠯᠯᠠᠭ᠎ᠠ ᠶᠢ ᠬᠠᠷᠰᠢᠯᠠᠵᠤ ᠪᠣᠯᠬᠤ ᠦᠭᠡᠢ᠃ ︵ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ᠂ ᠣᠷᠣᠨ ᠲᠤᠭ᠎ᠠ ᠶᠢᠨ | ᠠᠯᠪᠠᠨ ᠭᠡᠷ᠂ ᠬᠠᠤᠯᠢ ᠳᠦᠷᠢᠮ ᠤᠨ ᠠᠯᠪᠠᠨ ᠭᠡᠷ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠲᠦᠷᠪᠡ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ᠃ ᠰᠠᠭᠤᠷᠢ ᠨᠢ ᠨᠡᠯᠢᠶᠡᠳ ᠰᠠᠶᠢᠨ ᠬᠡᠰᠡᠭ ᠠᠶᠢᠮᠠᠭ ᠬᠤᠲᠠ᠂ ᠬᠤᠰᠢᠭᠤ ᠰᠢᠶᠠᠨ ︵ᠬᠤᠳᠠ᠂ | ᠲᠣᠭᠤᠷᠢᠭ︶ ᠪᠣᠯᠤᠨ ᠨᠡᠭᠡᠭᠡᠯᠲᠡ ᠶᠢᠨ ᠲᠣᠭᠤᠷᠢᠭ ᠲᠤ ᠬᠠᠷᠢᠴᠠᠩᠭᠤᠢ ᠪᠠᠷ ᠲᠥᠪᠯᠡᠷᠡᠭᠰᠡᠨ ᠵᠠᠰᠠᠭ ᠵᠠᠬᠢᠷᠭᠠᠨ ᠤ | ᠵᠥᠪᠰᠢᠶᠡᠷᠡᠬᠦ ᠡᠷᠬᠡ ᠶᠢᠨ ᠥᠭᠡᠷᠡᠴᠢᠯᠡᠯᠲᠡ ᠶᠢᠨ ᠲᠤᠷᠰᠢᠯᠲᠠ ᠬᠢᠬᠦ ᠠᠵᠢᠯ ᠦᠷᠨᠢᠭᠦᠯᠬᠦ ᠶᠢ ᠵᠣᠷᠢᠬᠵᠢᠭᠤᠯᠤᠨ᠂ ︽ | ᠨᠢᠭᠡ ᠶᠢ ᠬᠦᠴᠦᠨ ᠦᠭᠡᠢ ᠪᠣᠯᠭᠠᠪᠠᠯ ᠨᠢᠭᠡ ᠶᠢ ᠪᠠᠶᠢᠭᠤᠯᠬᠤ︾ ᠵᠠᠷᠴᠢᠮ ᠶᠣᠰᠣᠭᠠᠷ᠂ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠦᠢᠯᠡᠴᠢᠯᠡᠭᠡᠨ ᠤ ᠲᠣᠪᠴᠢᠶ᠎ᠠ ᠶᠢᠨ ᠵᠠᠭᠪᠤᠷ ᠢ ᠪᠠᠶᠢᠭᠤᠯᠬᠤ ᠶᠢ ᠬᠠᠶᠢᠨ ᠰᠥᠪᠡᠭᠴᠢᠯᠡᠨ ᠠᠬᠢᠭᠤᠯᠵᠤ᠂ | ︽ᠨᠢᠭᠡ ᠯᠡ ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ ᠬᠠᠮᠢᠶᠠᠷᠬᠤ︾ ᠶᠢ ᠬᠡᠷᠡᠭᠵᠢᠭᠦᠯᠦᠨ᠎ᠡ᠃ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠵᠦᠢᠯᠡᠰ ᠢ ᠤᠯᠠᠮ ᠨᠢᠭᠡ ᠠᠯᠬᠤᠮ ᠢᠯᠭᠠᠷᠠᠭᠤᠯᠤᠨ ᠪᠠᠭᠠᠰᠬᠠᠵᠤ᠂ ᠬᠢᠨᠠᠨ ᠵᠥᠪᠰᠢᠶᠡᠷᠡᠬᠦ | ᠶᠠᠪᠤᠴᠠ ᠶᠢ ᠰᠢᠯᠢᠳᠡᠭᠵᠢᠭᠦᠯᠦᠨ᠂ ᠬᠢᠨᠠᠨ ᠵᠥᠪᠰᠢᠶᠡᠷᠡᠬᠦ ᠪᠠᠷᠢᠮᠵᠢᠶ᠎ᠠ ᠶᠢ ᠢᠯᠡ ᠪᠣᠯᠭᠠᠵᠤ᠂ ᠬᠢᠨᠠᠨ ᠵᠥᠪᠰᠢᠶᠡᠷᠡᠬᠦ | ᠠᠵᠢᠯᠯᠠᠭ᠎ᠠ ᠶᠢ ᠵᠢᠷᠤᠮᠵᠢᠭᠤᠯᠵᠤ᠂ ︽ᠨᠢᠭᠡ ᠯᠡ ᠨᠣᠮᠧᠷ ᠢᠶᠠᠷ ᠭᠤᠶᠤᠴᠢᠯᠡᠨ᠂ ᠨᠢᠭᠡ ᠯᠡ ᠴᠣᠩᠬᠤᠪᠴᠢ ᠪᠠᠷ | ᠬᠦᠯᠢᠶᠡᠨ ᠠᠪᠴᠤ ᠰᠢᠢᠳᠪᠦᠷᠢᠯᠡᠨ᠂ ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠬᠡᠬᠦ︾ ᠳᠥᠭᠦᠮ ᠳᠥᠲᠡ | ᠦᠢᠯᠡᠴᠢᠯᠡᠭᠡ ᠬᠠᠩᠭᠠᠬᠤ ᠶᠢ ᠭᠦᠨᠵᠡᠭᠡᠢ ᠲᠦᠯᠬᠢᠨ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ | ᠲᠤᠭ᠎ᠠ ᠶᠢᠨ ᠠᠯᠪᠠᠨ ᠭᠡᠷ ᠲᠦᠷᠦᠭᠦᠯᠡᠨ ᠬᠠᠷᠢᠭᠤᠴᠠᠨ᠎ᠠ︶ | ︵ᠲᠠᠪᠤ︶ ᠭᠠᠶᠢᠯᠢ ᠲᠠᠲᠠᠪᠤᠷᠢ ᠶᠢᠨ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠰᠦᠯᠵᠢᠶ᠎ᠠ᠂ ᠰᠢᠯᠵᠢᠮᠡᠯ | ᠬᠤᠯᠪᠤᠭ᠎ᠠ᠂ ᠥᠪᠡᠰᠦᠪᠡᠨ ᠦᠢᠯᠡᠴᠢᠯᠡᠬᠦ ᠵᠡᠷᠭᠡ ᠭᠠᠶᠢᠯᠢ ᠬᠦᠢᠴᠡᠳᠬᠡᠬᠦ ᠦᠢᠯᠡᠴᠢᠯᠡᠭᠡᠨ ᠤ ᠰᠢᠰᠲ᠋ᠧᠮ ᠢ | ᠳᠡᠯᠭᠡᠷᠡᠭᠦᠯᠦᠨ᠂ ᠰᠦᠯᠵᠢᠶ᠎ᠠ ᠪᠠᠷ ᠭᠠᠶᠢᠯᠢ ᠲᠤᠰᠢᠶᠠᠬᠤ ᠢᠲᠡᠭᠡᠮᠵᠢ ᠶᠢᠨ ᠵᠡᠷᠭᠡ ᠳᠡᠰ ᠢ ᠭᠡᠷᠡᠴᠢᠯᠡᠬᠦ ᠵᠡᠷᠭᠡ | ᠰᠦᠯᠵᠢᠶᠡᠨ ᠳᠡᠭᠡᠷᠡᠬᠢ ᠬᠡᠷᠡᠭᠯᠡᠭᠦᠷ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠯᠧᠺᠲᠷᠣᠨ ᠲᠠᠪᠴᠠᠩ ᠪᠤᠶᠤ | ᠪᠠᠩᠬᠢ ᠭᠠᠶᠢᠯᠢ ᠬᠤᠶᠠᠷ ᠲᠠᠯ᠎ᠠ ᠶᠢᠨ ᠰᠢᠰᠲ᠋ᠧᠮ ᠳᠤ ᠵᠠᠯᠭᠠᠭᠠᠳᠠᠰᠤ ᠬᠠᠷᠢᠯᠴᠠᠨ ᠲᠣᠬᠢᠷᠠᠭᠤᠯᠬᠤ ᠵᠡᠷᠭᠡ ᠠᠷᠭ᠎ᠠ | ᠮᠠᠶ᠋ᠢᠭ ᠢ ᠰᠦᠪᠡᠭᠴᠢᠯᠡᠬᠦ ᠪᠠᠷ ᠳᠠᠮᠵᠢᠭᠤᠯᠤᠨ᠂ ᠪᠠᠩᠬᠢ ᠭᠠᠶᠢᠯᠢ ᠶᠢᠨ ᠮᠡᠳᠡᠭᠡ ᠵᠠᠩᠭᠢ ᠶᠢ ᠬᠠᠷᠢᠯᠴᠠᠨ | ᠦᠢᠯᠡᠳᠦᠯᠴᠡᠭᠦᠯᠵᠦ ᠬᠠᠮᠲᠤᠪᠠᠷ ᠡᠳ᠋ᠯᠡᠬᠦ ᠶᠢ ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠣᠷᠣᠨ | ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠥᠷ ᠮᠣᠩᠭᠤᠯ ᠤᠨ ᠤᠯᠤᠰ ᠤᠨ ᠭᠠᠶᠢᠯᠢ ᠶᠢᠨ | ᠶᠠᠪᠤᠳᠠᠯ ᠤᠨ ᠲᠣᠪᠴᠢᠶ᠎ᠠ᠂ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ | ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠵᠢᠷᠭᠤᠭ᠎ᠠ︶ ᠰᠢᠨ᠎ᠡ ᠶᠢ ᠡᠭᠦᠳᠬᠦ ᠣᠷᠣᠭᠤᠯᠤᠯᠲᠠ ᠶᠢ ᠨᠡᠮᠡᠭᠳᠡᠭᠦᠯᠦᠨ᠎ᠡ᠃ ᠨᠥᠬᠦᠪᠥᠷᠢ ᠥᠭᠬᠦ᠂ | ᠲᠦᠭᠰᠢᠭᠦᠷᠢ ᠶᠢᠨ ᠲᠦᠯᠦᠪᠦᠷᠢ ᠥᠭᠬᠦ᠂ ᠦᠢᠯᠡᠰ ᠴᠣᠭᠴᠠᠯᠠᠬᠤ ᠳᠤ ᠪᠡᠯᠡ ᠣᠷᠣᠭᠤᠯᠤᠯᠲᠠ ᠬᠢᠬᠦ ᠶᠢ ᠬᠥᠲᠥᠯᠥᠨ | ᠵᠢᠯᠣᠭᠤᠳᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠨ᠂ ᠰᠠᠭᠤᠷᠢ ᠰᠤᠳᠤᠯᠭᠠᠨ᠂ ᠪᠡᠶ᠎ᠡ ᠪᠠᠨ | ᠳᠠᠭᠠᠭᠠᠭᠰᠠᠨ ᠭᠤᠣᠯᠯᠠᠬᠤ ᠮᠡᠷᠭᠡᠵᠢᠯ ᠢ ᠰᠤᠳᠤᠯᠤᠨ ᠨᠡᠭᠡᠭᠡᠬᠦ ᠪᠠ ᠰᠢᠨ᠎ᠡ ᠶᠢ ᠡᠭᠦᠳᠬᠦ ᠲᠠᠪᠴᠠᠩ᠂ ᠴᠢᠬᠤᠯᠠ ᠶᠡᠭᠡ | ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ ᠪᠡᠯᠡᠳᠬᠡᠮᠵᠢ ᠶᠢᠨ ᠪᠦᠳᠤᠭᠡᠨ ᠪᠠᠶᠢᠭᠤᠯᠤᠯᠲᠠ ᠳᠠᠬᠢ ᠵᠠᠰᠠᠭ ᠤᠨ | ᠣᠷᠳᠣᠨ ᠠᠴᠠ ᠪᠡᠯᠡ ᠮᠥᠩᠬᠦ ᠶᠢᠨ ᠳᠡᠮᠵᠢᠯᠭᠡ ᠦᠵᠡᠭᠦᠯᠬᠦ ᠶᠢ ᠨᠡᠮᠡᠭᠳᠡᠭᠦᠯᠦᠨ᠎ᠡ᠃ ᠰᠢᠨᠵᠢᠯᠡᠬᠦ ᠤᠬᠠᠭᠠᠨ ᠤ | ᠰᠤᠳᠤᠯᠤᠯ ᠤᠨ ᠨᠢᠭᠡᠴᠡ᠂ ᠳᠡᠭᠡᠳᠦ ᠰᠤᠷᠭᠠᠭᠤᠯᠢ ᠳᠤ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠢ ᠡᠵᠡᠮᠰᠢᠬᠦ | ᠡᠷᠬᠡ ᠪᠠ ᠡᠬᠢ ᠪᠠᠶᠠᠯᠢᠭ ᠢ ᠰᠢᠯᠵᠢᠭᠦᠯᠦᠨ ᠬᠡᠷᠡᠭᠯᠡᠬᠦ ᠡᠷᠬᠡ ᠶᠢ ᠨᠡᠩ ᠢᠯᠡᠬᠦᠤ ᠣᠯᠭᠤᠵᠤ᠂ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ ᠪᠠ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ | ᠠᠵᠢᠯᠯᠠᠭ᠎ᠠ ᠳᠤ ᠦᠵᠡᠬᠦᠯᠬᠦ ᠡᠳ᠋ ᠤᠨ ᠵᠠᠰᠠᠭ ᠤᠨ ᠪᠡᠯᠡ ᠮᠥᠩᠭᠦ ᠶᠢᠨ ᠪᠠᠲᠤᠯᠠᠬᠤ ᠪᠠ ᠤᠷᠮᠠᠰᠢᠭᠤᠯᠤᠨ | ᠵᠣᠷᠢᠬᠵᠢᠭᠤᠯᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠲᠤᠯᠤᠭ᠎ᠠ︶ ︽ᠦᠢᠯᠡᠰ ᠴᠤᠬᠴᠠᠯᠠᠵᠦ ᠰᠢᠨ᠎ᠠ ᠶᠢ ᠡᠬᠦᠳᠬᠦ︾ ᠲᠤᠷᠰᠢᠯᠲᠠ ᠶᠢᠨ ᠵᠢᠱᠢᠶ᠎ᠡ ᠦᠵᠡᠭᠦᠯᠬᠦ | ᠠᠵᠢᠯ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠤᠯᠤᠰ ᠤᠨ ᠲᠡᠰ ᠤᠨ ︽ᠦᠢᠯᠡᠰ ᠴᠤᠬᠴᠠᠯᠠᠵᠦ | ᠰᠢᠨ᠎ᠠ ᠶᠢ ᠡᠬᠦᠳᠬᠦ︾ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ | ︽ᠦᠢᠯᠡᠰ ᠴᠤᠬᠴᠠᠯᠠᠵᠦ ᠰᠢᠨ᠎ᠠ ᠶᠢ ᠡᠬᠦᠳᠬᠦ︾ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠥᠳᠥᠭᠡᠨ | ᠪᠠᠶᠢᠭᠤᠯᠤᠯᠲᠠ ᠶᠢ ᠲᠠᠮᠵᠢᠬᠦ ᠪᠠ ᠬᠦᠳᠦᠯᠦᠨ ᠵᠢᠯᠣᠭᠤᠳᠴᠦ᠂ ︽ᠦᠢᠯᠡᠰ ᠴᠤᠬᠴᠠᠯᠠᠵᠦ ᠰᠢᠨ᠎ᠠ ᠶᠢ ᠡᠬᠦᠳᠬᠦ︾ ᠶᠢᠨ | ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠬᠤᠭᠤᠷᠣᠨᠳᠣ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠡᠬᠢ | ᠪᠠᠶᠠᠯᠢᠭ ᠢ ᠬᠠᠮᠲᠤ ᠪᠠᠷ ᠡᠳ᠋ᠯᠡᠬᠦ ᠶᠢ ᠵᠣᠷᠢᠬᠵᠢᠭᠤᠯᠤᠨ᠂ ᠰᠢᠨ᠎ᠡ ᠶᠢ ᠡᠬᠦᠳᠬᠦ ᠪᠠ ᠠᠳᠠᠯ ᠦᠢᠯᠡᠰ ᠴᠣᠭᠴᠠᠯᠠᠬᠤ ᠶᠢ | ᠲᠤᠯᠭᠠᠭᠤᠷᠢᠯᠠᠬᠤ ᠲᠠᠪᠴᠠᠩ ᠢ ᠬᠠᠮᠲᠤ ᠪᠠᠷ ᠪᠠᠶᠢᠭᠤᠯᠤᠨ᠎ᠠ᠃ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ | ᠤᠷᠤᠯᠳᠤᠭᠠᠨ ᠤ ᠠᠵᠢᠯᠯᠠᠭ᠎ᠠ ᠡᠷᠬᠢᠯᠡᠬᠦ ᠪᠠᠷ ᠳᠠᠮᠵᠢᠭᠤᠯᠤᠨ᠂ ᠨᠢᠭᠡ ᠪᠦᠯᠦᠭ ᠠᠳᠠᠯ ᠦᠢᠯᠡᠰ ᠴᠣᠭᠴᠠᠯᠠᠬᠤ | ᠬᠤᠰᠢᠭᠤᠴᠢ᠂ ᠠᠳᠠᠯ ᠦᠢᠯᠡᠰ ᠴᠣᠭᠴᠠᠯᠠᠬᠤ ᠬᠠᠶᠢᠭᠤᠯᠴᠢ ᠵᠡᠷᠭᠡ ᠠᠵᠢᠯ ᠳᠦᠷᠦᠯ ᠤᠨ ᠲᠠᠭᠠᠭᠤᠯᠤᠬᠴᠢ | ᠲᠥᠯᠥᠭᠡᠯᠡᠭᠴᠢ ᠬᠥᠮᠦᠰ ᠪᠠ ᠬᠡᠷᠡᠭ ᠤᠨ ᠵᠢᠱᠢᠶ᠎ᠡ ᠶᠢ ᠰᠢᠯᠭᠠᠷᠠᠭᠤᠯᠤᠨ ᠰᠤᠩᠭᠤᠵᠤ᠂ ᠰᠢᠨ᠎ᠡ ᠶᠢ ᠡᠭᠦᠳᠴᠦ ᠠᠳᠠᠯ | ᠦᠢᠯᠡᠰ ᠴᠣᠭᠴᠠᠯᠠᠬᠤ ᠳᠤ ᠠᠮᠵᠢᠯᠲᠠ ᠣᠯᠣᠭᠰᠠᠨ ᠲᠤᠷᠰᠢᠯᠭ᠎ᠠ ᠶᠢ ᠤᠬᠠᠭᠠᠭᠤᠯᠤᠨ ᠳᠡᠯᠭᠡᠷᠡᠭᠦᠯᠵᠦ᠂ ᠰᠢᠨ᠎ᠡ ᠶᠢ | ᠡᠭᠦᠳᠴᠦ ᠠᠳᠠᠯ ᠦᠢᠯᠡᠰ ᠴᠣᠭᠴᠠᠯᠠᠬᠤ ᠦᠯᠢᠭᠡᠷ ᠳᠠᠭᠤᠷᠢᠶᠠᠯ ᠪᠣᠯᠤᠭᠰᠠᠳ ᠤᠨ ᠤᠷᠮᠠᠰᠢᠭᠤᠯᠤᠨ ᠵᠣᠷᠢᠬᠵᠢᠭᠤᠯᠬᠤ᠂ | ᠬᠥᠲᠥᠯᠥᠨ ᠵᠢᠯᠣᠭᠤᠳᠬᠤ ᠪᠠ ᠵᠢᠱᠢᠶ᠎ᠡ ᠦᠵᠡᠭᠦᠯᠬᠦ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠤᠨ᠎ᠠ᠃ ︵ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ | ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠠᠵᠤ ᠠᠬᠤᠶ ᠮᠡᠳᠡᠭᠡ ᠵᠠᠩᠭᠢᠵᠢᠯᠲᠠ ᠶᠢᠨ ᠵᠥᠪᠯᠡᠯ᠂ | ᠰᠣᠨᠢᠨ ᠮᠡᠳᠡᠭᠡ ᠬᠡᠪᠯᠡᠯ ᠷᠠᠳᠢᠣ᠋ ᠺᠢᠨᠤ᠋ ᠲᠧᠯᠸᠢᠰ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ | ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠡᠯ᠎ᠡ ᠠᠶᠢᠮᠠᠭ ᠬᠤᠲᠠ᠂ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠨᠢ ᠲᠤᠰ ᠰᠠᠨᠠᠯ ᠤᠨ ᠱᠠᠭᠠᠷᠳᠠᠯᠭ᠎ᠠ | ᠶᠣᠰᠣᠭᠠᠷ᠂ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠬᠵᠢᠭᠤᠯᠵᠤ᠂ | ᠠᠵᠢᠯ ᠤᠨ ᠬᠤᠪᠢᠶᠠᠷᠢᠯᠠᠯ ᠢ ᠲᠤᠲᠤᠷᠬᠠᠶᠢᠯᠠᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ | ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ | ᠨᠠᠶᠢᠳᠠᠪᠤᠷᠢᠵᠢᠭᠤᠯᠤᠭᠳᠠᠨ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠵᠤ᠂ ᠲᠦᠭ ᠲᠦᠮᠡᠨ ᠢᠶᠠᠷ ᠢᠶᠠᠨ ᠠᠳᠠᠯ | ᠦᠢᠯᠡᠰ ᠴᠣᠭᠴᠠᠯᠠᠵᠤ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠶᠢᠨ ᠭᠦᠨᠵᠡᠭᠡᠶ ᠬᠥᠭᠵᠢᠯᠲᠡ ᠶᠢ | ᠢᠳᠡᠪᠬᠢᠲᠡᠶ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ | ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠬᠦ᠂ ᠰᠢᠨ᠎ᠡ ᠬᠠᠭᠤᠴᠢᠨ ᠬᠥᠳᠡᠯᠭᠡᠭᠴᠢ | ᠡᠨᠧᠷᠭᠢ ᠶᠢᠨ ᠰᠣᠯᠢᠭᠳᠠᠯ ᠳᠤ ᠬᠦᠴᠦᠲᠡᠶ ᠲᠦᠰᠢᠭ ᠲᠤᠯᠭᠠᠭᠤᠷᠢ ᠬᠠᠩᠭᠠᠨ᠎ᠠ᠃ |