ᠥᠪᠥᠷ ᠮᠣᠩᠭᠤᠯ ᠵᠢᠨᠢᠩ ᠠᠴᠠ ᠳ᠋ᠠᠲ᠋ᠦ᠋ᠩ ᠬᠥᠷᠬᠦ ᠳᠡᠭᠡᠳᠦ ᠬᠤᠷᠳᠤᠴᠠᠲᠤ ᠲᠡᠮᠦᠷ ᠵᠠᠮ ᠢ ᠪᠦᠳᠦᠭᠡᠨ ᠪᠠᠶᠢᠭᠤᠯᠬᠤ ᠪᠠᠷ ᠪᠣᠢ
ᠨᠡᠶᠢᠲᠡᠯᠡᠭᠰᠡᠨ ᠴᠠᠭ᠄
2018/8/27
     ᠥᠪᠥᠷ ᠮᠣᠩᠭᠤᠯ ᠣᠷᠣᠨ ᠪᠦᠬᠦ ᠤᠯᠤᠰ ᠤᠨ ᠳᠡᠭᠡᠳᠦ ᠬᠤᠷᠳᠤᠴᠠᠲᠤ ᠲᠡᠮᠦᠷ ᠵᠠᠮ ᠤᠨ ᠲᠣᠤᠷ ᠲᠤ ᠰᠢᠭᠤᠳ ᠵᠠᠯᠭᠠᠬᠤ ᠶᠢᠨ ᠲᠤᠰᠠᠳᠠ᠂ ᠳᠠᠬᠢᠨ ᠳᠠᠪᠲᠠᠨ ᠰᠤᠳᠤᠯᠤᠯᠲᠠ ᠨᠤᠲᠠᠯᠠᠯᠲᠠ ᠪᠠᠷ ᠳᠠᠮᠵᠢᠵᠤ᠂ ᠵᠢᠨᠢᠩ ᠠᠴᠠ ᠳ᠋ᠠᠲ᠋ᠦ᠋ᠩ ᠬᠥᠷᠬᠦ ᠳᠡᠭᠡᠳᠦ ᠬᠤᠷᠳᠤᠴᠠᠲᠤ ᠲᠡᠮᠦᠷ ᠵᠠᠮ ᠢ ᠪᠦᠳᠦᠭᠡᠨ ᠪᠠᠶᠢᠭᠤᠯᠬᠤ ᠪᠠᠷ ᠪᠣᠯᠪᠠ᠃ ᠡᠨᠡ ᠬᠦ ᠳᠡᠭᠡᠳᠦ ᠬᠤᠷᠳᠤᠴᠠᠲᠤ ᠲᠡᠮᠦᠷ ᠵᠠᠮ ᠤᠨ ᠱᠤᠭᠤᠮ ᠪᠣᠯ ᠥᠪᠥᠷ ᠮᠣᠩᠭᠤᠯ ᠪᠦᠬᠦ ᠤᠯᠤᠰ ᠤᠨ ᠳᠡᠭᠡᠳᠦ ᠬᠤᠷᠳᠤᠴᠠᠲᠤ ᠲᠡᠮᠦᠷ ᠵᠠᠮ ᠤᠨ ᠲᠣᠤᠷ ᠲᠤ ᠵᠠᠯᠭᠠᠬᠤ ᠵᠠᠮ ᠤᠨ ᠱᠤᠭᠤᠮ ᠨᠢ ᠬᠠᠮᠤᠭ ᠤᠨ ᠣᠬᠤᠷ᠂ ᠪᠡᠯᠡ ᠣᠷᠣᠭᠤᠯᠤᠯᠲᠠ ᠬᠠᠮᠤᠭ ᠤᠨ ᠪᠠᠭ᠎ᠠ᠂ ᠠᠰᠢᠭ ᠬᠦᠷᠲᠡᠭᠡᠬᠦ ᠬᠡᠪᠴᠢᠶ᠎ᠡ ᠪᠠᠷ ᠬᠠᠮᠤᠭ ᠤᠨ ᠶᠡᠭᠡ ᠵᠠᠮ ᠤᠨ ᠱᠤᠭᠤᠮ ᠮᠦᠨ᠃ ᠳᠤᠰ ᠲᠦᠷᠦᠯ ᠵᠦᠢᠯ ᠎ ᠨᠢ 2019 ᠣᠨ ᠤ 11 ᠳ᠋ᠦ᠋ᠭᠡᠷ ᠰᠠᠷ᠎ᠠ ᠳᠤ ᠪᠦᠬᠦ ᠱᠤᠭᠤᠮ ᠤᠨ ᠪᠠᠷᠢᠯᠭ᠎ᠠ ᠶᠢᠨ ᠠᠵᠢᠯ ᠢ ᠡᠬᠢᠯᠡᠭᠦᠯᠬᠦ ᠪᠠᠷ ᠲᠥᠯᠥᠪᠯᠡᠵᠦ ᠪᠠᠶᠢᠨ᠎ᠠ᠃ ᠪᠠᠶᠢᠭᠤᠯᠵᠤ ᠳᠠᠭᠤᠰᠬᠠᠭᠰᠠᠨ ᠤ ᠳᠠᠷᠠᠭ᠎ᠠ ᠬᠥᠬᠡᠬᠤᠲᠠ᠂ ᠪᠣᠭᠤᠲᠣ᠂ ᠤᠷᠳᠦᠰ᠂ ᠤᠯᠠᠭᠠᠨᠴᠠᠪ᠂ ᠰᠢᠯᠢ ᠶᠢᠨ ᠭᠤᠣᠯ᠂ ᠪᠠᠶᠠᠨᠨᠠᠭᠤᠷ᠂ ᠦᠬᠠᠶ ᠵᠡᠷᠭᠡ ᠭᠠᠵᠠᠷ ᠣᠷᠣᠨ ᠨᠢ ᠪᠦᠬᠦ ᠤᠯᠤᠰ ᠤᠨ ᠳᠡᠭᠡᠳᠦ ᠬᠤᠷᠳᠤᠴᠠᠲᠤ ᠲᠡᠮᠦᠷ ᠵᠠᠮ ᠤᠨ ᠲᠣᠤᠷ ᠲᠤ ᠪᠦᠷ ᠰᠢᠭᠤᠳ ᠵᠠᠯᠭᠠᠵᠤ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠬᠢᠷᠢ ᠲᠥᠪᠰᠢᠨ ᠢ ᠳᠡᠭᠡᠭᠰᠢᠯᠡᠭᠦᠯᠦᠨ᠂ ᠠᠷᠠᠳ ᠨᠡᠶᠢᠲᠡ ᠶᠢᠨ ᠶᠠᠪᠤᠵᠤ ᠰᠠᠭᠤᠬᠤ ᠳᠤ ᠳᠦᠭᠦᠮ ᠦᠵᠡᠭᠦᠯᠵᠦ᠂ ᠠᠵᠤ ᠠᠬᠤᠶ ᠨᠡᠶᠢᠭᠡᠮ ᠤᠨ ᠦᠳᠲᠡᠷ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠪᠣᠯᠣᠨ ᠦᠢᠯᠡᠳᠦᠯ ᠲᠠᠢ ᠶᠤᠮ᠃      ᠣᠶᠢᠯᠠᠭᠠᠭᠰᠠᠨ ᠢᠶᠠᠷ᠂ ᠵᠢᠨᠢᠩ ᠠᠴᠠ ᠳ᠋ᠠᠲ᠋ᠦ᠋ᠩ ᠬᠥᠷᠬᠦ ᠬᠡᠰᠡᠭ ᠤᠨ ᠳᠡᠭᠡᠳᠦ ᠬᠤᠷᠳᠤᠴᠠᠲᠤ ᠲᠡᠮᠦᠷ ᠵᠠᠮ ᠤᠨ ᠲᠥᠷᠥᠯ ᠵᠦᠢᠯ ᠨᠢ ᠥᠪᠥᠷ ᠮᠣᠩᠭᠤᠯ ᠤᠨ ᠤᠯᠠᠭᠠᠨᠴᠠᠪ ᠬᠤᠳᠠ ᠶᠢᠨ ᠵᠢᠨᠢᠩ ᠲᠣᠭᠤᠷᠢᠭ ᠠᠴᠠ ᠡᠬᠢᠯᠡᠨ᠂ ᠡᠮᠦᠨᠡᠰᠢ ᠳ᠋ᠠᠲ᠋ᠦ᠋ᠩ ᠬᠤᠳᠠ ᠬᠦᠷᠴᠦ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠹᠧᠩᠵᠧᠨ ᠬᠤᠳᠠ᠂ ᠱᠠᠨ ᠰᠢ ᠮᠤᠵᠢ ᠶᠢᠨ ᠳ᠋ᠠᠲ᠋ᠦ᠋ᠩ ᠬᠤᠲᠠ ᠶᠢᠨ ᠰᠢᠨ ᠷᠦᠩ ᠲᠣᠭᠤᠷᠢᠭ ᠢᠶᠠᠷ ᠥᠩᠭᠡᠷᠡᠨ᠎ᠡ᠂ ᠵᠠᠮ ᠤᠨ ᠪᠦᠬᠦ ᠣᠷᠳᠣ ᠨᠢ 130.9 ᠺᠢᠯᠣᠮᠧᠲᠷ ︵ᠥᠪᠥᠷ ᠮᠣᠩᠭᠤᠯ ᠳᠠᠬᠢ ᠬᠡᠰᠡᠭ ᠨᠢ 73.1 ᠺᠢᠯᠣᠮᠧᠲᠷ︶᠂ ᠬᠤᠷᠳᠤᠴᠠ ᠨᠢ ᠴᠠᠭ ᠪᠦᠷᠢ 350 ᠺᠢᠯᠤᠮᠧᠲᠷ᠂ ᠶᠡᠷᠦᠩᠬᠡᠶ ᠪᠡᠯᠡ ᠣᠷᠣᠭᠤᠯᠤᠯᠲᠠ ᠨᠢ 172.5 ᠳ᠋ᠥᠩᠰᠢᠭᠤᠷ ᠲᠥᠭᠦᠷᠢᠭ ︵ᠥᠪᠥᠷ ᠮᠣᠩᠭᠤᠯ ᠲᠠᠬᠢ ᠬᠡᠰᠡᠭ ᠨᠢ 96.3 ᠳ᠋ᠥᠩᠰᠢᠭᠤᠷ ᠲᠥᠭᠦᠷᠢᠭ︶ ᠪᠠᠶᠢᠵᠤ᠂ 4 ᠵᠢᠯ ᠳᠤ ᠪᠦᠲᠦᠭᠡᠨ ᠪᠠᠶᠢᠭᠤᠯᠵᠤ ᠳᠠᠭᠤᠰᠬᠠᠨ᠎ᠠ᠃ ᠲᠤᠰ ᠲᠦᠷᠦᠯ ᠵᠦᠢᠯ ᠨᠢ ᠤᠯᠤᠰ ᠤᠨ ︽ᠤᠷᠲᠤᠪᠲᠤᠷ ᠪᠠ ᠣᠷᠳᠣ ᠬᠤᠭᠤᠴᠠᠭᠠᠨ ᠤ ᠲᠡᠮᠦᠷ ᠵᠠᠮ ᠤᠨ ᠲᠣᠣᠷ ᠤᠨ ᠲᠥᠯᠥᠪᠵᠢᠭᠦᠯᠭᠡ︾᠎ ᠶᠢᠨ ︽ᠨᠠᠢᠮᠠᠨ ᠭᠤᠯᠳᠤ ᠨᠠᠢᠮᠠᠨ ᠬᠥᠨᠳᠡᠯᠡᠨ︾ ᠳᠡᠭᠡᠳᠦ ᠬᠤᠷᠳᠤᠴᠠᠲᠤ ᠲᠡᠮᠦᠷ ᠵᠠᠮ ᠤᠨ ᠱᠤᠭᠤᠮ ᠤᠨ ᠨᠢᠭᠡ ᠪᠣᠯᠬᠤ ᠬᠥᠬᠡᠬᠤᠲᠠ ᠠᠴᠠ ᠨᠠᠨᠨᠢᠩ ᠳᠤ ᠨᠡᠪᠲᠡᠷᠡᠬᠦ ᠵᠠᠮ ᠤᠨ ᠴᠢᠬᠤᠯᠠ ᠪᠦᠷᠢᠯᠳᠦᠬᠦᠨ ᠬᠡᠰᠡᠭ ᠪᠣᠯᠣᠨ᠎ᠠ᠃ ᠲᠦᠷᠦᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠭᠠᠵᠠᠷ ᠣᠷᠣᠨ ᠨᠢ ᠬᠠᠮᠤᠭ ᠤᠨ ᠳᠥᠭᠦᠮ ᠵᠠᠮ ᠢᠶᠠᠷ ᠪᠦᠬᠦ ᠤᠯᠤᠰ ᠤᠨ ᠳᠡᠭᠡᠳᠦ ᠬᠤᠷᠳᠤᠴᠠᠲᠤ ᠲᠡᠮᠦᠷ ᠵᠠᠮ ᠤᠨ ᠲᠣᠤᠷ ᠎ ᠲᠤ ᠵᠠᠯᠭᠠᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠪᠣᠯᠣᠨ ᠪᠠᠷᠠᠭᠤᠨ ᠡᠮᠦᠨᠡᠲᠦ ᠣᠷᠣᠨ ᠳᠤ ᠰᠢᠭᠤᠳ ᠨᠡᠪᠲᠡᠷᠡᠵᠦ᠂ ᠠᠷᠠᠳ ᠣᠯᠠᠨ ᠤ ᠳᠥᠭᠦᠮ ᠳᠥᠲᠡ ᠪᠥᠭᠡᠳ ᠴᠢᠨᠠᠷ ᠰᠠᠶᠢᠲᠠᠶ ᠶᠠᠪᠤᠵᠤ ᠰᠠᠭᠤᠬᠤ ᠬᠡᠷᠡᠭᠴᠡᠭᠡ ᠶᠢ ᠭᠦᠢᠴᠡᠳ ᠬᠠᠩᠭᠠᠵᠤ ᠴᠢᠳᠠᠨ᠎ᠠ᠃ ᠲᠥᠷᠥᠯ ᠵᠦᠢᠯ ᠨᠢ ᠪᠠᠰᠠ ᠱᠠᠨ ᠰᠢ ᠮᠤᠵᠢ ᠶᠢᠨ ᠳ᠋ᠠᠲ᠋ᠦ᠋ᠩ ᠠᠴᠠ ᠱᠠᠨᠰᠢ ᠮᠤᠵᠢ ᠶᠢᠨ ᠰᠢ ᠠᠨ ᠬᠦᠷᠬᠦ ᠳᠡᠭᠡᠳᠦ ᠬᠤᠷᠳᠤᠴᠠᠲᠤ ᠲᠡᠮᠦᠷ ᠵᠠᠮ ᠤᠨ ᠬᠤᠯᠪᠣᠨ ᠨᠡᠪᠲᠡᠷᠡᠭᠦᠯᠬᠦ ᠲᠥᠯᠥᠪᠵᠢᠭᠦᠯᠭᠡ ᠶᠢᠨ ᠰᠢᠨᠵᠸᠦ ᠠᠴᠠ ᠰᠢᠶᠥ᠋ᠩ ᠠᠨ ᠬᠦᠷᠬᠦ ᠳᠡᠭᠡᠳᠦ ᠬᠤᠷᠳᠤᠴᠠᠲᠤ ᠲᠡᠮᠦᠷ ᠵᠠᠮ ᠢᠶᠠᠷ ᠳᠠᠮᠵᠢᠨ ᠰᠢᠶᠥ᠋ᠩ ᠠᠨ ᠰᠢᠨ᠎ᠡ ᠲᠣᠭᠤᠷᠢᠭ ᠲᠤ ᠰᠢᠭᠤᠳ ᠨᠡᠪᠲᠡᠷᠡᠬᠦ ᠪᠦᠭᠡᠳ ᠥᠪᠥᠷ ᠮᠣᠩᠭᠤᠯ ᠤᠨ ᠪᠠᠷᠠᠭᠤᠨ ᠬᠡᠰᠡᠭ ᠠᠴᠠ ᠪᠡᠭᠡᠵᠢᠩ ᠲᠢᠶᠠᠨᠵᠢᠨ ᠾᠧᠪᠧᠶ᠂ ᠪᠥᠸᠧᠬᠠᠢ ᠲᠠᠩᠭᠢᠰ ᠢ ᠲᠣᠭᠤᠷᠢᠭᠰᠠᠨ ᠠᠵᠤ ᠠᠬᠤᠢ ᠶᠢᠨ ᠣᠷᠣᠨ ᠬᠦᠷᠬᠦ ᠵᠠᠢ ᠶᠢ ᠪᠣᠭᠤᠨᠢᠰᠬᠠᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号