ᠥᠪᠥᠷ ᠮᠣᠩᠭᠤᠯ ᠤᠨ ᠤᠯᠤᠰ ᠤᠨ ᠥᠮᠴᠢᠯᠡᠯ ᠤᠨ ᠭᠤᠤᠯᠳᠠᠯᠭ᠎ᠠ ᠲᠠᠢ ᠦᠵᠡᠮᠵᠢᠲᠦ ᠣᠷᠣᠨ ᠤ ᠡᠭᠦᠳᠡᠨ | ᠪᠢᠯᠧᠲ ᠤᠨ ᠦᠨ᠎ᠡ ᠶᠢ ᠪᠠᠭᠤᠷᠠᠭᠤᠯᠬᠤ ᠠᠵᠢᠯ ᠨᠢᠭᠡᠨᠲᠡ ᠠᠩᠬ᠎ᠠ ᠠᠯᠬᠤᠮ ᠤᠨ ᠠᠮᠵᠢᠯᠲᠠ ᠣᠯᠵᠤ᠂ 7 ᠳ᠋ᠤᠭᠠᠷ | ᠰᠠᠷ᠎ᠠ ᠶᠢᠨ ᠡᠴᠦᠰ ᠪᠤᠯᠬᠤ ᠳᠤ᠂ ᠨᠢᠭᠡᠨᠲᠡ 4 ᠦᠵᠡᠮᠵᠢ ᠶᠢᠨ ᠤᠷᠤᠨ ᠤ ᠡᠭᠦᠳᠡᠨ ᠪᠢᠯᠧᠲ ᠤᠨ ᠦᠨ᠎ᠡ ᠶᠢ | ᠪᠠᠭᠤᠷᠠᠭᠤᠯᠵᠤ᠂ 3 ᠦᠵᠡᠮᠵᠢ ᠶᠢᠨ ᠤᠷᠤᠨ ᠢ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠵᠦ᠂ ᠪᠠᠭᠤᠷᠠᠯᠲᠠ ᠶᠢᠨ | ᠳᠤᠮᠳᠠᠴᠢ ᠬᠡᠮᠵᠢᠶ᠎ᠡ ᠨᠢ 30.2% ᠲᠤ ᠬᠦᠷᠴᠦ᠂ ᠪᠦᠬᠦ ᠤᠯᠤᠰ ᠤᠨ ᠲᠡᠷᠢᠭᠦᠨ ᠡᠩᠨᠡᠭᠡᠨ ᠳᠤ ᠤᠷᠤᠪᠠ᠃ | ᠤᠯᠤᠰ ᠤᠨ ᠥᠮᠴᠢᠯᠡᠯ ᠤᠨ ᠭᠤᠤᠯᠳᠠᠯᠭ᠎ᠠ ᠲᠠᠢ ᠦᠵᠡᠮᠵᠢᠲᠦ ᠣᠷᠣᠨ ᠤ ᠡᠭᠦᠳᠡᠨ ᠪᠢᠯᠧᠲ ᠤᠨ ᠦᠨ᠎ᠡ ᠶᠢ | ᠪᠠᠭᠤᠷᠠᠭᠤᠯᠬᠤ ᠠᠵᠢᠯ ᠨᠢ ᠨᠡᠶᠢᠲᠡ ᠶᠢᠨ ᠠᠰᠠᠷᠠᠮᠵᠢ ᠪᠠᠷ ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠬᠤ᠂ ᠰᠢᠨᠵᠢᠯᠡᠬᠦ | ᠤᠬᠠᠭᠠᠨᠴᠢ ᠪᠠᠷ ᠦᠨ᠎ᠡ ᠲᠣᠭᠲᠠᠭᠠᠬᠤ᠂ ᠡᠮᠬᠢ ᠵᠢᠷᠤᠮ ᠲᠠᠢ ᠪᠠᠷ ᠲᠦᠯᠬᠢᠨ ᠠᠬᠢᠭᠤᠯᠬᠤ᠂ ᠢᠯᠡ ᠲᠣᠳᠣ ᠪᠠᠶᠢᠯᠭᠠᠬᠤ | ᠵᠠᠷᠴᠢᠮ ᠶᠤᠰᠤᠭᠠᠷ᠂ ᠦᠵᠡᠮᠵᠢ ᠶᠢᠨ ᠣᠷᠣᠨ ᠤ ᠶᠠᠰᠤ ᠴᠢᠨᠠᠷ ᠤᠨ ᠵᠡᠷᠭᠡ ᠳᠡᠰ᠂ ᠡᠭᠦᠳᠡᠨ ᠪᠢᠯᠧᠲ ᠤᠨ ᠦᠨ᠎ᠡ᠂ | ᠣᠷᠣᠯᠭ᠎ᠠ ᠵᠠᠷᠤᠯᠭ᠎ᠠ ᠶᠢᠨ ᠪᠠᠶᠢᠳᠠᠯ᠂ ᠵᠤᠭᠠᠴᠠᠬᠤ ᠬᠥᠮᠦᠨ ᠤ ᠲᠤᠭ᠎ᠠ ᠵᠡᠷᠭᠡ ᠶᠡᠷᠦᠩᠬᠡᠢ ᠪᠠᠶᠢᠳᠠᠯ ᠢ ᠦᠨᠳᠦᠰᠦᠯᠡᠨ᠂ | 9 ᠠᠶᠢᠮᠠᠭ ᠬᠤᠲᠠ ᠶᠢᠨ 12 ᠭᠤᠤᠯᠳᠠᠯᠭ᠎ᠠ ᠲᠠᠢ ᠤᠯᠤᠰ ᠤᠨ ᠥᠮᠴᠢᠯᠡᠯ ᠤᠨ ᠦᠵᠡᠮᠵᠢᠲᠦ ᠤᠷᠤᠨ ᠢ ᠰᠤᠩᠭᠤᠨ | ᠡᠭᠦᠳᠡᠨ ᠪᠢᠯᠧᠲ ᠤᠨ ᠦᠨ᠎ᠡ ᠶᠢ ᠪᠠᠶᠢᠴᠠᠭᠠᠨ ᠰᠤᠳᠤᠯᠬᠤ ᠠᠵᠢᠯ ᠢ ᠦᠷᠨᠢᠭᠦᠯᠪᠡ᠃ ᠲᠤᠰ ᠤᠳᠠᠭᠠᠨ ᠤ ᠡᠭᠦᠳᠡᠨ | ᠪᠢᠯᠧᠲ ᠤᠨ ᠦᠨ᠎ᠡ ᠶᠢ ᠪᠠᠭᠤᠷᠠᠭᠤᠯᠤᠭᠰᠠᠨ 4 ᠦᠵᠡᠮᠵᠢ ᠶᠢᠨ ᠣᠷᠣᠨ ᠨᠢ ᠣᠷᠳᠣᠰ ᠬᠤᠲᠠ ᠶᠢᠨ ᠴᠢᠩᠭᠢᠰ ᠤᠨ | ᠣᠩᠭᠤᠨ ᠤ ᠵᠢᠭᠤᠯᠴᠢᠯᠠᠯ ᠤᠨ ᠤᠷᠤᠨ᠂ ᠮᠤᠷᠢᠳᠠᠭᠠ ᠤᠯᠤᠰ ᠤᠨ ᠣᠶ ᠰᠢᠭᠤᠶ ᠶᠢᠨ ᠴᠡᠴᠡᠷᠯᠢᠭ᠂ ᠪᠠᠳᠠᠶ ᠶᠢᠨ | ᠵᠢᠷᠠᠨ ᠪᠠ ᠨᠠᠷᠢᠨ ᠨᠠᠭᠤᠷ ᠤᠨ ᠦᠵᠡᠮᠵᠢ ᠶᠢᠨ ᠤᠷᠤᠨ ᠪᠤᠯᠤᠨ᠎ᠠ᠂ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠭᠰᠡᠨ | 3 ᠦᠵᠡᠮᠵᠢ ᠶᠢᠨ ᠣᠷᠣᠨ ᠨᠢ ᠥᠪᠥᠷ ᠮᠣᠩᠭᠤᠯ ᠤᠨ ᠵᠠᠩᠵᠤᠨ ᠤ ᠶᠠᠮᠤᠨ ᠮᠦᠽᠧᠶ᠂ ᠬᠥᠬᠡᠬᠤᠲᠠ ᠶᠢᠨ ᠲᠠᠪᠤᠨ | ᠰᠤᠪᠤᠷᠭ᠎ᠠ ᠰᠦᠮ᠎ᠡ ᠪᠣᠯᠤᠨ ᠬᠥᠬᠡᠬᠤᠲᠠ ᠶᠢᠨ ᠴᠠᠭᠠᠨ ᠰᠤᠪᠤᠷᠭ᠎ᠠ ᠦᠵᠡᠮᠵᠢᠲᠦ ᠣᠷᠣᠨ ᠪᠤᠯᠤᠨ᠎ᠠ᠃ ᠲᠡᠷᠠᠭ᠎ᠠ | ᠠᠯᠬᠤᠮ ᠳᠤ᠂ ᠥᠪᠥᠷ ᠮᠣᠩᠭᠤᠯ ᠡᠭᠦᠳᠡᠨ ᠪᠢᠯᠧᠲ ᠤᠨ ᠦᠨ᠎ᠡ ᠶᠢᠨ ᠳᠤᠮᠳᠠᠬᠢ ᠵᠦᠢ ᠪᠤᠰᠤ ᠳᠠᠷᠤᠭᠠᠰᠤ ᠶᠢ | ᠦᠷᠬᠦᠯᠵᠢᠯᠡᠨ ᠠᠷᠢᠯᠭᠠᠵᠤ᠂ ᠠᠯᠬᠤᠮ ᠠᠯᠬᠤᠮ ᠢᠶᠠᠷ ᠨᠥᠬᠦᠴᠡᠯ ᠪᠦᠷᠢᠯᠳᠦᠭᠦᠯᠵᠦ ᠪᠠᠶᠢᠭᠠᠳ ᠤᠯᠤᠰ ᠤᠨ | ᠥᠮᠴᠢᠯᠡᠯ ᠤᠨ ᠦᠵᠡᠮᠵᠢᠲᠦ ᠣᠷᠣᠨ ᠤ ᠡᠭᠦᠳᠡᠨ ᠪᠢᠯᠧᠲ ᠤᠨ ᠦᠨ᠎ᠡ ᠶᠢ ᠵᠣᠬᠢᠰᠲᠠᠢ ᠣᠷᠣᠨ ᠵᠠᠢ ᠳᠤ | ᠪᠠᠶᠢᠯᠭᠠᠬᠤ ᠶᠢ ᠲᠦᠯᠬᠢᠨ ᠠᠬᠢᠭᠤᠯᠵᠤ᠂ ᠮᠠᠨ ᠤ ᠣᠷᠣᠨ ᠤ ᠬᠠᠮ ᠵᠢᠭᠤᠯᠴᠢᠯᠠᠯ ᠢ ᠲᠦᠷᠭᠡᠪᠴᠢᠯᠡᠨ ᠬᠥᠭᠵᠢᠭᠦᠯᠵᠦ᠂ | ᠵᠢᠭᠤᠯᠴᠢᠯᠠᠯ ᠤᠨ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠪᠤᠯᠤᠨ᠎ᠠ᠃ |