ᠦᠪᠦᠷ ᠮᠤᠩᠭᠤᠯ ᠤᠨ ᠨᠢᠬᠡᠳᠤᠮᠠᠯ ᠹᠷᠤᠨᠲ ᠤᠨ ᠬᠢᠨ ᠤ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠵᠢᠴᠢ ᠴᠢᠬᠡᠴᠢ ᠵᠠᠰᠠᠬ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/8/27
     8 ᠳ᠋ᠤᠭᠠᠷ ᠰᠠᠷ᠎ᠠ ᠶᠢᠨ 25᠎ ᠤ ᠡᠳᠤᠷ᠂ ᠦᠪᠦᠷ ᠮᠤᠩᠭᠤᠯ ᠤᠨ ᠨᠢᠬᠡᠳᠤᠮᠠᠯ ᠹᠷᠤᠨᠲ ᠤᠨ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠵᠢᠴᠢ ᠴᠢᠬᠡᠴᠢ ᠵᠠᠰᠠᠬ ᠤᠨ ᠠᠵᠢᠯ ᠤᠨ ᠬᠤᠷᠠᠯ ᠬᠦᠬᠡᠬᠤᠳᠠ ᠳᠤ ᠬᠤᠷᠠᠯᠳᠤᠪᠠ᠃      ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠨᠢᠬᠡᠳᠦᠮᠡᠯ ᠹᠷᠤᠨᠲ ᠎ ᠤᠨ ᠬᠡᠯᠳᠡᠰ ᠤᠨ ᠳᠠᠷᠤᠭ᠎ᠠ ᠸᠠᠩ ᠯᠢ ᠰᠢᠶᠠ ᠬᠤᠷᠠᠯ ᠳᠤ ᠤᠷᠤᠯᠴᠠᠵᠤ ᠶᠠᠷᠢᠶ᠎ᠠ ᠳᠠᠯᠪᠢᠪᠠ᠃      ᠦᠪᠡᠷᠳᠡᠬᠡᠨ ᠵᠠᠰᠠᠬᠤ ᠤᠷᠤᠨ ᠤ ᠤᠯᠤᠰ ᠳᠦᠷᠦ ᠶᠢᠨ ᠵᠦᠪᠯᠡᠯᠬᠡᠨ ᠤ ᠳᠡᠳ᠋ ᠳᠡᠷᠢᠬᠦᠯᠡᠭᠴᠢ᠂ ᠠᠷᠠᠳᠴᠢᠯᠠᠬᠰᠠᠨ ᠬᠤᠯᠪᠤᠭ᠎ᠠ ᠶᠢᠨ ᠦᠪᠦᠷ ᠮᠤᠩᠭᠤᠯ ᠤᠷᠤᠨ ᠤ ᠬᠤᠷᠢᠶ᠎ᠠ ᠶᠢᠨ ᠡᠷᠬᠢᠯᠡᠭᠴᠢ ᠬᠡᠰᠢᠬᠦᠨ ᠳ᠋ᠦᠩ ᠾᠧᠩ ᠢᠥᠢ᠂ ᠦᠪᠡᠷᠳᠡᠬᠡᠨ ᠵᠠᠰᠠᠬᠤ ᠤᠷᠤᠨ ᠤ ᠤᠯᠤᠰ ᠳᠦᠷᠦ ᠶᠢᠨ ᠵᠦᠪᠯᠡᠯᠬᠡᠨ ᠤ ᠳᠡᠳ᠋ ᠳᠡᠷᠢᠬᠦᠯᠡᠭᠴᠢ᠂ ︽9 · 3︾ ᠎ ᠤ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠦᠪᠦᠷ ᠮᠤᠩᠭᠤᠯ ᠤᠷᠤᠨ ᠤ ᠬᠤᠷᠢᠶ᠎ᠠ ᠶᠢᠨ ᠡᠷᠬᠢᠯᠡᠭᠴᠢ ᠬᠡᠰᠢᠬᠦᠨ ᠯᠢᠦ ᠰᠢᠨ ᠯᠧ ᠬᠤᠷᠠᠯ ᠳᠤ ᠤᠷᠤᠯᠴᠠᠪᠠ᠃       ᠸᠠᠩ ᠯᠢ ᠰᠢᠶᠠ ᠵᠢᠭᠠᠭᠰᠠᠨ ᠨᠢ᠂ ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠬᠡᠢ ᠰᠤᠷᠤᠯᠴᠠᠨ ᠳᠤᠭᠤᠰᠢᠯᠠᠭᠤᠯᠵᠥ᠂ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠵᠢᠴᠢ ᠴᠢᠬᠡᠴᠢ ᠵᠠᠰᠠᠬ ᠤᠨ ᠠᠵᠢᠯ ᠤᠨ ᠤᠯᠤᠰ ᠳᠦᠷᠦ ᠶᠢᠨ ᠵᠤᠬᠰᠤᠴᠠ ᠪᠤᠯᠤᠨ ᠤᠯᠤᠰ ᠳᠦᠷᠦ ᠶᠢᠨ ᠤᠬᠠᠮᠰᠠᠷ ᠢ ᠦᠨᠡᠨ ᠬᠦ ᠳᠡᠬᠡᠭᠰᠢᠯᠡᠬᠦᠯᠦᠨ ᠠᠬᠢᠭᠤᠯᠬᠤ ᠬᠡᠷᠡᠭᠳᠡᠢ︔ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ︽ᠳᠦᠷᠪᠡᠨ ᠤᠬᠠᠮᠰᠠᠷ︾᠎ ᠢ ᠪᠠᠲᠤ ᠪᠤᠢ ᠪᠤᠯᠭᠠᠵᠤ᠂ ︽ᠳᠦᠷᠪᠡᠨ ᠢᠲᠡᠭᠡᠯ︾᠎ ᠢ ᠪᠠᠲᠤᠳᠬᠠᠵᠤ᠂ ︽ᠬᠤᠶᠠᠷ ᠢ ᠡᠷᠡᠰ ᠬᠠᠮᠠᠭᠠᠯᠠᠬᠤ︾᠎ ᠶᠢ ᠪᠤᠲᠠᠲᠠᠢ ᠠᠵᠢᠯᠯᠠᠭ᠎ᠠ ᠳᠤᠮᠳᠠ ᠪᠠᠨ ᠢᠯᠡᠷᠡᠭᠦᠯᠬᠦ ᠶᠢ ᠪᠡᠶᠡᠯᠡᠭᠦᠯᠵᠦ᠂ ︽ᠤᠯᠤᠰ ᠲᠦᠷᠦ ᠶᠢᠨ ᠪᠤᠭᠤᠮᠲᠠ︾᠎ ᠶᠢ ᠬᠠᠮᠲᠤ ᠪᠠᠷ ᠰᠠᠶᠢᠳᠤᠷ ᠰᠠᠬᠢᠬᠤ ᠬᠡᠷᠡᠭᠲᠡᠢ︔ ᠰᠠᠬᠢᠯᠭ᠎ᠠ ᠪᠠᠲᠤ ᠪᠠ ᠶᠤᠰᠤ ᠳᠦᠷᠢᠮ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ︽ᠠᠷᠢᠭᠤᠨ ᠴᠢᠭᠡᠴᠢ ᠶᠢᠨ ᠪᠤᠭᠤᠮᠲᠠ︾᠎ ᠶᠢ ᠬᠠᠮᠲᠤ ᠪᠠᠷ ᠰᠠᠶᠢᠳᠤᠷ ᠰᠠᠬᠢᠬᠤ ᠬᠡᠷᠡᠭᠲᠡᠢ᠃ ᠰᠤᠷᠲᠠᠯ ᠎ ᠤᠨ ᠪᠠᠶᠢᠭᠤᠯᠤᠯᠲᠠ ᠶᠢ ᠴᠦᠬᠦᠷᠡᠰᠢ ᠦᠭᠡᠢ ᠴᠢᠩᠭᠠᠳᠬᠠᠵᠤ᠂ ︽ᠳᠦᠷᠢ ᠳᠦᠷᠬᠦ ᠶᠢᠨ ᠪᠤᠭᠤᠮᠲᠠ︾᠎ ᠶᠢ ᠬᠠᠮᠲᠤ ᠪᠠᠷ ᠰᠠᠶᠢᠳᠤᠷ ᠰᠠᠬᠢᠬᠤ ᠬᠡᠷᠡᠭᠲᠡᠢ︔ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠ ᠴᠢᠭᠡᠴᠢ ᠵᠠᠰᠠᠬ ᠤᠨ ᠪᠠᠶᠢᠭᠤᠯᠤᠯᠲᠠ ᠶᠢ ᠤᠯᠤᠰ ᠲᠦᠷᠦ ᠶᠢᠨ ᠬᠠᠷᠢᠭᠤᠴᠠᠯᠭ᠎ᠠ ᠪᠤᠯᠭᠠᠨ ᠴᠢᠩᠭ᠎ᠠ ᠪᠦᠭᠡᠳ ᠪᠤᠲᠠᠲᠠᠢ ᠠᠳᠬᠤᠬᠤ ᠬᠡᠷᠡᠭᠲᠡᠢ ᠭᠡᠪᠠ᠃       ᠬᠤᠷᠠᠯ ᠳᠡᠭᠡᠷ᠎ᠡ᠂ ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠯᠪᠤᠬᠳᠠᠯ ᠪᠦᠬᠦᠢ ᠬᠠᠷᠢᠭᠤᠴᠠᠯᠭᠠᠲᠠᠨ ᠨᠦᠬᠦᠷ ᠤᠯᠤᠰ ᠤᠨ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠲᠤᠬᠠᠢ ᠬᠠᠪᠰᠤᠷᠤᠨ ᠵᠢᠯᠤᠭᠤᠳᠬᠤ ᠮᠡᠳᠡᠭᠦᠯᠦᠯᠲᠡ ᠬᠢᠪᠡ᠃       ᠦᠪᠡᠷᠲᠡᠭᠡᠨ ᠵᠠᠰᠠᠬᠤ ᠤᠷᠤᠨ ᠤ ᠨᠢᠭᠡᠳᠦᠮᠡᠯ ᠹᠷᠤᠨᠲ ᠤᠨ ᠰᠢᠰᠲ᠋ᠧᠮ ᠤᠨ ᠪᠠᠶᠢᠭᠤᠯᠭ᠎ᠠ ᠨᠢᠭᠡᠴᠢ ᠪᠡ ᠡᠯ᠎ᠡ ᠠᠶᠢᠮᠠᠬ ᠬᠤᠲᠠ ᠶᠢᠨ ᠨᠢᠭᠡᠳᠦᠮᠡᠯ ᠹᠷᠤᠨᠲ ᠤᠨ ᠬᠡᠯᠲᠡᠰ ᠤᠨ ᠳᠠᠷᠤᠭ᠎ᠠ ᠨᠠᠷ᠂ ᠡᠯ᠎ᠡ ᠠᠷᠠᠳᠴᠢᠯᠠᠬᠰᠠᠨ ᠨᠠᠮ ᠪᠦᠯᠦᠭ ᠎ ᠤᠨ ᠤᠷᠤᠨ ᠤ ᠬᠤᠷᠢᠶ᠎ᠠ ᠵᠢᠴᠢ ᠨᠢᠭᠡᠳᠦᠮᠡᠯ ᠹᠷᠤᠨᠲ ᠤᠨ ᠵᠤᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠳ ᠬᠤᠷᠠᠯ ᠎ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号