8 ᠳ᠋ᠤᠭᠠᠷ ᠰᠠᠷ᠎ᠠ ᠶᠢᠨ 22 ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠠᠴᠠ ᠡᠷᠬᠡ ᠣᠯᠭᠤᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ ᠡᠳ᠋ ᠤᠨ ᠵᠠᠰᠠᠭ ᠤᠨ ᠶᠠᠮᠤᠨ ᠤ ᠱᠠᠩᠬᠠᠶ ᠶᠢᠨ ᠦᠨᠡᠲᠦ ᠲᠡᠮᠳᠡᠭᠲᠦ ᠠᠷᠠᠯᠵᠢᠶᠠᠯᠠᠬᠤ ᠭᠠᠵᠠᠷ ᠤᠨ ᠵᠠᠰᠠᠭ ᠤᠨ | ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠬᠤ ᠰᠢᠰᠲ᠋ᠧᠮ ᠢᠶᠠᠷ ᠳᠠᠮᠵᠢᠭᠠᠳ᠂ 2018 - 2020 ᠣᠨ ᠤ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠳᠠᠭᠠᠭᠠᠨ ᠪᠣᠷᠣᠯᠠᠭᠤᠯᠬᠤ | ᠪᠦᠯᠬᠦᠮ ᠤᠨ ᠪᠦᠷᠢᠯᠳᠦᠬᠦᠨ ᠳᠤ ᠬᠠᠨᠳᠤᠭᠤᠯᠤᠨ᠂ ᠢᠯᠡ ᠪᠠᠷ ᠳᠠᠭᠠᠭᠠᠴᠢᠯᠠᠯᠲᠠ ᠵᠠᠷᠯᠠᠬᠤ ᠠᠷᠭ᠎ᠠ ᠪᠠᠷ 2018 | ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ | ᠲᠡᠮᠳᠡᠭᠲᠦ ᠶᠢ 525.0835 ᠳ᠋ᠦᠩᠰᠢᠭᠤᠷ ᠲᠥᠭᠦᠷᠢᠭ ᠲᠠᠷᠬᠠᠭᠠᠪᠠ᠃ ᠡᠭᠦᠨ ᠳᠤ᠂ ᠡᠩ ᠤᠨ ᠵᠢᠭᠡᠯᠡᠯᠭᠡ ᠶᠢᠨ | ᠲᠡᠮᠳᠡᠭᠲᠦ ᠶᠢ 503.472 ᠳ᠋ᠦᠩᠰᠢᠭᠤᠷ ᠲᠥᠭᠦᠷᠢᠭ ᠲᠠᠷᠬᠠᠭᠭᠠᠪᠠ᠂ ᠬᠤᠭᠤᠴᠠᠭ᠎ᠠ ᠬᠢᠵᠠᠭᠠᠷ ᠨᠢ 1 ᠵᠢᠯ | ᠤᠨᠬᠤᠭᠤᠴᠠᠭ᠎ᠠ᠂ 2 ᠵᠢᠯ ᠤᠨ ᠬᠤᠭᠤᠴᠠᠭ᠎ᠠ᠂ 3 ᠵᠢᠯ ᠤᠨ ᠬᠤᠭᠤᠴᠠᠭ᠎ᠠ᠂ 7 ᠵᠢᠯ ᠤᠨ ᠬᠤᠭᠤᠴᠠᠭ᠎ᠠ᠂ 10 | ᠵᠢᠯ ᠤᠨ ᠬᠤᠭᠤᠴᠠᠭ᠎ᠠ ᠪᠠ 20 ᠵᠢᠯ ᠤᠨ ᠬᠤᠭᠤᠴᠠᠭ᠎ᠠ ᠭᠡᠵᠦ ᠬᠤᠪᠢᠶᠠᠨ᠂ ᠳᠠᠭᠠᠭᠠᠴᠢᠯᠠᠯᠲᠠ ᠶᠢᠨ ᠬᠥᠥ ᠶᠢᠨ | ᠨᠣᠷᠮ᠎ᠠ ᠨᠢ ᠲᠤᠰ ᠪᠦᠷᠢ 3.32%᠂ 3.64%᠂ 3.70%᠂ 4.05%᠂ 4.19%᠂ 4.44% | ᠪᠣᠯᠣᠨ᠎ᠠ︔ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ 21.6115 ᠳ᠋ᠦᠩᠰᠢᠭᠤᠷ ᠲᠦᠬᠦᠷᠢᠭ | ᠲᠠᠷᠬᠠᠭᠠᠪᠠ᠂ ᠬᠤᠭᠤᠴᠠᠭ᠎ᠠ ᠬᠢᠵᠠᠭᠠᠷ ᠨᠢ 5 ᠵᠢᠯ ᠤᠨ ᠬᠤᠭᠤᠴᠠᠭ᠎ᠠ ᠲᠠᠢ ᠪᠠᠶᠢᠵᠤ᠂ ᠳᠠᠭᠠᠭᠠᠴᠢᠯᠠᠯᠲᠠ ᠶᠢᠨ | ᠬᠥᠥ ᠶᠢᠨ ᠨᠣᠷᠮ᠎ᠠ ᠨᠢ 3.79% ᠪᠣᠯᠣᠨ᠎ᠠ᠃ ᠲᠣᠰ ᠤᠳᠠᠭᠠᠨ ᠤ ᠲᠠᠷᠬᠠᠭᠠᠯᠲᠠ ᠳᠠᠭᠤᠰᠪᠠᠯ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠡᠨᠡ ᠵᠢᠯ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ | 935 ᠳ᠋ᠦᠩᠰᠢᠭᠤᠷ ᠲᠦᠬᠦᠷᠢᠭ ᠲᠠᠷᠬᠠᠭᠠᠵᠤ᠂ ᠪᠦᠬᠦ ᠵᠢᠯ ᠤᠨ ᠲᠠᠷᠬᠠᠭᠠᠬᠤ ᠲᠤᠭ᠎ᠠ ᠬᠢᠵᠠᠭᠠᠷ ᠤᠨ 78.3% ᠶᠢ | ᠪᠡᠶᠡᠯᠡᠭᠦᠯᠬᠦ ᠪᠣᠯᠣᠨ᠎ᠠ᠃ ᠲᠣᠰ ᠤᠳᠠᠭ᠎ᠠ ᠲᠠᠷᠬᠠᠭᠠᠭᠰᠠᠨ 1 ᠵᠢᠯ ᠤᠨ ᠬᠤᠭᠤᠴᠠᠭ᠎ᠠ᠂ 2 ᠵᠢᠯ ᠤᠨ ᠬᠤᠭᠤᠴᠠᠭ᠎ᠠ ᠪᠠ | 20 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ ᠶᠢ ᠴᠥᠮ ᠪᠥᠬᠦ ᠤᠯᠤᠰ ᠲᠤ ᠠᠩᠬ᠎ᠠ ᠤᠳᠠᠭ᠎ᠠ | ᠲᠠᠷᠬᠠᠭᠠᠵᠤ ᠪᠠᠶᠢᠭ᠎ᠠ ᠶᠤᠮ᠃ | | |