ᠠᠷᠪᠠᠨ ᠵᠢᠷᠭᠤᠳᠤᠭᠠᠷ ᠬᠤᠭᠤᠴᠠᠭᠠᠨ ᠤ ᠴᠢᠶᠠᠨ ᠰᠢᠤᠸᠠᠢ ᠰᠧᠨ ᠶᠠᠷᠢᠶᠠᠨ ᠤ ᠲᠠᠪᠴᠠᠩ ᠢ ᠪᠤᠭᠤᠲᠤ ᠬᠤᠲᠠ ᠳᠤ ᠡᠷᠬᠢᠯᠡᠵᠦ  ᠪᠦ᠋ ᠰᠢᠶᠣᠣ ᠯᠢᠨ ᠤᠷᠤᠯᠴᠠᠪᠠ
ᠨᠡᠶᠢᠲᠡᠯᠡᠭᠰᠡᠨ ᠴᠠᠭ᠄
2018/8/27
     8 ᠳ᠋ᠤᠭᠠᠷ ᠰᠠᠷ᠎ᠠ ᠶᠢᠨ 24᠎ ᠤ ᠡᠳᠦᠷ᠂ ᠠᠷᠪᠠᠨ ᠵᠢᠷᠭᠤᠳᠤᠭᠠᠷ ᠬᠤᠭᠤᠴᠠᠭᠠᠨ ᠤ ᠴᠢᠶᠠᠨ ᠰᠢᠤᠸᠠᠢ ᠰᠧᠨ ᠶᠠᠷᠢᠶᠠᠨ ᠤ ᠲᠠᠪᠴᠠᠩ ᠢ ᠪᠤᠭᠤᠳᠤ ᠬᠤᠳᠠ ᠳᠤ ᠡᠷᠬᠢᠯᠡᠪᠡ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠤᠷᠤᠯᠴᠠᠵᠠᠢ᠃      ᠲᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠰᠲ᠋ᠧᠮ ᠤᠨ ᠰᠢᠨᠵᠢᠯᠡᠭᠦ ᠤᠬᠠᠭᠠᠨ ᠬᠢᠭᠡᠳ ᠢᠨᠵᠧᠨᠧᠷᠢᠩ ᠤᠨ ᠰᠤᠳᠤᠯᠭᠠᠠ ᠤ ᠬᠦᠷᠢᠶᠡᠯᠡᠩ ᠤᠨ ᠲᠠᠷᠤᠭ᠎ᠠ᠂ ᠤᠯᠠᠨ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠭᠦ ᠤᠬᠠᠭᠠᠨ ᠮᠡᠷᠭᠡᠵᠢᠯ ᠤᠨ ᠬᠦᠷᠢᠶᠡᠯᠡᠩ ᠤᠨ ᠠᠺᠠᠳᠧᠮᠢᠴᠢ ᠰᠢᠤᠸᠠᠢ ᠬᠤᠢ ᠹᠧᠩ ᠪᠠᠶᠠᠷ ᠤᠨ ᠦᠭᠡ ᠬᠡᠯᠡᠵᠤ᠂ ᠲᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠴᠢᠶᠠᠨ ᠰᠢᠤᠸᠠᠢ ᠰᠧᠨ ᠰᠢᠢᠳᠪᠦᠷᠢᠳᠤ ᠪᠤᠳᠤᠯᠭ᠎ᠠ ᠲᠤᠬᠳᠠᠭᠠᠬᠤ ᠵᠦᠪᠯᠡᠭᠴᠢᠳ ᠤᠨ ᠵᠦᠪᠯᠡᠯ ᠤᠨ ᠲᠡᠳ᠋ ᠡᠷᠬᠢᠯᠡᠭᠴᠢ ᠬᠡᠰᠢᠭᠦᠨ ᠯᠢᠦ ᠱᠦᠨ ᠳ᠋ᠠ᠂ ᠲᠤᠮᠳᠠᠳᠤ ᠤᠯᠤᠰ ᠎ ᠤᠨ ᠰᠠᠨᠰᠠᠷ ᠤᠨ ᠠᠶᠠᠯᠠᠯ ᠤᠨ ᠰᠢᠨᠵᠢᠯᠡᠭᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠳᠤ ᠺᠤᠮᠫᠠᠨᠢ ᠶᠢᠨ ᠲᠡᠭᠡᠳᠦ ᠲᠡᠰ ᠤᠨ ᠵᠦᠪᠯᠡᠭᠴᠢ᠂ ᠲᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠸᠠᠩ ᠯᠢ ᠾᠧᠩ᠂ ᠦᠬᠠᠨ ᠶᠡᠭᠡ ᠰᠤᠷᠭᠠᠭᠤᠯᠢ ᠶᠢᠨ ᠫᠷᠤᠹᠧᠰᠰᠤᠷ᠂ ᠲᠤᠮᠳᠠᠳᠤ ᠤᠯᠤᠰ ᠤᠨ ᠰᠢᠨᠵᠢᠯᠡᠭᠦ ᠤᠬᠠᠭᠠᠨ ᠤ ᠬᠦᠷᠢᠶᠡᠯᠡᠩ ᠪᠠ ᠲᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠯᠢ ᠳ᠋ᠧ ᠷᠧᠨ᠂ ᠤᠯᠤᠰ ᠤᠨ ᠰᠢᠨ᠎ᠠ ᠮᠠᠲ᠋ᠧᠷᠢᠶᠠᠯ ᠤᠨ ᠠᠵᠤ ᠦᠢᠯᠡᠰ ᠤᠨ ᠬᠦᠭᠵᠢᠯᠳᠡ ᠶᠢᠨ ᠲᠤᠰᠬᠠᠢ ᠮᠡᠷᠭᠡᠵᠢᠯᠳᠠᠨ ᠤ ᠵᠦᠪᠯᠡᠯᠭᠡ ᠦᠭᠬᠦ ᠵᠦᠪᠯᠡᠯ ᠤᠨ ᠡᠷᠬᠢᠯᠡᠭᠴᠢ᠂ ᠲᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠭᠠᠨ ᠶᠦᠩ᠂ ᠲᠤᠮᠳᠠᠳᠤ ᠤᠯᠤᠰ ᠤᠨ ᠠᠷᠠᠳ ᠤᠨ ᠴᠢᠯᠦᠭᠡᠯᠡᠭᠦ ᠴᠡᠷᠢᠭ ᠤᠨ ᠴᠡᠷᠢᠭ ᠤᠨ ᠶᠠᠪᠤᠳᠠᠯ ᠤᠨ ᠰᠢᠨᠵᠢᠯᠡᠭᠦ ᠤᠬᠠᠭᠠᠨ ᠤ ᠰᠤᠳᠤᠯᠤᠬᠴᠢ᠂ ᠬᠤᠰᠢᠭᠤᠴᠢ ᠭᠧᠨᠧᠷᠡᠯ ᠵᠢᠶᠠᠩ ᠴᠦᠨ ᠯᠢᠶᠠᠩ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢᠨ ᠲᠤᠰᠬᠠᠢ ᠵᠦᠪᠯᠡᠯ ᠤᠨ ᠨᠠᠷᠢᠨ ᠪᠢᠴᠢᠭ ᠤᠨ ᠲᠠᠷᠤᠭ᠎ᠠ ᠭᠤᠤ ᠳ᠋ᠦᠩ ᠭᠤᠸᠠᠩ ᠭᠤᠤᠯ ᠰᠡᠳᠦᠪᠳᠤ ᠮᠡᠳᠡᠭᠦᠯᠦᠯᠳᠡ ᠬᠢᠪᠠ᠃ ᠶᠠᠷᠢᠶᠠᠨ ᠤ ᠲᠠᠪᠴᠠᠩ ᠳᠤ ︽ᠰᠠᠨᠰᠠᠷ ᠎ ᠤᠨ ᠬᠦᠷᠢᠶᠡᠨ ᠳᠠᠬᠢ ᠴᠡᠷᠢᠭ ᠠᠷᠠᠳ ᠤᠨ ᠬᠡᠷᠡᠭᠯᠡᠭᠡ ᠶᠢᠨ ᠠᠭᠤᠰᠤᠯᠴᠠᠯ ᠢ ᠪᠦᠬᠦ ᠤᠯᠤᠰ ᠪᠦᠬᠦ ᠴᠡᠷᠢᠭ ᠤᠨ ᠡᠮᠦᠨ᠎ᠠ ᠡᠩᠨᠡᠭᠡᠨ ᠳᠤ ᠬᠤᠰᠢᠭᠤᠷᠠᠭᠤᠯᠬᠤ ᠪᠠᠷ ᠴᠢᠷᠮᠠᠶᠢᠶ᠎ᠠ︾ ᠭᠡᠮᠡᠬᠦ ᠴᠢᠶᠠᠨ ᠰᠢᠤᠸᠠᠢ ᠰᠧᠨ ᠤ ᠤᠶᠤᠨ ᠤ ᠬᠦᠮᠦᠷᠭᠡ ︽ᠪᠤᠭᠤᠳᠤ ᠶᠢᠨ ᠲᠤᠩᠬᠠᠭ︾᠎ ᠢ ᠨᠡᠶᠢᠲᠡᠯᠡᠵᠡᠢ᠃      ᠠᠷᠪᠠᠨ ᠵᠢᠷᠭᠤᠳᠤᠭᠠᠷ ᠬᠤᠭᠤᠴᠠᠭᠠᠨ ᠤ ᠴᠢᠶᠠᠨ ᠰᠢᠤᠸᠠᠢ ᠰᠧᠨ ᠶᠠᠷᠢᠶᠠᠨ ᠤ ᠲᠠᠪᠴᠠᠩ ᠢ ᠲᠤᠮᠳᠠᠳᠤ ᠤᠯᠤᠰ ᠎ ᠤᠨ ᠰᠠᠨᠰᠠᠷ ᠤᠨ ᠠᠶᠠᠯᠠᠯ ᠤᠨ ᠰᠢᠰᠲ᠋ᠧᠮ ᠤᠨ ᠰᠢᠨᠵᠢᠯᠡᠭᠦ ᠤᠬᠠᠭᠠᠨ ᠬᠢᠭᠡᠳ ᠢᠨᠵᠧᠨᠧᠷᠢᠩ ᠤᠨ ᠰᠤᠳᠤᠯᠭᠠᠨ ᠤ ᠬᠦᠷᠢᠶᠡᠯᠡᠩ᠂ ᠲᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠢᠨᠵᠧᠨᠧᠷᠢᠩ ᠤᠨ ᠰᠢᠨᠵᠢᠯᠡᠭᠦ ᠤᠬᠠᠭᠠᠨ ᠮᠡᠷᠭᠡᠵᠢᠯ ᠎ ᠤᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢᠨ ᠰᠤᠳᠤᠯᠭᠠᠨ ᠤ ᠬᠦᠷᠢᠶᠡᠯᠡᠩ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠢᠨᠵᠢᠯᠡᠭᠦ ᠤᠬᠠᠭᠠᠨ ᠮᠡᠷᠭᠡᠵᠢᠯ ᠤᠨ ᠲᠢᠩᠬᠢᠮ᠂ ᠪᠤᠭᠤᠳᠤ ᠬᠤᠳᠠ ᠶᠢᠨ ᠵᠠᠰᠠᠭ ᠎ ᠤᠨ ᠤᠷᠳᠤᠨ ᠠᠴᠠ ᠭᠤᠤᠯᠯᠠᠨ ᠡᠷᠬᠢᠯᠡᠵᠤ᠂ ︽ᠴᠢᠶᠠᠨ ᠰᠢᠤᠸᠠᠢ ᠰᠧᠨ ᠤ ᠤᠶᠤᠨ ᠤ ᠬᠦᠮᠦᠷᠭᠡ ᠴᠡᠷᠢᠭ ᠠᠷᠠᠳ ᠎ ᠤᠨ ᠬᠡᠷᠡᠭᠯᠡᠭᠡ ᠶᠢ ᠠᠭᠤᠰᠤᠯᠴᠠᠭᠤᠯᠤᠨ ᠴᠢᠨᠠᠷ ᠰᠠᠶᠢᠲᠠᠢ ᠬᠦᠭᠵᠢᠭᠦᠯᠭᠦ ᠳᠤ ᠠᠩᠬᠠᠷᠤᠯ ᠢᠶᠠᠨ ᠲᠦᠪᠯᠡᠷᠡᠭᠦᠯᠬᠦᠢ — ᠰᠠᠨᠰᠠᠷ ᠤᠨ ᠠᠶᠠᠯᠠᠯ ᠤᠨ ᠦᠢᠯᠡᠰ ᠤᠨ ᠤᠯᠤᠰ ᠢᠶᠠᠨ ᠬᠠᠶᠢᠷᠠᠯᠠᠨ ᠡᠷᠮᠡᠬᠡᠶᠢᠯᠡᠨ ᠲᠡᠮᠡᠴᠡᠭᠦ ᠠᠭᠤᠤ ᠶᠡᠭᠡ ᠵᠤᠷᠢᠭ ᠰᠠᠨᠠᠭ᠎ᠠ ᠶᠢ ᠪᠠᠳᠠᠷᠠᠭᠤᠯᠵᠤ ᠲᠠᠯ᠎ᠠ ᠨᠤᠲᠤᠭ ᠲᠤ ᠭᠠᠪᠢᠶ᠎ᠠ ᠪᠠᠶᠢᠭᠤᠯᠤᠨ ᠦᠢᠯᠡᠰ ᠪᠤᠰᠬᠠᠬᠤ ᠲᠡᠤᠭᠡᠳᠦ ᠡᠭᠦᠷᠭᠡ ᠶᠢ ᠵᠤᠷᠢᠬᠳᠠᠢ ᠡᠭᠦᠷᠬᠡᠯᠡᠶ᠎ᠠ︾ ᠭᠡᠬᠦ ᠠᠭᠤᠯᠭ᠎ᠠ ᠪᠠᠷ ᠭᠤᠤᠯ ᠰᠡᠳᠦᠪ ᠪᠤᠯᠭᠠᠵᠤ᠂ ᠤᠯᠤᠰ ᠤᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠪᠠᠶᠢᠯᠳᠤᠬᠤ ᠪᠤᠳᠤᠯᠭ᠎ᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠦᠭᠵᠢᠯᠳᠡ ᠶᠢᠨ ᠶᠡᠭᠡ ᠲᠠᠯ᠎ᠠ ᠳᠤ ᠠᠩᠬᠠᠷᠤᠯ ᠢᠶᠠᠨ ᠲᠦᠪᠯᠡᠷᠡᠭᠦᠯᠦᠨ᠂ ᠡᠯ᠎ᠠ ᠲᠠᠯ᠎ᠠ ᠶᠢᠨ ᠤᠶᠤᠨ ᠤᠬᠠᠭᠠᠨ ᠢ ᠲᠦᠪᠯᠡᠷᠡᠭᠦᠯᠵᠤ᠂ ᠴᠢᠶᠠᠨ ᠰᠢᠤᠸᠠᠢ ᠰᠧᠨ ᠤ ᠰᠢᠰᠲ᠋ᠧᠮᠳᠦ ᠢᠨᠵᠧᠨᠧᠷᠢᠩ ᠤᠨ ᠤᠨᠤᠯ ᠤᠨ ᠠᠷᠭ᠎ᠠ ᠶᠢ ᠬᠡᠷᠡᠭᠯᠡᠨ᠂ ᠦᠪᠦᠷ ᠮᠤᠩᠭᠤᠯ ᠤᠨ ᠠᠵᠤ ᠦᠢᠯᠡᠰ ᠤᠨ ᠪᠦᠳᠦᠴᠡ ᠪᠠᠨ ᠬᠤᠪᠢᠷᠠᠭᠤᠯᠤᠨ ᠲᠡᠰ ᠲᠡᠪᠰᠢᠭᠦᠯᠭᠦ ᠳᠤ ᠤᠶᠤᠨ ᠤ ᠲᠡᠮᠵᠢᠯᠭᠡ ᠬᠠᠩᠭᠠᠬᠤ ᠪᠠᠷ ᠵᠤᠷᠢᠯᠭ᠎ᠠ ᠪᠠᠨ ᠪᠤᠯᠭᠠᠵᠠᠢ᠃ 30 ᠭᠠᠷᠤᠢ ᠠᠺᠠᠳᠧᠮᠢᠴᠢ ᠪᠠ ᠵᠠᠩᠵᠤᠨ ᠶᠠᠷᠢᠶᠠᠨ ᠤ ᠲᠠᠪᠴᠠᠩ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号