ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠤᠳᠤᠷᠢᠳᠬᠤ ᠺᠠᠳ᠋ᠷ ᠤᠨ 95 ᠳ᠋ᠤᠭᠠᠷ ᠬᠤᠭᠤᠴᠠᠭᠠᠨ ᠎ ᠤ ᠭᠠᠷᠠᠬ ᠤᠨ ᠠᠮᠠᠷᠠᠯᠳᠠ ᠶᠢᠨ ᠳᠠᠶᠢᠯᠤᠮᠵᠢ ᠡᠷᠬᠢᠯᠡᠪᠡ
ᠨᠡᠶᠢᠲᠡᠯᠡᠭᠰᠡᠨ ᠴᠠᠭ᠄
2018/8/27
     8 ᠳ᠋ᠤᠭᠠᠷ ᠰᠠᠷ᠎ᠠ ᠶᠢᠨ 25᠎ ᠤ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠤᠳᠤᠷᠢᠳᠬᠤ ᠺᠠᠳ᠋ᠷ ᠤᠨ 95 ᠳ᠋ᠤᠭᠠᠷ ᠬᠤᠭᠤᠴᠠᠭᠠᠨ ᠤ ᠭᠠᠷᠠᠬ ᠤᠨ ᠠᠮᠠᠷᠠᠯᠳᠠ ᠶᠢᠨ ᠳᠠᠶᠢᠯᠤᠮᠵᠢ ᠡᠷᠬᠢᠯᠡᠪᠡ᠃ ᠤᠯᠤᠰ ᠤᠨ ᠠᠮᠢ ᠠᠬᠤᠢ ᠤᠷᠴᠢᠨ ᠳᠤᠭᠤᠷᠢᠨ ᠤ ᠶᠠᠮᠤᠨ ᠤ ᠳᠡᠳ᠋ ᠰᠠᠶᠢᠳ ᠬᠤᠸᠠᠩ ᠷᠦᠨ ᠴᠢᠦ ᠤᠷᠢᠯᠭ᠎ᠠ ᠪᠠᠷ ︽ᠰᠢ ᠶᠢᠨ ᠫᠢᠩ ᠎ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠰᠤᠷᠤᠯᠴᠠᠨ ᠳᠣᠭᠤᠰᠢᠯᠠᠭᠤᠯᠵᠤ ᠪᠤᠬᠢᠷᠳᠤᠯ ᠢ ᠰᠡᠷᠬᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠠᠶᠢᠳᠤᠷ ᠬᠢᠰᠦᠭᠡᠢ︾ ᠭᠡᠰᠡᠨ ᠳᠤᠰᠬᠠᠢ ᠳᠠᠶᠢᠯᠤᠮᠵᠢ ᠬᠢᠪᠡ᠃      ᠦᠪᠡᠷᠳᠡᠬᠡᠨ ᠵᠠᠰᠠᠬᠤ ᠤᠷᠤᠨ ᠤ ᠳᠡᠳ᠋ ᠳᠡᠷᠢᠬᠦᠯᠡᠭᠴᠢ ᠪᠤᠤ ᠭᠠᠩ ᠳᠠᠶᠢᠯᠤᠮᠵᠢ ᠶᠢ ᠡᠷᠬᠢᠯᠡᠪᠡ᠃      ᠬᠤᠸᠠᠩ ᠷᠦᠨ ᠴᠢᠤ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠪᠤᠳᠠᠳᠠᠢ ᠲᠠᠢ ᠤᠶᠠᠯᠳᠤᠭᠤᠯᠵᠤ᠂ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠳᠤ ᠬᠦᠨᠵᠡᠬᠡᠢ ᠳᠠᠶᠢᠯᠤᠮᠵᠢ ᠬᠢᠵᠥ᠂ ᠪᠤᠬᠢᠷᠳᠤᠯ ᠢ ᠰᠡᠷᠬᠡᠶᠢᠯᠠᠨ ᠵᠠᠰᠠᠬᠤ ᠰᠢᠪᠲᠤᠯᠤᠯᠲᠠ ᠶᠢᠨ ᠲᠠᠶᠢᠯᠠᠯᠳᠤᠭᠠᠨ ᠢ ᠰᠠᠶᠢᠳᠤᠷ ᠬᠢᠬᠦ᠂ ᠴᠢᠨᠠᠷ ᠰᠠᠶᠢᠳᠠᠢ ᠪᠤᠬᠢᠷᠳᠤᠯ ᠦᠬᠡᠢ ᠬᠦᠭᠵᠢᠯᠳᠠ ᠶᠢ ᠪᠡᠶᠡᠯᠡᠬᠦᠯᠬᠦ ᠳᠤ ᠡᠷᠬᠢᠮ ᠨᠠᠨᠳᠢᠨ ᠰᠠᠨᠠᠯ ᠢᠶᠠᠨ ᠲᠡᠪᠰᠢᠬᠦᠯᠵᠤ᠂ ᠲᠠᠶᠢᠯᠤᠮᠵᠢ ᠶᠢᠨ ᠤᠨᠤᠯ ᠤᠨ ᠴᠢᠨᠠᠷ᠂ ᠬᠡᠷᠡᠭᠵᠢᠬᠦᠯᠦᠯᠳᠤ ᠴᠢᠨᠠᠷ᠂ ᠬᠠᠨᠳᠤᠯᠭᠠᠳᠤ ᠴᠢᠨᠠᠷ ᠨᠢ ᠴᠢᠩᠭ᠎ᠠ ᠪᠠᠶᠢᠵᠤ᠂ ᠡᠯ᠎ᠠ ᠱᠠᠳᠤᠨ ᠤ ᠤᠳᠤᠷᠢᠳᠬᠤ ᠺᠠᠳ᠋ᠷ ᠤᠨ ᠦᠵᠡᠯ ᠰᠠᠨᠠᠭ᠎ᠠ ᠪᠠᠨ ᠨᠢᠬᠡᠳᠬᠡᠵᠤ᠂ ᠰᠡᠳᠬᠢᠴᠠ ᠪᠠᠨ ᠦᠷᠬᠡᠳᠬᠡᠵᠤ᠂ ᠠᠵᠢᠯ ᠢᠶᠠᠨ ᠠᠬᠢᠭᠤᠯᠬᠤ ᠳᠤ ᠶᠡᠭᠡ ᠬᠠᠪᠰᠤᠷᠤᠮᠵᠢ ᠪᠤᠯᠵᠥ ᠴᠢᠳᠠᠭᠰᠠᠨ ᠢᠶᠠᠷ ᠪᠠᠷᠠᠬᠤ ᠦᠭᠡᠢ ᠺᠠᠳ᠋ᠷ ᠤᠯᠠᠨ ᠲᠦᠮᠡᠨ ᠎ ᠤ ᠪᠤᠬᠢᠷᠳᠤᠯ ᠢ ᠰᠡᠷᠬᠡᠶᠢᠯᠠᠨ ᠵᠠᠰᠠᠬᠤ ᠰᠢᠪᠲᠤᠯᠤᠯᠲᠠ ᠶᠢᠨ ᠲᠠᠶᠢᠯᠠᠯᠳᠤᠭᠠᠨ ᠤ ᠢᠯᠠᠯᠳᠠ ᠶᠢ ᠲᠡᠮᠡᠴᠡᠨ ᠤᠯᠵᠤ᠂ ᠮᠠᠨ ᠎ ᠤ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠬᠦᠯᠬᠦ ᠎ ᠳᠤ ᠰᠢᠨ᠎ᠠ ᠬᠤᠪᠢ ᠨᠡᠮᠡᠷᠢ ᠭᠠᠷᠭᠠᠬᠤ ᠤᠷᠬᠢᠯᠤᠮ᠎ᠠ ᠬᠠᠯᠠᠭᠤᠨ ᠰᠡᠳᠬᠢᠯᠬᠡ ᠶᠢ ᠨᠢ ᠴᠢᠨᠠᠬᠰᠢᠳᠠ ᠬᠦᠭᠵᠢᠬᠡᠵᠦ ᠴᠢᠳᠠᠬᠤ ᠨᠢ ᠯᠠᠪᠳᠠᠢ ᠶᠤᠮ᠃      ᠪᠤᠤ ᠭᠠᠩ ᠴᠢᠬᠤᠯᠠᠴᠢᠯᠠᠭᠰᠠᠨ ᠨᠢ᠂ ᠬᠤᠷᠠᠯ ᠳᠤ ᠤᠷᠤᠯᠴᠠᠬᠰᠡᠳ ᠤᠯᠤᠰ ᠲᠦᠷᠦ ᠶᠢᠨ ᠵᠤᠬᠰᠤᠴᠠ ᠪᠠᠨ ᠤᠯᠠᠮ ᠨᠢᠭᠡ ᠠᠯᠬᠤᠮ ᠲᠠᠬᠡᠭᠰᠢᠯᠡᠬᠦᠯᠵᠤ᠂ ᠶᠡᠷᠤᠩᠭᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠠᠵᠢᠯ ᠤᠨ ᠲᠤᠬᠠᠢ ᠬᠦᠰᠡᠯ ᠨᠠᠶᠢᠳᠠᠯᠭ᠎ᠠ ᠶᠢ ᠪᠠᠳᠤ ᠴᠠᠬᠡᠵᠢᠯᠡᠵᠤ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠤᠮᠳᠠᠬᠢ ᠲᠤᠪᠤᠶᠢᠮ᠎ᠡ ᠠᠰᠠᠭᠤᠳᠠᠯ ᠢ ᠦᠨᠡᠨ ᠬᠦ ᠰᠢᠢᠳᠪᠤᠷᠢᠯᠡᠵᠤ᠂ ᠬᠦᠭᠡ ᠤᠬᠳᠠᠷᠭᠤᠢ᠂ ᠴᠡᠩᠬᠡᠭ ᠤᠰᠤ᠂ ᠴᠡᠪᠡᠷ ᠬᠦᠷᠦᠰᠤ ᠶᠢ ᠬᠠᠮᠠᠭᠠᠯᠠᠬᠤ ᠲᠠᠶᠢᠯᠠᠯᠳᠤᠭᠠᠨ ᠤ ᠢᠯᠡᠯᠳᠠ ᠶᠢ ᠡᠷᠡᠰ ᠳᠡᠮᠡᠴᠡᠨ ᠤᠯᠬᠤ ᠭᠡᠷᠡᠭᠲᠠᠢ ᠭᠡᠪᠠ᠃      ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠡ ᠪᠠᠶᠢᠭᠤᠯᠭ᠎ᠠ᠂ ᠭᠡᠰᠡᠭ ᠠᠵᠤ ᠠᠬᠤᠶᠢᠯᠡᠯ ᠠᠵᠢᠯ ᠦᠢᠯᠡᠰ ᠤᠨ ᠨᠢᠭᠡᠴᠢ ᠶᠢᠨ ᠭᠠᠵᠠᠷ ᠤᠨ ᠲᠡᠰ ᠠᠴᠠ ᠲᠠᠭᠡᠭᠰᠢᠬᠢ ᠤᠳᠤᠷᠢᠳᠬᠤ ᠺᠠᠳ᠋ᠷ ᠬᠦᠭᠡᠬᠤᠳᠠ ᠶᠢᠨ ᠭᠤᠤᠯ ᠬᠤᠷᠠᠯ ᠤᠨ ᠲᠠᠯᠠᠪᠠᠢ ᠳᠤ ᠲᠠᠶᠢᠯᠤᠮᠵᠢ ᠶᠢ ᠰᠤᠨᠤᠰᠴᠤ᠂ ᠡᠯ᠎ᠡ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶᠎ ᠤ ᠨᠠᠮ ᠵᠠᠰᠠᠭ ᠤᠨ ᠭᠤᠤᠯ ᠤᠳᠤᠷᠢᠳᠤᠯᠭ᠎ᠠ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠬᠠᠷᠠᠭᠠᠨ ᠳᠠᠪᠲᠠᠮᠵᠢᠲᠤ ᠬᠤᠪᠢᠶᠠᠷᠢ ᠬᠤᠷᠠᠯ ᠤᠨ ᠲᠠᠯᠠᠪᠠᠢ ᠳᠤ ᠲᠠᠶᠢᠯᠤᠮᠵᠢ ᠶᠢ ᠰᠤᠨᠤᠰᠴᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号