ᠣᠶᠢᠷ᠎ᠠ ᠳᠤ᠂ ᠰᠤᠷᠭᠠᠨ ᠬᠥᠮᠥᠵᠢᠯ ᠤᠨ ᠶᠠᠮᠤᠨ᠂ ᠡᠳ᠋ ᠤᠨ ᠵᠠᠰᠠᠭ ᠤᠨ ᠶᠠᠮᠤᠨ᠂ ᠤᠯᠤᠰ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠤᠯᠪᠣᠭᠠᠯᠠᠨ ︽ᠳᠡᠭᠡᠳᠦ ᠵᠡᠷᠭᠡ ᠶᠢᠨ ᠰᠤᠷᠭᠠᠭᠤᠯᠢ ᠶᠢᠨ ︿ | ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ﹀ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠲᠤᠬᠠᠢ | ᠵᠢᠯᠣᠭᠤᠳᠬᠤ ᠰᠠᠨᠠᠯ︾ ︵ᠳᠣᠷᠣᠭᠰᠢ ︽ᠵᠢᠯᠣᠭᠤᠳᠬᠤ ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ | ᠲᠠᠷᠬᠠᠭᠠᠵᠤ᠂ ᠰᠤᠷᠭᠠᠨ ᠬᠥᠮᠥᠵᠢᠯ ᠤᠨ ᠶᠠᠮᠤᠨ ᠤ ᠡᠷᠳᠡᠮ ᠤᠨ ᠴᠣᠯᠠ ᠶᠢᠨ ᠬᠠᠮᠢᠶᠠᠷᠤᠯᠲᠠ ᠬᠢᠭᠡᠳ ᠠᠰᠫᠢᠷᠠᠨᠲ ᠤᠨ | ᠰᠤᠷᠭᠠᠨ ᠬᠥᠮᠥᠵᠢᠯ ᠤᠨ ᠵᠤᠷᠭᠠᠨ ᠤ ᠬᠠᠷᠢᠭᠤᠴᠠᠯᠭᠠᠲᠠᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ | ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠢ᠃ | 1. ︽ᠵᠢᠯᠣᠭᠤᠳᠬᠤ ᠰᠠᠨᠠᠯ︾ ᠢ ᠲᠣᠭᠲᠠᠭᠠᠨ ᠨᠡᠶᠢᠲᠡᠯᠡᠭᠰᠡᠨ ᠠᠬᠤᠢ ᠪᠠᠶᠢᠳᠠᠯ ᠨᠢ ᠶᠠᠭᠤ ᠪᠣᠢ︖ | ᠬᠠᠷᠢᠭᠤᠯᠲᠠ᠄ ᠲᠡᠷᠢᠭᠦᠨ ᠤ ᠶᠡᠭᠡ ᠰᠤᠷᠭᠠᠭᠤᠯᠢ ᠪᠠ ᠲᠡᠷᠢᠭᠦᠨ ᠤ ᠬᠢᠴᠢᠶᠡᠯ ᠲᠥᠷᠥᠯ ᠢ ᠪᠠᠶᠢᠭᠤᠯᠬᠤ ᠪᠣᠯ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠭᠰᠠᠨ ᠴᠢᠬᠤᠯᠠ ᠶᠡᠭᠡ | ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠪᠣᠯᠣᠨ᠎ᠠ᠃ 2016 ᠣᠨ ᠠᠴᠠ ︽ᠬᠤᠶᠠᠷ ᠢ ᠲᠡᠷᠢᠭᠦᠨ | ᠪᠠᠶᠢᠷᠢᠨ ᠳᠤ ᠣᠷᠣᠭᠤᠯᠬᠤ︾ ᠰᠢᠨ᠎ᠡ ᠨᠢᠭᠡ ᠡᠭᠡᠯᠵᠢ ᠶᠢᠨ ᠪᠠᠶᠢᠭᠤᠯᠤᠯᠲᠠ ᠶᠢ ᠡᠬᠢᠯᠡᠭᠦᠯᠦᠭᠰᠡᠨ ᠠᠴᠠ ᠨᠠᠭᠠᠰᠢ᠂ | ᠡᠯ᠎ᠡ ᠭᠠᠵᠠᠷ ᠤᠨ ᠡᠯ᠎ᠡ ᠶᠡᠭᠡ ᠳᠡᠭᠡᠳᠦ ᠰᠤᠷᠭᠠᠭᠤᠯᠢ ᠶᠢᠨ ᠬᠢᠨ ᠪᠣᠳᠠᠲᠠᠢ ᠶᠢ ᠡᠷᠬᠢᠮᠯᠡᠨ ᠪᠦᠬᠦ ᠲᠠᠯ᠎ᠠ ᠪᠠᠷ ᠢᠳᠡᠪᠬᠢᠲᠡᠢ | ᠠᠬᠢᠭᠤᠯᠤᠭᠰᠠᠨ ᠠᠴᠠ᠂ ︽ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ︾ ᠪᠦᠲᠦᠭᠡᠨ ᠪᠠᠶᠢᠭᠤᠯᠤᠯᠲᠠ ᠳᠤ | ᠰᠠᠶᠢᠨ ᠰᠠᠶᠢᠬᠠᠨ ᠪᠠᠶᠢᠳᠠᠯ ᠲᠥᠯᠥᠪ ᠢᠯᠡᠷᠡᠵᠦ᠂ ᠲᠦᠷᠭᠡᠳᠬᠡᠨ ᠪᠠᠶᠢᠭᠤᠯᠬᠤ ᠳᠤ ᠰᠠᠶᠢᠨ ᠰᠠᠶᠢᠬᠠᠨ ᠰᠠᠭᠤᠷᠢ ᠶᠢ | ᠲᠠᠯᠪᠢᠪᠠ᠃ ᠭᠡᠲᠡᠯ᠎ᠡ ᠪᠠᠶᠢᠴᠠᠭᠠᠨ ᠰᠤᠳᠤᠯᠤᠯᠲᠠ ᠶᠢᠨ ᠳᠤᠮᠳᠠ᠂ ᠡᠬᠢᠯᠡᠯᠲᠡ ᠶᠢᠨ ᠱᠠᠲᠤ ᠦᠶ᠎ᠡ ᠳᠤ᠂ ᠲᠠᠨᠢᠯᠲᠠ ᠨᠢ | ᠭᠦᠨᠵᠡᠭᠡᠢ ᠪᠤᠰᠤ᠂ ᠰᠡᠳᠬᠢᠬᠦᠢ ᠨᠢ ᠲᠣᠳᠣ ᠪᠤᠰᠤ᠂ ᠲᠣᠭᠲᠠᠴᠠ ᠨᠢ ᠲᠣᠳᠣᠷᠬᠠᠢ ᠪᠤᠰᠤ᠂ ᠠᠷᠭ᠎ᠠ ᠬᠡᠮᠵᠢᠶ᠎ᠡ ᠨᠢ | ᠪᠦᠲᠦᠮᠵᠢ ᠪᠠᠷ ᠳᠣᠣᠷ᠎ᠠ ᠵᠡᠷᠭᠡ ᠪᠠᠶᠢᠳᠠᠯ ᠮᠥᠨ ᠬᠦ ᠠᠳᠠᠯᠢ ᠪᠤᠰᠤ ᠬᠡᠮᠵᠢᠶ᠎ᠡ ᠪᠠᠷ ᠣᠷᠣᠰᠢᠵᠤ᠂ ᠣᠨᠴᠠ ᠵᠠᠷᠢᠮ ᠶᠡᠭᠡ | ᠳᠡᠭᠡᠳᠦ ᠰᠤᠷᠭᠠᠭᠤᠯᠢ ᠨᠢ ᠪᠦᠲᠦᠭᠡᠨ ᠪᠠᠶᠢᠭᠤᠯᠤᠯᠲᠠ ᠶᠢᠨ ᠴᠢᠭᠯᠡᠯ᠂ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ | ᠵᠡᠷᠭᠡ ᠵᠠᠷᠢᠮ ᠵᠠᠩᠭᠢᠯᠠᠭ᠎ᠠ ᠶᠢᠨ ᠠᠰᠠᠭᠤᠳᠠᠯ ᠤᠨ ᠲᠠᠯ᠎ᠠ ᠪᠠᠷ ᠣᠨᠣᠪᠴᠢᠲᠠᠢ ᠡᠵᠡᠮᠳᠡᠵᠦ ᠳᠡᠶᠢᠯᠬᠦ ᠦᠭᠡᠢ ᠪᠠᠶᠢᠵᠤ᠂ | ᠬᠥᠲᠥᠯᠥᠨ ᠵᠢᠯᠣᠭᠤᠳᠬᠤ ᠶᠢ ᠪᠠᠴᠢᠮ ᠱᠠᠭᠠᠷᠳᠠᠵᠤ ᠪᠠᠶᠢᠬᠤ ᠶᠢ ᠰᠡᠷᠡᠵᠦ ᠮᠡᠳᠡᠵᠡᠢ᠃ | ᠨᠢᠳᠤᠨᠤᠨ ᠤ 10 ᠳ᠋ᠤᠭᠠᠷ ᠰᠠᠷ᠎ᠠ ᠳᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ︽ᠲᠡᠷᠢᠭᠦᠨ ᠤ | ᠶᠡᠭᠡ ᠰᠤᠷᠭᠠᠭᠤᠯᠢ ᠪᠠ ᠲᠡᠷᠢᠭᠦᠨ ᠤ ᠬᠢᠴᠢᠶᠡᠯ ᠲᠥᠷᠥᠯ ᠤᠨ ᠪᠠᠶᠢᠭᠤᠯᠤᠯᠲᠠ ᠶᠢ ᠲᠦᠷᠭᠡᠳᠬᠡᠵᠦ᠂ ᠳᠡᠭᠡᠳᠦ | ᠵᠡᠷᠭᠡ ᠶᠢᠨ ᠰᠤᠷᠭᠠᠨ ᠬᠥᠮᠥᠵᠢᠯ ᠤᠨ ᠠᠭᠤᠯᠤᠭᠳᠠᠬᠤᠨ ᠮᠠᠶ᠋ᠢᠭ ᠤᠨ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ︾ ᠭᠡᠵᠦ | ᠲᠣᠳᠣᠷᠬᠠᠢ ᠳᠤᠷᠠᠳᠴᠤ᠂ ︽ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ︾ ᠪᠦᠲᠦᠭᠡᠨ ᠪᠠᠶᠢᠭᠤᠯᠤᠯᠲᠠ ᠳᠤ | ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢ ᠳᠤᠷᠠᠳᠤᠨ ᠭᠠᠷᠭᠠᠪᠠ᠃ ᠡᠨᠡ ᠵᠢᠯ ᠤᠨ 5 ᠳ᠋ᠤᠭᠠᠷ ᠰᠠᠷ᠎ᠠ ᠶᠢᠨ 2 ᠤᠨ | ᠡᠳᠦᠷ᠂ ᠶᠡᠷᠦᠩᠬᠡᠢ ᠱᠦᠵᠢ ᠰᠢ ᠶᠢᠨ ᠫᠢᠩ ᠪᠡᠭᠡᠵᠢᠩ ᠶᠡᠭᠡ ᠰᠤᠷᠭᠠᠭᠤᠯᠢ ᠶᠢᠨ ᠪᠠᠭᠰᠢ ᠰᠤᠷᠤᠭᠴᠢᠳ ᠲᠠᠢ | ᠶᠠᠷᠢᠯᠴᠠᠬᠤ ᠬᠤᠷᠠᠯ ᠳᠡᠭᠡᠷ᠎ᠡ ᠴᠢᠬᠤᠯᠠ ᠶᠠᠷᠢᠶ᠎ᠠ ᠨᠡᠶᠢᠲᠡᠯᠡᠨ ︽ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ︾ | ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠲᠤᠬᠠᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠳᠤᠮᠳᠠᠳᠤ | ᠤᠯᠤᠰ ᠤᠨ ᠣᠨᠴᠠᠯᠢᠭ ᠲᠠᠢ ᠳᠡᠯᠡᠬᠡᠢ ᠶᠢᠨ ᠲᠡᠷᠢᠭᠦᠨ ᠤ ᠶᠡᠭᠡ ᠰᠤᠷᠭᠠᠭᠤᠯᠢ ᠶᠢ ᠪᠠᠶᠢᠭᠤᠯᠬᠤ ᠳᠤ ᠦᠵᠡᠯ ᠰᠠᠨᠠᠭᠠᠨ ᠤ | ᠵᠢᠯᠣᠭᠤᠳᠤᠮᠵᠢ ᠪᠠ ᠠᠵᠢᠯᠯᠠᠭᠠᠨ ᠤ ᠵᠦᠭᠯᠡᠭᠦᠷ ᠬᠠᠩᠭᠠᠪᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ | ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠰᠤᠷᠭᠠᠨ ᠬᠥᠮᠥᠵᠢᠯ ᠤᠨ ︽ᠡᠷᠡᠯᠬᠡᠭᠯᠡᠨ | ᠤᠷᠤᠭᠰᠢᠯᠠᠬᠤ ᠬᠠᠭᠤᠳᠠᠰᠤ︾ ᠶᠢ ᠰᠠᠶᠢᠲᠤᠷ ᠪᠢᠴᠢᠭᠯᠡᠨ᠂ ︽ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ︾ | ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠶᠢᠨ ᠲᠥᠯᠥᠭᠡ᠂ ᠰᠤᠷᠭᠠᠨ ᠬᠥᠮᠥᠵᠢᠯ ᠤᠨ ᠶᠠᠮᠤᠨ ᠠᠴᠠ ᠡᠳ᠋ ᠤᠨ | ᠵᠠᠰᠠᠭ ᠤᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠠᠢ ᠬᠠᠮᠲᠤᠷᠠᠨ ︽ | ᠵᠢᠯᠣᠭᠤᠳᠬᠤ ᠰᠠᠨᠠᠯ︾ ᠢ ᠰᠤᠳᠤᠯᠤᠨ ᠲᠣᠭᠲᠠᠭᠠᠵᠠᠢ᠃ | ︽ᠵᠢᠯᠣᠭᠤᠳᠬᠤ ᠰᠠᠨᠠᠯ︾ ᠪᠣᠯ ᠣᠳᠣᠬᠠᠨ ᠤ ᠶᠡᠭᠡ ᠳᠡᠭᠡᠳᠦ ᠰᠤᠷᠭᠠᠭᠤᠯᠢ ᠶᠢᠨ ︽ᠬᠤᠶᠠᠷ ᠢ ᠲᠡᠷᠢᠭᠦᠨ | ᠪᠠᠶᠢᠷᠢᠨ ᠳᠤ ᠣᠷᠣᠭᠤᠯᠬᠤ︾ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠲᠥᠰᠥᠯ ᠪᠠ ᠬᠡᠷᠡᠭᠵᠢᠭᠦᠯᠬᠦ ᠠᠷᠭ᠎ᠠ ᠶᠢ | ᠨᠠᠶᠢᠳᠠᠪᠤᠷᠢᠵᠢᠭᠤᠯᠬᠤ ᠶᠢᠨ ᠪᠣᠳᠠᠲᠠᠢ ᠵᠢᠯᠣᠭᠤᠳᠤᠯᠭ᠎ᠠ ᠪᠠᠶᠢᠵᠤ᠂ ᠶᠡᠭᠡ ᠳᠡᠭᠡᠳᠦ ᠰᠤᠷᠭᠠᠭᠤᠯᠢ ᠶᠢ ᠪᠠᠶᠢᠭᠤᠯᠬᠤ | ᠬᠠᠷᠢᠭᠤᠴᠠᠯᠭᠠᠲᠤ ᠭᠤᠣᠯ ᠴᠣᠭᠴᠠ᠂ ᠪᠠᠶᠢᠭᠤᠯᠬᠤ ᠭᠤᠣᠯ ᠴᠣᠭᠴᠠ᠂ ᠠᠰᠢᠭ ᠬᠦᠷᠲᠡᠬᠦ ᠭᠤᠣᠯ ᠴᠣᠭᠴᠠ ᠶᠢᠨ | ᠪᠠᠶᠢᠷᠢ ᠰᠠᠭᠤᠷᠢ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠶᠡᠭᠡ ᠳᠡᠭᠡᠳᠦ ᠰᠤᠷᠭᠠᠭᠤᠯᠢ ᠶᠢ ᠬᠥᠲᠥᠯᠥᠨ | ᠵᠢᠯᠣᠭᠤᠳᠴᠤ ᠲᠠᠨᠢᠯᠲᠠ ᠶᠢ ᠨᠢ ᠳᠡᠭᠡᠭᠰᠢᠯᠡᠭᠦᠯᠦᠨ᠂ ᠣᠨᠣᠯᠵᠢᠬᠤᠨ ᠢ ᠨᠢ ᠬᠤᠪᠢᠷᠠᠭᠤᠯᠵᠤ᠂ ᠠᠭᠤᠯᠤᠭᠳᠠᠬᠤᠨ | ᠮᠠᠶ᠋ᠢᠭ ᠤᠨ ᠬᠥᠭᠵᠢᠯᠲᠡ ᠶᠢᠨ ᠵᠠᠮ ᠢᠶᠠᠷ ᠵᠠᠮᠨᠠᠭᠤᠯᠤᠨ᠂ ᠪᠦᠲᠦᠭᠡᠨ ᠪᠠᠶᠢᠭᠤᠯᠤᠯᠲᠠ ᠶᠢᠨ ᠲᠥᠰᠥᠯ ᠤᠨ ᠬᠠᠷᠠᠯᠲᠠ | ᠡᠭᠦᠷᠭᠡ ᠶᠢ ᠪᠡᠶᠡᠯᠡᠭᠦᠯᠬᠦ ᠶᠢ ᠪᠠᠲᠤᠯᠠᠵᠤ ᠴᠢᠳᠠᠨ᠎ᠠ᠃ | 2. ︽ᠵᠢᠯᠣᠭᠤᠳᠬᠤ ᠰᠠᠨᠠᠯ︾ ᠤᠨ ᠭᠤᠣᠯ ᠵᠣᠷᠢᠭ ᠰᠠᠨᠠᠭ᠎ᠠ ᠪᠠ ᠶᠡᠷᠦᠩᠬᠡᠢ ᠪᠣᠳᠣᠯᠬᠢᠯᠠᠯ ᠨᠢ ᠶᠠᠭᠤ ᠪᠣᠢ︖ | ᠬᠠᠷᠢᠭᠤᠯᠲᠠ᠄ ︽ᠵᠢᠯᠣᠭᠤᠳᠬᠤ ᠰᠠᠨᠠᠯ︾ ᠤᠨ ᠭᠤᠣᠯ ᠵᠣᠷᠢᠭ ᠰᠠᠨᠠᠭ᠎ᠠ ᠪᠣᠯ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠢ ᠱᠦᠵᠢ | ᠰᠢ ᠶᠢᠨ ᠫᠢᠩ ᠤᠨ ᠪᠡᠭᠡᠵᠢᠩ ᠶᠡᠭᠡ ᠰᠤᠷᠭᠠᠭᠤᠯᠢ ᠳᠤ ᠠᠵᠢᠯ ᠤᠨ ᠪᠠᠶᠢᠴᠠᠭᠠᠯᠲᠠ ᠬᠢᠬᠦ ᠦᠶ᠎ᠡ ᠶᠢᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ | ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠪᠠ ︽ | ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠯᠳᠤᠭᠤᠯᠤᠨ | ᠠᠬᠢᠭᠤᠯᠬᠤ ᠶᠢᠨ ᠲᠣᠭᠤᠷᠢᠨ ᠳᠤ ᠴᠢᠩᠭ᠎ᠠ ᠨᠢᠭᠲᠠᠷᠠᠵᠤ᠂ ᠨᠠᠮ ᠤᠨ ᠰᠤᠷᠭᠠᠨ ᠬᠥᠮᠥᠵᠢᠯ ᠤᠨ ᠴᠢᠭᠯᠡᠯᠲᠡ ᠶᠢ ᠪᠦᠬᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠳᠡᠯᠡᠬᠡᠢ ᠶᠢᠨ | ᠲᠡᠷᠢᠭᠦᠨ ᠪᠠᠶᠢᠷᠢ ᠪᠠᠷ ᠭᠤᠣᠯ ᠪᠣᠯᠭᠠᠨ᠂ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠠᠭᠤᠯᠤᠭᠳᠠᠬᠤᠨ | ᠮᠠᠶ᠋ᠢᠭ ᠤᠨ ᠬᠥᠭᠵᠢᠯᠲᠡ ᠪᠠᠷ ᠭᠤᠣᠯ ᠱᠤᠭᠤᠮ ᠪᠣᠯᠭᠠᠵᠤ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ | ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠰᠤᠷᠭᠠᠭᠤᠯᠢ ᠡᠷᠬᠢᠯᠡᠬᠦ ᠤᠯᠤᠰ ᠲᠥᠷᠥ ᠶᠢᠨ ᠵᠥᠪ ᠴᠢᠭᠯᠡᠯ ᠢ | ᠪᠠᠷᠢᠮᠲᠠᠯᠠᠬᠤ᠂ ᠥᠨᠳᠥᠷ ᠬᠡᠪ ᠴᠢᠨᠠᠷ ᠪᠦᠬᠦᠢ ᠪᠠᠭᠰᠢ ᠶᠢᠨ ᠡᠩᠨᠡᠭᠡ ᠶᠢ ᠪᠠᠶᠢᠭᠤᠯᠬᠤ ᠪᠠ ᠥᠨᠳᠥᠷ ᠬᠢᠷᠢ ᠲᠦᠪᠰᠢᠨ | ᠪᠦᠬᠦᠢ ᠴᠢᠳᠠᠪᠤᠷᠢᠲᠠᠨ ᠢ ᠬᠥᠮᠥᠵᠢᠭᠦᠯᠬᠦ ᠰᠢᠰᠲ᠋ᠧᠮᠵᠢ ᠶᠢ ᠪᠦᠷᠢᠯᠳᠦᠭᠦᠯᠬᠦ ᠭᠡᠬᠦ ᠭᠤᠷᠪᠠᠨ ᠵᠦᠢᠯ ᠤᠨ ᠰᠠᠭᠤᠷᠢ | ᠴᠢᠨᠠᠷᠲᠠᠢ ᠠᠵᠢᠯ ᠢ ᠴᠢᠩᠭ᠎ᠠ ᠠᠳᠬᠤᠵᠤ᠂ ᠪᠠᠶᠢᠭᠤᠯᠤᠯ ᠲᠣᠭᠲᠠᠴᠠ ᠳᠤ ᠰᠢᠨ᠎ᠡ ᠶᠢ ᠡᠭᠦᠳᠬᠦ ᠪᠠᠷ ᠬᠦᠴᠦᠯᠡᠬᠦ ᠴᠡᠭ | ᠪᠣᠯᠭᠠᠵᠤ᠂ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠂ ᠡᠯ᠎ᠡ ᠵᠦᠢᠯ ᠤᠨ ᠢᠳᠡᠪᠬᠢᠲᠡᠢ ᠬᠦᠴᠦᠨ | ᠵᠦᠢᠯ ᠢ ᠳᠠᠶᠢᠴᠢᠯᠠᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠵᠦ᠂ | ᠨᠡᠭᠡᠭᠡᠯᠲᠡ ᠬᠢᠵᠦ ᠬᠠᠮᠲᠤᠷᠠᠯᠴᠠᠬᠤ ᠳᠤᠮᠳᠠ ᠬᠥᠭᠵᠢᠯᠲᠡ ᠶᠢ ᠲᠦᠷᠭᠡᠳᠬᠡᠵᠦ᠂ ︽ᠬᠤᠶᠠᠷ ᠢ ᠲᠡᠷᠢᠭᠦᠨ ᠪᠠᠶᠢᠷᠢᠨ ᠳᠤ | ᠣᠷᠣᠭᠤᠯᠬᠤ︾ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠲᠥᠰᠥᠯ ᠳᠤ ᠲᠣᠭᠲᠠᠭᠠᠭᠰᠠᠨ ᠪᠠᠶᠢᠯᠳᠤᠬᠤ | ᠪᠣᠳᠣᠯᠭ᠎ᠠ ᠶᠢᠨ ᠬᠠᠷᠠᠯᠲᠠ ᠶᠢ ᠪᠡᠶᠡᠯᠡᠭᠦᠯᠬᠦ ᠶᠢ ᠪᠠᠲᠤᠯᠠᠨ᠎ᠠ᠃ | ︽ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ︾ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠳᠤ | ᠡᠷᠬᠡᠪᠰᠢ ᠳᠥᠷᠪᠡᠨ ᠵᠦᠢᠯ ᠤᠨ ᠵᠠᠷᠴᠢᠮ ᠢ ᠪᠠᠷᠢᠮᠲᠠᠯᠠᠬᠤ ᠬᠡᠷᠡᠭᠲᠡᠢ᠃ ᠲᠤᠬᠠᠶᠢᠯᠠᠪᠠᠯ ᠥᠪᠡᠷᠮᠢᠴᠡ ᠣᠨᠴᠠᠯᠢᠭ ᠨᠢ | ᠲᠡᠷᠢᠭᠦᠨ ᠤ ᠪᠠᠶᠢᠬᠤ ᠶᠢ ᠪᠠᠷᠢᠮᠲᠠᠯᠠᠬᠤ᠂ ᠠᠭᠤᠯᠤᠭᠳᠠᠬᠤᠨ ᠮᠠᠶ᠋ᠢᠭ ᠤᠨ ᠬᠥᠭᠵᠢᠯᠲᠡ ᠶᠢ ᠪᠠᠷᠢᠮᠲᠠᠯᠠᠬᠤ᠂ | ᠥᠭᠡᠷᠡᠴᠢᠯᠡᠯᠲᠡ ᠶᠢᠨ ᠬᠥᠳᠡᠯᠭᠡᠭᠦᠷ ᠢ ᠪᠠᠷᠢᠮᠲᠠᠯᠠᠬᠤ ᠪᠠ ᠶᠡᠭᠡ ᠳᠡᠭᠡᠳᠦ ᠰᠤᠷᠭᠠᠭᠤᠯᠢ ᠶᠢᠨ ᠭᠤᠣᠯ ᠴᠣᠭᠴᠠ ᠶᠢ | ᠪᠠᠷᠢᠮᠲᠠᠯᠠᠨ᠎ᠠ᠃ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ | ᠂ ᠬᠥᠮᠥᠨ ᠢ ᠬᠥᠮᠥᠵᠢᠭᠦᠯᠬᠦ ᠪᠠᠷ ᠦᠨᠳᠦᠰᠦ ᠪᠣᠯᠭᠠᠵᠤ᠂ ᠶᠣᠰᠣ ᠰᠤᠷᠲᠠᠬᠤᠨ ᠤ ᠬᠥᠮᠥᠵᠢᠯ ᠢ ᠲᠡᠷᠢᠭᠦᠨ ᠪᠠᠶᠢᠷᠢᠨ ᠳᠤ | ᠲᠠᠯᠪᠢᠵᠤ᠂ ᠶᠣᠰᠣ ᠮᠤᠷᠠᠯ ᠣᠶᠣᠨ ᠮᠡᠳᠡᠯᠭᠡ ᠪᠡᠶ᠎ᠡ ᠲᠠᠮᠢᠷ ᠭᠤᠸ᠎ᠠ ᠰᠠᠶᠢᠬᠠᠨ ᠪᠦᠬᠦ ᠲᠠᠯ᠎ᠠ ᠪᠠᠷ ᠬᠥᠭᠵᠢᠭᠰᠡᠨ | ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠬᠦ ᠬᠡᠷᠡᠭᠲᠡᠢ ᠭᠡᠵᠦ | ᠣᠨᠴᠠᠭᠠᠶᠢᠯᠠᠨ ᠴᠢᠬᠤᠯᠠᠴᠢᠯᠠᠪᠠ᠃ ᠶᠡᠭᠡ ᠳᠡᠭᠡᠳᠦ ᠰᠤᠷᠭᠠᠭᠤᠯᠢ ᠨᠢ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠦᠨ ᠶᠡᠭᠡ ᠰᠤᠷᠭᠠᠭᠤᠯᠢ ᠶᠢᠨ ᠪᠦᠬᠦᠯᠢ ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠠᠷ | ᠪᠠᠷᠠᠬᠤ ᠦᠭᠡᠢ᠂ ᠠᠭᠤᠯᠤᠭᠳᠠᠬᠤᠨ ᠤ ᠪᠠᠶᠢᠭᠤᠯᠤᠯᠲᠠ ᠪᠠᠨ ᠴᠢᠩᠭᠠᠷᠠᠭᠤᠯᠤᠨ ᠲᠡᠷᠢᠭᠦᠨ ᠤ ᠬᠢᠴᠢᠶᠡᠯ ᠬᠥᠮᠥᠵᠢᠯ ᠤᠨ | ᠥᠨᠳᠥᠷ ᠪᠠᠷᠢᠮᠵᠢᠶ᠎ᠠ ᠶᠢ ᠴᠣᠭᠴᠠᠯᠠᠵᠤ᠂ ᠬᠠᠮᠵᠢᠯᠴᠠᠭ᠎ᠠ ᠬᠢᠭᠡᠳ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ | ᠲᠦᠷᠭᠡᠳᠬᠡᠨ ᠠᠬᠢᠭᠤᠯᠵᠤ᠂ ︽ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ︾ ᠪᠦᠲᠦᠭᠡᠨ ᠪᠠᠶᠢᠭᠤᠯᠤᠯᠲᠠ ᠶᠢ | ᠬᠠᠮᠢᠶᠠᠷᠬᠤ ᠳᠦᠷᠢᠮ ᠤᠨ ᠰᠢᠰᠲ᠋ᠧᠮᠵᠢ ᠪᠠ ᠠᠵᠢᠯᠯᠠᠭᠠᠨ ᠤ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ ᠣᠷᠣᠨ | ᠨᠤᠲᠤᠭ ᠤᠨ ᠵᠠᠰᠠᠭ ᠤᠨ ᠣᠷᠳᠣᠨ ᠠᠴᠠ ᠣᠷᠣᠨ ᠨᠤᠲᠤᠭ ᠤᠨ ᠬᠡᠪᠴᠢᠶᠡᠨ ᠳᠤ ᠨᠢᠭᠡᠳᠦᠯᠲᠡᠢ ᠲᠥᠯᠥᠪᠯᠡᠬᠦ ᠪᠠᠨ | ᠴᠢᠩᠭᠠᠷᠠᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠲᠥᠷᠥ ᠶᠢᠨ ᠪᠣᠳᠣᠯᠭ᠎ᠠ ᠪᠠᠷ ᠳᠡᠮᠵᠢᠬᠦ ᠪᠠ ᠪᠡᠯᠡ | ᠮᠥᠩᠭᠦ ᠣᠷᠣᠭᠤᠯᠬᠤ ᠶᠢ ᠬᠥᠲᠥᠯᠥᠨ ᠵᠢᠯᠣᠭᠤᠳᠬᠤ ᠪᠠᠨ ᠴᠢᠩᠭᠠᠳᠬᠠᠨ᠂ ᠪᠦᠲᠦᠭᠡᠨ ᠪᠠᠶᠢᠭᠤᠯᠬᠤ ᠶᠠᠪᠤᠴᠠ ᠳᠤ | ᠵᠢᠯᠣᠭᠤᠳᠤᠨ ᠰᠢᠮᠳᠠᠭᠤᠯᠬᠤ ᠪᠠᠨ ᠴᠢᠩᠭᠠᠳᠬᠠᠵᠤ᠂ ᠦᠨᠡᠯᠡᠬᠦ ᠪᠠ ᠪᠦᠲᠦᠭᠡᠨ ᠪᠠᠶᠢᠭᠤᠯᠬᠤ ᠶᠢ ᠵᠣᠬᠢᠴᠠᠯᠳᠤᠭᠤᠯᠬᠤ | ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠣᠯᠠᠨ ᠲᠠᠯ᠎ᠠ ᠪᠠᠷ ᠣᠷᠣᠭᠤᠯᠬᠤ᠂ ᠬᠦᠴᠦ ᠬᠠᠮᠲᠤᠷᠠᠨ ᠳᠡᠮᠵᠢᠬᠦ᠂ | ᠬᠠᠮᠵᠢᠯᠴᠠᠨ ᠠᠬᠢᠭᠤᠯᠬᠤ ᠪᠦᠲᠦᠭᠡᠨ ᠪᠠᠶᠢᠭᠤᠯᠬᠤ ᠪᠠᠶᠢᠷᠢᠯᠠᠭᠤᠯᠤᠯᠲᠠ ᠶᠢ ᠪᠦᠷᠢᠯᠳᠦᠭᠦᠯᠬᠦ ᠬᠡᠷᠡᠭᠲᠡᠢ᠃ | 3. ︽ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ︾ ᠪᠦᠲᠦᠭᠡᠨ ᠪᠠᠶᠢᠭᠤᠯᠤᠯᠲᠠ ᠨᠢ ᠠᠭᠤᠯᠤᠭᠳᠠᠬᠤᠨ | ᠮᠠᠶ᠋ᠢᠭ ᠤᠨ ᠬᠥᠭᠵᠢᠯᠲᠡ ᠶᠢᠨ ᠵᠠᠮ ᠢᠶᠠᠷ ᠬᠡᠷᠬᠢᠨ ᠵᠠᠮᠨᠠᠬᠤ ᠪᠣᠢ︖ | ᠬᠠᠷᠢᠭᠤᠯᠲᠠ᠄ ︽ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ︾ ᠪᠦᠲᠦᠭᠡᠨ ᠪᠠᠶᠢᠭᠤᠯᠤᠯᠲᠠ ᠨᠢ | ᠠᠭᠤᠯᠤᠭᠳᠠᠬᠤᠨ ᠮᠠᠶ᠋ᠢᠭ ᠤᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢᠨ ᠭᠤᠣᠯᠳᠠᠯᠭ᠎ᠠ ᠨᠢ ᠳᠤᠮᠳᠠᠳᠤ ᠤᠯᠤᠰ ᠤᠨ | ᠣᠨᠴᠠᠯᠢᠭ ᠲᠠᠢ ᠳᠡᠯᠡᠬᠡᠢ ᠶᠢᠨ ᠲᠡᠷᠢᠭᠦᠨ ᠪᠠᠶᠢᠷᠢ ᠶᠢ ᠪᠠᠷᠢᠮᠲᠠᠯᠠᠨ᠂ ᠭᠤᠣᠯ ᠱᠤᠭᠤᠮ ᠨᠢ ᠬᠡᠷᠡᠭᠴᠡᠭᠡ | ᠱᠠᠭᠠᠷᠳᠠᠯᠭ᠎ᠠ ᠳᠤ ᠦᠢᠯᠡᠴᠢᠯᠡᠨ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠦᠨᠳᠦᠰᠦᠨ ᠡᠭᠦᠷᠭᠡ ᠨᠢ ᠶᠣᠰᠣ | ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠶᠠᠪᠤᠳᠠᠯ ᠪᠣᠯᠣᠨ᠎ᠠ᠃ ᠨᠢᠭᠡ ᠳᠤ᠂ ᠳᠤᠮᠳᠠᠳᠤ ᠤᠯᠤᠰ ᠤᠨ ᠣᠨᠴᠠᠯᠢᠭ | ᠲᠠᠢ ᠳᠡᠯᠡᠬᠡᠢ ᠶᠢᠨ ᠲᠡᠷᠢᠭᠦᠨ ᠪᠠᠶᠢᠷᠢ ᠶᠢ ᠪᠠᠷᠢᠮᠲᠠᠯᠠᠨ᠎ᠠ᠃ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ | ᠵᠠᠯᠭᠠᠮᠵᠢᠯᠠᠭᠴᠢ ᠶᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠂ ᠨᠡᠶᠢᠭᠡᠮ ᠵᠢᠷᠤᠮ ᠤᠨ | ᠰᠤᠷᠭᠠᠭᠤᠯᠢ ᠡᠷᠬᠢᠯᠡᠬᠦ ᠴᠢᠭᠯᠡᠯ ᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ᠂ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠪᠠ ᠦᠨᠳᠦᠰᠦᠲᠡᠨ ᠤ ᠰᠡᠷᠭᠦᠯᠲᠡ ᠮᠠᠨᠳᠤᠯᠲᠠ ᠶᠢᠨ ᠠᠭᠤᠤ ᠶᠡᠭᠡ ᠠᠬᠢᠴᠠ ᠳᠤ ᠢᠳᠡᠪᠬᠢᠲᠡᠢ ᠪᠥᠭᠡᠳ | ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ︽ᠳᠥᠷᠪᠡ ᠳᠤ ᠦᠢᠯᠡᠴᠢᠯᠡᠬᠦ︾ ᠶᠢ ᠦᠢᠯᠡᠳᠦᠯᠭᠡᠵᠢᠭᠦᠯᠦᠨ᠂ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠵᠠᠯᠭᠠᠮᠵᠢᠯᠠᠨ ᠪᠠᠳᠠᠷᠠᠭᠤᠯᠵᠤ᠂ ᠳᠤᠮᠳᠠᠳᠤ ᠤᠯᠤᠰ ᠤᠨ | ᠣᠨᠴᠠᠯᠢᠭ ᠲᠠᠢ᠂ ᠳᠤᠮᠳᠠᠳᠤ ᠤᠯᠤᠰ ᠤᠨ ᠬᠡᠪ ᠨᠠᠮᠪᠠᠭ᠎ᠠ ᠲᠠᠢ᠂ ᠳᠤᠮᠳᠠᠳᠤ ᠤᠯᠤᠰ ᠤᠨ ᠰᠦᠷ ᠬᠦᠴᠦᠨ ᠲᠠᠢ | ᠲᠡᠷᠢᠭᠦᠨ ᠤ ᠬᠢᠴᠢᠶᠡᠯ ᠬᠥᠮᠥᠵᠢᠯ ᠢ ᠪᠠᠶᠢᠭᠤᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠤᠨ ᠤᠬᠠᠭᠠᠨ ᠤ ᠬᠢᠴᠢᠶᠡᠯ ᠬᠥᠮᠥᠵᠢᠯ ᠤᠨ ᠰᠢᠰᠲ᠋ᠧᠮᠵᠢ᠂ ᠡᠷᠳᠡᠮ ᠰᠢᠨᠵᠢᠯᠡᠭᠡᠨ ᠤ ᠰᠢᠰᠲ᠋ᠧᠮᠵᠢ᠂ ᠦᠭᠡ | ᠬᠡᠯᠡᠨ ᠤ ᠰᠢᠰᠲ᠋ᠧᠮᠵᠢ᠂ ᠵᠢᠭᠠᠬᠤ ᠮᠠᠲ᠋ᠧᠷᠢᠶᠠᠯ ᠤᠨ ᠰᠢᠰᠲ᠋ᠧᠮᠵᠢ ᠶᠢ ᠪᠠᠶᠢᠭᠤᠯᠤᠨ᠎ᠠ᠃ ᠭᠠᠳᠠᠭᠰᠢ ᠨᠡᠭᠡᠭᠡᠯᠲᠡ ᠬᠢᠬᠦ | ᠠᠯᠬᠤᠴᠠ ᠪᠠᠨ ᠪᠠᠲᠤᠳᠬᠠᠨ᠂ ᠳᠡᠯᠡᠬᠡᠢ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ | ᠬᠠᠷᠢᠴᠠᠭᠤᠯᠵᠤ ᠪᠣᠯᠬᠤᠶᠢᠴᠠ ᠬᠦᠷᠢᠶ᠎ᠡ ᠴᠠᠷᠠᠭᠠᠨ ᠳᠠᠬᠢ ᠢᠯᠡᠷᠡᠭᠦᠯᠬᠦ ᠬᠡᠮᠵᠢᠶ᠎ᠡ ᠪᠦᠬᠦᠢ ᠭᠦᠢᠴᠡᠳᠬᠡᠯ ᠲᠣᠭᠠᠨ ᠤ | ᠲᠠᠯ᠎ᠠ ᠪᠠᠷ ᠳᠡᠯᠡᠬᠡᠢ ᠶᠢᠨ ᠲᠡᠷᠢᠭᠦᠨ ᠤ ᠡᠩᠨᠡᠭᠡᠨ ᠳᠤ ᠣᠷᠣᠵᠤ᠂ ᠰᠤᠷᠭᠠᠭᠤᠯᠢ ᠡᠷᠬᠢᠯᠡᠬᠦ ᠣᠨᠣᠯᠵᠢᠬᠤᠨ ᠪᠠ | ᠪᠠᠶᠢᠭᠤᠯᠤᠯ ᠲᠣᠭᠲᠠᠴᠠ ᠶᠢᠨ ᠲᠠᠯ᠎ᠠ ᠪᠠᠷ ᠪᠦᠬᠦ ᠳᠡᠯᠡᠬᠡᠢ ᠶᠢ ᠬᠥᠲᠥᠯᠥᠨ ᠵᠢᠯᠣᠭᠤᠳᠬᠤ ᠬᠦᠴᠦᠨ ᠢ | ᠪᠦᠷᠢᠯᠳᠦᠭᠦᠯᠦᠨ᠎ᠡ᠃ ᠬᠤᠶᠠᠷ ᠲᠤ᠂ ᠦᠵᠡᠯ ᠰᠠᠨᠠᠭ᠎ᠠ ᠤᠯᠤᠰ ᠲᠥᠷᠥ ᠶᠢᠨ ᠬᠥᠮᠥᠵᠢᠯ᠂ ᠴᠢᠳᠠᠪᠤᠷᠢᠲᠠᠨ ᠢ | ᠬᠥᠮᠥᠵᠢᠭᠦᠯᠬᠦ ᠰᠢᠰᠲ᠋ᠧᠮᠵᠢ ᠶᠢᠨ ᠪᠠᠶᠢᠭᠤᠯᠤᠯᠲᠠ᠂ ᠬᠢᠴᠢᠶᠡᠯ ᠬᠥᠮᠥᠵᠢᠯ ᠤᠨ ᠪᠠᠶᠢᠷᠢᠰᠢᠭᠤᠯᠤᠯᠲᠠ ᠪᠠ ᠶᠡᠭᠡ ᠳᠡᠭᠡᠳᠦ | ᠰᠤᠷᠭᠠᠭᠤᠯᠢ ᠶᠢᠨ ᠪᠦᠬᠦᠯᠢ ᠴᠣᠭᠴᠠ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠬᠥᠮᠥᠨ ᠢ | ᠬᠥᠮᠥᠵᠢᠭᠦᠯᠬᠦ ᠪᠠᠷ ᠦᠨᠳᠦᠰᠦ ᠪᠣᠯᠭᠠᠵᠤ᠂ ᠶᠠᠰᠤ ᠴᠢᠨᠠᠷ ᠢ ᠲᠡᠷᠢᠭᠦᠨ ᠪᠠᠶᠢᠷᠢᠨ ᠳᠤ ᠲᠠᠯᠪᠢᠬᠤ ᠶᠢ ᠲᠣᠪᠣᠶᠢᠯᠭᠠᠨ᠎ᠠ᠃ | ᠭᠤᠷᠪᠠ ᠳᠤ᠂ ᠬᠡᠷᠡᠭᠴᠡᠭᠡ ᠱᠠᠭᠠᠷᠳᠠᠯᠭ᠎ᠠ ᠶᠢ ᠵᠣᠯᠭᠠᠯᠳᠤᠭᠤᠯᠤᠨ᠂ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠵᠦ᠂ | ᠬᠡᠷᠡᠭᠴᠡᠭᠡ ᠱᠠᠭᠠᠷᠳᠠᠯᠭ᠎ᠠ ᠦᠭᠡᠢ ᠪᠣᠯ᠂ ᠬᠥᠭᠵᠢᠯᠲᠡ ᠳᠠᠷᠤᠢ ᠴᠢᠭᠯᠡᠯ ᠦᠭᠡᠢ᠂ ᠥᠭᠡᠷᠡᠴᠢᠯᠡᠯᠲᠡ ᠳᠠᠷᠤᠢ ᠬᠠᠷᠠᠯᠲᠠ | ᠦᠭᠡᠢ᠂ ᠦᠨᠡᠯᠡᠯᠲᠡ ᠳᠠᠷᠤᠢ ᠪᠠᠷᠢᠮᠵᠢᠶ᠎ᠠ ᠦᠭᠡᠢ ᠭᠡᠳᠡᠭ ᠢ ᠲᠠᠨᠢᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠶᠢ | ᠪᠦᠲᠦᠭᠡᠨ ᠪᠠᠶᠢᠭᠤᠯᠬᠤ ᠳᠤ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠵᠢᠴᠢ ᠡᠯ᠎ᠡ ᠭᠠᠵᠠᠷ ᠣᠷᠣᠨ᠂ | ᠡᠯ᠎ᠡ ᠠᠵᠢᠯ ᠲᠥᠷᠥᠯ᠂ ᠡᠯ᠎ᠡ ᠬᠦᠷᠢᠶ᠎ᠡ ᠴᠠᠷᠠᠭᠠᠨ ᠤ ᠬᠡᠷᠡᠭᠴᠡᠭᠡ ᠱᠠᠭᠠᠷᠳᠠᠯᠭ᠎ᠠ ᠶᠢ ᠰᠠᠨᠠᠭᠠᠴᠢᠯᠠᠭ᠎ᠠ ᠠᠴᠠ ᠪᠠᠨ | ᠰᠤᠳᠤᠯᠤᠨ ᠵᠠᠳᠠᠯᠵᠤ᠂ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠬᠦ ᠳᠤ ᠭᠠᠷᠳᠠᠯ ᠴᠡᠭ ᠢ ᠣᠨᠣᠪᠴᠢᠲᠠᠢ ᠡᠷᠢᠵᠦ᠂ | ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠬᠦ ᠳᠤ ᠬᠠᠨᠳᠤᠭᠤᠯᠤᠭᠰᠠᠨ ᠡᠬᠢ ᠪᠠᠶᠠᠯᠢᠭ ᠢ ᠨᠢᠭᠡᠳᠬᠡᠨ ᠲᠣᠬᠢᠷᠠᠭᠤᠯᠬᠤ | ᠲᠣᠭᠲᠠᠴᠠ ᠶᠢ ᠪᠠᠶᠢᠭᠤᠯᠵᠤ᠂ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠬᠦ ᠶᠠᠪᠤᠴᠠ ᠳᠤ ᠳᠠᠪᠠᠭᠤᠯᠢᠭ ᠢ | ᠪᠦᠷᠢᠯᠳᠦᠭᠦᠯᠦᠨ᠂ ᠥᠪᠡᠷᠮᠢᠴᠡ ᠣᠨᠴᠠᠯᠢᠭ ᠲᠠᠢ ᠪᠠᠷ ᠡᠷᠬᠢᠯᠡᠨ᠎ᠡ᠃ ᠳᠥᠷᠪᠡ ᠳᠤ᠂ ᠪᠠᠶᠢᠭᠤᠯᠤᠯ ᠲᠣᠭᠲᠠᠴᠠ ᠳᠤ | ᠰᠢᠨ᠎ᠡ ᠶᠢ ᠡᠭᠦᠳᠦᠨ᠂ ᠭᠤᠣᠯᠳᠠᠯᠭ᠎ᠠ ᠲᠠᠢ ᠥᠭᠡᠷᠡᠴᠢᠯᠡᠯᠲᠡ ᠲᠡᠶᠢᠰᠢ ᠬᠦᠴᠦᠯᠡᠵᠦ᠂ ᠶᠡᠭᠡ ᠳᠡᠭᠡᠳᠦ | ᠰᠤᠷᠭᠠᠭᠤᠯᠢ ᠶᠢᠨ ᠳᠣᠲᠣᠭᠠᠳᠤ ᠳᠤ ᠪᠠᠨ ᠰᠤᠷᠭᠠᠭᠤᠯᠢ ᠡᠷᠬᠢᠯᠡᠬᠦ ᠵᠠᠭᠪᠤᠷ ᠢ ᠰᠢᠨ᠎ᠡ ᠪᠠᠷ ᠪᠠᠶᠢᠭᠤᠯᠵᠤ᠂ ᠰᠤᠷᠭᠠᠭᠤᠯᠢ | ᠡᠷᠬᠢᠯᠡᠬᠦ ᠡᠯ᠎ᠡ ᠵᠦᠢᠯ ᠤᠨ ᠴᠢᠬᠤᠯᠠ ᠬᠦᠴᠦᠨ ᠵᠦᠢᠯ ᠢ ᠰᠢᠯᠢᠳᠡᠭᠵᠢᠭᠦᠯᠦᠨ ᠲᠣᠬᠢᠷᠠᠭᠤᠯᠬᠤ ᠶᠢ ᠬᠠᠶᠢᠨ | ᠰᠦᠪᠡᠭᠴᠢᠯᠡᠵᠦ᠂ ᠡᠯ᠎ᠡ ᠲᠥᠷᠥᠯ ᠤᠨ ᠴᠢᠳᠠᠪᠤᠷᠢᠲᠠᠨ ᠤ ᠢᠳᠡᠪᠬᠢᠵᠢᠯ ᠪᠦᠲᠦᠭᠡᠯᠴᠢ ᠴᠢᠨᠠᠷ ᠪᠠ ᠶᠡᠭᠡ ᠳᠡᠭᠡᠳᠦ | ᠰᠤᠷᠭᠠᠭᠤᠯᠢ ᠶᠢᠨ ᠳᠣᠲᠣᠭᠠᠳᠤ ᠶᠢᠨ ᠠᠮᠢᠵᠢᠷᠠᠯ ᠤᠨ ᠬᠦᠴᠦᠨ ᠢ ᠭᠦᠢᠴᠡᠳ ᠪᠠᠳᠠᠷᠠᠭᠤᠯᠤᠨ᠎ᠠ᠃ | 4. ︽ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ︾ ᠪᠦᠲᠦᠭᠡᠨ ᠪᠠᠶᠢᠭᠤᠯᠤᠯᠲᠠ ᠪᠠᠷ ᠳᠠᠮᠵᠢᠭᠤᠯᠤᠨ | ᠬᠡᠷᠬᠢᠨ ᠶᠡᠭᠡ ᠳᠡᠭᠡᠳᠦ ᠰᠤᠷᠭᠠᠭᠤᠯᠢ ᠶᠢ ᠬᠥᠲᠥᠯᠥᠨ ᠵᠢᠯᠣᠭᠤᠳᠴᠤ ᠪᠠᠶᠢᠭᠠᠳ ᠨᠡᠶᠢᠭᠡᠮ ᠵᠢᠷᠤᠮ ᠤᠨ ᠪᠦᠲᠦᠭᠡᠨ | ᠪᠠᠶᠢᠭᠤᠯᠤᠭᠴᠢ ᠪᠠ ᠵᠠᠯᠭᠠᠮᠵᠢᠯᠠᠭᠠᠴᠢ ᠶᠢ ᠬᠥᠮᠥᠵᠢᠭᠦᠯᠬᠦ ᠦᠨᠳᠦᠰᠦᠨ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠬᠤ | ᠪᠣᠢ︖ | ᠬᠠᠷᠢᠭᠤᠯᠲᠠ᠄ ᠶᠡᠷᠦ ᠶᠢᠨ ᠮᠡᠳᠡᠯᠭᠡ ᠳᠤ ᠪᠤᠴᠠᠬᠤ᠂ ᠡᠭᠦᠷᠭᠡ ᠬᠠᠷᠢᠭᠤᠴᠠᠯᠭ᠎ᠠ ᠳᠤ ᠪᠠᠨ ᠪᠤᠴᠠᠬᠤ᠂ | ᠠᠩᠬᠠᠨ ᠤ ᠵᠣᠷᠢᠯᠲᠠ ᠳᠤ ᠪᠠᠨ ᠪᠤᠴᠠᠬᠤ ᠪᠠ ᠬᠦᠰᠡᠯ ᠮᠥᠷᠥᠭᠡᠳᠦᠯ ᠳᠤ ᠪᠠᠨ ᠪᠤᠴᠠᠵᠤ᠂ ᠣᠯᠠᠨ ᠳᠡᠰ | ᠳᠠᠪᠬᠤᠷᠭ᠎ᠠ ᠶᠢᠨ ᠣᠯᠠᠨ ᠲᠥᠷᠥᠯ ᠬᠡᠯᠪᠡᠷᠢ ᠶᠢᠨ ᠲᠡᠷᠢᠭᠦᠨ ᠤ ᠴᠢᠳᠠᠪᠤᠷᠢᠲᠠᠨ ᠢ ᠬᠥᠮᠥᠵᠢᠭᠦᠯᠦᠨ᠂ ᠴᠢᠳᠠᠪᠤᠷᠢᠲᠠᠨ ᠢ | ᠬᠥᠮᠥᠵᠢᠭᠦᠯᠬᠦ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠪᠣᠯ ︽ᠬᠤᠶᠠᠷ ᠢ ᠲᠡᠷᠢᠭᠦᠨ ᠪᠠᠶᠢᠷᠢᠨ ᠳᠤ | ᠣᠷᠣᠭᠤᠯᠬᠤ︾ ᠪᠦᠲᠦᠭᠡᠨ ᠪᠠᠶᠢᠭᠤᠯᠤᠯᠲᠠ ᠶᠢᠨ ᠵᠣᠭᠰᠣᠴᠠ ᠪᠣᠯᠣᠨ᠎ᠠ᠃ ᠰᠤᠷᠭᠠᠭᠤᠯᠢ ᠠᠴᠠ ᠪᠦᠬᠦᠯᠢ | ᠴᠣᠭᠴᠠ ᠶᠢᠨ ᠪᠠᠶᠢᠭᠤᠯᠤᠯᠲᠠ ᠪᠠ ᠬᠢᠴᠢᠶᠡᠯ ᠬᠥᠮᠥᠵᠢᠯ ᠤᠨ ᠪᠠᠶᠢᠭᠤᠯᠤᠯᠲᠠ ᠬᠢᠬᠦ ᠳᠤ ᠪᠠᠨ᠂ ᠶᠣᠰᠣ | ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢᠨ ᠲᠣᠭᠤᠷᠢᠨ ᠳᠤ ᠴᠢᠩᠭ᠎ᠠ ᠨᠢᠭᠲᠠᠷᠠᠨ᠂ | ᠴᠢᠳᠠᠪᠤᠷᠢᠲᠠᠨ ᠢ ᠬᠥᠮᠥᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠪᠠᠷ ᠳᠠᠮᠵᠢᠭᠤᠯᠤᠨ | ᠥᠷᠨᠢᠭᠦᠯᠬᠦ ᠬᠡᠷᠡᠭᠲᠡᠢ ᠭᠡᠵᠦ ︽ᠵᠢᠯᠣᠭᠤᠳᠬᠤ ᠰᠠᠨᠠᠯ︾ ᠳᠤ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠨᠢᠭᠡ ᠳᠤ᠂ | ᠨᠠᠮ ᠤᠨ ᠤᠳᠤᠷᠢᠳᠤᠯᠭ᠎ᠠ ᠶᠢ ᠴᠢᠩᠭᠠᠳᠬᠠᠨ᠂ ᠦᠵᠡᠯ ᠰᠠᠨᠠᠭ᠎ᠠ ᠤᠯᠤᠰ ᠲᠥᠷᠥ ᠶᠢᠨ ᠬᠥᠮᠥᠵᠢᠯ ᠢ ᠴᠢᠩᠭᠠᠳᠬᠠᠵᠤ᠂ | ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠰᠢᠰᠲ᠋ᠧᠮᠵᠢ ᠶᠢ ᠴᠢᠳᠠᠪᠤᠷᠢᠲᠠᠨ ᠢ ᠬᠥᠮᠥᠵᠢᠭᠦᠯᠬᠦ ᠪᠦᠬᠦ ᠶᠠᠪᠤᠴᠠ᠂ | ᠡᠯ᠎ᠡ ᠲᠠᠯ᠎ᠠ᠂ ᠡᠯ᠎ᠡ ᠭᠤᠭᠴᠤᠭ᠎ᠠ ᠳᠤ ᠨᠡᠶᠢᠳᠡᠮ ᠲᠤᠭᠤᠰᠢᠯᠠᠭᠤᠯᠵᠤ᠂ ᠬᠢᠴᠢᠶᠡᠯ ᠬᠥᠮᠥᠵᠢᠯ ᠤᠨ ᠰᠢᠰᠲ᠋ᠧᠮᠵᠢ᠂ | ᠵᠢᠭᠠᠨ ᠰᠤᠷᠭᠠᠯᠲᠠ ᠶᠢᠨ ᠰᠢᠰᠲ᠋ᠧᠮᠵᠢ᠂ ᠵᠢᠭᠠᠬᠤ ᠮᠠᠲ᠋ᠧᠷᠢᠶᠠᠯ ᠤᠨ ᠰᠢᠰᠲ᠋ᠧᠮᠵᠢ᠂ ᠬᠠᠮᠢᠶᠠᠷᠤᠯᠲᠠ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠨ ᠬᠥᠮᠥᠵᠢᠯ ᠪᠠ ᠵᠢᠭᠠᠨ ᠰᠤᠷᠭᠠᠯᠲᠠ ᠶᠢᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂ ᠳᠡᠭᠡᠳᠦ ᠬᠢᠷᠢ ᠲᠦᠪᠰᠢᠨ ᠪᠦᠬᠦᠢ ᠴᠢᠳᠠᠪᠤᠷᠢᠲᠠᠨ ᠢ | ᠬᠥᠮᠥᠵᠢᠭᠦᠯᠬᠦ ᠰᠢᠰᠲ᠋ᠧᠮᠵᠢ ᠶᠢ ᠪᠦᠷᠢᠯᠳᠦᠭᠦᠯᠦᠨ᠎ᠡ᠃ ᠬᠤᠶᠠᠷ ᠲᠤ᠂ ᠥᠨᠳᠥᠷ ᠬᠡᠪ ᠴᠢᠨᠠᠷ ᠪᠦᠬᠦᠢ ᠪᠠᠭᠰᠢ ᠶᠢᠨ | ᠡᠩᠨᠡᠭᠡ ᠶᠢ ᠪᠠᠶᠢᠭᠤᠯᠤᠨ᠂ ᠪᠠᠭᠰᠢ ᠶᠢᠨ ᠶᠣᠰᠣ ᠮᠤᠷᠠᠯ ᠬᠡᠪ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ | ᠣᠷᠣᠨ ᠲᠤᠭ᠎ᠠ ᠪᠠ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢᠨ ᠳᠦᠷᠢᠮ ᠳᠤ ᠥᠭᠡᠷᠡᠴᠢᠯᠡᠯᠲᠡ ᠬᠢᠵᠦ᠂ ᠶᠡᠭᠡ | ᠳᠡᠭᠡᠳᠦ ᠰᠤᠷᠭᠠᠭᠤᠯᠢ ᠶᠢᠨ ᠪᠠᠭᠰᠢ ᠨᠠᠷ ᠤᠨ ᠠᠵᠢᠯ ᠮᠡᠷᠭᠡᠵᠢᠯ ᠤᠨ ᠬᠥᠭᠵᠢᠯᠲᠡ ᠶᠢ ᠠᠬᠢᠭᠤᠯᠤᠨ᠂ ᠪᠠᠭᠰᠢ ᠶᠢᠨ | ᠮᠡᠷᠭᠡᠵᠢᠯ ᠤᠨ ᠴᠣᠯᠠ ᠶᠢ ᠦᠨᠡᠯᠡᠨ ᠬᠢᠨᠠᠬᠤ ᠳᠦᠷᠢᠮ ᠪᠠ ᠰᠢᠯᠭᠠᠨ ᠬᠢᠨᠠᠵᠤ ᠦᠨᠡᠯᠡᠬᠦ ᠳᠦᠷᠢᠮ ᠤᠨ | ᠥᠭᠡᠷᠡᠴᠢᠯᠡᠯᠲᠡ ᠶᠢ ᠠᠬᠢᠭᠤᠯᠵᠤ᠂ ᠵᠢᠭᠠᠨ ᠰᠤᠷᠭᠠᠯᠲᠠ ᠶᠢᠨ ᠡᠮᠦᠨ᠎ᠡ ᠹᠷᠣᠨᠲ ᠤᠨ ᠱᠠᠭᠠᠷᠳᠠᠯᠭ᠎ᠠ ᠶᠢ ᠨᠡᠩ | ᠲᠣᠪᠣᠶᠢᠯᠭᠠᠨ᠎ᠠ᠃ ᠭᠤᠷᠪᠠ ᠳᠤ᠂ ᠬᠥᠮᠥᠨ ᠢ ᠬᠥᠮᠥᠵᠢᠭᠦᠯᠬᠦ ᠳᠦᠷᠢᠮ ᠤᠨ ᠪᠠᠲᠤᠯᠠᠭ᠎ᠠ ᠶᠢ ᠴᠢᠩᠭᠠᠷᠠᠭᠤᠯᠤᠨ᠂ | ᠴᠢᠳᠠᠪᠤᠷᠢᠲᠠᠨ ᠢ ᠬᠥᠮᠥᠵᠢᠭᠦᠯᠬᠦ ᠬᠡᠪᠴᠢᠶ᠎ᠡ ᠪᠠ ᠪᠦᠲᠦᠴᠡ ᠶᠢ ᠰᠢᠯᠢᠳᠡᠭᠵᠢᠭᠦᠯᠵᠦ᠂ ᠳᠡᠭᠡᠳᠦ ᠳᠡᠰ ᠳᠠᠪᠬᠤᠷᠭ᠎ᠠ ᠶᠢᠨ | ᠴᠢᠳᠠᠪᠤᠷᠢᠲᠠᠨ ᠢ ᠬᠠᠩᠭᠠᠬᠤ ᠥᠭᠡᠷᠡᠴᠢᠯᠡᠯᠲᠡ ᠶᠢ ᠠᠬᠢᠭᠤᠯᠵᠤ᠂ ᠲᠡᠷᠢᠭᠦᠨ ᠤ ᠴᠢᠳᠠᠪᠤᠷᠢᠲᠠᠨ ᠢ ᠬᠥᠮᠥᠵᠢᠭᠦᠯᠬᠦ ᠪᠠᠷ | ᠵᠢᠭᠠᠨ ᠰᠤᠷᠭᠠᠯᠲᠠ ᠶᠢᠨ ᠰᠢᠰᠲ᠋ᠧᠮᠵᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠦᠲᠦᠴᠡ᠂ ᠠᠵᠢᠯᠲᠠᠨ ᠤ | ᠶᠠᠪᠤᠳᠠᠯ ᠤᠨ ᠳᠦᠷᠢᠮ᠂ ᠬᠠᠮᠢᠶᠠᠷᠤᠯᠲᠠ ᠶᠢᠨ ᠪᠦᠲᠦᠴᠡ ᠵᠡᠷᠭᠡ ᠡᠯ᠎ᠡ ᠲᠠᠯ᠎ᠠ ᠶᠢᠨ ᠥᠭᠡᠷᠡᠴᠢᠯᠡᠯᠲᠡ ᠶᠢᠨ ᠦᠨᠳᠦᠰᠦᠨ | ᠡᠭᠦᠰᠦᠯᠲᠡ ᠶᠢᠨ ᠴᠡᠭ ᠪᠣᠯᠭᠠᠨ᠎ᠠ᠃ ᠳᠥᠷᠪᠡ ᠳᠤ᠂ ᠬᠢᠴᠢᠶᠡᠯ ᠬᠥᠮᠥᠵᠢᠯ ᠤᠨ ᠬᠥᠮᠥᠨ ᠢ ᠬᠥᠮᠥᠵᠢᠭᠦᠯᠬᠦ ᠦᠢᠯᠡᠳᠦᠯ | ᠴᠢᠳᠠᠮᠵᠢ ᠶᠢ ᠲᠣᠪᠣᠶᠢᠯᠭᠠᠨ᠂ ᠰᠢᠨᠵᠢᠯᠡᠬᠦ ᠤᠬᠠᠭᠠᠨ ᠰᠤᠷᠭᠠᠨ ᠬᠥᠮᠥᠵᠢᠯ ᠢ ᠠᠭᠤᠰᠤᠯᠴᠠᠭᠤᠯᠵᠤ ᠠᠵᠤ ᠦᠢᠯᠡᠰ | ᠰᠤᠷᠭᠠᠭᠤᠯᠢ ᠶᠢ ᠤᠶᠠᠯᠳᠤᠭᠤᠯᠤᠨ ᠬᠥᠮᠥᠨ ᠢ ᠬᠥᠮᠥᠵᠢᠭᠦᠯᠬᠦ᠂ ᠡᠷᠳᠡᠮ ᠰᠢᠨᠵᠢᠯᠡᠭᠡᠨ ᠤ ᠦᠢᠯᠡᠳᠦᠯᠭᠡ ᠪᠠᠷ ᠬᠥᠮᠥᠨ ᠢ | ᠬᠥᠮᠥᠵᠢᠭᠦᠯᠬᠦ ᠪᠠ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠰᠤᠷᠭᠠᠨ ᠬᠥᠮᠥᠵᠢᠯ ᠢ ᠴᠢᠬᠤᠯᠠᠴᠢᠯᠠᠨ᠎ᠠ᠃ | ᠲᠠᠪᠤ ᠳᠤ᠂ ᠲᠡᠷᠢᠭᠦᠨ ᠤ ᠦᠨᠳᠦᠰᠦᠨ ᠠᠩᠭᠢ ᠶᠢᠨ ᠰᠤᠷᠭᠠᠨ ᠬᠥᠮᠥᠵᠢᠯ ᠤᠨ ᠬᠠᠷᠠᠯᠲᠠ ᠶᠢ ᠤᠷᠢᠳ ᠢᠶᠠᠷ | ᠲᠣᠭᠲᠠᠭᠠᠨ᠂ ᠦᠨᠳᠦᠰᠦᠨ ᠠᠩᠭᠢ ᠶᠢᠨ ᠰᠤᠷᠭᠠᠨ ᠬᠥᠮᠥᠵᠢᠯ ᠤᠨ ᠰᠠᠭᠤᠷᠢ ᠪᠣᠯᠬᠤ ᠪᠠᠶᠢᠷᠢ ᠰᠠᠭᠤᠷᠢ ᠶᠢ | ᠴᠢᠩᠭᠠᠷᠠᠭᠤᠯᠵᠤ᠂ ᠲᠡᠷᠢᠭᠦᠨ ᠤ ᠦᠨᠳᠦᠰᠦᠨ ᠠᠩᠭᠢ ᠶᠢᠨ ᠰᠤᠷᠭᠠᠨ ᠬᠥᠮᠥᠵᠢᠯ ᠤᠨ ᠪᠠᠶᠢᠭᠤᠯᠤᠯᠲᠠ ᠪᠠᠷ ︽ | ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ︾ ᠪᠦᠲᠦᠭᠡᠨ ᠪᠠᠶᠢᠭᠤᠯᠤᠯᠲᠠ ᠶᠢᠨ ᠰᠠᠭᠤᠷᠢ ᠴᠢᠨᠠᠷᠲᠠᠢ ᠡᠭᠦᠷᠭᠡ | ᠪᠣᠯᠭᠠᠵᠤ᠂ ︽ᠵᠢᠷᠭᠤᠭ᠎ᠠ ᠶᠢ ᠰᠢᠯᠭᠠᠷᠠᠭᠤᠯᠵᠤ ᠨᠢᠭᠡ ᠶᠢ ᠣᠷᠣᠶᠢᠯᠠᠭᠤᠯᠬᠤ︾ ᠴᠢᠳᠠᠪᠤᠷᠢᠲᠠᠨ ᠢ ᠬᠥᠮᠥᠵᠢᠭᠦᠯᠬᠦ | ᠲᠥᠯᠥᠪᠯᠡᠭᠡ 2.0 ᠶᠢ ᠲᠦᠷᠭᠡᠳᠬᠡᠨ ᠬᠡᠷᠡᠭᠵᠢᠭᠦᠯᠵᠦ᠂ ᠨᠢᠭᠡ ᠪᠦᠯᠦᠭ ᠲᠡᠷᠢᠭᠦᠨ ᠤ ᠦᠨᠳᠦᠰᠦᠨ ᠠᠩᠭᠢ ᠶᠢᠨ | ᠲᠤᠰᠬᠠᠢ ᠮᠡᠷᠭᠡᠵᠢᠯ ᠢ ᠪᠠᠶᠢᠭᠤᠯᠤᠨ᠎ᠠ᠃ | 5. ᠬᠡᠷᠬᠢᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠵᠦ ᠪᠠᠴᠢᠮ | ᠱᠠᠭᠠᠷᠳᠠᠭᠳᠠᠵᠤ ᠪᠠᠶᠢᠭ᠎ᠠ ᠬᠤᠪᠣᠷ ᠳᠤᠲᠠᠮᠠᠭ ᠴᠢᠳᠠᠪᠤᠷᠢᠲᠠᠨ ᠢ ᠬᠥᠮᠥᠵᠢᠭᠦᠯᠬᠦ ᠪᠣᠢ︖ | ᠬᠠᠷᠢᠭᠤᠯᠲᠠ᠄ ᠶᠡᠭᠡ ᠳᠡᠭᠡᠳᠦ ᠰᠤᠷᠭᠠᠭᠤᠯᠢ ᠶᠢ ᠪᠦᠲᠦᠭᠡᠨ ᠪᠠᠶᠢᠭᠤᠯᠬᠤ ᠳᠤ ︽ᠳᠥᠷᠪᠡ ᠳᠤ ᠦᠢᠯᠡᠴᠢᠯᠡᠬᠦ︾ | ᠶᠢ ᠦᠢᠯᠡᠳᠦᠯᠭᠡᠵᠢᠭᠦᠯᠦᠨ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠳᠤ | ᠦᠢᠯᠡᠴᠢᠯᠡᠵᠦ᠂ ᠤᠯᠤᠰ ᠤᠨ ᠪᠠᠴᠢᠮ ᠱᠠᠭᠠᠷᠳᠠᠭᠳᠠᠵᠤ ᠪᠠᠶᠢᠭ᠎ᠠ ᠬᠤᠪᠣᠷ ᠳᠤᠲᠠᠮᠠᠭ ᠴᠢᠳᠠᠪᠤᠷᠢᠲᠠᠨ ᠢ ᠬᠥᠮᠥᠵᠢᠭᠦᠯᠬᠦ | ᠴᠢᠳᠠᠪᠤᠷᠢ ᠶᠢ ᠨᠢ ᠲᠠᠰᠤᠷᠠᠯᠲᠠ ᠦᠭᠡᠢ ᠴᠢᠩᠭᠠᠷᠠᠭᠤᠯᠬᠤ ᠬᠡᠷᠡᠭᠲᠡᠢ᠃ ᠨᠢᠭᠡ ᠳᠤ᠂ ᠡᠯ᠎ᠡ ᠲᠥᠷᠥᠯ ᠤᠨ ᠬᠡᠷᠡᠭᠴᠡᠭᠡ | ᠱᠠᠭᠠᠷᠳᠠᠯᠭ᠎ᠠ ᠳᠠᠬᠢ ᠴᠢᠭᠯᠡᠯᠲᠦ ᠴᠢᠨᠠᠷᠲᠠᠢ ᠰᠤᠳᠤᠯᠤᠯᠲᠠ᠂ ᠰᠢᠨᠵᠢᠯᠡᠬᠦ ᠤᠬᠠᠭᠠᠨᠴᠢ ᠴᠢᠨᠠᠷᠲᠠᠢ ᠲᠥᠰᠥᠭᠡᠯᠡᠯ ᠪᠠ | ᠰᠢᠰᠲ᠋ᠧᠮᠴᠢ ᠴᠢᠨᠠᠷᠲᠠᠢ ᠡᠵᠡᠮᠳᠡᠯ ᠢ ᠴᠢᠩᠭᠠᠳᠬᠠᠨ᠂ ᠤᠯᠤᠰ ᠤᠨ ᠪᠠ ᠣᠷᠣᠨ ᠪᠦᠰᠡ ᠶᠢᠨ ᠴᠢᠬᠤᠯᠠ ᠶᠡᠭᠡ | ᠪᠠᠶᠢᠯᠳᠤᠬᠤ ᠪᠣᠳᠣᠯᠭ᠎ᠠ ᠶᠢ ᠰᠠᠨᠠᠭᠠᠴᠢᠯᠠᠭ᠎ᠠ ᠠᠴᠠ ᠪᠠᠨ ᠵᠣᠯᠭᠠᠯᠳᠤᠭᠤᠯᠵᠤ᠂ ᠡᠯ᠎ᠡ ᠲᠥᠷᠥᠯ ᠤᠨ ᠰᠤᠷᠭᠠᠨ | ᠬᠥᠮᠥᠵᠢᠯ ᠤᠨ ᠬᠡᠯᠪᠡᠷᠢ᠂ ᠡᠯ᠎ᠡ ᠲᠥᠷᠥᠯ ᠤᠨ ᠲᠤᠰᠬᠠᠢ ᠵᠦᠢᠯ ᠤᠨ ᠲᠥᠯᠥᠪᠯᠡᠭᠡ ᠶᠢ ᠨᠢᠭᠡᠳᠦᠯᠲᠡᠢ | ᠲᠥᠯᠥᠪᠵᠢᠭᠦᠯᠦᠨ ᠬᠠᠮᠢᠶᠠᠷᠬᠤ ᠪᠠᠨ ᠴᠢᠩᠭᠠᠳᠬᠠᠵᠤ᠂ ᠬᠢᠴᠢᠶᠡᠯ ᠲᠥᠷᠥᠯ ᠤᠨ ᠲᠤᠰᠬᠠᠢ ᠮᠡᠷᠭᠡᠵᠢᠯ ᠤᠨ | ᠪᠦᠲᠦᠴᠡ ᠶᠢ ᠰᠢᠯᠢᠳᠡᠭᠵᠢᠭᠦᠯᠦᠨ᠂ ᠨᠡᠶᠢᠭᠡᠮ ᠤᠨ ᠬᠡᠷᠡᠭᠴᠡᠭᠡ ᠱᠠᠭᠠᠷᠳᠠᠯᠭ᠎ᠠ ᠪᠠ ᠡᠷᠳᠡᠮ ᠰᠢᠨᠵᠢᠯᠡᠭᠡᠨ ᠤ ᠬᠤᠪᠢ | ᠨᠡᠮᠡᠷᠢ ᠪᠠᠷ ᠤᠳᠤᠷᠢᠳᠤᠮᠵᠢ ᠪᠣᠯᠭᠠᠭᠰᠠᠨ ᠬᠢᠴᠢᠶᠡᠯ ᠲᠥᠷᠥᠯ ᠤᠨ ᠲᠤᠰᠬᠠᠢ ᠮᠡᠷᠭᠡᠵᠢᠯ ᠢ ᠬᠥᠳᠡᠯᠦᠩᠭᠦᠢ ᠪᠠᠷ | ᠲᠣᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠤᠶᠠᠷ ᠲᠤ᠂ ᠳᠡᠭᠡᠳᠦ ᠳᠡᠰ ᠳᠠᠪᠬᠤᠷᠭ᠎ᠠ ᠶᠢᠨ | ᠴᠢᠳᠠᠪᠤᠷᠢᠲᠠᠨ ᠢ ᠬᠠᠩᠭᠠᠬᠤ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠠᠬᠢᠭᠤᠯᠤᠨ᠂ ᠠᠳᠠᠯᠢ ᠪᠤᠰᠤ ᠳᠡᠰ | ᠳᠠᠪᠬᠤᠷᠭ᠎ᠠ ᠶᠢᠨ ᠰᠤᠷᠤᠭᠴᠢᠳ ᠢ ᠬᠥᠮᠥᠵᠢᠭᠦᠯᠬᠦ ᠪᠦᠲᠦᠴᠡ ᠶᠢ ᠰᠢᠯᠢᠳᠡᠭᠵᠢᠭᠦᠯᠵᠦ᠂ ᠬᠡᠷᠡᠭᠴᠡᠭᠡ ᠱᠠᠭᠠᠷᠳᠠᠯᠭ᠎ᠠ ᠳᠤ | ᠵᠣᠬᠢᠴᠠᠯᠳᠤᠭᠤᠯᠤᠨ ᠬᠥᠮᠥᠵᠢᠭᠦᠯᠬᠦ ᠬᠡᠪᠴᠢᠶ᠎ᠡ ᠳᠤ ᠲᠣᠬᠢᠷᠠᠭᠤᠯᠤᠯᠲᠠ ᠬᠢᠵᠦ᠂ ᠳ᠋ᠣᠺᠲ᠋ᠣᠷᠠᠨᠲ ᠠᠰᠫᠢᠷᠠᠨᠲ ᠤᠨ | ᠬᠡᠪᠴᠢᠶ᠎ᠡ ᠶᠢ ᠵᠣᠬᠢᠬᠤ ᠬᠡᠮᠵᠢᠶ᠎ᠡ ᠪᠠᠷ ᠥᠷᠭᠡᠳᠬᠡᠨ᠂ ᠳ᠋ᠣᠺᠲ᠋ᠣᠷᠠᠨᠲ ᠤᠨ ᠲᠤᠰᠬᠠᠢ ᠮᠡᠷᠭᠡᠵᠢᠯ ᠤᠨ ᠡᠷᠳᠡᠮ ᠤᠨ | ᠴᠣᠯᠠ ᠶᠢᠨ ᠰᠤᠳᠤᠯᠤᠨ ᠰᠤᠷᠤᠭᠴᠢ ᠶᠢᠨ ᠰᠤᠷᠭᠠᠨ ᠬᠥᠮᠥᠵᠢᠯ ᠢ ᠲᠦᠷᠭᠡᠳᠬᠡᠨ ᠬᠥᠭᠵᠢᠭᠦᠯᠦᠨ᠎ᠡ᠃ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠳ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠰᠤᠷᠤᠭᠴᠢ ᠡᠯᠰᠡᠬᠦ ᠲᠥᠯᠥᠪᠯᠡᠭᠡ ᠶᠢ | ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠤᠯᠤᠰ ᠤᠨ ᠪᠠᠴᠢᠮ | ᠱᠠᠭᠠᠷᠳᠠᠭᠳᠠᠵᠤ ᠪᠠᠶᠢᠭ᠎ᠠ ᠬᠢᠴᠢᠶᠡᠯ ᠲᠥᠷᠥᠯ ᠤᠨ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠢ ᠬᠥᠮᠥᠵᠢᠭᠦᠯᠦᠨ | ᠳᠡᠮᠵᠢᠬᠦ ᠲᠥᠯᠥᠪᠯᠡᠭᠡ ᠶᠢ ᠬᠡᠷᠡᠭᠵᠢᠭᠦᠯᠵᠦ᠂ ᠠᠰᠫᠢᠷᠠᠨᠲ ᠡᠯᠰᠡᠬᠦ ᠲᠥᠯᠥᠪᠯᠡᠭᠡ ᠬᠢᠭᠡᠳ ᠤᠯᠤᠰ ᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠴᠢᠬᠤᠯᠠ ᠶᠡᠭᠡ ᠡᠭᠦᠷᠭᠡ᠂ ᠭᠤᠣᠯᠳᠠᠯᠭ᠎ᠠ ᠲᠠᠢ ᠰᠢᠨᠵᠢᠯᠡᠬᠦ ᠤᠬᠠᠭᠠᠨ ᠮᠡᠷᠭᠡᠵᠢᠯ ᠳᠤ | ᠰᠢᠨ᠎ᠡ ᠶᠢ ᠡᠭᠦᠳᠬᠦ ᠰᠠᠭᠤᠷᠢᠨ ᠭᠠᠵᠠᠷ ᠵᠡᠷᠭᠡ ᠶᠢ ᠵᠣᠯᠭᠠᠯᠳᠤᠭᠤᠯᠬᠤ ᠰᠢᠨ᠎ᠡ ᠠᠷᠭ᠎ᠠ ᠵᠠᠮ ᠢ ᠰᠦᠪᠡᠭᠴᠢᠯᠡᠨ᠎ᠡ᠃ | ᠭᠤᠷᠪᠠ ᠳᠤ᠂ ᠰᠤᠷᠤᠯᠭ᠎ᠠ ᠶᠢᠨ ᠨᠠᠮᠲᠠᠷ ᠥᠨᠳᠥᠷ ᠮᠡᠷᠭᠡᠵᠢᠯ ᠣᠬᠢ ᠰᠢᠯᠢᠳᠡᠭ ᠬᠠᠮᠤᠭ ᠤᠨ ᠲᠡᠷᠢᠭᠦᠨ ᠤ ᠮᠡᠷᠭᠡᠵᠢᠯ ᠢ | ᠡᠵᠡᠮᠰᠢᠭᠰᠡᠨ ᠬᠤᠪᠣᠷ ᠳᠤᠲᠠᠮᠠᠭ ᠴᠢᠳᠠᠪᠤᠷᠢᠲᠠᠨ ᠢ ᠥᠷᠭᠡᠨ ᠢᠶᠠᠷ ᠬᠥᠮᠥᠵᠢᠭᠦᠯᠦᠨ᠂ ᠰᠤᠷᠭᠠᠨ ᠬᠥᠮᠥᠵᠢᠯ ᠤᠨ ᠡᠬᠢ | ᠪᠠᠶᠠᠯᠢᠭ ᠢ ᠣᠯᠠᠨ ᠲᠠᠯ᠎ᠠ ᠠᠴᠠ ᠨᠡᠶᠢᠯᠡᠭᠦᠯᠦᠨ ᠨᠢᠭᠡᠳᠬᠡᠵᠦ᠂ ᠬᠢᠴᠢᠶᠡᠯ ᠲᠥᠷᠥᠯ ᠠᠯᠤᠰᠯᠠᠭᠰᠠᠨ ᠴᠢᠳᠠᠪᠤᠷᠢᠲᠠᠨ ᠢ | ᠬᠥᠮᠥᠵᠢᠭᠦᠯᠬᠦ ᠲᠥᠰᠥᠯ ᠢ ᠲᠣᠭᠲᠠᠭᠠᠵᠤ᠂ ᠤᠯᠤᠰ ᠲᠥᠷᠥ ᠶᠢᠨ ᠲᠠᠯ᠎ᠠ ᠪᠠᠷ ᠬᠠᠳᠠᠨ ᠴᠠᠭᠠᠷᠠᠭᠰᠠᠨ᠂ ᠠᠵᠢᠯ | ᠲᠥᠷᠥᠯ ᠳᠤ ᠪᠠᠴᠢᠮ ᠱᠠᠭᠠᠷᠳᠠᠭᠳᠠᠭᠰᠠᠨ᠂ ᠴᠢᠳᠠᠪᠤᠷᠢ ᠨᠢ ᠲᠣᠪᠣᠶᠢᠮ᠎ᠠ ᠳᠡᠭᠡᠳᠦ ᠳᠡᠰ ᠳᠠᠪᠬᠤᠷᠭ᠎ᠠ ᠶᠢᠨ ᠨᠡᠶᠢᠯᠡᠮᠡᠯ | ᠬᠡᠯᠪᠡᠷᠢ ᠶᠢᠨ ᠴᠢᠳᠠᠪᠤᠷᠢᠲᠠᠨ ᠢ ᠬᠥᠮᠥᠵᠢᠭᠦᠯᠬᠦ ᠰᠢᠨ᠎ᠡ ᠲᠣᠭᠲᠠᠴᠠ ᠶᠢ ᠰᠦᠪᠡᠭᠴᠢᠯᠡᠨ ᠪᠠᠶᠢᠭᠤᠯᠬᠤ ᠬᠡᠷᠡᠭᠲᠡᠢ᠃ | ᠤᠯᠤᠰ ᠤᠨ ᠪᠠᠶᠢᠯᠳᠤᠬᠤ ᠪᠣᠳᠣᠯᠭ᠎ᠠ᠂ ᠤᠯᠤᠰ ᠤᠨ ᠠᠮᠤᠷ ᠲᠦᠪᠰᠢᠨ᠂ ᠳᠡᠯᠡᠬᠡᠢ ᠶᠢᠨ ᠵᠣᠬᠢᠶᠠᠨ ᠪᠠᠶᠢᠭᠤᠯᠤᠯᠲᠠ | ᠵᠡᠷᠭᠡ ᠪᠠᠴᠢᠮ ᠱᠠᠭᠠᠷᠳᠠᠭᠳᠠᠵᠤ ᠪᠠᠶᠢᠭ᠎ᠠ ᠬᠠᠮᠢᠶ᠎ᠠ ᠪᠦᠬᠦᠢ ᠬᠢᠴᠢᠶᠡᠯ ᠲᠥᠷᠥᠯ ᠤᠨ ᠲᠤᠰᠬᠠᠢ ᠮᠡᠷᠭᠡᠵᠢᠯ ᠤᠨ | ᠴᠢᠳᠠᠪᠤᠷᠢᠲᠠᠨ ᠤ ᠬᠥᠮᠥᠵᠢᠭᠦᠯᠦᠯ ᠢ ᠴᠢᠩᠭᠠᠳᠬᠠᠨ᠂ ᠨᠡᠶᠢᠭᠡᠮ ᠤᠨ ᠰᠢᠨᠵᠢᠯᠡᠬᠦ ᠤᠬᠠᠭᠠᠨ᠂ ᠣᠨᠴᠠᠭᠠᠶᠢᠯᠠᠨ | ᠮᠠᠷᠺᠰ ᠤᠨ ᠦᠵᠡᠯ ᠤᠨ ᠣᠨᠣᠯ᠂ ᠳᠤᠮᠳᠠᠳᠤ ᠶᠢᠨ ᠰᠡᠶᠢᠯᠳᠡᠭ ᠤᠯᠠᠮᠵᠢᠯᠠᠯᠲᠤ ᠰᠣᠶᠣᠯ ᠢ ᠤᠯᠠᠮᠵᠢᠯᠠᠬᠤ ᠵᠡᠷᠭᠡ | ᠬᠠᠮᠢᠶ᠎ᠠ ᠪᠦᠬᠦᠢ ᠴᠢᠳᠠᠪᠤᠷᠢᠲᠠᠨ ᠢ ᠤᠷᠢᠳᠴᠢᠯᠠᠨ ᠬᠥᠮᠥᠵᠢᠭᠦᠯᠬᠦ ᠪᠠ ᠨᠥᠭᠡᠴᠡᠯᠡᠨ᠎ᠡ᠃ ᠳᠥᠷᠪᠡ ᠳᠤ᠂ ᠰᠢᠨᠵᠢᠯᠡᠬᠦ | ᠤᠬᠠᠭᠠᠨ ᠤ ᠰᠤᠳᠤᠯᠭᠠᠨ ᠢᠶᠠᠷ ᠬᠥᠮᠥᠨ ᠢ ᠬᠥᠮᠥᠵᠢᠭᠦᠯᠬᠦ ᠶᠢ ᠴᠢᠩᠭᠠᠷᠠᠭᠤᠯᠤᠨ᠂ ᠤᠯᠤᠰ ᠤᠨ ᠭᠤᠣᠯᠳᠠᠯᠭ᠎ᠠ ᠲᠠᠢ᠂ | ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠡᠭᠦᠷᠭᠡ ᠲᠠᠢ ᠤᠶᠠᠯᠳᠤᠭᠤᠯᠵᠤ᠂ ᠰᠢᠨᠵᠢᠯᠡᠬᠦ | ᠤᠬᠠᠭᠠᠨ ᠪᠠ ᠰᠤᠷᠭᠠᠨ ᠬᠥᠮᠥᠵᠢᠯ ᠢ ᠠᠭᠤᠰᠤᠯᠴᠠᠭᠤᠯᠤᠨ᠂ ᠬᠠᠷᠢᠯᠴᠠᠨ ᠠᠬᠢᠭᠤᠯᠵᠤ ᠬᠠᠮᠵᠢᠯᠴᠠᠨ ᠬᠥᠮᠥᠵᠢᠭᠦᠯᠬᠦ | ᠲᠣᠭᠲᠠᠴᠠ ᠶᠢ ᠪᠠᠶᠢᠭᠤᠯᠵᠤ᠂ ᠮᠡᠳᠡᠯᠭᠡ ᠶᠢᠨ ᠰᠤᠷᠤᠯᠴᠠᠭ᠎ᠠ ᠬᠢᠭᠡᠳ ᠰᠢᠨᠵᠢᠯᠡᠬᠦ ᠤᠬᠠᠭᠠᠨ ᠤ ᠰᠤᠳᠤᠯᠤᠯᠲᠠ᠂ | ᠴᠢᠳᠠᠪᠤᠷᠢ ᠶᠢᠨ ᠬᠥᠮᠥᠵᠢᠭᠦᠯᠦᠯ ᠢ ᠣᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠤᠨ᠎ᠠ᠃ | 6. ᠬᠡᠷᠬᠢᠨ ᠬᠢᠴᠢᠶᠡᠯ ᠲᠥᠷᠥᠯ ᠢᠶᠠᠷ ᠰᠠᠭᠤᠷᠢ ᠪᠣᠯᠭᠠᠵᠤ ︽ᠬᠤᠶᠠᠷ ᠢ ᠲᠡᠷᠢᠭᠦᠨ ᠪᠠᠶᠢᠷᠢᠨ ᠳᠤ | ᠣᠷᠣᠯᠠᠭᠤᠯᠬᠤ︾ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠪᠣᠢ︖ | ᠬᠠᠷᠢᠭᠤᠯᠲᠠ᠄ ᠬᠢᠴᠢᠶᠡᠯ ᠲᠥᠷᠥᠯ ᠪᠣᠯ ︽ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ︾ ᠪᠦᠲᠦᠭᠡᠨ | ᠪᠠᠶᠢᠭᠤᠯᠤᠯᠲᠠ ᠶᠢᠨ ᠰᠠᠭᠤᠷᠢ ᠪᠣᠯᠣᠨ᠎ᠠ᠃ ᠭᠠᠭᠴᠠ ᠬᠦ ᠬᠢᠴᠢᠶᠡᠯ ᠲᠥᠷᠥᠯ ᠤᠨ ᠪᠠᠶᠢᠭᠤᠯᠤᠯᠲᠠ ᠶᠢᠨ | ᠠᠭᠤᠯᠤᠭᠳᠠᠬᠤᠨ ᠪᠠ ᠡᠭᠦᠷᠭᠡ ᠶᠢ ᠲᠣᠳᠣᠷᠬᠠᠢ ᠲᠠᠨᠢᠵᠤ ᠣᠨᠣᠪᠴᠢᠲᠠᠢ ᠡᠵᠡᠮᠳᠡᠪᠡᠯ ᠰᠠᠶ᠋ᠢ ᠲᠡᠷᠢᠭᠦᠨ ᠤ ᠬᠢᠴᠢᠶᠡᠯ | ᠲᠥᠷᠥᠯ ᠢ ᠰᠠᠶᠢᠲᠤᠷ ᠡᠷᠬᠢᠯᠡᠵᠦ ᠴᠢᠳᠠᠨ᠎ᠠ᠃ ᠨᠢᠭᠡ ᠳᠤ᠂ ᠬᠢᠴᠢᠶᠡᠯ ᠲᠥᠷᠥᠯ ᠤᠨ ᠪᠠᠶᠢᠭᠤᠯᠤᠯᠲᠠ ᠶᠢᠨ | ᠠᠭᠤᠯᠤᠭᠳᠠᠬᠤᠨ ᠪᠣᠯ ᠴᠢᠳᠠᠪᠤᠷᠢᠲᠠᠨ ᠤ ᠬᠥᠮᠥᠵᠢᠭᠦᠯᠦᠯ᠂ ᠡᠷᠳᠡᠮ ᠰᠢᠨᠵᠢᠯᠡᠭᠡᠨ ᠤ ᠪᠦᠯᠬᠦᠮ ᠨᠡᠶᠢᠲᠡ᠂ ᠰᠢᠨᠵᠢᠯᠡᠬᠦ | ᠤᠬᠠᠭᠠᠨ ᠤ ᠰᠤᠳᠤᠯᠭᠠᠨ ᠤ ᠰᠢᠨ᠎ᠡ ᠡᠭᠦᠳᠦᠯᠲᠡ ︽ᠭᠤᠷᠪᠠ ᠶᠢ ᠨᠢᠭᠡ ᠴᠣᠭᠴᠠᠵᠢᠭᠤᠯᠬᠤ︾ ᠪᠠᠶᠢᠭᠤᠯᠤᠯᠲᠠ | ᠪᠣᠯᠬᠤᠷ᠂ ᠡᠷᠬᠡᠪᠰᠢ ᠴᠢᠳᠠᠪᠤᠷᠢᠲᠠᠨ ᠤ ᠬᠥᠮᠥᠵᠢᠭᠦᠯᠦᠯ᠂ ᠠᠩᠬᠠᠨ ᠤ ᠰᠢᠨ᠎ᠡ ᠡᠭᠦᠳᠦᠯᠲᠡ ᠪᠠ ᠨᠥᠯᠥᠭᠡᠯᠡᠬᠦ | ᠬᠦᠴᠦᠨ ᠤ ᠭᠤᠣᠯ ᠡᠭᠦᠷᠭᠡ ᠶᠢ ᠲᠣᠪᠣᠶᠢᠯᠭᠠᠨ᠂ ᠡᠷᠳᠡᠮ ᠰᠢᠨᠵᠢᠯᠡᠭᠡᠨ ᠤ ᠰᠦᠪᠡᠭᠴᠢᠯᠡᠯᠲᠡ ᠬᠢᠬᠦ ᠪᠠ ᠤᠯᠤᠰ ᠤᠨ | ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠬᠦ ᠶᠢ ᠬᠠᠷᠢᠯᠴᠠᠨ ᠠᠭᠤᠰᠤᠯᠴᠠᠭᠤᠯᠵᠤ᠂ ᠤᠷᠢᠳᠠᠴᠢ ᠴᠢᠨᠠᠷᠲᠠᠢ ᠰᠠᠭᠤᠷᠢ | ᠰᠤᠳᠤᠯᠭᠠᠨ᠂ ᠬᠥᠲᠥᠯᠥᠨ ᠳᠠᠭᠠᠭᠤᠯᠬᠤ ᠴᠢᠨᠠᠷᠲᠠᠢ ᠠᠩᠬᠠᠨ ᠤ ᠦᠷ᠎ᠡ ᠪᠦᠲᠦᠭᠡᠯ᠂ ᠪᠠᠶᠢᠭᠤᠯᠤᠯᠲᠠ ᠶᠢᠨ ᠴᠢᠨᠠᠷᠲᠠᠢ | ᠨᠡᠶᠢᠭᠡᠮ ᠤᠨ ᠨᠥᠯᠥᠭᠡ ᠶᠢᠨ ᠴᠢᠬᠤᠯᠠ ᠶᠡᠭᠡ ᠰᠢᠪᠲᠤᠯᠤᠯᠲᠠ ᠶᠢ ᠪᠡᠶᠡᠯᠡᠭᠦᠯᠬᠦ ᠬᠡᠷᠡᠭᠲᠡᠢ᠃ ᠬᠤᠶᠠᠷ ᠲᠤ᠂ ᠬᠢᠴᠢᠶᠡᠯ | ᠲᠥᠷᠥᠯ ᠤᠨ ᠪᠦᠲᠦᠭᠡᠨ ᠪᠠᠶᠢᠭᠤᠯᠤᠯᠲᠠ ᠨᠢ ᠡᠷᠬᠡᠪᠰᠢ ᠵᠢᠮ᠎ᠡ ᠶᠣᠰᠣ ᠶᠢ ᠬᠦᠨᠳᠦᠳᠬᠡᠬᠦ᠂ ᠰᠢᠰᠲ᠋ᠧᠮᠵᠢ ᠶᠢ | ᠪᠠᠶᠢᠭᠤᠯᠬᠤ᠂ ᠳᠠᠪᠠᠭᠤᠯᠢᠭ ᠢᠶᠠᠨ ᠴᠢᠩᠭᠠᠷᠠᠭᠤᠯᠬᠤ ᠪᠠ ᠥᠪᠡᠷᠮᠢᠴᠡ ᠣᠨᠴᠠᠯᠢᠭ ᠢᠶᠠᠨ ᠲᠣᠪᠣᠶᠢᠯᠭᠠᠵᠤ᠂ ᠲᠡᠷᠢᠭᠦᠨ | ᠪᠠᠶᠢᠷᠢ ᠪᠣᠯ ᠰᠠᠭᠤᠷᠢ ᠬᠢᠭᠡᠳ ᠤᠷᠢᠳᠠᠯ᠂ ᠳᠠᠪᠠᠭᠤᠯᠢᠭ ᠬᠢᠭᠡᠳ ᠥᠪᠡᠷᠮᠢᠴᠡ ᠣᠨᠴᠠᠯᠢᠭ ᠤᠨ ᠣᠷᠭᠠᠨᠢᠭ ᠨᠢᠭᠡᠳᠦᠯ | ᠪᠣᠯᠬᠤ ᠶᠢ ᠲᠠᠨᠢᠵᠤ᠂ ᠬᠢᠴᠢᠶᠡᠯ ᠲᠥᠷᠥᠯ ᠤᠨ ᠥᠪᠡᠷᠮᠢᠴᠡ ᠣᠨᠴᠠᠯᠢᠭ ᠢ ᠳᠥᠭᠦᠮ ᠢᠶᠠᠷ ᠰᠤᠷᠭᠠᠭᠤᠯᠢ ᠶᠢᠨ | ᠥᠪᠡᠷᠮᠢᠴᠡ ᠣᠨᠴᠠᠯᠢᠭ ᠪᠤᠶᠤ ᠳᠤᠮᠳᠠᠳᠤ ᠤᠯᠤᠰ ᠤᠨ ᠤᠯᠠᠮᠵᠢᠯᠠᠯ ᠳᠤ ᠣᠨᠴᠠ ᠪᠠᠶᠢᠳᠠᠭ ᠬᠢᠴᠢᠶᠡᠯ ᠲᠥᠷᠥᠯ ᠤᠨ | ᠥᠪᠡᠷᠮᠢᠴᠡ ᠣᠨᠴᠠᠯᠢᠭ ᠲᠠᠢ ᠠᠳᠠᠯᠢ ᠪᠠᠷ ᠦᠵᠡᠵᠦ ᠪᠣᠯᠬᠤ ᠦᠭᠡᠢ᠂ ᠬᠠᠷᠢᠨ ᠰᠢᠨ᠎ᠡ ᠶᠢ ᠡᠭᠦᠳᠬᠦ ᠴᠢᠨᠠᠷᠲᠠᠢ | ᠵᠥᠷᠢᠶᠡᠴᠢᠯᠡᠭᠰᠡᠨ ᠬᠥᠭᠵᠢᠯᠲᠡ ᠶᠢ ᠴᠢᠬᠤᠯᠠᠴᠢᠯᠠᠨ ᠪᠡᠶᠡᠯᠡᠭᠦᠯᠦᠨ᠎ᠡ᠃ ᠭᠤᠷᠪᠠ ᠳᠤ᠂ ᠬᠢᠴᠢᠶᠡᠯ ᠲᠥᠷᠥᠯ ᠤᠨ | ᠬᠥᠮᠥᠨ ᠢ ᠬᠥᠮᠥᠵᠢᠭᠦᠯᠬᠦ ᠦᠢᠯᠡᠳᠦᠯ ᠴᠢᠳᠠᠮᠵᠢ ᠶᠢ ᠥᠷᠭᠡᠳᠬᠡᠨ᠂ ᠬᠢᠴᠢᠶᠡᠯ ᠲᠥᠷᠥᠯ ᠤᠨ ᠪᠠᠶᠢᠭᠤᠯᠤᠯᠲᠠ ᠪᠠᠷ | ᠠᠴᠢᠶᠠᠯᠠᠭᠴᠢ ᠪᠣᠯᠭᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠢᠶᠠᠷ ᠬᠥᠮᠥᠨ ᠢ ᠬᠥᠮᠥᠵᠢᠭᠦᠯᠬᠦ ᠰᠤᠷᠭᠠᠨ ᠬᠥᠮᠥᠵᠢᠯ | ᠂ ᠦᠢᠯᠡᠳᠦᠯᠭᠡ ᠶᠢᠨ ᠰᠤᠷᠭᠠᠨ ᠬᠥᠮᠥᠵᠢᠯ ᠪᠠ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠰᠤᠷᠭᠠᠨ | ᠬᠥᠮᠥᠵᠢᠯ ᠢ ᠴᠢᠩᠭᠠᠷᠠᠭᠤᠯᠵᠤ᠂ ᠲᠡᠷᠢᠭᠦᠨ ᠤ ᠴᠢᠳᠠᠪᠤᠷᠢᠲᠠᠨ ᠢ ᠬᠥᠮᠥᠵᠢᠭᠦᠯᠦᠨ᠎ᠡ᠃ ᠳᠥᠷᠪᠡ ᠳᠤ᠂ ᠬᠢᠴᠢᠶᠡᠯ | ᠲᠥᠷᠥᠯ ᠤᠨ ᠳᠠᠭᠠᠭᠤᠯᠤᠭᠴᠢ ᠶᠢᠨ ᠬᠥᠲᠥᠯᠥᠨ ᠳᠠᠭᠠᠭᠤᠯᠬᠤ ᠦᠢᠯᠡᠳᠦᠯ ᠢ ᠴᠢᠬᠤᠯᠠᠴᠢᠯᠠᠨ᠂ ᠡᠷᠳᠡᠮ ᠰᠢᠨᠵᠢᠯᠡᠭᠡᠨ ᠤ | ᠦᠷ᠎ᠡ ᠪᠦᠲᠦᠮᠵᠢ ᠶᠢ ᠨᠢ ᠬᠦᠨᠳᠦᠳᠬᠡᠬᠦ ᠪᠠᠷ ᠪᠠᠷᠠᠬᠤ ᠦᠭᠡᠢ᠂ ᠶᠣᠰᠣ ᠰᠤᠷᠲᠠᠬᠤᠨ ᠤ ᠬᠡᠪ ᠴᠢᠨᠠᠷ ᠢ ᠨᠢ | ᠬᠦᠨᠳᠦᠳᠬᠡᠵᠦ᠂ ᠤᠷᠢᠳᠤᠴᠢ ᠴᠢᠭᠯᠡᠯ ᠢ ᠡᠵᠡᠮᠳᠡᠬᠦ ᠶᠢ ᠴᠢᠬᠤᠯᠠᠴᠢᠯᠠᠬᠤ ᠪᠠᠷ ᠪᠠᠷᠠᠬᠤ ᠦᠭᠡᠢ᠂ ᠵᠣᠬᠢᠶᠠᠨ ᠪᠠᠶᠢᠭᠤᠯᠬᠤ | ᠴᠢᠳᠠᠪᠤᠷᠢ ᠶᠢᠨ ᠪᠠᠶᠢᠭᠤᠯᠤᠯᠲᠠ ᠶᠢ ᠠᠩᠬᠠᠷᠴᠤ᠂ ᠵᠣᠯᠭᠠᠯᠲᠠ ᠨᠢ ᠡᠮᠬᠢ ᠵᠢᠷᠤᠮ ᠲᠠᠢ᠂ ᠪᠦᠲᠦᠴᠡ ᠨᠢ ᠵᠦᠢ | ᠵᠣᠬᠢᠰᠲᠠᠢ ᠥᠨᠳᠥᠷ ᠬᠢᠷᠢ ᠲᠦᠪᠰᠢᠨ ᠪᠦᠬᠦᠢ ᠴᠢᠳᠠᠪᠤᠷᠢᠲᠠᠨ ᠤ ᠪᠦᠯᠬᠦᠮ ᠨᠡᠶᠢᠲᠡ ᠪᠠ ᠱᠠᠲᠤᠯᠢᠭ ᠠᠩᠭᠢ ᠶᠢ | ᠪᠠᠶᠢᠭᠤᠯᠤᠨ᠎ᠠ᠃ ᠲᠠᠪᠤ ᠳᠤ᠂ ᠬᠢᠴᠢᠶᠡᠯ ᠲᠥᠷᠥᠯ ᠢ ᠵᠣᠬᠢᠶᠠᠨ ᠪᠠᠶᠢᠭᠤᠯᠬᠤ ᠵᠠᠭᠪᠤᠷ ᠲᠤ ᠰᠢᠨ᠎ᠡ ᠶᠢ ᠡᠭᠦᠳᠴᠦ᠂ | ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠬᠦ ᠪᠠᠷ ᠬᠠᠷᠠᠯᠲᠠ ᠪᠣᠯᠭᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ | ᠳᠣᠲᠣᠭᠠᠳᠤ ᠶᠢᠨ ᠬᠠᠷᠢᠴᠠᠭ᠎ᠠ ᠬᠤᠯᠪᠣᠭ᠎ᠠ ᠶᠣᠰᠣᠭᠠᠷ ᠬᠢᠴᠢᠶᠡᠯ ᠲᠥᠷᠥᠯ ᠤᠨ ᠪᠦᠯᠦᠭᠵᠢᠯ ᠢ ᠵᠣᠬᠢᠶᠠᠨ ᠪᠠᠶᠢᠭᠤᠯᠵᠤ᠂ | ᠤᠯᠠᠮᠵᠢᠯᠠᠯᠲᠤ ᠬᠢᠴᠢᠶᠡᠯ ᠲᠥᠷᠥᠯ ᠤᠨ ᠬᠤᠭᠤᠷᠣᠨᠳᠤᠬᠢ ᠪᠠᠬᠢᠯᠡᠯᠲᠡ ᠶᠢ ᠡᠪᠳᠡᠵᠦ᠂ ᠬᠢᠴᠢᠶᠡᠯ ᠲᠥᠷᠥᠯ ᠢ | ᠬᠠᠮᠵᠢᠯᠴᠠᠭᠤᠯᠤᠨ ᠰᠣᠯᠪᠢᠴᠠᠭᠤᠯᠬᠤ ᠪᠠ ᠠᠭᠤᠰᠤᠯᠴᠠᠭᠤᠯᠬᠤ ᠶᠢ ᠴᠢᠩᠭᠠᠳᠬᠠᠵᠤ᠂ ᠬᠠᠮᠵᠢᠯᠴᠠᠵᠤ ᠬᠠᠮᠲᠤ ᠪᠠᠷ | ᠣᠷᠣᠰᠢᠨ ᠬᠥᠭᠵᠢᠬᠦ ᠬᠢᠴᠢᠶᠡᠯ ᠲᠥᠷᠥᠯ ᠤᠨ ᠰᠢᠰᠲ᠋ᠧᠮᠵᠢ ᠶᠢ ᠪᠠᠶᠢᠭᠤᠯᠤᠨ᠎ᠠ᠃ | 7. ᠬᠡᠷᠬᠢᠨ ᠬᠢᠴᠢᠶᠡᠯ ᠲᠥᠷᠥᠯ ᠢ ᠰᠣᠯᠪᠢᠴᠠᠭᠤᠯᠤᠨ ᠠᠭᠤᠰᠤᠯᠴᠠᠭᠤᠯᠬᠤ ᠶᠢ ᠠᠬᠢᠭᠤᠯᠬᠤ ᠪᠣᠢ︖ | ᠬᠠᠷᠢᠭᠤᠯᠲᠠ᠄ ᠶᠡᠭᠡ ᠳᠡᠭᠡᠳᠦ ᠰᠤᠷᠭᠠᠭᠤᠯᠢ ᠶᠢ ᠪᠦᠲᠦᠭᠡᠨ ᠪᠠᠶᠢᠭᠤᠯᠬᠤ ᠳᠤ ᠬᠢᠴᠢᠶᠡᠯ ᠲᠥᠷᠥᠯ ᠢ | ᠪᠠᠶᠢᠭᠤᠯᠬᠤ ᠶᠢ ᠭᠤᠣᠯᠳᠠᠭᠤᠯᠤᠨ ᠠᠩᠬᠠᠷᠴᠤ᠂ ᠡᠯ᠎ᠡ ᠲᠥᠷᠥᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ | ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠠ ᠬᠢᠴᠢᠶᠡᠯ ᠲᠥᠷᠥᠯ ᠤᠨ ᠤᠷᠢᠳᠠᠴᠢ ᠬᠥᠭᠵᠢᠯᠲᠡ ᠶᠢᠨ | ᠴᠢᠭᠯᠡᠯ ᠢ ᠣᠨᠢᠯᠠᠨ᠂ ᠡᠷᠳᠡᠮ ᠰᠢᠨᠵᠢᠯᠡᠭᠡᠨ ᠤ ᠰᠦᠪᠡᠭᠴᠢᠯᠡᠯᠲᠡ ᠬᠢᠭᠡᠳ ᠤᠯᠤᠰ ᠣᠷᠣᠨ ᠨᠤᠲᠤᠭ ᠤᠨ ᠬᠡᠷᠡᠭᠴᠡᠭᠡ | ᠱᠠᠭᠠᠷᠳᠠᠯᠭ᠎ᠠ ᠳᠠᠬᠢ ᠦᠢᠯᠡᠴᠢᠯᠡᠭᠡ ᠶᠢ ᠨᠢᠭᠲᠠ ᠠᠭᠤᠰᠤᠯᠴᠠᠭᠤᠯᠵᠤ᠂ ᠵᠠᠩᠭᠢᠯᠠᠭ᠎ᠠ ᠶᠢᠨ ᠬᠦᠷᠢᠶ᠎ᠡ ᠴᠠᠷᠠᠭᠠᠨ ᠳᠠᠬᠢ | ᠠᠩᠬᠠᠨ ᠤ ᠰᠢᠨ᠎ᠡ ᠡᠭᠦᠳᠦᠯᠲᠡ᠂ ᠡᠵᠡᠨ ᠮᠡᠳᠡᠵᠦ ᠰᠢᠨ᠎ᠡ ᠶᠢ ᠡᠭᠦᠳᠬᠦ ᠴᠢᠳᠠᠪᠤᠷᠢ ᠪᠠ ᠪᠠᠶᠢᠭᠤᠯᠤᠯᠲᠠ ᠶᠢᠨ | ᠴᠢᠨᠠᠷᠲᠠᠢ ᠨᠡᠶᠢᠭᠡᠮ ᠤᠨ ᠨᠥᠯᠥᠭᠡ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠬᠡᠷᠡᠭᠴᠡᠭᠡ ᠱᠠᠭᠠᠷᠳᠠᠯᠭ᠎ᠠ ᠳᠤ | ᠦᠢᠯᠡᠴᠢᠯᠡᠬᠦ ᠪᠠᠷ ᠬᠠᠷᠠᠯᠲᠠ ᠪᠣᠯᠭᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠰᠢᠨᠵᠢᠯᠡᠬᠦ ᠤᠬᠠᠭᠠᠨ ᠤ | ᠰᠤᠳᠤᠯᠭᠠᠨ ᠳᠤ ᠬᠤᠯᠪᠣᠭᠠᠯᠠᠨ ᠰᠢᠪᠲᠤᠯᠤᠯᠲᠠ ᠬᠢᠬᠦ ᠪᠠᠷ ᠬᠥᠲᠥᠴᠢ ᠪᠣᠯᠭᠠᠵᠤ᠂ ᠴᠢᠳᠠᠪᠤᠷᠢᠲᠠᠨ ᠢ ᠬᠥᠮᠥᠵᠢᠭᠦᠯᠬᠦ | ᠵᠠᠭᠪᠤᠷ ᠲᠤ ᠰᠢᠨ᠎ᠡ ᠶᠢ ᠡᠭᠦᠳᠬᠦ ᠪᠠᠷ ᠭᠤᠣᠯᠳᠠᠯᠭ᠎ᠠ ᠪᠣᠯᠭᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠲᠠᠪᠴᠠᠩ ᠪᠠ ᠰᠤᠳᠤᠯᠤᠯᠲᠠ ᠶᠢᠨ ᠲᠥᠪ ᠵᠡᠷᠭᠡ ᠳᠤ ᠲᠦᠰᠢᠭᠯᠡᠵᠦ᠂ ᠲᠣᠮᠣ ᠹᠢᠽᠢᠺ ᠤᠨ ᠰᠢᠨᠵᠢᠯᠡᠬᠦ | ᠤᠬᠠᠭᠠᠨ᠂ ᠶᠡᠭᠡ ᠨᠡᠶᠢᠭᠡᠮ ᠤᠨ ᠰᠢᠨᠵᠢᠯᠡᠬᠦ ᠤᠬᠠᠭᠠᠨ ᠢᠶᠠᠷ ᠲᠥᠯᠥᠭᠡᠯᠡᠭᠦᠯᠦᠭᠰᠡᠨ ᠰᠠᠭᠤᠷᠢ ᠬᠢᠴᠢᠶᠡᠯ ᠲᠥᠷᠥᠯ᠂ | ᠠᠮᠢ ᠶᠢᠨ ᠰᠢᠨᠵᠢᠯᠡᠬᠦ ᠤᠬᠠᠭᠠᠨ ᠢᠶᠠᠷ ᠲᠥᠯᠥᠭᠡᠯᠡᠭᠦᠯᠦᠭᠰᠡᠨ ᠤᠷᠢᠳᠠᠴᠢ ᠬᠢᠴᠢᠶᠡᠯ ᠲᠥᠷᠥᠯ᠂ ᠮᠡᠳᠡᠭᠡ ᠵᠠᠩᠭᠢ ᠶᠢᠨ | ᠰᠢᠨᠵᠢᠯᠡᠬᠦ ᠤᠬᠠᠭᠠᠨ ᠢᠶᠠᠷ ᠲᠥᠯᠥᠭᠡᠯᠡᠭᠦᠯᠦᠭᠰᠡᠨ ᠬᠡᠷᠡᠭᠯᠡᠭᠡᠨ ᠤ ᠬᠢᠴᠢᠶᠡᠯ ᠲᠥᠷᠥᠯ ᠢ ᠴᠢᠬᠤᠯᠠᠴᠢᠯᠠᠬᠤ ᠶᠢᠨ | ᠲᠣᠭᠤᠷᠢᠨ ᠳᠤ᠂ ᠰᠣᠯᠪᠢᠴᠠᠭᠰᠠᠨ ᠬᠢᠴᠢᠶᠡᠯ ᠲᠥᠷᠥᠯ ᠢ ᠵᠣᠬᠢᠶᠠᠨ ᠪᠠᠶᠢᠭᠤᠯᠵᠤ᠂ ᠨᠡᠶᠢᠭᠡᠮ ᠤᠨ ᠰᠢᠨᠵᠢᠯᠡᠬᠦ ᠤᠬᠠᠭᠠᠨ | ᠂ ᠪᠠᠶᠢᠭᠠᠯᠢ ᠶᠢᠨ ᠰᠢᠨᠵᠢᠯᠡᠬᠦ ᠤᠬᠠᠭᠠᠨ᠂ ᠢᠨᠵᠧᠨᠧᠷᠢᠩ ᠤᠨ ᠮᠡᠷᠭᠡᠵᠢᠯ ᠤᠨ ᠬᠤᠭᠤᠷᠣᠨᠳᠤ ᠰᠣᠯᠪᠢᠴᠠᠭᠤᠯᠤᠨ | ᠠᠭᠤᠰᠤᠯᠴᠠᠭᠤᠯᠬᠤ ᠶᠢ ᠴᠢᠬᠤᠯᠠᠴᠢᠯᠠᠨ ᠠᠬᠢᠭᠤᠯᠤᠨ᠎ᠠ᠃ ᠰᠤᠷᠭᠠᠭᠤᠯᠢ ᠠᠴᠠ ᠰᠤᠷᠭᠠᠭᠤᠯᠢ ᠡᠷᠬᠢᠯᠡᠬᠦ ᠪᠠᠶᠢᠷᠢ | ᠲᠣᠭᠲᠠᠭᠠᠯᠲᠠ ᠪᠠ ᠬᠢᠴᠢᠶᠡᠯ ᠲᠥᠷᠥᠯ ᠤᠨ ᠬᠥᠭᠵᠢᠯᠲᠡ ᠶᠢᠨ ᠵᠢᠮ᠎ᠡ ᠶᠣᠰᠣᠨ ᠳᠤ ᠰᠠᠭᠤᠷᠢᠯᠠᠨ᠂ ᠤᠯᠠᠮᠵᠢᠯᠠᠯᠲᠤ | ᠬᠢᠴᠢᠶᠡᠯ ᠲᠥᠷᠥᠯ ᠤᠨ ᠬᠤᠭᠤᠷᠣᠨᠳᠤᠬᠢ ᠬᠤᠷᠢᠭ᠎ᠠ ᠴᠠᠷᠠᠭ᠎ᠠ ᠶᠢ ᠡᠪᠳᠡᠵᠦ᠂ ᠰᠣᠯᠪᠢᠴᠠᠭᠰᠠᠨ ᠬᠢᠴᠢᠶᠡᠯ ᠲᠥᠷᠥᠯ | ᠬᠢᠭᠡᠳ ᠤᠯᠠᠮᠵᠢᠯᠠᠯᠲᠤ ᠬᠢᠴᠢᠶᠡᠯ ᠲᠥᠷᠥᠯ ᠤᠨ ᠬᠤᠭᠤᠷᠣᠨᠳᠤᠬᠢ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ | ᠰᠠᠭᠤᠷᠢ ᠬᠢᠴᠢᠶᠡᠯ ᠲᠥᠷᠥᠯ ᠪᠠ ᠬᠡᠷᠡᠭᠯᠡᠭᠡᠨ ᠤ ᠬᠢᠴᠢᠶᠡᠯ ᠲᠥᠷᠥᠯ ᠤᠨ ᠰᠣᠯᠪᠢᠴᠠᠨ ᠠᠭᠤᠰᠤᠯᠴᠠᠬᠤ ᠶᠢ ᠠᠬᠢᠭᠤᠯᠤᠨ | ᠂ ᠤᠷᠢᠳᠠᠴᠢ ᠪᠠ ᠰᠣᠯᠪᠢᠴᠠᠭᠰᠠᠨ ᠬᠢᠴᠢᠶᠡᠯ ᠲᠥᠷᠥᠯ ᠤᠨ ᠬᠦᠷᠢᠶ᠎ᠡ ᠴᠠᠷᠠᠭᠠᠨ ᠳᠤ ᠰᠢᠨ᠎ᠡ ᠬᠢᠴᠢᠶᠡᠯ ᠲᠥᠷᠥᠯ ᠤᠨ | ᠬᠥᠭᠵᠢᠯᠲᠡ ᠶᠢᠨ ᠴᠡᠭ ᠢ ᠬᠥᠮᠥᠵᠢᠭᠦᠯᠦᠨ ᠪᠣᠶᠢᠵᠢᠭᠤᠯᠤᠨ᠎ᠠ᠃ | 8. ︽ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ︾ ᠪᠦᠲᠦᠭᠡᠨ ᠪᠠᠶᠢᠭᠤᠯᠤᠯᠲᠠ ᠶᠢᠨ ᠦᠷ᠎ᠡ | ᠪᠦᠲᠦᠮᠵᠢ ᠶᠢ ᠦᠨᠡᠯᠡᠬᠦ ᠳᠤ ᠶᠠᠮᠠᠷ ᠪᠣᠳᠣᠯᠬᠢᠯᠠᠯ ᠲᠠᠢ ᠪᠣᠢ︖ | ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠨᠡᠯᠡᠬᠦ ᠨᠢ ︽ᠬᠤᠶᠠᠷ ᠢ ᠲᠡᠷᠢᠭᠦᠨ ᠪᠠᠶᠢᠷᠢᠨ ᠳᠤ | ᠣᠷᠣᠭᠤᠯᠬᠤ︾ ᠪᠦᠲᠦᠭᠡᠨ ᠪᠠᠶᠢᠭᠤᠯᠤᠯᠲᠠ ᠳᠤ ᠴᠢᠬᠤᠯᠠ ᠶᠡᠭᠡ ᠤᠳᠤᠷᠢᠳᠤᠮᠵᠢ ᠶᠢᠨ ᠦᠢᠯᠡᠳᠦᠯ ᠲᠠᠢ ᠪᠠᠶᠢᠵᠤ᠂ | ᠡᠯ᠎ᠡ ᠰᠤᠷᠭᠠᠭᠤᠯᠢ ᠡᠯ᠎ᠡ ᠭᠠᠵᠠᠷ ᠡᠯ᠎ᠡ ᠲᠠᠯ᠎ᠠ ᠶᠢᠨ ᠬᠢᠨ ᠪᠦᠷ ᠠᠩᠬᠠᠷᠤᠨ ᠬᠠᠯᠠᠮᠵᠢᠯᠠᠵᠤ ᠪᠣᠢ᠃ ᠶᠡᠷᠦᠩᠬᠡᠢ ᠲᠥᠰᠥᠯ | ᠪᠠ ᠬᠡᠷᠡᠭᠵᠢᠭᠦᠯᠬᠦ ᠠᠷᠭ᠎ᠠ ᠶᠢ ᠦᠨᠳᠦᠰᠦᠯᠡᠵᠦ᠂ ︽ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ︾ ᠪᠦᠲᠦᠭᠡᠨ | ᠪᠠᠶᠢᠭᠤᠯᠤᠯᠲᠠ ᠨᠢ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠷ᠎ᠡ ᠪᠦᠲᠦᠮᠵᠢ ᠶᠢ ᠦᠨᠡᠯᠡᠬᠦ ᠪᠠᠷ | ᠦᠨᠳᠦᠰᠦᠨ ᠪᠠᠷᠢᠮᠵᠢᠶ᠎ᠠ ᠪᠣᠯᠭᠠᠬᠤ ᠶᠢ ᠪᠠᠷᠢᠮᠲᠠᠯᠠᠨ᠂ ᠣᠯᠠᠨ ᠲᠠᠯ᠎ᠠ ᠶᠢᠨ ᠶᠡᠷᠦᠩᠬᠡᠶᠢᠯᠡᠭᠰᠡᠨ ᠴᠢᠨᠠᠷᠲᠠᠢ | ᠦᠨᠡᠯᠡᠯᠲᠡ ᠶᠢ ᠪᠠᠷᠢᠮᠲᠠᠯᠠᠵᠤ᠂ ᠴᠢᠳᠠᠪᠤᠷᠢᠲᠠᠨ ᠤ ᠬᠥᠮᠥᠵᠢᠭᠦᠯᠦᠯ᠂ ᠰᠢᠨ᠎ᠡ ᠶᠢ ᠡᠭᠦᠳᠬᠦ ᠴᠢᠳᠠᠪᠤᠷᠢ᠂ ᠦᠢᠯᠡᠴᠢᠯᠡᠬᠦ | ᠬᠤᠪᠢ ᠨᠡᠮᠡᠷᠢ ᠪᠠ ᠨᠥᠯᠥᠭᠡᠯᠡᠬᠦ ᠬᠦᠴᠦᠨ ᠪᠠᠷ ᠭᠤᠣᠯ ᠴᠢᠬᠤᠯᠠ ᠬᠦᠴᠦᠨ ᠵᠦᠢᠯ ᠪᠣᠯᠭᠠᠵᠤ᠂ ᠳᠤᠮᠳᠠᠳᠤ | ᠤᠯᠤᠰ ᠤᠨ ᠣᠨᠴᠠᠯᠢᠭ ᠲᠠᠢ ︽ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ︾ ᠪᠦᠲᠦᠭᠡᠨ ᠪᠠᠶᠢᠭᠤᠯᠤᠯᠲᠠ ᠶᠢᠨ | ᠶᠡᠷᠦᠩᠬᠡᠶᠢᠯᠡᠨ ᠦᠨᠡᠯᠡᠬᠦ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠤᠨ᠎ᠠ᠃ ᠪᠦᠲᠦᠭᠡᠨ ᠪᠠᠶᠢᠭᠤᠯᠤᠯᠲᠠ ᠶᠢᠨ ᠦᠷ᠎ᠡ | ᠪᠦᠲᠦᠮᠵᠢ ᠶᠢ ᠦᠨᠡᠯᠡᠬᠦ ᠳᠤ ᠰᠢᠨᠵᠢ ᠴᠢᠨᠠᠷ ᠢ ᠲᠣᠭᠲᠠᠭᠠᠬᠤ ᠪᠠ ᠬᠡᠮᠵᠢᠶ᠎ᠡ ᠶᠢ ᠲᠣᠭᠲᠠᠭᠠᠨ᠂ ᠪᠡᠶᠡᠴᠢ ᠪᠠ | ᠪᠤᠰᠤᠳᠴᠢ ᠶᠢ ᠬᠠᠷᠢᠯᠴᠠᠨ ᠤᠶᠠᠯᠳᠤᠭᠤᠯᠵᠤ᠂ ᠬᠢᠴᠢᠶᠡᠯ ᠲᠥᠷᠥᠯ ᠤᠨ ᠪᠠᠶᠢᠭᠤᠯᠤᠯᠲᠠ ᠬᠢᠭᠡᠳ ᠰᠤᠷᠭᠠᠭᠤᠯᠢ ᠶᠢᠨ | ᠪᠦᠬᠦᠯᠢ ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠦᠨᠡᠯᠡᠬᠦ ᠶᠢ ᠵᠡᠷᠭᠡ ᠳᠤ ᠨᠢ ᠶᠠᠪᠤᠭᠤᠯᠵᠤ᠂ ᠠᠳᠠᠯᠢ ᠪᠤᠰᠤ | ᠰᠤᠷᠭᠠᠭᠤᠯᠢ ᠪᠠ ᠬᠢᠴᠢᠶᠡᠯ ᠲᠥᠷᠥᠯ ᠤᠨ ᠣᠨᠴᠠᠯᠢᠭ ᠢ ᠭᠦᠢᠴᠡᠳ ᠪᠣᠳᠣᠯᠬᠢᠯᠠᠨ᠂ ᠪᠦᠲᠦᠭᠡᠨ ᠪᠠᠶᠢᠭᠤᠯᠤᠯᠲᠠ ᠶᠢᠨ | ᠦᠷ᠎ᠡ ᠪᠦᠲᠦᠮᠵᠢ ᠬᠢᠭᠡᠳ ᠶᠡᠷᠦᠩᠬᠡᠢ ᠲᠥᠰᠥᠯ ᠤᠨ ᠲᠣᠬᠢᠷᠠᠯᠴᠠᠭᠰᠠᠨ ᠬᠡᠮᠵᠢᠶ᠎ᠡ᠂ ᠪᠦᠲᠦᠭᠡᠨ ᠪᠠᠶᠢᠭᠤᠯᠤᠯᠲᠠ ᠶᠢᠨ | ᠲᠥᠰᠥᠯ ᠤᠨ ᠭᠤᠣᠯ ᠪᠣᠯᠬᠤ ᠬᠠᠷᠠᠯᠲᠠ ᠶᠢ ᠪᠡᠶᠡᠯᠡᠭᠦᠯᠦᠭᠰᠡᠨ ᠬᠡᠮᠵᠢᠶ᠎ᠡ᠂ ᠶᠡᠭᠡ ᠳᠡᠭᠡᠳᠦ ᠰᠤᠷᠭᠠᠭᠤᠯᠢ ᠵᠢᠴᠢ | ᠬᠢᠴᠢᠶᠡᠯ ᠲᠥᠷᠥᠯ ᠢ ᠪᠠᠶᠢᠭᠤᠯᠬᠤ ᠳᠤ ᠭᠤᠷᠪᠠᠳᠠᠭᠴᠢ ᠲᠠᠯ᠎ᠠ ᠶᠢᠨ ᠬᠢᠨ ᠤ ᠦᠨᠡᠯᠡᠯᠲᠡ ᠳᠠᠬᠢ ᠢᠯᠡᠷᠡᠯ ᠤᠨ | ᠬᠡᠮᠵᠢᠶ᠎ᠡ ᠶᠢ ᠭᠤᠣᠯᠳᠠᠯᠭ᠎ᠠ ᠲᠠᠢ ᠰᠢᠯᠭᠠᠨ ᠪᠠᠶᠢᠴᠠᠭᠠᠨ᠎ᠠ᠃ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠦᠲᠦᠭᠡᠨ ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭ᠎ᠠ | ᠶᠣᠰᠣᠭᠠᠷ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠮᠥᠷᠳᠡᠨ ᠦᠨᠡᠯᠡᠨ ᠵᠢᠱᠢᠵᠦ᠂ ᠪᠦᠲᠦᠭᠡᠨ | ᠪᠠᠶᠢᠭᠤᠯᠤᠯᠲᠠ ᠶᠢᠨ ᠰᠡᠭᠦᠯᠴᠢ ᠶᠢᠨ ᠬᠤᠭᠤᠴᠠᠭᠠᠨ ᠳᠠᠬᠢ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠳᠤ | ᠪᠦᠬᠦᠯᠢ ᠴᠣᠭᠴᠠ ᠶᠢᠨ ᠦᠨᠡᠯᠡᠯᠲᠡ ᠬᠢᠬᠦ ᠶᠢᠨ ᠬᠠᠮᠲᠤ᠂ ᠪᠦᠲᠦᠭᠡᠨ ᠪᠠᠶᠢᠭᠤᠯᠤᠯᠲᠠ ᠶᠢᠨ ᠠᠬᠢᠴᠠ ᠪᠠ ᠦᠨᠡᠯᠡᠯᠲᠡ | ᠬᠢᠭᠰᠡᠨ ᠪᠠᠶᠢᠳᠠᠯ ᠢ ᠦᠨᠳᠦᠰᠦᠯᠡᠨ᠂ ᠳᠡᠮᠵᠢᠯᠭᠡ ᠶᠢᠨ ᠡᠷᠴᠢᠮ ᠪᠠ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠢ | ᠬᠥᠳᠡᠯᠦᠩᠭᠦᠢ ᠪᠠᠷ ᠲᠣᠬᠢᠷᠠᠭᠤᠯᠤᠨ᠎ᠠ᠃ ᠪᠣᠳᠠᠲᠠᠢ ᠪᠠᠷ ᠦᠨᠡᠯᠡᠯᠲᠡ ᠬᠢᠬᠦ ᠭᠦᠢᠴᠡᠳᠬᠡᠯ ᠲᠤᠭ᠎ᠠ ᠶᠢᠨ ᠰᠢᠰᠲ᠋ᠧᠮᠵᠢ ᠪᠠ | ᠠᠷᠭ᠎ᠠ ᠨᠢ ᠣᠳᠣᠬᠠᠨ ᠳᠤ ᠪᠠᠨ ᠮᠥᠨ ᠰᠤᠳᠤᠯᠤᠨ ᠲᠣᠭᠲᠠᠭᠠᠬᠤ ᠶᠠᠪᠤᠴᠠ ᠳᠤ ᠪᠠᠨ ᠪᠣᠢ᠃ | 9. ᠳᠠᠷᠠᠭᠠᠴᠢ ᠶᠢᠨ ᠠᠯᠬᠤᠮ ᠳᠤ ︽ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ︾ ᠪᠦᠲᠦᠭᠡᠨ | ᠪᠠᠶᠢᠭᠤᠯᠤᠯᠲᠠ ᠶᠢ ᠲᠦᠷᠭᠡᠳᠬᠡᠬᠦ ᠶᠠᠮᠠᠷ ᠶᠠᠮᠠᠷ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠪᠠᠶᠢᠬᠤ ᠪᠣᠢ︖ | ᠬᠠᠷᠢᠭᠤᠯᠲᠠ᠄ ︽ᠬᠤᠶᠠᠷ ᠢ ᠲᠡᠷᠢᠭᠦᠨ ᠪᠠᠶᠢᠷᠢᠨ ᠳᠤ ᠣᠷᠣᠭᠤᠯᠬᠤ︾ ᠪᠦᠲᠦᠭᠡᠨ ᠪᠠᠶᠢᠭᠤᠯᠤᠯᠲᠠ ᠪᠣᠯ | ᠨᠢᠭᠡᠨ ᠤᠷᠲᠤ ᠬᠤᠭᠤᠴᠠᠭᠠᠨ ᠤ ᠡᠭᠦᠷᠭᠡ᠂ ᠮᠥᠨ ᠴᠤ ᠨᠢᠭᠡᠨ ᠰᠢᠰᠲ᠋ᠧᠮᠲᠦ ᠢᠨᠵᠧᠨᠧᠷᠢᠩ ᠪᠣᠯᠣᠨ᠎ᠠ᠃ | ᠳᠠᠷᠠᠭᠠᠴᠢ ᠶᠢᠨ ᠠᠯᠬᠤᠮ ᠳᠤ ᠬᠠᠮᠵᠢᠯᠴᠠᠨ ᠠᠬᠢᠭᠤᠯᠬᠤ ᠲᠣᠭᠲᠠᠴᠠ ᠪᠠ ᠬᠠᠮᠲᠤᠷᠠᠨ ᠳᠡᠮᠵᠢᠬᠦ ᠪᠦᠲᠦᠭᠡᠨ | ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠶᠢ ᠢᠳᠡᠪᠬᠢᠲᠡᠢ ᠪᠠᠷ ᠪᠠᠶᠢᠭᠤᠯᠤᠨ᠎ᠠ᠃ ᠨᠢᠭᠡ ᠳᠤ᠂ ᠬᠥᠨᠳᠡᠯᠡᠨ ᠴᠢᠭᠯᠡᠯ ᠢᠶᠠᠷ | ᠬᠠᠮᠵᠢᠯᠴᠠᠬᠤ ᠶᠢ ᠴᠢᠩᠭᠠᠳᠬᠠᠨ᠂ ᠶᠡᠭᠡ ᠳᠡᠭᠡᠳᠦ ᠰᠤᠷᠭᠠᠭᠤᠯᠢ ᠪᠠᠷ ᠭᠤᠣᠯ ᠴᠣᠭᠴᠠ ᠪᠣᠯᠭᠠᠵᠤ᠂ ᠣᠷᠣᠨ ᠨᠤᠲᠤᠭ᠂ | ᠰᠠᠯᠠᠭ᠎ᠠ ᠮᠥᠴᠢᠷ᠂ ᠠᠵᠢᠯ ᠲᠥᠷᠥᠯ᠃ ᠠᠵᠤ ᠦᠢᠯᠡᠰ᠂ ᠨᠡᠶᠢᠭᠡᠮ ᠤᠨ ᠡᠯ᠎ᠡ ᠭᠤᠣᠯ ᠴᠣᠭᠴᠠ ᠶᠢᠨ ᠬᠦᠴᠦᠨ ᠢ | ᠲᠥᠪᠯᠡᠷᠡᠭᠦᠯᠵᠦ᠂ ᠶᠡᠭᠡ ᠳᠡᠭᠡᠳᠦ ᠰᠤᠷᠭᠠᠭᠤᠯᠢ ᠨᠤᠭᠤᠳ ᠤᠨ ᠬᠤᠭᠤᠷᠣᠨᠳᠤᠬᠢ ᠬᠠᠮᠵᠢᠯᠴᠠᠭ᠎ᠠ ᠶᠢ ᠴᠢᠩᠭᠠᠳᠬᠠᠵᠤ᠂ | ᠪᠦᠲᠦᠭᠡᠨ ᠪᠠᠶᠢᠭᠤᠯᠬᠤ ᠬᠠᠮᠲᠤᠷᠠᠭᠰᠠᠨ ᠬᠦᠴᠦᠨ ᠢ ᠪᠦᠷᠢᠯᠳᠦᠭᠦᠯᠦᠨ᠎ᠡ᠃ ᠬᠤᠶᠠᠷ ᠲᠤ᠂ ᠭᠤᠯᠳᠤ ᠴᠢᠭᠯᠡᠯ ᠢᠶᠠᠷ | ᠬᠠᠮᠵᠢᠯᠴᠠᠬᠤ ᠶᠢ ᠴᠢᠩᠭᠠᠳᠬᠠᠨ᠂ ᠶᠡᠭᠡ ᠳᠡᠭᠡᠳᠦ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠭᠤᠣᠯ | ᠴᠣᠭᠴᠠ ᠶᠢᠨ ᠬᠠᠷᠢᠭᠤᠴᠠᠯᠭ᠎ᠠ ᠪᠠ ᠰᠤᠷᠭᠠᠭᠤᠯᠢ ᠡᠷᠬᠢᠯᠡᠬᠦ ᠡᠵᠡᠨ ᠮᠡᠳᠡᠬᠦ ᠡᠷᠬᠡ ᠶᠢ ᠤᠯᠠᠮ ᠨᠢᠭᠡ ᠠᠯᠬᠤᠮ | ᠨᠠᠶᠢᠳᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠵᠠᠰᠠᠯᠲᠠ ᠬᠢᠬᠦ ᠴᠢᠳᠠᠪᠤᠷᠢ ᠪᠠ ᠵᠠᠰᠠᠯᠲᠠ ᠬᠢᠬᠦ ᠬᠢᠷᠢ | ᠲᠦᠪᠰᠢᠨ ᠢ ᠳᠡᠭᠡᠭᠰᠢᠯᠡᠭᠦᠯᠵᠦ᠂ ᠳᠣᠲᠣᠭᠠᠳᠤ ᠳᠤ ᠪᠠᠨ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠨ᠂ | ᠪᠦᠲᠦᠭᠡᠨ ᠪᠠᠶᠢᠭᠤᠯᠤᠯᠲᠠ ᠶᠢᠨ ᠬᠦᠴᠢᠷᠳᠡᠯ ᠪᠠ ᠲᠦᠭᠵᠢᠷᠡᠯ ᠤᠨ ᠠᠰᠠᠭᠤᠳᠠᠯ ᠢ ᠰᠢᠢᠳᠪᠦᠷᠢᠯᠡᠨ᠎ᠡ᠃ ᠭᠤᠷᠪᠠ ᠳᠤ᠂ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠤᠨ ᠬᠥᠲᠥᠯᠥᠨ ᠵᠢᠯᠣᠭᠤᠳᠬᠤ ᠪᠠ ᠰᠢᠮᠳᠠᠭᠤᠯᠬᠤ ᠦᠢᠯᠡᠳᠦᠯ ᠢ | ᠪᠠᠳᠠᠷᠠᠭᠤᠯᠤᠨ᠂ ᠲᠣᠭᠲᠠᠴᠠ ᠪᠠᠷ ᠬᠠᠮᠵᠢᠯᠴᠠᠬᠤ ᠶᠢ ᠴᠢᠩᠭᠠᠳᠬᠠᠵᠤ᠂ ᠶᠠᠮᠤᠨ ᠤ ᠳᠣᠲᠣᠭᠠᠳᠤ ᠳᠤ ᠪᠠᠨ ᠬᠠᠮᠵᠢᠯᠴᠠᠬᠤ | ᠂ ᠶᠠᠮᠤᠨ ᠨᠤᠭᠤᠳ ᠤᠨ ᠬᠤᠭᠤᠷᠣᠨᠳᠤ ᠪᠠᠨ ᠵᠣᠬᠢᠴᠠᠭᠤᠯᠬᠤ ᠵᠢᠴᠢ ᠶᠠᠮᠤᠨ ᠮᠤᠵᠢ ᠬᠠᠮᠲᠤ ᠪᠠᠷ ᠪᠦᠲᠦᠭᠡᠨ | ᠪᠠᠶᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ ᠠᠬᠢᠭᠤᠯᠵᠤ᠂ ᠪᠦᠲᠦᠭᠡᠨ ᠪᠠᠶᠢᠭᠤᠯᠬᠤ ᠶᠠᠪᠤᠴᠠ ᠳᠤ ᠵᠢᠯᠣᠭᠤᠳᠬᠤ | ᠪᠠ ᠰᠢᠮᠳᠠᠭᠤᠯᠬᠤ ᠪᠠᠨ ᠴᠢᠩᠭᠠᠳᠬᠠᠨ᠎ᠠ᠃ | | |