ᠬᠠᠤᠯᠢ ᠴᠠᠭᠠᠵᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠭᠠᠨ ᠽᠠᠩ | ᠴᠦᠨ ᠢᠶᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠮᠳᠠᠭᠤᠯᠤᠨ | ᠪᠠᠶᠢᠴᠠᠭᠠᠬᠤ ᠲᠠᠪᠤᠳᠤᠭᠠᠷ ᠳᠤᠭᠤᠶᠢᠯᠠᠩ ᠨᠢ 2018 ᠣᠨ ᠤ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠭᠡ | ᠰᠢᠮᠳᠠᠭᠤᠯᠤᠨ ᠪᠠᠶᠢᠴᠠᠭᠠᠯᠲᠠ ᠶᠢᠨ ᠲᠠᠶᠢᠴᠢᠯᠠᠨ ᠪᠠᠶᠢᠷᠢᠯᠠᠭᠤᠯᠬᠤ ᠬᠤᠷᠠᠯ ᠲᠡᠭᠦᠰᠦᠭᠰᠡᠨ ᠤ ᠳᠠᠷᠠᠭ᠎ᠠ᠂ ᠳᠠᠷᠤᠶᠢᠬᠠᠨ | ᠲᠠᠪᠤᠨ ᠲᠤᠰᠬᠠᠶ ᠰᠡᠳᠦᠪᠲᠦ ᠳᠤᠭᠤᠶᠢᠯᠠᠩ ᠬᠤᠪᠢᠶᠠᠨ᠂ 8 ᠳ᠋ᠤᠭᠠᠷ ᠰᠠᠷ᠎ᠠ ᠶᠢᠨ 22 ᠤᠨ ᠡᠳᠦᠷ ᠠᠴᠠ ᠡᠬᠢᠯᠡᠨ | ᠪᠡᠭᠡᠵᠢᠩ ᠠᠴᠠ ᠮᠣᠷᠳᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠭᠤᠣᠯᠳᠠᠯᠭ᠎ᠠ ᠲᠠᠢ | ᠭᠠᠵᠠᠷ ᠣᠷᠣᠨ ᠨᠤᠭᠤᠳ ᠢᠶᠠᠷ ᠭᠦᠨᠵᠡᠭᠡᠶᠢᠷᠡᠨ ᠪᠣᠳᠠᠲᠠᠢ ᠭᠠᠵᠠᠷ ᠲᠤ ᠨᠢ ᠰᠢᠮᠳᠠᠭᠤᠯᠤᠨ ᠪᠠᠶᠢᠴᠠᠭᠠᠪᠡ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠠᠯᠪᠠᠨ | ᠲᠢᠩᠬᠢᠮ ᠤᠨ ᠡᠷᠬᠢᠯᠡᠭᠴᠢ ᠭᠤᠤ ᠷᠦᠨ ᠰᠢ ᠪᠦᠬᠦ ᠶᠠᠪᠤᠴᠠ ᠳᠤ ᠪᠠᠷ᠎ᠠ ᠪᠣᠯᠣᠭᠰᠠᠨ ᠪᠥᠭᠡᠳ ᠶᠡᠷᠦᠩᠬᠡᠶᠢᠯᠡᠭᠰᠡᠨ | ᠳᠤᠭᠤᠶᠢᠯᠠᠩ ᠤᠨ ᠠᠵᠢᠯᠯᠠᠭ᠎ᠠ ᠳᠤ ᠣᠷᠤᠯᠴᠠᠪᠠ᠃ | 8 ᠳ᠋ᠤᠭᠠᠷ ᠰᠠᠷ᠎ᠠ ᠶᠢᠨ 23 ᠠᠴᠠ 27 ᠤ ᠡᠳᠦᠷ ᠪᠣᠯᠲᠠᠯ᠎ᠠ᠂ ᠭᠠᠨ ᠽᠠᠩ ᠴᠦᠨ ᠨᠥᠬᠦᠷ ᠶᠡᠷᠦᠩᠬᠡᠶᠢᠯᠡᠭᠰᠡᠨ | ᠳᠤᠭᠤᠶᠢᠯᠠᠩ ᠳᠤ ᠪᠠᠭᠤᠵᠤ ᠬᠥᠯᠥᠨ ᠪᠤᠶᠢᠷ᠂ ᠮᠠᠨᠵᠤᠤᠷ ᠬᠤᠲᠠ ᠪᠣᠯᠤᠨ ᠠᠯᠠᠱᠠ ᠠᠶᠢᠮᠠᠭ ᠲᠤ ᠭᠦᠨᠵᠡᠭᠡᠶᠢᠷᠡᠵᠦ | ᠪᠣᠳᠠᠲᠠᠢ ᠭᠠᠵᠠᠷ ᠲᠤ ᠨᠢ ᠰᠢᠮᠳᠠᠭᠤᠯᠤᠨ ᠪᠠᠶᠢᠴᠠᠭᠠᠪᠠ᠃ ᠶᠡᠷᠦᠩᠬᠡᠶᠢᠯᠡᠭᠰᠡᠨ ᠳᠤᠭᠤᠶᠢᠯᠠᠩ ᠨᠢ ᠲᠠᠰᠢᠷᠠᠮ ᠢᠶᠠᠷ | ᠬᠡᠳᠦᠨ ᠪᠠᠭ᠎ᠠ ᠳᠤᠭᠤᠶᠢᠯᠠᠩ ᠬᠤᠪᠢᠶᠠᠨ ᠠᠵᠢᠯ ᠢᠶᠠᠨ ᠥᠷᠨᠢᠭᠦᠯᠵᠦ᠂ 5 ᠡᠳᠦᠷ ᠲᠤ ᠬᠡᠳᠦᠨ ᠮᠢᠩᠭᠠᠨ ᠺᠢᠯᠣᠮᠧᠲᠷ | ᠠᠶᠠᠯᠠᠨ 8 ᠬᠤᠰᠢᠭᠤ ᠰᠢᠶᠠᠨ ︵ᠬᠤᠲᠠ ᠲᠣᠭᠤᠷᠢᠭ︶ ᠳᠤ ᠭᠦᠨᠵᠡᠭᠡᠶᠢᠷᠡᠵᠦ᠂ ᠢᠯᠡ ᠪᠠᠷ ᠪᠠᠶᠢᠴᠠᠭᠠᠨ ᠳᠠᠯᠳᠠᠭᠤᠷ | ᠰᠤᠷᠪᠤᠯᠵᠢᠯᠠᠬᠤ᠂ ᠶᠠᠷᠢᠯᠴᠠᠬᠤ ᠬᠤᠷᠠᠯ ᠬᠢᠬᠦ᠂ ᠰᠤᠷᠪᠤᠯᠵᠢᠯᠠᠭ᠎ᠠ ᠵᠣᠬᠢᠶᠠᠨ ᠪᠠᠶᠢᠭᠤᠯᠬᠤ ᠪᠠ ᠲᠤᠬᠠᠶ ᠶᠢᠨ ᠭᠠᠵᠠᠷ ᠲᠤ | ᠨᠢ ᠲᠡᠬᠢᠨ ᠬᠢᠨᠠᠨ ᠬᠠᠷᠭᠤᠭᠤᠯᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠪᠠᠶᠢᠴᠠᠭᠠᠪᠠ᠃ ᠪᠤᠰᠤᠳ | ᠲᠦᠷᠪᠡᠨ ᠲᠤᠰᠬᠠᠶ ᠰᠡᠳᠦᠪᠲᠤ ᠳᠤᠭᠤᠶᠢᠯᠠᠩ ᠨᠢ ᠪᠤᠭᠤᠲᠤ ᠬᠤᠲᠠ᠂ ᠤᠯᠠᠭᠠᠨᠬᠠᠳᠠ ᠬᠤᠳᠠ ᠪᠣᠯᠤᠨ ᠤᠷᠳᠤᠰ | ᠬᠤᠳᠠ ᠳᠤ ᠲᠤᠰ ᠲᠤᠰ ᠬᠦᠷᠴᠦ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠨ ᠬᠥᠭᠵᠢᠯᠲᠡ ᠶᠢ ᠠᠬᠢᠭᠤᠯᠤᠭᠰᠠᠨ᠂ | ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠭᠰᠡᠨ᠂ ᠳᠣᠲᠣᠭᠠᠳᠤ | ᠬᠡᠷᠡᠭᠴᠡᠭᠡ ᠪᠠᠨ ᠦᠷᠭᠦᠯᠵᠢᠯᠡᠨ ᠥᠷᠭᠡᠳᠬᠡᠭᠰᠡᠨ ᠵᠢᠴᠢ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠤᠭᠰᠠᠨ | ᠵᠡᠷᠭᠡ ᠠᠵᠢᠯ ᠤᠨ ᠲᠣᠭᠤᠷᠢᠨ ᠳᠤ ᠪᠣᠳᠠᠲᠠᠶ ᠭᠠᠵᠠᠷ ᠲᠤ ᠨᠢ ᠵᠡᠷᠭᠡᠪᠡᠷ ᠰᠢᠮᠳᠠᠭᠤᠯᠤᠨ ᠪᠠᠶᠢᠴᠠᠭᠠᠪᠠ᠃ |