ᠵᠢᠯ ᠪᠦᠷᠢ ᠶᠢᠨ ᠨᠠᠢᠮᠨ ᠶᠢᠰᠦᠳᠦᠭᠡᠷ ᠰᠠᠷ᠎ᠠ ᠳᠤ᠂ ᠮᠠᠨ ᠤ ᠣᠷᠣᠨ ᠤ ᠬᠠᠷᠰᠢᠮᠠᠲᠠᠭᠠᠶ ᠴᠢᠨᠠᠷᠲᠠᠢ ᠬᠠᠮᠠᠷ ᠤᠨ | ᠦᠷᠪᠢᠰᠦᠯ ᠲᠠᠢ ᠡᠪᠡᠳᠴᠢᠲᠡᠨ ᠣᠯᠠᠰᠢᠷᠠᠵᠤ᠂ ᠰᠢᠷᠠᠯᠵᠢ ᠶᠢᠨ ᠲᠦᠷᠦᠯ ᠤᠨ ᠤᠷᠭᠤᠮᠠᠯ ᠤᠨ ᠴᠡᠴᠡᠭ ᠤᠨ | ᠲᠣᠭᠤᠰᠣ ᠨᠢ ᠭᠤᠣᠯ ᠰᠢᠯᠲᠠᠭᠠᠨ ᠤ ᠨᠢᠭᠡ ᠨᠢ ᠪᠣᠯᠵᠤ ᠪᠠᠶᠢᠳᠠᠭ᠂ ᠡᠭᠦᠨ ᠠᠴᠠ ᠭᠠᠳᠠᠨ᠎ᠠ᠂ ᠬᠥᠮᠦᠰ ᠤᠨ ᠠᠮᠢᠳᠤᠷᠠᠯ᠂ | ᠢᠳᠡᠭᠡᠨ ᠤᠮᠳᠠᠭᠠᠨ ᠤ ᠳᠠᠳᠬᠠᠯ᠂ ᠠᠭᠠᠷ ᠤᠨ ᠪᠣᠬᠢᠷᠲᠤᠯ ᠪᠣᠳᠠᠰ ᠵᠡᠷᠭᠡ ᠨᠢ ᠡᠪᠡᠳᠴᠢᠨ ᠡᠭᠦᠰᠬᠦ ᠨᠤᠷᠮ᠎ᠠ ᠳᠤ ᠴᠦ | ᠨᠥᠯᠥᠭᠡ ᠲᠠᠢ ᠪᠠᠶᠢᠨ᠎ᠠ᠃ | ᠬᠥᠮᠥᠰ ᠤᠨ ᠬᠠᠷᠰᠢᠮᠠᠲᠠᠭᠠᠶ ᠴᠢᠨᠠᠷᠲᠠᠢ ᠬᠠᠮᠠᠷ ᠤᠨ ᠦᠷᠪᠢᠰᠦᠯ ᠡᠭᠦᠰᠦᠭᠰᠡᠨ ᠪᠠᠶᠢᠳᠠᠯ ᠵᠢᠴᠢ ᠡᠪᠡᠳᠴᠢᠯᠡᠬᠦ | ᠨᠣᠷᠮ᠎ᠠ ᠶᠢᠨ ᠤᠷᠭᠤᠮᠠᠯ᠂ ᠡᠳᠦᠷ ᠲᠤᠲᠤᠮ ᠤᠨ ᠣᠷᠴᠢᠨ ᠲᠣᠭᠤᠷᠢᠨ ᠯᠤᠭ᠎ᠠ ᠶᠢᠨ ᠬᠠᠷᠢᠴᠠᠭ᠎ᠠ ᠶᠢ ᠲᠣᠳᠣᠯᠠᠵᠤ | ᠣᠶᠢᠯᠠᠭᠠᠬᠤ ᠶᠢᠨ ᠲᠣᠰᠠᠳᠠ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ | ᠠᠵᠢᠯ ᠤᠨ ᠵᠥᠪᠯᠡᠯ ᠠᠭᠠᠷ ᠢᠶᠠᠷ ᠲᠠᠷᠬᠠᠬᠤ ᠴᠡᠴᠡᠭ ᠤᠨ ᠲᠣᠭᠤᠰᠣ ᠪᠣᠯᠤᠨ ᠬᠠᠷᠰᠢᠮᠠᠲᠠᠭᠠᠶ ᠴᠢᠨᠠᠷᠲᠠᠶ ᠬᠠᠮᠠᠷ ᠤᠨ | ᠦᠷᠪᠢᠰᠦᠯ ᠤᠨ ᠬᠤᠯᠪᠣᠭᠳᠠᠯᠳᠤ ᠴᠢᠨᠠᠷ ᠤᠨ ᠰᠤᠳᠤᠯᠤᠯ ᠤᠨ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠵᠤ | ᠥᠷᠨᠢᠭᠦᠯᠬᠦ ᠶᠢᠨ ᠳᠠᠭᠠᠤ ᠲᠠᠬᠤᠯ ᠤᠨ ᠴᠢᠨᠠᠷᠲᠠᠢ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠠᠵᠢᠯ ᠤᠨ | ᠬᠡᠷᠡᠭᠴᠡᠭᠡ ᠪᠠᠨ ᠦᠨᠳᠦᠰᠦᠯᠡᠨ᠂ ᠬᠥᠬᠡᠬᠤᠲᠠ᠂ ᠤᠯᠠᠭᠠᠨᠬᠠᠳᠠ ᠬᠤᠳᠠ᠂ ᠣᠷᠳᠣᠰ ᠬᠤᠲᠠ ᠶᠢᠨ ᠵᠣᠬᠢᠬᠤ | ᠲᠣᠭᠠᠨ ᠤ ᠰᠠᠭᠤᠭᠠᠯᠢ ᠠᠷᠠᠳ ᠢ ᠰᠣᠩᠭᠤᠵᠤ ᠪᠠᠶᠢᠴᠠᠭᠠᠯᠲᠠ ᠬᠢᠪᠡ᠃ ᠨᠢᠳᠤᠨᠤᠨ ᠠᠴᠠ ᠨᠠᠰᠢ᠂ ᠰᠤᠳᠤᠯᠭᠠᠨ ᠤ | ᠰᠡᠳᠦᠪ ᠤᠨ ᠳᠤᠭᠤᠶᠢᠯᠠᠩ ᠤᠨ ᠬᠢᠨ ᠲᠤᠰ ᠭᠠᠵᠠᠷ ᠣᠷᠣᠨ ᠤ ᠴᠡᠴᠡᠭ ᠤᠨ ᠲᠣᠭᠤᠰᠣᠨ ᠤ ᠲᠦᠷᠦᠯ ᠵᠦᠢᠯ ᠪᠠ | ᠴᠡᠴᠡᠭ ᠤᠨ ᠲᠣᠭᠤᠰᠣᠨ ᠤ ᠬᠡᠮᠵᠢᠶ᠎ᠡ ᠳᠤ ᠪᠠᠶᠢᠴᠠᠭᠠᠯᠲᠠ ᠬᠢᠵᠦ᠂ ᠡᠨᠡ ᠵᠢᠯ ᠤᠨ 8 ᠳ᠋ᠤᠭᠠᠷ ᠰᠠᠷ᠎ᠠ ᠶᠢᠨ 25 ᠤ | ᠡᠳᠦᠷ ᠠᠴᠠ ᠡᠬᠢᠯᠡᠨ 2019 ᠣᠨ ᠤ ᠵᠢᠯ ᠤᠨ ᠡᠴᠦᠰ ᠪᠣᠯᠲᠠᠯ᠎ᠠ᠂ ᠡᠷᠦᠬᠡ ᠳᠤ ᠣᠷᠣᠵᠤ ᠪᠠᠶᠢᠴᠠᠭᠠᠯᠲᠠ ᠬᠢᠬᠦ | ᠠᠵᠢᠯ ᠢ ᠥᠷᠨᠢᠭᠦᠯᠵᠦ᠂ ᠡᠨᠡ ᠤᠳᠠᠭᠠᠨ ᠤ ᠪᠠᠶᠢᠴᠠᠭᠠᠯᠲᠠ ᠪᠠᠷ ᠳᠠᠮᠵᠢᠭᠤᠯᠤᠨ᠂ ᠡᠪᠡᠳᠴᠢᠲᠡᠨ ᠤ ᠪᠠᠶᠢᠳᠠᠯ ᠪᠠ | ᠡᠪᠡᠳᠴᠢᠲᠡᠨ ᠤ ᠡᠳᠦᠷ ᠲᠤᠲᠤᠮ ᠤᠨ ᠣᠷᠴᠢᠨ ᠲᠣᠭᠤᠷᠢᠨ ᠢ ᠲᠣᠳᠣᠷᠬᠠᠶ ᠣᠶᠢᠯᠠᠭᠠᠵᠤ᠂ ᠬᠠᠮᠤᠭ ᠤᠨ ᠡᠴᠦᠰ ᠲᠤ᠂ | ᠮᠠᠨ ᠤ ᠣᠷᠣᠨ ᠤ ᠬᠠᠷᠰᠢᠮᠠᠲᠠᠭᠠᠶ ᠴᠢᠨᠠᠷᠲᠠᠢ ᠬᠠᠮᠠᠷ ᠤᠨ ᠦᠷᠪᠢᠰᠦᠯ ᠤᠨ ᠪᠠᠶᠢᠳᠠᠯ ᠤᠨ ᠲᠠᠬᠤᠯ ᠡᠪᠡᠳᠴᠢᠨ ᠤ | ᠲᠤᠭ᠎ᠠ ᠪᠠᠷᠢᠮᠲᠠ ᠶᠢᠨ ᠬᠥᠮᠥᠷᠭᠡ ᠵᠢᠴᠢ ᠠᠭᠠᠷ ᠢᠶᠠᠷ ᠲᠠᠷᠬᠠᠬᠤ ᠴᠡᠴᠡᠭ ᠤᠨ ᠲᠣᠭᠤᠰᠣᠨ ᠤ ᠣᠨᠴᠠᠯᠢᠭ ᠤᠨ ᠳ᠋ᠠᠶᠢᠲ᠋ᠠ | ᠬᠥᠮᠥᠷᠭᠡ ᠶᠢ ᠪᠠᠶᠢᠭᠤᠯᠬᠤ ᠪᠥᠭᠡᠳ ᠰᠤᠳᠤᠯᠤᠭᠰᠠᠨ ᠦᠷ᠎ᠡ ᠳ᠋ᠦᠩ ᠢᠶᠠᠨ ᠬᠠᠮᠢᠶ᠎ᠠ ᠪᠥᠬᠦᠶ ᠰᠠᠯᠠᠭ᠎ᠠ ᠮᠥᠴᠢᠷ ᠲᠤ | ᠬᠦᠷᠭᠡᠵᠦ᠂ ᠬᠤᠶᠢᠰᠢᠳᠠ ᠶᠢᠨ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠠᠬᠢ ᠨᠣᠭᠤᠭᠠᠷᠠᠭᠤᠯᠬᠤ | ᠤᠷᠭᠤᠮᠠᠯ ᠢ ᠵᠦᠢ ᠵᠣᠬᠢᠰᠲᠠᠶ ᠪᠠᠷ ᠲᠣᠬᠢᠷᠠᠭᠤᠯᠬᠤ ᠳᠤ ᠯᠠᠪᠯᠠᠯᠲᠠ ᠬᠠᠩᠭᠠᠬᠤ ᠪᠥᠭᠡᠳ ᠬᠤᠶᠢᠰᠢᠳᠠ ᠶᠢᠨ ᠡᠷᠡᠭᠦᠯ | ᠬᠠᠮᠠᠭᠠᠯᠠᠯ ᠤᠨ ᠰᠠᠯᠠᠭ᠎ᠠ ᠮᠥᠴᠢᠷ ᠤᠳ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠣᠭᠲᠠᠭᠠᠬᠤ ᠳᠤᠨᠢ | ᠦᠨᠳᠦᠰᠦᠯᠡᠯ ᠬᠠᠩᠭᠠᠬᠤ ᠪᠣᠯᠣᠨ᠎ᠠ᠃ |