ᠪᠦᠬᠦ ᠤᠷᠤᠨ ᠤ ︽ᠲᠦᠮᠡᠨ ᠨᠡᠷ᠎ᠡ ᠭᠠᠴᠠᠭ᠎ᠠ ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠱᠦᠵᠢ ᠶᠢ ᠲᠦᠪᠯᠡᠷᠡᠬᠦᠯᠵᠥ ᠡᠬᠡᠯᠵᠢᠯᠡᠨ ᠪᠤᠯᠪᠠᠰᠤᠷᠠᠭᠤᠯᠬᠤ︾ ᠲᠦᠷᠦᠯ ᠵᠦᠢᠯ ᠡᠬᠢᠯᠡᠪᠡ
ᠨᠡᠶᠢᠲᠡᠯᠡᠭᠰᠡᠨ ᠴᠠᠭ᠄
2018/8/28
      8 ᠳ᠋ᠤᠭᠠᠷ ᠰᠠᠷ᠎ᠠ ᠶᠢᠨ 27᠎ ᠤ ᠡᠳᠤᠷ᠂ ᠪᠦᠬᠦ ᠤᠷᠤᠨ ᠤ ︽ᠲᠦᠮᠡᠨ ᠨᠡᠷ᠎ᠡ ᠭᠠᠴᠠᠭ᠎ᠠ ᠲᠤᠰᠬᠤᠨ ᠤ ᠨᠠᠮ ᠎ ᠤᠨ ᠵᠤᠬᠢᠶᠠᠨ ᠪᠠᠶᠢᠭᠤᠯᠤᠯᠳᠠ ᠶᠢᠨ ᠱᠦᠵᠢ ᠶᠢ ᠲᠦᠪᠯᠡᠷᠡᠬᠦᠯᠵᠥ ᠡᠬᠡᠯᠵᠢᠯᠡᠨ ᠪᠤᠯᠪᠠᠰᠤᠷᠠᠭᠤᠯᠬᠤ︾ ᠲᠦᠷᠦᠯ ᠵᠦᠢᠯ ᠡᠬᠢᠯᠡᠵᠤ᠂ ᠨᠢᠬᠡᠳᠤᠬᠡᠷ ᠬᠤᠭᠤᠴᠠᠭᠠᠨ ᠤ ᠵᠢᠱᠢᠶ᠎ᠡ ᠦᠵᠡᠬᠦᠯᠬᠦ ᠪᠤᠯᠪᠠᠰᠤᠷᠠᠯ ᠤᠨ ᠠᠩᠬᠢ ᠶᠢᠨ ᠰᠤᠷᠤᠯᠭ᠎ᠠ ᠡᠬᠢᠯᠡᠬᠦ ᠶᠤᠰᠤᠯᠠᠯ ᠶᠠᠪᠤᠭᠳᠠᠪᠠ᠃ 8 ᠳ᠋ᠤᠭᠠᠷ ᠰᠠᠷ᠎ᠠ ᠶᠢᠨ 26᠎ ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠡᡁᠧᠩ ᠬᠠᠮᠢᠶ᠎ᠠ ᠪᠦᠬᠦᠢ ᠠᠵᠢᠯ ᠤᠨ ᠲᠤᠬᠠᠢ ᠴᠣᠬᠤᠯᠠᠪᠤᠷᠢ ᠥᠭᠴᠡᠢ᠃       ᠯᠢ ᠵᠢᠢ ᠡᡁᠧᠩ ᠴᠤᠬᠤᠯᠠᠪᠤᠷᠢ ᠳᠠᠭᠠᠨ ᠵᠢᠭᠠᠭᠰᠠᠨ ᠨᠢ᠂ ᠲᠦᠮᠡᠨ ᠨᠡᠷ᠎ᠡ ᠭᠠᠴᠠᠭ᠎ᠠ ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠱᠦᠵᠢ ᠶᠢ ᠲᠦᠪᠯᠡᠷᠡᠬᠦᠯᠵᠥ ᠡᠬᠡᠯᠵᠢᠯᠡᠨ ᠪᠤᠯᠪᠠᠰᠤᠷᠠᠭᠤᠯᠬᠤ ᠪᠤᠯ ᠲᠦᠢᠯ ᠤᠨ ᠴᠢᠬᠤᠯᠠ ᠠᠵᠢᠯ ᠪᠤᠯᠤᠨ᠎ᠠ᠃ ᠪᠦᠬᠦ ᠤᠷᠤᠨ ᠤ ᠡᠯ᠎ᠡ ᠱᠠᠳᠤᠨ ᠤ ᠨᠠᠮ ᠤᠨ ᠬᠤᠷᠢᠶ᠎ᠡ ᠨᠤᠭᠤᠳ ᠶᠡᠷᠤᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠳᠠ ᠪᠤᠯᠤᠨ ᠵᠤᠬᠢᠶᠠᠨ ᠪᠠᠶᠢᠭᠤᠯᠬᠤ ᠠᠵᠢᠯ ᠤᠨ ᠲᠤᠬᠠᠢ ᠴᠢᠬᠤᠯᠠ ᠦᠬᠦᠯᠡᠯᠳᠡ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠵᠤ᠂ ᠪᠦᠬᠦ ᠤᠯᠤᠰ ᠤᠨ ᠵᠤᠬᠢᠶᠠᠨ ᠪᠠᠶᠢᠭᠤᠯᠬᠤ ᠠᠵᠢᠯ ᠤᠨ ᠬᠤᠷᠡᠯ ᠤᠨ ᠵᠤᠷᠢᠭ ᠰᠠᠨᠠᠭ᠎ᠠ ᠪᠤᠯᠤᠨ ᠪᠦᠬᠦ ᠤᠷᠤᠨ ᠤ ᠵᠤᠬᠢᠶᠠᠨ ᠪᠠᠶᠢᠭᠤᠯᠬᠤ ᠠᠵᠢᠯ ᠤᠨ ᠬᠤᠷᠡᠯ ᠤᠨ ᠪᠠᠶᠢᠷᠢᠯᠠᠭᠤᠯᠤᠯᠳᠠ ᠶᠢ ᠬᠦᠨᠵᠡᠬᠡᠢ ᠨᠠᠶᠢᠳᠠᠪᠤᠷᠢᠵᠢᠭᠤᠯᠵᠥ᠂ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠱᠦᠵᠢ ᠶᠢ ᠲᠦᠪᠯᠡᠷᠡᠬᠦᠯᠵᠥ ᠡᠬᠡᠯᠵᠢᠯᠡᠨ ᠪᠤᠯᠪᠠᠰᠤᠷᠠᠭᠤᠯᠬᠤ ᠠᠵᠢᠯ ᠢ ︽ᠤᠮᠠᠷᠠᠳᠤ ᠬᠢᠯᠢ ᠶᠢᠨ ᠬᠤᠰᠢᠭᠤᠴᠢ︾ ᠢᠨᠵᠧᠨᠧᠷᠢᠩ ᠤᠨ ᠭᠤᠤᠯᠳᠠᠯᠭ᠎ᠠ ᠲᠠᠢ ᠡᠬᠦᠷᠬᠡ ᠪᠠᠨ ᠪᠤᠯᠭᠠᠵᠥ᠂ ᠨᠠᠮ ᠤᠨ ᠪᠠᠶᠢᠭᠤᠯᠤᠯᠳᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠳᠤ ᠤᠷᠤᠭᠤᠯᠵᠥ᠂ ᠴᠢᠬᠤᠯᠠ ᠡᠳᠤᠷ ᠲᠤᠳᠤᠮ ᠤᠨ ᠵᠦᠪᠯᠡᠬᠦ ᠵᠦᠢᠯ ᠳᠡᠭᠡᠨ ᠤᠷᠤᠭᠤᠯᠵᠥ᠂ ᠤᠷᠤᠭᠤᠯᠤᠯᠳᠠ ᠪᠠᠳᠤᠯᠠᠭ᠎ᠠ ᠪᠤᠯᠤᠨ ᠱᠠᠭᠠᠷᠳᠠᠨ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠥ᠂ ᠦᠨᠳᠦᠰᠦᠨ ᠱᠠᠳᠤ ᠶᠢ ᠠᠳᠬᠤᠬᠤ ᠦᠨᠳᠦᠰᠦᠨ ᠱᠠᠳᠤ ᠶᠢ ᠬᠦᠴᠦᠷᠬᠡᠭᠵᠢᠬᠦᠯᠬᠦ ᠡᠯ᠎ᠡ ᠵᠦᠢᠯ ᠎ ᠤᠨ ᠠᠵᠢᠯ ᠢ ᠬᠦᠨᠵᠡᠬᠡᠢ ᠬᠢᠵᠥ ᠨᠠᠷᠢᠯᠢᠭ ᠬᠢᠬᠦ ᠬᠡᠷᠡᠭᠳᠡᠢ᠃ ᠡᠯ᠎ᠡ ᠱᠠᠳᠤᠨ ᠤ ᠵᠤᠬᠢᠶᠠᠨ ᠪᠠᠶᠢᠭᠤᠯᠬᠤ ᠰᠠᠯᠠᠭ᠎ᠠ ᠮᠦᠴᠢᠷ ᠤᠳ ᠭᠤᠤᠯ ᠵᠦᠢᠯ ᠤᠨ ᠲᠤᠭᠤᠷᠢᠨ ᠳᠤ ᠶᠡᠭᠡ ᠲᠡᠯ᠎ᠡ ᠳᠤ ᠦᠢᠯᠡᠴᠢᠯᠡᠵᠥ᠂ ᠪᠤᠳᠠᠳᠤ ᠪᠠᠶᠢᠳᠠᠯ ᠲᠠᠢ ᠨᠢᠬᠳᠠ ᠤᠶᠠᠯᠳᠤᠭᠤᠯᠵᠥ᠂ ᠲᠦᠪᠯᠡᠷᠡᠬᠦᠯᠵᠥ ᠡᠬᠡᠯᠵᠢᠯᠡᠨ ᠪᠤᠯᠪᠠᠰᠤᠷᠠᠭᠤᠯᠬᠤ ᠠᠵᠢᠯ ᠢ ᠵᠢᠭᠠᠨ ᠵᠢᠯᠤᠭᠤᠳᠴᠦ ᠰᠢᠮᠳᠠᠭᠤᠯᠤᠨ ᠵᠢᠯᠤᠭᠤᠳᠬᠤ ᠪᠠᠨ ᠴᠢᠩᠭᠠᠳᠬᠠᠵᠥ᠂ ᠰᠤᠷᠤᠯᠴᠠᠯᠭ᠎ᠠ ᠪᠤᠯᠪᠠᠰᠤᠷᠠᠯ ᠨᠢ ᠪᠤᠳᠠᠳᠤ ᠬᠡᠷᠡᠭᠴᠡᠭᠡᠳᠡᠢ᠂ ᠪᠤᠳᠠᠳᠤ ᠦᠷ᠎ᠡ ᠪᠦᠳᠦᠮᠵᠢᠳᠠᠢ ᠪᠠᠶᠢᠬᠤ ᠶᠢ ᠦᠨᠡᠨ ᠬᠦ ᠪᠠᠳᠤᠯᠠᠬᠤ ᠬᠡᠷᠡᠭᠳᠡᠢ᠃ ᠦᠷᠬᠡᠨ ᠤᠯᠠᠨ ᠭᠠᠴᠠᠭ᠎ᠠ ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠱᠦᠵᠢ ︽ᠲᠦᠷᠪᠡᠨ ᠤᠬᠠᠮᠰᠠᠷ︾᠎ ᠢᠶᠠᠨ ᠦᠨᠡᠨ ᠬᠦ ᠳᠡᠭᠡᠭᠰᠢᠯᠡᠭᠦᠯᠦᠨ᠂ ︽ᠲᠦᠷᠪᠡᠨ ᠢᠳᠡᠬᠡᠯ︾᠎ ᠢᠶᠠᠨ ᠪᠠᠳᠤᠳᠬᠠᠵᠥ᠂ ᠰᠤᠷᠤᠯᠴᠠᠯᠭ᠎ᠠ ᠪᠤᠯᠪᠠᠰᠤᠷᠠᠯ ᠳᠤ ᠢᠳᠡᠪᠬᠢᠳᠡᠢ ᠤᠷᠤᠯᠴᠠᠵᠥ᠂ ᠤᠯᠤᠰ ᠲᠦᠷᠦ ᠶᠢᠨ ᠤᠬᠠᠮᠰᠠᠷ ᠢᠶᠠᠨ ᠴᠢᠨᠠᠭᠰᠢᠳᠠ ᠲᠡᠭᠡᠭᠰᠢᠯᠡᠬᠦᠯᠵᠥ᠂ ᠲᠤᠰᠢᠶᠠᠯ ᠢᠶᠠᠨ ᠬᠦᠢᠴᠡᠳᠬᠡᠬᠦ ᠴᠢᠳᠠᠪᠤᠷᠢ ᠪᠠᠨ ᠲᠡᠭᠡᠭᠰᠢᠯᠡᠬᠦᠯᠵᠥ᠂ ᠮᠠᠯᠵᠢᠬᠤ ᠲᠠᠷᠢᠶᠠᠯᠠᠬᠤ ᠤᠷᠤᠨ ᠤ ᠦᠷᠬᠡᠨ ᠤᠯᠠᠨ ᠨᠠᠮ ᠤᠨ ᠬᠡᠰᠢᠬᠦᠨ ᠤᠯᠠᠨ ᠲᠦᠮᠡᠨ ᠢ ᠨᠡᠩ ᠰᠠᠶᠢᠳᠤᠷ ᠵᠤᠬᠢᠶᠠᠨ ᠪᠠᠶᠢᠭᠤᠯᠤᠨ ᠲᠠᠶᠢᠴᠢᠯᠠᠵᠥ᠂ ᠨᠠᠮ ᠤᠨ ᠵᠤᠬᠢᠶᠠᠨ ᠪᠠᠶᠢᠭᠤᠯᠤᠯᠳᠠ ᠶᠢᠨ ᠲᠠᠶᠢᠴᠢᠨ ᠪᠠᠬᠢᠯᠡᠯᠳᠡ ᠎ ᠶᠢᠨ ᠦᠢᠯᠡᠳᠦᠯ ᠪᠤᠯᠤᠨ ᠨᠠᠮ ᠤᠨ ᠬᠡᠰᠢᠬᠦᠨ ᠤ ᠬᠤᠰᠢᠭᠤᠴᠢ ᠵᠢᠱᠢᠶᠡᠴᠢ ᠦᠢᠯᠡᠳᠦᠯ ᠢ ᠨᠡᠩ ᠰᠠᠶᠢᠳᠤᠷ ᠪᠠᠳᠠᠷᠠᠭᠤᠯᠵᠥ᠂ ᠨᠠᠮ ᠤᠨ ᠲᠦᠪ ᠬᠤᠷᠢᠶᠠᠨ ᠤ ᠡᠯ᠎ᠡ ᠵᠦᠢᠯ ᠤᠨ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠎ ᠶᠢ ᠨᠡᠩ ᠰᠠᠶᠢᠳᠤᠷ ᠨᠠᠶᠢᠳᠠᠪᠤᠷᠢᠵᠢᠭᠤᠯᠵᠥ᠂ ᠬᠦᠳᠡᠭᠡ ᠲᠤᠰᠬᠤᠨ ᠢ ᠬᠦᠭᠵᠢᠬᠦᠯᠥᠨ ᠮᠠᠨᠳᠤᠭᠤᠯᠵᠤ ᠦᠨᠳᠦᠰᠦᠳᠡᠨ ᠤ ᠪᠦᠯᠬᠦᠮᠳᠡᠯ ᠪᠤᠯᠤᠨ ᠬᠢᠯᠢ ᠬᠢᠵᠠᠭᠠᠷ ᠤᠨ ᠠᠮᠤᠷ ᠲᠤᠭᠳᠠᠭᠤᠨ ᠢ ᠠᠬᠢᠭᠤᠯᠤᠭᠰᠠᠨ ᠪᠤᠳᠠᠳᠠᠢ ᠦᠷ᠎ᠡ ᠪᠦᠳᠤᠮᠵᠢ ᠪᠠᠷ ︽ᠬᠤᠶᠠᠷ ᠢ ᠡᠷᠡᠰ ᠬᠠᠮᠠᠭᠠᠯᠠᠬᠤ︾᠎ ᠶᠢ ᠦᠢᠯᠡᠳᠦᠯᠬᠡᠵᠢᠬᠦᠯᠵᠥ᠂ ᠨᠠᠮ ᠤᠨ ᠲᠤᠭ ᠢ ᠦᠨᠳᠦᠰᠦᠨ ᠱᠠᠳᠤᠨ ᠤ ᠵᠢᠭᠰᠠᠭᠠᠯ ᠎ ᠤᠨ ᠭᠠᠵᠠᠷ ᠪᠤᠯᠭᠠᠨ ᠳᠤ ᠦᠨᠳᠤᠷ ᠮᠠᠨᠳᠤᠭᠤᠯᠬᠤ ᠬᠡᠷᠡᠭᠳᠡᠢ ᠭᠡᠵᠡᠢ᠃       ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠵᠤᠬᠢᠶᠠᠨ ᠪᠠᠶᠢᠭᠤᠯᠬᠤ ᠬᠡᠯᠳᠡᠰ ᠤᠨ ᠲᠠᠷᠤᠭ᠎ᠠ ᠽᠧᠩ ᠢ ᠴᠦᠨ ᠨᠢᠬᠡᠳᠤᠭᠡᠷ ᠬᠤᠭᠤᠴᠠᠭᠠᠨ ᠤ ᠵᠢᠱᠢᠶ᠎ᠠ ᠦᠵᠡᠬᠦᠯᠬᠦ ᠪᠤᠯᠪᠠᠰᠤᠷᠠᠯ ᠤᠨ ᠠᠩᠬᠢ ᠳᠤ ᠤᠷᠤᠯᠴᠠᠵᠤ ᠶᠠᠷᠢᠶ᠎ᠠ ᠲᠠᠯᠪᠢᠵᠠᠢ᠃       ᠽᠧᠩ ᠢ ᠴᠦᠨ ᠵᠢᠭᠠᠭᠰᠠᠨ ᠨᠢ᠂ ᠰᠢᠨ᠎ᠠ ᠪᠠᠶᠢᠳᠠᠯ ᠲᠤᠤᠷ᠎ᠠ ᠭᠠᠴᠠᠭ᠎ᠠ ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠱᠦᠵᠢ ᠶᠢᠨ ᠠᠵᠢᠯ ᠢ ᠰᠠᠶᠢᠳᠤᠷ ᠬᠢᠬᠦ ᠳᠤ ᠵᠠᠪᠠᠯ ᠬᠠᠷᠢᠭᠤᠴᠠᠯᠭᠠᠳᠤ ᠰᠡᠳᠬᠢᠯᠬᠡ ᠪᠠᠨ ᠴᠢᠩᠭᠠᠳᠬᠠᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠬᠤ᠂ ᠵᠤᠬᠢᠶᠠᠨ ᠪᠠᠶᠢᠭᠤᠯᠤᠯᠳᠠ ᠶᠢᠨ ᠰᠢᠰᠲ᠋ᠧᠮᠵᠢ ᠶᠢ ᠨᠢᠬᠳᠠᠷᠠᠭᠤᠯᠬᠤ ᠦᠨᠳᠤᠷᠴᠡ ᠠᠴᠠ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢ ᠰᠠᠶᠢᠳᠤᠷ ᠬᠢᠵᠤ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠦᠨᠳᠤᠷᠴᠡ ᠠᠴᠠ᠂ ᠦᠨᠳᠤᠰᠤᠨ ᠱᠠᠳᠤᠨ ᠤ ᠨᠡᠶᠢᠬᠡᠮ ᠤᠨ ᠵᠠᠰᠠᠯᠳᠠ ᠶᠢ ᠠᠬᠢᠭᠤᠯᠵᠤ᠂ ᠬᠢᠯᠢ ᠬᠢᠵᠠᠭᠠᠷ ᠤᠨ ᠠᠮᠤᠷ ᠲᠤᠭᠳᠠᠭᠤᠨ ᠢ ᠬᠠᠮᠠᠭᠠᠯᠠᠬᠤ ᠦᠨᠳᠤᠷᠴᠡ ᠠᠴᠠ ᠠᠰᠠᠭᠤᠳᠠᠯ ᠢ ᠦᠵᠡᠵᠤ ᠠᠰᠠᠭᠤᠳᠠᠯ ᠢ ᠪᠤᠳᠤᠯᠬᠢᠯᠠᠬᠤ ᠭᠡᠷᠡᠭᠳᠠᠢ᠃ ᠤᠬᠠᠮᠰᠠᠷ ᠠᠴᠠ ᠪᠠᠨ ᠭᠤᠤᠯ ᠬᠠᠷᠢᠭᠤᠴᠠᠯᠭ᠎ᠠ ᠶᠢ ᠡᠬᠦᠷᠬᠡᠯᠠᠵᠤ᠂ ᠤᠷᠤᠯᠭ᠎ᠠ ᠶᠢ ᠨᠡᠮᠡᠭᠳᠡᠬᠦᠯᠵᠤ ᠪᠠᠶᠠᠵᠢᠭᠤᠯᠬᠤ᠂ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ᠂ ᠦᠬᠡᠷᠡᠴᠢᠯᠠᠯᠳᠠ ᠶᠢ ᠬᠦᠨᠵᠡᠬᠡᠶᠢᠷᠡᠬᠦᠯᠬᠦ᠂ ᠨᠡᠶᠢᠬᠡᠮ ᠤᠨ ᠵᠠᠰᠠᠯᠳᠠ᠂ ᠵᠤᠬᠢᠶᠠᠨ ᠪᠠᠶᠢᠭᠤᠯᠤᠯᠳᠠ ᠶᠢᠨ ᠴᠤᠬᠴᠠᠯᠠᠯᠳᠠ ᠵᠡᠷᠬᠡ ᠭᠤᠤᠯ ᠦᠢᠯᠡᠰ ᠢ ᠠᠳᠬᠤᠵᠤ᠂ ᠰᠢᠨ᠎ᠠ ᠬᠠᠷᠢᠭᠤᠴᠠᠯᠭ᠎ᠠ ᠡᠬᠦᠷᠬᠡᠯᠠᠯ ᠰᠢᠨ᠎ᠠ ᠵᠢᠳᠬᠦᠯ ᠴᠢᠷᠮᠠᠶᠢᠯᠭ᠎ᠠ ᠪᠠᠨ ᠢᠯᠡᠷᠡᠬᠦᠯᠬᠦ ᠭᠡᠷᠡᠭᠳᠠᠢ᠃ ᠰᠠᠶᠢᠨ ᠲᠠᠭᠠᠭᠤᠯᠤᠬᠴᠢ ᠪᠠ ᠬᠤᠰᠢᠭᠤᠴᠢ ᠪᠤᠯᠵᠤ᠂ ᠦᠨᠡᠨ ᠴᠢᠳᠠᠪᠤᠷᠢ ᠴᠠᠭᠠᠷᠠᠭᠰᠠᠨ ᠮᠡᠷᠬᠡᠵᠢᠯ ᠢ ᠪᠤᠯᠪᠠᠰᠤᠷᠠᠵᠤ᠂ ᠤᠯᠤᠰ ᠲᠦᠷᠤ ᠶᠢᠨ ᠲᠠᠯ᠎ᠠ ᠪᠠᠷ ᠴᠢᠩᠭ᠎ᠠ᠂ ᠵᠦᠪ ᠶᠠᠪᠤᠳᠠᠯ ᠢ ᠬᠢᠬᠦ᠂ ᠬᠠᠷᠢᠭᠤᠴᠠᠯᠭ᠎ᠠ ᠴᠢᠩᠭ᠎ᠠ᠂ ᠵᠤᠷᠢᠬᠳᠠᠢ ᠡᠬᠦᠷᠬᠡᠯᠡᠬᠦ᠂ ᠠᠷᠭ᠎ᠠ ᠪᠠᠷᠢᠯ ᠤᠯᠠᠨᠳᠠᠢ᠂ ᠶᠠᠪᠤᠳᠠᠯ ᠪᠦᠳᠤᠬᠡᠬᠦ ᠳᠤ ᠴᠢᠳᠠᠮᠠᠭᠠᠢ᠂ ᠰᠠᠨᠠᠭ᠎ᠠ ᠰᠡᠳᠬᠢᠯ ᠠᠭᠤᠵᠢᠭᠤ᠂ ᠡᠶ᠎ᠡ ᠨᠠᠶᠢᠷᠳᠠᠢ ᠠᠵᠢᠯᠯᠠᠬᠤ᠂ ᠦᠪᠡᠷ ᠤᠨ ᠪᠠᠶ᠎ᠠ ᠠᠷᠢᠭᠤᠨ ᠴᠢᠬᠡᠴᠢ᠂ ᠭᠡᠷᠡᠭ ᠭᠠᠷᠭᠠᠬᠤ ᠦᠬᠡᠢ ᠪᠠᠶᠢᠬᠤ ᠶᠢ ᠪᠡᠶᠡᠯᠡᠬᠦᠯᠵᠤ᠂ ᠮᠠᠯᠵᠢᠬᠤ ᠲᠠᠷᠢᠶᠠᠯᠠᠬᠤ ᠤᠷᠤᠨ ᠤ ᠴᠠᠬ ᠲᠠᠭᠠᠨ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠳᠤ ᠢᠳᠡᠪᠬᠢ ᠬᠤᠪᠢ ᠨᠡᠮᠡᠷᠢ ᠦᠵᠡᠬᠦᠯᠬᠦ ᠭᠡᠷᠡᠭᠳᠠᠢ ᠬᠡᠪᠠ᠃       ᠬᠤᠭᠤᠴᠠᠭ᠎ᠠ ᠪᠦᠷᠢ 5 ᠡᠳᠤᠷ ᠲᠦᠪᠯᠡᠷᠡᠬᠦᠯᠵᠤ ᠡᠬᠡᠯᠵᠢᠯᠠᠨ ᠪᠤᠯᠪᠠᠰᠤᠷᠠᠭᠤᠯᠤᠨ᠎ᠠ᠂ ᠲᠤᠰᠬᠠᠢ ᠰᠡᠳᠤᠪ ᠢᠶᠠᠷ ᠬᠠᠪᠰᠤᠷᠤᠨ ᠵᠢᠯᠤᠭᠤᠳᠬᠤ᠂ ᠦᠪᠡᠷ ᠤᠨ ᠦᠩᠬᠡᠷᠡᠯᠳᠠ ᠪᠠᠨ ᠶᠠᠷᠢᠬᠤ᠂ ᠲᠤᠬᠠᠢ ᠶᠢᠨ ᠭᠠᠵᠠᠷ ᠲᠤ ᠵᠢᠭᠠᠨ ᠰᠤᠷᠭᠠᠬᠤ᠂ ᠰᠤᠯᠢᠯᠴᠠᠭ᠎ᠠ ᠬᠢᠬᠦ ᠵᠡᠷᠬᠡ ᠠᠷᠭ᠎ᠠ ᠬᠡᠯᠪᠡᠷᠢ ᠪᠠᠷ ᠲᠠᠷᠠᠭ᠎ᠠ ᠵᠢᠯ ᠤᠨ 6 ᠳ᠋ᠤᠭᠠᠷ ᠰᠠᠷ᠎ᠠ ᠪᠤᠯᠳᠠᠯ᠎ᠠ ᠪᠦᠬᠦ ᠤᠷᠤᠨ ᠤ ᠭᠠᠴᠠᠭ᠎ᠠ ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠱᠦᠵᠢ ᠪᠦᠬᠦᠨ ᠢ ᠨᠢᠬᠡ ᠤᠳᠠᠭ᠎ᠠ ᠠᠵᠢᠯ ᠠᠴᠠ ᠨᠢ ᠰᠠᠯᠭᠠᠵᠤ ᠬᠦᠮᠤᠵᠢᠬᠦᠯᠤᠨ ᠪᠤᠯᠪᠠᠰᠤᠷᠠᠭᠤᠯᠬᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号