︽ᠪᠦᠬᠦ ᠶᠠᠪᠤᠴᠠ ᠶᠢ ᠡᠯᠧᠺᠲᠷᠣᠨᠵᠢᠭᠦᠯᠬᠦ ᠵᠢᠴᠢ ᠵᠠᠭᠤᠴᠢ ᠦᠭᠡᠢ ᠡᠯᠧᠺᠲᠷᠣᠨ ᠡᠵᠡᠩᠨᠡᠯᠲᠡ ᠶᠢᠨ ᠦᠨᠡᠮᠯᠡᠯ ᠢ ᠬᠡᠷᠡᠭᠵᠢᠭᠦᠯᠬᠦ ᠲᠤᠬᠠᠢ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠮᠡᠳᠡᠭᠳᠡᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2018/8/28
     ᠨᠢᠭᠡ᠂ ︽ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠬᠦ ᠪᠦᠬᠦ ᠶᠠᠪᠤᠴᠠ ᠶᠢ ᠡᠯᠧᠺᠲᠷᠣᠨᠵᠢᠭᠦᠯᠬᠦ︾ ᠥᠭᠡᠷᠡᠴᠢᠯᠡᠯᠲᠡ ᠨᠢ ᠶᠠᠮᠠᠷ ᠴᠢᠬᠤᠯᠠ ᠠᠴᠢ ᠬᠤᠯᠪᠣᠭᠳᠠᠯ ᠲᠠᠢ ᠪᠣᠢ︖      ︽ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠬᠦ ᠪᠦᠬᠦ ᠶᠠᠪᠤᠴᠠ ᠶᠢ ᠡᠯᠧᠺᠲᠷᠣᠨᠵᠢᠭᠦᠯᠬᠦ︾ ᠥᠭᠡᠷᠡᠴᠢᠯᠡᠯᠲᠡ ᠪᠣᠯ ᠮᠠᠨ ᠤ ᠣᠷᠣᠨ ᠠᠴᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠲᠠᠯᠪᠢᠬᠤ᠂ ᠲᠠᠯᠪᠢᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠴᠢᠬᠤᠯᠠ ᠠᠷᠭ᠎ᠠ ᠬᠡᠮᠵᠢᠶ᠎ᠡ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠨᠢᠭᠡ ᠤᠳᠠᠭᠠᠨ ᠤ ᠴᠣ ᠰᠢᠨ᠎ᠡ ᠥᠷᠭᠡᠳᠬᠡᠯ ᠪᠠ ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠬᠦ ᠬᠠᠮᠢᠶᠠᠷᠤᠯᠲᠠ ᠶᠢ ᠳᠥᠭᠦᠮᠴᠢᠯᠡᠬᠦ ᠶᠢᠨ ᠪᠦᠲᠦᠮᠵᠢᠲᠡᠢ ᠠᠷᠭ᠎ᠠ ᠵᠠᠮ ᠪᠣᠯᠣᠨ᠎ᠠ︔ ︽ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠬᠦ ᠪᠦᠬᠦ ᠶᠠᠪᠤᠴᠠ ᠶᠢ ᠡᠯᠧᠺᠲᠷᠣᠨᠵᠢᠭᠦᠯᠬᠦ︾ ᠶᠢ ᠬᠡᠷᠡᠭᠵᠢᠭᠦᠯᠬᠦ ᠨᠢ᠂ ᠴᠠᠭ ᠬᠤᠭᠤᠴᠠᠭ᠎ᠠ ᠪᠠ ᠣᠷᠣᠨ ᠵᠠᠢ ᠶᠢᠨ ᠬᠢᠵᠠᠭᠠᠷᠯᠠᠯ ᠢ ᠪᠦᠲᠦᠮᠵᠢᠲᠡᠢ ᠰᠢᠪᠲᠤᠯᠵᠤ ᠪᠣᠯᠬᠤ ᠪᠥᠭᠡᠳ ᠤᠤᠯ ᠤᠨ 8 ᠴᠠᠭ ᠤᠨ ᠠᠵᠢᠯᠯᠠᠬᠤ ᠡᠳᠦᠷ ᠢ ᠡᠳᠦᠷ ᠲᠣᠵᠢ ᠭᠤᠶᠤᠴᠢᠯᠠᠬᠤ ᠲᠡᠶᠢᠰᠢ ᠤᠷᠲᠤᠳᠬᠠᠨ᠂ ᠤᠯᠠᠮᠵᠢᠯᠠᠯᠲᠤ ᠳᠠᠩᠰᠠᠯᠠᠨ ᠲᠡᠮᠳᠡᠭᠯᠡᠬᠦ ᠴᠣᠩᠬᠤᠪᠴᠢ ᠶᠢ ᠬᠡᠶᠢᠰᠪᠦᠷᠢᠯᠡᠭᠰᠡᠨ ᠰᠦᠯᠵᠢᠶᠡᠨ ᠤ ᠲᠠᠩᠬᠢᠮ ᠲᠡᠶᠢᠰᠢ ᠥᠷᠭᠡᠳᠬᠡᠵᠦ᠂ ᠭᠤᠶᠤᠴᠢᠯᠠᠭᠴᠢ ᠴᠢᠨᠠᠭᠰᠢᠯᠠᠭᠠᠳ ᠭᠡᠷ ᠠᠴᠠ ᠪᠠᠨ ᠭᠠᠷᠬᠤ ᠦᠭᠡᠢ᠂ ᠣᠨᠳᠣᠣ ᠭᠠᠵᠠᠷ ᠪᠠᠶᠢᠭᠰᠠᠨ ᠴᠤ ᠡᠯ᠎ᠡ ᠲᠥᠷᠥᠯ ᠤᠨ ᠠᠵᠤ ᠦᠢᠯᠡᠳᠪᠦᠷᠢ ᠬᠤᠳᠠᠯᠳᠤᠭᠠᠨ ᠤ ᠲᠡᠮᠳᠡᠭᠯᠡᠭᠦᠯᠦᠨ ᠳᠠᠩᠰᠠᠯᠠᠭᠤᠯᠬᠤ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠬᠤ ᠶᠢ ᠪᠡᠶᠡᠯᠡᠭᠦᠯᠵᠦ  ᠂ ︽ᠮᠡᠳᠡᠭᠡ ᠵᠠᠩᠭᠢ  ᠶᠢ ᠢᠯᠡᠭᠦᠬᠡᠨ ᠠᠰᠢᠭᠯᠠᠵᠤ  ᠂ ᠣᠯᠠᠨ ᠲᠦᠮᠡᠨ  ᠢ ᠳᠤᠲᠠᠭᠤ ᠭᠦᠶᠦᠯᠭᠡᠬᠦ︾ ᠵᠠᠰᠠᠭ ᠢ ᠴᠣᠮᠬᠠᠳᠬᠠᠬᠤ ᠦᠵᠡᠯ ᠰᠠᠨᠠᠭ᠎ᠠ ᠶᠢ ᠭᠦᠢᠴᠡᠳ ᠢᠯᠡᠷᠡᠭᠦᠯᠪᠡ︔ ︽ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠬᠦ ᠪᠦᠬᠦ ᠶᠠᠪᠤᠴᠠ ᠶᠢ ᠡᠯᠧᠺᠲᠷᠣᠨᠵᠢᠭᠦᠯᠬᠦ︾ ᠳᠠᠩᠰᠠᠯᠠᠨ ᠲᠡᠮᠳᠡᠭᠯᠡᠬᠦ ᠰᠢᠨ᠎ᠡ ᠵᠠᠭᠪᠤᠷ ᠢ ᠮᠠᠨ ᠤ ᠣᠷᠣᠨ ᠳᠤ ᠪᠦᠬᠦ ᠲᠠᠯ᠎ᠠ ᠪᠠᠷ ᠬᠡᠷᠡᠭᠵᠢᠭᠦᠯᠬᠦ ᠶᠢ ᠳᠠᠭᠠᠯᠳᠤᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠡᠮᠳᠡᠭᠯᠡᠭᠦᠯᠦᠨ ᠳᠠᠩᠰᠠᠯᠠᠭᠤᠯᠬᠤ ᠴᠠᠭ ᠤᠨ ᠬᠢᠵᠠᠭᠠᠷ ᠢ ᠤᠯᠠᠮ ᠨᠢᠭᠡ ᠠᠯᠬᠤᠮ ᠪᠣᠭᠤᠨᠢᠰᠬᠠᠨ᠂ ᠠᠵᠤ ᠠᠬᠤᠶᠢᠯᠠᠯ ᠤᠨ ᠳᠦᠷᠢᠮ ᠤᠨ ᠴᠢᠨᠠᠷᠲᠠᠢ ᠥᠪᠡᠷ ᠤᠨ ᠥᠷᠲᠡᠭ ᠢ ᠨᠢ ᠪᠠᠭᠠᠰᠬᠠᠵᠤ᠂ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠥᠪᠡᠷ ᠤᠨ ᠥᠷᠲᠡᠭ ᠢ ᠪᠠᠭᠤᠷᠠᠭᠤᠯᠵᠤ᠂ ᠵᠠᠰᠠᠭ ᠵᠠᠬᠢᠷᠭᠠᠨ ᠤ ᠬᠢᠨᠠᠯᠲᠠ ᠵᠥᠪᠰᠢᠶᠡᠷᠡᠯ ᠤᠨ ᠦᠷ᠎ᠡ ᠴᠢᠳᠠᠮᠵᠢ ᠶᠢ ᠳᠡᠭᠡᠭᠰᠢᠯᠡᠭᠦᠯᠦᠨ᠂ ᠦᠢᠯᠡᠴᠢᠯᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ ᠪᠦᠷ ᠴᠢᠬᠤᠯᠠ ᠠᠴᠢ ᠬᠤᠯᠪᠣᠭᠳᠠᠯ ᠲᠠᠢ ᠪᠠᠶᠢᠳᠠᠭ᠃      ᠬᠤᠶᠠᠷ᠂ ᠪᠦᠬᠦ ᠶᠠᠪᠤᠴᠠ ᠶᠢ ᠡᠯᠧᠺᠲᠷᠣᠨᠵᠢᠭᠦᠯᠬᠦ ᠪᠠ ᠵᠠᠭᠤᠴᠢ ᠦᠭᠡᠢ ᠡᠯᠧᠺᠲᠷᠣᠨ ᠡᠵᠡᠩᠨᠡᠯᠲᠡ ᠶᠢᠨ ᠦᠨᠡᠮᠯᠡᠯ ᠤᠨ ᠬᠡᠷᠡᠭᠯᠡᠭᠳᠡᠬᠦ ᠬᠡᠪᠴᠢᠶ᠎ᠡ ᠨᠢ ᠶᠠᠭᠤ ᠪᠣᠢ︖      ᠡᠵᠡᠩᠨᠡᠯᠲᠡ ᠶᠢᠨ ᠬᠡᠪᠴᠢᠶᠡᠨ ᠳᠤ ᠨᠢ ᠤᠷᠢᠳᠤᠴᠢ ᠬᠢᠨᠠᠨ ᠵᠥᠪᠰᠢᠶᠡᠷᠡᠬᠦ ᠵᠦᠢᠯᠡᠰ ᠠᠭᠤᠯᠤᠭᠳᠠᠬᠤ᠂ ᠵᠢᠴᠢ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠣᠭᠤᠯᠤᠭᠰᠠᠨ ᠠᠵᠤ ᠠᠬᠤᠶᠢᠯᠠᠯ ᠢ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠳᠤ ᠬᠠᠷᠢᠶᠠᠯᠠᠭᠳᠠᠬᠤ ᠣᠨᠴᠠᠭᠠᠢ ᠠᠷᠭ᠎ᠠ ᠬᠡᠮᠵᠢᠶ᠎ᠡ ︵ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠬᠤᠷᠢᠭ᠎ᠠ ᠴᠠᠭᠠᠵᠠ ᠲᠠᠢ ᠵᠦᠢᠯᠡᠰ︶ ᠠᠴᠠ ᠭᠠᠳᠠᠨ᠎ᠠ᠂ ᠪᠦᠬᠦ ᠣᠷᠣᠨ ᠤ ᠬᠡᠪᠴᠢᠶᠡᠨ ᠳᠤ᠂ ᠪᠣᠢ ᠪᠦᠬᠦᠢ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠠᠮᠤᠷᠤᠭᠰᠠᠨ ᠳᠠᠩᠰᠠᠯᠠᠨ ᠲᠡᠮᠳᠡᠭᠯᠡᠬᠦ ᠲᠤᠬᠠᠶᠢᠯᠠᠭᠰᠠᠨ ᠠᠵᠢᠯ ᠢ ᠬᠡᠷᠡᠭᠵᠢᠭᠦᠯᠦᠨ᠂ ᠪᠣᠢ ᠪᠦᠬᠦᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠥᠷᠥᠯ ᠬᠡᠯᠪᠡᠷᠢ ᠶᠢᠨ ᠪᠦᠬᠦ ᠶᠠᠪᠤᠴᠠ ᠶᠢ ᠡᠯᠧᠺᠲᠷᠣᠨᠵᠢᠭᠦᠯᠵᠦ ᠳᠠᠩᠰᠠᠯᠠᠨ ᠲᠡᠮᠳᠡᠭᠯᠡᠬᠦ ᠳᠤ ᠬᠡᠷᠡᠭᠯᠡᠭᠳᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠠᠴᠠ ᠨᠡᠷᠡᠶᠢᠳᠦᠯ ᠢᠶᠠᠨ ᠬᠠᠷᠭᠤᠭᠤᠯᠤᠨ ᠵᠥᠪᠰᠢᠶᠡᠷᠡᠭᠦᠯᠬᠦ᠂ ᠲᠣᠬᠢᠷᠠᠭᠤᠯᠬᠤ᠂ ᠥᠭᠡᠷᠡᠴᠢᠯᠡᠬᠦ᠂ ᠪᠦᠷᠢᠳᠬᠡᠨ ᠳᠠᠩᠰᠠᠯᠠᠬᠤ᠂ ᠰᠲ᠋ᠣᠺ ᠤᠨ ᠡᠷᠬᠡ ᠶᠢᠨ ᠪᠠᠲᠤᠯᠠᠪᠤᠷᠢ ᠭᠠᠷᠭᠠᠬᠤ᠂ ᠳᠠᠩᠰᠠᠨ ᠠᠴᠠ ᠬᠠᠰᠤᠵᠤ ᠬᠦᠴᠦᠨ ᠦᠭᠡᠢ ᠪᠣᠯᠭᠠᠬᠤ ᠪᠠᠷ ᠭᠤᠶᠤᠴᠢᠯᠠᠬᠤ ᠵᠡᠷᠭᠡ ᠳᠠᠩᠰᠠᠯᠠᠨ ᠲᠡᠮᠳᠡᠭᠯᠡᠬᠦ ᠲᠤᠬᠠᠶᠢᠯᠠᠭᠰᠠᠨ ᠠᠵᠢᠯ ᠢ ᠴᠥᠮ ᠪᠦᠬᠦ ᠶᠠᠪᠤᠴᠠ ᠶᠢ ᠡᠯᠧᠺᠲᠷᠣᠨᠵᠢᠭᠦᠯᠵᠦ ᠳᠠᠩᠰᠠᠯᠠᠨ ᠲᠡᠮᠳᠡᠭᠯᠡᠬᠦ ᠰᠢᠰᠲ᠋ᠧᠮ ᠢᠶᠠᠷ ᠳᠠᠮᠵᠢᠭᠤᠯᠤᠨ ᠭᠦᠢᠴᠡᠳᠬᠡᠵᠦ ᠪᠣᠯᠣᠨ᠎ᠠ᠃      ᠢᠨᠲ᠋ᠧᠷ ᠰᠦᠯᠵᠢᠶ᠎ᠡ ᠶᠢᠨ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷ ᠵᠢᠴᠢ ᠪᠣᠳᠠᠲᠤ ᠴᠣᠭᠴᠠ ᠶᠢᠨ ᠳᠠᠩᠰᠠᠯᠠᠭᠤᠯᠤᠨ ᠲᠡᠮᠳᠡᠭᠯᠡᠭᠦᠯᠬᠦ ᠶᠢᠨ ᠰᠦᠯᠵᠢᠶᠡᠨ ᠠᠴᠠ ᠭᠠᠳᠠᠭᠤᠷᠬᠢ ᠴᠣᠩᠬᠤᠪᠴᠢ ᠪᠠᠷ ᠳᠠᠮᠵᠢᠭᠤᠯᠤᠨ ᠭᠤᠶᠤᠴᠢᠯᠠᠨ ᠲᠣᠬᠢᠷᠠᠭᠤᠯᠤᠭᠰᠠᠨ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠦᠷ ᠡᠯᠧᠺᠲᠷᠣᠨ ᠡᠵᠡᠩᠨᠡᠯᠲᠡ ᠶᠢᠨ ᠦᠨᠡᠮᠯᠡᠯ ᠤᠨ ᠬᠠᠮᠢᠶᠠᠷᠤᠯᠲᠠ ᠶᠢᠨ ᠠᠢ ᠳᠤ ᠣᠷᠣᠭᠤᠯᠵᠤ᠂ ᠵᠠᠭᠤᠴᠢ ᠦᠭᠡᠢ ᠡᠯᠧᠺᠲᠷᠣᠨ ᠡᠵᠡᠩᠨᠡᠯᠲᠡ ᠶᠢᠨ ᠦᠨᠡᠮᠯᠡᠯ ᠲᠠᠷᠬᠠᠭᠠᠨ ᠣᠯᠭᠤᠨ᠎ᠠ᠃      ᠭᠤᠷᠪᠠ᠂ ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠬᠦ ᠪᠦᠬᠦ ᠶᠠᠪᠤᠴᠠ ᠶᠢ ᠡᠯᠧᠺᠲᠷᠣᠨᠵᠢᠭᠦᠯᠬᠦ ᠪᠠ ᠡᠯᠧᠺᠲᠷᠣᠨ ᠡᠵᠡᠩᠨᠡᠯᠲᠡ ᠶᠢᠨ ᠦᠨᠡᠮᠯᠡᠯ ᠨᠢ ᠤᠯᠠᠮᠵᠢᠯᠠᠯᠲᠤ ᠳᠠᠩᠰᠠᠯᠠᠨ ᠲᠡᠮᠳᠡᠭᠯᠡᠬᠦ ᠠᠷᠭ᠎ᠠ ᠬᠡᠯᠪᠡᠷᠢ ᠲᠠᠢ ᠶᠠᠮᠠᠷ ᠢᠯᠭᠠᠭ᠎ᠠ ᠲᠠᠢ ᠪᠣᠢ︖      ᠪᠦᠬᠦ ᠶᠠᠪᠤᠴᠠ ᠶᠢ ᠡᠯᠧᠺᠲᠷᠣᠨᠵᠢᠭᠦᠯᠬᠦ ᠪᠠ ᠵᠠᠭᠤᠴᠢ ᠦᠭᠡᠢ ᠡᠯᠧᠺᠲᠷᠣᠨ ᠡᠵᠡᠩᠨᠡᠯᠲᠡ ᠶᠢᠨ ᠦᠨᠡᠮᠯᠡᠯ ᠤᠨ ᠤᠯᠠᠮᠵᠢᠯᠠᠯᠲᠤ ᠳᠠᠩᠰᠠᠯᠠᠨ ᠲᠡᠮᠳᠡᠭᠯᠡᠬᠦ ᠠᠷᠭ᠎ᠠ ᠬᠡᠯᠪᠡᠷᠢ ᠯᠦᠭᠡ ᠶᠢᠨ ᠢᠯᠭᠠᠭ᠎ᠠ ᠨᠢ ᠭᠡᠪᠡᠯ᠂ ᠤᠯᠠᠮᠵᠢᠯᠠᠯᠲᠤ ᠳᠠᠩᠰᠠᠯᠠᠨ ᠲᠡᠮᠳᠡᠭᠯᠡᠬᠦ ᠠᠷᠭ᠎ᠠ ᠬᠡᠯᠪᠡᠷᠢ ᠨᠢ ᠬᠡᠪᠯᠡᠭᠰᠡᠨ ᠪᠢᠴᠢᠭ ᠤᠨ ᠮᠠᠲ᠋ᠧᠷᠢᠶᠠᠯ ᠢ ᠲᠤᠰᠢᠶᠠᠬᠤ ᠪᠠ ᠬᠢᠨᠠᠨ ᠪᠠᠶᠢᠴᠠᠭᠠᠬᠤ ᠪᠠᠷ ᠭᠤᠣᠯ ᠱᠤᠭᠤᠮ ᠪᠣᠯᠭᠠᠬᠤ ᠳᠤ᠂ ᠪᠦᠬᠦ ᠶᠠᠪᠤᠴᠠ ᠶᠢ ᠡᠯᠧᠺᠲᠷᠣᠨᠵᠢᠭᠦᠯᠬᠦ ᠪᠠ ᠵᠠᠭᠤᠴᠢ ᠦᠭᠡᠢ ᠡᠯᠧᠺᠲᠷᠣᠨ ᠡᠵᠡᠩᠨᠡᠯᠲᠡ ᠶᠢᠨ ᠦᠨᠡᠮᠯᠡᠯ ᠤᠨ ᠬᠠᠮᠤᠭ ᠤᠨ ᠮᠡᠳᠡᠭᠳᠡᠬᠦᠶᠢᠴᠡ ᠣᠨᠴᠠᠯᠢᠭ ᠪᠣᠯ ᠳᠠᠷᠤᠢ ᠮᠡᠳᠡᠭᠡ ᠵᠠᠩᠭᠢᠵᠢᠯᠲᠠ ᠶᠢᠨ ᠠᠷᠭ᠎ᠠ ᠠᠪᠴᠢᠯ ᠢᠶᠠᠷ ᠲᠦᠰᠢᠭ ᠪᠣᠯᠭᠠᠨ᠂ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ ᠵᠡᠷᠭᠡ ᠮᠡᠳᠡᠭᠡ ᠵᠠᠩᠭᠢᠵᠢᠯᠲᠡ ᠶᠢᠨ ᠠᠷᠭ᠎ᠠ ᠠᠪᠴᠢᠯ ᠢ ᠭᠦᠢᠴᠡᠳ ᠠᠰᠢᠭᠯᠠᠵᠤ᠂ ᠢᠨᠲ᠋ᠧᠷ ᠰᠦᠯᠵᠢᠶ᠎ᠡ ᠪᠠᠷ ᠭᠤᠶᠤᠴᠢᠯᠠᠬᠤ ᠮᠠᠲ᠋ᠧᠷᠢᠶᠠᠯ ᠢᠶᠠᠨ ᠲᠤᠰᠢᠶᠠᠬᠤ᠂ ᠠᠵᠤ ᠦᠢᠯᠡᠳᠪᠦᠷᠢ ᠬᠤᠳᠠᠯᠳᠤᠭᠠᠨ ᠤ ᠲᠤᠬᠠᠶᠢᠯᠠᠭᠰᠠᠨ ᠠᠵᠢᠯ ᠤᠨ ᠳᠣᠲᠣᠭᠠᠳᠤ ᠰᠦᠯᠵᠢᠶ᠎ᠡ ᠢᠶᠠᠷ ᠬᠢᠨᠠᠨ ᠬᠠᠷᠭᠤᠭᠤᠯᠬᠤ᠂ ᠬᠢᠨᠠᠨ ᠵᠥᠪᠰᠢᠶᠡᠷᠡᠭᠰᠡᠨ ᠦᠷ᠎ᠡ ᠳ᠋ᠦᠩ ᠢ ᠢᠨᠲ᠋ᠧᠷ ᠰᠦᠯᠵᠢᠶ᠎ᠡ ᠪᠠᠷ ᠬᠠᠷᠢᠭᠤ ᠲᠤᠰᠬᠠᠬᠤ᠂ ᠮᠡᠳᠡᠭᠳᠡᠬᠦ ᠠᠯᠪᠠᠨ ᠪᠢᠴᠢᠭ ᠢ ᠥᠪᠡᠰᠦᠪᠡᠨ ᠳᠠᠷᠤᠮᠠᠯᠯᠠᠬᠤ᠂ APP ᠲᠡᠭᠦᠰᠬᠡᠯ ᠦᠵᠦᠭᠦᠷ ᠲᠤ ᠦᠨᠡᠮᠯᠡᠯ ᠢ ᠢᠯᠡ ᠦᠵᠡᠭᠦᠯᠬᠦ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠮᠡᠳᠡᠭᠡ ᠵᠠᠩᠭᠢ ᠶᠢ ᠰᠣᠩᠭᠤᠨ ᠳᠠᠮᠵᠢᠭᠤᠯᠬᠤ᠂ ᠬᠡᠷᠡᠭᠯᠡᠭᠡᠨ ᠤ ᠰᠠᠯᠠᠭ᠎ᠠ ᠮᠥᠴᠢᠷ ᠤᠨ ᠬᠢᠨ ᠭᠤᠣᠯ ᠴᠣᠭᠴᠠ ᠶᠢᠨ ᠬᠢᠷᠢ ᠭᠡᠮ ᠢ ᠠᠷᠤ ᠲᠠᠯ᠎ᠠ ᠳᠤ ᠰᠢᠯᠭᠠᠨ ᠭᠡᠷᠡᠴᠢᠯᠡᠬᠦ᠂ ᠡᠯᠧᠺᠲᠷᠣᠨ ᠳᠠᠩᠰᠠ ᠡᠪᠬᠡᠮᠡᠯ ᠢ ᠥᠨᠢ ᠡᠭᠦᠷᠢᠳᠡ ᠦᠯᠡᠳᠡᠭᠡᠨ ᠬᠠᠳᠠᠭᠠᠯᠠᠬᠤ ᠪᠦᠷᠢᠨ ᠲᠥᠬᠦᠷ ᠴᠢᠳᠠᠮᠵᠢ ᠶᠢ ᠬᠠᠮᠤᠷᠤᠭᠰᠠᠨ ᠪᠦᠬᠦ ᠠᠯᠬᠤᠮ ᠳᠠᠷᠠᠭᠠᠯᠠᠯ ᠢ ᠡᠯᠧᠺᠲᠷᠣᠨᠴᠢᠯᠡᠭᠰᠡᠨ ᠳᠠᠩᠰᠠᠯᠠᠨ ᠲᠡᠮᠳᠡᠭᠯᠡᠬᠦ ᠰᠢᠰᠲ᠋ᠧᠮ ᠢ ᠪᠠᠶᠢᠭᠤᠯᠵᠤ᠂ ᠬᠠᠮᠤᠭ ᠤᠨ ᠡᠴᠦᠰ ᠲᠤ ︽ᠰᠦᠯᠵᠢᠶ᠎ᠡ ᠪᠠᠷ ᠬᠠᠷᠢᠯᠴᠠᠬᠤ᠂ ᠨᠢᠭᠤᠷᠳᠠᠬᠤ ᠦᠭᠡᠢ ᠬᠠᠷᠢᠯᠴᠠᠬᠤ︾ ᠢᠨᠲ᠋ᠧᠷ ᠰᠦᠯᠵᠢᠶ᠎ᠡ ᠪᠠᠷ ᠳᠠᠩᠰᠠᠯᠠᠨ ᠲᠡᠮᠳᠡᠭᠯᠡᠬᠦ ᠰᠢᠨ᠎ᠡ ᠵᠠᠭᠪᠤᠷ ᠢ ᠪᠡᠶᠡᠯᠡᠭᠦᠯᠦᠨ᠎ᠡ᠃      ᠳᠥᠷᠪᠡ᠂ ︽ᠨᠢᠭᠤᠷᠳᠠᠬᠤ ᠦᠭᠡᠢ ᠪᠠᠷ ᠬᠠᠷᠢᠯᠴᠠᠬᠤ︾ ᠰᠦᠯᠵᠢᠶᠡᠨ ᠳᠡᠭᠡᠷ᠎ᠡ ᠳᠠᠩᠰᠠᠯᠠᠨ ᠲᠡᠮᠳᠡᠭᠯᠡᠬᠦ ᠲᠤᠬᠠᠶᠢᠯᠠᠭᠰᠠᠨ ᠠᠵᠢᠯ ᠳᠤ ᠳᠠᠩᠰᠠᠯᠠᠨ ᠲᠡᠮᠳᠡᠭᠯᠡᠬᠦ ᠲᠦᠭᠰᠢᠭᠦᠷᠢ ᠣᠷᠣᠰᠢᠵᠤ ᠪᠠᠶᠢᠨ᠎ᠠ ᠦᠦ︖      ᠪᠢᠳᠡ ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠬᠦ ᠰᠢᠰᠲ᠋ᠧᠮ ᠤᠨ ᠴᠢᠳᠠᠮᠵᠢ ᠶᠢ ᠲᠡᠭᠦᠯᠳᠡᠷᠵᠢᠭᠦᠯᠦᠭᠰᠡᠨ ᠰᠠᠭᠤᠷᠢᠨ ᠳᠡᠭᠡᠷ᠎ᠡ᠂ ᠬᠤᠪᠢ ᠬᠥᠮᠥᠨ ᠤ ᠪᠡᠶ᠎ᠡ ᠶᠢᠨ ᠭᠠᠷᠤᠯ ᠢ ᠭᠡᠷᠡᠴᠢᠯᠡᠨ ᠨᠤᠲᠠᠯᠠᠬᠤ᠂ ᠡᠯᠧᠺᠲᠷᠣᠨ ᠭᠠᠷ ᠤᠨ ᠦᠰᠦᠭ ᠵᠢᠷᠤᠬᠤ᠂ ᠣᠷᠣᠮ ᠢ ᠮᠥᠷᠳᠡᠨ ᠤᠬᠤᠴᠢᠯᠠᠬᠤ᠂ ᠠᠷᠤ ᠲᠠᠯ᠎ᠠ ᠳᠤ ᠳ᠋ᠠᠶᠢᠲ᠋ᠠ ᠶᠢ ᠭᠡᠷᠡᠴᠢᠯᠡᠨ ᠨᠤᠲᠠᠯᠠᠬᠤ᠂ ᠠᠯᠳᠠᠭ᠎ᠠ ᠶᠢ ᠵᠠᠯᠠᠷᠠᠭᠤᠯᠬᠤ ᠵᠡᠷᠭᠡ ᠴᠢᠳᠠᠮᠵᠢ ᠶᠢ ᠨᠡᠮᠡᠵᠦ᠂ ᠡᠯᠧᠺᠲᠷᠣᠨᠵᠢᠭᠦᠯᠬᠦ᠂ ᠥᠭᠡᠷᠡᠲᠦᠭᠦᠯᠬᠦ ᠶᠢ ᠰᠡᠷᠭᠡᠶᠢᠯᠡᠬᠦ᠂ ᠪᠤᠯᠢᠬᠠᠶᠢᠯᠠᠬᠤ ᠠᠴᠠ ᠰᠡᠷᠭᠡᠶᠢᠯᠡᠬᠦ᠂ ᠤᠯᠠᠮᠵᠢᠯᠠᠯᠲᠤ ᠳᠠᠩᠰᠠᠯᠠᠨ ᠲᠡᠮᠳᠡᠭᠯᠡᠬᠦ ᠵᠠᠭᠪᠤᠷ ᠲᠠᠢ ᠠᠳᠠᠯᠢᠬᠠᠨ ᠬᠠᠤᠯᠢ ᠴᠠᠭᠠᠵᠠ ᠶᠢᠨ ᠬᠦᠴᠦᠨ ᠪᠦᠬᠦᠢ ᠰᠢᠨ᠎ᠡ ᠬᠡᠯᠪᠡᠷᠢ ᠶᠢᠨ ᠳᠠᠩᠰᠠᠯᠠᠨ ᠲᠡᠮᠳᠡᠭᠯᠡᠬᠦ ᠵᠠᠭᠪᠤᠷ ᠢ ᠠᠯᠬᠤᠮ ᠠᠯᠬᠤᠮ ᠢᠶᠠᠷ ᠪᠡᠶᠡᠯᠡᠭᠦᠯᠵᠦ᠂ ᠳᠠᠩᠰᠠᠯᠠᠨ ᠲᠡᠮᠳᠡᠭᠯᠡᠬᠦ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠬᠠᠷᠠᠯᠲᠠ ᠳᠤ ᠬᠦᠷᠦᠨ᠎ᠡ᠃      ᠲᠠᠪᠤ᠂ ᠬᠢᠨᠠᠯᠲᠠ ᠬᠠᠮᠢᠶᠠᠷᠤᠯᠲᠠ ᠶᠢᠨ ᠦᠷ᠎ᠡ ᠴᠢᠳᠠᠮᠵᠢ ᠶᠢ ᠪᠠᠳᠠᠷᠠᠭᠤᠯᠬᠤ ᠶᠢ ᠬᠡᠷᠬᠢᠨ ᠪᠠᠲᠤᠯᠠᠬᠤ ᠪᠣᠢ︖      ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠪᠠᠷ ᠰᠠᠭᠤᠷᠢ ᠪᠣᠯᠭᠠᠨ᠂ ︽ᠬᠤᠶᠠᠷ ᠢ ᠮᠡᠳᠡᠭᠳᠡᠬᠦ︾᠂ ︽ᠣᠯᠠᠨ ᠦᠨᠡᠮᠯᠡᠯ ᠢ ᠨᠡᠶᠢᠯᠡᠭᠦᠯᠵᠦ ᠨᠢᠭᠡ ᠪᠣᠯᠭᠠᠬᠤ︾᠂ ︽ᠭᠡᠷᠡᠴᠢ ᠦᠨᠡᠮᠯᠡᠯ ᠢ ᠰᠠᠯᠭᠠᠬᠤ︾ ᠵᠡᠷᠭᠡ ᠠᠵᠢᠯ ᠲᠠᠢ ᠤᠶᠠᠯᠳᠤᠭᠤᠯᠵᠤ᠂ ᠨᠡᠶᠢᠲᠡ ᠳᠤ ᠵᠠᠷᠯᠠᠨ ᠮᠡᠳᠡᠭᠳᠡᠬᠦ ᠬᠢᠭᠡᠳ ᠲᠣᠳᠣᠷᠬᠠᠢ ᠮᠡᠳᠡᠭᠳᠡᠬᠦ ᠶᠢ ᠬᠠᠷᠢᠯᠴᠠᠨ ᠤᠶᠠᠯᠳᠤᠭᠤᠯᠬᠤ ᠠᠷᠭ᠎ᠠ ᠶᠢ ᠬᠡᠷᠡᠭᠯᠡᠵᠦ᠂ ᠠᠵᠤ ᠠᠬᠤᠶᠢᠯᠠᠯ ᠤᠨ ᠮᠡᠳᠡᠭᠡ ᠵᠠᠩᠭᠢ ᠶᠢ ᠨᠡᠶᠢᠲᠡ ᠳᠤ ᠵᠠᠷᠯᠠᠬᠤ ᠬᠢᠭᠡᠳ ᠬᠠᠮᠲᠤ ᠳᠤ ᠪᠠᠨ ᠬᠦᠷᠲᠡᠬᠦ ᠶᠢ ᠦᠨᠡᠨ ᠬᠦ ᠰᠠᠶᠢᠲᠤᠷ ᠬᠢᠨ᠎ᠡ᠃ ᠠᠵᠤ ᠠᠬᠤᠶᠢᠯᠠᠯ ᠤᠨ ᠮᠡᠳᠡᠭᠡ ᠵᠠᠩᠭᠢ ᠶᠢ ᠭᠠᠳᠠᠭᠰᠢ ᠨᠡᠶᠢᠲᠡ ᠳᠤ ᠵᠠᠷᠯᠠᠬᠤ ᠵᠢᠴᠢ ᠬᠠᠮᠲᠤ ᠳᠤ ᠪᠠᠨ ᠬᠦᠷᠲᠡᠬᠦ ᠠᠷᠭ᠎ᠠ ᠵᠠᠮ ᠢ ᠰᠢᠯᠤᠭᠤᠳᠬᠠᠨ᠂ ᠠᠵᠤ ᠠᠬᠤᠶᠢᠯᠠᠯ ᠤᠨ ᠮᠡᠳᠡᠭᠡ ᠵᠠᠩᠭᠢ ᠶᠢ ᠨᠡᠶᠢᠲᠡ ᠳᠤ ᠵᠠᠷᠯᠠᠬᠤ ᠲᠠᠪᠴᠠᠩ᠂ ᠬᠠᠮᠵᠢᠯᠴᠠᠵᠤ ᠬᠢᠨᠠᠨ ᠬᠠᠮᠢᠶᠠᠷᠬᠤ ᠲᠠᠪᠴᠠᠩ ᠤᠨ ︽ᠬᠤᠶᠠᠷ ᠢ ᠮᠡᠳᠡᠭᠳᠡᠬᠦ︾ ᠴᠢᠳᠠᠮᠵᠢ ᠶᠢ ᠲᠡᠭᠦᠯᠳᠡᠷᠵᠢᠭᠦᠯᠵᠦ᠂ ᠪᠦᠬᠦ ᠶᠠᠪᠤᠴᠠ ᠶᠢ ᠡᠯᠧᠺᠲᠷᠣᠨᠵᠢᠭᠦᠯᠬᠦ ᠵᠢᠴᠢ ᠡᠯᠧᠺᠲᠷᠣᠨ ᠡᠵᠡᠩᠨᠡᠯᠲᠡ ᠶᠢᠨ ᠦᠨᠡᠮᠯᠡᠯ ᠤᠨ ᠡᠯᠧᠺᠲᠷᠣᠨ ᠮᠡᠳᠡᠭᠡ ᠵᠠᠩᠭᠢ ᠶᠢ ᠨᠡᠶᠢᠭᠡᠮ ᠳᠤ ᠢᠯᠡ ᠪᠣᠯᠭᠠᠬᠤ᠂ ᠪᠡᠶ᠎ᠡ ᠪᠠᠨ ᠳᠠᠭᠠᠭᠠᠵᠤ ᠬᠠᠶᠢᠨ ᠯᠠᠪᠠᠯᠬᠤ᠂ ᠦᠨᠳᠦᠰᠦᠨ ᠮᠡᠳᠡᠭᠡ ᠵᠠᠩᠭᠢ ᠶᠢ ᠰᠠᠯᠠᠭ᠎ᠠ ᠮᠥᠴᠢᠷ ᠤᠳ ᠬᠠᠮᠲᠤ ᠳᠤ ᠪᠠᠨ ᠬᠦᠷᠲᠡᠬᠦ᠂ ᠠᠷᠤ ᠲᠠᠯ᠎ᠠ ᠳᠤ ᠰᠣᠩᠭᠤᠨ ᠬᠦᠷᠭᠡᠬᠦ ᠶᠢ ᠪᠡᠶᠡᠯᠡᠭᠦᠯᠦᠨ᠎ᠡ᠃ ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠬᠦ ᠪᠦᠬᠦ ᠶᠠᠪᠤᠴᠠ ᠶᠢ ᠡᠯᠧᠺᠲᠷᠣᠨᠵᠢᠭᠦᠯᠬᠦ ᠵᠢᠴᠢ ᠡᠯᠧᠺᠲᠷᠣᠨ ᠡᠵᠡᠩᠨᠡᠯᠲᠡ ᠶᠢᠨ ᠦᠨᠡᠮᠯᠡᠯ ᠢ ᠥᠷᠭᠡᠨ ᠢᠶᠠᠷ ᠬᠡᠷᠡᠭᠯᠡᠬᠦ ᠶᠢ ᠦᠷᠭᠦᠯᠵᠢᠯᠡᠨ ᠠᠬᠢᠭᠤᠯᠵᠤ᠂ ᠡᠯ᠎ᠡ ᠰᠠᠯᠠᠭ᠎ᠠ ᠮᠥᠴᠢᠷ᠂ ᠣᠨᠴᠠᠭᠠᠶᠢᠯᠠᠨ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠂ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠨᠢᠭᠲᠠ ᠬᠠᠮᠵᠢᠯᠴᠠᠨ ᠠᠵᠢᠯᠯᠠᠬᠤ ᠶᠢ ᠴᠢᠩᠭᠠᠳᠬᠠᠵᠤ᠂ ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠭᠦᠯᠦᠭᠰᠡᠨ ᠦᠨᠳᠦᠰᠦᠨ ᠮᠡᠳᠡᠭᠡ ᠵᠠᠩᠭᠢ ᠪᠠ ᠡᠯᠧᠺᠲᠷᠣᠨ ᠡᠵᠡᠩᠨᠡᠯᠲᠡ ᠶᠢᠨ ᠦᠨᠡᠮᠯᠡᠯ ᠢ ᠰᠠᠯᠠᠭ᠎ᠠ ᠮᠥᠴᠢᠷ ᠤᠳ ᠤᠨ ᠬᠤᠭᠤᠷᠣᠨᠳᠤ ᠪᠠᠨ ᠬᠠᠷᠢᠯᠴᠠᠨ ᠨᠡᠪᠲᠡᠷᠡᠯᠴᠡᠨ ᠬᠠᠷᠢᠯᠴᠠᠨ ᠮᠡᠳᠡᠷᠡᠬᠦ ᠪᠠ ᠬᠠᠮᠲᠤ ᠳᠤ ᠪᠠᠨ ᠬᠦᠷᠲᠡᠵᠦ ᠬᠠᠮᠲᠤ ᠪᠠᠷ ᠬᠡᠷᠡᠭᠯᠡᠬᠦ ᠶᠢ ᠠᠬᠢᠭᠤᠯᠤᠨ᠎ᠠ᠃ ᠳ᠋ᠠᠶᠢᠲ᠋ᠠ ᠶᠢ ᠠᠷᠤ ᠲᠠᠯ᠎ᠠ ᠳᠤ ᠰᠣᠩᠭᠤᠨ ᠬᠦᠷᠭᠡᠬᠦ᠂ ᠠᠵᠤ ᠠᠬᠤᠶᠢᠯᠠᠯ ᠤᠨ ᠮᠡᠳᠡᠭᠡ ᠵᠠᠩᠭᠢ ᠶᠢ ᠨᠡᠶᠢᠲᠡ ᠳᠤ ᠵᠠᠷᠯᠠᠬᠤ ᠵᠡᠷᠭᠡ ᠠᠷᠭ᠎ᠠ ᠠᠪᠴᠢᠯ ᠢ ᠠᠰᠢᠭᠯᠠᠨ᠂ ᠪᠦᠬᠦ ᠨᠡᠶᠢᠭᠡᠮ ᠢᠶᠠᠷ ᠢᠶᠠᠨ ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠬᠦ ᠪᠦᠬᠦ ᠶᠠᠪᠤᠴᠠ ᠶᠢ ᠡᠯᠧᠺᠲᠷᠣᠨᠵᠢᠭᠦᠯᠬᠦ ᠵᠢᠴᠢ ᠡᠯᠧᠺᠲᠷᠣᠨ ᠡᠵᠡᠩᠨᠡᠯᠲᠡ ᠶᠢᠨ ᠦᠨᠡᠮᠯᠡᠯ ᠢ ᠥᠷᠭᠡᠨ ᠳᠡᠯᠭᠡᠷ ᠢᠶᠠᠷ ᠵᠥᠪᠰᠢᠶᠡᠷᠡᠬᠦ ᠶᠢ ᠠᠬᠢᠭᠤᠯᠵᠤ᠂ ᠬᠠᠮᠤᠭ ᠤᠨ ᠡᠴᠦᠰ ᠲᠤ ︽ᠨᠢᠭᠡ ᠦᠨᠡᠮᠯᠡᠯ ᠢᠶᠠᠷ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠦᠨ᠎ᠡ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ