1 — 7 ᠳ᠋ᠤᠭᠠᠷ ᠰᠠᠷ᠎ᠠ ᠪᠣᠯᠲᠠᠯ᠎ᠠ ᠥᠪᠥᠷ ᠮᠣᠩᠭᠤᠯ ᠤᠨ ᠠᠵᠤ ᠠᠬᠤᠶ ᠶᠢᠨ ᠠᠵᠢᠯᠯᠠᠭ᠎ᠠ ᠲᠣᠭᠲᠠᠭᠤᠨ ᠶᠠᠪᠤᠭᠳᠠᠪᠠ
ᠨᠡᠶᠢᠲᠡᠯᠡᠭᠰᠡᠨ ᠴᠠᠭ᠄
2018/8/29
     ᠡᠨᠡ ᠵᠢᠯ ᠠᠴᠠ ᠨᠠᠭᠠᠰᠢ᠂ ᠪᠦᠬᠦ ᠣᠷᠣᠨ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠤᠭᠤᠳᠤᠯᠭ᠎ᠠ ᠳᠣᠣᠷ᠎ᠠ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠤ᠂  ᠴᠢᠨᠠᠷ ᠰᠠᠶᠢᠲᠠᠢ ᠬᠥᠭᠵᠢᠭᠦᠯᠬᠦ ᠦᠨᠳᠦᠰᠦᠨ ᠴᠢᠭᠯᠡᠯ ᠢ ᠪᠠᠷᠢᠮᠲᠠᠯᠠᠵᠤ᠂ ᠦᠢᠯᠡᠳᠪᠦᠷᠢᠯᠡᠯ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠪᠠᠶᠢᠳᠠᠯ ᠢᠶᠠᠨ ᠪᠠᠲᠤᠯᠠᠵᠤ᠂ ᠠᠵᠤ ᠠᠬᠤᠢ ᠶᠢᠨ ᠪᠦᠲᠦᠴᠡ ᠦᠷᠭᠦᠯᠵᠢᠯᠡᠨ ᠰᠢᠯᠢᠳᠡᠭᠵᠢᠵᠦ᠂ ᠶᠠᠰᠤ ᠴᠢᠨᠠᠷ ᠤᠨ ᠦᠷ᠎ᠡ ᠠᠰᠢᠭ ᠲᠣᠭᠲᠠᠭᠤᠨ ᠢᠶᠠᠷ ᠳᠡᠭᠡᠭᠰᠢᠯᠡᠨ᠂ ᠠᠵᠤ ᠠᠬᠤᠶ ᠶᠢᠨ ᠶᠡᠷᠦᠩᠬᠡᠶ ᠪᠠᠶᠢᠳᠠᠯ ᠲᠣᠭᠲᠠᠭᠤᠨ ᠪᠠᠶᠢᠳᠠᠯ ᠲᠠᠢ ᠪᠣᠯᠪᠠ᠃      ᠨᠢᠭᠡ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠪᠠᠶᠢᠵᠤ᠂ ᠠᠵᠤ ᠠᠬᠤᠶ ᠶᠢᠨ ᠦᠷ᠎ᠡ ᠠᠰᠢᠭ ᠰᠠᠶᠢᠨ ᠪᠠᠶᠢᠳᠠᠯ ᠢ ᠪᠠᠲᠤᠯᠠᠪᠠ      1 — 7 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.6%᠎ ᠪᠠᠷ ᠨᠡᠮᠡᠭᠳᠡᠪᠡ᠃ ᠠᠵᠤ ᠠᠬᠤᠶ ᠶᠢᠨ ᠲᠥᠷᠥᠯ ᠬᠡᠯᠪᠡᠷᠢ ᠠᠴᠠ ᠨᠢ ᠦᠵᠡᠪᠡᠯ᠂ ᠤᠯᠤᠰ ᠤᠨ ᠥᠮᠴᠢᠯᠡᠯ ᠤᠨ ᠬᠤᠪᠢ ᠣᠷᠣᠭᠤᠯᠤᠯᠲᠠ ᠶᠢᠨ ᠠᠵᠤ ᠠᠬᠤᠶᠢᠯᠠᠯ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 5.7%᠎ ᠪᠠᠷ ᠨᠡᠮᠡᠭᠳᠡᠪᠡ︔ ᠬᠠᠮᠲᠤ ᠶᠢᠨ ᠠᠵᠤ ᠠᠬᠤᠶᠢᠯᠠᠯ ᠤᠨ ᠬᠢ 1.1%᠎ ᠪᠠᠷ ᠨᠡᠮᠡᠭᠳᠡᠪᠡ︔ ᠬᠤᠪᠢ  ᠣᠷᠣᠭᠤᠯᠤᠯᠲᠠ ᠶᠢᠨ ᠳᠦᠷᠢᠮᠲᠦ ᠠᠵᠤ ᠠᠬᠤᠶᠢᠯᠠᠯ ᠤᠨ ᠎ ᠬᠢ 6.3%᠎ ᠪᠠᠷ ᠨᠡᠮᠡᠭᠳᠡᠪᠡ︔ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠬᠢ 5.2%᠎ ᠎ ᠢᠶᠠᠷ ᠨᠡᠮᠡᠭᠳᠡᠪᠡ᠃ ᠭᠤᠷᠪᠠᠨ ᠲᠣᠮᠣ ᠲᠥᠷᠥᠯ ᠢᠶᠠᠷ ᠠᠪᠴᠤ ᠦᠵᠡᠪᠡᠯ᠂ ᠬᠦᠳᠡᠷ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 3.2% ᠨᠡᠮᠡᠭᠳᠡᠪᠡ︔ ᠦᠢᠯᠡᠳᠬᠦ ᠦᠢᠯᠡᠰ ᠤᠨ ᠨᠡᠮᠡᠭᠳᠡᠯ ᠦᠷᠲᠡᠭ 5.3%᠎ ᠪᠠᠷ ᠨᠡᠮᠡᠭᠳᠡᠵᠡᠶ︔ ᠴᠠᠬᠢᠯᠭᠠᠨ ᠬᠦᠴᠦ᠂ ᠢᠯᠴᠢ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠨᠢ 9.8% ᠨᠡᠮᠡᠭᠳᠡᠪᠡ᠃ ᠰᠢᠨ᠎ᠡ ᠠᠵᠤ ᠦᠢᠯᠡᠰ ᠲᠦᠷᠭᠡᠨ ᠬᠥᠭᠵᠢᠪᠡ᠃ 1 — 7 ᠳ᠋ᠤᠭᠠᠷ ᠰᠠᠷ᠎ᠠ ᠪᠣᠯᠲᠠᠯ᠎ᠠ᠂ ᠳᠡᠭᠡᠳᠦ ᠰᠢᠨ᠎ᠡ ᠮᠡᠷᠭᠡᠵᠢᠯ ᠤᠨ ᠦᠢᠯᠡᠰ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 12.7%᠎ ᠪᠠᠷ ᠨᠡᠮᠡᠭᠳᠡᠪᠡ᠂ ᠡᠭᠦᠨ ᠳᠤ᠂ ᠡᠯᠧᠺᠲᠷᠣᠨ ᠺᠣᠮᠫᠢᠦ᠋ᠲ᠋ᠧᠷ ᠴᠢᠮᠡᠭᠡ ᠬᠤᠯᠪᠣᠭᠠᠨ ᠤ ᠦᠢᠯᠡᠰ ᠤᠨ ᠬᠢ 13.7%᠎ ᠪᠠᠷ ᠨᠡᠮᠡᠭᠳᠡᠪᠡ᠃ ᠰᠢᠨ᠎ᠡ ᠪᠦᠲᠦᠭᠡᠭᠳᠡᠬᠦᠨ ᠲᠦᠷᠭᠡᠨ ᠪᠤᠵᠠᠭᠠᠶᠢᠷᠠᠪᠠ᠃ ᠪᠠᠯ ᠴᠢᠯᠠᠭᠤ ᠪᠣᠯᠤᠨ ᠨᠡᠭᠦᠷᠡᠰᠦᠲᠥ᠋ᠷᠥᠭᠴᠢ ᠶᠢᠨ ᠦᠢᠯᠡᠳᠬᠦᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ 24.8%᠎ ᠪᠠᠷ ᠨᠡᠮᠡᠭᠳᠡᠵᠦ᠂ ᠣᠯᠠᠨ ᠲᠠᠯᠠᠰᠲᠤ ᠴᠠᠬᠢᠭᠤᠷ ᠤᠨ ᠭᠠᠷᠤᠯᠲᠠ 20.4%᠎ ᠪᠠᠷ ᠨᠡᠮᠡᠭᠳᠡᠪᠡ᠃ ᠦᠢᠯᠡᠳᠪᠦᠷᠢᠯᠡᠯ ᠪᠣᠷᠣᠯᠠᠭᠤᠯᠭ᠎ᠠ ᠶᠢᠨ ᠠᠪᠴᠠᠯᠳᠤᠭ᠎ᠠ ᠦᠷᠭᠦᠯᠵᠢᠯᠡᠨ ᠰᠠᠶᠢᠵᠢᠷᠠᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠪᠣᠷᠣᠯᠠᠭᠤᠯᠭ᠎ᠠ ᠶᠢᠨ ᠨᠤᠷᠮ᠎ᠠ ᠡᠨᠡ ᠵᠢᠯ ᠰᠢᠨ᠎ᠡ ᠲᠡᠮᠳᠡᠭᠯᠡᠯ ᠢ ᠡᠭᠦᠳᠴᠦ᠂ 99.2%᠎ ᠲᠤ ᠬᠦᠷᠴᠦ᠂ ᠳᠡᠭᠡᠷ᠎ᠡ ᠬᠠᠭᠠᠰ ᠵᠢᠯ ᠤᠨ ᠬᠢ ᠠᠴᠠ 0.1 ᠵᠠᠭᠤᠨ ᠤ ᠴᠡᠭ ᠳᠡᠭᠡᠭᠰᠢᠯᠡᠵᠡᠶ᠃ ᠠᠵᠤ ᠦᠢᠯᠡᠳᠪᠦᠷᠢ ᠶᠢᠨ ᠠᠵᠤ ᠠᠬᠤᠶ ᠶᠢᠨ ᠦᠷ᠎ᠡ ᠠᠰᠢᠭ ᠰᠠᠶᠢᠨ ᠪᠠᠶᠢᠳᠠᠯ ᠢᠶᠠᠨ ᠪᠠᠲᠤᠯᠠᠪᠠ᠃ ᠳᠡᠭᠡᠳᠦ ᠬᠠᠭᠠᠰ ᠵᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠳ ᠤᠨ ᠪᠡᠶᠡᠯᠡᠭᠦᠯᠦᠭᠰᠡᠨ ᠠᠰᠢᠭ ᠬᠤᠨᠵᠢᠪᠣᠷᠢ ᠶᠢᠨ ᠪᠥᠬᠦ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ 35.3%᠎ ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠤᠯᠤᠰ ᠤᠨ ᠳᠤᠮᠳᠠᠴᠢ ᠬᠢᠷᠢ ᠲᠥᠪᠰᠢᠨ ᠠᠴᠠ 18.1 ᠵᠠᠭᠤᠨ ᠤ ᠴᠡᠭ ᠲᠦᠷᠭᠡᠳᠪᠡ︔ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠶᠢᠨ ᠠᠰᠢᠭ ᠬᠤᠨᠵᠢᠪᠣᠷᠢ ᠶᠢᠨ ᠨᠤᠷᠮ᠎ᠠ ᠨᠢ 10.6%᠎ ᠳᠤ ᠬᠦᠷᠴᠦ᠂  ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 1.6 ᠵᠠᠭᠤᠨ ᠤ ᠴᠡᠭ ᠳᠡᠭᠡᠭᠰᠢᠯᠡᠭᠰᠡᠨ ᠮᠥᠷᠲᠡᠭᠡᠨ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 4.1 ᠵᠠᠭᠤᠨ ᠤ ᠴᠡᠭ ᠥᠨᠳᠥᠷ ᠪᠣᠯᠤᠭᠰᠠᠨ ᠪᠠᠶᠢᠨ᠎ᠠ᠃      ᠬᠤᠶᠠᠷ  ᠂ ᠤᠷᠢᠳᠠᠪᠠᠷ ᠬᠡᠷᠡᠭᠵᠢᠭᠦᠯᠬᠦ ᠭᠦᠢᠴᠡᠳᠬᠡᠯ ᠲᠤᠭ᠎ᠠ ᠯᠠᠪᠳᠠᠭᠤᠨ ᠢᠶᠠᠷ ᠨᠡᠮᠡᠭᠳᠡᠵᠦ᠂ ᠠᠵᠤ ᠠᠬᠤᠶ ᠶᠢᠨ ᠬᠥᠭᠵᠢᠯ ᠦᠨᠳᠦᠰᠦᠨ ᠰᠠᠶᠢᠵᠢᠷᠠᠯᠲᠠ ᠲᠠᠢ ᠪᠣᠯᠪᠠ      1 — 7 ᠳ᠋ᠤᠭᠠᠷ ᠰᠠᠷ᠎ᠠ ᠪᠣᠯᠲᠠᠯ᠎ᠠ᠂ ᠪᠦᠬᠦ ᠨᠡᠶᠢᠭᠡᠮ ᠤᠨ ᠴᠠᠬᠢᠯᠭᠠᠨ ᠤ ᠬᠡᠷᠡᠭᠯᠡᠭᠡ 1855.9 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.2%᠎ ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 2.9 ᠵᠠᠭᠤᠨ ᠤ ᠴᠡᠭ ᠳᠡᠭᠡᠭᠰᠢᠯᠡᠪᠡ᠃ ᠡᠭᠦᠨ ᠳᠤ᠂ ᠠᠵᠤ ᠦᠢᠯᠡᠳᠪᠦᠷᠢ ᠳᠤ ᠬᠡᠷᠡᠭᠯᠡᠬᠦ ᠴᠠᠬᠢᠯᠭᠠᠨ ᠤ ᠬᠡᠮᠵᠢᠶ᠎ᠡ 1605.2 ᠳ᠋ᠦᠩᠰᠢᠭᠤᠷ ᠺᠢᠯᠣᠸᠠᠲ ᠴᠠᠭ ᠲᠤ ᠬᠦᠷᠴᠦ᠂ 11 .9%᠎ ᠪᠠᠷ ᠨᠡᠮᠡᠭᠳᠡᠵᠡᠶ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 1.8 ᠵᠠᠭᠤᠨ ᠤ ᠴᠡᠭ ᠳᠡᠭᠡᠭᠰᠢᠯᠡᠪᠡ᠃ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ ᠨᠢ 13.7 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠠᠴᠠ 9.3%᠎ ᠪᠠᠷ ᠨᠡᠮᠡᠭᠳᠡᠪᠡ᠃ ᠡᠭᠦᠨ ᠳᠤ᠂ ᠵᠠᠰᠠᠮᠠᠯ ᠵᠠᠮ ᠤᠨ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ ᠨᠢ 8.7 ᠳ᠋ᠦᠩᠰᠢᠭᠤᠷ ᠲᠣᠨ ᠳᠤ ᠬᠦᠷᠴᠦ᠂ 8.5%᠎ ᠪᠠᠷ ᠨᠡᠮᠡᠭᠳᠡᠪᠡ︔ ᠲᠡᠮᠦᠷ ᠵᠠᠮ ᠤᠨ ᠠᠴᠢᠶ᠎ᠠ ᠲᠡᠭᠡᠭᠡᠪᠦᠷᠢ ᠶᠢᠨ ᠬᠡᠮᠵᠢᠶ᠎ᠡ5.1 ᠳ᠋ᠦᠩᠰᠢᠭᠤᠷ ᠲᠣᠨ ᠳᠤ ᠬᠦᠷᠴᠦ᠂ 10.6%᠎ ᠪᠠᠷ ᠨᠡᠮᠡᠭᠳᠡᠵᠡᠶ᠃      ᠭᠤᠷᠪᠠ᠂ ᠬᠡᠷᠡᠭᠯᠡᠭᠡᠨ ᠤ ᠵᠠᠬ᠎ᠠ ᠳᠡᠯᠭᠡᠭᠦᠷ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠲᠠᠸᠠᠷ ᠤᠨ ᠬᠡᠷ ᠪᠠᠶᠢᠰᠢᠩ ᠤᠨ ᠪᠣᠷᠣᠯᠠᠭᠤᠯᠤᠯᠲᠠ ᠨᠡᠮᠡᠭᠳᠡᠪᠡ      1 — 7 ᠳ᠋ᠤᠭᠠᠷ ᠰᠠᠷ᠎ᠠ ᠪᠣᠯᠲᠠᠯ᠎ᠠ᠂ ᠪᠦᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ 6.9%᠎ ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠬᠠᠭᠠᠰ ᠵᠢᠯ ᠤᠨ ᠬᠢ ᠲᠠᠢ ᠲᠡᠩᠴᠡᠪᠡ᠃ ᠡᠵᠡᠩᠨᠡᠯᠲᠡ ᠶᠢᠨ ᠨᠢᠭᠡᠴᠢ ᠶᠢᠨ ᠪᠠᠶᠢᠭ᠎ᠠ ᠭᠠᠵᠠᠷ ᠢᠶᠠᠷ ᠨᠢ ᠬᠤᠪᠢᠶᠠᠪᠠᠯ᠂ ᠬᠤᠲᠠ ᠪᠠᠯᠭᠠᠰᠤ ᠶᠢᠨ ᠬᠢ 6.6%᠎ ᠪᠠᠷ ᠨᠡᠮᠡᠭᠳᠡᠪᠡ︔ ᠬᠥᠳᠡᠭᠡ ᠲᠣᠰᠬᠤᠨ ᠤ ᠬᠢ 9.4%᠎ ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠬᠤᠲᠠ ᠪᠠᠯᠭᠠᠰᠤ ᠶᠢᠨ ᠬᠢ ᠠᠴᠠ 2.8 ᠵᠠᠭᠤᠨ ᠤ ᠴᠡᠭ ᠲᠦᠷᠭᠡᠰᠪᠡ᠃ ᠬᠡᠷᠡᠭᠯᠡᠭᠡᠨ ᠤ ᠲᠥᠷᠥᠯ ᠢᠶᠠᠷ ᠬᠤᠪᠢᠶᠠᠪᠠᠯ᠂ ᠬᠤᠭᠤᠯᠠ ᠤᠮᠳᠠᠭᠠᠨ ᠤ ᠣᠷᠣᠯᠭ᠎ᠠ 8.4%᠎ ᠪᠠᠷ ᠨᠡᠮᠡᠭᠳᠡᠵᠡᠢ︔ ᠲᠠᠸᠠᠷ ᠤᠨ ᠵᠢᠵᠢᠭᠯᠡᠨ ᠪᠣᠷᠣᠯᠠᠭᠤᠯᠭ᠎ᠠ ᠨᠢ 6.6%᠎ ᠪᠠᠷ ᠨᠡᠮᠡᠭᠳᠡᠪᠡ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠬᠡᠮᠵᠢᠶᠡᠨ ᠤ ᠲᠤᠲᠤᠷ᠎ᠠ᠂ ᠠᠮᠤ ᠪᠤᠳᠠᠭ᠎ᠠ ᠳᠤᠰᠤ᠂ ᠢᠳᠡᠭᠡᠨ ᠤ ᠵᠦᠢᠯ᠂ ᠠᠷᠢᠬᠢ ᠲᠠᠮᠠᠬᠢᠨ ᠤ ᠵᠦᠢᠯ ᠤᠨ ᠵᠢᠵᠢᠭᠯᠡᠨ ᠬᠤᠳᠠᠯᠳᠤᠬᠤ ᠬᠡᠮᠵᠢᠶ᠎ᠡ ᠨᠢ 6.1%᠎ ᠪᠠᠷ ᠨᠡᠮᠡᠭᠳᠡᠵᠦ᠂ ᠬᠡᠷ ᠤᠨ ᠴᠠᠬᠢᠯᠭᠠᠨ ᠬᠡᠷᠡᠭᠯᠡᠭᠦᠷ ᠪᠣᠯᠤᠨ ᠲᠠᠭᠤ ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠥᠷᠥᠯ ᠤᠨ ᠬᠢ 6.0%᠎ ᠪᠠᠷ ᠨᠡᠮᠡᠭᠳᠡᠵᠦ᠂ ᠴᠢᠯᠠᠭᠤᠨ ᠲᠣᠰᠣ ᠵᠢᠴᠢ ᠦᠢᠯᠡᠳᠬᠦᠨ ᠤ ᠲᠥᠷᠥᠯ ᠤᠨ ᠬᠢ 8.0%᠎ ᠢᠶᠠᠷ ᠨᠡᠮᠡᠭᠳᠡᠪᠡ᠃      1 — 7 ᠳ᠋ᠤᠭᠠᠷ ᠰᠠᠷ᠎ᠠ ᠪᠣᠯᠲᠠᠯ᠎ᠠ᠂ ᠪᠥᠬᠦ ᠣᠷᠣᠨ ᠤ ᠬᠡᠷ ᠪᠠᠶᠢᠰᠢᠩ ᠭᠠᠵᠠᠷ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 2.5%᠎ ᠪᠠᠷ ᠪᠠᠭᠤᠷᠠᠵᠤ᠂ ᠪᠠᠭᠤᠷᠠᠯᠲᠠ ᠨᠢ ᠳᠡᠭᠡᠷ᠎ᠡ ᠬᠠᠭᠠᠰ ᠵᠢᠯ ᠤᠨ ᠬᠢ ᠠᠴᠠ 6.1 ᠵᠠᠭᠤᠨ ᠤ ᠴᠡᠭ ᠢᠶᠠᠷ ᠪᠠᠭᠤᠷᠠᠵᠠᠢ᠃ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠭᠰᠠᠨ ᠲᠠᠯᠠᠪᠠᠶ 887.0 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.0%᠎ ᠢᠶᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠨᠢᠭᠡᠳᠦᠭᠡᠷ ᠤᠯᠠᠷᠢᠯ ᠠᠴᠠ ᠨᠠᠰᠢᠬᠢ ᠰᠥᠭᠡᠷᠭᠦ ᠨᠡᠮᠡᠭᠳᠡᠯ ᠤᠨ ᠪᠠᠶᠢᠳᠠᠯ ᠢ ᠬᠤᠪᠢᠷᠠᠭᠤᠯᠵᠤ᠂ ᠳᠡᠭᠡᠷ᠎ᠡ ᠬᠠᠭᠠᠰ ᠵᠢᠯ ᠤᠨ ᠬᠢ ᠠᠴᠠ 4 ᠵᠠᠭᠤᠨ ᠤ ᠴᠡᠭ ᠳᠡᠭᠡᠭᠰᠢᠯᠡᠪᠡ︔ ᠲᠠᠸᠠᠷ ᠤᠨ ᠬᠡᠷ ᠪᠠᠶᠢᠰᠢᠩ ᠤᠨ ᠪᠤᠷᠤᠯᠠᠭᠤᠯᠭ᠎ᠠ ᠨᠢ 456.7 ᠳ᠋ᠦᠩᠰᠢᠭᠤᠷ ᠲᠥᠭᠦᠷᠢᠭ ᠲᠤ ᠬᠦᠷᠴᠦ᠂ 14.1%᠎ ᠪᠠᠷ ᠨᠡᠮᠡᠭᠳᠡᠨ᠂ ᠳᠡᠭᠡᠷ᠎ᠡ ᠬᠠᠭᠠᠰ ᠵᠢᠯ ᠤᠨ ᠬᠢ ᠠᠴᠠ 6.5 ᠵᠠᠭᠤᠨ ᠤ ᠴᠡᠭ ᠳᠡᠭᠡᠭᠰᠢᠯᠡᠪᠡ᠃      ᠳᠦᠷᠪᠡ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ ᠥᠰᠥᠯᠲᠡ ᠶᠢᠨ ᠬᠡᠮᠵᠢᠶ᠎ᠡ ᠡᠳᠦᠢ ᠲᠡᠳᠦᠢ ᠪᠠᠭᠤᠷᠠᠵᠤ᠂ ᠠᠵᠤ ᠦᠢᠯᠡᠳᠪᠦᠷᠢ ᠶᠢᠨ ᠦᠨ᠎ᠡ ᠥᠰᠬᠦ ᠬᠠᠨᠳᠤᠰᠢ ᠨᠠᠮᠳᠠᠵᠠᠢ      1 — 7 ᠳ᠋ᠤᠭᠠᠷ ᠰᠠᠷ᠎ᠠ ᠪᠣᠯᠲᠠᠯ᠎ᠠ᠂ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠠᠳᠠᠯᠢ ᠬᠤᠭᠤᠴᠠᠭᠠᠨ ᠤ ᠬᠢ ᠠᠴᠠ 1.7% ᠦᠰᠴᠦ᠂ ᠪᠦᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 0.3 ᠵᠠᠭᠤᠨ ᠤ ᠴᠡᠭ ᠳᠤᠤᠷ᠎ᠠ ᠪᠤᠯᠵᠤ᠂ ᠥᠰᠥᠯᠲᠡ ᠨᠢ ᠳᠡᠭᠡᠷ᠎ᠡ ᠬᠠᠭᠠᠰ ᠵᠢᠯ ᠤᠨ ᠬᠢ ᠲᠠᠢ ᠬᠠᠷᠢᠴᠠᠭᠤᠯᠪᠠᠯ 0.1 ᠵᠠᠭᠤᠨ ᠤ ᠴᠡᠭ ᠪᠠᠭᠤᠷᠠᠵᠠᠢ᠃ ᠡᠭᠦᠨ ᠳᠤ᠂ ᠬᠤᠲᠠ ᠶᠢᠨ ᠬᠢ 1.6%᠎ ᠪᠠᠷ ᠥᠰᠴᠦ᠂ ᠮᠠᠯᠵᠢᠬᠤ ᠲᠠᠷᠢᠶᠠᠯᠠᠬᠤ ᠣᠷᠣᠨ ᠤ ᠬᠢ 1.9%᠎ ᠪᠠᠷ ᠦᠰᠴᠡᠢ᠃ ᠲᠦᠷᠦᠯ ᠢᠯᠭᠠᠯ ᠠᠴᠠ ᠨᠢ ᠠᠪᠴᠤ ᠦᠵᠡᠪᠡᠯ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠳᠦᠷᠦᠯ ᠤᠨ ᠦᠨ᠎ᠡ 3.9%᠎ ᠪᠠᠷ ᠦᠰᠴᠦ᠂ ᠣᠷᠣᠨ ᠰᠠᠭᠤᠴᠠ ᠶᠢᠨ ᠲᠦᠷᠦᠯ ᠤᠨ ᠬᠢ 2.3%᠎ ᠪᠠᠷ ᠥᠰᠴᠦ᠂ ᠬᠤᠪᠴᠠᠰᠤ ᠬᠤᠨᠠᠷ ᠤᠨ ᠲᠥᠷᠥᠯ ᠤᠨ ᠬᠢ 1.9%᠎ ᠪᠠᠷ ᠦᠰᠴᠦ᠂ ᠢᠳᠡᠭᠡᠨ ᠠᠷᠢᠬᠢ ᠲᠠᠮᠠᠬᠢᠨ ᠤ ᠲᠦᠷᠦᠯ ᠤᠨ ᠬᠢ 1.5%᠎ ᠪᠠᠷ ᠦᠰᠴᠦ᠂ ᠠᠮᠢᠳᠤᠷᠠᠯ ᠤᠨ ᠬᠡᠷᠡᠭᠰᠡᠯ ᠪᠣᠯᠤᠨ ᠦᠢᠯᠡᠴᠢᠯᠡᠭᠡᠨ ᠤ ᠲᠦᠷᠦᠯ ᠤᠨ ᠬᠢ 1.1%᠎ ᠪᠠᠷ ᠥᠰᠴᠦ᠂ ᠵᠠᠮ ᠬᠠᠷᠢᠯᠴᠠᠭ᠎ᠠ ᠪᠤᠯᠤᠨ ᠴᠢᠮᠡᠭᠡ ᠮᠡᠳᠡᠭᠡ ᠶᠢᠨ ᠲᠥᠷᠥᠯ ᠤᠨ ᠬᠢ 1.0%᠎ ᠪᠠᠷ ᠦᠰᠴᠦ᠂ ᠰᠤᠷᠭᠠᠨ ᠬᠥᠮᠦᠵᠢᠯ ᠰᠣᠶᠣᠯ ᠪᠠ ᠵᠤᠭ᠎ᠠ ᠴᠡᠩᠭᠡᠯ ᠤᠨ ᠲᠥᠷᠥᠯ ᠤᠨ ᠬᠢ 0.7%᠎ ᠪᠠᠷ ᠦᠰᠴᠦ᠂ ᠪᠤᠰᠤᠳ ᠬᠡᠷᠡᠭᠯᠡᠭᠡᠨ ᠤ ᠪᠦᠲᠦᠭᠡᠭᠳᠡᠬᠦᠨ ᠪᠠ ᠦᠢᠯᠡᠴᠢᠯᠡᠭᠡᠨ ᠤ ᠲᠦᠷᠦᠯ ᠤᠨ ᠬᠢ 0.4%᠎ ᠪᠠᠷ ᠦᠰᠴᠡᠢ᠃      1 — 7 ᠳ᠋ᠤᠭᠠᠷ ᠰᠠᠷ᠎ᠠ ᠪᠣᠯᠲᠠᠯ᠎ᠠ᠂ ᠪᠦᠬᠦ ᠣᠷᠣᠨ ᠤ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠦᠢᠯᠡᠳᠪᠦᠷᠢ ᠠᠴᠠ ᠭᠠᠷᠭᠠᠬᠤ ᠦᠨ᠎ᠡ ᠠᠳᠠᠯᠢ ᠬᠤᠭᠤᠴᠠᠭᠠᠨ ᠤ ᠬᠢ ᠠᠴᠠ 4.1%᠎ ᠪᠠᠷ ᠥᠰᠴᠦ᠂ ᠪᠦᠬᠦ ᠤᠯᠤᠰ ᠤᠨ ᠬᠢ ᠠᠴᠠ 0.1 ᠵᠠᠭᠤᠨ ᠤ ᠴᠡᠭ ᠯᠡ ᠦᠨᠳᠦᠷ ᠪᠤᠯᠵᠤ᠂ ᠥᠰᠥᠯᠲᠡ ᠨᠢ 1 — 6 ᠳ᠋ᠤᠭᠠᠷ ᠰᠠᠷ᠎ᠠ ᠶᠢᠨ ᠎ ᠲᠠᠢ ᠬᠠᠷᠢᠴᠠᠭᠤᠯᠪᠠᠯ 0.1 ᠵᠠᠭᠤᠨ ᠤ ᠴᠡᠭ ᠦᠰᠴᠡᠢ︔ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠬᠤᠳᠠᠯᠳᠤᠨ ᠠᠪᠬᠤ ᠦᠨ᠎ᠡ ᠠᠳᠠᠯᠢ ᠬᠤᠭᠤᠴᠠᠭᠠᠨ ᠤ ᠬᠢ ᠠᠴᠠ 3.0%᠎ ᠪᠠᠷ ᠦᠰᠴᠦ᠂ ᠥᠰᠥᠯᠲᠡ ᠶᠢᠨ ᠬᠡᠮᠵᠢᠶ᠎ᠡ ᠨᠢ ᠲᠦᠷᠦᠭᠦᠤ ᠬᠠᠭᠠᠰ ᠵᠢᠯ ᠤᠨ ᠬᠢ ᠲᠡᠩᠴᠡᠪᠡ᠃      ᠲᠠᠪᠤ᠂ ᠭᠠᠳᠠᠭᠠᠳᠤ ᠤᠷᠤᠭᠤᠯᠤᠯᠲᠠ ᠭᠠᠷᠭᠠᠯᠲᠠ ᠨᠡᠮᠡᠭᠳᠡᠵᠦ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠡᠭᠡ ᠬᠡᠮᠵᠢᠶ᠎ᠡ ᠪᠠᠷ ᠨᠡᠮᠡᠭᠳᠡᠵᠡᠢ      1 — 7 ᠳ᠋ᠤᠭᠠᠷ ᠰᠠᠷ᠎ᠠ ᠪᠣᠯᠲᠠᠯ᠎ᠠ᠂ ᠪᠥᠬᠦ ᠣᠷᠣᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠦᠷᠲᠡᠭ 578.2 ᠳ᠋ᠦᠩᠰᠢᠭᠤᠷ ᠲᠦᠬᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.8% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠬᠠᠭᠠᠰ ᠵᠢᠯ ᠤᠨ ᠬᠢ ᠠᠴᠠ 0.4 ᠵᠠᠭᠤᠨ ᠤ ᠴᠡᠭ ᠲᠦᠷᠭᠡᠨ ᠪᠤᠯᠵᠠᠢ᠃ ᠡᠭᠦᠨ ᠳᠤ᠂ ᠭᠠᠳᠠᠭᠠᠳᠤ ᠭᠠᠷᠭᠠᠯᠲᠠ 214.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.7% ᠨᠡᠮᠡᠭᠳᠡᠵᠡᠶ︔ ᠭᠠᠳᠠᠭᠠᠳᠤ ᠤᠷᠤᠭᠤᠯᠤᠯᠲᠠ 363.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.9% ᠪᠠᠭᠤᠷᠠᠪᠠ᠃ ᠠᠷᠠᠯᠵᠢᠶᠠᠨ ᠤ ᠠᠷᠭ᠎ᠠ ᠬᠡᠯᠪᠡᠷᠢ ᠠᠴᠠ ᠠᠪᠴᠤ ᠦᠵᠡᠪᠡᠯ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠭᠠᠳᠠᠭᠠᠳᠤ ᠤᠷᠤᠭᠤᠯᠤᠯᠲᠠ ᠭᠠᠷᠭᠠᠯᠲᠠ ᠶᠢᠨ ᠶᠡᠷᠦᠩᠬᠡᠢ ᠥᠷᠲᠡᠭ ᠠᠳᠠᠯᠢ ᠬᠤᠭᠤᠴᠠᠭᠠᠨ ᠤ ᠬᠢ ᠠᠴᠠ 1.1 ᠲᠠᠬᠢᠨ ᠨᠡᠮᠡᠭᠳᠡᠵᠦ᠂ ᠭᠠᠶᠢᠯᠢ ᠪᠠᠲᠤᠯᠠᠬᠤ ᠬᠦᠮᠦᠷᠭᠡ ᠶᠢᠨ ᠬᠢᠯᠢ ᠪᠠᠷ ᠤᠷᠤᠭᠤᠯᠵᠤ ᠭᠠᠷᠭᠠᠭᠰᠠᠨ ᠪᠠᠷᠠᠭ᠎ᠠ ᠶᠢᠨ ᠶᠡᠷᠦᠩᠬᠡᠶ ᠦᠷᠳᠡᠭ ᠨᠢ ᠠᠳᠠᠯᠢ ᠬᠤᠭᠤᠴᠠᠭᠠᠨ ᠤ ᠬᠢ ᠠᠴᠠ 22.5% ᠨᠡᠮᠡᠭᠳᠡᠵᠡᠶ᠃ ᠭᠠᠳᠠᠭᠠᠳᠤ ᠳᠤ ᠭᠠᠷᠭᠠᠬᠤ ᠤᠯᠤᠰ ᠠᠴᠠ ᠠᠪᠴᠤ ᠦᠵᠡᠪᠡᠯ᠂ ᠮᠣᠩᠭᠤᠯ ᠤᠯᠤᠰ ᠲᠠᠬᠢ ᠭᠠᠷᠭᠠᠯᠲᠠ ᠠᠳᠠᠯᠢ ᠬᠤᠭᠤᠴᠠᠭᠠᠨ ᠤ ᠬᠢ ᠠᠴᠠ 16.3% ᠨᠡᠮᠡᠭᠳᠡᠵᠦ᠂ ᠸᠢᠶᠧᠲᠨᠠᠮ ᠳᠠᠬᠢ ᠭᠠᠷᠭᠠᠯᠲᠠ 95.7% ᠨᠡᠮᠡᠭᠳᠡᠵᠦ᠂ ᠬᠤᠯᠠᠨᠳ᠋ ᠲᠠᠬᠢ ᠭᠠᠷᠭᠠᠯᠲᠠ 18.1%᠎ ᠪᠠᠷ ᠨᠡᠮᠡᠭᠳᠡᠪᠡ᠃ 1 — 7 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠭᠠᠳᠠᠭᠠᠳᠤ ᠭᠠᠷᠭᠠᠯᠲᠠ ᠶᠢᠨ ᠪᠠᠷᠠᠭ᠎ᠠ ᠲᠤᠰᠢᠶᠠᠭᠰᠠᠨ ᠥᠷᠲᠡᠭ ᠠᠳᠠᠯᠢ ᠬᠤᠭᠤᠴᠠᠭᠠᠨ ᠤ ᠬᠢ ᠠᠴᠠ 24%᠎ ᠪᠠᠷ ᠨᠡᠮᠡᠭᠳᠡᠵᠦ᠂ ᠪᠦᠬᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 18 ᠵᠠᠭᠤᠨ ᠤ ᠴᠡᠭ ᠲᠦᠷᠭᠡᠨ ᠪᠤᠯᠪᠠ᠃      ᠵᠢᠷᠭᠤᠭ᠎ᠠ᠂ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠠᠬᠢᠵᠤ᠂ ᠬᠠᠰᠤᠵᠤ ᠪᠠᠭᠤᠷᠠᠭᠤᠯᠵᠤ ᠨᠥᠬᠦᠪᠥᠷᠢᠯᠡᠬᠦ ᠦᠷ᠎ᠡ ᠪᠦᠲᠦᠮᠵᠢ ᠮᠡᠳᠡᠭᠳᠡᠬᠦ᠋ᠢᠴᠡ ᠢᠯᠡᠷᠡᠪᠡ      ︽ᠬᠠᠰᠤᠬᠤ᠂ ᠪᠠᠭᠤᠷᠠᠭᠤᠯᠬᠤ᠂ ᠨᠥᠬᠦᠪᠥᠷᠢᠯᠡᠬᠦ︾ ᠦᠷ᠎ᠡ ᠪᠦᠲᠦᠮᠵᠢ ᠮᠡᠳᠡᠭᠳᠡᠬᠦ᠋ᠢᠴᠡ ᠢᠯᠡᠷᠡᠪᠡ᠃ ᠦᠯᠡᠭᠦᠳᠡᠭᠰᠡᠨ ᠦᠢᠯᠡᠳᠪᠦᠷᠢᠯᠡᠬᠦ ᠴᠢᠳᠠᠪᠤᠷᠢ ᠶᠢ ᠬᠠᠰᠤᠬᠤ ᠲᠠᠯ᠎ᠠ ᠪᠠᠷ᠂ 1 — 7 ᠳ᠋ᠤᠭᠠᠷ ᠰᠠᠷ᠎ᠠ ᠪᠣᠯᠲᠠᠯ᠎ᠠ᠂ ᠱᠦᠢᠨᠢ ᠶᠢᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 13.1% ᠪᠠᠭᠤᠷᠠᠵᠤ᠂ ᠢᠳᠡᠮᠡᠬᠡᠶ ᠱᠦᠯᠲᠦ ᠶᠢᠨ ᠭᠠᠷᠤᠯᠲᠠ 6.0% ᠪᠠᠭᠤᠷᠠᠪᠠ᠃ ᠬᠥᠮᠥᠷᠭᠡ ᠶᠢᠨ ᠬᠠᠳᠠᠭᠠᠯᠠᠯᠲᠠ ᠶᠢ ᠬᠠᠰᠤᠬᠤ ᠲᠠᠯ᠎ᠠ ᠪᠠᠷ᠂ 7 ᠳ᠋ᠤᠭᠠᠷ ᠰᠠᠷ᠎ᠠ ᠶᠢᠨ ᠡᠴᠦᠰ ᠪᠤᠯᠬᠤ ᠳᠤ᠂ ᠪᠥᠬᠦ ᠣᠷᠣᠨ ᠤ ᠲᠠᠸᠠᠷ ᠤᠨ ᠬᠡᠷ ᠪᠠᠶᠢᠰᠢᠩ ᠤᠨ ᠪᠤᠷᠤᠯᠠᠭᠤᠯᠬᠤ ᠲᠠᠯᠠᠪᠠᠶ 1340.0 ᠲᠡᠭᠰᠢ ᠳᠥᠷᠪᠡᠯᠵᠢᠨ ᠮᠧᠲᠷ ᠪᠤᠯᠵᠤ᠂ ᠠᠳᠠᠯᠢ ᠬᠤᠭᠤᠴᠠᠭᠠᠨ ᠤ ᠬᠢ ᠠᠴᠠ 1.8% ᠪᠠᠭᠤᠷᠠᠪᠠ᠃ ᠬᠦᠰᠢᠬᠦᠷᠭᠡ ᠶᠢ ᠬᠠᠰᠤᠬᠤ ᠲᠠᠯ᠎ᠠ ᠪᠠᠷ᠂ ᠳᠡᠭᠡᠳᠦ ᠬᠠᠭᠠᠰ ᠵᠢᠯ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠦᠷᠦᠩᠭᠡ ᠶᠢᠨ ᠥᠭᠴᠡᠭᠡᠨ ᠤ ᠨᠤᠷᠮ᠎ᠠ ᠨᠢ ᠠᠳᠠᠯᠢ ᠬᠤᠭᠤᠴᠠᠭᠠᠨ ᠤ ᠬᠢ ᠠᠴᠠ 1.6 ᠵᠠᠭᠤᠨ ᠤ ᠴᠡᠭ ᠪᠠᠭᠤᠷᠠᠪᠠ᠃ ᠥᠪᠡᠷ ᠤᠨ ᠦᠷᠳᠡᠭ ᠢ ᠪᠠᠭᠤᠷᠠᠭᠤᠯᠬᠤ ᠲᠠᠯ᠎ᠠ ᠪᠠᠷ᠂ ᠳᠡᠭᠡᠳᠦ ᠬᠠᠭᠠᠰ ᠵᠢᠯ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠵᠠᠭᠤᠨ ᠲᠥᠭᠦᠷᠢᠭ ᠪᠦᠷᠢ ᠶᠢᠨ ᠭᠤᠤᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠶᠢᠨ ᠥᠪᠡᠷ ᠤᠨ ᠦᠷᠲᠡᠭ ᠠᠳᠠᠯᠢ ᠬᠤᠭᠤᠴᠠᠭᠠᠨ ᠤ ᠬᠢ ᠠᠴᠠ 1.3 ᠲᠥᠭᠦᠷᠢᠭ ᠪᠠᠭᠤᠷᠠᠵᠤ᠂ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 7.5 ᠲᠥᠭᠦᠷᠢᠭ ᠳᠤᠤᠷ᠎ᠠ ᠪᠤᠯᠪᠠ᠃ ᠳᠤᠲᠠᠭᠤᠳᠠᠯ ᠢ ᠨᠥᠬᠦᠪᠥᠷᠢᠯᠡᠬᠦ ᠲᠠᠯ᠎ᠠ ᠪᠠᠷ᠂ 1 — 7 ᠳ᠋ᠤᠭᠠᠷ ᠰᠠᠷ᠎ᠠ ᠪᠣᠯᠲᠠᠯ᠎ᠠ᠂ ᠮᠡᠳᠡᠭᠡ ᠵᠠᠩᠭᠢ ᠶᠢᠨ ᠳᠠᠮᠵᠢᠭᠤᠯᠭ᠎ᠠ ᠶᠢᠨ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠶᠯᠡᠴᠢᠯᠡᠭᠡᠨ ᠤ ᠦᠶᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 27.2% ᠨᠡᠮᠡᠭᠳᠡᠪᠡ᠃      ᠶᠡᠷᠦᠩᠬᠡᠶ ᠳᠤ ᠨᠢ ᠠᠪᠴᠤ ᠦᠵᠡᠪᠡᠯ᠂ ᠣᠳᠣᠬᠠᠨ ᠤ ᠪᠦᠬᠦ ᠣᠷᠣᠨ ᠤ ᠠᠵᠤ ᠠᠬᠤᠶ ᠶᠢᠨ ᠠᠵᠢᠯᠯᠠᠭᠠᠨ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠭᠤᠣᠯᠳᠠᠭᠤ ᠤᠷᠢᠳᠠᠪᠠᠷ ᠬᠡᠷᠡᠭᠵᠢᠭᠦᠯᠬᠦ ᠭᠦᠶᠴᠡᠳᠬᠡᠬᠦ ᠲᠤᠭ᠎ᠠ ᠶᠢᠨ ᠠᠵᠢᠯᠯᠠᠭ᠎ᠠ ᠰᠠᠶᠢᠨ ᠪᠠᠶᠢᠵᠤ᠂ ᠠᠵᠤ ᠠᠬᠤᠶ ᠶᠢᠨ ᠦᠷ᠎ᠡ ᠠᠰᠢᠭ ᠮᠡᠳᠡᠭᠳᠡᠬᠦ᠋ᠢᠴᠡ ᠰᠠᠶᠢᠵᠢᠷᠠᠪᠠ᠃ ᠭᠡᠪᠡᠴᠦ ᠡᠭᠦᠨ ᠤ ᠬᠠᠮᠲᠤ᠂ ᠪᠢᠳᠡ ᠠᠵᠤ ᠠᠬᠤᠶ ᠶᠢᠨ ᠪᠠᠶᠢᠳᠠᠯ ᠮᠥᠨ ᠬᠦ ᠪᠤᠳᠤᠯᠢᠶᠠᠨᠲᠠᠶ ᠪᠥᠭᠡᠳ ᠬᠠᠲᠠᠭᠤ ᠴᠢᠩᠭ᠎ᠠ ᠪᠠᠶᠢᠵᠤ᠂ ᠬᠥᠭᠵᠢᠯᠲᠡ ᠶᠢᠨ ᠳᠤᠮᠳᠠ ᠪᠠᠰᠠ ᠡᠳᠦᠶ ᠲᠡᠳᠦᠶ ᠠᠰᠠᠭᠤᠳᠠᠯ ᠣᠷᠣᠰᠢᠵᠤ᠂ ᠬᠦᠨᠳᠦᠳᠬᠡᠨ ᠦᠵᠡᠬᠦ ᠬᠦᠨᠳᠦᠳᠬᠡᠬᠦ ᠴᠢᠬᠤᠯᠠᠲᠠᠢ ᠪᠠᠶᠢᠬᠤ ᠶᠢ ᠤᠯᠵᠤ ᠦᠵᠡᠬᠦ ᠬᠡᠷᠡᠭᠲᠡᠢ᠃ ᠳᠠᠷᠠᠭᠠᠴᠢ ᠶᠢᠨ ᠱᠠᠲᠤᠨ ᠳᠤ᠂ ᠪᠦᠬᠦ ᠣᠷᠣᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠳᠣᠣᠷ᠎ᠠ ᠬᠠᠭᠠᠰ ᠵᠢᠯ ᠤᠨ ᠠᠵᠤ ᠠᠬᠤᠶ ᠶᠢᠨ ᠠᠵᠢᠯ ᠢ ᠪᠠᠶᠢᠷᠢᠯᠠᠭᠤᠯᠤᠭᠰᠠᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ ᠪᠤᠯᠭᠠᠬᠤ ᠶᠢ ᠪᠠᠷᠢᠮᠲᠠᠯᠠᠵᠤ᠂ ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠵᠦ᠂ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ ᠬᠦᠴᠦ ᠳᠡᠯᠪᠢᠨ ᠰᠠᠶᠢᠲᠤᠷ ᠬᠢᠵᠦ᠂ ᠰᠠᠭᠤᠷᠢ ᠪᠡᠯᠡᠳᠬᠡᠮᠵᠢ ᠶᠢᠨ ᠬᠦᠷᠢᠶᠡᠨ ᠳᠠᠬᠢ ᠳᠤᠲᠠᠭᠤᠳᠠᠯ ᠢ ᠨᠥᠬᠦᠪᠥᠷᠢᠯᠡᠬᠦ ᠡᠷᠴᠢᠮ ᠢᠶᠠᠨ ᠴᠢᠩᠭᠠᠷᠠᠭᠤᠯᠵᠤ᠂ ᠬᠥᠭᠵᠢᠯᠲᠡ ᠶᠢᠨ ᠰᠡᠯᠭᠦᠬᠦ ᠬᠦᠴᠦᠨ ᠢ ᠴᠢᠩᠭᠠᠳᠬᠠᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠵᠤ ᠠᠬᠤᠶ ᠶᠢᠨ ᠠᠵᠢᠯᠯᠠᠭᠠᠨ ᠤ ᠲᠣᠭᠲᠠᠭᠤᠨ ᠪᠥᠭᠡᠳ ᠡᠷᠡᠭᠦᠯ ᠬᠥᠭᠵᠢᠯᠲᠡ ᠶᠢ ᠠᠬᠢᠭᠤᠯᠬᠤ ᠬᠡᠷᠡᠭᠲᠡᠢ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号