ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ 1 ᠳ᠋ᠦ᠋ᠭᠡᠷ ᠰᠠᠷ᠎ᠠ ᠶᠢᠨ 2 ᠤᠨ | ᠡᠳᠦᠷ ︽2018 ᠣᠨ ᠤ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠤᠨ ︿ᠠᠷᠪᠠᠨ ᠵᠦᠢᠯ ᠤᠨ ᠢᠯᠡᠷᠡᠯ﹀ ᠢ | ᠲᠥᠪᠯᠡᠷᠡᠭᠦᠯᠦᠨ ᠴᠡᠭᠴᠡᠯᠡᠨ ᠵᠠᠰᠠᠬᠤ ᠬᠡᠷᠡᠭᠵᠢᠭᠦᠯᠦᠯᠲᠡ ᠶᠢᠨ ᠲᠥᠰᠦᠯ︾ ᠢ ᠳᠠᠷᠤᠮᠠᠯᠯᠠᠨ ᠲᠠᠷᠬᠠᠭᠠᠵᠤ᠂ ᠪᠥᠬᠦ | ᠣᠷᠣᠨ ᠳᠤ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠤᠨ ︽ᠠᠷᠪᠠᠨ ᠵᠦᠢᠯ ᠤᠨ ᠢᠯᠡᠷᠡᠯ︾ ᠢ ᠲᠥᠪᠯᠡᠷᠡᠭᠦᠯᠦᠨ | ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠥᠷᠨᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ᠂ | ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠨ ᠰᠢᠢᠳᠪᠦᠷᠢᠯᠡᠬᠦ᠂ ᠵᠠᠰᠠᠭ ᠤᠨ ᠣᠷᠳᠣᠨ ᠤ ᠪᠠᠯᠠ | ᠮᠥᠩᠭᠦ ᠶᠢᠨ ᠬᠠᠮᠢᠶᠠᠷᠤᠯᠲᠠ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ᠂ ᠦᠨᠳᠦᠰᠦᠨ | ᠱᠠᠲᠤᠨ ᠤ ᠨᠡᠶᠢᠭᠡᠮ ᠤᠨ ᠬᠠᠮᠢᠶᠠᠷᠤᠯᠲᠠ ᠶᠢᠨ ︽ᠲᠠᠪᠤᠨ ᠬᠦᠷᠢᠶ᠎ᠡ︾ ᠳᠤ ᠠᠩᠬᠠᠷᠤᠯ ᠢᠶᠠᠨ ᠲᠥᠪᠯᠡᠷᠡᠭᠦᠯᠵᠦ᠂ | ᠠᠵᠢᠯᠯᠠᠬᠤ ᠨᠢ ᠤᠳᠠᠭᠠᠨ᠂ ᠠᠵᠢᠯᠯᠠᠳᠠᠭ ᠦᠭᠡᠢ᠂ ᠬᠠᠭᠤᠷᠮᠠᠭ ᠢᠶᠠᠷ ᠠᠵᠢᠯᠯᠠᠳᠠᠭ᠂ ᠳᠤᠷ᠎ᠠ ᠪᠠᠷ ᠢᠶᠠᠨ ᠠᠵᠢᠯᠯᠠᠳᠠᠭ | ︽ᠲᠦᠷᠪᠡᠡ ᠵᠦᠢᠯ ᠤᠨ ᠠᠵᠢᠯᠯᠠᠭ᠎ᠠ︾ ᠶᠢ ᠴᠢᠩᠭ᠎ᠠ ᠪᠠᠶᠢᠴᠠᠭᠠᠵᠤ᠂ ᠤᠯᠠᠨ ᠲᠦᠮᠡᠨ ᠤ ᠲᠤᠰᠬᠠᠯ ᠶᠡᠬᠡᠲᠡᠶ | ᠲᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠪᠠᠷ ᠲᠣᠭᠲᠠᠪᠠ᠃ ᠪᠦᠬᠦ ᠣᠷᠣᠨ ᠤ ᠬᠡᠯᠪᠡᠷᠢ ᠶᠢᠨ ᠦᠵᠡᠯ᠂ | ᠨᠣᠶᠠᠨᠴᠢ ᠰᠤᠷᠲᠠᠯ ᠤᠨ ︽ᠠᠷᠪᠠᠨ ᠵᠦᠢᠯ ᠤᠨ ᠢᠯᠡᠷᠡᠯ︾ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ | ᠠᠵᠢᠯᠯᠠᠭ᠎ᠠ ᠳᠤᠮᠳᠠ᠂ 1 — 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠳᠤ ᠨᠡᠶᠢᠲᠡ 3560 | ᠠᠰᠠᠭᠤᠳᠠᠯ ᠤᠨ ᠰᠦᠪᠡᠭᠴᠢ ᠶᠢ ᠰᠢᠢᠳᠪᠦᠷᠢᠯᠡᠵᠦ᠂ 995 ᠠᠰᠠᠭᠤᠳᠠᠯ ᠢ ᠬᠡᠷᠡᠭ ᠪᠣᠯᠭᠠᠨ ᠳᠠᠩᠰᠠᠯᠠᠵᠦ᠂ 907 | ᠬᠥᠮᠦᠨ ᠳᠤ ᠨᠠᠮ ᠤᠨ ᠰᠠᠬᠢᠯᠭ᠎ᠠ ᠵᠠᠰᠠᠭ ᠤᠨ ᠰᠢᠳᠬᠡᠯ ᠥᠭᠴᠦ᠂ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ 832 | ᠬᠥᠮᠦᠨ ᠢ ᠰᠢᠢᠳᠪᠦᠷᠢᠯᠡᠵᠦ᠂ ᠬᠠᠤᠯᠢ ᠶᠢᠨ ᠪᠠᠶᠢᠭᠤᠯᠭ᠎ᠠ ᠳᠤ 9 ᠬᠥᠮᠦᠨ ᠢ ᠰᠢᠯᠵᠢᠭᠦᠯᠦᠨ ᠲᠤᠰᠢᠶᠠᠵᠤ᠂ ᠨᠡᠶᠢᠲᠡᠯᠢᠭ | ᠬᠡᠷᠡᠭ ᠤᠨ ᠵᠢᠱᠢᠶ᠎ᠡ ᠶᠢ 197 ᠤᠳᠠᠭ᠎ᠠ᠂ 428 ᠬᠡᠷᠡᠭ ᠢ ᠢᠯᠡᠴᠢᠯᠡᠨ ᠨᠡᠶᠢᠲᠡᠯᠡᠪᠡ᠃ | ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠳᠤᠮᠳᠠ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠡᠯ᠎ᠡ ᠵᠠᠭᠤᠴᠢᠯᠠᠭᠤᠷ ᠳᠡᠭᠡᠷ᠎ᠡ ᠢᠯᠡᠴᠢᠯᠡᠨ ᠮᠡᠳᠡᠭᠦᠯᠬᠦ ᠶᠢ | ᠬᠦᠯᠢᠶᠠᠨ ᠠᠪᠴᠤ ᠰᠢᠢᠳᠪᠦᠷᠢᠯᠡᠬᠦ ᠠᠷᠭ᠎ᠠ ᠶᠢ ᠨᠡᠶᠢᠲᠡᠯᠡᠵᠦ᠂ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠬᠦ | ᠠᠷᠭ᠎ᠠ ᠵᠠᠮ ᠢ ᠤᠯᠠᠮ ᠨᠢᠭᠡ ᠠᠯᠬᠤᠮ ᠰᠢᠯᠤᠭᠤᠳᠬᠠᠨ ᠥᠷᠭᠡᠳᠬᠡᠪᠡ᠃ ᠡᠭᠦᠨ ᠤ ᠬᠠᠮᠲᠤ ᠬᠤᠯᠪᠣᠭ᠎ᠠ ᠠᠪᠬᠤ | ᠲᠣᠭᠲᠠᠴᠠ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠬᠤ ᠪᠠᠶᠢᠭᠤᠯᠤᠮᠵᠢ᠂ ᠬᠢᠨᠠᠨ | ᠪᠣᠳᠣᠬᠤ ᠲᠢᠩᠬᠢᠮ᠂ ᠶᠠᠳᠠᠭᠤ ᠶᠢ ᠲᠡᠳᠬᠦᠬᠦ ᠠᠯᠪᠠᠨ ᠭᠡᠷ᠂ ᠳᠣᠲᠣᠭᠠᠳᠤ ᠶᠢ ᠬᠠᠮᠠᠭᠠᠯᠠᠬᠤ ᠲᠢᠩᠬᠢᠮ ᠵᠡᠷᠭᠡ ᠨᠢᠭᠡᠴᠢ | ᠲᠠᠢ ᠠᠰᠠᠭᠤᠳᠠᠯ ᠤᠨ ᠰᠦᠪᠡᠭᠴᠢ ᠶᠢ ᠰᠢᠯᠵᠢᠭᠦᠯᠦᠨ ᠬᠦᠷᠭᠡᠬᠦ ᠪᠠᠨ ᠴᠢᠩᠭᠠᠳᠬᠠᠪᠠ᠃ ᠣᠳᠣᠬᠠᠨ ᠳᠤ᠂ ᠥᠪᠡᠷᠲᠡᠭᠡᠨ | ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠤᠳᠤᠬᠤ ᠲᠢᠩᠬᠢᠮ ᠤᠨ ᠰᠢᠯᠵᠢᠭᠦᠯᠦᠨ | ᠬᠦᠷᠭᠡᠭᠰᠡᠨ 2015 ᠣᠨ ᠠᠴᠠ ᠨᠠᠭᠠᠰᠢᠬᠢ ᠡᠯ᠎ᠡ ᠱᠠᠲᠤᠨ ᠤ ᠬᠢᠨᠠᠨ ᠪᠠᠶᠢᠴᠠᠭᠠᠬᠤ ᠳᠤᠮᠳᠠ ᠢᠯᠡᠷᠡᠭᠦᠯᠦᠭᠰᠡᠨ | 400 ᠭᠠᠷᠤᠶ ᠬᠤᠯᠪᠣᠭᠳᠠᠯ ᠪᠦᠬᠦᠢ ᠠᠰᠠᠭᠤᠳᠠᠯ ᠪᠠ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ | ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠰᠢᠯᠵᠢᠭᠦᠯᠦᠨ ᠬᠦᠷᠭᠡᠭᠰᠡᠨ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠬᠦᠷᠢᠶᠡᠨ ᠳᠠᠬᠢ ᠬᠤᠯᠪᠣᠭᠳᠠᠯ ᠪᠦᠭᠦᠢ ᠬᠡᠯᠪᠡᠷᠢ ᠶᠢᠨ ᠦᠵᠡᠯ᠂ ᠨᠣᠶᠠᠨᠴᠢ | ᠰᠤᠷᠲᠠᠯ ᠵᠡᠷᠭᠡ ᠲᠠᠯ᠎ᠠ ᠶᠢᠨ ᠠᠰᠠᠭᠤᠳᠠᠯ ᠤᠨ ᠰᠦᠪᠡᠭᠴᠢ ᠶᠢ ᠬᠦᠯᠢᠶᠡᠨ ᠠᠪᠴᠤ᠂ ᠶᠠᠭ ᠲᠤᠰᠢᠶᠠᠨ ᠥᠭᠴᠦ | ᠰᠢᠮᠳᠠᠭᠤᠯᠤᠨ ᠰᠢᠢᠳᠪᠦᠷᠢᠯᠡᠭᠦᠯᠵᠦ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ | ᠪᠠᠰᠠ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠳᠤ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠷᠢᠭᠤᠴᠠᠯᠭ᠎ᠠ | ᠲᠤᠯᠭᠠᠬᠤ ᠪᠠ ᠪᠠᠶᠢᠴᠠᠭᠠᠨ ᠰᠢᠢᠳᠪᠦᠷᠢᠯᠡᠬᠦ ᠶᠢ ᠴᠢᠩᠭᠠᠳᠬᠠᠵᠤ᠂ ᠲᠥᠪ ᠬᠤᠷᠢᠶ᠎ᠠ ᠶᠢᠨ ᠵᠣᠷᠢᠭ ᠰᠠᠨᠠᠭ᠎ᠠ ᠶᠢ | ᠲᠤᠭᠤᠰᠢᠯᠠᠭᠤᠯᠬᠤ ᠳᠤ ᠵᠥᠪᠬᠡᠨ ᠤᠷᠢᠶ᠎ᠠ ᠬᠠᠰᠬᠢᠷᠤᠭᠠᠳ ᠯᠠ ᠪᠠᠶᠢᠬᠤ᠂ ᠲᠥᠪ ᠤᠨ ᠰᠢᠢᠳᠪᠦᠷᠢᠲᠦ ᠪᠤᠳᠤᠯᠭ᠎ᠠ ᠶᠢᠨ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠳᠤ ᠳᠤᠲᠠᠭᠤ ᠲᠤᠷᠭᠤᠨ ᠬᠢᠬᠦ ᠪᠠ ᠰᠣᠩᠭᠤᠠ ᠬᠢᠬᠦ᠂ ᠬᠤᠪᠢᠷᠠᠭᠤᠯᠤᠨ | ᠬᠡᠷᠡᠭᠵᠢᠭᠦᠯᠬᠦ ᠵᠡᠷᠭᠡ ᠠᠰᠠᠭᠤᠳᠠᠯ ᠳᠤ ᠴᠠᠭ ᠲᠤᠬᠠᠶ ᠳᠤ ᠨᠢ ᠣᠷᠣᠯᠴᠠᠵᠤ᠂ ᠴᠠᠭ ᠲᠤᠬᠠᠶ ᠳᠤ ᠨᠢ ᠪᠠᠶᠢᠴᠠᠭᠠᠨ | ᠰᠢᠢᠳᠪᠦᠷᠢᠯᠡᠵᠦ᠂ ᠴᠠᠭ ᠲᠤᠬᠠᠶ ᠳᠤ ᠨᠢ ᠢᠯᠡᠴᠢᠯᠡᠨ ᠮᠡᠳᠡᠭᠡᠯᠡᠪᠡ᠃ ︽ᠲᠦᠷᠪᠡᠨ ᠵᠦᠢᠯ ᠤᠨ ᠬᠡᠯᠪᠡᠷᠢ ᠪᠠᠶᠢᠳᠠᠯ︾ ᠢ | ᠶᠡᠷᠦᠩᠬᠡᠶᠢᠯᠡᠨ ᠬᠡᠷᠡᠭᠯᠡᠵᠦ᠂ ᠪᠡᠶ᠎ᠡ ᠪᠠᠨ ᠪᠠᠷᠢᠬᠤ ᠦᠭᠡᠢ᠂ ᠬᠤᠷᠢᠭᠯᠠᠬᠤ ᠦᠭᠡᠢ᠂ ᠰᠠᠬᠢᠯᠭ᠎ᠠ ᠪᠠᠲᠤ ᠠᠴᠠ ᠵᠥᠷᠢᠴᠡᠬᠦ | ᠦᠢᠯᠡ ᠠᠵᠢᠯᠯᠠᠭ᠎ᠠ ᠶᠢ ᠴᠢᠩᠭ᠎ᠠ᠂ ᠲᠦᠷᠭᠡᠨ᠂ ᠬᠦᠴᠦᠲᠡᠢ ᠪᠠᠶᠢᠴᠠᠭᠠᠨ ᠰᠢᠢᠳᠪᠦᠷᠢᠯᠡᠪᠡ᠃ ᠲᠤᠮᠤ ᠳ᠋ᠠᠶᠢᠲ᠋ᠠ ᠶᠢ | ᠠᠰᠢᠭᠯᠠᠬᠤ ᠶᠢ ᠴᠢᠩᠭᠠᠳᠬᠠᠵᠤ᠂ ᠲᠤᠭ᠎ᠠ ᠪᠠᠷᠢᠮᠲᠠ ᠶᠢᠨ ᠬᠠᠷᠢᠴᠠᠭᠤᠯᠤᠯ ᠢᠶᠠᠷ ᠰᠦᠪᠡᠭᠴᠢ ᠡᠷᠢᠵᠦ᠂ ᠬᠡᠯᠪᠡᠷᠢ ᠶᠢᠨ | ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠢ ᠬᠢᠨᠠᠨ ᠬᠠᠮᠢᠶᠠᠷᠬᠤ ᠬᠦᠴᠦᠨ ᠴᠢᠳᠠᠪᠤᠷᠢ ᠪᠠᠨ ᠳᠡᠭᠡᠭᠰᠢᠯᠡᠭᠦᠯᠪᠠ᠃ | ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ ᠲᠤᠮᠤ ᠲᠤᠭ᠎ᠠ | ᠪᠠᠷᠢᠮᠲᠠ ᠶᠢᠨ ᠬᠠᠷᠢᠴᠠᠭᠤᠯᠤᠯ ᠢᠶᠠᠷ ᠳᠠᠮᠵᠢᠭᠤᠯᠤᠨ ᠣᠯᠵᠤ ᠮᠡᠳᠡᠭᠰᠡᠨ ᠠᠯᠪᠠᠨ ᠲᠣᠰᠢᠶᠠᠯᠲᠠᠳ ᠤᠨ ᠲᠣᠭᠲᠠᠭᠠᠯ | ᠵᠥᠷᠢᠴᠡᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠠᠪᠴᠤ ᠪᠠᠶᠢᠬᠤ ᠵᠡᠷᠭᠡ ᠳᠤᠷ᠎ᠠ ᠵᠣᠷᠢᠭ ᠢᠶᠠᠷ | ᠦᠢᠯᠡᠳᠦᠭᠰᠡᠨ 387 ᠵᠦᠢᠯ ᠤᠨ ᠠᠰᠠᠭᠤᠳᠠᠯ ᠤᠨ ᠰᠦᠪᠡᠭᠴᠢ ᠶᠢ ᠲᠤᠰᠢᠶᠠᠨ ᠥᠭᠴᠦ ᠰᠢᠮᠳᠠᠭᠤᠯᠤᠨ | ᠰᠢᠢᠳᠪᠦᠷᠢᠯᠡᠭᠦᠯᠵᠦ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ | ᠪᠠᠰᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠰᠢᠮᠳᠠᠭᠤᠯᠤᠨ ᠠᠬᠢᠭᠤᠯᠵᠤ᠂ ᠬᠢᠨᠠᠯᠲᠠ | ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠬᠤ ᠨᠠᠶᠢᠳᠠᠪᠤᠷᠢᠵᠢᠭᠤᠯᠤᠯᠲᠠ ᠶᠢᠨ ᠠᠵᠢᠯ ᠢ ᠴᠢᠩᠭᠠᠳᠬᠠᠵᠤ᠂ ᠤᠯᠠᠨ | ᠲᠦᠮᠡᠨ ᠳᠤ ᠦᠢᠯᠡᠴᠢᠯᠡᠬᠦ ᠶᠠᠪᠤᠴᠠ ᠳᠤ ᠢᠯᠡᠷᠡᠵᠦ ᠪᠠᠶᠢᠭ᠎ᠠ ᠨᠣᠶᠠᠨᠴᠢ ᠰᠤᠷᠲᠠᠯ᠂ ᠬᠡᠯᠪᠡᠷᠢ ᠶᠢᠨ ᠦᠵᠡᠯ ᠤᠨ | ᠠᠰᠠᠭᠤᠳᠠᠯ ᠢ ᠰᠢᠢᠳᠪᠦᠷᠢᠯᠡᠪᠡ︔ ᠶᠠᠳᠠᠭᠤ ᠶᠢ ᠲᠡᠳᠬᠦᠬᠦ ᠬᠦᠷᠢᠶᠡᠨ ᠳᠤ ᠣᠷᠣᠰᠢᠵᠤ ᠪᠠᠶᠢᠭ᠎ᠠ ᠬᠡᠯᠪᠡᠷᠢ ᠶᠢᠨ ᠦᠵᠡᠯ᠂ | ᠨᠣᠶᠠᠨᠴᠢ ᠰᠤᠷᠲᠠᠯ ᠤᠨ ᠠᠰᠠᠭᠤᠳᠠᠯ ᠢ ᠭᠤᠤᠯᠳᠠᠯᠭ᠎ᠠ ᠲᠠᠢ ᠴᠡᠭᠴᠡᠯᠡᠨ ᠵᠠᠰᠠᠭᠰᠠᠨ ᠪᠥᠭᠡᠳ ᠳᠤᠭᠤᠶᠢᠯᠠᠩ ᠬᠤᠪᠢᠶᠠᠨ | 60 ᠭᠠᠷᠤᠶ ᠬᠤᠰᠢᠭᠤ ᠰᠢᠶᠠᠨ ᠲᠣᠭᠤᠷᠢᠭ ᠲᠤ ᠭᠦᠨᠵᠡᠭᠡᠶᠢᠷᠡᠨ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠤᠨ ︽ | ᠠᠷᠪᠠᠨ ᠵᠦᠢᠯ ᠤᠨ ᠢᠯᠡᠷᠡᠯ︾ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ | ᠠᠵᠢᠯ ᠤᠨ ᠨᠠᠶᠢᠳᠠᠪᠤᠷᠢᠵᠢᠭᠤᠯᠤᠯᠲᠠ ᠶᠢ ᠰᠢᠮᠳᠠᠭᠤᠯᠵᠤ ᠪᠠᠶᠢᠨ᠎ᠠ᠃ |