ᠥᠪᠥᠷ ᠵᠠᠰᠠᠭ ᠠᠯᠪᠠᠨ ᠲᠠᠷᠬᠠᠭᠠᠭᠰᠠᠨ ﹇2018﹈ 16 ᠳ᠋ᠤᠭᠠᠷ ᠲᠤᠭᠠᠳᠤ | 2 ᠳ᠋ᠤᠭᠠᠷ ᠰᠠᠷ᠎ᠠ ᠶᠢᠨ 28 ᠤ ᠡᠳᠦᠷ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠮᠠᠨᠵᠣᠣᠷ ᠬᠤᠲᠠ᠂ ᠡᠷᠢᠶᠡᠨ | ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ | ᠦᠪᠡᠷᠲᠡᠭᠡᠨ ᠵᠠᠰᠠᠬᠤ ᠣᠷᠣᠨ ᠤ ᠡᠯ᠎ᠡ ᠬᠤᠯᠪᠤᠭᠳᠠᠯ ᠪᠦᠬᠦᠢ ᠵᠦᠪᠯᠡᠯ᠂ ᠠᠯᠪᠠᠨ ᠭᠡᠷ᠂ ᠲᠢᠩᠭᠢᠮ᠂ ᠲᠣᠪᠴᠢᠶ᠎ᠠ ᠳᠤ᠄ | 2018 ᠣᠨ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠬᠤ | ᠡᠬᠢᠯᠡᠯᠲᠡ ᠶᠢᠨ ᠣᠨ ᠪᠦᠭᠡᠳ ᠦᠭᠡᠷᠡᠴᠢᠯᠡᠯᠲᠡ ᠨᠡᠬᠡᠭᠡᠯᠲᠡ ᠬᠢᠭᠰᠡᠨ 40 ᠵᠢᠯ ᠤᠨ ᠣᠢ ᠪᠣᠯᠣᠨ᠎ᠠ᠂ ᠮᠦᠨ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠶᠢᠨ ᠰᠢᠢᠳᠪᠦᠷᠢᠲᠦ ᠢᠯᠠᠯᠲᠡ ᠶᠢ ᠣᠯᠬᠤ ᠪᠠ ︽13 · 5︾ | ᠶᠢᠨ ᠲᠦᠯᠦᠪᠵᠢᠭᠦᠯᠭᠡ ᠶᠢ ᠬᠡᠷᠡᠭᠵᠢᠭᠦᠯᠬᠦ ᠶᠢᠨ ᠤᠷᠢᠳᠤᠬᠢ ᠶᠢ ᠵᠠᠯᠭᠠᠮᠵᠢᠯᠠᠨ ᠢᠷᠡᠭᠡᠳᠦᠢ ᠶᠢ ᠨᠡᠭᠡᠭᠡᠬᠦ | ᠵᠠᠩᠬᠢᠯᠠᠭ᠎ᠠ ᠶᠢᠨ ᠨᠢᠭᠡ ᠵᠢᠯ ᠪᠣᠯᠣᠨ᠎ᠠ᠃ ᠬᠦᠴᠢᠷᠳᠡᠯᠲᠡᠢ ᠣᠯᠠᠨ ᠲᠦᠮᠡᠨ ᠤ ᠠᠮᠢᠳᠤᠷᠠᠯ ᠤᠨ ᠦᠨᠳᠦᠰᠦᠨ | ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠬᠦᠴᠢᠷᠳᠡᠯᠲᠡᠢ ᠣᠯᠠᠨ ᠲᠦᠮᠡᠨ ᠤ ᠬᠦᠷᠲᠡᠭᠡᠮᠵᠢᠲᠦ ᠰᠡᠳᠬᠢᠯᠭᠡ᠂ ᠵᠣᠯ | ᠵᠢᠷᠭᠠᠯᠲᠤ ᠰᠡᠳᠬᠢᠯᠭᠡ᠂ ᠠᠮᠦᠷ ᠲᠥᠪᠰᠢᠨ ᠰᠡᠳᠬᠢᠯᠭᠡ ᠶᠢ ᠨᠡᠩ ᠭᠦᠢᠴᠡᠳ ᠲᠡᠭᠦᠯᠳᠡᠷ᠂ ᠨᠡᠩ ᠪᠠᠲᠤᠯᠠᠭ᠎ᠠ ᠲᠠᠢ᠂ | ᠨᠡᠩ ᠦᠷᠭᠦᠯᠵᠢᠯᠡᠵᠦ ᠪᠣᠯᠬᠤᠶᠢᠴᠠ ᠪᠣᠯᠭᠠᠬᠤ ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠦᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠲᠠᠪᠤᠳᠤᠭᠠᠷ ᠤᠳᠠᠭ᠎ᠠ ᠶᠢᠨ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠴᠢᠬᠤᠯᠠ ᠠᠷᠭ᠎ᠠ ᠬᠡᠮᠵᠢᠶ᠎ᠡ ᠪᠠᠶᠢᠵᠤ᠂ | ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠮᠠᠰᠢ ᠴᠢᠬᠤᠯᠠ ᠠᠴᠢ ᠬᠤᠯᠪᠣᠭᠳᠠᠯ ᠲᠠᠢ ᠪᠣᠯᠬᠤᠷ᠂ ᠦᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ 2018 ᠣᠨ ᠤ ᠪᠦᠬᠦ | ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢᠨ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ | ᠮᠡᠳᠡᠭᠳᠡᠪᠡ᠄ | ᠨᠢᠭᠡ᠂ ᠬᠢᠨᠠᠨ ᠬᠠᠷᠭᠤᠭᠤᠯᠵᠤ ᠲᠣᠭᠲᠠᠭᠠᠭᠰᠠᠨ ᠠᠪᠤᠷᠠᠨ ᠲᠤᠰᠠᠯᠠᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠬᠦ | ᠬᠡᠷᠡᠭᠲᠡᠢ | ᠡᠯ᠎ᠡ ᠠᠶᠢᠮᠠᠭ ᠬᠤᠲᠠ ᠨᠢ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠢᠨᠠᠨ | ᠬᠠᠷᠭᠤᠭᠤᠯᠵᠤ ᠲᠣᠭᠲᠠᠭᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠴᠠᠭ ᠲᠣᠬᠠᠢ ᠳᠤᠨᠢ ᠨᠡᠶᠢᠭᠡᠮ ᠳᠤ | ᠨᠡᠶᠢᠲᠡᠯᠡᠬᠦ ᠶᠢᠨ ᠬᠠᠮᠲᠤ᠂ ᠴᠢᠩᠭ᠎ᠠ ᠬᠡᠷᠡᠭᠵᠢᠭᠦᠯᠬᠦ ᠬᠡᠷᠡᠭᠲᠡᠢ᠃ ᠲᠤᠰ ᠣᠨ ᠳᠤ᠂ ᠨᠡᠶᠢᠭᠡᠮ ᠤᠨ ᠠᠪᠤᠷᠠᠨ ᠲᠤᠰᠠᠯᠠᠬᠤ | ᠪᠠᠷᠢᠮᠵᠢᠶ᠎ᠠ ᠳᠤ ᠳᠠᠬᠢᠨᠲᠠ ᠲᠤᠬᠢᠷᠠᠭᠤᠯᠤᠯᠲᠠ ᠬᠢᠬᠦ ᠳᠤ ᠡᠷᠬᠡᠪᠰᠢ ᠬᠤᠯᠪᠤᠭᠳᠠᠯ ᠪᠦᠬᠦᠢ ᠳᠡᠰ ᠳᠠᠷᠠᠭᠠᠯᠠᠯ ᠢᠶᠠᠷ | ᠳᠡᠭᠡᠭᠰᠢ ᠮᠡᠳᠡᠭᠦᠯᠵᠦ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠬᠦ ᠬᠡᠷᠡᠭᠲᠡᠢ᠃ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ | ᠨᠢ 2018 ᠣᠨ ᠤ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠰᠢᠨ᠎ᠡ ᠪᠠᠷᠢᠮᠵᠢᠶ᠎ᠠ ᠶᠤᠰᠤᠭᠠᠷ ᠪᠡᠯᠡ | ᠮᠦᠩᠭᠦ ᠶᠢ ᠨᠦᠬᠦᠪᠦᠷᠢᠯᠡᠨ ᠥᠭᠴᠦ ᠳᠠᠭᠤᠰᠬᠠᠬᠤ ᠬᠡᠷᠡᠭᠲᠡᠢ᠂ ᠠᠶᠢᠮᠠᠭ ᠬᠤᠲᠠ ᠶᠢᠨ ᠠᠷᠠᠳ ᠤᠨ ᠶᠠᠪᠤᠳᠠᠯ ᠤᠨ | ᠰᠠᠯᠠᠭ᠎ᠠ ᠮᠦᠴᠢᠷ ᠨᠢ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠰᠢᠨ᠎ᠡ ᠪᠠᠷᠢᠮᠵᠢᠶ᠎ᠠ ᠶᠢ ᠬᠡᠷᠡᠭᠵᠢᠭᠦᠯᠦᠭᠰᠡᠨ ᠪᠠ | ᠪᠡᠯᠡ ᠮᠥᠩᠭᠦ ᠶᠢ ᠣᠯᠭᠤᠭᠰᠠᠨ ᠪᠠᠶᠢᠳᠠᠯ ᠳᠤ ᠪᠠᠶᠢᠴᠠᠭᠠᠯᠲᠠ ᠬᠢᠬᠦ ᠶᠢᠨ ᠬᠠᠮᠲᠤ᠂ ᠦᠪᠡᠷᠲᠡᠭᠡᠨ ᠵᠠᠰᠠᠬᠤ ᠣᠷᠣᠨ ᠤ | ᠠᠷᠠᠳ ᠤᠨ ᠶᠠᠪᠤᠳᠠᠯ ᠤᠨ ᠲᠢᠩᠭᠢᠮ ᠳᠤ ᠮᠡᠳᠡᠭᠦᠯᠬᠦ ᠬᠡᠷᠡᠭᠲᠡᠢ᠂ ᠦᠪᠡᠷᠲᠡᠭᠡᠨ ᠵᠠᠰᠠᠬᠤ ᠣᠷᠣᠨ ᠠᠴᠠ ᠬᠠᠮᠢᠶ᠎ᠠ ᠪᠦᠬᠦᠢ | ᠰᠠᠯᠠᠭ᠎ᠠ ᠮᠦᠴᠢᠷ ᠤᠳ ᠢ ᠵᠣᠬᠢᠶᠠᠨ ᠪᠠᠶᠢᠭᠤᠯᠵᠤ ᠠᠶᠢᠮᠠᠭ ᠬᠤᠲᠠ ᠪᠣᠯᠣᠨ ᠬᠤᠰᠢᠭᠤ ᠰᠢᠶᠠᠨ ︵ᠬᠤᠲᠠ᠂ | ᠲᠣᠭᠤᠷᠢᠭ︶ ᠤ ᠠᠵᠢᠯ ᠢᠶᠠᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠨ᠎ᠠ᠃ | ᠬᠤᠶᠠᠷ᠂ ᠨᠡᠶᠢᠭᠡᠮ ᠤᠨ ᠠᠪᠤᠷᠠᠨ ᠲᠤᠰᠠᠯᠠᠬᠤ ᠶᠢᠨ ᠰᠠᠭᠤᠷᠢ ᠠᠴᠠ ᠨᠢ ᠪᠠᠲᠤᠯᠠᠬᠤ ᠦᠢᠯᠡᠳᠦᠯ ᠢ ᠭᠦᠢᠴᠡᠳ | ᠪᠠᠳᠠᠷᠠᠭᠤᠯᠬᠤ ᠬᠡᠷᠡᠭᠲᠡᠢ | ᠲᠦᠢᠯ ᠤᠨ ᠣᠨᠣᠪᠴᠢᠲᠠᠢ ᠪᠠᠷ ᠶᠠᠳᠠᠭᠤ ᠶᠢ ᠲᠡᠳᠭᠦᠬᠦ ᠪᠠ ᠲᠦᠢᠯ ᠤᠨ ᠣᠨᠣᠪᠴᠢᠲᠠᠢ ᠪᠠᠷ ᠶᠠᠳᠠᠭᠤ ᠠᠴᠠ | ᠠᠩᠬᠢᠵᠢᠷᠠᠭᠤᠯᠬᠤ ︽ᠲᠠᠪᠤᠨ ᠨᠢᠭᠡ ᠪᠦᠯᠦᠭ︾ ᠲᠠᠬᠢ ︽ᠨᠡᠶᠢᠭᠡᠮ ᠤᠨ ᠪᠠᠲᠤᠯᠠᠭ᠎ᠠ ᠠᠴᠠ ᠨᠢᠭᠡ ᠪᠦᠯᠦᠭ ᠢ | ᠰᠠᠭᠤᠷᠢ ᠠᠴᠠ ᠨᠢ ᠪᠠᠲᠤᠯᠠᠬᠤ︾ ᠱᠠᠭᠠᠷᠳᠠᠯᠭ᠎ᠠ ᠶᠤᠰᠤᠭᠠᠷ᠂ ᠬᠦᠳᠡᠯᠮᠦᠷᠢᠯᠡᠬᠦ ᠴᠢᠳᠠᠪᠤᠷᠢ ᠪᠠᠨ ᠪᠦᠷᠢᠮᠦᠰᠦᠨ ᠪᠣᠶᠣ | ᠬᠡᠰᠡᠭ ᠠᠯᠳᠠᠭᠰᠠᠨ ᠣᠨᠴᠠ ᠶᠠᠳᠠᠭᠤ ᠬᠦᠴᠢᠷᠳᠡᠯᠲᠡᠢ ᠬᠦᠮᠦᠨ ᠠᠮᠠ ᠳᠤ᠂ ᠶᠠᠳᠠᠭᠤ ᠶᠢ ᠲᠡᠳᠭᠦᠬᠦ ᠪᠠᠲᠤᠯᠠᠭ᠎ᠠ ᠶᠢᠨ | ᠴᠢᠨᠠᠷᠲᠠᠢ ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ᠂ ᠡᠪᠡᠳᠴᠢᠨ ᠢᠶᠠᠨ ᠦᠵᠡᠭᠦᠯᠬᠦ ᠳᠤ | ᠡᠮᠨᠡᠯᠭᠡ ᠲᠠᠢ᠂ ᠵᠡᠮᠳᠡᠭ ᠪᠠᠶᠢᠭᠰᠠᠨ ᠴᠦ ᠲᠤᠰᠠᠯᠠᠮᠵᠢ ᠲᠠᠢ᠂ ᠦᠨᠳᠦᠰᠦᠨ ᠠᠮᠢᠳᠤᠷᠠᠯ ᠨᠢ ᠪᠠᠲᠤᠯᠠᠭ᠎ᠠ ᠲᠠᠢ | ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠲᠤ | ᠵᠠᠬ᠎ᠠ ᠶᠢᠨ ᠪᠠᠲᠤᠯᠠᠭ᠎ᠠ ᠶᠢᠨ ᠠᠵᠢᠯ ᠤᠨ ᠬᠦᠳᠡᠯᠦᠩᠭᠦᠢ ᠪᠦᠭᠡᠳ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠰᠠᠶᠢᠲᠤᠷ | ᠬᠢᠵᠦ᠂ ᠨᠦᠬᠦᠴᠡᠯ ᠳᠤ ᠨᠡᠶᠢᠴᠡᠬᠦ ᠶᠠᠳᠠᠭᠤ ᠬᠦᠴᠢᠷᠳᠡᠯᠲᠡᠢ ᠬᠦᠮᠦᠨ ᠠᠮᠠ ᠪᠦᠬᠦᠨ ᠢ ᠪᠠᠲᠤᠯᠠᠬᠤ ᠬᠡᠪᠴᠢᠶᠡᠨ ᠳᠤ | ᠣᠷᠤᠭᠤᠯᠬᠤ ᠬᠡᠷᠡᠭᠲᠡᠢ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ | ᠨᠠᠰᠤᠨ ᠳᠤ ᠦᠯᠦ ᠬᠦᠷᠦᠭᠰᠡᠳ᠂ ᠨᠠᠰᠤᠲᠠᠶᠢᠴᠤᠳ᠂ ᠬᠦᠨᠳᠦ ᠬᠡᠮᠵᠢᠶᠡᠨ ᠤ ᠵᠡᠮᠳᠡᠭᠴᠦᠳ ᠪᠠ ᠬᠦᠨᠳᠦ | ᠡᠪᠡᠳᠴᠢᠲᠡᠨ ᠳᠤ ᠲᠣᠬᠠᠢ ᠶᠢᠨ ᠭᠠᠵᠠᠷ ᠣᠷᠣᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ | ᠪᠠᠷᠢᠮᠵᠢᠶ᠎ᠠ ᠶᠢᠨ 30% ᠠᠴᠠ ᠬᠡᠲᠦᠷᠡᠭᠦᠯᠬᠦ ᠦᠭᠡᠢ ᠬᠠᠷᠢᠴᠠᠯ ᠢᠶᠠᠷ ᠨᠦᠬᠦᠪᠦᠷᠢ ᠥᠭᠬᠦ ᠬᠢᠷᠢ ᠬᠡᠮᠵᠢᠶ᠎ᠡ ᠪᠠᠨ | ᠳᠡᠭᠡᠭᠰᠢᠯᠡᠭᠦᠯᠵᠦ᠂ ᠳᠡᠳᠡᠨᠦᠰ ᠤᠨ ᠦᠨᠳᠦᠰᠦᠨ ᠠᠮᠢᠳᠤᠷᠠᠯ ᠢ ᠨᠢ ᠨᠡᠩ ᠢᠯᠡᠭᠦᠦ ᠰᠠᠶᠢᠵᠢᠷᠠᠭᠤᠯᠬᠤ ᠬᠡᠷᠡᠭᠲᠡᠢ᠃ | ᠬᠦᠴᠢᠷᠳᠡᠯᠲᠡᠢ ᠣᠯᠠᠨ ᠲᠦᠮᠡᠨ ᠤ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢᠨ ᠠᠵᠢᠯ ᠤᠨ ᠵᠣᠬᠢᠴᠠᠭᠤᠯᠬᠤ | ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯ ᠬᠡᠷᠡᠭ ᠵᠦᠪᠯᠡᠬᠦ ᠳᠡᠰ ᠳᠠᠷᠠᠭᠠᠯᠠᠯ ᠪᠠ ᠶᠣᠰᠤ | ᠳᠦᠷᠢᠮ ᠢ ᠵᠢᠷᠤᠮᠵᠢᠭᠤᠯᠤᠨ᠂ ᠡᠯ᠎ᠡ ᠲᠦᠷᠦᠯ ᠤᠨ ᠠᠪᠤᠷᠠᠨ ᠲᠤᠰᠠᠯᠠᠬᠤ ᠠᠵᠢᠯ ᠤᠨ ᠡᠬᠢ ᠪᠠᠶᠠᠯᠢᠭ ᠢ ᠨᠢᠭᠡᠲᠦᠯᠲᠡᠢ | ᠲᠦᠯᠦᠪᠵᠢᠭᠦᠯᠵᠦ᠂ ᠬᠦᠴᠢᠷᠳᠡᠯᠲᠡᠢ ᠣᠯᠠᠨ ᠲᠦᠮᠡᠨ ᠳᠤ ᠳᠣᠬᠢᠶᠠᠯᠳᠤᠭᠰᠠᠨ ᠡᠮᠴᠢᠯᠡᠭᠡ᠂ ᠰᠤᠷᠭᠠᠨ ᠬᠦᠮᠦᠵᠢᠯ᠂ | ᠣᠷᠣᠨ ᠰᠠᠭᠤᠴᠠ ᠵᠡᠷᠭᠡ ᠬᠦᠴᠢᠷ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠠᠪᠤᠷᠠᠨ ᠲᠤᠰᠠᠯᠠᠬᠤ ᠣᠨᠴᠤᠭᠤᠢ | ᠮᠦᠩᠭᠦ ᠶᠢᠨ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠪᠤᠷᠠᠨ ᠲᠤᠰᠠᠯᠠᠬᠤ ᠣᠨᠴᠤᠭᠤᠢ ᠮᠦᠩᠭᠦ ᠶᠢᠨ | ᠠᠪᠤᠷᠠᠨ ᠲᠤᠰᠠᠯᠠᠬᠤ ᠠᠷᠭ᠎ᠠ ᠮᠠᠶ᠋ᠢᠭ ᠨᠢ ᠠᠮᠢᠳᠤᠯᠢᠭ᠂ ᠠᠪᠤᠷᠠᠯ ᠲᠤᠰᠠᠯᠠᠮᠵᠢ ᠶᠢᠨ ᠲᠤᠭ᠎ᠠ ᠬᠡᠮᠵᠢᠶ᠎ᠡ ᠨᠢ ᠦᠨᠳᠦᠷ | ᠪᠦᠬᠦᠢ ᠳᠦᠷᠢᠮ ᠤᠨ ᠣᠨᠴᠠᠯᠢᠭ ᠢ ᠭᠦᠢᠴᠡᠳ ᠪᠠᠳᠠᠷᠠᠭᠤᠯᠵᠤ᠂ ︽ᠨᠢᠭᠡ ᠤᠴᠢᠷ ᠢ ᠨᠢᠭᠡ ᠵᠦᠪᠯᠡᠬᠦ︾ ᠠᠷᠭ᠎ᠠ | ᠮᠠᠶ᠋ᠢᠭ ᠢᠶᠠᠷ ᠬᠦᠴᠢᠷᠳᠡᠯᠲᠡᠢ ᠣᠯᠠᠨ ᠲᠦᠮᠡᠨ ᠳᠤ ᠲᠤᠯᠭᠠᠷᠠᠭᠰᠠᠨ ᠲᠤᠯᠭᠠᠮ᠎ᠠ ᠪᠦᠭᠡᠳ ᠬᠦᠴᠢᠷ ᠠᠰᠠᠭᠤᠳᠠᠯ ᠢ ᠴᠠᠭ | ᠲᠣᠬᠠᠢ ᠳᠤᠨᠢ ᠰᠢᠢᠳᠪᠦᠷᠢᠯᠡᠨ᠂ ᠨᠡᠶᠢᠭᠡᠮ ᠤᠨ ᠶᠤᠰᠣ ᠰᠤᠷᠲᠠᠬᠤᠨ ᠪᠠ ᠠᠷᠠᠳ ᠲᠦᠮᠡᠨ ᠤ ᠰᠡᠳᠬᠢᠴᠡ ᠶᠢᠨ | ᠳᠠᠭᠠᠭᠠᠴᠠ ᠶᠢ ᠬᠦᠨᠳᠡᠬᠦ ᠬᠡᠲᠦᠷᠡᠮᠡᠬᠡᠢ ᠬᠡᠷᠡᠭ ᠭᠠᠷᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ | ᠭᠤᠷᠪᠠ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠵᠢᠷᠤᠮᠵᠢᠯ ᠲᠠᠢ ᠬᠠᠮᠢᠶᠠᠷᠬᠤ ᠶᠢ ᠦᠷᠭᠦᠯᠵᠢᠯᠡᠨ | ᠠᠬᠢᠭᠤᠯᠬᠤ ᠬᠡᠷᠡᠭᠲᠡᠢ | ︵ᠨᠢᠭᠡ︶ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠣᠷᠣᠨ ᠪᠦᠰᠡ ᠶᠢᠨ ᠨᠢᠭᠡᠲᠦᠯᠲᠡᠢ | ᠲᠦᠯᠦᠪᠯᠡᠬᠦ ᠠᠵᠢᠯ ᠢ ᠶᠡᠬᠡᠪᠡᠷ ᠠᠬᠢᠭᠤᠯᠤᠨ᠎ᠠ᠃ ᠶᠡᠷᠦᠩᠬᠡᠶᠢᠯᠡᠨ ᠮᠠᠭᠠᠳᠯᠠᠨ ᠲᠣᠭᠲᠠᠭᠠᠬᠤ ᠠᠵᠢᠯ ᠢ ᠨᠢᠭᠡᠨᠲᠡ | ᠦᠷᠨᠢᠭᠦᠯᠦᠭᠰᠡᠨ ᠬᠤᠰᠢᠭᠤ ᠰᠢᠶᠠᠨ ︵ᠬᠤᠲᠠ᠂ ᠲᠣᠭᠤᠷᠢᠭ︶ ᠨᠤᠭᠤᠳ ᠶᠡᠷᠦᠩᠬᠡᠶᠢᠯᠡᠨ ᠮᠠᠭᠠᠳᠯᠠᠨ ᠲᠣᠭᠲᠠᠭᠠᠬᠤ | ᠭᠦᠢᠴᠡᠳᠭᠡᠯ ᠲᠤᠭ᠎ᠠ ᠶᠢᠨ ᠲᠣᠬᠢᠷᠠᠭᠤᠯᠤᠯᠲᠠ ᠪᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠣᠲᠠᠲᠠᠢ | ᠭᠦᠢᠴᠡᠳᠭᠡᠯ ᠲᠤᠭ᠎ᠠ ᠶᠢ ᠵᠠᠷᠴᠢᠮ ᠳᠡᠭᠡᠷ᠎ᠡ ᠪᠠᠨ ᠲᠤᠭ᠎ᠠ ᠪᠦᠷᠢᠳᠭᠡᠯ ᠵᠡᠷᠭᠡ ᠰᠠᠯᠠᠭ᠎ᠠ ᠮᠦᠴᠢᠷ ᠤᠨ ᠨᠡᠶᠢᠲᠡᠯᠡᠭᠰᠡᠨ | ᠲᠤᠭ᠎ᠠ ᠪᠠᠷᠢᠮᠲᠠ ᠶᠢ ᠬᠡᠷᠡᠭᠯᠡᠨ᠂ ᠮᠠᠭᠠᠳᠯᠠᠨ ᠲᠣᠭᠲᠠᠭᠠᠬᠤ ᠭᠦᠢᠴᠡᠳᠭᠡᠯ ᠲᠤᠭ᠎ᠠ ᠶᠢ ᠣᠷᠣᠨ ᠪᠦᠰᠡ ᠶᠢᠨ | ᠲᠣᠳᠤᠭᠠᠲᠤ ᠳᠤ ᠬᠠᠷᠢᠴᠠᠩᠭᠤᠢ ᠭᠤᠣᠯᠴᠢ ᠪᠠᠶᠢᠭᠰᠠᠨ ᠠᠴᠠ ᠭᠤᠣᠯᠴᠢ ᠪᠠᠶᠢᠬᠤ ᠶᠢ ᠴᠢᠬᠤᠯᠠᠴᠢᠯᠠᠬᠤ ᠮᠦᠷᠳᠡᠭᠡᠨ | ᠬᠠᠷᠢᠴᠠᠩᠭᠤᠢ ᠰᠢᠨᠵᠢᠯᠡᠬᠦ ᠤᠬᠠᠭᠠᠨᠴᠢ ᠪᠠᠶᠢᠯᠭᠠᠬᠤ ᠲᠡᠰᠢ ᠬᠤᠪᠢᠷᠠᠭᠤᠯᠬᠤ ᠶᠢ ᠠᠯᠬᠤᠮ ᠠᠯᠬᠤᠮ ᠢᠶᠠᠷ ᠠᠬᠢᠭᠤᠯᠵᠤ᠂ | ᠭᠦᠢᠴᠡᠳᠭᠡᠯ ᠲᠤᠭ᠎ᠠ ᠨᠢ ᠦᠢᠯᠡᠳᠦᠯᠭᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠦᠨᠡᠨᠬᠦ ᠪᠠᠲᠤᠯᠠᠬᠤ ᠬᠡᠷᠡᠭᠲᠡᠢ᠃ | ᠮᠠᠯᠵᠢᠬᠤ ᠣᠷᠣᠨ᠂ ᠬᠢᠯᠢ ᠬᠢᠵᠠᠭᠠᠷ ᠤᠨ ᠭᠠᠵᠠᠷ ᠣᠷᠣᠨ ᠳᠤ ᠰᠠᠭᠤᠷᠢᠰᠢᠨ ᠠᠮᠢᠳᠤᠷᠠᠵᠤ ᠪᠠᠶᠢᠭ᠎ᠠ ᠬᠦᠴᠢᠷᠳᠡᠯᠲᠡᠢ | ᠣᠯᠠᠨ ᠲᠦᠮᠡᠨ ᠪᠠ ︽ᠳᠥᠷᠪᠡᠨ ᠴᠦᠬᠡᠨ ᠲᠣᠭᠠᠲᠤ︾ ᠦᠨᠳᠦᠰᠦᠲᠡᠨ ᠤ ᠣᠯᠠᠨ ᠲᠦᠮᠡᠨ ᠳᠤ ᠶᠡᠷᠦᠩᠬᠡᠶᠢᠯᠡᠨ | ᠮᠠᠭᠠᠳᠯᠠᠨ ᠲᠣᠭᠲᠠᠭᠠᠬᠤ ᠭᠦᠢᠴᠡᠳᠭᠡᠯ ᠲᠤᠭ᠎ᠠ ᠶᠢ ᠲᠣᠬᠢᠷᠠᠭᠤᠯᠬᠤ ᠳᠠᠭᠠᠨ᠂ ᠠᠮᠢᠳᠤᠷᠠᠯ ᠤᠨ ᠨᠡᠮᠡᠭᠳᠡᠭᠰᠡᠨ | ᠦᠪᠡᠷ ᠤᠨ ᠥᠷᠲᠡᠭ ᠤᠨ ᠬᠦᠴᠦᠨ ᠵᠦᠢᠯ ᠢ ᠨᠢ ᠪᠠᠰᠠ ᠪᠤᠳᠤᠯᠬᠢᠯᠠᠬᠤ ᠬᠡᠷᠡᠭᠲᠡᠢ᠃ ᠡᠭᠦᠨ ᠤ ᠰᠠᠭᠤᠷᠢᠨ ᠳᠡᠭᠡᠷ᠎ᠡ᠂ | ᠡᠯ᠎ᠡ ᠠᠶᠢᠮᠠᠭ ᠬᠤᠲᠠ ᠨᠢ ᠲᠣᠬᠠᠢ ᠶᠢᠨ ᠭᠠᠵᠠᠷ ᠤᠨ ᠪᠣᠲᠠᠲᠠᠢ ᠲᠠᠢ ᠪᠠᠨ ᠤᠶᠠᠯᠳᠤᠭᠤᠯᠤᠨ᠂ ᠬᠠᠷᠢᠶ᠎ᠠ ᠭᠠᠵᠠᠷ | ᠣᠷᠣᠨ ᠤ ᠪᠠᠨ ᠶᠡᠷᠦᠩᠬᠡᠶᠢᠯᠡᠨ ᠮᠠᠭᠠᠳᠯᠠᠨ ᠲᠣᠭᠲᠠᠭᠠᠬᠤ ᠭᠦᠢᠴᠡᠳᠭᠡᠯ ᠲᠤᠭ᠎ᠠ ᠶᠢ ᠠᠯᠬᠤᠮ ᠠᠯᠬᠤᠮ ᠢᠶᠠᠷ | ᠨᠢᠭᠡᠲᠦᠯᠲᠡᠢ ᠲᠦᠯᠦᠪᠵᠢᠭᠦᠯᠵᠦ᠂ ᠣᠷᠣᠨ ᠪᠦᠰᠡ ᠶᠢᠨ ᠲᠤᠳᠤᠷᠠᠬᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ | ᠬᠦᠷᠲᠡᠵᠦ ᠪᠠᠶᠢᠭ᠎ᠠ ᠡᠲᠡᠭᠡᠳ ᠢ ᠶᠡᠷᠦᠩᠬᠡᠶᠢᠯᠡᠨ ᠮᠠᠭᠠᠳᠯᠠᠨ ᠲᠣᠭᠲᠠᠭᠠᠬᠤ ᠬᠠᠷᠢᠴᠠᠩᠭᠤᠢ ᠨᠢᠭᠡᠲᠦᠯᠲᠡᠢ ᠭᠦᠢᠴᠡᠳᠭᠡᠯ | ᠲᠤᠭ᠎ᠠ ᠶᠢᠨ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠵᠤ᠂ ᠬᠦᠴᠢᠷᠳᠡᠯᠲᠡᠢ ᠣᠯᠠᠨ ᠲᠦᠮᠡᠨ ᠤ ᠬᠢ ᠠᠮᠢᠳᠤᠷᠠᠯ ᠤᠨ | ᠨᠠᠭᠠᠲᠤ ᠵᠠᠬ᠎ᠠ ᠶᠢᠨ ᠪᠠᠲᠤᠯᠠᠭ᠎ᠠ ᠶᠢᠨ ᠠᠪᠤᠷᠠᠨ ᠲᠤᠰᠠᠯᠠᠭᠳᠠᠬᠤ ᠲᠠᠯ᠎ᠠ ᠪᠠᠷ ᠡᠷᠬᠡ ᠠᠰᠢᠭ᠂ ᠠᠵᠠ ᠳᠣᠬᠢᠶᠠᠯ᠂ ᠶᠣᠰᠣ | ᠳᠦᠷᠢᠮ ᠤᠨ ᠭᠤᠣᠯᠴᠢ ᠪᠠᠶᠢᠬᠤ ᠶᠢ ᠪᠡᠶᠡᠯᠡᠭᠦᠯᠦᠨ᠎ᠡ᠃ ᠶᠡᠷᠦᠩᠬᠡᠶᠢᠯᠡᠨ ᠮᠠᠭᠠᠳᠯᠠᠨ ᠲᠣᠭᠲᠠᠭᠠᠬᠤ ᠶᠢ ᠰᠢᠨ᠎ᠡ ᠪᠠᠷ | ᠦᠷᠨᠢᠭᠦᠯᠦᠭᠰᠡᠨ ᠪᠠ ᠮᠠᠭᠠᠳᠯᠠᠨ ᠲᠣᠭᠲᠠᠭᠠᠬᠤ ᠠᠷᠭ᠎ᠠ ᠳᠤ ᠵᠠᠰᠠᠪᠤᠷᠢ ᠣᠷᠤᠭᠤᠯᠤᠭᠰᠠᠨ ᠭᠠᠵᠠᠷ ᠣᠷᠣᠨ ᠨᠤᠭᠤᠳ | ᠡᠯ᠎ᠡ ᠵᠦᠢᠯ ᠤᠨ ᠮᠠᠭᠠᠳᠯᠠᠨ ᠲᠣᠭᠲᠠᠭᠠᠬᠤ ᠭᠦᠢᠴᠡᠳᠭᠡᠯ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ | ᠪᠣᠲᠠᠲᠠᠢ ᠮᠠᠭᠠᠳᠯᠠᠨ ᠲᠣᠭᠲᠠᠭᠠᠬᠤ ᠠᠷᠭ᠎ᠠ ᠶᠢ ᠠᠶᠢᠮᠠᠭ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠪᠠᠷ | ᠬᠢᠨᠠᠨ ᠬᠠᠷᠭᠤᠭᠤᠯᠵᠤ ᠦᠵᠡᠭᠦᠯᠦᠭᠰᠡᠨ ᠤ ᠳᠠᠷᠠᠭ᠎ᠠ ᠬᠡᠷᠡᠭᠵᠢᠭᠦᠯᠬᠦ ᠬᠡᠷᠡᠭᠲᠡᠢ᠃ | ︵ᠬᠤᠶᠠᠷ︶ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠠᠵᠢᠯ ᠤᠨ ᠵᠢᠷᠤᠮᠵᠢᠯ ᠲᠠᠢ | ᠬᠠᠮᠢᠶᠠᠷᠤᠯᠲᠠ ᠶᠢ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠭᠦᠨᠵᠡᠭᠡᠢ ᠦᠷᠨᠢᠭᠦᠯᠬᠦ ᠬᠡᠷᠡᠭᠲᠡᠢ᠃ ᠡᠯ᠎ᠡ ᠭᠠᠵᠠᠷ | ᠣᠷᠣᠨ ᠨᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠠᠵᠢᠯ ᠤᠨ ᠵᠢᠷᠤᠮᠵᠢᠯ ᠲᠠᠢ ᠬᠠᠮᠢᠶᠠᠷᠤᠯᠲᠠ ᠶᠢ | ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠭᠦᠨᠵᠡᠭᠡᠢ ᠦᠷᠨᠢᠭᠦᠯᠵᠦ᠂ ︽ᠦᠪᠦᠷ ᠮᠣᠩᠭᠤᠯ ᠤᠨ ᠠᠮᠢᠳᠤᠷᠠᠯ ᠤᠨ | ᠨᠠᠭᠠᠲᠤ ᠵᠠᠬ᠎ᠠ ᠶᠢᠨ ᠪᠠᠲᠤᠯᠠᠭ᠎ᠠ ᠶᠢᠨ ᠠᠵᠢᠯ ᠤᠨ ᠠᠵᠢᠯᠯᠠᠭᠠᠨ ᠤ ᠵᠢᠷᠤᠮᠯᠡᠯ ︵ᠯᠠᠪᠯᠠᠬᠤ︶︾ ᠢᠶᠠᠷ ᠯᠠᠪᠯᠠᠯᠲᠠ | ᠪᠣᠯᠭᠠᠵᠤ᠂ ᠬᠢᠨᠠᠨ ᠬᠠᠷᠭᠤᠭᠤᠯᠬᠤ ᠪᠠ ᠬᠢᠨᠠᠨ ᠵᠥᠪᠰᠢᠶᠡᠷᠡᠬᠦ ᠴᠤᠪᠤᠷᠠᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ | ᠬᠢᠨᠠᠨ ᠬᠠᠷᠭᠤᠭᠤᠯᠤᠯᠲᠠ ᠬᠢᠨᠠᠨ ᠵᠥᠪᠰᠢᠶᠡᠷᠡᠯ ᠢ ᠬᠦᠯᠢᠶᠡᠨ ᠠᠪᠴᠤ ᠰᠢᠢᠳᠪᠦᠷᠢᠯᠡᠬᠦ ᠵᠢᠴᠢ ᠲᠣᠭᠲᠠᠮᠠᠯ | ᠬᠤᠭᠤᠴᠠᠭ᠎ᠠ ᠲᠠᠢ ᠪᠠᠷ ᠳᠠᠬᠢᠨᠲᠠ ᠬᠠᠷᠭᠤᠭᠤᠯᠬᠤ᠂ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠯᠲᠡ ᠬᠢᠬᠦ ᠵᠡᠷᠭᠡ | ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠪᠠᠲᠤᠯᠠᠬᠤ ᠴᠢᠬᠤᠯᠠᠲᠠᠢ ᠶᠢ ᠨᠢ ᠴᠢᠷᠮᠠᠶᠢᠨ | ᠪᠠᠲᠤᠯᠠᠵᠤ᠂ ᠪᠤᠴᠠᠭᠠᠬᠤ ᠴᠢᠬᠤᠯᠠᠲᠠᠢ ᠶᠢ ᠨᠢ ᠲᠥᠷᠭᠡᠨ ᠪᠤᠴᠠᠭᠠᠵᠤ᠂ ᠵᠢᠷᠤᠮᠵᠢᠯ ᠲᠠᠢ ᠪᠦᠭᠡᠳ ᠡᠮᠬᠢ ᠵᠢᠷᠤᠮ ᠲᠠᠢ | ᠬᠦᠳᠡᠯᠦᠩᠭᠦᠢ ᠪᠦᠭᠡᠳ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠡᠪ ᠪᠠᠶᠢᠳᠠᠯ ᠢ ᠪᠣᠢ ᠪᠣᠯᠭᠠᠬᠤ ᠬᠡᠷᠡᠭᠲᠡᠢ᠃ | ᠡᠯ᠎ᠡ ᠭᠠᠵᠠᠷ ᠣᠷᠣᠨ ᠨᠢ ᠭᠠᠵᠠᠷ ᠰᠢᠷᠤᠢ ᠪᠣᠯᠣᠨ ᠨᠤᠲᠤᠭ ᠪᠡᠯᠴᠢᠭᠡᠷ ᠵᠡᠷᠭᠡ ᠲᠠᠷᠢᠶᠠᠯᠠᠩ ᠮᠠᠯ ᠠᠵᠤ ᠠᠬᠤᠢ ᠶᠢᠨ | ᠦᠢᠯᠡᠳᠪᠦᠷᠢᠯᠡᠯ ᠤᠨ ᠬᠡᠷᠡᠭᠰᠡᠯ ᠢ ᠳᠠᠭᠠᠭᠠᠴᠢᠯᠠᠬᠤ ᠡᠰᠡᠬᠦ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ | ᠠᠬᠤᠢ ᠶᠢᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠳᠤ ᠣᠷᠤᠯᠴᠠᠬᠤ ᠡᠰᠡᠬᠦ ᠵᠡᠷᠭᠡ ᠪᠠᠷ ᠬᠤᠲᠠ ᠪᠠ ᠮᠠᠯᠵᠢᠬᠤ | ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠬᠦ ᠡᠲᠡᠭᠡᠳ ᠢ ᠣᠨᠣᠪᠴᠢᠲᠠᠢ | ᠢᠯᠭᠠᠬᠤ ᠶᠢᠨ ᠬᠠᠮᠲᠤ᠂ ᠬᠤᠲᠠ ᠬᠦᠳᠡᠭᠡ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠲᠣᠭᠲᠠᠭᠠᠬᠤ᠂ ᠠᠮᠢᠳᠤᠷᠠᠯ ᠤᠨ | ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠬᠦ ᠡᠲᠡᠭᠡᠳ ᠤᠨ ᠮᠡᠳᠡᠭᠡ ᠵᠠᠩᠭᠢ ᠶᠢᠨ ᠰᠢᠰᠲ᠋ᠧᠮ ᠳᠤ ᠣᠷᠤᠭᠤᠯᠬᠤ ᠪᠠ | ᠲᠣᠭᠲᠠᠮᠠᠯ ᠬᠤᠭᠤᠴᠠᠭ᠎ᠠ ᠲᠠᠢ ᠪᠠᠷ ᠳᠠᠬᠢᠨᠲᠠ ᠬᠠᠷᠭᠤᠭᠤᠯᠬᠤ ᠵᠡᠷᠭᠡ ᠠᠵᠢᠯ ᠢ ᠵᠣᠬᠢᠴᠠᠭᠤᠯᠤᠨ ᠰᠠᠶᠢᠲᠤᠷ ᠬᠢᠬᠦ | ᠬᠡᠷᠡᠭᠲᠡᠢ᠃ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠢᠯᠡ ᠪᠠᠷ ᠨᠡᠶᠢᠲᠡᠯᠡᠬᠦ ᠠᠷᠭ᠎ᠠ ᠮᠠᠶ᠋ᠢᠭ ᠲᠤ | ᠢᠳᠡᠪᠬᠢᠲᠡᠢ ᠪᠠᠷ ᠰᠢᠨ᠎ᠡ ᠶᠢ ᠡᠭᠦᠳᠴᠦ᠂ ᠸᠢᠴᠠᠲ ᠤᠨ ᠴᠤᠭᠯᠠᠷᠠᠯ᠂ ᠸᠢᠴᠠᠲ ᠤᠨ ᠨᠡᠶᠢᠲᠡ ᠶᠢᠨ ᠨᠣᠮᠧᠷ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠢᠨᠠᠨ ᠬᠠᠷᠭᠤᠭᠤᠯᠤᠭᠰᠠᠨ | ᠪᠠ ᠬᠢᠨᠠᠨ ᠵᠥᠪᠰᠢᠶᠡᠷᠡᠭᠰᠡᠨ ᠦᠷ᠎ᠡ ᠳ᠋ᠦᠩ ᠵᠢᠴᠢ ᠬᠦᠷᠲᠡᠵᠦ ᠪᠠᠶᠢᠭ᠎ᠠ ᠡᠲᠡᠭᠡᠳ ᠢ ᠢᠯᠡ ᠪᠠᠷ ᠨᠡᠶᠢᠲᠡᠯᠡᠬᠦ | ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ | ᠠᠵᠢᠯ ᠤᠨ ᠢᠯᠡ ᠠᠵᠢᠯᠯᠠᠭᠠᠨ ᠢ ᠪᠡᠶᠡᠯᠡᠭᠦᠯᠦᠨ᠂ ᠣᠯᠠᠨ ᠲᠦᠮᠡᠨ ᠪᠠ ᠨᠡᠶᠢᠭᠡᠮ ᠤᠨ ᠬᠢᠨᠠᠯᠲᠠ ᠲᠠᠯᠪᠢᠯᠲᠠ ᠶᠢ ᠨᠡᠩ | ᠰᠠᠶᠢᠨ ᠬᠦᠯᠢᠶᠡᠬᠦ ᠬᠡᠷᠡᠭᠲᠡᠢ᠃ | ︵ᠭᠤᠷᠪᠠ︶ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠤᠨ ᠬᠠᠷᠭᠤᠭᠤᠯᠬᠤ ᠲᠣᠭᠲᠠᠴᠠ ᠶᠢ | ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠠᠶᠢᠮᠠᠭ ᠬᠤᠲᠠ ᠨᠢ ᠲᠤᠰ ᠱᠠᠲᠤᠨ ᠤ ᠪᠠᠨ ᠬᠠᠷᠭᠤᠭᠤᠯᠬᠤ ᠲᠡᠪᠴᠡᠩ ᠢ | ᠪᠠᠶᠢᠭᠤᠯᠬᠤ᠂ ᠰᠠᠯᠠᠭ᠎ᠠ ᠮᠦᠴᠢᠷ ᠤᠨ ᠮᠡᠳᠡᠭᠡ ᠵᠠᠩᠭᠢ ᠶᠢ ᠬᠠᠮᠲᠤᠪᠠᠷ ᠬᠦᠷᠲᠡᠬᠦ᠂ ᠬᠤᠰᠢᠭᠤ ᠰᠢᠶᠠᠨ ᠠᠯᠤᠰᠯᠠᠨ | ᠲᠤᠭ᠎ᠠ ᠪᠠᠷᠢᠮᠲᠠ ᠬᠠᠷᠭᠤᠭᠤᠯᠬᠤ᠂ ᠠᠶᠢᠮᠠᠭ ᠬᠤᠲᠠ ᠠᠯᠤᠰᠯᠠᠨ ᠲᠤᠭ᠎ᠠ ᠪᠠᠷᠢᠮᠲᠠ ᠬᠢᠨᠠᠨ ᠬᠠᠷᠭᠤᠭᠤᠯᠵᠤ ᠰᠤᠩᠭᠤᠨ | ᠬᠦᠷᠭᠡᠬᠦ ᠵᠡᠷᠭᠡ ᠭᠤᠣᠯ ᠴᠤᠭᠴᠠ ᠶᠢᠨ ᠬᠠᠷᠢᠭᠤᠴᠠᠯᠭ᠎ᠠ ᠪᠠᠨ ᠭᠦᠢᠴᠡᠳᠭᠡᠬᠦ ᠬᠡᠷᠡᠭᠲᠡᠢ᠃ ᠬᠤᠰᠢᠭᠤ ᠰᠢᠶᠠᠨ ︵ | ᠬᠤᠲᠠ᠂ ᠲᠣᠭᠤᠷᠢᠭ︶ ᠨᠤᠭᠤᠳ ᠲᠤᠰ ᠱᠠᠲᠤᠨ ᠤ ᠪᠠᠨ ᠬᠠᠷᠭᠤᠭᠤᠯᠬᠤ ᠲᠡᠪᠴᠡᠩ ᠢ ᠪᠠᠶᠢᠭᠤᠯᠬᠤ᠂ ᠰᠠᠯᠠᠭ᠎ᠠ | ᠮᠦᠴᠢᠷ ᠤᠨ ᠮᠡᠳᠡᠭᠡ ᠵᠠᠩᠭᠢ ᠶᠢ ᠬᠠᠮᠲᠤᠪᠠᠷ ᠬᠦᠷᠲᠡᠬᠦ᠂ ᠬᠠᠷᠭᠤᠭᠤᠯᠬᠤ ᠪᠠᠷ ᠭᠤᠶᠤᠴᠢᠯᠠᠭᠰᠠᠨ ᠢ ᠬᠦᠯᠢᠶᠡᠨ ᠠᠪᠴᠤ | ᠰᠢᠢᠳᠪᠦᠷᠢᠯᠡᠬᠦ᠂ ᠬᠠᠷᠭᠤᠭᠤᠯᠤᠭᠰᠠᠨ ᠮᠡᠳᠡᠭᠦᠯᠦᠯᠲᠡ ᠶᠢ ᠪᠢᠴᠢᠬᠦ ᠪᠠ ᠬᠠᠷᠢᠭᠤ ᠲᠤᠰᠬᠠᠬᠤ᠂ ᠬᠠᠷᠭᠤᠭᠤᠯᠤᠭᠰᠠᠨ | ᠮᠡᠳᠡᠭᠡ ᠵᠠᠩᠭᠢ ᠶᠢ ᠪᠠᠶᠢᠴᠠᠭᠠᠵᠤ ᠨᠤᠲᠠᠯᠠᠬᠤ᠂ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢ ᠪᠠᠶᠢᠭᠤᠯᠬᠤ ᠵᠡᠷᠭᠡ | ᠠᠵᠢᠯ ᠢ ᠨᠠᠶᠢᠳᠠᠪᠤᠷᠢᠵᠢᠭᠤᠯᠵᠤ᠂ ᠨᠡᠶᠢᠭᠡᠮ ᠤᠨ ᠠᠪᠤᠷᠠᠯ ᠲᠤᠰᠠᠯᠠᠮᠵᠢ ᠶᠢ ᠬᠦᠷᠲᠡᠬᠦ ᠪᠠᠷ ᠭᠤᠶᠤᠴᠢᠯᠠᠭᠰᠠᠨ ᠬᠦᠮᠦᠨ | ᠪᠣᠶᠣ ᠨᠢᠭᠡᠨᠲᠡ ᠨᠡᠶᠢᠭᠡᠮ ᠤᠨ ᠠᠪᠤᠷᠠᠯ ᠲᠤᠰᠠᠯᠠᠮᠵᠢ ᠶᠢ ᠬᠦᠷᠲᠡᠵᠦ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠵᠢᠴᠢ | ᠬᠠᠤᠯᠢ ᠪᠠᠷ ᠲᠣᠭᠲᠠᠭᠠᠭᠰᠠᠨ ᠠᠰᠠᠷᠠᠨ ᠬᠠᠷᠠᠭᠠᠯᠵᠠᠬᠤ᠂ ᠠᠰᠠᠷᠠᠨ ᠲᠡᠵᠢᠭᠡᠬᠦ᠂ ᠠᠰᠠᠷᠠᠨ ᠲᠡᠳᠭᠦᠬᠦ | ᠬᠠᠷᠢᠭᠤᠴᠠᠯᠭ᠎ᠠ ᠲᠠᠢ ᠲᠦᠷᠦᠯ ᠰᠠᠳᠤᠨ ᠤ ᠬᠢᠨ ᠤ ᠣᠷᠣᠯᠭ᠎ᠠ ᠶᠢᠨ ᠪᠠᠶᠢᠳᠠᠯ᠂ ᠡᠳ᠋ ᠬᠦᠷᠦᠩᠭᠡ ᠶᠢᠨ ᠪᠠᠶᠢᠳᠠᠯ ᠢ | ᠶᠡᠷᠦᠩᠬᠡᠶᠢᠯᠡᠨ ᠢᠯᠭᠠᠨ ᠲᠣᠭᠲᠠᠭᠠᠬᠤ ᠬᠡᠷᠡᠭᠲᠡᠢ᠃ ᠡᠭᠦᠨ ᠤ ᠬᠠᠮᠲᠤ᠂ ᠬᠠᠷᠭᠤᠭᠤᠯᠬᠤ ᠠᠵᠢᠯ ᠤᠨ ᠠᠵᠢᠯᠯᠠᠭᠠᠨ ᠤ | ᠴᠤᠪᠤᠷᠠᠯ ᠢ ᠲᠡᠭᠦᠯᠳᠡᠷᠵᠢᠭᠦᠯᠵᠦ᠂ ︽ᠠᠪᠤᠷᠠᠨ ᠲᠤᠰᠠᠯᠠᠬᠤ ᠪᠦᠬᠦᠨ ᠢ ᠡᠷᠬᠡᠪᠰᠢ ᠬᠠᠷᠭᠤᠭᠤᠯᠬᠤ︾ ᠶᠢ ᠪᠠᠷᠢᠮᠲᠠᠯᠠᠨ᠂ | ᠨᠡᠶᠢᠭᠡᠮ ᠤᠨ ᠠᠪᠤᠷᠠᠯ ᠲᠤᠰᠠᠯᠠᠮᠵᠢ ᠬᠦᠷᠲᠡᠬᠦ ᠶᠢ ᠰᠢᠨ᠎ᠡ ᠪᠠᠷ ᠭᠤᠶᠤᠴᠢᠯᠠᠵᠤ ᠪᠠᠶᠢᠭ᠎ᠠ ᠭᠡᠷ ᠪᠦᠯᠢ ᠶᠢᠨ ᠠᠵᠤ | ᠠᠬᠤᠢ ᠶᠢᠨ ᠪᠠᠶᠢᠳᠠᠯ ᠢ ᠨᠢ ᠬᠠᠷᠢᠭᠤᠭᠤᠯᠬᠤ ᠶᠢᠨ ᠬᠠᠮᠲᠤ ᠮᠡᠳᠡᠭᠦᠯᠦᠯᠲᠡ ᠪᠢᠴᠢᠨ᠎ᠡ︔ ᠨᠡᠶᠢᠭᠡᠮ ᠤᠨ ᠠᠪᠤᠷᠠᠯ | ᠲᠤᠰᠠᠯᠠᠮᠵᠢ ᠶᠢ ᠨᠢᠭᠡᠨᠲᠡ ᠬᠦᠷᠲᠡᠵᠦ ᠪᠠᠶᠢᠭ᠎ᠠ ᠡᠲᠡᠭᠡᠳ ᠤᠨ ᠭᠡᠷ ᠪᠦᠯᠢ ᠶᠢ ᠤᠯᠠᠷᠢᠯ ᠢᠶᠠᠷ ᠬᠠᠷᠭᠤᠭᠤᠯᠵᠤ᠂ | ᠨᠦᠬᠦᠴᠡᠯ ᠲᠠᠢ ᠭᠠᠵᠠᠷ ᠣᠷᠣᠨ ᠨᠢ ᠰᠠᠷ᠎ᠠ ᠪᠠᠷ ᠬᠠᠷᠭᠤᠭᠤᠯᠵᠤ ᠪᠣᠯᠣᠨ᠎ᠠ᠃ ᠬᠠᠷᠭᠤᠭᠤᠯᠤᠭᠰᠠᠨ ᠮᠡᠳᠡᠭᠡ ᠵᠠᠩᠭᠢ ᠶᠢᠨ | ᠠᠮᠦᠷ ᠲᠥᠪᠰᠢᠨ ᠤ ᠲᠣᠭᠲᠠᠴᠠ ᠶᠢ ᠴᠢᠩᠭᠠᠷᠠᠭᠤᠯᠵᠤ᠂ ᠬᠠᠷᠭᠤᠭᠤᠯᠬᠤ ᠲᠡᠪᠴᠡᠩ᠂ ᠬᠠᠷᠭᠤᠭᠤᠯᠬᠤ ᠮᠠᠰᠢᠨ ᠤ ᠭᠡᠷ᠂ | ᠬᠠᠷᠭᠤᠭᠤᠯᠬᠤ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢᠨ ᠠᠮᠦᠷ ᠲᠥᠪᠰᠢᠨ ᠤ ᠪᠠᠷᠢᠮᠵᠢᠶ᠎ᠠ ᠶᠢ ᠲᠣᠭᠲᠠᠭᠠᠬᠤ | ᠬᠡᠷᠡᠭᠲᠡᠢ᠃ ᠬᠠᠷᠭᠤᠭᠤᠯᠤᠭᠰᠠᠨ ᠳᠠᠩᠰᠠ ᠡᠪᠬᠡᠮᠡᠯ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠬᠠᠷᠭᠤᠭᠤᠯᠤᠭᠰᠠᠨ | ᠳᠠᠩᠰᠠ ᠡᠪᠬᠡᠮᠡᠯ ᠤᠨ ᠪᠦᠷᠢᠨ ᠭᠦᠢᠴᠡᠳ᠂ ᠵᠥᠪ ᠣᠨᠣᠪᠴᠢᠲᠠᠢ᠂ ᠰᠢᠰᠲ᠋ᠧᠮ ᠲᠠᠢ᠂ ᠠᠮᠦᠷ ᠲᠥᠪᠰᠢᠨ ᠪᠠ | ᠪᠦᠲᠦᠮᠵᠢᠲᠡᠢ ᠠᠰᠢᠭᠯᠠᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃ | ᠳᠥᠷᠪᠡ᠂ ᠣᠨᠴᠠ ᠬᠦᠴᠢᠷᠳᠡᠯᠲᠡᠢ ᠬᠦᠮᠦᠰ ᠢ ᠠᠪᠤᠷᠠᠨ ᠲᠤᠰᠠᠯᠠᠬᠤ ᠪᠠ ᠠᠰᠠᠷᠠᠨ ᠲᠡᠵᠢᠭᠡᠬᠦ | ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ | ᠡᠯ᠎ᠡ ᠭᠠᠵᠠᠷ ᠣᠷᠣᠨ ᠨᠢ ᠠᠮᠢᠳᠤᠷᠠᠯ ᠢᠶᠠᠨ ᠦᠪᠡᠰᠦᠪᠡᠨ ᠠᠷᠭᠠᠴᠠᠬᠤ ᠴᠢᠳᠠᠪᠤᠷᠢ ᠪᠠᠨ ᠪᠦᠷᠢᠮᠦᠰᠦᠨ ᠪᠠ | ᠬᠡᠰᠡᠭ ᠠᠯᠳᠠᠭᠰᠠᠨ ᠣᠨᠴᠠ ᠬᠦᠴᠢᠷᠳᠡᠯᠲᠡᠢ ᠬᠦᠮᠦᠰ ᠢ ᠬᠤᠪᠢᠶᠠᠵᠤ ᠠᠰᠠᠷᠠᠨ ᠲᠡᠵᠢᠭᠡᠬᠦ ᠳᠤ ᠬᠠᠷᠠᠭᠠᠯᠵᠠᠨ ᠠᠰᠠᠷᠠᠵᠤ | ᠰᠣᠪᠢᠯᠠᠬᠤ ᠦᠢᠯᠡᠴᠢᠯᠡᠭᠡᠨ ᠤ ᠪᠠᠷᠢᠮᠵᠢᠶ᠎ᠠ ᠶᠢ ᠲᠦᠷᠭᠡᠬᠡᠨ ᠲᠣᠭᠲᠠᠭᠠᠵᠤ ᠲᠡᠭᠦᠯᠳᠡᠷᠵᠢᠭᠦᠯᠦᠨ᠂ ᠬᠠᠷᠠᠭᠠᠯᠵᠠᠨ | ᠠᠰᠠᠷᠠᠵᠤ ᠰᠤᠪᠢᠯᠠᠬᠤ ᠦᠢᠯᠡᠴᠢᠯᠡᠭᠡᠨ ᠤ ᠠᠭᠤᠯᠭ᠎ᠠ ᠶᠢ ᠨᠠᠷᠢᠯᠢᠬᠵᠢᠭᠤᠯᠵᠤ᠂ ᠨᠠᠶᠢᠳᠠᠭᠳᠠᠭᠰᠠᠨ ᠡᠲᠡᠭᠡᠳ ᠯᠦᠭᠡ | ᠬᠠᠷᠠᠭᠠᠯᠵᠠᠨ ᠠᠰᠠᠷᠠᠵᠤ ᠰᠤᠪᠢᠯᠠᠬᠤ ᠬᠡᠯᠡᠯᠴᠡᠭᠡᠷ ᠲᠣᠭᠲᠠᠬᠤ ᠶᠢ ᠵᠣᠬᠢᠶᠠᠨ ᠪᠠᠶᠢᠭᠤᠯᠵᠤ ᠦᠷᠨᠢᠭᠦᠯᠬᠦ ᠬᠡᠷᠡᠭᠲᠡᠢ᠃ | ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠤᠳ ᠰᠤᠪᠢᠯᠠᠬᠤ | ᠦᠢᠯᠡᠴᠢᠯᠡᠭᠡ ᠶᠢᠨ ᠨᠠᠶᠢᠳᠠᠭᠳᠠᠭᠰᠠᠨ ᠡᠲᠡᠭᠡᠳ ᠤᠨ ᠬᠢᠨ ᠤ ᠦᠢᠯᠡᠴᠢᠯᠡᠭᠰᠡᠨ ᠪᠠᠶᠢᠳᠠᠯ ᠢ ᠬᠢᠨᠠᠨ ᠪᠠᠶᠢᠴᠠᠭᠠᠬᠤ ᠪᠠᠨ | ᠴᠢᠩᠭᠠᠳᠬᠠᠵᠤ᠂ ᠠᠮᠢᠳᠤᠷᠠᠯ ᠢᠶᠠᠨ ᠦᠪᠡᠰᠦᠪᠡᠨ ᠠᠷᠭᠠᠴᠠᠬᠤ ᠴᠢᠳᠠᠪᠤᠷᠢ ᠪᠠᠨ ᠠᠯᠳᠠᠭᠰᠠᠨ ᠣᠨᠴᠠ ᠬᠦᠴᠢᠷᠳᠡᠯᠲᠡᠢ | ᠬᠦᠮᠦᠰ ᠢ ᠬᠤᠪᠢᠶᠠᠵᠤ ᠠᠰᠠᠷᠠᠨ ᠲᠡᠵᠢᠭᠡᠬᠦ ᠳᠤ ᠬᠠᠷᠠᠭᠠᠯᠵᠠᠨ ᠠᠰᠠᠷᠠᠵᠤ ᠰᠣᠪᠢᠯᠠᠬᠤ ᠶᠢ ᠪᠣᠲᠠᠲᠠᠶᠢᠵᠢᠭᠤᠯᠤᠭᠰᠠᠨ | ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠯ᠎ᠡ ᠭᠠᠵᠠᠷ ᠣᠷᠣᠨ ᠨᠢ ᠪᠣᠲᠠᠲᠠᠢ ᠲᠠᠢ ᠪᠠᠨ ᠤᠶᠠᠯᠳᠤᠭᠤᠯᠤᠨ᠂ | ᠠᠮᠢᠳᠤᠷᠠᠯ ᠢᠶᠠᠨ ᠦᠪᠡᠰᠦᠪᠡᠨ ᠠᠷᠭᠠᠴᠠᠬᠤ ᠴᠢᠳᠠᠪᠤᠷᠢ ᠪᠠᠨ ᠠᠯᠳᠠᠭᠰᠠᠨ ᠣᠨᠴᠠ ᠬᠦᠴᠢᠷᠳᠡᠯᠲᠡᠢ ᠬᠦᠮᠦᠰ ᠤᠨ | ᠲᠤᠭ᠎ᠠ᠂ ᠠᠰᠠᠷᠠᠨ ᠲᠡᠵᠢᠭᠡᠯᠭᠡᠬᠦ ᠬᠡᠷᠡᠭᠴᠡᠭᠡ ᠱᠠᠭᠠᠷᠳᠠᠯᠭ᠎ᠠ ᠪᠠ ᠤᠳᠣ ᠶᠢᠨ ᠪᠠᠶᠢᠭ᠎ᠠ ᠨᠠᠰᠤᠲᠠᠨ ᠢ ᠠᠰᠠᠷᠠᠬᠤ | ᠪᠠᠶᠢᠭᠤᠯᠤᠮᠵᠢ ᠵᠡᠷᠭᠡ ᠬᠦᠴᠦᠨ ᠵᠦᠢᠯ ᠢ ᠭᠦᠢᠴᠡᠳ ᠪᠣᠳᠣᠯᠬᠢᠯᠠᠵᠤ᠂ ᠨᠢᠭᠡᠲᠦᠯᠲᠡᠢ ᠲᠦᠯᠦᠪᠯᠡᠨ ᠲᠦᠯᠦᠪᠵᠢᠭᠦᠯᠵᠦ᠂ | ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠪᠠᠶᠢᠭᠤᠯᠤᠯᠲᠠ ᠶᠢᠨ ᠪᠠᠶᠢᠷᠢᠰᠢᠭᠤᠯᠤᠯ ᠢ ᠵᠦᠢ ᠵᠣᠬᠢᠰᠲᠠᠢ | ᠲᠣᠬᠢᠷᠠᠭᠤᠯᠤᠨ᠂ ᠰᠢᠶᠠᠩ ᠪᠠᠯᠭᠠᠰᠤ ᠶᠢᠨ ᠨᠠᠰᠤᠲᠠᠶᠢᠴᠤᠳ ᠤᠨ ᠬᠦᠷᠢᠶᠡᠯᠡᠩ ᠢ ᠡᠮᠬᠢᠯᠡᠨ ᠨᠡᠶᠢᠯᠡᠭᠦᠯᠬᠦ ᠪᠠ ᠬᠠᠭᠠᠬᠤ | ᠬᠡᠷᠡᠭᠲᠡᠢ᠃ ᠠᠰᠠᠷᠠᠨ ᠲᠡᠵᠢᠭᠡᠬᠦ ᠪᠠᠶᠢᠭᠤᠯᠤᠮᠵᠢ ᠶᠢᠨ ᠠᠮᠦᠷ ᠲᠥᠪᠰᠢᠨ ᠤ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ | ᠭᠠᠯ ᠰᠡᠷᠭᠡᠶᠢᠯᠡᠯᠲᠡ᠂ ᠢᠳᠡᠭᠡᠨ ᠤ ᠵᠦᠢᠯ᠂ ᠡᠮᠴᠢᠯᠡᠭᠡ ᠵᠡᠷᠭᠡ ᠶᠢᠨ ᠬᠠᠮᠢᠶᠠᠷᠤᠯᠲᠠ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠤᠨ᠂ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠳᠦᠷᠢᠮ ᠪᠠ ᠦᠢᠯᠡᠴᠢᠯᠡᠭᠡ ᠶᠢᠨ | ᠪᠠᠷᠢᠮᠵᠢᠶᠠᠵᠢᠭᠤᠯᠤᠭᠰᠠᠨ ᠪᠠᠶᠢᠭᠤᠯᠤᠯᠲᠠ ᠶᠢ ᠠᠬᠢᠭᠤᠯᠵᠤ᠂ ᠰᠤᠪᠢᠯᠠᠬᠤ ᠠᠵᠢᠯᠲᠠᠨ ᠢ ᠭᠦᠢᠴᠡᠳ ᠲᠣᠬᠢᠷᠠᠭᠤᠯᠬᠤ ᠶᠢ | ᠨᠠᠶᠢᠳᠠᠪᠤᠷᠢᠵᠢᠭᠤᠯᠤᠨ᠂ ᠰᠤᠪᠢᠯᠠᠬᠤ ᠬᠡᠯᠪᠡᠷᠢ ᠶᠢᠨ ᠰᠠᠭᠤᠷᠢ ᠪᠡᠯᠡᠳᠭᠡᠮᠵᠢ ᠶᠢ ᠲᠡᠭᠦᠯᠳᠡᠷᠵᠢᠭᠦᠯᠵᠦ᠂ ᠠᠰᠠᠷᠠᠨ | ᠲᠡᠵᠢᠭᠡᠬᠦ ᠪᠠᠶᠢᠭᠤᠯᠤᠮᠵᠢ ᠶᠢᠨ ᠦᠢᠯᠡᠴᠢᠯᠡᠭᠡ ᠬᠠᠮᠢᠶᠠᠷᠤᠯᠲᠠ ᠶᠢᠨ ᠬᠢᠷᠢ ᠲᠥᠪᠰᠢᠨ ᠢ ᠳᠡᠭᠡᠭᠰᠢᠯᠡᠭᠦᠯᠬᠦ ᠬᠡᠷᠡᠭᠲᠡᠢ᠃ | ᠲᠠᠪᠤ᠂ ᠡᠮᠴᠢᠯᠡᠵᠦ ᠠᠪᠤᠷᠠᠨ ᠲᠤᠰᠠᠯᠠᠬᠤ ᠠᠵᠢᠯ ᠢ ᠯᠠᠪᠳᠠᠭᠤᠨ ᠪᠠᠲᠤᠲᠠᠢ ᠪᠠᠷ ᠰᠠᠶᠢᠲᠤᠷ ᠬᠢᠬᠦ ᠬᠡᠷᠡᠭᠲᠡᠢ | ᠡᠯ᠎ᠡ ᠭᠠᠵᠠᠷ ᠣᠷᠣᠨ ᠨᠢ ᠠᠪᠤᠷᠠᠨ ᠲᠤᠰᠠᠯᠠᠭᠳᠠᠬᠤ ᠡᠲᠡᠭᠡᠳ ᠤᠨ ᠲᠤᠭ᠎ᠠ᠂ ᠡᠪᠡᠳᠴᠢᠨ ᠨᠡᠷᠪᠡᠭᠳᠡᠭᠰᠡᠨ | ᠨᠤᠷᠮ᠎ᠠ᠂ ᠠᠪᠤᠷᠠᠨ ᠲᠤᠰᠠᠯᠠᠬᠤ ᠪᠠᠷᠢᠮᠵᠢᠶ᠎ᠠ᠂ ᠡᠮᠴᠢᠯᠡᠭᠡᠨ ᠤ ᠵᠠᠷᠤᠳᠠᠯ ᠤᠨ ᠨᠡᠮᠡᠭᠳᠡᠯ ᠵᠡᠷᠭᠡ ᠪᠠᠶᠢᠳᠠᠯ ᠢ | ᠦᠨᠳᠦᠰᠦᠯᠡᠵᠦ᠂ ᠪᠡᠯᠡ ᠮᠦᠩᠭᠦ ᠶᠢᠨ ᠬᠡᠷᠡᠭᠴᠡᠭᠡ ᠱᠠᠭᠠᠷᠳᠠᠯᠭ᠎ᠠ ᠶᠢ ᠰᠢᠨᠵᠢᠯᠡᠬᠦ ᠤᠬᠠᠭᠠᠨᠴᠢ ᠪᠠᠷ ᠲᠦᠰᠦᠭᠡᠯᠡᠨ | ᠪᠤᠳᠤᠵᠤ᠂ ᠠᠪᠤᠷᠠᠨ ᠲᠤᠰᠠᠯᠠᠬᠤ ᠳᠡᠭᠡᠳᠦ ᠬᠢᠵᠠᠭᠠᠷ ᠲᠤᠭ᠎ᠠ ᠶᠢ ᠴᠠᠭ ᠲᠣᠬᠠᠢ ᠳᠤᠨᠢ ᠲᠣᠬᠢᠷᠠᠭᠤᠯᠬᠤ ᠬᠡᠷᠡᠭᠲᠡᠢ᠃ | ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠰᠠᠭ ᠤᠨ ᠣᠷᠳᠣᠨ ᠤ ᠬᠦᠴᠢᠷᠳᠡᠯᠲᠡᠢ ᠣᠯᠠᠨ ᠲᠦᠮᠡᠨ ᠤ | ᠦᠨᠳᠦᠰᠦᠨ ᠠᠮᠢᠳᠤᠷᠠᠯ ᠢ ᠪᠠᠲᠤᠯᠠᠬᠤ ᠭᠤᠣᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠬᠦᠴᠢᠷᠳᠡᠯᠲᠡᠢ ᠣᠯᠠᠨ ᠲᠦᠮᠡᠨ ᠤ ᠡᠮᠴᠢᠯᠡᠭᠦᠯᠵᠦ ᠠᠪᠤᠷᠠᠨ ᠲᠤᠰᠠᠯᠠᠭᠳᠠᠬᠤ ᠪᠣᠲᠠᠲᠠᠢ ᠬᠡᠷᠡᠭᠴᠡᠭᠡ ᠱᠠᠭᠠᠷᠳᠠᠯᠭ᠎ᠠ ᠶᠢ | ᠦᠨᠳᠦᠰᠦᠯᠡᠨ ᠣᠷᠣᠨ ᠨᠤᠲᠤᠭ ᠤᠨ ᠡᠮᠴᠢᠯᠡᠵᠦ ᠠᠪᠤᠷᠠᠨ ᠲᠤᠰᠠᠯᠠᠬᠤ ᠪᠡᠯᠡ ᠮᠦᠩᠭᠦ ᠶᠢ ᠲᠤᠭ᠎ᠠ ᠶᠤᠰᠤᠭᠠᠷ | ᠭᠦᠢᠴᠡᠳ ᠳᠦᠬᠦᠷᠵᠢᠭᠦᠯᠦᠨ᠂ ᠡᠮᠴᠢᠯᠡᠵᠦ ᠠᠪᠤᠷᠠᠨ ᠲᠤᠰᠠᠯᠠᠬᠤ ᠪᠡᠯᠡ ᠮᠦᠩᠭᠦ ᠶᠢ ᠴᠠᠭ ᠲᠤᠨᠢ ᠰᠤᠯᠢᠵᠤ ᠥᠭᠬᠦ ᠪᠠ | ︽ᠨᠢᠭᠡ ᠯᠡ ᠥᠷᠲᠡᠭᠡᠨ ᠤ ᠮᠠᠶ᠋ᠢᠭ︾ ᠢᠶᠠᠷ ᠴᠠᠭ ᠲᠣᠬᠠᠢ ᠳᠤᠨᠢ ᠳ᠋ᠦᠩᠨᠡᠨ ᠪᠤᠳᠤᠬᠤ ᠦᠢᠯᠡᠴᠢᠯᠡᠭᠡ ᠶᠢ | ᠲᠠᠰᠤᠯᠳᠠᠭᠤᠯᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠮᠴᠢᠯᠡᠵᠦ ᠠᠪᠤᠷᠠᠨ ᠲᠤᠰᠠᠯᠠᠬᠤ ᠠᠵᠢᠯ | ᠬᠢᠭᠡᠳ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠪᠦᠲᠦᠮᠵᠢᠲᠡᠢ | ᠵᠤᠯᠭᠠᠭᠤᠯᠲᠠ ᠶᠢ ᠴᠢᠩᠭᠠᠳᠬᠠᠵᠤ᠂ ᠣᠨᠴᠠ ᠬᠦᠨᠳᠦ ᠡᠪᠡᠳᠴᠢᠨ ᠢ ᠡᠮᠴᠢᠯᠡᠵᠦ ᠠᠪᠤᠷᠠᠨ ᠲᠤᠰᠠᠯᠠᠬᠤ ᠳᠤ ᠲᠦᠷᠦᠯ | ᠢᠯᠭᠠᠵᠤ ᠳᠡᠰ ᠬᠤᠪᠢᠶᠠᠨ ᠬᠡᠷᠡᠭᠵᠢᠭᠦᠯᠬᠦ ᠶᠢ ᠠᠬᠢᠭᠤᠯᠤᠨ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ | ᠬᠦᠷᠲᠡᠵᠦ ᠪᠠᠶᠢᠭ᠎ᠠ ᠡᠲᠡᠭᠡᠳ ᠪᠠ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠢ | ᠬᠦᠮᠦᠨ ᠠᠮᠠ ᠶᠢᠨ ᠬᠤᠪᠢ ᠬᠦᠮᠦᠨ ᠤ ᠦᠪᠡᠰᠦᠪᠡᠨ ᠡᠭᠦᠷᠭᠡᠯᠡᠪᠡᠰᠦ ᠵᠣᠬᠢᠬᠤ ᠲᠣᠭᠲᠠᠭᠠᠯ ᠳᠤ ᠨᠡᠶᠢᠴᠡᠭᠰᠡᠨ | ᠵᠠᠷᠤᠳᠠᠯ ᠢᠶᠠᠷ ᠡᠮᠴᠢᠯᠡᠵᠦ ᠠᠪᠤᠷᠠᠨ ᠲᠤᠰᠠᠯᠠᠬᠤ ᠬᠠᠷᠢᠴᠠᠯ ᠢ 70% ᠠᠴᠠ ᠳᠣᠣᠷ᠎ᠠ ᠪᠠᠶᠢᠯᠭᠠᠬᠤ ᠦᠭᠡᠢ᠂ ᠣᠷᠣᠯᠭ᠎ᠠ | ᠪᠠᠭᠠᠲᠠᠢ ᠠᠪᠤᠷᠠᠨ ᠲᠤᠰᠠᠯᠠᠭᠳᠠᠬᠤ ᠡᠲᠡᠭᠡᠳ ᠪᠠ ᠡᠪᠡᠳᠴᠢᠨ ᠠᠴᠠ ᠪᠣᠯᠵᠤ ᠶᠠᠳᠠᠭᠤ ᠬᠦᠴᠢᠷᠳᠡᠯᠲᠡᠢ ᠪᠠᠶᠢᠬᠤ | ᠠᠪᠤᠷᠠᠨ ᠲᠤᠰᠠᠯᠠᠭᠳᠠᠬᠤ ᠡᠲᠡᠭᠡᠳ ᠤᠨ ᠬᠤᠪᠢ ᠬᠦᠮᠦᠨ ᠤ ᠦᠪᠡᠰᠦᠪᠡᠨ ᠡᠭᠦᠷᠭᠡᠯᠡᠪᠡᠰᠦ ᠵᠣᠬᠢᠬᠤ ᠲᠣᠭᠲᠠᠭᠠᠯ ᠳᠤ | ᠨᠡᠶᠢᠴᠡᠭᠰᠡᠨ ᠵᠠᠷᠤᠳᠠᠯ ᠢᠶᠠᠷ ᠡᠮᠴᠢᠯᠡᠵᠦ ᠠᠪᠤᠷᠠᠨ ᠲᠤᠰᠠᠯᠠᠬᠤ ᠬᠠᠷᠢᠴᠠᠯ ᠢ 50% ᠠᠴᠠ ᠳᠣᠣᠷ᠎ᠠ ᠪᠠᠶᠢᠯᠭᠠᠵᠤ ᠪᠣᠯᠬᠤ | ᠦᠭᠡᠢ ᠶᠢ ᠦᠨᠡᠨᠬᠦ ᠪᠠᠲᠤᠯᠠᠬᠤ ᠬᠡᠷᠡᠭᠲᠡᠢ᠃ | ᠵᠢᠷᠭᠤᠭ᠎ᠠ᠂ ᠬᠢᠨᠠᠨ ᠪᠠᠶᠢᠴᠠᠭᠠᠬᠤ ᠪᠠ ᠲᠤᠰᠬᠠᠶᠢᠯᠠᠨ ᠴᠡᠭᠴᠡᠯᠡᠨ ᠵᠠᠰᠠᠬᠤ ᠶᠢ ᠴᠢᠩᠭᠠᠷᠠᠭᠤᠯᠬᠤ ᠬᠡᠷᠡᠭᠲᠡᠢ | ᠡᠯ᠎ᠡ ᠭᠠᠵᠠᠷ ᠣᠷᠣᠨ ᠨᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠠᠵᠢᠯ ᠤᠨ ᠵᠢᠷᠤᠮᠵᠢᠯ ᠲᠠᠢ | ᠬᠠᠮᠢᠶᠠᠷᠤᠯᠲᠠ ᠶᠢ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠭᠦᠨᠵᠡᠭᠡᠢ ᠦᠷᠨᠢᠭᠦᠯᠬᠦ ᠲᠠᠢ ᠤᠶᠠᠯᠳᠤᠭᠤᠯᠤᠨ᠂ ᠣᠨ ᠤ | ᠬᠢᠨᠠᠨ ᠪᠠᠶᠢᠴᠠᠭᠠᠬᠤ ᠠᠵᠢᠯ ᠤᠨ ᠲᠦᠯᠦᠪᠯᠡᠭᠡ ᠶᠢ ᠲᠣᠭᠲᠠᠭᠠᠵᠤ᠂ ᠬᠤᠰᠢᠭᠤ ᠰᠢᠶᠠᠨ ︵ᠬᠤᠲᠠ᠂ ᠲᠣᠭᠤᠷᠢᠭ︶ ᠤ | ᠬᠤᠭᠤᠷᠤᠨᠳᠤ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠵᠢᠷᠤᠮᠵᠢᠭᠤᠯᠤᠭᠰᠠᠨ ᠬᠠᠮᠢᠶᠠᠷᠤᠯᠲᠠ ᠳᠤ | ᠰᠣᠯᠪᠢᠴᠠᠭᠤᠯᠤᠨ ᠪᠠᠶᠢᠴᠠᠭᠠᠬᠤ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠦᠷᠨᠢᠭᠦᠯᠵᠦ᠂ | ᠠᠵᠢᠯ ᠤᠨ ᠳᠤᠮᠳᠠ ᠣᠷᠤᠰᠢᠵᠤ ᠪᠠᠶᠢᠭ᠎ᠠ ᠬᠠᠮᠢᠶᠠᠷᠤᠯᠲᠠ ᠨᠢ ᠵᠢᠷᠤᠮᠵᠢᠭᠤᠨ ᠪᠤᠰᠤ᠂ ᠦᠯᠦ ᠪᠣᠲᠠᠲᠠᠶᠢᠵᠢᠭᠤᠯᠤᠭᠰᠠᠨ | ᠪᠠᠶᠢᠳᠠᠯ ᠢ ᠴᠠᠭ ᠲᠣᠬᠠᠢ ᠳᠤᠨᠢ ᠢᠯᠡᠷᠡᠭᠦᠯᠬᠦ ᠶᠢᠨ ᠬᠠᠮᠲᠤ ᠰᠢᠢᠳᠪᠦᠷᠢᠯᠡᠬᠦ ᠬᠡᠷᠡᠭᠲᠡᠢ᠃ ᠪᠠᠶᠢᠴᠠᠭᠠᠭᠰᠠᠨ ᠦᠷ᠎ᠡ | ᠳ᠋ᠦᠩ ᠢ ᠠᠰᠢᠭᠯᠠᠬᠤ ᠶᠢ ᠴᠢᠩᠭᠠᠷᠠᠭᠤᠯᠵᠤ᠂ ᠪᠠᠶᠢᠴᠠᠭᠠᠯᠲᠠ ᠪᠠᠷ ᠬᠠᠷᠢᠭᠤᠴᠠᠯᠭ᠎ᠠ ᠪᠣᠯᠣᠨ ᠲᠥᠷᠥ ᠶᠢᠨ ᠪᠣᠳᠣᠯᠭ᠎ᠠ | ᠬᠤᠶᠠᠷ ᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠦᠪᠡᠷᠲᠡᠭᠡᠨ ᠵᠠᠰᠬᠠᠤ ᠣᠷᠣᠨ ᠠᠴᠠ ᠰᠤᠯᠪᠢᠴᠠᠭᠤᠯᠤᠨ | ᠪᠠᠶᠢᠴᠠᠭᠠᠬᠤ ᠪᠠ ᠳᠠᠯᠳᠠᠭᠤᠷ ᠰᠤᠷᠪᠤᠯᠵᠢᠯᠠᠬᠤ ᠲᠣᠭᠲᠠᠴᠠ ᠶᠢ ᠪᠠᠶᠢᠭᠤᠯᠵᠤ᠂ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠶᠢ ᠵᠢᠷᠤᠮᠵᠢᠭᠤᠯᠤᠭᠰᠠᠨ ᠳᠤ ᠲᠣᠭᠲᠠᠮᠠᠯ ᠬᠤᠭᠤᠴᠠᠭ᠎ᠠ ᠲᠠᠢ ᠪᠣᠶᠣ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ᠬᠢᠨᠠᠨ ᠪᠠᠶᠢᠴᠠᠭᠠᠬᠤ ᠪᠠ ᠳᠠᠯᠳᠠᠭᠤᠷ ᠰᠤᠷᠪᠤᠯᠵᠢᠯᠠᠬᠤ ᠶᠢ ᠵᠣᠬᠢᠶᠠᠨ ᠪᠠᠶᠢᠭᠤᠯᠬᠤ ᠶᠢᠨ ᠬᠠᠮᠲᠤ | ᠂ ᠪᠠᠶᠢᠴᠠᠭᠠᠯᠲᠠ ᠬᠢᠭᠰᠡᠨ ᠪᠠ ᠳᠠᠯᠳᠠᠭᠤᠷ ᠰᠤᠷᠪᠤᠯᠵᠢᠯᠠᠭᠰᠠᠨ ᠪᠠᠶᠢᠳᠠᠯ ᠢᠶᠠᠨ ᠪᠦᠬᠦ ᠣᠷᠣᠨ ᠤ ᠬᠡᠪᠴᠢᠶᠡᠨ ᠳᠤ | ᠨᠡᠪᠲᠡᠷᠡᠭᠦᠯᠦᠨ ᠮᠡᠳᠡᠭᠡᠯᠡᠵᠦ᠂ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠪᠣᠲᠠᠲᠠᠶᠢᠵᠢᠭᠤᠯᠵᠤ ᠦᠷ᠎ᠡ | ᠪᠦᠲᠦᠮᠵᠢᠲᠡᠢ ᠪᠣᠯᠭᠠᠬᠤ ᠶᠢ ᠠᠬᠢᠭᠤᠯᠤᠨ᠎ᠠ᠃ ᠡᠭᠦᠨ ᠤ ᠬᠠᠮᠲᠤ᠂ ᠡᠯ᠎ᠡ ᠭᠠᠵᠠᠷ ᠣᠷᠣᠨ ᠨᠢ ᠴᠢᠩᠭ᠎ᠠ ᠪᠠᠶᠢᠯᠭᠠᠬᠤ ᠳᠤ | ᠭᠤᠣᠯᠯᠠᠭᠤᠯᠤᠨ ᠴᠢᠭᠯᠡᠭᠦᠯᠬᠦ ᠱᠠᠭᠠᠷᠳᠠᠯᠭ᠎ᠠ ᠶᠤᠰᠤᠭᠠᠷ᠂ ᠬᠤᠷᠢᠭ᠎ᠠ ᠱᠤᠭᠤᠮ ᠢ ᠡᠪᠳᠡᠬᠦ ᠦᠭᠡᠢ ᠦᠵᠡᠯ | ᠤᠬᠠᠮᠰᠠᠷ ᠢᠶᠠᠨ ᠴᠢᠩᠭᠠᠷᠠᠭᠤᠯᠵᠤ᠂ ᠨᠡᠶᠢᠭᠡᠮ ᠤᠨ ᠠᠪᠤᠷᠠᠨ ᠲᠤᠰᠠᠯᠠᠬᠤ ᠶᠢ ᠵᠢᠷᠤᠮᠵᠢᠯ ᠲᠠᠢ ᠬᠠᠮᠢᠶᠠᠷᠬᠤ ᠶᠢ | ᠠᠵᠢᠯᠯᠠᠭᠠᠨ ᠳᠤᠮᠳᠠ ᠪᠠᠨ ᠨᠠᠶᠢᠳᠠᠪᠤᠷᠢᠵᠢᠭᠤᠯᠬᠤ ᠬᠡᠷᠡᠭᠲᠡᠢ᠃ ᠠᠷᠠᠳ ᠤᠨ ᠶᠠᠪᠤᠳᠠᠯ ᠤᠨ ᠶᠠᠮᠦᠨ ᠤ ᠱᠠᠭᠠᠷᠳᠠᠯᠭ᠎ᠠ | ᠶᠤᠰᠤᠭᠠᠷ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠳᠤ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢ | ᠬᠢᠨᠠᠮᠠᠭᠠᠢ ᠵᠣᠬᠢᠶᠠᠨ ᠪᠠᠶᠢᠭᠤᠯᠤᠨ ᠦᠷᠨᠢᠭᠦᠯᠵᠦ᠂ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠤᠨ ᠬᠢᠨ ᠤ | ᠶᠠᠳᠠᠭᠤ ᠶᠢ ᠲᠡᠳᠭᠦᠬᠦ ᠬᠦᠷᠢᠶ᠎ᠡ ᠴᠠᠷᠠᠭᠠᠨ ᠳᠠᠬᠢ ᠢᠯᠵᠠᠷᠠᠯ ᠪᠣᠯᠣᠨ ᠰᠤᠷᠲᠠᠯ ᠤᠨ ᠠᠰᠠᠭᠤᠳᠠᠯ ᠢ ᠲᠤᠰᠬᠠᠶᠢᠯᠠᠨ | ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠨ᠂ ᠬᠠᠲᠠᠭᠤ ᠴᠢᠩᠭ᠎ᠠ ᠰᠠᠬᠢᠯᠭ᠎ᠠ ᠪᠠᠲᠤ ᠶᠢᠨ | ᠪᠠᠲᠤᠯᠠᠭ᠎ᠠ ᠪᠠᠷ ᠰᠠᠭᠤᠷᠢ ᠠᠴᠠ ᠨᠢ ᠪᠠᠲᠤᠯᠠᠨ ᠶᠠᠳᠠᠭᠤ ᠠᠴᠠ ᠠᠩᠬᠢᠵᠢᠷᠠᠭᠤᠯᠬᠤ ᠠᠵᠢᠯ ᠢ ᠦᠨᠡᠨᠬᠦ ᠰᠠᠶᠢᠲᠤᠷ ᠬᠢᠬᠦ | ᠬᠡᠷᠡᠭᠲᠡᠢ᠃ | ᠳᠣᠯᠤᠭ᠎ᠠ᠂ ᠦᠨᠳᠦᠰᠦᠨ ᠱᠠᠲᠤᠨ ᠤ ᠨᠡᠶᠢᠭᠡᠮ ᠤᠨ ᠠᠪᠤᠷᠠᠨ ᠲᠤᠰᠠᠯᠠᠬᠤ ᠶᠢᠨ ᠭᠠᠷᠳᠠᠨ ᠭᠦᠢᠴᠡᠳᠭᠡᠬᠦ | ᠦᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠬᠤ ᠬᠡᠷᠡᠭᠲᠡᠢ | ᠡᠯ᠎ᠡ ᠭᠠᠵᠠᠷ ᠣᠷᠣᠨ ᠨᠢ ᠦᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ᠂ ᠡᠳ᠋ ᠤᠨ ᠵᠠᠰᠠᠭ᠂ | ᠣᠷᠣᠨ ᠲᠤᠭ᠎ᠠ ᠶᠢᠨ ᠠᠯᠪᠠᠨ ᠭᠡᠷ ᠪᠠ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ | ᠰᠠᠯᠠᠭ᠎ᠠ ᠮᠦᠴᠢᠷ ᠤᠨ ︽ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠶᠢ ᠢᠳᠡᠪᠬᠢᠲᠡᠢ | ᠬᠡᠷᠡᠭᠵᠢᠭᠦᠯᠵᠦ ᠦᠨᠳᠦᠰᠦᠨ ᠱᠠᠲᠤᠨ ᠤ ᠨᠡᠶᠢᠭᠡᠮ ᠤᠨ ᠠᠪᠤᠷᠠᠨ ᠲᠤᠰᠠᠯᠠᠬᠤ ᠶᠢᠨ ᠭᠠᠷᠳᠠᠨ ᠭᠦᠢᠴᠡᠳᠭᠡᠬᠦ | ᠦᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠬᠤ ᠲᠣᠬᠠᠢ ᠬᠡᠷᠡᠭᠵᠢᠭᠦᠯᠬᠦ ᠰᠠᠨᠠᠯ︾ ︵ᠦᠪᠦᠷ ᠠᠷᠠᠳ ᠶᠠᠪᠤᠳᠠᠯ | ᠲᠠᠷᠬᠠᠭᠠᠭᠰᠠᠨ ﹇2017﹈ 87 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠬᠢᠨᠠᠮᠠᠭᠠᠢ | ᠵᠢᠷᠤᠮᠯᠡᠨ᠂ ᠳᠦᠬᠦᠷ ᠲᠥᠷᠥ ᠶᠢᠨ ᠪᠣᠳᠣᠯᠭ᠎ᠠ ᠶᠢ ᠱᠠᠯᠠᠪᠳᠠᠨ ᠲᠣᠭᠲᠠᠭᠠᠵᠤ ᠨᠡᠶᠢᠲᠡᠯᠡᠬᠦ ᠬᠡᠷᠡᠭᠲᠡᠢ᠃ ᠳᠠᠭᠠᠭᠠᠨ | ᠵᠠᠯᠭᠠᠵᠤ ᠬᠢᠬᠦ ᠭᠤᠣᠯ ᠴᠤᠭᠴᠠ ᠶᠢ ᠲᠦᠷᠭᠡᠳᠭᠡᠨ ᠪᠤᠶᠢᠵᠢᠭᠤᠯᠵᠤ᠂ ᠬᠤᠳᠠᠯᠳᠤᠨ ᠠᠪᠬᠤ ᠲᠣᠭᠲᠠᠴᠠ ᠶᠢ | ᠲᠣᠭᠲᠠᠭᠠᠵᠤ ᠲᠡᠭᠦᠯᠳᠡᠷᠵᠢᠭᠦᠯᠦᠨ᠂ ᠨᠡᠶᠢᠭᠡᠮ ᠤᠨ ᠠᠪᠤᠷᠠᠨ ᠲᠤᠰᠠᠯᠠᠬᠤ ᠶᠢᠨ ᠠᠵᠢᠯ ᠶᠠᠪᠤᠳᠠᠯ ᠤᠨ ᠴᠢᠨᠠᠷᠲᠠᠢ ᠪᠠ | ᠦᠢᠯᠡᠴᠢᠯᠡᠭᠡᠨ ᠤ ᠴᠢᠨᠠᠷᠲᠠᠢ ᠠᠵᠢᠯ ᠢ ᠨᠡᠶᠢᠭᠡᠮ ᠤᠨ ᠬᠦᠴᠦᠨ ᠳᠤ ᠨᠠᠶᠢᠳᠠᠵᠤ ᠡᠭᠦᠷᠭᠡᠯᠡᠭᠦᠯᠦᠨ᠎ᠡ᠃ ᠦᠪᠡᠷᠲᠡᠭᠡᠨ | ᠵᠠᠰᠠᠬᠤ ᠣᠷᠣᠨ ᠠᠴᠠ ᠦᠨᠳᠦᠰᠦᠨ ᠱᠠᠲᠤᠨ ᠤ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠭᠠᠷᠳᠠᠨ | ᠭᠦᠢᠴᠡᠳᠭᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠬᠦᠲᠦᠯᠦᠨ ᠵᠢᠯᠤᠭᠤᠳᠬᠤ ᠪᠡᠯᠡ ᠮᠦᠩᠭᠦ ᠶᠢ ᠲᠣᠬᠢᠷᠠᠭᠤᠯᠵᠤ᠂ | ᠵᠠᠰᠠᠭ ᠤᠨ ᠣᠷᠳᠣᠨ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡ ᠶᠢ ᠬᠤᠳᠠᠯᠳᠤᠨ ᠠᠪᠬᠤ ᠶᠢᠨ ᠵᠢᠱᠢᠶ᠎ᠡ | ᠦᠵᠡᠭᠦᠯᠬᠦ ᠭᠠᠵᠠᠷ ᠣᠷᠣᠨ ᠭᠠᠷᠭᠠᠬᠤ ᠶᠢ ᠰᠢᠯᠢᠳᠡᠭ ᠢ ᠨᠢ ᠰᠢᠯᠢᠵᠦ ᠳᠡᠮᠵᠢᠨ᠎ᠡ᠃ ︽ᠭᠠᠷᠳᠠᠨ ᠭᠦᠢᠴᠡᠳᠭᠡᠬᠦ | ᠪᠠᠶᠢᠭᠤᠯᠤᠮᠵᠢ ᠲᠠᠢ ᠪᠠᠶᠢᠬᠤ᠂ ᠭᠠᠷᠳᠠᠨ ᠭᠦᠢᠴᠡᠳᠭᠡᠬᠦ ᠠᠵᠢᠯᠲᠠᠨ ᠲᠠᠢ ᠪᠠᠶᠢᠬᠤ᠂ ᠠᠵᠢᠯ ᠤᠨ ᠨᠦᠬᠦᠴᠡᠯ ᠲᠠᠢ | ᠪᠠᠶᠢᠬᠤ᠂ ᠠᠵᠢᠯ ᠤᠨ ᠵᠠᠷᠤᠳᠠᠯ ᠲᠠᠢ ᠪᠠᠶᠢᠬᠤ︾ ᠪᠠᠷᠢᠮᠵᠢᠶ᠎ᠠ ᠶᠤᠰᠤᠭᠠᠷ᠂ ᠰᠤᠮᠤ ᠰᠢᠶᠠᠩ ᠪᠠᠯᠭᠠᠰᠤ ︵ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢᠨ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠭᠠᠷᠳᠠᠨ | ᠭᠦᠢᠴᠡᠳᠭᠡᠬᠦ ᠪᠠᠶᠢᠭᠤᠯᠤᠮᠵᠢ ᠶᠢᠨ ᠪᠠᠷᠢᠮᠵᠢᠶᠠᠵᠢᠭᠤᠯᠤᠭᠰᠠᠨ ᠪᠠᠶᠢᠭᠤᠯᠤᠯᠲᠠ ᠶᠢ ᠲᠣᠭᠲᠠᠭᠤᠨ ᠢᠶᠠᠷ ᠠᠬᠢᠭᠤᠯᠵᠤ᠂ | 2020 ᠣᠨ ᠪᠣᠯᠲᠠᠯ᠎ᠠ᠂ ᠪᠦᠬᠦ ᠣᠷᠣᠨ ᠤ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ︶ ᠶᠢᠨ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠭᠠᠷᠳᠠᠨ ᠭᠦᠢᠴᠡᠳᠭᠡᠬᠦ ᠪᠠᠶᠢᠭᠤᠯᠤᠮᠵᠢ ᠪᠦᠬᠦᠨ ᠢ ︽ | ᠳᠥᠷᠪᠡᠨ ᠪᠠᠶᠢᠬᠤ︾ ᠪᠠᠷᠢᠮᠵᠢᠶ᠎ᠠ ᠳᠤ ᠬᠦᠷᠦᠭᠦᠯᠦᠨ᠂ ᠦᠨᠳᠦᠰᠦᠨ ᠱᠠᠲᠤᠨ ᠤ ᠨᠡᠶᠢᠭᠡᠮ ᠤᠨ ᠠᠪᠤᠷᠠᠨ ᠲᠤᠰᠠᠯᠠᠬᠤ | ᠠᠵᠢᠯ ᠤᠨ ᠭᠠᠷᠳᠠᠨ ᠭᠦᠢᠴᠡᠳᠭᠡᠬᠦ ᠴᠢᠳᠠᠪᠤᠷᠢ ᠶᠢᠨ ᠪᠠᠶᠢᠭᠤᠯᠤᠯᠲᠠ ᠶᠢ ᠮᠡᠳᠡᠭᠳᠡᠮ᠎ᠡ ᠳᠡᠭᠡᠭᠰᠢᠯᠡᠭᠦᠯᠬᠦ ᠪᠠᠷ ᠴᠢᠷᠮᠠᠶᠢᠬᠤ | ᠬᠡᠷᠡᠭᠲᠡᠢ᠃ | ᠨᠠᠢᠮᠠ᠂ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠤᠬᠠᠭᠤᠯᠬᠤ ᠡᠷᠴᠢᠮ ᠢ | ᠴᠢᠩᠭᠠᠷᠠᠭᠤᠯᠬᠤ ᠬᠡᠷᠡᠭᠲᠡᠢ | ᠡᠯ᠎ᠡ ᠭᠠᠵᠠᠷ ᠣᠷᠣᠨ ᠨᠢ ᠲᠥᠷᠥ ᠶᠢᠨ ᠪᠣᠳᠣᠯᠭ᠎ᠠ ᠶᠢ ᠤᠬᠠᠭᠤᠯᠬᠤ ᠶᠢᠨ ᠴᠢᠭᠯᠡᠭᠦᠯᠦᠯᠲᠦ ᠴᠢᠨᠠᠷ᠂ | ᠪᠦᠲᠦᠮᠵᠢᠲᠦ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠣᠨᠢᠨ ᠰᠡᠳᠭᠦᠯ᠂ ᠷᠠᠳᠢᠣ᠋ ᠨᠡᠪᠲᠡᠷᠡᠭᠦᠯᠭᠡ᠂ | ᠲᠧᠯᠸᠢᠰ ᠵᠡᠷᠭᠡ ᠤᠯᠠᠮᠵᠢᠯᠠᠯᠲᠤ ᠵᠠᠭᠤᠴᠢᠯᠠᠭᠤᠷ ᠪᠠ ᠸᠢᠴᠠᠲ᠂ ᠪᠢᠴᠢᠯ ᠪᠦᠷᠭᠡ ᠵᠡᠷᠭᠡ ᠰᠢᠨ᠎ᠡ ᠵᠠᠭᠤᠴᠢᠯᠠᠭᠤᠷ ᠵᠢᠴᠢ | ᠣᠯᠠᠨ ᠨᠡᠶᠢᠲᠡ ᠶᠢᠨ ᠤᠩᠰᠢᠯᠭ᠎ᠠ ᠶᠢᠨ ᠦᠷᠦᠭᠡ᠂ ᠮᠠᠲ᠋ᠧᠷᠢᠶᠠᠯ ᠠᠪᠴᠤ ᠯᠠᠪᠯᠠᠬᠤ ᠴᠢᠭ᠂ ᠮᠡᠳᠡᠭᠡ ᠵᠠᠩᠭᠢ | ᠤᠬᠠᠭᠤᠯᠭ᠎ᠠ ᠶᠢᠨ ᠪᠣᠯᠣᠩ᠂ ᠤᠬᠠᠭᠤᠯᠭ᠎ᠠ ᠶᠢᠨ ᠳᠡᠪᠲᠡᠷ᠂ ᠦᠨᠡᠨ ᠪᠠᠶᠢᠳᠠᠯ ᠤᠨ ᠪᠢᠴᠢᠭ ︵ᠺᠠᠷᠲ︶ ᠵᠡᠷᠭᠡ ᠠᠷᠭ᠎ᠠ | ᠮᠠᠶ᠋ᠢᠭ ᠢ ᠭᠦᠢᠴᠡᠳ ᠠᠰᠢᠭᠯᠠᠨ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠶᠡᠷᠦᠩᠬᠡᠶᠢᠯᠡᠨ ᠮᠠᠭᠠᠳᠯᠠᠨ | ᠲᠣᠭᠲᠠᠭᠠᠬᠤ᠂ ᠬᠦᠳᠡᠯᠦᠩᠭᠦᠢ ᠬᠠᠮᠢᠶᠠᠷᠬᠤ ᠵᠡᠷᠭᠡ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ | ᠤᠬᠠᠭᠤᠯᠬᠤ ᠠᠵᠢᠯ ᠢ ᠬᠦᠴᠦᠯᠡᠨ ᠰᠠᠶᠢᠲᠤᠷ ᠬᠢᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠭᠦᠨᠵᠡᠭᠡᠢ | ᠪᠤᠰᠤ᠂ ᠪᠣᠲᠠᠲᠠᠶᠢᠵᠢᠭᠤᠯᠤᠭᠰᠠᠨ ᠦᠭᠡᠢ ᠪᠠᠶᠢᠬᠤ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠬᠦᠴᠢᠷᠳᠡᠯᠲᠡᠢ ᠣᠯᠠᠨ | ᠲᠦᠮᠡᠨ ᠳᠤ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢ ᠪᠣᠳᠣᠯᠭ᠎ᠠ ᠪᠠ ᠠᠷᠭ᠎ᠠ ᠬᠡᠮᠵᠢᠶ᠎ᠡ ᠶᠢ ᠦᠨᠡᠨ ᠮᠦᠨ ᠢᠶᠠᠷ | ᠣᠶᠢᠯᠠᠭᠠᠭᠤᠯᠵᠤ᠂ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠮᠡᠳᠡᠵᠦ ᠣᠶᠢᠯᠠᠭᠠᠬᠤ ᠨᠣᠷᠮ᠎ᠠ ᠶᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠤᠯᠠᠮ ᠨᠢᠭᠡ ᠠᠯᠬᠤᠮ | ᠠᠬᠢᠭᠤᠯᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ᠃ | | | ᠳᠠᠭᠠᠯᠳᠤᠭᠤᠯᠤᠯ᠄ | 1.ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ 2018 ᠣᠨ ᠤ ᠬᠤᠲᠠ ᠬᠦᠳᠡᠭᠡ ᠶᠢᠨ | ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ ᠨᠠᠷᠢᠨ ᠬᠦᠰᠦᠨᠦᠭᠲᠦ | (ᠬᠦᠰᠦᠨᠦᠭᠲᠦ 1 ᠬᠦᠰᠦᠨᠦᠭᠲᠦ 2 ᠬᠦᠰᠦᠨᠦᠭᠲᠦ 3) | 2.ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ 2018 ᠣᠨ ᠤ ᠣᠨᠴᠠ ᠬᠦᠴᠢᠷᠳᠡᠯᠲᠡᠢ | ᠬᠦᠮᠦᠰ ᠤᠨ ᠠᠮᠢᠳᠤᠷᠠᠯ ᠤᠨ ᠦᠨᠳᠦᠰᠦᠨ ᠪᠠᠷᠢᠮᠵᠢᠶ᠎ᠠ ᠶᠢᠨ ᠨᠠᠷᠢᠨ ᠬᠦᠰᠦᠨᠦᠭᠲᠦ(ᠬᠦᠰᠦᠨᠦᠭᠲᠦ 4 ᠬᠦᠰᠦᠨᠦᠭᠲᠦ 5) | 3.ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ 2018 ᠣᠨ ᠤ ᠣᠨᠴᠠ ᠬᠦᠴᠢᠷᠳᠡᠯᠲᠡᠢ | ᠬᠦᠮᠦᠰ ᠢ ᠬᠠᠷᠠᠭᠠᠯᠵᠠᠨ ᠠᠰᠠᠷᠠᠵᠤ ᠰᠣᠪᠢᠯᠠᠬᠤ ᠪᠠᠷᠢᠮᠵᠢᠶ᠎ᠠ ᠶᠢᠨ ᠨᠠᠷᠢᠨ ᠬᠦᠰᠦᠨᠦᠭᠲᠦ(ᠬᠦᠰᠦᠨᠦᠭᠲᠦ6 7 8 ) |