8 ᠳ᠋ᠤᠭᠠᠷ ᠰᠠᠷ᠎ᠠ ᠶᠢᠨ 1 ᠤ ᠡᠳᠦᠷ᠂ 20 ᠹᠦᠲ ᠤᠨ ᠴᠢᠩᠭᠡᠯᠢᠭ ᠲᠠᠢ ᠥᠩᠭᠡᠲᠦ ᠲᠡᠮᠦᠷᠯᠢᠭ ᠤᠨ | ᠬᠦᠳᠡᠷ ᠢ ᠳᠦᠭᠦᠷᠲᠡᠯ᠎ᠡ ᠲᠡᠭᠡᠭᠡᠭᠰᠡᠨ ᠵᠠᠭᠤᠨ ᠡᠭᠡᠯᠵᠢ ᠶᠢᠨ ᠭᠠᠯᠲᠤ ᠲᠡᠷᠭᠡ ᠠᠭᠤᠷ ᠤᠨ ᠱᠤᠤᠭᠢᠯ ᠢᠶᠠᠨ | ᠴᠤᠤᠷᠢᠶᠠᠳᠤᠭᠤᠯᠤᠨ ᠲᠢᠶᠠᠨᠵᠢᠨ ᠤ ᠪᠢᠨ ᠬᠠᠶ ᠰᠢᠨ᠎ᠡ ᠲᠣᠭᠤᠷᠢᠭ ᠤᠨ ᠡᠤ ᠵᠢᠶᠧ ᠰᠠᠨ ᠲᠤᠰᠬᠠᠶ ᠬᠡᠷᠡᠭᠯᠡᠭᠡᠨ ᠤ | ᠱᠤᠭᠤᠮ ᠢᠶᠠᠷ ᠭᠠᠷᠴᠦ᠂ ᠥᠪᠥᠷ ᠮᠣᠩᠭᠤᠯ ᠤᠨ ᠤᠯᠠᠭᠠᠨᠴᠠᠪ ᠬᠤᠲᠠ ᠵᠦᠭ ᠮᠣᠷᠳᠠᠯ᠎ᠠ᠃ ᠡᠨᠡ ᠨᠢ ︽ᠰᠢᠨᠭᠠᠩ | — ᠰᠦᠵᠢ︾ ᠬᠦᠨᠳᠦ ᠲᠡᠭᠡᠭᠡᠪᠦᠷᠢ ᠶᠢᠨ ᠬᠤᠣᠰ ᠴᠢᠭᠯᠡᠯᠲᠦ ᠡᠭᠡᠯᠵᠢ ᠶᠢᠨ ᠭᠠᠯᠲᠤ ᠲᠡᠷᠭᠡ ᠵᠢᠩᠬᠢᠨᠢ ᠪᠠᠷ | ᠵᠥᠭᠡᠭᠡᠪᠦᠷᠢ ᠪᠠᠨ ᠡᠬᠢᠯᠡᠭᠦᠯᠦᠭᠰᠡᠨ ᠢ ᠪᠡᠯᠭᠡᠳᠡᠵᠦ᠂ ᠲᠢᠶᠠᠨᠵᠢᠨ ᠭᠠᠷᠠᠮ ᠪᠣᠯᠤᠨ ᠥᠪᠥᠷ ᠮᠣᠩᠭᠤᠯ ᠤᠨ | ᠬᠤᠭᠤᠷᠣᠨᠳᠣᠬᠢ ᠤᠷᠲᠤ ᠬᠤᠭᠤᠴᠠᠭᠠᠨ ᠤ ᠶᠡᠭᠡ ᠬᠡᠮᠵᠢᠶᠡᠨ ᠤ ᠪᠠᠷᠠᠭ᠎ᠠ ᠶᠢ ᠮᠠᠰᠢᠨ ᠲᠡᠷᠭᠡ ᠪᠠᠷ ᠵᠥᠬᠡᠬᠡᠪᠦᠷᠢᠯᠡᠳᠡᠭ | ᠪᠠᠶᠢᠭᠰᠠᠨ ᠪᠠᠶᠢᠳᠠᠯ ᠢ ᠡᠴᠦᠰᠯᠡᠭᠦᠯᠵᠡᠢ᠃ | ᠲᠠᠨᠢᠯᠴᠠᠭᠤᠯᠤᠭᠰᠠᠨ ᠢᠶᠠᠷ᠂ ᠲᠢᠶᠠᠨᠵᠢᠨ ᠭᠠᠷᠠᠮ ᠵᠢᠯ ᠪᠦᠷᠢ 1800 ᠲᠦᠮᠡᠨ ᠲᠣᠨ ᠥᠩᠭᠡᠲᠦ | ᠲᠡᠮᠦᠷᠯᠢᠭ ᠤᠨ ᠬᠦᠳᠡᠷ ᠢ ᠭᠠᠳᠠᠭᠠᠳᠤ ᠠᠴᠠ ᠣᠷᠤᠭᠤᠯᠵᠤ᠂ ᠵᠥᠪᠬᠡᠨ 10 % ᠶᠢ ᠨᠢ ᠲᠡᠮᠦᠷ ᠵᠠᠮ ᠢᠶᠠᠷ | ᠲᠡᠭᠡᠭᠡᠪᠦᠷᠢᠯᠡᠳᠡᠭ ᠪᠠᠶᠢᠨ᠎ᠠ᠂ ᠡᠭᠦᠨ ᠤ ᠳᠣᠲᠣᠷ᠎ᠠ ᠥᠪᠥᠷ ᠮᠣᠩᠭᠤᠯ ᠣᠷᠣᠨ ᠤ ᠬᠢ ᠪᠠᠷᠤᠭ 1200 ᠲᠦᠮᠡᠨ ᠲᠣᠨ | ᠢ ᠡᠵᠡᠯᠡᠳᠡᠭ ᠪᠦᠭᠡᠳ ᠡᠮᠦᠨᠡᠬᠢ ᠬᠤᠭᠤᠴᠠᠭᠠᠨ ᠤ ᠪᠦᠷᠢᠮᠦᠰᠦᠨ ᠵᠠᠰᠠᠮᠠᠯ ᠵᠠᠮ ᠢᠶᠠᠷ ᠵᠥᠭᠡᠭᠡᠪᠦᠷᠢᠯᠡᠳᠡᠭ ᠦᠶ᠎ᠡ ᠳᠤ᠂ | ᠲᠢᠶᠡᠨᠵᠢᠨ ᠥᠪᠥᠷ ᠮᠣᠩᠭᠤᠯ ᠤᠨ ᠬᠤᠭᠤᠷᠤᠨᠳᠤ ᠵᠢᠯ ᠪᠦᠷᠢ 40 ᠲᠦᠮᠡᠨ ᠮᠠᠰᠢᠨ ᠲᠡᠷᠭᠡ ᠥᠭᠡᠳᠡ ᠤᠷᠤᠭᠤ | ᠠᠶᠠᠯᠠᠵᠤ᠂ ᠡᠳᠦᠷ ᠪᠦᠷᠢ ᠲᠤᠮᠳᠠᠴᠢ ᠪᠠᠷ 1100 ᠮᠠᠰᠢᠨ ᠠᠶᠠᠯᠠᠵᠤ᠂ ᠠᠭᠠᠷ ᠮᠠᠨᠳᠠᠯ ᠤᠨ ᠪᠣᠬᠢᠷᠳᠤᠯ ᠪᠠ ᠵᠠᠮ | ᠬᠠᠷᠢᠯᠴᠠᠭᠠᠨ ᠤ ᠲᠦᠭᠵᠢᠷᠡᠯ ᠤᠨ ᠠᠰᠠᠭᠤᠳᠠᠯ ᠢ ᠬᠦᠨᠳᠦ ᠨᠣᠴᠢᠳᠠᠢ ᠪᠣᠯᠭᠠᠵᠠᠢ᠃ | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠲᠡᠮᠦᠷ ᠵᠠᠮ᠂ ᠭᠠᠷᠠᠮ᠂ ᠠᠵᠤ ᠠᠬᠤᠶᠢᠯᠠᠯ ᠤᠯᠠᠨ ᠲᠠᠯ᠎ᠠ ᠪᠠᠷ | ᠬᠠᠮᠳᠤᠷᠠᠵᠤ᠂ ︽ᠲᠢᠶᠠᠨᠵᠢᠨ ᠭᠠᠷᠠᠮ — ᠠᠵᠤ ᠦᠢᠯᠡᠳᠪᠦᠷᠢ︾ ᠶᠢᠨ ᠵᠠᠰᠠᠮᠠᠯ ᠵᠠᠮ ᠤᠨ ᠲᠡᠭᠡᠭᠡᠪᠦᠷᠢ ᠶᠢᠨ ᠬᠡᠪ | ᠵᠠᠭᠪᠤᠷ ᠢ ᠲᠢᠶᠠᠨᠵᠢᠨ ᠭᠠᠷᠠᠮ ᠤᠨ ᠲᠡᠮᠦᠷ ᠵᠠᠮ ᠤᠨ ᠲᠡᠭᠡᠭᠡᠪᠦᠷᠢ ᠠᠴᠠ ᠰᠦᠵᠢ ᠲᠡᠮᠦᠷ ᠵᠠᠮ ᠤᠨ ᠲᠠᠯᠠᠪᠠᠢ ᠳᠤ ᠬᠦᠷᠬᠦ᠂ | ᠳᠠᠬᠢᠨ ᠵᠠᠰᠠᠮᠠᠯ ᠵᠠᠮ ᠤᠨ ᠣᠬᠤᠷ ᠲᠡᠭᠡᠭᠡᠪᠦᠷᠢ ᠪᠠᠷ ᠠᠵᠤ ᠦᠢᠯᠡᠳᠪᠦᠷᠢ ᠳᠤ ᠬᠦᠷᠬᠦ ᠵᠠᠭᠪᠤᠷ ᠪᠣᠯᠭᠠᠨ | ᠥᠭᠡᠷᠡᠴᠢᠯᠡᠵᠦ᠂ ᠬᠤᠭᠤᠰᠤᠨ ᠴᠢᠩᠭᠡᠯᠢᠭ ᠲᠤ ᠪᠠᠨ ᠨᠡᠭᠦᠷᠡᠰᠦ ᠠᠴᠢᠭᠠᠳ ᠭᠠᠷᠠᠮ ᠳᠤ ᠪᠤᠴᠠᠬᠤ ᠪᠣᠯᠭᠠᠵᠠᠢ᠃ | ᠡᠬᠦᠨ ᠤ ᠬᠠᠮᠲᠤ᠂ ᠪᠡᠭᠡᠵᠢᠩ ᠲᠣᠪᠴᠢᠶ᠎ᠠ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠲᠢᠶᠠᠨᠵᠢᠨ ᠤ ᠪᠠᠷᠠᠭ᠎ᠠ | ᠵᠥᠭᠡᠭᠡᠪᠦᠷᠢ ᠶᠢᠨ ᠲᠥᠪ ᠪᠦᠰᠡ ᠠᠯᠤᠰᠯᠠᠨ ᠬᠠᠮᠲᠤᠷᠠᠯᠴᠠᠬᠤ ᠶᠢ ᠢᠳᠡᠪᠬᠢᠲᠡᠶ ᠲᠦᠯᠬᠢᠨ ᠠᠬᠢᠭᠤᠯᠵᠤ᠂ ᠵᠠᠰᠠᠮᠠᠯ ᠵᠠᠮ | ᠭᠠᠷᠠᠮ ᠨᠢᠭᠡᠳᠴᠦ ᠠᠵᠢᠯᠯᠠᠬᠤ ᠶᠢ ᠬᠡᠷᠡᠭᠵᠢᠭᠦᠯᠦᠨ᠂ ᠬᠠᠮᠲᠤ ᠪᠠᠷ ᠪᠠᠷᠠᠭ᠎ᠠ ᠶᠢᠨ ᠭᠦᠢᠯᠭᠡᠭᠡᠨ ᠤ ᠭᠤᠭᠴᠤᠭ᠎ᠠ ᠶᠢ | ᠰᠢᠯᠢᠳᠡᠭᠵᠢᠭᠦᠯᠦᠨ᠂ ᠪᠠᠷᠠᠭ᠎ᠠ ᠶᠢᠨ ᠭᠦᠶᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠵᠤ᠂ ᠡᠭᠡᠯᠵᠢ ᠶᠢᠨ ᠭᠠᠯᠲᠤ | ᠲᠡᠷᠭᠡ ᠶᠢᠨ ᠲᠦᠷᠦᠯ ᠵᠦᠢᠯ ᠢ ᠲᠦᠷᠭᠡᠨ ᠨᠠᠶᠢᠳᠠᠪᠤᠷᠢᠵᠢᠭᠤᠯᠵᠠᠢ᠃ | ᠲᠢᠶᠠᠨᠵᠢᠨ ᠤ ᠪᠠᠷᠠᠭ᠎ᠠ ᠲᠡᠭᠡᠭᠡᠪᠦᠷᠢ ᠶᠢᠨ ᠲᠥᠪ ᠤᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ︽ | ᠰᠢᠨᠭᠠᠩ — ᠰᠦᠵᠢ︾ ᠴᠢᠩᠭᠡᠯᠢᠭᠲᠦ ᠲᠡᠭᠡᠭᠡᠪᠦᠷᠢ ᠶᠢᠨ ᠬᠤᠣᠰ ᠴᠢᠭᠯᠡᠯᠲᠦ ᠡᠭᠡᠯᠵᠢ ᠶᠢᠨ ᠭᠠᠯᠲᠤ ᠲᠡᠷᠭᠡ | ᠡᠬᠢᠨ ᠤ ᠬᠤᠭᠤᠴᠠᠭᠠᠨ ᠳᠤ ᠪᠠᠨ ᠭᠠᠷᠠᠭ ᠲᠤ ᠨᠢᠭᠡ ᠴᠤᠪᠤᠭ᠎ᠠ ᠲᠡᠷᠭᠡ ᠬᠥᠳᠡᠯᠭᠡᠵᠤ᠂ ᠢᠳᠡᠭ ᠢᠳᠡᠭ ᠢᠶᠠᠷ ᠡᠳᠦᠷ | ᠲᠤ ᠨᠢᠭᠡ ᠴᠤᠪᠤᠭ᠎ᠠ ᠬᠥᠳᠡᠯᠬᠦ ᠪᠠᠷ ᠨᠡᠮᠡᠭᠳᠡᠭᠦᠯᠦᠨ᠎ᠡ᠂ ᠡᠭᠦᠨ ᠤ ᠬᠠᠮᠲᠤ ᠥᠩᠭᠡᠲᠦ ᠲᠡᠮᠦᠷᠯᠢᠭ ᠤᠨ ᠬᠦᠳᠡᠷ ᠢ | ᠰᠢᠨᠭᠠᠩ ᠠᠴᠠ ᠪᠤᠭᠤᠲᠤ ᠶᠢᠨ ᠪᠠᠷᠠᠭᠤᠨ ᠥᠷᠲᠡᠭᠡ᠂ ᠬᠤᠶᠠᠷ ᠬᠤᠳᠳᠤᠭ᠂ ᠮᠢᠶᠣᠣ ᠯᠢᠶᠠᠩ ᠵᠡᠷᠭᠡ ᠭᠠᠵᠠᠷ ᠲᠤ | ᠬᠦᠷᠭᠡᠬᠦ ᠡᠭᠡᠯᠵᠢ ᠶᠢᠨ ᠭᠠᠯᠲᠤ ᠲᠡᠷᠭᠡ ᠶᠢ ᠤᠷᠢᠳ ᠬᠤᠵᠢᠳ ᠨᠡᠪᠲᠡᠷᠡᠭᠦᠯᠵᠦ᠂ ᠪᠦᠬᠦ ᠵᠢᠯ ᠳᠤ ᠵᠢᠱᠢᠯᠲᠡ ᠪᠠᠷ ︽ | ᠵᠠᠰᠠᠮᠠᠯ ᠵᠠᠮ ᠠᠴᠠ ᠲᠡᠮᠦᠷ ᠵᠠᠮ ᠳᠤ ᠰᠢᠯᠵᠢᠬᠦ︾ ᠲᠡᠭᠡᠭᠡᠪᠦᠷᠢ ᠶᠢᠨ ᠬᠡᠮᠵᠢᠶ᠎ᠡ ᠨᠢ 150 ᠲᠦᠮᠡᠨ ᠲᠣᠨ — | 200 ᠲᠦᠮᠡᠨ ᠲᠣᠨ ᠳᠤ ᠬᠦᠷᠴᠦ᠂ ᠲᠢᠶᠠᠨᠵᠢᠨ ᠭᠠᠷᠠᠮ ᠤᠨ ᠥᠩᠭᠡᠲᠦ ᠲᠡᠮᠦᠷᠯᠢᠭ ᠤᠨ ᠬᠦᠳᠡᠷ ᠢ ᠲᠡᠮᠦᠷ ᠵᠠᠮ | ᠢᠶᠠᠷ ᠲᠡᠭᠡᠭᠡᠪᠦᠷᠢᠯᠡᠬᠦ ᠬᠠᠷᠢᠴᠠᠯ ᠨᠢ 10 % ᠠᠴᠠ ᠪᠠᠨ 20 % ᠪᠣᠯᠤᠨ ᠲᠡᠭᠡᠭᠰᠢᠯᠡᠵᠦ᠂ ᠮᠠᠰᠢᠨ ᠲᠡᠷᠭᠡᠨ ᠤ | ᠲᠡᠭᠡᠭᠡᠪᠦᠷᠢ ᠶᠢ 6.6 ᠲᠦᠮᠡᠨ ᠲᠡᠷᠭᠡ ᠤᠳᠠᠭ᠎ᠠ ᠴᠥᠭᠡᠳᠭᠡᠬᠦ ᠪᠣᠯᠤᠨ᠎ᠠ ᠭᠡᠵᠡᠢ᠃ |