ᠠᠷᠪᠠᠨ ᠭᠤᠷᠪᠠᠳᠤᠭᠠᠷ ᠬᠤᠭᠤᠴᠠᠭᠠᠨ ᠤ ᠦᠪᠡᠷᠳᠡᠬᠡᠨ ᠵᠠᠰᠠᠬᠤ ᠤᠷᠤᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠡᠷᠳᠡᠮ ᠰᠢᠨᠵᠢᠯᠡᠬᠡᠨ ᠤ ᠣᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/8/3
      8 ᠳ᠋ᠤᠭᠠᠷ ᠰᠠᠷ᠎ᠠ ᠶᠢᠨ 2᠎ ᠤᠨ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠳᠡᠰ᠂ ᠳᠤᠮᠳᠠᠳᠤ ᠤᠯᠤᠰ ᠤᠨ ᠳᠤᠶᠠᠴᠢᠯᠠᠯ ᠤᠨ ᠰᠢᠨᠵᠢᠯᠡᠬᠡᠨ ᠤ ᠨᠡᠶᠢᠬᠡᠮᠯᠢᠭ᠂ ᠦᠪᠡᠷᠳᠡᠬᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠮᠡᠷᠬᠡᠵᠢᠯ ᠤᠨ ᠨᠡᠶᠢᠬᠡᠮᠯᠢᠭ᠂ ᠰᠤᠷᠭᠠᠨ ᠬᠦᠮᠦᠵᠢᠯ ᠤᠨ ᠳᠢᠩᠬᠢᠮ᠂ ᠰᠢᠨᠵᠢᠯᠡᠬᠦ ᠤᠬᠠᠭᠠᠨ ᠮᠡᠷᠬᠡᠵᠢᠯ ᠤᠨ ᠳᠢᠩᠬᠢᠮ ᠠᠴᠠ ᠬᠠᠮᠳᠤᠷᠠᠨ ᠡᠷᠬᠢᠯᠡᠭᠰᠡᠨ ︽ᠦᠬᠡᠷᠡᠴᠢᠯᠡᠯᠳᠡ ᠨᠡᠬᠡᠬᠡᠯᠳᠡ ᠬᠢᠵᠥ ᠰᠢᠨ᠎ᠡ ᠶᠢ ᠡᠭᠦᠳᠬᠦ ᠬᠥᠲᠥᠯᠥᠮᠵᠢ︾ ᠬᠡᠮᠡᠬᠦ ᠠᠷᠪᠠᠨ ᠭᠤᠷᠪᠠᠳᠤᠭᠠᠷ ᠬᠤᠭᠤᠴᠠᠭᠠᠨ ᠤ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠡᠷᠳᠡᠮ ᠰᠢᠨᠵᠢᠯᠡᠬᠡᠨ ᠤ ᠣᠨ ᠤ ᠬᠤᠷᠠᠯ ᠵᠢᠴᠢ ᠳᠤᠮᠳᠠᠳᠤ ᠤᠯᠤᠰ ᠤᠨ ᠳᠤᠶᠠᠴᠢᠯᠠᠯ ᠤᠨ ᠰᠢᠨᠵᠢᠯᠡᠬᠡᠨ ᠤ ᠨᠡᠶᠢᠬᠡᠮᠯᠢᠭ ᠤᠨ 34 ᠳ᠋ᠤᠬᠡᠷ ᠬᠤᠭᠤᠴᠠᠭᠠᠨ ᠤ ᠡᠷᠳᠡᠮ ᠰᠢᠨᠵᠢᠯᠡᠬᠡᠨ ᠤ ᠣᠨ ᠤ ᠬᠤᠷᠠᠯ ᠬᠦᠬᠡᠬᠤᠳᠠ ᠳᠤ ᠬᠤᠷᠠᠯᠳᠤᠪᠠ᠃       ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠭᠦ᠋ ᠰᠢᠶᠤᠤ ᠰᠦᠩ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠵᠠᠩ ᠶᠢᠩ ᠽᠧ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠡᠦ ᠲᠤᠸᠠᠨ ᠶᠢᠩ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠡᠸᠦ ᠶᠠᠩ ᠰᠢᠶᠤᠤ ᠬᠤᠢ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠥᠪᠯᠡᠯᠬᠡᠨ ᠤ ᠳᠡᠳ᠋ ᠲᠡᠷᠢᠭᠦᠯᠡᠭᠴᠢ ᠴᠠᠩ ᠵᠢᠶᠦ᠋ᠨ ᠵᠧᠩ᠂ ᠭᠤᠸᠠᠩᠳᠦ᠋ᠩ ᠮᠤᠵᠢ ᠶᠢᠨ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠶᠤᠤ ᡁᠢ ᠪᠢᠨ ᠡᠬᠢᠯᠡᠯᠲᠡ ᠶᠢᠨ ᠶᠤᠰᠤᠯᠠᠯ ᠳᠤ ᠤᠷᠤᠯᠴᠠᠪᠠ᠃       ᠡᠬᠢᠯᠡᠯᠲᠡ ᠶᠢᠨ ᠶᠤᠰᠤᠯᠠᠯ ᠳᠡᠭᠡᠷ᠎ᠡ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠨᠤᠮ ᠪᠢᠴᠢᠭ ᠪᠡᠯᠡᠭᠯᠡᠨ ᠬᠦᠷᠭᠡᠬᠦ ᠶᠤᠰᠤᠯᠠᠯ᠂ ᠳᠤᠮᠳᠠᠳᠤ ᠤᠯᠤᠰ ᠤᠨ ᠲᠤᠶᠠᠴᠢᠯᠠᠯ ᠤᠨ ᠰᠢᠨᠵᠢᠯᠡᠬᠡᠨ ᠤ ᠨᠡᠶᠢᠭᠡᠮᠯᠢᠭ ᠤᠨ ᠦᠪᠦᠷ ᠮᠤᠩᠭᠤᠯ ᠎ ᠤᠨ ᠦᠢᠯᠡᠴᠢᠯᠡᠭᠡᠨ ᠤ ᠦᠷᠲᠡᠭᠡ ᠶᠢᠨ ᠢᠯᠡᠷᠬᠡᠶᠢᠯᠡᠯ ᠰᠡᠬᠦᠬᠦ ᠶᠤᠰᠤᠯᠠᠯ ᠵᠡᠷᠭᠡ ᠠᠵᠢᠯᠯᠠᠭ᠎ᠠ ᠶᠠᠪᠤᠭᠳᠠᠪᠠ᠃ ᠡᠬᠢᠯᠠᠯᠲᠡ ᠶᠢᠨ ᠶᠤᠰᠤᠯᠠᠯ ᠤᠨ ᠳᠠᠷᠠᠭ᠎ᠠ᠂ ᠵᠠᠩ ᠶᠢᠩ ᠽᠧ ᠪᠤᠯᠤᠨ ᠭᠦ᠋ ᠰᠢᠶᠤᠤ ᠰᠦᠩ ᠠᠺᠠᠳᠧᠮᠢᠴᠢ ᠲᠤᠰ ᠲᠤᠰ ᠭᠤᠤᠯ ᠵᠤᠷᠢᠯᠳᠠᠳᠤ ᠮᠡᠳᠡᠭᠦᠯᠦᠯᠲᠡ ᠬᠢᠵᠦ᠂ ᠬᠤᠶᠠᠷ ᠠᠺᠠᠳᠧᠮᠢᠴᠢ ᠵᠢᠴᠢ ᠲᠡᠳᠡᠨ ᠤ ᠪᠦᠯᠬᠦᠮ ᠨᠢ ᠲᠤᠰ ᠲᠤᠰ ᠦᠪᠦᠷ ᠮᠤᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶ᠎ᠠ ᠪᠤᠯᠤᠨ ᠦᠪᠦᠷ ᠮᠤᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶᠠᠨ ᠳᠤ ᠬᠦᠷᠴᠦ ᠮᠠᠠ ᠤᠨ ᠤᠷᠤᠨ ᠤ ᠲᠤᠰᠬᠠᠢ ᠮᠡᠷᠭᠡᠵᠢᠯᠲᠡᠳ ᠲᠠᠢ ᠰᠤᠳᠤᠯᠤᠨ ᠶᠠᠷᠢᠯᠴᠠᠪᠠ᠃       ᠳᠤᠰ ᠤᠳᠠᠭ᠎ᠠ ᠶᠢᠨ ᠣᠨ ᠤ ᠬᠤᠷᠠᠯ ᠨᠢ ᠨᠡᠶᠢᠲᠡ 1 ᠭᠤᠤᠯ ᠬᠤᠷᠠᠯ ᠤᠨ ᠲᠠᠯᠠᠪᠤᠷ᠂ 20 ᠬᠤᠪᠢᠶᠠᠷᠢ ᠬᠤᠷᠠᠯ ᠤᠨ ᠲᠠᠯᠠᠪᠤᠷ ᠲᠤᠬᠢᠷᠠᠭᠤᠯᠵᠤ᠂ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠠᠵᠢᠯᠯᠠᠭ᠎ᠠ ᠨᠤᠭᠤᠳ ᠦᠷᠨᠢᠭᠦᠯᠵᠦ᠂ ᠮᠠᠨ ᠤ ᠤᠷᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠦᠭᠵᠢᠯᠲᠡ ᠳᠤ ᠰᠢᠨᠵᠢᠯᠡᠬᠦ ᠤᠬᠠᠭᠠᠨ ᠮᠡᠷᠭᠡᠵᠢᠯ ᠤᠨ ᠬᠦᠳᠡᠯᠭᠡᠬᠦ ᠬᠦᠴᠦᠨ ᠨᠡᠮᠡᠷᠢᠯᠡᠬᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号