8 ᠳ᠋ᠤᠭᠠᠷ ᠰᠠᠷ᠎ᠠ ᠶᠢᠨ 29 ᠤ ᠡᠳᠦᠷ᠂ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠲᠡᠳ᠋ | ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ | ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠤᠷᠤᠨ ᠤ ᠦᠨᠳᠦᠰᠦᠳᠡᠨ ᠤ | ᠠᠵᠢᠯ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ᠂ ︽ᠨᠢᠭᠡ ᠪᠦᠰᠡ ᠨᠢᠭᠡ ᠵᠠᠮ︾ ᠤᠨ ᠪᠦᠳᠦᠭᠡᠨ ᠪᠠᠶᠢᠭᠤᠯᠤᠯᠲᠠ | ᠪᠠ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ | ᠰᠤᠨᠤᠰᠴᠤ᠂ ᠤᠳᠤᠬᠠᠨ ᠤ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠪᠠᠶᠢᠷᠢᠯᠠᠭᠤᠯᠪᠠ᠃ | ᠬᠤᠷᠠᠯ ᠠᠴᠠ ᠵᠢᠭᠠᠭᠰᠠᠨ ᠨᠢ᠂ ᠦᠪᠦᠷ ᠮᠤᠩᠭᠤᠯ ᠮᠠᠨ ᠤ ᠤᠯᠤᠰ ᠤᠨ ᠬᠠᠮᠤᠭ ᠤᠨ ᠡᠷᠳᠡ | ᠪᠠᠶᠢᠭᠤᠯᠤᠭᠳᠠᠭᠰᠠᠨ ᠦᠪᠡᠷᠳᠡᠭᠡᠨ ᠵᠠᠰᠠᠬᠤ ᠤᠷᠤᠨ ᠪᠤᠯᠤᠬᠰᠠᠨ ᠤ ᠬᠤᠪᠢ ᠳᠤ ᠤᠯᠤᠰ ᠤᠨ ᠪᠦᠬᠦᠶᠢᠯᠡ | ᠦᠨᠳᠦᠰᠦᠳᠡᠨ ᠤ ᠠᠵᠢᠯ ᠤᠨ ᠲᠤᠮᠳᠠ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠤ | ᠪᠠᠶᠢᠭ᠎ᠠ ᠶᠤᠮ᠃ ᠰᠢᠨ᠎ᠠ ᠴᠠᠭ ᠦᠶ᠎ᠠ ᠶᠢᠨ ᠰᠢᠨ᠎ᠠ ᠤᠨᠴᠠᠯᠢᠭ ᠲᠠᠢ ᠵᠤᠬᠢᠴᠠᠯᠳᠤᠨ᠂ ᠰᠠᠨᠠᠭᠠᠰᠢᠷᠠᠬᠤ ᠤᠬᠠᠮᠰᠠᠷ ᠢᠶᠠᠨ | ᠲᠠᠬᠡᠭᠰᠢᠯᠡᠬᠦᠯᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠷᠠᠭᠤᠯᠤᠨ᠂ ᠦᠨᠳᠦᠰᠦᠳᠡᠨ ᠤ ᠪᠦᠯᠬᠦᠮᠳᠡᠯ ᠢ | ᠬᠠᠮᠠᠭᠠᠯᠠᠵᠤ ᠠᠬᠢᠭᠤᠯᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠠᠨ ᠪᠤᠯᠭᠠᠵᠤ᠂ ᠦᠨᠳᠦᠰᠦᠳᠡᠨ ᠤ | ᠤᠨᠤᠯ ᠪᠠ ᠲᠦᠷᠦ ᠶᠢᠨ ᠪᠤᠳᠤᠯᠭ᠎ᠠ ᠶᠢᠨ ᠰᠤᠳᠤᠯᠭᠠᠨ ᠢ ᠴᠢᠬᠤᠯᠠᠴᠢᠯᠠᠨ᠂ ᠨᠠᠮ ᠤᠨ ᠦᠨᠳᠦᠰᠦᠳᠡᠨ ᠤ ᠲᠦᠷᠦ ᠶᠢᠨ | ᠪᠤᠳᠤᠯᠭ᠎ᠠ ᠶᠢ ᠪᠦᠬᠦ ᠲᠠᠯ᠎ᠠ ᠪᠠᠷ ᠳᠤᠭᠤᠰᠢᠯᠠᠭᠤᠯᠵᠤ᠂ ᠦᠨᠳᠦᠰᠦᠳᠡᠨ ᠤ ᠪᠦᠯᠬᠦᠮᠳᠡᠯ ᠢ ᠠᠬᠢᠭᠤᠯᠬᠤ | ᠡᠭᠦᠳᠦᠯᠲᠡ ᠶᠢᠨ ᠠᠵᠢᠯ ᠤᠨ ᠲᠦᠪᠰᠢᠨ ᠢ ᠲᠡᠭᠡᠭᠰᠢᠯᠡᠭᠦᠯᠵᠤ᠂ ᠴᠦᠭᠡᠨ ᠲᠤᠭᠠᠳᠦ ᠦᠨᠳᠦᠰᠦᠳᠡᠨ ᠪᠠ | ᠦᠨᠳᠦᠰᠦᠳᠡᠨ ᠲᠦᠪᠯᠡᠷᠡᠨ ᠰᠠᠭᠤᠷᠢᠰᠢᠬᠰᠠᠨ ᠭᠠᠵᠠᠷ ᠤᠷᠤᠨ ᠤ ᠲᠤᠬᠳᠠᠬᠰᠠᠨ ᠴᠠᠭ ᠲᠤ ᠪᠠᠨ ᠴᠢᠨᠡᠭᠡᠯᠢᠭ ᠨᠡᠶᠢᠭᠡᠮ ᠢ | ᠪᠡᠶᠡᠯᠡᠭᠦᠯᠭᠦ ᠶᠢ ᠪᠠᠳᠤᠯᠠᠬᠤ ᠬᠡᠷᠡᠭᠳᠡᠢ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ | ᠰᠠᠨᠠᠭ᠎ᠠ ᠶᠢ ᠨᠠᠷᠢᠨ ᠬᠢᠨᠠᠮᠠᠭᠠᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ | ᠵᠠᠳᠠᠯᠵᠦ ᠰᠤᠳᠤᠯᠤᠨ ᠮᠠᠭᠠᠳᠯᠠᠬᠤ ᠪᠠᠨ ᠴᠢᠩᠭᠠᠳᠬᠠᠨ᠂ ᠠᠰᠠᠭᠤᠳᠠᠯ ᠢ ᠰᠢᠢᠳᠪᠦᠷᠢᠯᠡᠭᠦ᠂ ᠡᠭᠢ ᠡᠭᠦᠰᠦᠯ ᠠᠴᠠ ᠨᠢ | ᠤᠷᠢᠳᠴᠢᠯᠠᠨ ᠰᠡᠷᠭᠡᠶᠢᠯᠡᠬᠦ᠂ ᠰᠠᠭᠤᠷᠢ ᠵᠠᠰᠠᠯᠳᠠ ᠪᠤᠯᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ ᠤᠨ | ᠦᠭᠡᠷᠡᠴᠢᠯᠡᠯᠳᠡ ᠶᠢ ᠬᠦᠨᠵᠡᠭᠡᠢ ᠠᠬᠢᠭᠤᠯᠵᠤ᠂ ᠭᠤᠤᠯᠳᠠᠯᠭ᠎ᠠ ᠲᠠᠢ ᠬᠦᠷᠢᠶ᠎ᠠ ᠪᠠ ᠭᠤᠤᠯᠳᠠᠯᠭ᠎ᠠ ᠲᠠᠢ ᠤᠯᠠᠨ ᠲᠦᠮᠡᠨ | ᠤ ᠵᠠᠬᠢᠳᠠᠯ ᠰᠤᠷᠪᠤᠯᠵᠢᠯᠠᠭ᠎ᠠ ᠶᠢᠨ ᠵᠦᠷᠢᠴᠡᠯ ᠢ ᠰᠢᠢᠳᠪᠦᠷᠢᠯᠡᠭᠦ ᠠᠵᠢᠯ ᠢ ᠰᠠᠶᠢᠲᠤᠷ ᠠᠳᠬᠤᠬᠤ ᠬᠡᠷᠡᠭᠳᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠮᠠᠨ ᠤ ᠤᠷᠤᠨ ᠪᠤᠯ ᠤᠯᠤᠰ ᠤᠨ ᠤᠮᠠᠷᠠᠰᠢ ᠨᠡᠭᠡᠭᠡᠯᠳᠡ ᠬᠢᠭᠦ | ᠡᠮᠦᠨ᠎ᠠ ᠹᠷᠤᠨᠲ ᠪᠤᠯᠤᠨ᠎ᠠ᠂ ᠰᠠᠨᠠᠭᠠᠴᠢᠯᠠᠭ᠎ᠠ ᠠᠴᠠ ᠪᠠᠨ ᠨᠠᠮ ᠪᠠ ᠤᠯᠤᠰ ᠤᠨ ᠬᠦᠭᠵᠢᠯᠳᠡ ᠶᠢᠨ ᠶᠡᠭᠡ ᠲᠠᠯ᠎ᠠ ᠠᠴᠠ | ︽ᠨᠢᠭᠡ ᠪᠦᠰᠡ ᠨᠢᠭᠡ ᠵᠠᠮ︾ ᠢ ᠬᠠᠮᠳᠤ ᠪᠠᠷ ᠪᠦᠳᠦᠭᠡᠨ ᠪᠠᠶᠢᠭᠤᠯᠬᠤ ᠠᠵᠢᠯ ᠢ ᠲᠦᠯᠦᠪᠵᠢᠭᠦᠯᠦᠨ ᠠᠬᠢᠭᠤᠯᠵᠤ᠂ | ᠵᠢᠷᠤᠭ ᠲᠦᠯᠦᠪᠯᠡᠭᠡ ᠶᠢ ᠰᠠᠶᠢᠲᠤᠷ ᠲᠦᠯᠦᠪᠵᠢᠭᠦᠯᠦᠨ᠂ ᠠᠵᠢᠯ ᠤᠨ ᠠᠷᠭ᠎ᠠ ᠬᠢᠳᠡᠯ ᠢᠶᠠᠨ ᠨᠠᠷᠢᠯᠢᠬᠵᠢᠭᠤᠯᠵᠤ᠂ | ᠴᠢᠨᠠᠷ ᠰᠠᠶᠢᠲᠠᠢ ᠬᠦᠭᠵᠢᠯᠳᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠤᠷᠤᠰ ᠮᠤᠩᠭᠤᠯ ᠵᠢᠴᠢ ︽ᠨᠢᠭᠡ | ᠪᠦᠰᠡ ᠨᠢᠭᠡ ᠵᠠᠮ︾ ᠲᠠᠭᠠᠤ ᠤᠯᠤᠰ ᠯᠤᠭ᠎ᠠ ᠶᠢᠨ ᠲᠦᠷᠦ ᠶᠢᠨ ᠪᠤᠳᠤᠯᠭ᠎ᠠ ᠶᠢᠨ ᠵᠤᠯᠭᠠᠯᠴᠠᠭ᠎ᠠ᠂ ᠠᠷᠠᠯᠵᠢᠶᠠᠨ ᠤ | ᠶᠠᠪᠤᠯᠴᠠᠭ᠎ᠠ ᠪᠠ ᠰᠤᠶᠤᠯ ᠢᠷᠭᠡᠨᠰᠢᠯ ᠤᠨ ᠰᠤᠯᠢᠯᠴᠠᠭ᠎ᠠ ᠶᠢ ᠴᠢᠩᠭᠠᠳᠬᠠᠵᠤ᠂ ︽ᠬᠦᠮᠦᠨ ᠲᠦᠷᠦᠯᠬᠢᠳᠡᠨ ᠤ ᠬᠤᠪᠢ | ᠵᠠᠶᠠᠭᠠᠨ ᠤ ᠬᠠᠮᠳᠤ ᠶᠢᠨ ᠴᠤᠬᠴᠠ︾ ᠶᠢᠨ ᠤᠨᠤᠯᠵᠢᠬᠤᠨ ᠢ ᠲᠠᠭᠠᠤ ᠤᠯᠤᠰ ᠲᠤ ᠨᠠᠶᠢᠳᠠᠪᠤᠷᠢᠵᠢᠭᠤᠯᠤᠨ ᠦᠷ᠎ᠡ | ᠪᠦᠳᠦᠮᠵᠢ ᠭᠠᠷᠭᠠᠬᠤ ᠬᠡᠷᠡᠭᠳᠡᠢ ᠭᠡᠵᠡᠢ᠃ | ᠬᠤᠷᠠᠯ ᠠᠴᠠ ᠱᠠᠭᠠᠷᠳᠠᠭᠰᠠᠨ ᠨᠢ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ᠂ | ᠤᠨᠤᠪᠴᠢᠳᠠᠢ ᠪᠠᠶᠢᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠵᠢᠯ ᠤᠨ ᠰᠠᠭᠤᠷᠢ ᠪᠠᠨ ᠪᠠᠬᠢᠵᠢᠭᠦᠯᠦᠨ᠂ | ᠤᠷᠮᠠᠰᠢᠭᠤᠯᠬᠤ ᠲᠤᠬᠳᠠᠴᠠ ᠶᠢ ᠲᠡᠭᠦᠯᠳᠡᠷᠵᠢᠭᠦᠯᠵᠤ᠂ ᠡᠨᠡ ᠵᠢᠯ ᠤᠨ ᠶᠠᠳᠠᠭᠤ ᠠᠴᠠ ᠠᠩᠬᠢᠵᠢᠷᠠᠭᠤᠯᠬᠤ | ᠰᠢᠪᠲᠤᠯᠤᠯᠲᠠ ᠶᠢᠨ ᠡᠭᠦᠷᠭᠡ ᠶᠢ ᠰᠠᠶᠢᠲᠤᠷ ᠪᠡᠶᠡᠯᠡᠭᠦᠯᠭᠦ ᠶᠢ ᠪᠠᠳᠤᠯᠠᠬᠤ ᠬᠡᠷᠡᠭᠳᠡᠢ᠃ ᠶᠠᠳᠠᠭᠤ ᠶᠢ ᠲᠡᠳᠭᠦᠭᠦ | ᠬᠦᠷᠢᠶᠡᠨ ᠳᠠᠬᠢ ᠢᠯᠵᠠᠷᠠᠯ ᠪᠠ ᠰᠤᠷᠳᠠᠯ ᠤᠨ ᠠᠰᠠᠭᠤᠳᠠᠯ ᠤᠨ ᠲᠤᠬᠠᠢ ᠵᠠᠰᠠᠯᠳᠠ ᠶᠢ ᠦᠷᠭᠦᠯᠵᠢᠯᠡᠨ ᠠᠬᠢᠭᠤᠯᠵᠤ᠂ | ᠶᠠᠳᠠᠭᠤ ᠶᠢ ᠲᠡᠳᠭᠦᠭᠦ ᠠᠵᠢᠯ ᠤᠨ ᠲᠤᠮᠳᠠᠬᠢ ᠬᠡᠯᠪᠡᠷᠢᠴᠢ ᠦᠵᠡᠯ᠂ ᠨᠤᠶᠠᠨᠴᠢ ᠰᠤᠷᠳᠠᠯ᠂ ᠬᠠᠷᠢᠭᠤᠴᠠᠯᠭ᠎ᠠ ᠦᠯᠦ | ᠡᠭᠦᠷᠭᠡᠯᠡᠭᠦ ᠵᠡᠷᠭᠡ ᠠᠰᠠᠭᠤᠳᠠᠯ ᠢ ᠡᠷᠡᠰ ᠪᠠᠶᠢᠴᠠᠭᠠᠨ ᠰᠢᠢᠳᠪᠦᠷᠢᠯᠡᠵᠤ ᠬᠠᠷᠢᠭᠤᠴᠠᠯᠭ᠎ᠠ ᠨᠡᠭᠡᠮᠵᠢᠯᠡᠭᠦ ᠬᠡᠷᠡᠭᠳᠡᠢ ᠭᠡᠵᠡᠢ᠃ | |