| ᠥᠪᠥᠷ ᠵᠠᠰᠠᠭ ᠠᠯᠪᠠᠨ ᠲᠠᠷᠬᠠᠭᠠᠭᠰᠠᠨ ﹇2018﹈ 17 ᠳ᠋ᠤᠭᠠᠷ ᠲᠤᠭᠠᠳᠤ | 2 ᠳ᠋ᠤᠭᠠᠷ ᠰᠠᠷ᠎ᠠ ᠶᠢᠨ 28 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠥᠪᠡᠷᠲᠡᠭᠡᠨ ᠵᠠᠰᠠᠬᠤ ᠤᠷᠤᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠤᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠥᠢᠯᠡᠰ ᠤᠨ | ᠨᠢᠭᠡᠴᠡ ᠳᠤ᠄ | ᠤᠯᠤᠰ ᠤᠨ ᠥᠮᠴᠢᠯᠡᠯᠲᠤ ᠠᠵᠤ ᠠᠬᠤᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠥᠨ ᠪᠥᠲᠥᠴᠡ ᠶᠢ | ᠲᠤᠬᠢᠷᠠᠭᠤᠯᠬᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠲᠠᠬᠢᠨ ᠪᠠᠶᠢᠭᠤᠯᠬᠤ ᠶᠢ ᠲᠥᠷᠭᠡᠳᠬᠡᠬᠦ ᠲᠤᠬᠠᠢ ᠨᠠᠮ ᠤᠨ | ᠠᠷᠪᠠ ᠶᠢᠰᠥᠳᠥᠭᠡᠷ ᠶᠡᠭᠡ ᠬᠤᠷᠠᠯ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠤᠷᠤᠨ ᠤ ᠤᠯᠤᠰ ᠤᠨ ᠥᠮᠴᠢᠯᠡᠯᠲᠥ | ᠬᠥᠷᠥᠩᠭᠡ ᠶᠢᠨ ᠲᠤᠬᠢᠷᠠᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠤᠨ᠂ ᠤᠯᠤᠰ ᠤᠨ ᠥᠮᠴᠢᠯᠡᠯᠲᠥ ᠠᠵᠤ | ᠠᠬᠤᠶᠢᠯᠠᠯ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠬᠤ ᠶᠢᠨ ᠲᠤᠰᠠᠲᠠ᠂ ︽ᠲᠥᠪ ᠤᠨ ᠠᠵᠤ | ᠠᠬᠤᠶᠢᠯᠠᠯ ᠤᠨ ᠪᠥᠲᠥᠴᠡ ᠶᠢ ᠲᠤᠬᠢᠷᠠᠭᠤᠯᠬᠤ ᠪᠠ ᠲᠠᠬᠢᠨ ᠪᠠᠶᠢᠭᠤᠯᠬᠤ ᠲᠤᠬᠠᠢ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠠᠯᠪᠠᠨ ᠲᠢᠩᠬᠢᠮ ᠤᠨ ᠵᠢᠯᠤᠭᠤᠳᠬᠠᠤ ᠰᠠᠨᠠᠯ︾ ︵ᠲᠥᠷᠥ ᠠᠯᠪᠠᠨ ᠲᠠᠷᠬᠠᠭᠠᠭᠰᠠᠨ ﹇2016﹈ 56 | ᠳ᠋ᠤᠭᠠᠷ ᠲᠤᠭᠠᠲᠤ︶ ᠤᠨ ᠵᠤᠷᠢᠭ ᠰᠠᠨᠠᠭ᠎ᠠ ᠶᠢ ᠥᠨᠳᠥᠰᠥᠯᠡᠨ᠂ ᠥᠪᠡᠷᠲᠡᠭᠡᠨ ᠵᠠᠰᠠᠬᠤ ᠤᠷᠤᠨ ᠤ ᠠᠷᠠᠳ ᠤᠨ | ᠵᠠᠰᠠᠭ ᠤᠨ ᠤᠷᠳᠤᠨ ᠢᠶᠠᠷ ᠵᠥᠪᠰᠢᠶᠡᠷᠡᠭᠦᠯᠥᠭᠡᠳ᠂ ᠡᠳᠥᠭᠡ ᠳᠤᠤᠷᠠᠬᠢ ᠮᠡᠳᠥ ᠰᠠᠨᠠᠯ ᠢ ᠳᠤᠷᠠᠳᠪᠠ᠃ | ᠨᠢᠭᠡ᠂ ᠵᠢᠯᠤᠭᠤᠳᠬᠤ ᠥᠵᠡᠯ ᠰᠠᠨᠠᠭ᠎ᠠ | ᠨᠠᠮ ᠤᠨ ᠠᠷᠪᠠ ᠶᠢᠰᠥᠳᠥᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠭᠥᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠳᠤᠮᠳᠠᠳᠤ ᠤᠯᠤᠰ ᠤᠨ ᠤᠨᠴᠠᠯᠢᠭ ᠪᠥᠬᠦᠢ | ᠨᠡᠶᠢᠭᠡᠮ ᠵᠢᠷᠤᠮ ᠤᠨ ᠥᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠬᠠᠩᠭᠠᠯᠭ᠎ᠠ ᠶᠢᠨ ᠲᠠᠯ᠎ᠠ ᠶᠢᠨ | ᠪᠥᠲᠥᠴᠡ ᠶᠢᠨ ᠴᠢᠨᠠᠷᠲᠠᠢ ᠥᠭᠡᠷᠡᠴᠢᠯᠡᠯᠲᠠ ᠶᠢ ᠲᠥᠯᠬᠢᠨ ᠠᠬᠢᠭᠤᠯᠬᠤ ᠪᠠᠷ ᠭᠤᠤᠯ ᠱᠤᠭᠤᠮ ᠪᠤᠯᠭᠠᠨ᠂ ᠶᠠᠰᠤ | ᠴᠢᠨᠠᠷ ᠢ ᠨᠢᠭᠡᠳᠥᠭᠡᠷ ᠲᠤ᠂ ᠥᠷ᠎ᠡ ᠠᠰᠢᠭ ᠢ ᠲᠠᠷᠢᠭᠦᠨ ᠳᠤ ᠪᠠᠶᠢᠯᠭᠠᠬᠤ ᠶᠢ ᠪᠠᠷᠢᠮᠲᠠᠯᠠᠵᠤ᠂ ᠶᠠᠰᠤ ᠴᠢᠨᠠᠷ ᠤᠨ | ᠬᠤᠪᠢᠰᠤᠯᠲᠠ᠂ ᠥᠷ᠎ᠡ ᠠᠰᠢᠭ ᠤᠨ ᠬᠤᠪᠢᠰᠤᠯᠲᠠ᠂ ᠬᠥᠳᠡᠯᠭᠡᠬᠦ ᠬᠥᠴᠥᠨ ᠤ ᠬᠤᠪᠢᠰᠤᠯᠲᠠ ᠶᠢ ᠢᠳᠡᠪᠬᠢᠲᠡᠢ | ᠠᠬᠢᠭᠤᠯᠵᠤ᠂ ᠤᠯᠤᠰ ᠤᠨ ᠥᠮᠴᠢᠯᠡᠯᠲᠥ ᠠᠵᠤ ᠠᠬᠤᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠥᠨ | ᠪᠥᠲᠥᠴᠡ ᠶᠢ ᠲᠤᠬᠢᠷᠠᠭᠤᠯᠬᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠳᠠᠬᠢᠨ ᠪᠠᠶᠢᠭᠤᠯᠬᠤ ᠡᠷᠴᠢᠮ ᠢ | ᠴᠢᠩᠭᠠᠷᠠᠭᠤᠯᠤᠨ᠂ ᠤᠯᠤᠰ ᠤᠨ ᠥᠮᠴᠢᠯᠡᠯᠲᠥ ᠲᠡᠷᠢᠭᠦᠨ ᠵᠡᠷᠭᠡ ᠶᠢᠨ ᠠᠵᠤ ᠠᠬᠤᠶᠢᠯᠠᠯ ᠢ ᠲᠥᠷᠭᠡᠳᠬᠡᠨ | ᠪᠤᠶᠢᠵᠢᠭᠤᠯᠵᠤ᠂ ᠤᠯᠤᠰ ᠤᠨ ᠥᠮᠴᠢᠯᠡᠯᠲᠥ ᠬᠥᠷᠥᠩᠭᠡ ᠶᠢ ᠬᠥᠴᠥᠷᠭᠡᠭᠵᠢᠭᠦᠯᠥᠨ ᠰᠢᠯᠢᠳᠡᠭᠵᠢᠭᠦᠯᠬᠦ ᠪᠠ | ᠪᠤᠵᠠᠭᠠᠶᠢᠷᠠᠭᠤᠯᠵᠤ᠂ ᠠᠵᠤ ᠠᠬᠤᠢ ᠶᠢᠨ ᠴᠢᠨᠠᠷᠯᠢᠭ ᠬᠥᠭᠵᠢᠯᠲᠡ ᠳᠠᠬᠢ ᠤᠯᠤᠰ ᠤᠨ ᠥᠮᠴᠢᠯᠡᠯᠲᠥ ᠬᠥᠷᠥᠩᠭᠡ ᠶᠢᠨ | ᠲᠤᠯᠭᠠᠭᠤᠷᠢᠯᠠᠨ ᠳᠠᠭᠠᠭᠤᠯᠬᠤ ᠥᠢᠯᠡᠳᠥᠯ ᠢ ᠥᠨᠡᠨᠬᠦ ᠪᠠᠳᠠᠷᠠᠭᠤᠯᠤᠨ᠂ ᠪᠥᠬᠦ ᠤᠷᠤᠨ ᠤ ᠠᠵᠤ ᠠᠬᠤᠢ ᠨᠡᠶᠢᠭᠡᠮ ᠤᠨ | ᠬᠥᠭᠵᠢᠯᠲᠡ ᠶᠢ ᠠᠬᠢᠭᠤᠯᠵᠤ᠂ ᠥᠵᠡᠰᠭᠦᠯᠡᠩᠲᠥ ᠰᠠᠶᠢᠠᠬᠨ ᠥᠪᠥᠷ ᠮᠤᠩᠭᠤᠯ ᠢ ᠪᠥᠲᠥᠭᠡᠨ ᠪᠠᠶᠢᠭᠤᠯᠬᠤ ᠶᠢᠨ | ᠲᠥᠯᠥᠭᠡ ᠨᠠᠩ ᠶᠡᠭᠡ ᠰᠢᠨ᠎ᠡ ᠬᠤᠪᠢ ᠨᠡᠮᠡᠷᠢ ᠪᠠᠨ ᠥᠵᠡᠭᠦᠯᠥᠶᠡ᠃ | ᠬᠤᠶᠠᠷ᠂ ᠥᠨᠳᠥᠰᠥᠨ ᠵᠠᠷᠴᠢᠮ | — ᠶᠡᠭᠡ ᠲᠠᠯ᠎ᠠ ᠳᠤ ᠥᠢᠯᠡᠴᠢᠯᠡᠬᠦ ᠶᠢ ᠪᠠᠷᠢᠮᠲᠠᠯᠠᠬᠤ ᠬᠡᠷᠡᠭᠲᠡᠢ᠃ ᠤᠷᠤᠨ ᠤ ᠬᠠᠷᠢᠶ᠎ᠠ ᠪᠥᠬᠦᠢ ᠤᠯᠤᠰ ᠤᠨ | ᠥᠮᠴᠢᠯᠡᠯᠲᠥ ᠠᠵᠤ ᠠᠬᠤᠶᠢᠯᠠᠯ ᠤᠨ ᠪᠠᠶᠢᠷᠢᠰᠢᠭᠤᠯᠤᠯ ᠤᠨ ᠪᠥᠲᠥᠴᠡ ᠶᠢ ᠰᠢᠯᠢᠳᠡᠭᠵᠢᠭᠦᠯᠥᠨ᠂ ᠤᠯᠤᠰ ᠪᠠ | ᠥᠪᠡᠷᠲᠡᠭᠡᠨ ᠵᠠᠰᠠᠬᠤ ᠤᠷᠤᠨ ᠤ ᠭᠥᠭᠵᠢᠯᠲᠡ ᠶᠢᠨ ᠬᠠᠷᠠᠯᠲᠠ ᠳᠤ ᠥᠢᠯᠡᠴᠢᠯᠡᠵᠤ᠂ ᠤᠯᠤᠰ ᠪᠠ ᠥᠪᠡᠷᠲᠡᠭᠡᠨ | ᠵᠠᠰᠠᠬᠤ ᠤᠷᠤᠨ ᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠤᠯᠤᠰ ᠤᠨ ᠠᠵᠤ | ᠥᠢᠯᠡᠰ ᠤᠨ ᠲᠥᠷᠥ ᠶᠢᠨ ᠪᠤᠳᠤᠯᠭ᠎ᠠ ᠶᠢ ᠲᠤᠤᠱᠯᠠᠭᠤᠯᠵᠤ᠂ ᠬᠥᠷᠥᠩᠭᠡ ᠮᠥᠩᠬᠦ ᠶᠢ ᠬᠠᠮᠢᠶᠡᠷᠬᠤ ᠪᠠᠷ ᠭᠤᠤᠯ | ᠪᠤᠯᠭᠠᠨ ᠤᠯᠤᠰ ᠤᠨ ᠥᠮᠴᠢᠯᠡᠯᠲᠥ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ | ᠤᠯᠤᠰ ᠤᠨ ᠥᠮᠴᠢᠯᠡᠯᠲᠥ ᠬᠥᠷᠥᠩᠭᠡ ᠮᠥᠩᠬᠦ ᠶᠢ ᠰᠢᠯᠢᠳᠡᠭᠵᠢᠭᠦᠯᠥᠨ ᠲᠤᠬᠢᠷᠠᠭᠤᠯᠬᠤ ᠶᠢ ᠲᠠᠰᠤᠷᠠᠯᠲᠠ ᠥᠭᠡᠢ | ᠲᠥᠯᠬᠢᠨ ᠠᠬᠢᠭᠤᠯᠬᠤ ᠭᠡᠷᠡᠭᠲᠡᠢ᠃ | — ᠵᠠᠬ᠎ᠠ ᠳᠡᠯᠬᠡᠭᠦᠷ ᠤᠨ ᠠᠵᠤ ᠠᠬᠤᠢ ᠶᠢᠨ ᠵᠢᠮ᠎ᠡ ᠶᠤᠰᠤ ᠪᠡ ᠠᠵᠤ ᠠᠬᠤᠶᠢᠯᠠᠯ ᠤᠨ ᠬᠥᠭᠵᠢᠯᠲᠡ ᠶᠢᠨ | ᠵᠢᠮ᠎ᠡ ᠶᠤᠰᠤ ᠶᠢ ᠵᠢᠷᠤᠮᠯᠠᠬᠤ ᠶᠢ ᠪᠠᠷᠢᠮᠲᠠᠯᠠᠬᠤ ᠭᠡᠷᠡᠭᠲᠡᠢ᠃ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠭᠤᠤᠯ | ᠴᠤᠭᠴᠠ ᠶᠢᠨ ᠪᠠᠶᠢᠷᠢ ᠰᠠᠭᠤᠷᠢ ᠶᠢ ᠬᠥᠨᠳᠥᠳᠬᠡᠵᠤ᠂ ᠭᠤᠤᠯᠯᠠᠬᠤ ᠠᠵᠤ ᠥᠢᠯᠡᠰ ᠢᠶᠠᠷ ᠭᠤᠤᠯ ᠪᠤᠯᠭᠠᠨ᠂ ᠭᠠᠵᠠᠷ | ᠤᠷᠤᠨ ᠠᠵᠤ ᠥᠢᠯᠡᠰ ᠠᠵᠤ ᠠᠬᠤᠶᠢᠯᠠᠯ ᠳᠤᠨᠢ ᠲᠤᠬᠢᠷᠠᠭᠤᠯᠵᠤ᠂ ᠤᠷᠤᠭᠤᠯᠵᠤ ᠪᠤᠯᠬᠤ ᠮᠥᠷᠲᠡᠭᠡᠨ ᠪᠤᠴᠠᠭᠠᠨ | ᠭᠠᠷᠭᠠᠵᠤ ᠪᠤᠯᠬᠤ᠂ ᠴᠢᠬᠤᠯᠠ ᠵᠥᠢᠯ ᠢ ᠬᠢᠵᠤ ᠴᠢᠬᠤᠯᠠ ᠪᠤᠰᠤ ᠵᠥᠢᠯ ᠢ ᠬᠢᠬᠦ ᠥᠭᠡᠢ ᠪᠠᠶᠢᠬᠤ ᠬᠡᠷᠡᠭᠲᠡᠢ᠃ | — ᠥᠭᠡᠷᠡᠴᠢᠯᠡᠯᠲᠠ ᠯᠦᠭᠡ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠬᠤ ᠬᠡᠷᠡᠭᠲᠡᠢ᠃ ᠪᠥᠲᠥᠴᠡ ᠶᠢ | ᠰᠢᠯᠢᠳᠡᠭᠵᠢᠭᠦᠯᠥᠨ ᠳᠠᠬᠢᠨ ᠪᠠᠶᠢᠭᠤᠯᠤᠨ ᠡᠮᠬᠢᠯᠡᠬᠦ ᠳᠤᠮᠳᠠ ᠠᠵᠤ ᠠᠬᠤᠶᠢᠯᠠᠯ ᠤᠨ ᠲᠤᠳᠤᠭᠠᠲᠤ ᠶᠢᠨ | ᠥᠭᠡᠷᠡᠴᠢᠡᠯᠯᠲᠠ ᠶᠢ ᠭᠥᠨᠵᠡᠭᠡᠶᠢᠷᠡᠭᠦᠯᠥᠨ᠂ ᠤᠳᠤ ᠥᠶ᠎ᠡ ᠶᠢᠨ ᠠᠵᠤ ᠠᠬᠤᠶᠢᠯᠠᠯ ᠤᠨ ᠳᠥᠷᠢᠮ ᠢ ᠲᠥᠷᠭᠡᠳᠬᠡᠨ | ᠲᠡᠭᠦᠯᠳᠡᠷᠵᠢᠭᠦᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠭᠰᠠᠨ ᠬᠥᠭᠵᠢᠯᠲᠡ ᠶᠢᠨ ᠪᠠᠶᠢᠯᠳᠤᠬᠤ | ᠪᠤᠳᠤᠯᠭ᠎ᠠ ᠶᠢ ᠬᠥᠨᠵᠡᠭᠡᠢ ᠬᠡᠷᠡᠭᠵᠢᠭᠦᠯᠥᠨ᠂ ᠬᠥᠭᠵᠢᠯᠲᠡ ᠶᠢᠨ ᠰᠢᠨ᠎ᠡ ᠬᠥᠳᠡᠯᠭᠡᠭᠡᠨ ᠤ ᠡᠨᠧᠷᠭᠢ ᠶᠢ ᠲᠥᠷᠭᠡᠳᠬᠡᠨ | ᠪᠤᠶᠢᠵᠢᠭᠤᠯᠵᠤ᠂ ᠤᠯᠤᠰ ᠤᠨ ᠥᠮᠴᠢᠯᠡᠯᠲᠥ ᠠᠵᠤ ᠠᠬᠤᠶᠢᠯᠠᠯ ᠤᠨ ᠭᠥᠭᠵᠢᠯᠲᠡ ᠶᠢᠨ ᠶᠠᠰᠤ ᠴᠢᠨᠠᠷ ᠪᠠ ᠥᠷ᠎ᠡ | ᠠᠰᠢᠭ ᠢ ᠪᠥᠬᠦ ᠲᠠᠯ᠎ᠠ ᠪᠠᠷ ᠳᠡᠭᠡᠭᠰᠢᠯᠡᠭᠦᠯᠥᠨ᠂ ᠲᠡᠷᠢᠭᠦᠨ ᠵᠡᠷᠭᠡ ᠶᠢᠨ ᠤᠯᠤᠰ ᠤᠨ ᠥᠮᠴᠢᠯᠡᠯᠲᠥ ᠠᠵᠤ ᠠᠬᠤᠶᠢᠯᠠᠯ ᠢ | ᠪᠤᠶᠢᠵᠢᠭᠤᠯᠤᠨ᠎ᠠ᠃ | — ᠬᠠᠤᠯᠢ ᠶᠤᠰᠤ ᠪᠠᠷ ᠵᠢᠷᠤᠮᠵᠢᠭᠤᠯᠤᠨ ᠲᠠᠰ ᠲᠠᠷᠠᠭᠠᠯᠠᠯ ᠲᠠᠢ ᠬᠡᠷᠡᠭᠵᠢᠭᠦᠯᠬᠦ ᠶᠢ ᠪᠠᠷᠢᠮᠲᠠᠯᠠᠬᠤ ᠬᠡᠷᠡᠭᠲᠡᠢ᠃ | ᠬᠠᠤᠯᠢ ᠴᠠᠭᠠᠵᠠ ᠬᠠᠤᠯᠢ ᠲᠤᠭᠲᠠᠭᠠᠯ ᠪᠠ ᠬᠤᠯᠪᠤᠭᠳᠠᠯ ᠪᠥᠬᠦᠢ ᠲᠥᠷᠥ ᠶᠢᠨ ᠪᠤᠳᠤᠯᠭ᠎ᠠ ᠶᠢᠨ ᠶᠤᠰᠤᠭᠠᠷ ᠤᠷᠤᠨ ᠤ | ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ ᠠᠬᠤᠶᠢᠯᠠᠯ ᠤᠨ ᠪᠠᠶᠢᠷᠢᠰᠢᠯᠠᠭᠤᠯᠤᠯᠲᠠ ᠶᠢ ᠰᠢᠯᠢᠳᠡᠭᠵᠢᠭᠦᠯᠤᠨ᠂ | ᠪᠥᠲᠥᠴᠡ ᠶᠢ ᠲᠤᠬᠢᠷᠠᠭᠤᠯᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠪᠠᠷ ᠳᠠᠬᠢᠨ ᠪᠠᠶᠢᠭᠤᠯᠬᠤ ᠶᠢ ᠲᠥᠯᠬᠢᠨ | ᠠᠬᠢᠭᠤᠯᠵᠤ᠂ ᠡᠯ᠎ᠡ ᠲᠥᠷᠥᠯ ᠤᠨ ᠬᠤᠪᠢ ᠶᠢᠨ ᠡᠵᠡᠨ᠂ ᠠᠪᠴᠠᠭᠠᠨ ᠤ ᠬᠥᠮᠥᠨ ᠪᠠ ᠠᠵᠢᠯᠲᠠᠨ ᠠᠵᠢᠯᠴᠢᠨ ᠵᠡᠷᠭᠡ | ᠬᠠᠮᠢᠶ᠎ᠠ ᠪᠥᠬᠦᠢ ᠲᠠᠯ᠎ᠠ ᠶᠢᠨ ᠡᠷᠭᠡ ᠠᠰᠢᠭ ᠤᠨ ᠬᠠᠷᠢᠴᠠᠭ᠎ᠠ ᠶᠢ ᠲᠤᠬᠢᠳᠠᠢ ᠰᠠᠶᠢᠲᠥᠷ ᠰᠢᠢᠳᠪᠥᠷᠢᠯᠡᠭᠦ ᠬᠡᠷᠡᠭᠲᠡᠢ᠃ | ᠤᠯᠤᠰ ᠤᠨ ᠥᠮᠴᠢᠯᠡᠯᠲᠥ ᠡᠳ᠋ ᠬᠥᠷᠥᠩᠭᠡ ᠶᠢᠨ ᠠᠷᠠᠯᠵᠢᠶ᠎ᠡ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ | ᠤᠯᠤᠰ ᠤᠨ ᠥᠮᠴᠢᠯᠡᠯᠲᠥ ᠡᠳ᠋ ᠬᠥᠷᠥᠩᠭᠡ ᠶᠢᠨ ᠭᠡᠭᠡᠭᠳᠡᠬᠦ ᠶᠢ ᠪᠥᠲᠥᠮᠵᠢᠲᠡᠢ ᠬᠤᠷᠢᠭᠯᠠᠬᠤ ᠭᠡᠷᠡᠭᠲᠡᠢ᠃ | — ᠰᠢᠰᠲ᠋ᠧᠮ ᠢᠶᠠᠷ ᠨᠢ ᠠᠷᠭ᠎ᠠ ᠰᠥᠪᠡᠭᠴᠢᠯᠡᠨ ᠨᠢᠭᠡᠳᠥᠯᠲᠡᠢ ᠲᠥᠯᠥᠪᠯᠡᠨ ᠠᠬᠢᠭᠤᠯᠬᠤ ᠶᠢ ᠪᠠᠷᠢᠮᠲᠠᠯᠠᠬᠤ | ᠬᠡᠷᠡᠭᠲᠡᠢ᠃ ᠬᠠᠷᠠᠯᠲᠠ ᠶᠢᠨ ᠤᠳᠤᠷᠢᠳᠤᠮᠵᠢ ᠪᠠ ᠠᠰᠠᠭᠤᠳᠠᠯ ᠤᠨ ᠤᠳᠤᠷᠢᠳᠤᠮᠵᠢ ᠶᠢ ᠳᠤᠪᠤᠶᠢᠯᠭᠠᠨ᠂ | ᠥᠭᠡᠷᠡᠴᠢᠯᠡᠯᠲᠠ᠂ ᠬᠥᠭᠵᠢᠯᠲᠡ᠂ ᠲᠤᠭᠲᠠᠭᠤᠨ ᠤ ᠬᠠᠷᠢᠴᠠᠭ᠎ᠠ ᠶᠢ ᠰᠠᠶᠢᠲᠤᠷ ᠰᠢᠢᠳᠪᠤᠷᠢᠯᠡᠵᠤ᠂ ᠠᠷᠭ᠎ᠠ | ᠰᠥᠪᠡᠭᠴᠢᠯᠡᠨ ᠪᠠᠶᠢᠷᠢᠯᠠᠭᠤᠯᠬᠤ ᠶᠢ ᠴᠢᠩᠭᠠᠳᠬᠠᠨ᠂ ᠪᠠᠬᠢᠵᠢᠭᠦᠯᠥᠨ ᠪᠤᠵᠠᠭᠠᠶᠢᠷᠠᠭᠤᠯᠬᠤ᠂ ᠰᠢᠨ᠎ᠡ ᠶᠢ ᠡᠭᠦᠳᠥᠨ | ᠬᠥᠭᠵᠢᠭᠦᠯᠬᠦ᠂ ᠲᠠᠬᠢᠨ ᠪᠠᠶᠢᠭᠤᠯᠤᠨ ᠨᠡᠶᠢᠯᠡᠭᠦᠯᠬᠦ ᠪᠠ ᠢᠯᠭᠠᠷᠠᠭᠤᠯᠤᠨ ᠪᠤᠴᠠᠭᠠᠬᠤ ᠵᠡᠷᠭᠡ ᠠᠵᠢᠯ ᠢ ᠨᠢᠭᠡᠳᠥᠯᠲᠡᠢ | ᠲᠥᠯᠥᠪᠯᠡᠨ ᠰᠠᠶᠢᠲᠤᠷ ᠬᠢᠬᠦ ᠬᠡᠷᠡᠭᠲᠡᠢ᠃ | ᠭᠤᠷᠪᠠ᠂ ᠭᠤᠤᠯ ᠬᠠᠷᠠᠯᠲᠠ | 2020 ᠤᠨ ᠪᠤᠯᠲᠠᠯ᠎ᠠ᠂ ᠥᠪᠡᠷᠲᠡᠭᠡᠨ ᠵᠠᠰᠠᠬᠤ ᠤᠷᠤᠨ ᠤ ᠤᠷᠤᠨ ᠤ ᠬᠠᠷᠢᠶ᠎ᠠ ᠪᠥᠬᠦᠢ ᠤᠯᠤᠰ ᠤᠨ | ᠥᠮᠴᠢᠯᠡᠯᠲᠥ ᠠᠵᠤ ᠠᠬᠤᠶᠢᠯᠠᠯ ᠤᠨ ᠪᠠᠶᠢᠯᠳᠤᠬᠤ ᠪᠤᠳᠤᠯᠭ᠎ᠠ ᠶᠢᠨ ᠤᠷᠤᠨ ᠪᠠᠶᠢᠷᠢ ᠶᠢᠨ ᠲᠤᠭᠲᠠᠭᠠᠯᠲᠠ ᠶᠢ ᠨᠠᠩ | ᠲᠤᠳᠤᠷᠬᠠᠢ ᠪᠤᠯᠭᠠᠵᠤ᠂ ᠭᠤᠤᠯ ᠥᠢᠯᠡᠰ ᠤᠨ ᠳᠠᠪᠠᠭᠤᠯᠢᠭ ᠪᠠᠶᠢᠳᠠᠯ ᠢ ᠨᠡᠩ ᠳᠤᠪᠤᠶᠢᠮ᠎ᠠ ᠪᠤᠯᠭᠠᠵᠤ᠂ ᠬᠡᠯᠪᠡᠷᠢ ᠪᠠᠨ | ᠬᠤᠪᠢᠷᠠᠭᠤᠯᠤᠨ ᠳᠡᠰ ᠲᠡᠪᠰᠢᠭᠦᠯᠬᠦ ᠠᠯᠬᠤᠴᠠ ᠶᠢ ᠲᠠᠰᠤᠷᠠᠯᠲᠠ ᠥᠭᠡᠢ ᠲᠥᠷᠭᠡᠳᠬᠡᠵᠤ᠂ ᠠᠰᠢᠭ ᠤᠯᠵᠠᠪᠤᠷᠢ ᠤᠯᠬᠤ | ᠴᠢᠳᠠᠪᠤᠷᠢ ᠬᠢᠬᠡᠳ ᠲᠥᠭᠰᠢᠭᠦᠷᠢ ᠲᠠᠢ ᠲᠡᠮᠡᠴᠡᠬᠦ ᠴᠢᠳᠡᠪᠤᠷᠢ ᠪᠠᠨ ᠥᠷᠭᠦᠯᠵᠢᠯᠡᠨ ᠳᠡᠭᠡᠭᠰᠢᠯᠡᠭᠦᠯᠥᠨ᠎ᠡ︔ ᠥᠪᠡᠷᠲᠡᠭᠡᠨ | ᠵᠠᠰᠠᠬᠤ ᠤᠷᠤᠨ ᠤ ᠤᠯᠤᠰ ᠤᠨ ᠥᠮᠴᠢᠯᠡᠯᠲᠥ ᠠᠵᠤ ᠠᠬᠤᠢ ᠶᠢᠨ ᠪᠠᠶᠢᠷᠢᠰᠢᠭᠤᠯᠤᠯ ᠤᠨ ᠪᠥᠲᠥᠴᠡ ᠶᠢ ᠵᠥᠢ | ᠶᠤᠰᠤᠨ ᠤ ᠬᠠᠨᠳᠤᠰᠢ ᠲᠠᠢ ᠪᠣᠯᠭᠠᠵᠤ᠂ ᠤᠯᠤᠰ ᠤᠨ ᠥᠮᠴᠢᠯᠡᠯᠲᠥ ᠬᠥᠷᠥᠩᠭᠡ ᠮᠥᠩᠬᠦ ᠶᠢᠨ ᠲᠤᠬᠢᠷᠠᠭᠤᠯᠤᠯᠲᠠ ᠶᠢᠨ | ᠥᠷ᠎ᠡ ᠠᠰᠢᠭ ᠢ ᠪᠥᠲᠥᠮᠵᠢᠲᠡᠢ ᠳᠡᠭᠡᠭᠰᠢᠯᠡᠭᠦᠯᠥᠨ᠎ᠡ᠃ 2025 ᠤᠨ ᠪᠤᠯᠲᠠᠯ᠎ᠠ᠂ ᠥᠪᠡᠷᠲᠡᠭᠡᠨ ᠵᠠᠰᠠᠬᠤ ᠤᠷᠤᠨ ᠤ | ᠤᠷᠤᠨ ᠤ ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ ᠠᠬᠤᠶᠢᠯᠠᠯ ᠤᠨ ᠴᠢᠳᠠᠪᠬᠢ ᠥᠢᠯᠡᠳᠥᠯ ᠢ | ᠪᠥᠲᠥᠮᠵᠢᠲᠡᠢ ᠪᠠᠷ ᠪᠠᠳᠠᠷᠠᠭᠤᠯᠤᠨ᠂ ᠰᠢᠨ᠎ᠡ ᠶᠢ ᠡᠭᠦᠳᠬᠦ ᠴᠢᠳᠠᠪᠤᠷᠢ ᠪᠠᠨ ᠢᠯᠡᠳᠲᠡ ᠳᠡᠭᠡᠭᠰᠢᠯᠡᠭᠦᠯᠥᠨ᠂ | ᠭᠥᠭᠵᠢᠯᠲᠡ ᠶᠢᠨ ᠴᠢᠨᠠᠷ ᠴᠢᠨᠰᠠᠭ᠎ᠠ ᠶᠢ ᠢᠯᠡᠳᠲᠡ ᠳᠡᠭᠡᠭᠰᠢᠯᠡᠭᠦᠯᠵᠥ᠂ ᠤᠯᠤᠰ ᠤᠨ ᠳᠤᠲᠤᠷ᠎ᠠ ᠰᠢᠨ᠎ᠡ ᠶᠢ ᠡᠭᠦᠳᠬᠦ | ᠴᠢᠳᠠᠪᠤᠷᠢ ᠪᠠ ᠥᠷᠢᠰᠥᠯᠳᠥᠭᠡᠨ ᠤ ᠬᠥᠴᠥᠨ ᠢᠶᠠᠷ ᠨᠡᠯᠢᠶᠡᠳ ᠬᠥᠴᠥᠷᠭᠡᠭ ᠨᠢᠭᠡ ᠪᠥᠯᠥᠭ ᠲᠡᠷᠢᠭᠦᠨ ᠤ ᠠᠵᠤ | ᠠᠬᠤᠶᠢᠯᠠᠯ ᠢ ᠪᠤᠶᠢᠵᠢᠭᠤᠯᠤᠨ᠎ᠠ︔ ᠤᠯᠤᠰ ᠤᠨ ᠥᠮᠴᠢᠯᠡᠯᠲᠥ ᠠᠵᠤ ᠠᠬᠤᠢ ᠶᠢᠨ ᠪᠠᠶᠢᠷᠢᠰᠢᠭᠤᠯᠤᠯ ᠤᠨ | ᠪᠥᠲᠥᠴᠡ ᠶᠢ ᠨᠡᠩ ᠰᠢᠯᠢᠳᠡᠭᠵᠢᠭᠦᠯᠥᠨ᠂ ᠤᠯᠤᠰ ᠤᠨ ᠥᠮᠴᠢᠯᠡᠯᠲᠥ ᠬᠥᠷᠥᠩᠬᠡ ᠮᠥᠩᠬᠦ ᠶᠢᠨ | ᠲᠤᠬᠢᠷᠠᠭᠤᠯᠤᠯᠲᠠ ᠶᠢᠨ ᠥᠷ᠎ᠡ ᠠᠰᠢᠭ ᠢ ᠢᠯᠡᠳᠲᠡ ᠳᠡᠭᠡᠭᠰᠢᠯᠡᠭᠦᠯᠥᠨ᠎ᠡ᠃ | — ᠴᠢᠳᠠᠪᠬᠢ ᠶᠢᠨ ᠥᠢᠯᠡᠳᠥᠯ ᠢ ᠪᠥᠲᠥᠮᠵᠢᠲᠡᠢ ᠪᠠᠳᠠᠷᠠᠭᠤᠯᠤᠨ᠎ᠠ᠃ ᠡᠨᠧᠷᠭᠢ᠂ ᠬᠢᠮᠢ ᠶᠢᠨ ᠠᠵᠤ | ᠥᠢᠯᠡᠳᠪᠥᠷᠢ᠂ ᠥᠩᠭᠡᠲᠥ ᠲᠡᠮᠦᠷᠯᠢᠭ ᠵᠡᠷᠭᠡ ᠤᠯᠠᠮᠵᠢᠯᠠᠯᠲᠤ ᠠᠵᠤ ᠥᠢᠯᠡᠰ ᠢ ᠰᠢᠯᠢᠳᠡᠭᠵᠢᠭᠦᠯᠥᠨ ᠳᠡᠰ ᠳᠡᠪᠰᠢᠬᠦᠯᠭᠦ | ᠲᠠᠯ᠎ᠠ ᠪᠠᠷ᠂ ᠬᠥᠴᠥᠨ ᠵᠥᠢᠯ ᠢ ᠨᠡᠶᠢᠯᠡᠭᠦᠯᠤᠨ᠂ ᠡᠬᠢ ᠪᠠᠶᠠᠯᠢᠭ ᠢ ᠡᠮᠬᠢᠯᠡᠵᠤ᠂ ᠬᠤᠯᠪᠤᠭᠳᠠᠬᠤ ᠠᠵᠤ ᠥᠢᠯᠡᠰ ᠤᠨ | ᠬᠥᠭᠵᠢᠯᠲᠡ ᠶᠢ ᠠᠬᠢᠭᠤᠯᠬᠤ ᠬᠦᠳᠦᠴᠢ ᠨᠢᠷᠤᠭᠤᠪᠴᠢ ᠥᠢᠯᠡᠳᠥᠯ ᠢ ᠪᠠᠳᠠᠷᠠᠭᠤᠯᠤᠨ᠎ᠠ᠃ ᠰᠢᠨ᠎ᠡ ᠡᠨᠧᠷᠭᠢ᠂ ᠰᠢᠨ᠎ᠡ | ᠮᠠᠲ᠋ᠧᠷᠢᠶᠠᠯ᠂ ᠮᠤᠩᠭᠤᠯ ᠬᠢᠲᠠᠳ ᠡᠮ ᠡᠮᠨᠡᠯᠭᠡ ᠵᠡᠷᠭᠡ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠪᠤᠢ | ᠪᠤᠯᠤᠭᠰᠠᠨ ᠠᠵᠤ ᠥᠢᠯᠡᠰ ᠤᠨ ᠬᠥᠭᠵᠢᠯᠲᠡ ᠶᠢᠨ ᠲᠠᠯ᠎ᠠ ᠪᠠᠷ᠂ ᠳᠠᠭᠠᠭᠤᠯᠤᠨ ᠳᠠᠶᠢᠴᠢᠯᠠᠬᠤ ᠥᠢᠯᠡᠳᠥᠯ ᠢ | ᠪᠠᠳᠠᠷᠠᠭᠤᠯᠤᠨ᠎ᠠ︔ ᠤᠰᠤᠨ ᠠᠰᠢᠭᠯᠠᠯᠲᠠ᠂ ᠲᠡᠮᠥᠷ ᠵᠠᠮ᠂ ᠵᠠᠰᠠᠮᠠᠯ ᠵᠠᠮ᠂ ᠠᠭᠠᠷ ᠤᠨ ᠠᠶᠠᠯᠠᠯ᠂ ᠴᠠᠬᠢᠯᠭᠠᠨ ᠲᠤᠤᠷ | ᠵᠡᠷᠭᠡ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ᠂ ᠪᠠᠲᠤᠯᠠᠬᠤ ᠴᠢᠳᠠᠪᠬᠢ ᠶᠢ ᠢᠯᠡᠳᠲᠡ | ᠳᠡᠭᠡᠭᠰᠢᠯᠡᠭᠦᠯᠥᠨ᠎ᠡ︔ ᠠᠷᠠᠳ ᠤᠨ ᠠᠮᠢᠳᠤᠷᠠᠯ ᠢ ᠪᠠᠳᠤᠯᠠᠬᠤ᠂ ᠨᠡᠶᠢᠭᠡᠮ ᠤᠨ ᠥᠢᠯᠡᠴᠢᠯᠡᠭᠡ᠂ ᠤᠯᠠᠨ ᠨᠡᠶᠢᠲᠡ ᠶᠢᠨ | ᠪᠥᠲᠥᠭᠡᠭᠳᠡᠭᠦᠨ ᠢ ᠬᠠᠩᠭᠠᠬᠤ ᠪᠡ ᠥᠢᠯᠡᠴᠢᠯᠡᠭᠡᠨ ᠤ ᠲᠠᠯ᠎ᠠ ᠪᠠᠷ᠂ ᠤᠯᠤᠰ ᠲᠥᠷᠥ ᠶᠢᠨ ᠬᠠᠷᠢᠭᠤᠴᠠᠯᠭ᠎ᠠ ᠪᠡ | ᠨᠡᠶᠢᠭᠡᠮ ᠤᠨ ᠬᠠᠶᠢᠭᠤᠴᠠᠯᠭᠠ ᠪᠠᠨ ᠨᠡᠩ ᠰᠠᠶᠢᠨ ᠢᠶᠠᠷ ᠭᠥᠢᠴᠡᠳᠬᠡᠨ᠎ᠡ᠃ | — ᠡᠬᠢ ᠪᠠᠶᠠᠯᠢᠭ ᠤᠨ ᠲᠤᠬᠢᠷᠠᠭᠤᠯᠤᠯᠲᠠ ᠶᠢ ᠨᠡᠩ ᠵᠤᠬᠢᠰᠲᠠᠢ ᠪᠤᠯᠭᠠᠨ᠎ᠠ᠃ ᠡᠬᠢ ᠪᠠᠶᠠᠯᠢᠭ ᠤᠨ | ᠲᠤᠬᠢᠷᠠᠭᠤᠯᠤᠯᠲᠠ ᠳᠤᠮᠳᠠᠬᠢ ᠵᠠᠬ᠎ᠠ ᠳᠡᠯᠭᠡᠭᠦᠷ ᠤᠨ ᠰᠢᠢᠳᠪᠥᠷᠢᠯᠡᠬᠦ ᠴᠢᠨᠠᠷᠲᠠᠢ ᠥᠢᠯᠡᠳᠥᠯ ᠢ ᠪᠠᠳᠠᠷᠠᠭᠤᠯᠤᠨ᠂ ᠡᠬᠢ | ᠪᠠᠶᠠᠯᠢᠭ ᠤᠨ ᠲᠤᠬᠢᠷᠠᠭᠤᠯᠤᠯᠲᠠ ᠶᠢᠨ ᠥᠷ᠎ᠡ ᠠᠰᠢᠭ ᠢ ᠳᠡᠭᠡᠭᠰᠢᠯᠡᠭᠦᠯᠥᠨ᠎ᠡ᠃ ᠪᠠᠶᠢᠯᠳᠤᠬᠤ ᠪᠤᠳᠤᠯᠭ᠎ᠠ ᠶᠢᠨ ᠴᠢᠨᠠᠷᠲᠠᠢ | ᠳᠠᠬᠢᠨ ᠪᠠᠶᠢᠭᠤᠯᠬᠤ᠂ ᠰᠢᠨ᠎ᠡ ᠶᠢ ᠡᠭᠦᠳᠥᠨ ᠬᠠᠮᠲᠤᠷᠠᠯᠴᠠᠬᠤ᠂ ᠬᠤᠴᠤᠷᠤᠩᠭᠤᠢ ᠥᠢᠯᠡᠳᠪᠥᠷᠢᠯᠡᠯ ᠤᠨ ᠴᠢᠳᠠᠪᠤᠷᠢ ᠶᠢ | ᠰᠢᠯᠢᠳᠡᠭᠵᠢᠭᠦᠯᠵᠥ᠂ ᠥᠯᠡᠭᠦᠥ ᠥᠢᠯᠡᠳᠪᠥᠷᠢᠯᠡᠯ ᠤᠨ ᠴᠢᠳᠠᠪᠤᠷᠢ ᠶᠢ ᠰᠢᠢᠳᠪᠥᠷᠢᠯᠡᠬᠦ᠂ ᠥᠷ᠎ᠡ ᠠᠰᠢᠭ ᠢᠶᠠᠷ ᠳᠤᠤᠷ᠎ᠠ | ᠪᠤᠶᠤ ᠥᠷ᠎ᠡ ᠠᠰᠢᠭ ᠥᠭᠡᠢ ᠡᠳ᠋ ᠬᠥᠷᠥᠩᠭᠡ ᠶᠢ ᠰᠢᠢᠳᠪᠥᠷᠢᠯᠡᠬᠦ ᠵᠡᠷᠭᠡ ᠠᠷᠭ᠎ᠠ ᠵᠠᠮ ᠢᠶᠠᠷ ᠳᠠᠮᠵᠢᠭᠤᠯᠤᠨ᠂ | ᠤᠯᠤᠰ ᠤᠨ ᠥᠮᠴᠢᠯᠡᠯᠲᠥ ᠬᠥᠷᠥᠩᠭᠡ ᠮᠥᠩᠬᠦ ᠶᠢ ᠤᠷᠤᠭᠤᠯᠵᠤ ᠪᠤᠴᠠᠭᠠᠵᠤ ᠪᠤᠯᠬᠤ ᠪᠡ ᠵᠤᠬᠢᠰᠲᠠᠢ ᠰᠢᠯᠵᠢᠭᠦᠯᠵᠤ | ᠪᠤᠯᠬᠤ ᠲᠤᠭᠲᠠᠴᠠ ᠶᠢ ᠪᠤᠢ ᠪᠤᠯᠭᠠᠨ᠎ᠠ᠃ ᠤᠷᠤᠨ ᠤ ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ | ᠠᠬᠤᠶᠢᠯᠠᠯ ᠤᠨ ᠭᠤᠯᠲᠥ ᠲᠤᠬᠢᠷᠠᠭᠤᠯᠤᠯᠲᠠ ᠶᠢ ᠲᠥᠷᠭᠡᠳᠬᠡᠨ ᠠᠬᠢᠭᠤᠯᠵᠤ᠂ ᠠᠵᠤ ᠥᠢᠯᠡᠰ ᠤᠨ ᠬᠡᠯᠬᠢᠶ᠎ᠡ ᠶᠢᠨ | ᠲᠡᠬᠡᠷ᠎ᠠ ᠲᠤᠤᠷᠠᠳᠤ ᠲᠠᠯ᠎ᠠ ᠶᠢᠨ ᠡᠬᠢ ᠪᠠᠶᠠᠯᠢᠭ ᠤᠨ ᠲᠤᠬᠢᠷᠠᠭᠤᠯᠤᠯᠲᠠ ᠶᠢ ᠲᠠᠰᠤᠷᠠᠯᠲᠠ ᠥᠭᠡᠢ ᠰᠢᠯᠢᠳᠡᠭᠵᠢᠭᠦᠯᠥᠨ᠂ | ᠥᠷᠳᠡᠭ ᠤᠨ ᠬᠡᠯᠬᠢᠶ᠎ᠡ ᠶᠢ ᠳᠤᠮᠳᠠ ᠳᠤᠤᠷ᠎ᠠ ᠲᠠᠰ ᠠᠴᠠ ᠳᠤᠮᠳᠠ ᠳᠡᠭᠡᠳᠥ ᠳᠡᠰ ᠲᠡᠰᠢ ᠬᠤᠪᠢᠷᠠᠭᠤᠯᠬᠤ ᠨᠢ | ᠢᠯᠡᠳᠲᠡ ᠠᠬᠢᠴᠠ ᠲᠠᠢ ᠪᠤᠯᠵᠤ᠂ ᠪᠥᠬᠦᠯᠢ ᠴᠤᠭᠴᠠ ᠶᠢᠨ ᠥᠷᠢᠰᠥᠯᠳᠥᠭᠡᠨ ᠤ ᠬᠥᠴᠥᠨ ᠢ ᠶᠡᠬᠡᠪᠡᠷ | ᠳᠡᠭᠡᠭᠰᠢᠯᠡᠭᠦᠯᠥᠨ᠎ᠡ︔ ᠠᠵᠤ ᠠᠬᠤᠶᠢᠯᠠᠯ ᠤᠨ ᠬᠤᠭᠤᠷᠤᠨᠳᠤᠬᠢ ᠬᠥᠨᠳᠡᠯᠡᠨ ᠢᠶᠠᠷ ᠡᠮᠬᠢᠯᠡᠨ ᠨᠡᠶᠢᠯᠡᠭᠦᠯᠬᠦ ᠶᠢ | ᠥᠨᠳᠥᠰᠥᠨ ᠳᠡᠭᠡᠨ ᠪᠡᠶᠡᠯᠡᠭᠦᠯᠥᠨ᠂ ᠬᠠᠮᠵᠢᠯᠴᠠᠨ ᠡᠵᠡᠩᠨᠡᠬᠦ ᠲᠠᠪᠴᠠᠩ ᠤᠨ ᠪᠠᠶᠢᠭᠤᠯᠤᠯᠲᠠ ᠶᠢ ᠲᠥᠷᠭᠡᠳᠬᠡᠨ | ᠠᠬᠢᠭᠤᠯᠵᠤ᠂ ᠠᠳᠠᠯᠢ ᠴᠢᠨᠠᠷᠯᠢᠭ ᠡᠵᠡᠩᠨᠡᠯᠲᠡ᠂ ᠳᠤᠤᠷ᠎ᠠ ᠬᠡᠮᠵᠢᠶᠡᠨ ᠤ ᠲᠠᠪᠬᠤᠷᠳᠠᠭᠰᠠᠨ ᠪᠠᠶᠢᠭᠤᠯᠤᠯᠲᠠ᠂ ᠡᠮᠬᠢ | ᠵᠠᠮᠪᠠᠷᠠᠭ᠎ᠠ ᠥᠭᠡᠢ ᠥᠷᠢᠰᠥᠯᠳᠥᠭᠡᠨ ᠵᠡᠷᠭᠡ ᠠᠰᠠᠭᠤᠳᠠᠯ ᠢ ᠪᠥᠲᠥᠮᠵᠢᠲᠡᠢ ᠰᠢᠢᠳᠪᠥᠷᠢᠯᠡᠨ᠂ ᠤᠯᠤᠰ ᠤᠨ | ᠥᠮᠴᠢᠯᠡᠯᠲᠥ ᠡᠳ᠋ ᠬᠥᠷᠥᠩᠭᠡ ᠶᠢᠨ ᠪᠡᠯᠡ ᠤᠷᠤᠭᠤᠯᠤᠯᠲᠠ ᠶᠢᠨ ᠺᠤᠮᠫᠠᠨᠢ᠂ ᠤᠯᠤᠰ ᠤᠨ ᠥᠮᠴᠢᠯᠡᠯᠲᠥ ᠡᠳ᠋ | ᠬᠥᠷᠥᠩᠬᠡ ᠶᠢᠨ ᠡᠵᠡᠩᠨᠡᠯᠲᠡ ᠶᠢᠨ ᠺᠤᠮᠫᠠᠨᠢ᠂ ᠤᠯᠤᠰ ᠤᠨ ᠥᠮᠴᠢᠯᠡᠯᠲᠥ ᠲᠤᠮᠤ ᠬᠡᠯᠪᠡᠷᠢ ᠶᠢᠨ ᠠᠵᠤ ᠦᠢᠯᠡᠰ ᠤᠨ | ᠪᠥᠯᠥᠭᠯᠡᠯ ᠵᠡᠷᠭᠡ ᠭᠤᠷᠪᠠᠨ ᠲᠥᠷᠥᠯ ᠤᠨ ᠠᠵᠤ ᠠᠬᠤᠶᠢᠯᠠᠯ ᠰᠠᠶᠢᠨ ᠲᠠᠯ᠎ᠠ ᠶᠢ ᠨᠢ ᠠᠪᠴᠥ ᠲᠤᠳᠠᠭᠳᠠᠯ ᠲᠠᠢ | ᠲᠠᠯ᠎ᠠ ᠪᠠᠨ ᠨᠥᠬᠦᠪᠥᠷᠢᠯᠡᠵᠤ᠂ ᠬᠠᠷᠢᠯᠴᠠᠨ ᠠᠬᠢᠭᠤᠯᠤᠨ᠂ ᠬᠠᠮᠵᠢᠯᠴᠠᠨ ᠬᠥᠭᠵᠢᠭᠰᠡᠨ ᠲᠥᠯᠥᠪ ᠪᠠᠶᠢᠳᠠᠯ ᠢ ᠪᠤᠢ | ᠪᠣᠯᠭᠠᠨ᠎ᠠ᠃ | — ᠬᠥᠭᠵᠢᠯᠲᠡ ᠶᠢᠨ ᠶᠠᠰᠤ ᠴᠢᠨᠠᠷ ᠥᠷ᠎ᠡ ᠠᠰᠢᠭ ᠢ ᠲᠠᠰᠤᠷᠠᠯᠲᠠ ᠥᠭᠡᠢ ᠳᠡᠭᠡᠭᠰᠢᠯᠡᠭᠦᠯᠦᠨ᠎ᠡ᠃ | ᠤᠷᠤᠨ ᠤ ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ ᠠᠬᠤᠶᠢᠯᠠᠯ ᠤᠨ ᠪᠠᠶᠢᠯᠳᠤᠬᠤ ᠪᠤᠳᠤᠯᠭ᠎ᠠ ᠶᠢ ᠨᠠᠩ | ᠲᠤᠳᠤᠷᠬᠠᠢ ᠪᠣᠯᠭᠠᠵᠤ᠂ ᠭᠤᠤᠯᠯᠠᠬᠤ ᠥᠢᠯᠡᠰ ᠤᠨ ᠳᠠᠪᠠᠭᠤᠯᠢᠭ ᠢ ᠨᠡᠩ ᠳᠤᠪᠤᠶᠢᠮ᠎ᠠ ᠪᠣᠯᠭᠠᠨ᠎ᠠ︔ ᠡᠳ᠋ | ᠬᠥᠷᠥᠩᠭᠡ ᠶᠢᠨ ᠥᠷᠢᠲᠥᠬᠦ ᠨᠤᠷᠮ᠎ᠠ ᠶᠢ ᠨᠡᠩ ᠵᠤᠬᠢᠰᠲᠠᠢ ᠪᠣᠯᠭᠠᠵᠤ᠂ ᠤᠯᠵᠠᠪᠤᠷᠢ ᠶᠢᠨ ᠬᠢᠷᠢ ᠬᠡᠮᠵᠢᠶ᠎ᠡ ᠶᠢ ᠨᠡᠩ | ᠲᠣᠭᠲᠠᠪᠤᠷᠢᠲᠠᠢ ᠪᠣᠯᠭᠠᠨ᠎ᠠ︔ ᠠᠵᠤ ᠠᠬᠤᠶᠢᠯᠠᠯ ᠤᠨ ᠵᠠᠰᠠᠯᠲᠠ ᠶᠢ ᠨᠡᠩ ᠵᠢᠷᠤᠮᠵᠢᠭᠤᠨ ᠪᠣᠯᠭᠠᠵᠤ᠂ ᠡᠵᠡᠩᠨᠡᠬᠦ | ᠲᠤᠭᠲᠠᠴᠠ ᠶᠢ ᠨᠡᠩ ᠢᠯᠡᠭᠦᠦ ᠠᠮᠢᠳᠤᠯᠢᠬᠵᠢᠭᠤᠯᠤᠨ᠂ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠬᠤ | ᠴᠢᠳᠠᠪᠤᠷᠢ ᠶᠢ ᠢᠯᠡᠳᠲᠡ ᠴᠢᠩᠭᠠᠷᠠᠭᠤᠯᠤᠨ᠎ᠠ︔ ᠬᠢᠨᠠᠨ ᠬᠠᠮᠢᠶᠠᠷᠬᠤ ᠳᠥᠷᠢᠮ ᠲᠤᠭᠲᠠᠭᠠᠯ ᠢ ᠨᠡᠩ ᠢᠯᠡᠭᠦᠦ | ᠲᠡᠭᠦᠯᠳᠡᠷᠵᠢᠭᠦᠯᠵᠦ᠂ ᠲᠥᠭᠰᠢᠭᠦᠷᠢ ᠶᠢ ᠡᠵᠡᠮᠳᠡᠬᠦ ᠴᠢᠳᠠᠪᠤᠷᠢ ᠪᠠᠨ ᠲᠠᠰᠤᠷᠠᠯᠲᠠ ᠥᠭᠡᠢ ᠳᠡᠭᠡᠭᠰᠢᠯᠡᠭᠦᠯᠵᠦ᠂ | ᠤᠯᠤᠰ ᠤᠨ ᠡᠳ᠋ ᠬᠥᠷᠥᠩᠭᠡ ᠶᠢᠨ ᠥᠷᠳᠡᠭ ᠢᠶᠠᠨ ᠪᠠᠲᠤᠯᠠᠬᠤ ᠥᠷᠳᠡᠭ ᠢᠶᠠᠨ ᠨᠡᠮᠡᠭᠳᠡᠭᠦᠯᠬᠦ ᠴᠢᠳᠠᠪᠤᠷᠢ ᠶᠢ ᠤᠯᠠᠮ | ᠨᠢᠭᠡ ᠠᠯᠬᠤᠮ ᠴᠢᠩᠭᠠᠷᠠᠭᠤᠯᠤᠨ᠎ᠠ᠃ | ᠳᠥᠷᠪᠡ᠂ ᠭᠤᠤᠯᠳᠠᠯᠭ᠎ᠠ ᠲᠠᠢ ᠡᠭᠦᠷᠭᠡ | ︵ᠨᠢᠭᠡ︶ ᠤᠷᠤᠨ ᠤ ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ ᠠᠬᠤᠶᠢᠯᠠᠯ ᠢ ᠪᠠᠬᠢᠵᠢᠭᠦᠯᠦᠨ | ᠪᠤᠵᠠᠭᠠᠶᠢᠷᠠᠭᠤᠯᠬᠤ ᠶᠢ ᠲᠥᠯᠬᠢᠨ ᠠᠬᠢᠭᠤᠯᠤᠨ᠎ᠠ᠃ ᠬᠤᠳᠠᠯᠳᠤᠭ᠎ᠠ ᠶᠢᠨ ᠥᠷᠢᠰᠥᠯᠳᠥᠭᠡᠨ ᠤ ᠲᠥᠷᠥᠯ ᠤᠨ ᠤᠷᠤᠨ ᠤ | ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ ᠠᠬᠤᠶᠢᠯᠠᠯ ᠳᠤ ᠪᠤᠯ᠂ ᠮᠡᠳᠡᠭᠡ ᠵᠠᠩᠬᠢᠵᠢᠯᠲᠠ᠂ ᠤᠶᠤᠨᠴᠢᠯᠠᠯᠲᠠ | ᠵᠡᠷᠭᠡ ᠠᠷᠭ᠎ᠠ ᠪᠠᠷᠢᠯ ᠪᠠ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠠᠰᠢᠭᠯᠠᠨ᠂ ᠰᠢᠯᠢᠳᠡᠭᠵᠢᠭᠦᠯᠥᠨ ᠳᠡᠰ ᠳᠡᠪᠰᠢᠭᠦᠯᠬᠦ | ᠠᠯᠬᠤᠴᠠ ᠶᠢ ᠲᠥᠷᠭᠡᠳᠬᠡᠨ᠎ᠡ︔ ᠠᠵᠤ ᠠᠬᠤᠶᠢᠯᠠᠯ ᠤᠨ ᠪᠠᠶᠢᠭᠤᠯᠤᠯ ᠪᠠ ᠲᠤᠭᠲᠠᠴᠠ ᠶᠢᠨ ᠰᠢᠨ᠎ᠡ ᠶᠢ ᠡᠭᠦᠳᠬᠦ ᠶᠢ | ᠠᠬᠢᠭᠤᠯᠤᠨ᠂ ᠡᠬᠢ ᠪᠠᠶᠠᠯᠢᠭ ᠤᠨ ᠲᠤᠬᠢᠷᠠᠭᠤᠯᠤᠯᠲᠠ ᠶᠢ ᠰᠢᠯᠢᠳᠡᠭᠵᠢᠭᠦᠯᠵᠥ᠂ ᠲᠠᠬᠢᠨ ᠪᠠᠶᠢᠭᠤᠯᠵᠤ ᠡᠮᠬᠢᠯᠡᠬᠦ ᠡᠷᠴᠢᠮ | ᠪᠠ ᠰᠤᠳᠤᠯᠤᠨ ᠨᠡᠭᠡᠭᠡᠬᠦ ᠤᠷᠤᠭᠤᠯᠤᠯᠲᠠ ᠪᠠᠨ ᠨᠡᠮᠡᠭᠳᠡᠭᠦᠯᠥᠨ᠂ ᠰᠢᠨᠵᠢᠯᠡᠬᠦ ᠤᠬᠠᠭᠠᠨ ᠮᠡᠷᠭᠡᠵᠢᠯ ᠪᠡ | ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠠᠯᠬᠤᠴᠠ ᠪᠠᠨ ᠲᠥᠷᠭᠡᠳᠬᠡᠵᠤ᠂ ᠬᠡᠯᠪᠡᠷᠢ ᠪᠠᠨ ᠬᠤᠪᠢᠷᠠᠭᠤᠯᠤᠨ ᠳᠡᠰ | ᠳᠡᠪᠰᠢᠬᠦ ᠶᠢ ᠥᠷᠭᠦᠯᠵᠢᠯᠡᠨ ᠲᠥᠯᠬᠢᠨ ᠠᠬᠢᠭᠤᠯᠤᠨ᠎ᠠ︔ ᠬᠤᠯᠢᠮᠠᠭ ᠥᠮᠴᠢᠯᠡᠯᠳᠤ ᠠᠵᠤ ᠠᠬᠤᠢ ᠶᠢ ᠬᠥᠭᠵᠢᠭᠦᠯᠥᠨ᠂ | ᠪᠥᠯᠥᠭᠯᠡᠯ ᠤᠨ ᠳᠠᠪᠬᠤᠷᠭ᠎ᠠ ᠳᠠᠬᠢ ᠬᠤᠯᠢᠮᠠᠭ ᠥᠮᠴᠢᠯᠡᠯᠳᠤ ᠥᠭᠡᠷᠡᠴᠢᠯᠡᠯᠲᠠ ᠥᠷᠨᠢᠭᠦᠯᠬᠦ ᠶᠢ ᠰᠥᠪᠡᠭᠴᠢᠯᠡᠵᠤ᠂ | ᠳᠦᠷᠢᠮ ᠢ ᠥᠭᠡᠷᠡᠴᠢᠯᠡᠨ ᠰᠲ᠋ᠤᠺ ᠤᠨ ᠵᠠᠬ᠎ᠠ ᠳᠤ ᠭᠠᠷᠬᠤ ᠡᠷᠴᠢᠮ ᠢᠶᠠᠨ ᠴᠢᠩᠭᠠᠷᠠᠭᠤᠯᠤᠨ᠂ ᠪᠥᠬᠦᠯᠢ ᠴᠤᠭᠴᠠ ᠪᠠᠷ | ᠰᠲ᠋ᠤᠺ ᠤᠨ ᠵᠠᠬ᠎ᠠ ᠳᠤ ᠭᠠᠷᠬᠤ ᠶᠢ ᠬᠦᠴᠦᠯᠡᠨ ᠠᠬᠢᠭᠤᠯᠵᠤ᠂ ᠪᠥᠯᠥᠭᠯᠡᠯ ᠤᠨ ᠬᠠᠷᠢᠶ᠎ᠠ ᠪᠦᠬᠦᠢ ᠠᠵᠤ ᠠᠬᠤᠶᠢᠯᠠᠯ ᠤᠨ | ᠤᠯᠤᠰ ᠤᠨ ᠥᠮᠴᠢᠯᠡᠯ ᠤᠨ ᠪᠤᠰᠤ ᠬᠥᠷᠥᠩᠭᠡ ᠮᠥᠩᠬᠦ ᠶᠢ ᠤᠷᠤᠭᠤᠯᠬᠤ ᠪᠤᠶᠤ ᠬᠠᠷᠢᠴᠠᠯᠠᠰᠢᠭᠦᠢ ᠬᠤᠪᠢ | ᠣᠷᠣᠭᠤᠯᠤᠯᠲᠠ ᠶᠢ ᠡᠷᠬᠡᠰᠢᠶᠡᠬᠦ᠂ ᠬᠠᠷᠢᠴᠠᠩᠭᠤᠢ ᠬᠤᠪᠢ ᠣᠷᠣᠭᠤᠯᠤᠯᠲᠠ ᠶᠢ ᠡᠷᠬᠡᠰᠢᠶᠡᠬᠦ᠂ ᠬᠤᠪᠢ ᠣᠷᠣᠬᠤ | ᠠᠷᠭ᠎ᠠ ᠪᠠᠷ ᠤᠯᠤᠰ ᠤᠨ ᠥᠮᠴᠢᠯᠡᠯ ᠤᠨ ᠪᠤᠰᠤ ᠠᠵᠤ ᠠᠬᠤᠶᠢᠯᠠᠯ ᠳᠤ ᠤᠷᠤᠭᠤᠯᠬᠤ ᠶᠢ ᠵᠤᠷᠢᠬᠵᠢᠭᠤᠯᠤᠨ᠎ᠠ᠃ | ᠨᠠᠶᠢᠲᠡ ᠶᠢᠨ ᠠᠰᠠᠷᠠᠮᠵᠢ ᠶᠢᠨ ᠲᠥᠷᠥᠯ ᠤᠨ ᠤᠷᠤᠨ ᠤ ᠬᠠᠷᠢᠶ᠎ᠡ ᠪᠥᠬᠦᠢ ᠤᠯᠤᠰ ᠤᠨ ᠦᠮᠴᠢᠯᠡᠯᠲᠦ ᠠᠵᠤ | ᠠᠬᠤᠶᠢᠯᠠᠯ ᠳᠤ ᠪᠤᠯ᠂ ᠤᠯᠤᠰ ᠤᠨ ᠥᠮᠴᠢᠯᠡᠯ ᠤᠨ ᠬᠥᠷᠥᠩᠭᠡ ᠮᠥᠩᠬᠦ ᠶᠢᠨ ᠣᠷᠣᠭᠤᠯᠤᠯᠲᠠ ᠪᠠᠨ ᠨᠡᠮᠡᠭᠳᠡᠭᠦᠯᠵᠤ᠂ | ᠵᠠᠬ᠎ᠠ ᠳᠡᠯᠭᠡᠭᠦᠷ ᠤᠨ ᠲᠤᠭᠲᠠᠴᠠ ᠶᠢ ᠢᠳᠡᠪᠬᠢᠲᠡᠢ ᠪᠠᠷ ᠲᠠᠲᠠᠨ ᠣᠷᠣᠭᠤᠯᠵᠤ᠂ ᠨᠥᠬᠦᠴᠡᠯ ᠪᠦᠷᠢᠯᠳᠦᠭᠦᠯᠦᠭᠰᠡᠨ ᠨᠢ | ᠪᠡᠯᠡ ᠤᠷᠤᠭᠤᠯᠬᠤ ᠭᠤᠤᠯ ᠴᠤᠭᠴᠠ ᠶᠢᠨ ᠤᠯᠠᠨ ᠡᠰᠢᠵᠢᠯ ᠢ ᠬᠡᠷᠡᠭᠵᠢᠭᠦᠯᠥᠨ᠂ ᠥᠢᠯᠡᠴᠢᠯᠡᠭᠡ ᠬᠤᠳᠠᠯᠳᠤᠨ ᠠᠪᠬᠤ᠂ | ᠤᠨᠴᠠᠭᠠᠢ ᠵᠥᠪᠰᠢᠶᠡᠷᠡᠨ ᠡᠵᠡᠩᠨᠡᠭᠦᠯᠬᠦ᠂ ᠨᠠᠶᠢᠳᠠᠨ ᠤᠷᠤᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠤᠯᠤᠰ ᠤᠨ | ᠥᠮᠴᠢᠯᠡᠯ ᠤᠨ ᠪᠤᠰᠤ ᠠᠵᠤ ᠠᠬᠤᠶᠢᠯᠠᠯ ᠶᠢ ᠲᠠᠲᠠᠨ ᠣᠷᠣᠭᠤᠯᠵᠤ ᠡᠵᠡᠩᠨᠡᠯᠲᠡ ᠳᠤ ᠣᠷᠣᠯᠴᠠᠬᠤ ᠶᠢ | ᠵᠤᠷᠢᠬᠵᠢᠭᠤᠯᠵᠤ᠂ ᠤᠯᠠᠨ ᠨᠡᠶᠢᠲᠡ ᠶᠢᠨ ᠥᠢᠯᠡᠴᠢᠯᠡᠭᠡ ᠶᠢᠨ ᠴᠢᠨᠠᠷ ᠴᠢᠨᠰᠠᠭ᠎ᠠ ᠪᠡ ᠥᠷ᠎ᠡ ᠪᠥᠲᠥᠮᠵᠢ ᠶᠢ | ᠲᠠᠰᠤᠷᠠᠯᠲᠠ ᠥᠭᠡᠢ ᠳᠡᠭᠡᠭᠰᠢᠯᠡᠭᠦᠯᠦᠨ᠂ ᠨᠡᠶᠢᠭᠡᠮ ᠤᠨ ᠥᠷ᠎ᠡ ᠠᠰᠢᠭ ᠢ ᠬᠠᠮᠤᠭ ᠤᠨ ᠶᠡᠭᠡ ᠪᠠᠷ ᠪᠡᠶᠡᠯᠡᠭᠦᠯᠥᠨ᠂ | ᠪᠠᠲᠤᠯᠠᠭ᠎ᠠ ᠶᠢᠨ ᠴᠢᠳᠠᠪᠬᠢ ᠶᠢ ᠲᠠᠰᠤᠷᠠᠯᠲᠠ ᠥᠭᠡᠢ ᠪᠠᠬᠢᠵᠢᠭᠦᠯᠥᠨ᠎ᠡ᠃ ᠤᠨᠴᠠᠭᠠᠢ ᠲᠤᠭᠲᠠᠭᠰᠠᠨ ᠴᠢᠳᠠᠪᠬᠢ ᠶᠢᠨ | ᠲᠥᠷᠥᠯ ᠤᠨ ᠤᠷᠤᠨ ᠤ ᠬᠠᠷᠢᠶ᠎ᠠ ᠪᠥᠬᠦᠢ ᠠᠵᠤ ᠠᠬᠤᠶᠢᠯᠠᠯ ᠳᠤ ᠪᠤᠯ᠂ ᠠᠶᠠᠨᠳᠠᠭᠠᠨ ᠭᠠᠭᠴᠠᠭᠠᠷ ᠡᠵᠡᠮᠰᠢᠭᠰᠡᠨ | ᠲᠥᠷᠥᠯ ᠵᠥᠢᠯ ᠳᠤ ᠬᠠᠷᠢᠶᠠᠯᠠᠭᠳᠠᠬᠤ ᠶᠢ ᠨᠢ᠂ ᠠᠳᠠᠯᠢ ᠪᠤᠰᠤ ᠠᠵᠢᠯ ᠲᠥᠷᠥᠯ ᠤᠨ ᠤᠨᠴᠠᠯᠢᠭ ᠢ ᠨᠢ ᠥᠨᠳᠥᠰᠥᠯᠡᠨ | ᠥᠷᠢᠰᠥᠯᠳᠥᠭᠡᠨ ᠤ ᠴᠢᠨᠠᠷᠲᠠᠢ ᠲᠣᠬᠠᠶᠢᠯᠠᠭᠰᠠᠨ ᠠᠵᠢᠯ ᠢ ᠳᠠᠰ ᠳᠠᠷᠠᠭᠠᠯᠠᠯ ᠲᠠᠢ ᠴᠢᠯᠦᠭᠡᠲᠡᠢ ᠲᠠᠯᠪᠢᠵᠤ᠂ ᠤᠯᠠᠨ | ᠨᠡᠶᠢᠲᠠ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠵᠠᠬ᠎ᠠ ᠳᠡᠯᠭᠡᠭᠦᠷᠴᠢᠯᠡᠯᠲᠠ ᠶᠢ ᠠᠬᠢᠭᠤᠯᠤᠨ᠎ᠠ︔ | ᠤᠯᠤᠰ ᠤᠨ ᠥᠮᠴᠢᠯᠡᠯ ᠤᠨ ᠪᠥᠬᠦ ᠪᠡᠯᠡ ᠶᠢ ᠬᠡᠷᠡᠭᠵᠢᠭᠦᠯᠬᠦ ᠴᠢᠬᠤᠯᠠᠲᠠᠢ ᠪᠤᠯ᠂ ᠤᠯᠤᠰ ᠤᠨ ᠥᠮᠴᠢᠯᠡᠯ ᠤᠨ ᠪᠤᠰᠤᠳ | ᠬᠥᠷᠥᠩᠬᠡ ᠮᠥᠩᠬᠦ ᠶᠢ ᠢᠳᠡᠪᠬᠢᠲᠡᠢ ᠤᠷᠤᠭᠤᠯᠤᠨ ᠰᠲ᠋ᠣᠺ ᠤᠨ ᠡᠷᠭᠡ ᠶᠢᠨ ᠤᠯᠠᠨ ᠡᠰᠢᠵᠢᠯ ᠢ ᠭᠡᠷᠡᠭᠵᠢᠭᠦᠯᠥᠨ᠎ᠡ︔ | ᠤᠨᠴᠠᠭᠠᠢ ᠲᠤᠬᠠᠶᠢᠯᠠᠭᠰᠠᠨ ᠠᠵᠢᠯ ᠲᠥᠷᠥᠯ ᠳᠤ ᠬᠠᠷᠢᠶᠠᠯᠠᠭᠳᠠᠬᠤ ᠶᠢ ᠨᠢ᠂ ᠨᠡᠶᠢᠭᠡᠮ ᠤᠨ ᠥᠷ᠎ᠡ ᠠᠰᠢᠭ ᠢ ᠲᠡᠷᠢᠭᠦᠨ | ᠪᠠᠶᠢᠷᠢᠨ ᠳᠤ ᠲᠠᠯᠪᠢᠵᠤ᠂ ᠨᠡᠶᠢᠭᠡᠮ ᠤᠨ ᠥᠷ᠎ᠡ ᠠᠰᠢᠭ ᠪᠠ ᠠᠵᠤ ᠠᠬᠤᠢ ᠶᠢᠨ ᠥᠷ᠎ᠡ ᠠᠰᠢᠭ ᠤᠨ ᠬᠠᠷᠢᠯᠴᠠᠨ | ᠨᠢᠭᠡᠳᠬᠦ ᠶᠢ ᠪᠡᠶᠡᠯᠡᠭᠦᠯᠥᠨ᠎ᠡ᠃ ᠤᠷᠤᠨ ᠤ ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ ᠠᠬᠤᠶᠢᠯᠠᠯ ᠤᠨ | ᠥᠪᠡᠷᠲᠡᠭᠡᠨ ᠵᠠᠰᠠᠬᠤ ᠤᠷᠤᠨ ᠤ ᠤᠰᠤᠨ ᠠᠰᠢᠭᠯᠠᠯᠲᠠ᠂ ᠲᠡᠮᠥᠷ ᠵᠠᠮ᠂ ᠵᠠᠰᠠᠮᠠᠯ ᠵᠠᠮ᠂ ᠠᠭᠠᠷ ᠤᠨ ᠠᠶᠠᠯᠠᠯ᠂ | ᠴᠠᠬᠢᠯᠭᠠᠨ ᠲᠤᠤᠷ ᠵᠡᠷᠭᠡ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠠ ᠡᠵᠡᠩᠨᠡᠯᠲᠡ ᠳᠤ | ᠤᠷᠤᠯᠴᠠᠬᠤ ᠶᠢ ᠳᠡᠮᠵᠢᠵᠦ᠂ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠬᠥᠷᠢᠶ᠎ᠡ ᠭᠡᠪᠴᠢᠶ᠎ᠡ ᠳᠠᠬᠢ | ᠤᠯᠤᠰ ᠤᠨ ᠥᠮᠴᠢᠯᠡᠯᠲᠥ ᠠᠵᠤ ᠠᠬᠤᠢ ᠶᠢᠨ ᠪᠠᠲᠤᠯᠠᠬᠤ ᠴᠢᠳᠠᠪᠬᠢ ᠶᠢ ᠨᠢ ᠪᠠᠳᠠᠷᠠᠭᠤᠯᠤᠨ᠎ᠠ᠃ | ︵ᠬᠤᠶᠠᠷ︶ ᠤᠷᠤᠨ ᠤ ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ ᠠᠬᠤᠶᠢᠯᠠᠯ ᠤᠨ ᠰᠢᠨ᠎ᠡ ᠶᠢ | ᠡᠭᠦᠳᠥᠨ ᠬᠥᠭᠵᠢᠬᠦ ᠶᠢ ᠲᠥᠯᠬᠢᠨ ᠠᠬᠢᠭᠤᠯᠤᠨ᠎ᠠ᠃ ᠥᠪᠡᠷᠲᠡᠭᠡᠨ ᠵᠠᠰᠠᠬᠤ ᠤᠷᠤᠨ ᠤ ᠡᠬᠢ ᠪᠠᠶᠠᠯᠢᠭ ᠪᠡ ᠤᠷᠤᠨ | ᠪᠠᠶᠢᠷᠢ ᠶᠢᠨ ᠳᠠᠪᠠᠭᠤᠯᠢᠭ ᠲᠤ ᠲᠥᠰᠢᠭᠯᠡᠨ᠂ ᠤᠯᠤᠰ ᠤᠨ ᠥᠮᠴᠢᠯᠡᠯᠲᠥ ᠬᠦᠷᠦᠩᠭᠡ ᠮᠥᠩᠭᠦ ᠶᠢᠨ ᠴᠡᠪᠡᠷ ᠡᠨᠧᠷᠭᠢ᠂ | ᠰᠢᠨ᠎ᠡ ᠬᠡᠯᠪᠡᠷᠢ ᠶᠢᠨ ᠬᠢᠮᠢ ᠶᠢᠨ ᠠᠵᠤ ᠥᠢᠯᠡᠳᠪᠥᠷᠢ᠂ ᠥᠩᠭᠡᠲᠥ ᠲᠡᠮᠦᠷᠯᠢᠭ ᠥᠢᠯᠡᠳᠪᠥᠷᠢᠯᠡᠨ ᠪᠤᠯᠪᠠᠰᠤᠷᠠᠭᠤᠯᠬᠤ᠂ | ᠲᠣᠮᠣ ᠳ᠋ᠠᠶᠢᠲ᠋ᠠ ᠶᠢᠨ ᠡᠭᠦᠯᠡᠨ ᠪᠤᠳᠤᠯᠲᠠ᠂ ᠮᠤᠩᠭᠤᠯ ᠬᠢᠲᠠᠳ ᠡᠮ ᠡᠮᠨᠡᠯᠭᠡ᠂ ᠡᠷᠡᠭᠦᠯ ᠮᠡᠨᠳᠥ ᠨᠠᠰᠥᠵᠢᠯ᠂ | ᠵᠢᠭᠤᠯᠴᠢᠯᠠᠯ ᠵᠡᠷᠭᠡ ᠠᠵᠤ ᠥᠢᠯᠡᠰ ᠲᠠᠬᠢ ᠪᠠᠶᠢᠷᠢᠰᠢᠭᠤᠯᠤᠯ ᠤᠨ ᠡᠷᠴᠢᠮ ᠢᠶᠠᠨ ᠴᠢᠩᠭᠠᠷᠠᠭᠤᠯᠤᠨ᠎ᠠ᠃ ᠤᠯᠤᠰ ᠤᠨ | ᠥᠮᠴᠢᠯᠡᠯᠲᠥ ᠭᠥᠷᠥᠩᠭᠡ ᠶᠢᠨ ᠪᠡᠯᠡ ᠤᠷᠤᠭᠤᠯᠤᠯᠲᠠ᠂ ᠡᠵᠡᠩᠨᠡᠯᠲᠡ ᠶᠢᠨ ᠺᠤᠮᠫᠠᠨᠢ ᠶᠢ ᠲᠠᠬᠢᠨ ᠥᠭᠡᠷᠡᠴᠢᠯᠡᠨ | ᠪᠠᠶᠢᠭᠤᠯᠵᠤ᠂ ᠬᠤᠶᠠᠷ ᠲᠥᠷᠥᠯ ᠤᠨ ᠺᠤᠮᠫᠠᠨᠢ ᠶᠢ ᠪᠥᠲᠥᠮᠵᠢᠲᠡᠢ ᠡᠵᠡᠩᠨᠡᠬᠦ ᠵᠠᠭᠪᠤᠷ ᠢ ᠰᠥᠪᠡᠭᠴᠢᠯᠡᠨ᠂ ᠬᠥᠷᠥᠩᠭᠡ | ᠮᠥᠩᠬᠦ ᠡᠮᠬᠢᠯᠡᠬᠦ᠂ ᠪᠡᠯᠡ ᠤᠷᠤᠭᠤᠯᠵᠤ ᠪᠡᠯᠡ ᠨᠡᠶᠢᠯᠡᠭᠦᠯᠬᠦ᠂ ᠠᠵᠤ ᠥᠢᠯᠡᠰ ᠪᠤᠶᠢᠵᠢᠭᠤᠯᠬᠤ ᠶᠢ ᠥᠷᠨᠢᠭᠦᠯᠬᠦ ᠪᠠᠷ | ᠳᠠᠮᠵᠢᠭᠤᠯᠤᠨ᠂ ᠠᠵᠤ ᠥᠢᠯᠡᠰ ᠤᠨ ᠪᠥᠯᠥᠭᠯᠡᠯ ᠪᠡ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠵᠤ᠂ | ᠤᠯᠤᠰ ᠤᠨ ᠥᠮᠴᠢᠯᠡᠯᠲᠥ ᠬᠥᠷᠥᠩᠬᠡ ᠮᠥᠩᠬᠦ ᠶᠢᠨ ᠪᠠᠶᠢᠷᠢᠰᠢᠭᠤᠯᠤᠯ ᠤᠨ ᠪᠥᠲᠥᠴᠡ ᠶᠢ ᠰᠢᠯᠢᠳᠡᠭᠵᠢᠭᠦᠯᠥᠨ᠂ | ᠤᠯᠤᠰ ᠤᠨ ᠥᠮᠴᠢᠯᠡᠯᠲᠥ ᠬᠥᠷᠥᠩᠬᠡ ᠮᠥᠩᠭᠦ ᠶᠢᠨ ᠴᠢᠳᠠᠪᠬᠢ ᠶᠢ ᠶᠠᠬᠡᠰᠬᠡᠨᠡ︔ ᠰᠲ᠋ᠣᠺ ᠤᠨ ᠡᠷᠭᠡ ᠶᠢᠨ | ᠠᠵᠢᠯᠯᠠᠭᠠᠨ᠂ ᠥᠷᠳᠡᠭ ᠤᠨ ᠬᠠᠮᠢᠶᠠᠷᠤᠯᠲᠠ᠂ ᠲᠡᠰ ᠳᠠᠷᠠᠭᠠᠯᠠᠯ ᠲᠠᠢ ᠣᠷᠣᠭᠤᠯᠬᠤ ᠪᠠ ᠪᠤᠴᠠᠭᠠᠨ ᠭᠠᠷᠬᠤ ᠪᠠᠷ | ᠳᠠᠮᠵᠢᠭᠤᠯᠤᠨ᠂ ᠤᠯᠤᠰ ᠤᠨ ᠥᠮᠴᠢᠯᠡᠯᠲᠥ ᠬᠥᠷᠥᠩᠭᠡ ᠮᠥᠩᠬᠦ ᠶᠢᠨ ᠵᠤᠬᠢᠰᠲᠡᠢ ᠡᠷᠭᠢᠯᠳᠥᠬᠦ ᠶᠢ ᠠᠬᠢᠭᠤᠯᠤᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠢᠳᠡᠪᠬᠢᠲᠡᠢ ᠪᠠᠶᠢᠭᠤᠯᠤᠨ᠂ ᠤᠷᠤᠨ ᠤ | ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ ᠠᠬᠤᠶᠢᠯᠠᠯ ᠢ ᠬᠦᠲᠦᠯᠦᠨ ᠵᠢᠯᠣᠭᠤᠳᠴᠤ ᠪᠠᠶᠢᠭᠠᠳ ᠬᠡᠷᠡᠭᠯᠡᠭᠡᠨ ᠤ | ᠰᠠᠭᠤᠷᠢ ᠰᠤᠳᠤᠯᠤᠯ ᠪᠡ ᠮᠡᠷᠭᠡᠵᠢᠯ ᠤᠨ ᠰᠤᠳᠤᠯᠤᠨ ᠨᠡᠭᠡᠭᠡᠬᠦ ᠶᠢ ᠴᠢᠩᠭᠠᠳᠬᠠᠵᠤ᠂ ᠠᠵᠢᠯ ᠲᠥᠷᠥᠯ ᠢᠶᠠᠷ ᠢᠶᠠᠨ | ᠬᠠᠮᠲᠤᠷᠠᠯᠴᠠᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠤᠨ᠂ ᠠᠵᠤ ᠥᠢᠯᠡᠰ ᠤᠨ ᠮᠡᠷᠭᠡᠵᠢᠯ ᠤᠨ ᠰᠢᠨ᠎ᠡ ᠶᠢ | ᠡᠭᠦᠳᠬᠦ ᠪᠠᠶᠢᠯᠳᠤᠬᠤ ᠪᠤᠳᠤᠯᠭ᠎ᠠ ᠶᠢᠨ ᠡᠪᠰᠡᠯ ᠪᠠᠶᠢᠭᠤᠯᠤᠯᠲᠠ ᠶᠢ ᠠᠬᠢᠭᠤᠯᠵᠤ᠂ ᠨᠡᠭᠡᠭᠡᠯᠲᠠ ᠲᠠᠢ ᠪᠥᠭᠡᠳ ᠥᠨᠳᠥᠷ | ᠪᠥᠲᠥᠮᠵᠢᠲᠡᠢ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮᠵᠢ ᠶᠢ ᠪᠠᠶᠢᠭᠤᠯᠬᠤ ᠪᠡ ᠲᠡᠭᠦᠯᠳᠡᠷᠵᠢᠭᠦᠯᠥᠨ᠂ ᠤᠤᠯ ᠤᠨ | ᠪᠡ ᠨᠡᠶᠢᠯᠡᠯᠳᠦᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠤ᠂ ᠥᠪᠡᠷᠲᠡᠭᠡᠨ ᠵᠠᠰᠠᠬᠤ ᠤᠷᠤᠨ ᠤ ᠬᠤᠪᠤᠷ | ᠰᠢᠷᠤᠢ᠂ ᠪᠠᠯ ᠴᠢᠯᠠᠭᠤ ᠵᠡᠷᠭᠡ ᠳᠡᠭᠡᠳᠥ ᠳᠡᠰ ᠤᠨ ᠠᠵᠤ ᠥᠢᠯᠡᠰ ᠤᠨ ᠬᠡᠯᠬᠢᠶ᠎ᠡ ᠪᠥᠲᠥᠭᠡᠭᠳᠡᠭᠦᠨ ᠢ ᠰᠤᠳᠤᠯᠤᠨ | ᠨᠡᠭᠡᠭᠡᠬᠦ ᠪᠡ ᠵᠠᠬ᠎ᠠ ᠳᠡᠯᠭᠡᠭᠦᠷ ᠢ ᠨᠡᠭᠡᠭᠡᠨ ᠬᠥᠭᠵᠢᠭᠦᠯᠬᠦ ᠶᠢ ᠴᠢᠩᠭᠠᠳᠬᠠᠨ᠎ᠠ᠃ | ︵ᠭᠤᠷᠪᠠ︶ ᠤᠷᠤᠨ ᠤ ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ ᠠᠬᠤᠶᠢᠯᠠᠯ ᠤᠨ ᠪᠠᠶᠢᠯᠳᠤᠬᠤ | ᠪᠤᠳᠤᠯᠭ᠎ᠠ ᠶᠢᠨ ᠴᠢᠨᠠᠷᠲᠠᠢ ᠲᠠᠬᠢᠨ ᠪᠠᠶᠢᠭᠤᠯᠤᠨ ᠡᠮᠬᠢᠯᠡᠬᠦ ᠶᠢ ᠲᠥᠯᠬᠢᠨ ᠠᠬᠢᠭᠤᠯᠤᠨ᠎ᠠ᠃ ᠡᠨᠧᠷᠭᠢ᠂ ᠪᠤᠯᠤᠤᠠ | ᠲᠡᠮᠥᠷ᠂ ᠬᠤᠪᠤᠷ ᠰᠢᠷᠤᠢ᠂ ᠵᠠᠮ ᠬᠠᠷᠢᠯᠴᠠᠭ᠎ᠠ ᠵᠡᠷᠭᠡ ᠬᠥᠷᠢᠶ᠎ᠡ ᠬᠡᠪᠴᠢᠶ᠎ᠡ ᠶᠢᠨ ᠠᠵᠤ ᠥᠢᠯᠡᠰ ᠤᠨ ᠬᠡᠯᠬᠢᠶ᠎ᠡ ᠶᠢᠨ | ᠲᠡᠬᠡᠷ᠎ᠠ ᠲᠤᠤᠷᠠᠳᠤ ᠲᠠᠯ᠎ᠠ ᠶᠢᠨ ᠤᠷᠤᠨ ᠤ ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ ᠠᠬᠤᠶᠢᠯᠠᠯ ᠢ ᠳᠠᠬᠢᠨ | ᠪᠠᠶᠢᠭᠤᠯᠬᠤ ᠶᠢ ᠳᠡᠮᠵᠢᠵᠦ᠂ ᠠᠵᠤ ᠥᠢᠯᠡᠰ ᠤᠨ ᠪᠥᠬᠦ ᠬᠡᠯᠬᠢᠶ᠎ᠡ ᠶᠢᠨ ᠥᠷᠢᠰᠥᠯᠳᠥᠭᠡᠨ ᠤ ᠳᠠᠪᠠᠭᠤᠯᠢᠭ ᠢ ᠪᠤᠢ | ᠪᠤᠯᠭᠠᠵᠤ᠂ ᠬᠠᠮᠵᠢᠯᠴᠠᠬᠤ ᠥᠢᠯᠡᠴᠢᠯᠡᠭᠡ ᠶᠢᠨ ᠥᠢᠯᠡᠳᠥᠯ ᠢ ᠨᠡᠩ ᠰᠠᠶᠢᠨ ᠢᠶᠠᠷ ᠪᠠᠳᠠᠷᠠᠭᠤᠯᠤᠨ᠎ᠠ᠃ | ᠲᠤᠰᠬᠠᠶᠢᠵᠢᠭᠰᠠᠨ ᠡᠮᠬᠢᠯᠡᠭᠡ ᠶᠢ ᠲᠥᠯᠬᠢᠨ ᠠᠬᠢᠭᠤᠯᠵᠤ᠂ ᠬᠡᠪᠴᠢᠶ᠎ᠡ ᠪᠠᠷ ᠪᠠᠭ᠎ᠠ᠂ ᠠᠵᠤ ᠥᠢᠯᠡᠰ ᠤᠨ | ᠲᠥᠪᠯᠡᠷᠡᠯ ᠤᠨ ᠬᠡᠮᠵᠢᠶ᠎ᠡ ᠪᠠᠷ ᠳᠤᠤᠷ᠎ᠠ ᠤᠷᠤᠨ ᠤ ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ ᠠᠬᠤᠶᠢᠯᠠᠯ ᠢ | ᠵᠤᠬᠢᠬᠤ ᠬᠡᠮᠵᠢᠶ᠎ᠡ ᠪᠠᠷ ᠤᠯᠤᠰ ᠤᠨ ᠥᠮᠴᠢᠯᠡᠯᠲᠥ ᠭᠥᠷᠥᠩᠭᠡ ᠮᠥᠩᠬᠦ ᠶᠢᠨ ᠪᠡᠯᠡ ᠤᠷᠤᠭᠤᠯᠤᠯᠲᠠ᠂ | ᠡᠵᠡᠩᠨᠡᠯᠲᠡ ᠶᠢᠨ ᠺᠤᠮᠫᠠᠨᠢ ᠲᠠᠰᠢ ᠲᠥᠪᠯᠡᠷᠡᠭᠦᠯᠥᠨ᠎ᠡ︔ ᠤᠷᠤᠨ ᠤ ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ | ᠠᠬᠤᠶᠢᠯᠠᠯ ᠤᠳ ᠤᠨ ᠬᠤᠭᠤᠷᠤᠨᠳᠤ ᠪᠠᠨ ᠡᠳ᠋ ᠬᠥᠷᠥᠩᠭᠡ ᠪᠠᠨ ᠲᠠᠬᠢᠨ ᠨᠡᠶᠢᠯᠡᠭᠦᠯᠬᠦ᠂ ᠰᠲ᠋ᠣᠺ ᠤᠨ ᠡᠷᠭᠡ ᠶᠢᠨ | ᠬᠠᠮᠲᠤᠷᠠᠯᠴᠠᠭ᠎ᠠ᠂ ᠡᠳ᠋ ᠬᠥᠷᠥᠩᠭᠡ ᠪᠠᠨ ᠰᠤᠯᠢᠯᠴᠠᠬᠤ᠂ ᠲᠥᠯᠥᠪᠥᠷᠢ ᠥᠭᠡᠢ ᠰᠠᠯᠭᠠᠨ ᠰᠢᠯᠵᠢᠭᠦᠯᠬᠦ᠂ ᠪᠠᠶᠢᠯᠳᠤᠬᠤ | ᠪᠤᠳᠤᠯᠭ᠎ᠠ ᠶᠢᠨ ᠬᠤᠯᠪᠤᠭᠠᠯᠠᠯ᠂ ᠬᠠᠮᠲᠤᠷᠠᠨ ᠨᠡᠭᠡᠭᠡᠨ ᠬᠥᠭᠵᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠬᠢ | ᠪᠠᠶᠠᠯᠢᠭ ᠢ ᠳᠠᠪᠠᠭᠤᠯᠢᠭ ᠠᠵᠤ ᠠᠬᠤᠶᠢᠯᠠᠯ ᠲᠡᠰᠢ ᠲᠥᠪᠯᠡᠷᠡᠭᠦᠯᠬᠦ᠂ ᠳᠠᠪᠠᠭᠤᠯᠢᠭ ᠠᠵᠤ ᠠᠬᠤᠶᠢᠯᠠᠯ ᠤᠨ ᠭᠤᠤᠯ | ᠥᠢᠯᠡᠰ ᠲᠡᠰᠢ ᠲᠥᠪᠯᠡᠷᠡᠭᠦᠯᠬᠦ ᠶᠢ ᠳᠡᠮᠵᠢᠨ᠎ᠡ︔ ᠴᠠᠬᠢᠯᠭᠠᠨ ᠬᠥᠴᠥ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ ᠵᠡᠷᠭᠡ | ᠭᠥᠷᠢᠶ᠎ᠡ ᠬᠡᠪᠴᠢᠶ᠎ᠡ ᠶᠢᠨ ᠬᠠᠮᠢᠶ᠎ᠠ ᠪᠥᠬᠦᠢ ᠤᠷᠤᠨ ᠤ ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ | ᠠᠬᠤᠶᠢᠯᠠᠯ ᠤᠨ ᠬᠠᠮᠲᠤᠪᠠᠷ ᠪᠡᠯᠡ ᠭᠠᠷᠭᠠᠨ ᠬᠤᠪᠢᠴᠠᠭᠠᠲᠤ ᠳᠥᠷᠢᠮ ᠤᠨ ᠲᠤᠰᠬᠠᠶᠢᠵᠢᠭᠰᠠᠨ ᠲᠠᠪᠴᠠᠩ | ᠪᠠᠶᠢᠭᠤᠯᠬᠤ ᠶᠢ ᠳᠡᠮᠵᠢᠨ᠂ ᠰᠢᠨ᠎ᠡ ᠮᠡᠷᠭᠡᠵᠢᠯ᠂ ᠰᠢᠨ᠎ᠡ ᠦᠢᠯᠡᠳᠬᠦᠨ᠂ ᠰᠢᠨ᠎ᠡ ᠵᠠᠬ᠎ᠠ ᠳᠡᠯᠭᠡᠭᠦᠷ ᠢ ᠬᠠᠮᠲᠤᠷᠠᠨ | ᠨᠡᠭᠡᠭᠡᠨ ᠬᠥᠭᠵᠢᠭᠦᠯᠬᠦ ᠶᠢ ᠪᠡᠶᠡᠯᠡᠭᠦᠯᠥᠨ᠎ᠡ︔ ᠭᠠᠵᠠᠷ ᠰᠢᠷᠤᠢ᠂ ᠠᠭᠤᠷᠬᠠᠢ ᠶᠢᠨ ᠭᠠᠷᠤᠯᠲᠠ᠂ ᠤᠰᠤᠨ ᠤ ᠡᠬᠢ | ᠰᠤᠷᠪᠤᠯᠵᠢ᠂ ᠵᠢᠭᠤᠯᠴᠢᠯᠠᠯ᠂ ᠲᠠᠷᠢᠶᠠᠯᠠᠩ ᠮᠠᠯ ᠠᠵᠤ ᠠᠬᠤᠢ ᠵᠡᠷᠭᠡ ᠤᠯᠤᠰ ᠤᠨ ᠥᠮᠴᠢᠯᠡᠯᠲᠥ ᠡᠬᠢ ᠪᠠᠶᠠᠯᠢᠭ ᠤᠨ | ᠬᠦᠷᠦᠩᠭᠡ ᠮᠥᠩᠭᠦ ᠶᠢ ᠵᠥᠢ ᠵᠤᠬᠢᠰᠲᠡᠢ ᠡᠷᠭᠢᠯᠳᠦᠭᠦᠯᠦᠨ ᠲᠤᠬᠢᠷᠠᠭᠤᠯᠤᠯᠲᠠ ᠶᠢ ᠰᠢᠯᠢᠳᠡᠭᠵᠢᠬᠦᠯᠭᠦ ᠶᠢ ᠠᠬᠢᠭᠤᠯᠤᠨ᠂ | ᠡᠬᠢ ᠪᠠᠶᠠᠯᠢᠭ ᠢ ᠲᠤᠬᠢᠷᠠᠭᠤᠯᠬᠤ ᠥᠷ᠎ᠡ ᠪᠥᠲᠥᠮᠵᠢ ᠶᠢ ᠳᠡᠭᠡᠭᠰᠢᠯᠡᠭᠦᠯᠥᠨ᠎ᠡ᠃ ᠤᠷᠤᠨ ᠤ ᠬᠠᠷᠢᠶ᠎ᠠ ᠪᠥᠬᠦᠢ | ᠤᠯᠤᠰ ᠤᠨ ᠥᠮᠴᠢᠯᠡᠯᠲᠥ ᠠᠵᠤ ᠠᠬᠤᠶᠢᠯᠠᠯ ᠤᠨ ᠳᠤᠳᠤᠭᠠᠲᠤ ᠶᠢᠨ ᠡᠬᠢ ᠪᠠᠶᠠᠯᠢᠭ ᠤᠨ ᠡᠮᠬᠢᠯᠡᠭᠡ ᠶᠢ ᠲᠥᠯᠬᠢᠨ | ᠠᠬᠢᠭᠤᠯᠵᠤ᠂ ᠠᠵᠤ ᠠᠬᠤᠶᠢᠯᠠᠯ ᠤᠨ ᠬᠠᠮᠢᠶᠠᠷᠤᠯᠲᠠ ᠶᠢᠨ ᠳᠠᠪᠬᠤᠷᠭ᠎ᠠ ᠳᠠᠰ ᠢ ᠪᠠᠭᠠᠰᠬᠠᠬᠤ᠂ ᠬᠠᠤᠯᠢ ᠶᠢᠨ | ᠡᠷᠭᠡᠲᠡᠨ ᠤ ᠡᠷᠥᠬᠡ ᠶᠢᠨ ᠲᠤᠭ᠎ᠠ ᠶᠢ ᠬᠠᠰᠤᠵᠤ᠂ ᠭᠤᠷᠪᠠᠳᠤᠭᠠᠷ ᠲᠠᠰ ᠠᠴᠠ ᠳᠤᠷᠤᠭᠰᠢᠬᠢ ᠠᠵᠤ ᠠᠬᠤᠶᠢᠯᠠᠯ ᠢ | ᠢᠯᠭᠠᠷᠠᠭᠤᠯᠤᠨ ᠡᠮᠬᠢᠯᠡᠵᠤ᠂ ᠬᠠᠮᠢᠶᠠᠷᠤᠨ ᠡᠷᠬᠡᠰᠢᠶᠡᠬᠦ ᠵᠠᠭᠪᠤᠷ ᠬᠢᠬᠡᠳ ᠵᠤᠬᠢᠶᠠᠨ ᠪᠠᠶᠢᠭᠤᠯᠤᠯᠳᠠ ᠶᠢᠨ | ᠪᠦᠷᠢᠯᠳᠦᠴᠡ ᠶᠢ ᠲᠤᠬᠢᠷᠠᠭᠤᠯᠬᠤ ᠪᠠ ᠴᠤᠪᠤᠷᠠᠯ ᠢ ᠳᠠᠬᠢᠨ ᠡᠭᠦᠳᠬᠦ ᠶᠢ ᠠᠬᠢᠭᠤᠯᠤᠨ᠂ ᠠᠵᠤ ᠠᠬᠤᠶᠢᠯᠠᠯ ᠤᠨ | ᠠᠵᠢᠯᠯᠠᠭᠠᠨ ᠤ ᠥᠷ᠎ᠡ ᠠᠰᠢᠭ ᠪᠡ ᠬᠥᠭᠵᠢᠯᠲᠡ ᠶᠢᠨ ᠠᠮᠢᠵᠢᠷᠠᠯ ᠤᠨ ᠬᠥᠴᠥᠨ ᠢ ᠳᠡᠭᠡᠭᠰᠢᠯᠡᠭᠦᠯᠥᠨ᠎ᠡ᠃ | ︵ᠳᠥᠷᠪᠡ︶ ᠤᠷᠤᠨ ᠤ ᠬᠠᠷᠢᠶ᠎ᠡ ᠪᠥᠬᠦᠢ ᠤᠯᠤᠰ ᠤᠨ ᠥᠮᠴᠢᠯᠡᠯᠲᠥ ᠠᠵᠤ ᠠᠬᠤᠶᠢᠯᠠᠯ ᠢ ᠴᠠᠭ | ᠲᠤᠬᠠᠢ ᠳᠤᠨᠢ ᠢᠯᠭᠠᠷᠠᠭᠤᠯᠤᠨ ᠪᠤᠴᠠᠭᠠᠨ ᠭᠠᠷᠭᠠᠬᠤ ᠶᠢ ᠲᠥᠯᠬᠢᠨ ᠠᠬᠢᠭᠤᠯᠤᠨ᠎ᠠ᠃ ᠥᠯᠡᠭᠦᠥ ᠦᠢᠯᠡᠳᠪᠦᠷᠢᠯᠡᠯ ᠤᠨ | ᠴᠢᠳᠠᠪᠤᠷᠢ ᠶᠢ ᠶᠡᠬᠡᠪᠡᠷ ᠪᠠᠭᠠᠰᠬᠠᠨ᠂ ᠬᠡᠮᠵᠢᠶ᠎ᠡ ᠶᠢ ᠨᠢ ᠪᠠᠭᠠᠰᠬᠠᠨ ᠰᠤᠯᠢᠬᠤ ᠵᠠᠷᠴᠢᠮ ᠢᠶᠠᠷ ᠰᠢᠨ᠎ᠡ ᠪᠠᠷ ᠨᠡᠮᠡᠭᠳᠡᠬᠦ | ᠦᠢᠯᠡᠳᠪᠦᠷᠢᠯᠡᠯ ᠤᠨ ᠴᠢᠳᠠᠪᠤᠷᠢ ᠶᠢᠨ ᠲᠥᠷᠥᠯ ᠵᠥᠢᠯ ᠤᠨ ᠪᠡᠯᠡ ᠤᠷᠤᠭᠤᠯᠤᠯᠲᠠ ᠶᠢ ᠴᠢᠩᠭ᠎ᠠ ᠡᠵᠡᠮᠳᠡᠨ᠎ᠡ︔ | ᠥᠭᠴᠦᠭᠡ ᠶᠡᠬᠡᠲᠡᠢ ᠠᠵᠤ ᠠᠬᠤᠶᠢᠯᠠᠯ ᠳᠤ ᠪᠤᠯ᠂ ᠡᠳ᠋ ᠬᠥᠷᠥᠩᠭᠡ ᠶᠢᠨ ᠥᠨᠳᠥᠷ ᠥᠭᠴᠢᠭᠡᠲᠥ ᠨᠤᠷᠮ᠎ᠡ ᠶᠢ | ᠬᠡᠷᠡᠭᠵᠢᠬᠦᠯᠬᠦ ᠥᠭᠡᠢ ᠵᠠᠷᠴᠢᠮ ᠢᠶᠠᠷ ᠪᠡᠯᠡ ᠤᠷᠤᠭᠤᠯᠤᠯᠲᠠ ᠶᠢᠨ ᠬᠡᠪᠴᠢᠶ᠎ᠡ ᠶᠢ ᠴᠢᠩᠭ᠎ᠠ ᠡᠵᠡᠮᠳᠡᠨ᠎ᠡ᠃ ᠤᠷᠲᠤ | ᠬᠤᠭᠤᠴᠠᠭ᠎ᠠ ᠪᠠᠷ ᠠᠯᠳᠠᠭᠳᠠᠯ ᠲᠠᠢ ᠪᠡ ᠠᠯᠳᠠᠭᠳᠠᠯ ᠢᠶᠠᠨ ᠡᠷᠬᠢᠭᠦᠯᠬᠦ ᠪᠤᠯᠤᠯᠴᠠᠭ᠎ᠠ ᠥᠭᠡᠢ ᠠᠵᠤ ᠠᠬᠤᠶᠢᠯᠠᠯ ᠪᠤᠶᠤ | ᠥᠷ᠎ᠡ ᠠᠰᠢᠭ ᠢᠶᠠᠷ ᠲᠤᠤᠷ᠎ᠠ ᠪᠠ ᠥᠷ᠎ᠡ ᠠᠰᠢᠭ ᠥᠭᠡᠢ ᠡᠳ᠋ ᠬᠥᠷᠥᠩᠭᠡ ᠶᠢ ᠢᠯᠭᠠᠷᠠᠭᠤᠯᠬᠤ ᠡᠷᠴᠢᠮ ᠢ | ᠨᠡᠮᠡᠭᠳᠡᠭᠦᠯᠥᠨ᠂ ᠡᠳ᠋ ᠬᠥᠷᠥᠩᠭᠡ ᠶᠢ ᠲᠠᠬᠢᠨ ᠪᠠᠶᠢᠭᠤᠯᠬᠤ᠂ ᠲᠠᠮᠫᠤᠷᠠᠯ ᠢ ᠳᠠᠭᠤᠰᠬᠠᠨ ᠪᠤᠳᠤᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠥᠷᠭᠦᠯᠵᠢᠯᠡᠨ ᠠᠯᠳᠠᠭᠳᠠᠯ ᠲᠠᠢ ᠮᠥᠷᠲᠡᠭᠡᠨ ᠪᠠᠶᠢᠷᠢᠰᠢᠭᠤᠯᠤᠯ ᠤᠨ ᠪᠥᠲᠥᠴᠡ ᠶᠢᠨ | ᠲᠤᠬᠢᠷᠠᠭᠤᠯᠤᠯᠲᠠ ᠬᠢᠬᠦ ᠬᠠᠨᠳᠤᠰᠢ ᠳᠤ ᠨᠡᠶᠢᠴᠡᠬᠦ ᠥᠭᠡᠢ ᠠᠵᠤ ᠠᠬᠤᠶᠢᠯᠠᠯ ᠢ ᠪᠤᠴᠠᠭᠠᠨ ᠭᠠᠷᠭᠠᠬᠤ ᠠᠰᠠᠭᠤᠳᠠᠯ ᠢ | ᠰᠢᠢᠳᠪᠥᠷᠢᠯᠡᠨ᠎ᠡ︔ ᠦᠮᠴᠢᠯᠡᠬᠦ ᠡᠷᠭᠡ ᠶᠢ ᠰᠢᠯᠵᠢᠭᠦᠯᠬᠦ᠂ ᠡᠳ᠋ ᠬᠥᠷᠥᠩᠭᠡ ᠶᠢ ᠪᠡᠯᠡᠨ ᠮᠥᠩᠬᠦ ᠪᠠᠷ ᠬᠤᠪᠢᠷᠠᠭᠤᠯᠬᠤ᠂ | ᠲᠥᠯᠥᠪᠥᠷᠢ ᠥᠭᠡᠢ ᠰᠠᠯᠭᠠᠨ ᠰᠢᠯᠵᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠷ᠎ᠡ ᠠᠰᠢᠭ ᠥᠭᠡᠢ | ᠮᠥᠷᠲᠡᠭᠡᠨ ᠬᠤᠶᠢᠰᠢᠳᠠ ᠥᠢᠯᠡᠳᠪᠥᠷᠢᠯᠡᠨ ᠡᠵᠡᠩᠨᠡᠬᠦ ᠳᠤ ᠰᠠᠶᠢᠵᠢᠷᠠᠬᠤ ᠬᠠᠨᠳᠤᠰᠢ ᠦᠭᠡᠢ ᠥᠷ᠎ᠡ ᠠᠰᠢᠭ ᠢᠶᠠᠷ | ᠲᠤᠤᠷ᠎ᠠ ᠪᠤᠶᠤ ᠥᠷ᠎ᠡ ᠠᠰᠢᠭ ᠥᠭᠡᠢ ᠡᠳ᠋ ᠬᠥᠷᠥᠩᠭᠡ ᠶᠢ ᠰᠢᠢᠳᠪᠥᠷᠢᠯᠡᠨ᠎ᠡ᠃ ︽ᠥᠭᠦᠰᠢᠷᠡᠮᠡᠯ ᠠᠵᠤ ᠠᠬᠤᠶᠢᠯᠠᠯ︾ | ᠢ ᠰᠢᠢᠳᠪᠥᠷᠢᠡᠯᠬᠦ ᠡᠷᠴᠢᠮ ᠢᠶᠠᠨ ᠴᠢᠩᠭᠠᠷᠠᠭᠤᠯᠤᠨ᠂ 2018 ᠤᠨ ᠤ ᠵᠢᠯ ᠤᠨ ᠰᠡᠭᠦᠯᠴᠢ ᠪᠤᠯᠲᠠᠯ᠎ᠠ᠂ ᠤᠷᠤᠨ ᠤ | ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ ᠠᠬᠤᠶᠢᠯᠠᠯ ᠵᠢᠴᠢ ᠲᠡᠳᠡᠭᠡᠷ ᠤᠨ ᠬᠠᠷᠢᠶᠠᠲᠥ ︽ᠥᠭᠦᠰᠢᠷᠡᠮᠡᠯ | ᠠᠵᠤ ᠠᠬᠤᠶᠢᠯᠠᠯ︾ ᠢ ᠰᠢᠢᠳᠪᠥᠷᠢᠯᠡᠭᠦ ᠠᠵᠢᠯ ᠢ ᠴᠢᠷᠮᠠᠶᠢᠨ ᠪᠡᠶᠡᠯᠡᠭᠦᠯᠥᠨ᠎ᠡ᠃ ᠬᠥᠭᠵᠢᠯᠲᠡ ᠶᠢᠨ ᠳᠠᠪᠠᠭᠤᠯᠢᠭ ᠥᠭᠡᠢ | ᠡᠵᠡᠭᠨᠡᠯᠲᠡ ᠶᠢᠨ ᠭᠤᠤᠯ ᠪᠤᠰᠤ ᠲᠤᠬᠠᠶᠢᠯᠠᠭᠰᠠᠨ ᠠᠵᠢᠯ ᠢ ᠪᠤᠴᠠᠭᠠᠨ ᠭᠠᠷᠭᠠᠵᠤ᠂ ᠠᠵᠤ ᠠᠬᠤᠶᠢᠯᠠᠯ ᠤᠨ ᠭᠤᠤᠯ | ᠦᠢᠯᠡᠰ ᠯᠦᠭᠡ ᠬᠠᠷᠢᠯᠴᠠᠨ ᠨᠥᠬᠦᠪᠥᠷᠢᠯᠡᠬᠦ ᠴᠢᠨᠠᠷ᠂ ᠬᠠᠮᠵᠢᠯᠴᠠᠬᠤ ᠴᠢᠨᠠᠷ ᠥᠬᠡᠢ ᠥᠷ᠎ᠡ ᠠᠰᠢᠭ ᠢᠶᠠᠷ ᠳᠣᠣᠷ᠎ᠠ | ᠲᠤᠬᠠᠶᠢᠯᠠᠭᠰᠠᠨ ᠠᠵᠢᠯ ᠪᠡ ᠡᠳ᠋ ᠬᠥᠷᠥᠩᠭᠡ ᠳᠠᠬᠢ ᠢᠯᠭᠠᠷᠠᠭᠤᠯᠤᠨ ᠪᠤᠴᠠᠭᠠᠨ ᠭᠠᠷᠭᠠᠬᠤ ᠡᠷᠴᠢᠮ ᠢᠶᠠᠨ | ᠴᠢᠩᠭᠠᠷᠠᠭᠤᠯᠤᠨ᠂ ᠤᠯᠤᠰ ᠤᠨ ᠥᠮᠴᠢᠯᠡᠯᠲᠥ ᠡᠳ᠋ ᠬᠥᠷᠥᠩᠬᠡ ᠶᠢᠨ ᠬᠡᠯᠪᠡᠷᠢ ᠶᠢ ᠬᠤᠪᠢᠷᠠᠭᠤᠯᠬᠤ ᠶᠢ ᠪᠡᠶᠡᠯᠡᠭᠦᠯᠵᠤ᠂ | ᠪᠡᠯᠡᠨ ᠮᠥᠩᠭᠦ ᠪᠠᠷ ᠬᠤᠪᠢᠷᠠᠭᠤᠯᠤᠭᠰᠠᠨ ᠤᠯᠤᠰ ᠤᠨ ᠦᠮᠴᠢᠯᠡᠯᠲᠦ ᠬᠥᠷᠥᠩᠭᠡ ᠶᠢ ᠬᠤᠯᠪᠤᠭᠳᠠᠯ ᠪᠥᠬᠦᠢ | ᠱᠠᠭᠠᠷᠳᠠᠯᠭ᠎ᠠ ᠶᠤᠰᠤᠭᠠᠷ ᠠᠵᠢᠯᠲᠠᠨ ᠠᠵᠢᠯᠴᠢᠨ ᠢ ᠲᠤᠬᠢᠷᠠᠭᠤᠯᠬᠤ᠂ ᠲᠡᠤᠬᠡ ᠶᠢᠨ ᠥᠯᠡᠳᠡᠭᠳᠡᠯ ᠠᠰᠠᠭᠤᠳᠠᠯ ᠢ | ᠰᠢᠢᠳᠪᠥᠷᠢᠯᠡᠬᠦ ᠳᠤ ᠬᠡᠷᠡᠭᠯᠡᠬᠦ ᠠᠴᠠ ᠭᠠᠳᠠᠨ᠎ᠠ᠂ ᠤᠯᠤᠰ ᠤᠨ ᠥᠮᠴᠢᠯᠡᠯᠲᠥ ᠭᠥᠷᠥᠩᠭᠡ ᠶᠢᠨ ᠲᠥᠪᠯᠡᠷᠡᠬᠦ ᠳᠤ ᠨᠡᠩ | ᠬᠡᠷᠡᠭᠴᠡᠭᠡ ᠪᠦᠬᠦᠢ ᠬᠥᠷᠢᠶ᠎ᠡ ᠴᠠᠷᠠᠭ᠎ᠠ ᠪᠡ ᠠᠵᠢᠯ ᠲᠥᠷᠥᠯ ᠳᠤ ᠲᠥᠪᠯᠡᠷᠡᠭᠦᠯᠥᠨ ᠤᠷᠤᠭᠤᠯᠤᠨ᠎ᠠ᠃ ᠠᠵᠤ | ᠠᠬᠤᠶᠢᠯᠠᠯ ᠤᠨ ᠨᠡᠶᠢᠭᠡᠮ ᠤᠨ ᠦᠢᠯᠡᠰ ᠡᠷᠬᠢᠯᠡᠬᠦ ᠡᠭᠦᠷᠭᠡ ᠴᠢᠳᠠᠪᠬᠢ ᠶᠢ ᠰᠠᠯᠭᠠᠬᠤ ᠪᠡ ᠲᠡᠤᠬᠡ ᠶᠢᠨ ᠥᠯᠡᠳᠡᠭᠳᠡᠯ | ᠠᠰᠠᠭᠤᠳᠠᠯ ᠢ ᠰᠢᠢᠳᠪᠦᠷᠢᠯᠡᠬᠦ ᠶᠢ ᠲᠦᠷᠭᠡᠳᠬᠡᠵᠦ᠂ ᠤᠷᠤᠨ ᠤ ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ | ᠠᠬᠤᠶᠢᠯᠠᠯ ᠤᠨ ᠠᠵᠢᠯᠲᠠᠨ ᠠᠵᠢᠯᠴᠢᠨ ᠤ ᠬᠡᠷ ᠪᠦᠯᠢᠳᠡᠨ ᠤ ᠲᠤᠭᠤᠷᠢᠭ ᠤᠨ ︽ᠭᠤᠷᠪᠠ ᠶᠢ ᠬᠠᠩᠭᠠᠬᠤ ᠪᠡ ᠨᠢᠭᠡ | ᠠᠳᠠᠯ ᠠᠬᠤᠢ︾ ᠶᠢ ᠴᠠᠭ ᠲᠤᠬᠠᠢ ᠳᠤᠨᠢ ᠰᠠᠯᠭᠠᠨ ᠲᠤᠰᠢᠶᠠᠵᠤ᠂ ᠨᠡᠶᠢᠭᠡᠮᠴᠢᠯᠡᠭᠰᠡᠨ ᠬᠠᠮᠢᠶᠠᠷᠤᠯᠲᠠ ᠶᠢ | ᠪᠡᠶᠡᠯᠡᠭᠦᠯᠥᠨ᠎ᠡ︔ ᠤᠷᠤᠨ ᠤ ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ ᠠᠬᠤᠶᠢᠯᠠᠯ ᠤᠨ ᠡᠷᠬᠢᠯᠡᠭᠰᠡᠨ | ᠡᠮᠴᠢᠯᠡᠭᠡ᠂ ᠰᠤᠷᠭᠠᠨ ᠬᠥᠮᠥᠵᠢᠯ᠂ ᠬᠤᠲᠠ ᠶᠢᠨ ᠶᠠᠪᠤᠳᠠᠯ᠂ ᠭᠠᠯ ᠰᠡᠷᠭᠡᠶᠢᠯᠡᠯᠲᠡ᠂ ᠨᠡᠶᠢᠭᠡᠮ ᠲᠤᠭᠤᠷᠢᠭ ᠤᠨ | ᠬᠠᠮᠢᠶᠠᠷᠤᠯᠲᠠ ᠵᠡᠷᠭᠡ ᠤᠯᠠᠨ ᠨᠡᠶᠢᠲᠡ ᠶᠢᠨ ᠥᠢᠯᠡᠴᠢᠯᠡᠭᠡᠨ ᠤ ᠪᠠᠶᠢᠭᠤᠯᠤᠮᠵᠢ ᠳᠤ ᠪᠣᠯ᠂ ᠤᠯᠠᠨ ᠵᠥᠢᠯ ᠤᠨ ᠠᠷᠭ᠎ᠠ | ᠮᠠᠶ᠋ᠢᠭ ᠢ ᠠᠪᠴᠤ ᠲᠥᠷᠥᠯ ᠬᠤᠪᠢᠶᠠᠨ ᠰᠠᠯᠭᠠᠨ᠎ᠠ︔ ᠤᠷᠤᠨ ᠤ ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ | ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠲᠤ ᠨᠡᠶᠢᠭᠡᠮᠴᠢᠯᠡᠭᠰᠡᠨ ᠬᠠᠮᠢᠶᠠᠷᠤᠯᠲᠠ ᠶᠢ ᠨᠢᠭᠡᠳᠥᠯᠲᠡᠢ | ᠬᠡᠷᠡᠭᠵᠢᠭᠦᠯᠥᠨ᠎ᠡ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ | ᠤᠷᠤᠨ᠂ ᠡᠯ᠎ᠡ ᠰᠠᠯᠠᠭ᠎ᠠ ᠮᠥᠴᠢᠷ ᠤᠳ ᠤᠷᠤᠨ ᠤ ᠬᠠᠷᠢᠶ᠎ᠠ ᠪᠥᠬᠦᠢ ᠤᠯᠤᠰ ᠤᠨ ᠦᠮᠴᠢᠯᠡᠯᠲᠦ ᠠᠵᠤ | ᠠᠬᠤᠶᠢᠯᠠᠯ ᠤᠨ ᠪᠠᠶᠢᠷᠢᠰᠢᠭᠤᠯᠤᠯ ᠤᠨ ᠪᠦᠲᠦᠴᠡ ᠶᠢ ᠰᠢᠯᠢᠳᠡᠭᠵᠢᠭᠦᠯᠬᠦ ᠨᠢ ᠪᠥᠬᠦ ᠤᠷᠤᠨ ᠤ ᠠᠵᠤ ᠠᠬᠤᠢ ᠶᠢᠨ | ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠬᠤ ᠶᠢᠨ ᠴᠢᠬᠤᠯᠠ ᠴᠢᠨᠠᠷ ᠤᠨ ᠲᠤᠬᠠᠢ ᠲᠠᠨᠢᠯᠲᠠ ᠪᠠᠨ | ᠤᠯᠠᠮ ᠨᠢᠭᠡ ᠠᠯᠬᠤᠮ ᠳᠡᠭᠡᠭᠰᠢᠯᠡᠭᠦᠯᠵᠥ᠂ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠥᠨᠡᠨᠬᠦ | ᠴᠢᠩᠭᠠᠳᠬᠠᠨ᠂ ᠡᠭᠦᠷᠭᠡ ᠠᠵᠢᠯ ᠤᠨ ᠬᠤᠪᠢᠶᠠᠷᠢᠯᠠᠯ ᠢᠶᠠᠨ ᠲᠤᠳᠤᠷᠬᠠᠶᠢᠯᠠᠨ᠂ ᠠᠵᠢᠯ ᠤᠨ ᠬᠠᠷᠢᠭᠤᠴᠠᠯᠭ᠎ᠠ ᠪᠠᠨ | ᠨᠠᠶᠢᠳᠠᠪᠤᠷᠢᠵᠢᠭᠤᠯᠵᠤ᠂ ᠪᠥᠲᠥᠮᠵᠢᠲᠡᠢ ᠠᠷᠭ᠎ᠠ ᠬᠡᠮᠵᠢᠶ᠎ᠡ ᠠᠪᠴᠥ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ | ᠥᠭᠡᠷᠡᠴᠢᠯᠡᠯᠲᠠ ᠶᠢ ᠢᠳᠡᠪᠬᠢᠲᠡᠢ ᠳᠡᠮᠵᠢᠬᠦ ᠬᠡᠷᠡᠭᠲᠡᠢ᠃ ᠥᠪᠡᠷᠲᠡᠭᠡᠨ ᠵᠠᠰᠠᠬᠤ ᠤᠷᠤᠨ ᠤ ᠤᠯᠤᠰ ᠤᠨ ᠦᠮᠴᠢᠯᠡᠯᠲᠦ | ᠡᠳ᠋ ᠬᠦᠷᠦᠩᠭᠡ ᠶᠢᠨ ᠵᠥᠪᠯᠡᠯ ᠨᠢ ᠬᠤᠯᠪᠣᠭᠳᠠᠯ ᠪᠥᠬᠦᠢ ᠰᠠᠯᠠᠭ᠎ᠠ ᠮᠥᠴᠢᠷ ᠲᠠᠢ ᠬᠠᠮᠲᠤᠷᠠᠨ ᠤᠷᠤᠨ ᠤ ᠬᠠᠷᠢᠶ᠎ᠠ | ᠪᠥᠬᠦᠢ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠪᠠᠶᠢᠷᠢᠰᠢᠭᠤᠯᠤᠯ ᠤᠨ ᠪᠥᠲᠥᠴᠡ ᠶᠢ ᠰᠢᠯᠢᠳᠡᠭᠵᠢᠭᠦᠯᠬᠦ | ᠪᠤᠳᠠᠳᠠᠢ ᠲᠦᠰᠦᠯ ᠢ ᠳᠤᠷᠠᠳᠤᠨ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠢᠶᠠᠷ | ᠵᠥᠪᠰᠢᠶᠡᠷᠡᠭᠦᠯᠥᠭᠰᠡᠨ ᠤ ᠳᠠᠷᠠᠭ᠎ᠠ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ ᠤᠷᠤᠨ ᠤ ᠬᠠᠷᠢᠶ᠎ᠠ ᠪᠥᠬᠦᠢ | ᠤᠯᠤᠰ ᠤᠨ ᠦᠮᠴᠢᠯᠡᠯᠲᠦ ᠠᠵᠤ ᠠᠬᠤᠶᠢᠯᠠᠯ ᠨᠢ ᠪᠤᠳᠠᠳᠠᠢ ᠲᠠᠢ ᠪᠠᠨ ᠤᠶᠠᠯᠳᠤᠭᠤᠯᠤᠨ ᠲᠤᠰ ᠠᠵᠤ ᠠᠬᠤᠶᠢᠯᠠᠯ ᠤᠨ | ᠪᠥᠲᠥᠴᠡ ᠶᠢ ᠲᠤᠬᠢᠷᠠᠭᠤᠯᠬᠤ ᠪᠠ ᠲᠠᠬᠢᠨ ᠪᠠᠶᠢᠭᠤᠯᠬᠤ ᠪᠤᠳᠠᠳᠠᠢ ᠭᠡᠷᠡᠭᠵᠢᠭᠦᠯᠬᠦ ᠲᠥᠰᠥᠯ ᠢ ᠳᠤᠷᠠᠳᠤᠨ᠂ | ᠥᠪᠡᠷᠲᠡᠭᠡᠨ ᠵᠠᠰᠠᠬᠤ ᠤᠷᠤᠨ ᠤ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠵᠥᠪᠯᠡᠯ ᠳᠤ | ᠳᠠᠩᠰᠠᠯᠠᠭᠤᠯᠤᠭᠰᠠᠨ ᠤ ᠳᠠᠷᠠᠭ᠎ᠠ ᠵᠤᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ ᠡᠯ᠎ᠡ ᠬᠤᠯᠪᠣᠭᠳᠠᠯ ᠪᠥᠬᠦᠢ | ᠰᠠᠯᠠᠭ᠎ᠠ ᠮᠥᠴᠢᠷ ᠤᠳ ᠠᠵᠢᠯ ᠲᠥᠷᠥᠯ ᠤᠨ ᠵᠢᠯᠤᠭᠤᠳᠤᠯᠭ᠎ᠠ ᠪᠠᠨ ᠴᠢᠩᠭᠠᠳᠬᠠᠨ᠂ ᠤᠯᠤᠰ ᠤᠨ ᠦᠮᠴᠢᠯᠠᠯᠲᠦ ᠠᠵᠤ | ᠠᠬᠤᠶᠢᠯᠠᠯ ᠤᠨ ᠪᠠᠶᠢᠷᠢᠰᠢᠭᠤᠯᠤᠯ ᠤᠨ ᠪᠥᠲᠥᠴᠡ ᠶᠢ ᠲᠤᠬᠢᠷᠠᠭᠤᠯᠬᠤ ᠶᠢ ᠢᠳᠡᠪᠬᠢᠲᠡᠢ ᠳᠡᠮᠵᠢᠨ᠂ ᠤᠯᠤᠰ ᠤᠨ | ᠥᠮᠴᠢᠯᠡᠯᠲᠥ ᠭᠥᠷᠥᠩᠬᠡ ᠶᠢᠨ ᠠᠵᠢᠯ ᠲᠥᠷᠥᠯ ᠬᠤᠪᠢᠶᠠᠨ ᠤᠷᠤᠨ ᠪᠦᠰᠡ ᠬᠤᠪᠢᠶᠠᠨ ᠪᠠᠶᠢᠷᠢᠰᠢᠭᠤᠯᠬᠤ ᠪᠤᠲᠠᠲᠠᠢ | ᠱᠠᠭᠠᠷᠳᠠᠯᠭ᠎ᠠ ᠶᠢ ᠲᠤᠳᠤᠷᠬᠠᠶᠢᠯᠠᠵᠤ᠂ ᠵᠠᠬ᠎ᠠ ᠳᠡᠯᠭᠡᠭᠦᠷ ᠤᠨ ᠲᠥᠪ ᠭᠤᠣᠯᠴᠢ ᠪᠠᠷ ᠥᠷᠢᠰᠥᠯᠳᠥᠬᠦ ᠡᠮᠬᠢ | ᠵᠠᠮᠪᠠᠷᠠᠭ᠎ᠠ ᠶᠢ ᠬᠠᠮᠠᠭᠠᠯᠠᠨ᠂ ᠡᠯ᠎ᠡ ᠵᠦᠢᠯ ᠤᠨ ᠠᠵᠢᠯ ᠤᠨ ᠪᠤᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ | ︵ᠬᠤᠶᠠᠷ︶ ᠥᠭᠡᠷᠡᠴᠢᠯᠡᠯᠲᠠ ᠶᠢ ᠪᠥᠬᠦ ᠲᠠᠯ᠎ᠡ ᠪᠠᠷ ᠭᠦᠨᠵᠡᠭᠡᠶᠢᠷᠡᠭᠦᠯᠬᠦ ᠬᠡᠷᠡᠭᠲᠡᠢ᠃ ᠡᠯ᠎ᠡ ᠱᠠᠲᠤᠨ ᠤ | ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠨᠤᠭᠤᠳ ᠬᠥᠷᠥᠩᠭᠡ | ᠬᠠᠮᠢᠶᠠᠷᠬᠤ ᠪᠠᠷ ᠭᠤᠤᠯ ᠪᠤᠯᠭᠠᠨ ᠡᠭᠦᠷᠭᠡ ᠴᠢᠳᠠᠪᠬᠢ ᠪᠠᠨ ᠬᠤᠪᠢᠷᠠᠭᠤᠯᠬᠤ ᠶᠢ ᠲᠥᠷᠭᠡᠳᠬᠡᠨ᠂ ᠪᠡᠯᠡ | ᠤᠷᠤᠭᠤᠯᠤᠭᠰᠠᠨ ᠬᠥᠮᠥᠨ ᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠤᠰᠤᠭᠠᠷ ᠭᠦᠢᠴᠡᠳᠬᠡᠬᠦ ᠤᠷᠤᠨ ᠪᠠᠶᠢᠷᠢ ᠶᠢᠨ | ᠲᠤᠭᠲᠠᠭᠠᠯᠲᠠ ᠶᠢ ᠤᠨᠤᠪᠴᠢᠲᠡᠢ ᠡᠵᠡᠮᠰᠢᠵᠤ᠂ ᠤᠯᠤᠰ ᠤᠨ ᠥᠮᠴᠢᠯᠡᠯᠲᠥ ᠬᠥᠷᠥᠩᠭᠡ ᠶᠢᠨ ᠥᠮᠴᠢᠯᠡᠬᠦ ᠡᠷᠭᠡ ᠪᠠ | ᠡᠵᠡᠩᠨᠡᠬᠦ ᠡᠷᠭᠡ ᠶᠢᠨ ᠵᠠᠭᠠᠭ ᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠵᠤ᠂ ᠬᠢᠨᠠᠨ ᠬᠠᠮᠢᠶᠠᠷᠬᠤ | ᠡᠷᠭᠡ ᠶᠢᠨ ᠨᠠᠷᠢᠨ ᠬᠠᠭᠤᠳᠠᠰᠤ ᠪᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠳᠡᠭᠦᠯᠳᠡᠷᠵᠢᠭᠦᠯᠬᠦ ᠬᠡᠷᠡᠭᠲᠡᠢ᠃ ︽ | ︿ᠥᠪᠡᠷᠲᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠨᠢᠭᠡᠴᠡ ᠶᠢᠨ ᠬᠠᠷᠢᠶ᠎ᠠ ᠪᠥᠬᠦᠢ ᠠᠵᠤ | ᠠᠬᠤᠶᠢᠯᠠᠯ ᠤᠨ ᠬᠠᠷᠢᠴᠠᠭ᠎ᠠ ᠬᠤᠯᠪᠤᠭ᠎ᠠ ᠪᠠᠨ ᠰᠠᠯᠭᠠᠬᠤ ᠥᠭᠡᠷᠡᠴᠢᠯᠡᠯᠲᠠ ᠪᠡ ᠡᠵᠡᠩᠨᠡᠯᠲᠡ ᠶᠢᠨ ᠴᠢᠨᠠᠷᠲᠠᠢ | ᠤᠯᠤᠰ ᠤᠨ ᠥᠮᠴᠢᠯᠡᠯᠲᠥ ᠡᠳ᠋ ᠭᠥᠷᠥᠩᠬᠡ ᠶᠢ ᠲᠥᠪᠯᠡᠷᠡᠭᠦᠯᠥᠨ ᠨᠢᠭᠡᠲᠥᠯᠲᠡᠢ ᠬᠢᠨᠠᠨ ᠬᠠᠮᠢᠶᠠᠷᠬᠤ ᠶᠢ ᠬᠡᠷᠡᠭᠵᠢᠭᠦᠯᠬᠦ | ᠲᠦᠰᠦᠯ﹀ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠠᠯᠪᠠᠨ ᠲᠢᠩᠬᠢᠮ ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ | ᠠᠯᠪᠠᠨ ᠲᠢᠩᠬᠢᠮ ᠤᠨ ᠮᠡᠳᠡᠭᠳᠡᠯ︾ ︵ᠲᠢᠩᠬᠢᠮ ᠲᠠᠷᠬᠠᠭᠠᠭᠰᠠᠨ ﹇2017﹈ 15 ᠳ᠋ᠤᠭᠠᠷ ᠲᠤᠭᠠᠲᠤ︶ ᠤᠨ ᠵᠤᠷᠢᠭ | ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠥᠪᠡᠷᠲᠡᠭᠡᠨ ᠵᠠᠰᠠᠬᠤ ᠤᠷᠤᠨ ᠤ ᠡᠵᠡᠩᠨᠡᠯᠲᠡ ᠶᠢᠨ ᠴᠢᠨᠠᠷᠲᠠᠢ | ᠤᠯᠤᠰ ᠤᠨ ᠥᠮᠴᠢᠯᠡᠯᠲᠥ ᠡᠳ᠋ ᠬᠥᠷᠥᠩᠬᠡ ᠶᠢ ᠲᠥᠪᠯᠡᠷᠡᠭᠦᠯᠥᠨ ᠨᠢᠭᠡᠳᠥᠯᠲᠡᠢ ᠬᠢᠨᠠᠨ ᠬᠠᠮᠢᠶᠠᠷᠬᠤ ᠶᠢ ᠶᠡᠭᠡᠪᠡᠷ | ᠠᠬᠢᠭᠤᠯᠵᠤ᠂ ᠤᠯᠤᠰ ᠤᠨ ᠥᠮᠴᠢᠯᠡᠯᠲᠥ ᠡᠳ᠋ ᠬᠥᠷᠥᠩᠬᠡ ᠶᠢᠨ ᠨᠡᠩ ᠶᠡᠭᠡ ᠬᠡᠪᠴᠢᠶ᠎ᠡ᠂ ᠨᠡᠩ ᠥᠷᠭᠡᠨ ᠭᠥᠷᠢᠶ᠎ᠡ | ᠴᠠᠷᠠᠭ᠎ᠠ ᠳᠤ ᠰᠢᠯᠢᠳᠡᠭᠵᠢᠭᠦᠯᠥᠨ ᠲᠤᠬᠢᠷᠠᠭᠤᠯᠬᠤ ᠶᠢ ᠠᠬᠢᠭᠤᠯᠬᠤ ᠬᠡᠷᠡᠭᠲᠡᠢ᠃ ᠬᠤᠯᠢᠮᠠᠭ ᠥᠮᠴᠢᠯᠡᠯᠳᠤ ᠠᠵᠤ | ᠠᠬᠤᠢ ᠶᠢ ᠬᠥᠭᠵᠢᠭᠦᠯᠥᠨ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠺᠤᠮᠫᠠᠨᠢ ᠶᠢᠨ ᠳᠥᠷᠢᠮᠲᠥ | ᠬᠤᠪᠢᠴᠠᠭᠠᠲᠥ ᠳᠥᠷᠢᠮᠲᠥ ᠥᠭᠡᠷᠡᠴᠢᠯᠡᠯᠲᠡ ᠶᠢ ᠠᠬᠢᠭᠤᠯᠤᠨ᠂ ᠪᠠᠶᠢᠯᠳᠤᠬᠤ ᠪᠤᠳᠤᠯᠭ᠎ᠠ ᠶᠢᠨ ᠬᠠᠮᠲᠤᠷᠠᠨ | ᠠᠵᠢᠯᠯᠠᠭᠴᠢ ᠶᠢ ᠲᠥᠷᠭᠡᠳᠬᠡᠨ ᠤᠷᠤᠭᠤᠯᠵᠤ᠂ ᠦᠮᠴᠢᠯᠡᠬᠦ ᠡᠷᠭᠡ ᠶᠢᠨ ᠶᠡᠭᠡ ᠠᠯᠭᠠᠰᠠᠯ ᠲᠠᠢ ᠲᠠᠬᠢᠨ ᠪᠠᠶᠢᠭᠤᠯᠬᠤ ᠶᠢ | ᠢᠳᠡᠪᠬᠢᠲᠡᠢ ᠠᠬᠢᠭᠤᠯᠤᠨ᠂ ᠤᠷᠤᠨ ᠤ ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ ᠠᠬᠤᠶᠢᠯᠠᠯ ᠬᠢᠬᠡᠳ | ᠲᠥᠪ ᠤᠨ ᠠᠵᠤ ᠠᠬᠤᠶᠢᠯᠠᠯ ᠵᠢᠴᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠰᠤᠯᠢᠪᠴᠡᠨ ᠬᠤᠪᠢ | ᠡᠵᠡᠮᠳᠡᠬᠦ ᠶᠢ ᠳᠡᠮᠵᠢᠬᠦ ᠬᠡᠷᠡᠭᠲᠡᠢ᠃ ᠤᠯᠤᠰ ᠤᠨ ᠥᠮᠴᠢᠯᠡᠯᠲᠥ ᠡᠳ᠋ ᠬᠥᠷᠥᠩᠭᠡ ᠶᠢᠨ ᠪᠡᠯᠡ ᠤᠷᠤᠭᠤᠯᠤᠯᠲᠠ ᠪᠠ | ᠡᠵᠡᠩᠨᠡᠬᠦ ᠺᠤᠮᠫᠠᠨᠢ ᠶᠢᠨ ᠴᠢᠳᠠᠪᠬᠢ ᠶᠢ ᠭᠥᠢᠴᠡᠳ ᠪᠠᠳᠠᠷᠠᠭᠤᠯᠤᠨ᠂ ᠤᠯᠤᠰ ᠤᠨ ᠥᠮᠴᠢᠯᠡᠯᠲᠥ ᠡᠳ᠋ ᠬᠥᠷᠥᠩᠭᠡ ᠶᠢᠨ | ᠵᠤᠬᠢᠰᠲᠠᠢ ᠡᠷᠭᠢᠯᠳᠥᠬᠦ ᠶᠢ ᠲᠥᠷᠭᠡᠳᠭᠡᠨ ᠠᠬᠢᠭᠤᠯᠵᠤ᠂ ᠤᠯᠤᠰ ᠤᠨ ᠥᠮᠴᠢᠯᠡᠯᠲᠥ ᠡᠳ᠋ ᠬᠥᠷᠥᠩᠭᠡ ᠶᠢᠨ | ᠡᠵᠡᠩᠨᠡᠯᠲᠡ ᠶᠢᠨ ᠥᠷ᠎ᠡ ᠪᠥᠲᠥᠮᠵᠢ ᠶᠢ ᠳᠡᠭᠡᠭᠰᠢᠯᠡᠭᠦᠯᠥᠨ᠂ ᠤᠯᠤᠰ ᠤᠨ ᠥᠮᠴᠢᠯᠡᠯᠲᠥ ᠬᠥᠷᠥᠩᠬᠡ ᠶᠢᠨ | ᠪᠠᠶᠢᠷᠢᠰᠢᠭᠤᠯᠤᠯ ᠤᠨ ᠪᠥᠲᠥᠴᠡ ᠶᠢ ᠰᠢᠯᠢᠳᠡᠭᠵᠢᠭᠦᠯᠬᠦ ᠶᠢ ᠨᠡᠩ ᠰᠠᠶᠢᠨ ᠢᠶᠠᠷ ᠠᠬᠢᠭᠤᠯᠬᠤ ᠬᠡᠷᠡᠭᠲᠡᠢ᠃ ᠤᠯᠤᠰ ᠤᠨ | ᠦᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠪᠣᠯᠪᠠᠰᠤᠷᠠᠭᠤᠯᠤᠯ ᠪᠠ ᠰᠤᠪᠢᠯᠠᠯᠲᠠ ᠶᠢᠨ | ᠪᠠᠶᠢᠭᠤᠯᠤᠮᠵᠢ ᠶᠢ ᠰᠠᠯᠭᠠᠬᠤ᠂ ᠡᠮᠬᠢᠯᠡᠨ ᠨᠡᠶᠢᠯᠡᠬᠦᠯᠬᠦ ᠶᠢ ᠲᠦᠷᠭᠡᠳᠬᠡᠨ ᠠᠬᠢᠭᠤᠯᠵᠤ᠂ ᠡᠵᠡᠩᠨᠡᠯᠲᠡ ᠶᠢᠨ ᠴᠢᠨᠠᠷᠲᠠᠶ | ᠤᠯᠤᠰ ᠤᠨ ᠦᠮᠴᠢᠯᠠᠯᠲᠦ ᠡᠳ᠋ ᠬᠦᠷᠦᠩᠭᠡ ᠶᠢ ᠰᠢᠯᠢᠳᠡᠭᠵᠢᠭᠦᠯᠦᠨ ᠲᠣᠬᠢᠷᠠᠭᠤᠯᠬᠤ ᠶᠢ ᠨᠢᠭᠡᠳᠦᠯᠲᠡᠢ ᠲᠥᠯᠥᠪᠯᠡᠬᠦ | ᠬᠡᠷᠡᠭᠲᠡᠢ᠃ ᠣᠷᠣᠨ ᠤ ᠬᠠᠷᠢᠶ᠎ᠠ ᠪᠦᠬᠦᠢ ᠤᠯᠤᠰ ᠤᠨ ᠦᠮᠴᠢᠯᠠᠯᠲᠦ ᠠᠵᠤ ᠠᠬᠤᠶᠢᠯᠠᠯ ᠤᠨ ᠭᠤᠣᠯ ᠠᠵᠢᠯ | ᠲᠦᠷᠤᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠠᠵᠤ ᠠᠬᠤᠶᠢᠯᠠᠯ ᠤᠨ ᠲᠥᠷᠥᠯ ᠢᠯᠭᠠᠯ ᠢ ᠣᠨᠣᠪᠴᠢᠲᠠᠢ | ᠰᠠᠯᠭᠠᠨ ᠬᠤᠪᠢᠶᠠᠵᠤ᠂ ᠲᠥᠷᠥᠯ ᠬᠤᠪᠢᠶᠠᠨ ᠥᠭᠡᠷᠡᠴᠢᠯᠡᠬᠦ᠂ ᠲᠥᠷᠥᠯ ᠬᠤᠪᠢᠶᠠᠨ ᠬᠥᠭᠵᠢᠭᠦᠯᠬᠦ᠂ ᠲᠦᠷᠦᠯ | ᠬᠤᠪᠢᠶᠠᠨ ᠬᠢᠨᠠᠨ ᠬᠠᠮᠢᠶᠠᠷᠬᠤ᠂ ᠲᠦᠷᠦᠯ ᠬᠤᠪᠢᠶᠠᠨ ᠰᠢᠯᠭᠠᠨ ᠬᠢᠨᠠᠬᠤ ᠶᠢ ᠲᠦᠷᠭᠡᠳᠬᠡᠨ ᠬᠡᠷᠡᠭᠵᠢᠭᠦᠯᠬᠦ | ᠬᠡᠷᠡᠭᠲᠡᠶ᠃ | ︵ᠭᠤᠷᠪᠠ︶ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠤᠷᠤᠨ ᠤ ᠡᠯ᠎ᠡ | ᠬᠤᠯᠪᠣᠭᠳᠠᠯ ᠪᠥᠬᠦᠢ ᠰᠠᠯᠠᠭ᠎ᠠ ᠮᠥᠴᠢᠷ ᠨᠢ ᠡᠳ᠋ ᠤᠨ ᠵᠠᠰᠠᠭ᠂ ᠮᠥᠩᠭᠦᠨ ᠭᠥᠢᠯᠭᠡᠭᠡ᠂ ᠴᠢᠳᠠᠪᠤᠷᠢᠲᠠᠨ᠂ ᠰᠢᠨᠵᠢᠯᠡᠬᠦ | ᠤᠬᠠᠭᠠᠨ ᠮᠡᠷᠭᠡᠵᠢᠯ᠂ ᠭᠠᠶᠢᠯᠢ ᠲᠠᠳᠠᠪᠤᠷᠢ ᠵᠡᠷᠭᠡ ᠲᠠᠯ᠎ᠠ ᠪᠠᠷ ᠬᠢ᠂ ᠤᠯᠤᠰ ᠤᠨ ᠥᠮᠴᠢᠯᠡᠯᠲᠥ ᠠᠵᠤ ᠠᠬᠤᠢ ᠶᠢᠨ | ᠪᠠᠶᠢᠷᠢᠰᠢᠭᠤᠯᠤᠯ ᠤᠨ ᠪᠥᠲᠥᠴᠡ ᠶᠢ ᠲᠤᠬᠢᠷᠠᠭᠤᠯᠬᠤ ᠪᠡ ᠤᠯᠤᠰ ᠤᠨ ᠥᠮᠴᠢᠯᠡᠯᠲᠥ ᠠᠵᠤ ᠠᠬᠤᠶᠢᠯᠠᠯ ᠤᠨ | ᠥᠭᠡᠷᠡᠴᠢᠯᠡᠯᠲᠠ ᠬᠥᠭᠵᠢᠯᠲᠡ ᠶᠢ ᠪᠤᠲᠠᠲᠠᠢ ᠳᠡᠮᠵᠢᠬᠦ ᠲᠥᠷᠥ ᠶᠢᠨ ᠪᠤᠳᠤᠯᠭ᠎ᠠ ᠶᠢ ᠰᠤᠳᠤᠯᠤᠨ ᠲᠣᠭᠲᠠᠭᠠᠬᠤ ᠬᠡᠷᠡᠭᠲᠡᠢ᠃ | ᠥᠪᠥᠷ ᠮᠤᠩᠭᠤᠯ ᠤᠨ ᠤᠯᠤᠰ ᠤᠨ ᠥᠮᠴᠢᠯᠡᠯᠲᠥ ᠠᠵᠤ ᠠᠬᠤᠶᠢᠯᠠᠯ ᠤᠨ ᠬᠡᠯᠪᠡᠷᠢ ᠶᠢ ᠬᠤᠪᠢᠷᠠᠭᠤᠯᠤᠨ ᠳᠠᠰ | ᠳᠡᠪᠰᠢᠭᠦᠯᠬᠦ ᠰᠠᠭᠤᠷᠢ ᠮᠥᠩᠬᠦ ᠶᠢᠨ ᠥᠢᠯᠡᠳᠥᠯ ᠢ ᠦᠨᠡᠨᠬᠦ ᠰᠠᠶᠢᠲᠤᠷ ᠪᠠᠳᠠᠷᠠᠭᠤᠯᠤᠨ᠂ ᠤᠯᠤᠰ ᠤᠨ ᠥᠮᠴᠢᠯᠡᠯᠲᠥ | ᠠᠵᠤ ᠠᠬᠤᠶᠢᠯᠠᠯ ᠤᠨ ᠪᠠᠶᠢᠷᠢᠰᠢᠭᠤᠯᠤᠯ ᠢ ᠰᠢᠯᠢᠳᠡᠭᠵᠢᠭᠦᠯᠬᠦ᠂ ᠪᠥᠲᠥᠴᠡ ᠶᠢ ᠲᠤᠬᠢᠷᠠᠭᠤᠯᠬᠤ᠂ ᠪᠠᠶᠢᠯᠳᠤᠬᠤ | ᠪᠤᠳᠤᠯᠭ᠎ᠠ ᠶᠢᠨ ᠴᠢᠨᠠᠷᠲᠠᠢ ᠲᠠᠬᠢᠨ ᠪᠠᠶᠢᠭᠤᠯᠬᠤ ᠶᠢ ᠲᠥᠷᠭᠡᠳᠬᠡᠨ ᠠᠬᠢᠭᠤᠯᠬᠤ ᠬᠡᠷᠡᠭᠲᠡᠢ᠃ ᠡᠯ᠎ᠡ ᠲᠥᠷᠥᠯ ᠤᠨ ᠠᠵᠤ | ᠦᠢᠯᠡᠰ ᠤᠨ ᠰᠠᠭᠤᠷᠢ ᠮᠥᠩᠬᠦ ᠶᠢᠨ ᠥᠢᠯᠡᠳᠥᠯ ᠢ ᠭᠥᠢᠴᠡᠳ ᠪᠠᠳᠠᠷᠠᠭᠤᠯᠤᠨ᠂ ᠤᠯᠠᠮᠵᠢᠯᠠᠯᠲᠤ ᠠᠵᠤ ᠥᠢᠯᠡᠰ ᠢ | ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠲᠥᠷᠭᠡᠳᠬᠡᠨ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠪᠣᠢ | ᠪᠣᠯᠣᠭᠰᠠᠨ ᠠᠵᠤ ᠥᠢᠯᠡᠰ ᠢ ᠲᠦᠷᠭᠡᠳᠬᠡᠨ ᠪᠤᠶᠢᠵᠢᠭᠤᠯᠬᠤ ᠬᠡᠷᠡᠭᠲᠡᠢ᠃ ᠴᠤᠭᠴᠠᠯᠠᠨ ᠪᠠᠶᠢᠭᠤᠯᠬᠤ ᠳᠤ ᠪᠡᠯᠡ | ᠤᠷᠤᠭᠤᠯᠬᠤ ᠡᠯ᠎ᠡ ᠲᠥᠷᠥᠯ ᠤᠨ ᠰᠠᠭᠤᠷᠢ ᠮᠥᠩᠬᠦ ᠪᠠ ᠥᠪᠡᠷᠲᠡᠭᠡᠨ ᠵᠠᠰᠠᠬᠤ ᠤᠷᠤᠨ ᠤ ᠴᠢᠬᠤᠯᠠ ᠶᠡᠭᠡ ᠰᠢᠨᠵᠢᠯᠡᠬᠦ | ᠤᠬᠠᠭᠠᠨ ᠮᠡᠷᠭᠡᠵᠢᠯ ᠤᠨ ᠲᠤᠰᠬᠠᠢ ᠲᠥᠷᠥᠯ ᠤᠨ ᠪᠡᠯᠡ ᠮᠥᠩᠬᠦ ᠶᠢ ᠭᠥᠢᠴᠡᠳ ᠰᠠᠶᠢᠲᠤᠷ ᠭᠡᠷᠡᠭᠯᠡᠨ᠂ ᠤᠷᠤᠨ ᠤ | ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠳᠡᠮᠵᠢᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠥᠷ᠎ᠡ ᠪᠥᠲᠥᠮᠵᠢ ᠶᠢ ᠤᠯᠠᠷᠢᠭᠤᠯᠬᠤ ᠪᠡ ᠰᠢᠨ᠎ᠡ ᠪᠠᠷ ᠪᠣᠢ ᠪᠣᠯᠣᠭᠰᠠᠨ ᠠᠵᠤ | ᠥᠢᠯᠡᠰ ᠢ ᠪᠤᠶᠢᠵᠢᠭᠤᠯᠬᠤ ᠶᠢ ᠠᠬᠢᠭᠤᠯᠬᠤ ᠬᠡᠷᠡᠭᠲᠡᠢ᠃ | ︵ᠳᠥᠷᠪᠡ︶ ᠶᠠᠷᠢᠶ᠎ᠡ ᠬᠡᠯᠡᠯᠴᠡᠭᠡ ᠶᠢᠨ ᠤᠬᠠᠭᠤᠯᠭ᠎ᠠ ᠶᠢ ᠴᠢᠩᠭᠠᠳᠬᠠᠬᠤ ᠭᠡᠷᠡᠭᠲᠡᠢ᠃ ᠥᠪᠡᠷᠲᠡᠭᠡᠨ ᠵᠠᠰᠠᠬᠤ | ᠤᠷᠤᠨ ᠤ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠨᠢ ᠡᠯ᠎ᠡ ᠲᠥᠷᠥᠯ ᠤᠨ ᠰᠤᠨᠢᠨ ᠮᠡᠳᠡᠭᠡᠨ ᠤ | ᠵᠠᠭᠤᠴᠢᠯᠠᠭᠤᠷ ᠢ ᠭᠦᠢᠴᠡᠳ ᠠᠰᠢᠭᠯᠠᠨ᠂ ᠤᠷᠤᠨ ᠤ ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ | ᠠᠬᠤᠶᠢᠯᠠᠯ ᠤᠨ ᠪᠠᠶᠢᠷᠢᠰᠢᠭᠤᠯᠤᠯ ᠤᠨ ᠪᠥᠲᠥᠴᠡ ᠶᠢ ᠲᠤᠬᠢᠷᠠᠭᠤᠯᠬᠤ ᠴᠢᠬᠤᠯᠠ ᠶᠡᠭᠡ ᠠᠴᠢ ᠬᠤᠯᠪᠤᠭᠳᠠᠯ ᠵᠢᠴᠢ | ᠬᠤᠯᠪᠤᠭᠳᠠᠯ ᠪᠥᠬᠦᠢ ᠲᠥᠷᠥ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠶᠡᠭᠡ ᠪᠠᠷ ᠤᠬᠠᠭᠤᠯᠤᠨ᠂ ᠤᠷᠤᠨ ᠤ | ᠬᠠᠷᠢᠶ᠎ᠠ ᠪᠥᠬᠦᠢ ᠤᠯᠤᠰ ᠤᠨ ᠥᠮᠴᠢᠯᠡᠯᠲᠥ ᠠᠵᠤ ᠠᠬᠤᠶᠢᠯᠠᠯ ᠤᠨ ᠪᠠᠶᠢᠷᠢᠰᠢᠭᠤᠯᠤᠯ ᠤᠨ ᠪᠥᠲᠥᠴᠡ ᠶᠢ | ᠲᠤᠬᠢᠷᠠᠭᠤᠯᠬᠤ ᠪᠠ ᠤᠯᠤᠰ ᠤᠨ ᠥᠮᠴᠢᠯᠡᠯᠲᠥ ᠡᠳ᠋ ᠬᠥᠷᠥᠩᠭᠡ ᠶᠢ ᠬᠦᠴᠦᠷᠬᠡᠭᠵᠢᠭᠦᠯᠦᠨ ᠰᠢᠯᠢᠳᠡᠭᠵᠢᠭᠦᠯᠵᠦ | ᠪᠤᠵᠠᠭᠠᠶᠢᠷᠠᠭᠤᠯᠬᠤ ᠳᠤ ᠠᠰᠢᠭᠲᠠᠢ ᠨᠡᠶᠢᠭᠡᠮ ᠤᠨ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠢ ᠡᠭᠦᠳᠬᠦ | ᠬᠡᠷᠡᠭᠲᠡᠢ᠃ ᠮᠥᠩᠭᠦᠨ ᠭᠥᠢᠯᠭᠡᠭᠡ᠂ ᠰᠤᠶᠤᠯ ᠵᠠᠷᠭᠡ ᠤᠷᠤᠨ ᠤ ᠬᠠᠷᠢᠶ᠎ᠠ ᠪᠥᠬᠦᠢ ᠠᠵᠤ ᠠᠬᠤᠶᠢᠯᠠᠯ ᠤᠨ | ᠪᠥᠲᠥᠴᠡ ᠶᠢ ᠲᠤᠬᠢᠷᠠᠭᠤᠯᠬᠤ ᠪᠡ ᠲᠠᠬᠢᠨ ᠪᠠᠶᠢᠭᠤᠯᠬᠤ ᠳᠤ᠂ ᠲᠥᠪ ᠪᠠ ᠥᠪᠡᠷᠲᠡᠭᠡᠨ ᠵᠠᠰᠠᠬᠤ ᠤᠷᠤᠨ ᠤ | ᠠᠰᠳᠠᠭᠠᠨ ᠲᠤᠭᠲᠠᠭᠠᠯ ᠲᠠᠢ ᠪᠣᠯ ᠲᠡᠷᠡ ᠲᠤᠭᠲᠠᠭᠠᠯ ᠢᠶᠠᠷ ᠬᠡᠷᠡᠭᠵᠢᠭᠦᠯᠬᠦ ᠬᠡᠷᠡᠭᠲᠡᠢ᠃ | | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | |