9 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠰᠢᠶᠠᠩᠭᠠᠩ ᠣᠣᠮᠧᠨ ᠲᠠᠶᠢᠸᠠᠨ ᠤ ᠰᠠᠭᠤᠭᠠᠯᠢ ᠠᠷᠠᠳ | ᠮᠠᠨ ᠤ ᠣᠷᠣᠨ ᠳᠤ ᠣᠷᠣᠰᠢᠨ ᠰᠠᠭᠤᠬᠤ ᠦᠨᠡᠮᠯᠡᠯ ᠭᠤᠶᠤᠴᠢᠯᠠᠨ ᠠᠪᠴᠤ ᠪᠤᠯᠤᠨ᠎ᠠ᠃ ᠮᠠᠨ ᠤ ᠣᠷᠣᠨ ᠣᠷᠣᠰᠢᠨ | ᠰᠠᠭᠤᠬᠤ ᠦᠨᠡᠮᠯᠡᠯ ᠢ ᠭᠦᠢᠴᠡᠳᠬᠡᠵᠦ ᠦᠭᠬᠦ ᠨᠡᠶᠢᠲᠡ 108 ᠭᠠᠵᠠᠷ ᠪᠠᠶᠢᠭᠤᠯᠵᠤ᠂ 103 ᠬᠤᠰᠢᠭᠤ ᠰᠢᠶᠠᠨ ᠢ | ᠪᠦᠷᠬᠦᠭᠦᠯᠪᠡ᠃ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠰᠢᠶᠠᠩᠭᠠᠩ | ᠣᠣᠮᠧᠨ ᠲᠠᠶᠢᠸᠠᠨ ᠤ ᠰᠠᠭᠤᠭᠠᠯᠢ ᠠᠷᠠᠳ ᠤᠨ ᠣᠷᠣᠰᠢᠨ ᠰᠠᠭᠤᠬᠤ ᠦᠨᠡᠮᠯᠡᠯ ᠭᠤᠶᠤᠴᠢᠯᠠᠨ ᠠᠪᠬᠤ ᠪᠠ ᠤᠯᠭᠤᠬᠤ | ᠠᠷᠭ᠎ᠠ︾ ᠶᠢᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠤᠷᠤᠨ ᠳᠤ ᠬᠠᠭᠠᠰ ᠵᠢᠯ ᠠᠴᠠ ᠢᠯᠡᠭᠦᠦ ᠰᠠᠭᠤᠵᠤ᠂ | ᠬᠠᠤᠯᠢ ᠶᠣᠰᠣᠨ ᠤ ᠲᠣᠭᠲᠠᠪᠤᠷᠢᠲᠠᠶ ᠠᠵᠢᠯ ᠲᠠᠢ᠂ ᠬᠠᠤᠯᠢ ᠶᠣᠰᠣᠨ ᠤ ᠲᠣᠭᠲᠠᠪᠤᠷᠢᠲᠠᠶ ᠣᠷᠣᠨ ᠰᠠᠭᠤᠴᠠ ᠲᠠᠢ᠂ | ᠵᠠᠯᠭᠠᠭ᠎ᠠ ᠪᠠᠷ ᠪᠢᠴᠢᠭ ᠦᠵᠡᠬᠦ ᠵᠡᠷᠭᠡ ᠨᠥᠬᠦᠴᠡᠯ ᠤᠨ ᠨᠢᠭᠡ ᠳᠤ ᠨᠢ ᠨᠡᠶᠢᠴᠡᠭᠰᠡᠨ ᠰᠢᠶᠠᠩᠭᠠᠩ ᠣᠣᠮᠧᠨ ᠲᠠᠶᠢᠸᠠᠨ ᠤ | ᠰᠠᠭᠤᠭᠠᠯᠢ ᠠᠷᠠᠳ᠂ ᠰᠢᠶᠠᠩᠭᠠᠩ ᠣᠣᠮᠧᠨ ᠤ ᠰᠠᠭᠤᠭᠠᠯᠢ ᠠᠷᠠᠳ ᠤᠨ ᠳᠣᠲᠣᠷ᠎ᠠ ᠭᠠᠵᠠᠷ ᠲᠤ ᠢᠷᠡᠵᠦ ᠪᠤᠴᠠᠬᠤ | ᠨᠡᠪᠲᠡᠷᠡᠯ ᠤᠨ ᠦᠨᠡᠮᠯᠡᠯ ᠪᠤᠶᠤ ᠲᠠᠶᠢᠸᠠᠨ ᠤ ᠰᠠᠭᠤᠭᠠᠯᠢ ᠠᠷᠠᠳ ᠤᠨ ᠳᠤᠲᠤᠷ᠎ᠠ ᠭᠠᠵᠠᠷ ᠲᠤ ᠢᠷᠡᠵᠦ ᠪᠤᠴᠠᠬᠤ 5 | ᠵᠢᠯ ᠤᠨ ᠬᠤᠭᠤᠴᠠᠭ᠎ᠠ ᠲᠠᠢ ᠨᠡᠪᠲᠡᠷᠡᠯ ᠤᠨ ᠦᠨᠡᠮᠯᠡᠯ ᠢᠶᠠᠨ ᠠᠪᠴᠦ᠂ ᠥᠪᠡᠷ ᠤᠨ ᠰᠠᠭᠤᠵᠤ ᠪᠠᠶᠢᠭ᠎ᠠ ᠭᠠᠵᠠᠷ ᠤᠨ | ᠬᠠᠶ᠋ᠢᠭ᠂ ᠡᠷᠬᠢᠯᠡᠵᠦ ᠪᠠᠶᠢᠭ᠎ᠠ ᠠᠵᠢᠯ᠂ ᠰᠤᠷᠤᠯᠴᠠᠵᠤ ᠪᠠᠶᠢᠭ᠎ᠠ ᠪᠠᠶᠢᠳᠠᠯ ᠵᠡᠷᠭᠡ ᠭᠡᠷᠡᠴᠢ ᠮᠠᠲ᠋ᠧᠷᠢᠶᠠᠯ ᠢᠶᠠᠨ ᠲᠤᠰᠢᠶᠠᠨ᠂ | ᠣᠷᠣᠰᠢᠨ ᠰᠠᠭᠤᠵᠤ ᠪᠠᠶᠢᠭ᠎ᠠ ᠭᠠᠵᠠᠷ ᠤᠨ ᠢᠶᠠᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠥᠯᠢᠶᠡᠨ ᠠᠪᠴᠤ | ᠭᠦᠢᠴᠡᠳᠬᠡᠬᠦ ᠭᠠᠵᠠᠷ ᠲᠤ ᠬᠦᠷᠴᠦ ᠣᠷᠣᠰᠢᠨ ᠰᠠᠭᠤᠬᠤ ᠦᠨᠡᠮᠯᠡᠯ ᠭᠤᠶᠤᠴᠢᠯᠠᠨ ᠠᠪᠴᠦ ᠪᠤᠯᠤᠨ᠎ᠠ᠃ |