ᠣᠳᠣᠬᠠᠨ ᠳᠤ ᠥᠪᠥᠷ ᠮᠣᠩᠭᠤᠯ ᠨᠢᠭᠡᠨᠲᠡ ᠠᠷᠠᠳ ᠤᠨ ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢ | 16146 ᠪᠠᠶᠢᠭᠤᠯᠵᠤ᠂ ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢᠨ ᠲᠣᠤᠷ ᠰᠦᠯᠵᠢᠶ᠎ᠡ ᠶᠢ ᠦᠨᠴᠦᠭ ᠪᠤᠯᠤᠩ | ᠦᠭᠡᠢ ᠪᠦᠷᠢᠨ ᠪᠠᠶᠢᠭᠤᠯᠵᠠᠢ᠃ ᠪᠤᠢ ᠪᠦᠬᠦᠢ ᠡᠶᠡᠳᠡᠭᠦᠯᠬᠦ ᠵᠣᠬᠢᠶᠠᠨ ᠪᠠᠶᠢᠭᠤᠯᠤᠯᠲᠠ ᠳᠤᠲᠤᠷ᠎ᠠ᠂ ᠠᠵᠢᠯ | ᠲᠥᠷᠥᠯ ᠤᠨ ᠴᠢᠨᠠᠷᠲᠠᠶ᠂ ᠲᠤᠰᠬᠠᠶ ᠮᠡᠷᠭᠡᠵᠢᠯ ᠤᠨ ᠴᠢᠨᠠᠷᠲᠠᠶ ᠠᠷᠠᠳ ᠤᠨ ᠡᠶᠡᠳᠡᠭᠦᠯᠬᠦ ᠵᠣᠬᠢᠶᠠᠨ ᠪᠠᠶᠢᠭᠤᠯᠤᠯᠲᠠ | 529 ᠪᠠᠶᠢᠬᠤ ᠪᠦᠭᠡᠳ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠤᠨ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠪᠠᠶᠢᠭᠤᠯᠤᠭᠰᠠᠨ ᠡᠶᠡᠳᠡᠭᠦᠯᠬᠦ ᠵᠣᠬᠢᠶᠠᠨ ᠪᠠᠶᠢᠭᠤᠯᠤᠯᠲᠠ 1007 ᠪᠠᠶᠢᠨ᠎ᠠ᠃ ᠪᠦᠬᠦ ᠣᠷᠣᠨ ᠤ | ᠭᠠᠴᠠᠭ᠎ᠠ ᠲᠣᠰᠬᠤᠨ ︵ᠰᠠᠭᠤᠭᠠᠯᠢ ᠠᠷᠠᠳ ᠤᠨ ᠲᠣᠭᠤᠷᠢᠭ︶᠂ ᠰᠤᠮᠤ ᠰᠢᠶᠠᠩ ᠪᠠᠯᠭᠠᠰᠤ ᠳᠤ ᠠᠷᠠᠳ ᠤᠨ | ᠡᠶᠡᠳᠡᠭᠦᠯᠬᠦ ᠺᠣᠮᠢᠰ ᠢ ᠪᠦᠷᠢᠨ ᠪᠦᠷᠬᠦᠭᠦᠯᠬᠦ ᠶᠢ ᠪᠡᠶᠡᠯᠡᠭᠦᠯᠵᠦ᠂ ᠡᠮ ᠡᠮᠨᠡᠯᠭᠡ᠂ ᠵᠠᠮ ᠬᠠᠷᠢᠯᠴᠠᠭ᠎ᠠ᠂ ᠬᠦᠳᠡᠯᠮᠦᠷᠢ᠂ | ᠠᠳᠠᠯ ᠠᠬᠤᠢ᠂ ᠣᠷᠴᠢᠨ ᠲᠤᠭᠤᠷᠢᠨ ᠤ ᠬᠠᠮᠠᠭᠠᠯᠠᠯᠲᠠ ᠵᠡᠷᠭᠡ ᠠᠵᠢᠯ ᠲᠥᠷᠥᠯ ᠤᠨ ᠴᠢᠨᠠᠷᠲᠠᠶ᠂ ᠲᠤᠰᠬᠠᠶ | ᠮᠡᠷᠭᠡᠵᠢᠯ ᠤᠨ ᠴᠢᠨᠠᠷᠲᠠᠶ ᠠᠷᠠᠳ ᠤᠨ ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢ ᠨᠡᠶᠢᠳᠡᠮ ᠪᠠᠶᠢᠭᠤᠯᠵᠠᠢ᠃ | ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ ᠲᠡᠭᠦᠯᠳᠡᠷᠵᠢᠭᠦᠯᠬᠦ ᠶᠢᠨ ᠬᠠᠮᠲᠤ᠂ ᠬᠠᠤᠯᠢ ᠴᠠᠭᠠᠵᠠ ᠶᠢᠨ | ᠵᠠᠰᠠᠭ ᠵᠠᠬᠢᠷᠭᠠᠨ ᠤ ᠪᠠᠶᠢᠭᠤᠯᠭ᠎ᠠ ᠳᠥᠷᠪᠡᠨ ᠱᠠᠲᠤᠨ ᠤ ᠲᠣᠤᠷ ᠰᠦᠯᠵᠢᠶᠡᠨ ᠤ ᠲᠠᠪᠴᠠᠩ ᠳᠤ ᠲᠦᠰᠢᠭᠯᠡᠨ᠂ | ᠬᠡᠷᠡᠭ ᠢ ᠰᠦᠯᠵᠢᠶᠡᠨ ᠳᠡᠭᠡᠷ᠎ᠡ ᠶᠠᠷᠢᠯᠴᠠᠬᠤ᠂ ᠠᠯᠤᠰ ᠠᠴᠠ ᠡᠶᠡᠳᠡᠭᠦᠯᠬᠦ ᠵᠡᠷᠭᠡ ᠴᠢᠳᠠᠮᠵᠢ ᠶᠢ ᠨᠡᠭᠡᠭᠡᠨ ᠬᠥᠭᠵᠢᠭᠦᠯᠵᠦ᠂ | ᠡᠶᠡᠳᠡᠭᠦᠯᠬᠦ ᠠᠷᠭ᠎ᠠ ᠬᠡᠯᠪᠡᠷᠢ ᠶᠢᠨ ᠤᠶᠤᠨᠴᠢᠯᠠᠯᠲᠠ ᠶᠢ ᠪᠡᠶᠡᠯᠡᠭᠦᠯᠵᠡᠢ︔ ᠪᠦᠭᠦ ᠣᠷᠣᠨ ᠳᠤ ᠪᠠᠰᠠ ᠲᠤᠰᠬᠠᠶ | ᠲᠤᠰᠢᠶᠠᠯᠲᠤ ᠠᠷᠠᠳ ᠤᠨ ᠡᠶᠡᠳᠡᠭᠦᠯᠦᠭᠴᠢ ᠶᠢᠨ ᠡᠩᠨᠡᠭᠡ ᠶᠢ ᠶᠡᠬᠡᠪᠡᠷ ᠬᠥᠭᠵᠢᠭᠦᠯᠦᠨ᠂ ᠠᠨᠠᠭᠠᠬᠤ ᠤᠬᠠᠭᠠᠨ᠂ | ᠬᠠᠤᠯᠢ ᠶᠢᠨ ᠤᠬᠠᠭᠠᠨ ᠤ ᠲᠠᠯ᠎ᠠ ᠶᠢᠨ ᠲᠤᠰᠬᠠᠶ ᠮᠡᠷᠭᠡᠵᠢᠯᠲᠡᠨ ᠤ ᠵᠥᠪᠯᠡᠯᠭᠡ ᠬᠠᠩᠭᠠᠬᠤ ᠬᠦᠮᠦᠷᠭᠡ ᠶᠢ ᠪᠠᠶᠢᠭᠤᠯᠪᠠ᠃ | ᠤᠳᠤᠬᠠᠨ ᠳᠤ᠂ ᠪᠦᠬᠦ ᠤᠷᠤᠨ ᠳᠤ ᠨᠡᠶᠢᠲᠡ 8190 ᠲᠤᠰᠬᠠᠢ ᠲᠤᠰᠢᠶᠠᠯᠲᠤ ᠡᠶᠡᠳᠡᠭᠦᠯᠦᠭᠴᠢ ᠶᠢ ᠰᠤᠩᠭᠤᠨ | ᠤᠷᠢᠵᠤ᠂ ᠡᠶᠡᠳᠡᠭᠦᠯᠦᠭᠴᠢ ᠶᠢᠨ ᠶᠡᠷᠦᠩᠬᠡᠶ ᠲᠣᠭᠠᠨ ᠤ 11.53% ᠶᠢ ᠡᠵᠡᠯᠡᠵᠦ᠂ ᠨᠢᠭᠡᠨ ᠰᠠᠯᠠᠭ᠎ᠠ ᠲᠤᠰᠬᠠᠶ | ᠲᠤᠰᠢᠶᠠᠯ ᠪᠠ ᠲᠤᠰᠢᠶᠠᠯ ᠬᠠᠪᠰᠤᠷᠭᠠᠬᠤ ᠶᠢ ᠤᠶᠠᠯᠳᠤᠭᠤᠯᠤᠭᠰᠠᠨ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ | ᠠᠷᠠᠳ ᠤᠨ ᠡᠶᠡᠳᠡᠭᠦᠯᠬᠦ ᠡᠩᠨᠡᠭᠡ ᠠᠩᠬ᠎ᠠ ᠠᠯᠬᠤᠮ ᠪᠤᠢ ᠪᠤᠯᠵᠠᠢ᠃ ᠣᠶᠢᠷ᠎ᠠ ᠶᠢᠨ ᠲᠠᠪᠤᠨ ᠵᠢᠯ ᠳᠤ᠂ ᠪᠦᠬᠦ | ᠣᠷᠣᠨ ᠤ ᠠᠷᠠᠳ ᠤᠨ ᠡᠶᠡᠳᠡᠭᠦᠯᠬᠦ ᠵᠣᠬᠢᠶᠠᠨ ᠪᠠᠶᠢᠭᠤᠯᠤᠯᠲᠠ ᠡᠯ᠎ᠡ ᠲᠦᠷᠦᠯ ᠤᠨ ᠵᠥᠷᠢᠴᠡᠯ ᠵᠢᠭᠤᠷᠠᠯᠳᠤᠭᠠᠨ ᠢ | ᠨᠡᠶᠢᠲᠡ 72.4 ᠲᠦᠮᠡ ᠬᠦᠯᠢᠶᠡᠨ ᠠᠪᠴᠤ᠂ ᠡᠶᠡᠳᠡᠭᠦᠯᠦᠭᠡ ᠶᠢᠨ ᠪᠦᠲᠦᠮᠵᠢ ᠶᠢᠨ ᠨᠣᠷᠮ᠎ᠠ ᠨᠢ 96.97% ᠳᠤ | ᠬᠦᠷᠴᠦ᠂ ︽ᠠᠮᠤᠷ ᠲᠠᠶᠢᠪᠤᠩ ᠥᠪᠥᠷ ᠮᠣᠩᠭᠤᠯ︾᠂ ︽ᠬᠠᠤᠯᠢᠵᠢᠯ ᠤᠨ ᠥᠪᠥᠷ ᠮᠣᠩᠭᠤᠯ︾ ᠤᠨ ᠪᠦᠲᠦᠭᠡᠨ | ᠪᠠᠶᠢᠭᠤᠯᠤᠯᠲᠠ ᠶᠢᠨ ᠠᠬᠢᠴᠠ ᠶᠢ ᠲᠦᠯᠬᠢᠨ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ | |