ᠤᠯᠤᠰ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠥᠪᠥᠷ ᠮᠣᠩᠭᠤᠯ ᠤᠨ 10.2 ᠳ᠋ᠦᠩᠰᠢᠭᠤᠷ ᠮᠥ ᠪᠠᠶᠢᠭᠠᠯᠢᠯᠢᠬ ᠨᠤᠲᠤᠭ ᠪᠡᠯᠴᠢᠭᠡᠷ ᠲᠤ ᠪᠦᠷᠢᠨ ᠬᠡᠷᠡᠭᠵᠢᠭᠦᠯᠪᠡ
ᠨᠡᠶᠢᠲᠡᠯᠡᠭᠰᠡᠨ ᠴᠠᠭ᠄
2018/8/9
     2011 ᠣᠨ ᠳᠤ ᠤᠯᠤᠰ ᠠᠴᠠ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠳᠤ ᠨᠥᠬᠦᠪᠥᠷᠢ ᠥᠭᠬᠦ ᠪᠠ ᠱᠠᠩᠨᠠᠯ ᠣᠯᠭᠤᠬᠤ ᠲᠥᠷᠥ ᠶᠢᠨ ᠪᠣᠳᠣᠯᠭ᠎ᠠ ᠶᠢ ᠡᠬᠢᠯᠡᠨ ᠬᠡᠷᠡᠭᠵᠢᠭᠦᠯᠦᠭᠰᠡᠨ ᠠᠴᠠ ᠨᠠᠰᠢ᠂ ᠥᠪᠥᠷ ᠮᠣᠩᠭᠤᠯ ᠲᠥᠷᠥ ᠶᠢᠨ ᠪᠣᠳᠣᠯᠭ᠎ᠠ ᠶᠢᠨ ᠰᠢᠨᠡᠴᠢᠯᠡᠯᠲᠡ ᠳᠡᠭᠡᠨ ᠲᠤᠯᠭᠠᠭᠤᠷᠢᠯᠠᠵᠤ᠂ ᠲᠥᠯᠥᠪᠯᠡᠭᠰᠡᠨ ᠡᠭᠦᠷᠭᠡ ᠪᠠᠨ ᠲᠡᠭᠦᠰ ᠠᠮᠵᠢᠯᠲᠠ ᠲᠠᠢ ᠪᠠᠷ ᠪᠡᠶᠡᠯᠡᠭᠦᠯᠪᠡ᠃ ᠣᠳᠣᠬᠠᠨ ᠳᠤ᠂ ᠡᠨᠡᠬᠦ ᠲᠦᠷᠦ ᠶᠢᠨ ᠪᠤᠳᠤᠯᠭ᠎ᠠ ᠨᠢᠭᠡᠨᠲᠡ ᠥᠪᠥᠷ ᠮᠣᠩᠭᠤᠯ ᠤᠨ 10.2 ᠳ᠋ᠦᠩᠰᠢᠭᠤᠷ ᠮᠥ ᠪᠠᠶᠢᠭᠠᠯᠢᠯᠢᠬ ᠨᠤᠲᠤᠭ ᠪᠡᠯᠴᠢᠭᠡᠷ ᠲᠤ ᠪᠦᠷᠢᠨ ᠬᠡᠷᠡᠭᠵᠢᠭᠦᠯᠵᠦ ᠪᠣᠢ᠂ ᠡᠭᠦᠨ ᠳᠤ ᠪᠡᠯᠴᠢᠭᠡᠷᠯᠡᠭᠦᠯᠬᠦ ᠶᠢ ᠴᠠᠭᠠᠵᠠᠯᠠᠭᠰᠠᠨ ᠲᠠᠯᠡᠪᠡᠢ ᠨᠢ 4.05 ᠳ᠋ᠦᠩᠰᠢᠭᠤᠷ ᠮᠦ᠂ ᠪᠡᠯᠴᠢᠭᠡᠷ ᠮᠠᠯ ᠢ ᠲᠡᠩᠴᠡᠭᠦᠷᠢᠲᠡᠢ ᠪᠣᠯᠭᠠᠭᠰᠠᠨ ᠲᠠᠯᠠᠪᠠᠢ ᠨᠢ 6.15 ᠳ᠋ᠦᠩᠰᠢᠭᠤᠷ ᠮᠦ ᠪᠠᠶᠢᠨ᠎ᠠ᠃ 146 ᠲᠦᠮᠡᠨ ᠡᠷᠦᠬᠡ ᠶᠢᠨ 534 ᠲᠦᠮᠡᠨ ᠮᠠᠯᠴᠢᠨ ᠲᠠᠷᠢᠶᠠᠴᠢᠨ ᠡᠭᠦᠨ ᠠᠴᠠ ᠠᠰᠢᠭ ᠬᠦᠷᠲᠡᠵᠦ ᠪᠠᠶᠢᠨ᠎ᠠ᠃ ᠲᠠᠯ᠎ᠠ ᠨᠤᠲᠤᠭ ᠤᠨ ᠠᠮᠢ ᠠᠬᠤᠢ ᠦᠷᠭᠦᠯᠵᠢᠯᠡᠨ ᠰᠠᠶᠢᠵᠢᠷᠠᠵᠤ᠂ ᠮᠠᠯᠴᠢᠨ ᠲᠠᠷᠢᠶᠠᠴᠢᠳ ᠤᠨ ᠣᠷᠣᠯᠭ᠎ᠠ ᠢᠯᠡᠳᠲᠡ ᠳᠡᠭᠡᠭᠰᠢᠯᠡᠨ᠂ ᠲᠠᠯ᠎ᠠ ᠨᠤᠲᠤᠭ ᠤᠨ ᠮᠠᠯ ᠠᠵᠤ ᠠᠬᠤᠶ ᠯᠠᠪᠳᠠᠭᠤᠨ ᠢᠶᠠᠷ ᠬᠥᠭᠵᠢᠵᠦ ᠪᠠᠶᠢᠨ᠎ᠠ᠃      ᠡᠨᠡᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠠᠴᠠ ᠨᠠᠰᠢ᠂ ᠥᠪᠥᠷ ᠮᠣᠩᠭᠤᠯ ᠤᠨ ᠲᠠᠯ᠎ᠠ ᠨᠤᠲᠤᠭ ᠤᠨ ᠠᠮᠢ ᠠᠬᠤᠶ ᠶᠢᠨ ᠮᠠᠭᠤᠳᠠᠬᠤ ᠬᠠᠨᠳᠤᠰᠢ ᠶᠢ ᠪᠦᠲᠦᠮᠵᠢᠲᠡᠶ ᠬᠤᠷᠢᠭᠯᠠᠨ᠂ ᠬᠠᠭᠠᠰ ᠲᠣᠭᠠᠨ ᠠᠴᠠ ᠳᠡᠭᠡᠭᠰᠢᠬᠢ ᠨᠤᠲᠤᠭ ᠪᠡᠯᠴᠢᠭᠡᠷ ᠤᠨ ᠠᠮᠢ ᠠᠬᠤᠢ ᠮᠡᠳᠡᠭᠳᠡᠬᠦ᠋ᠢᠴᠡ ᠰᠠᠶᠢᠵᠢᠷᠠᠵᠤ᠂ ᠳᠡᠭᠡᠷ᠎ᠡ ᠵᠠᠭᠤᠨ ᠤ ᠨᠠᠶᠠᠭᠠᠳ ᠣᠨ ᠤ ᠳᠤᠮᠳᠠᠴᠢ ᠦᠶ᠎ᠡ ᠶᠢᠨ ᠬᠢᠷᠢ ᠲᠥᠪᠰᠢᠨ ᠳᠤ ᠬᠦᠷᠲᠡᠯ᠎ᠡ ᠰᠡᠷᠭᠦᠪᠡ᠃ 2017 ᠣᠨ ᠤ ᠡᠴᠦᠰ ᠪᠣᠯᠬᠤ ᠳᠤ᠂ ᠥᠪᠥᠷ ᠮᠣᠩᠭᠤᠯ 3456 ᠲᠦᠮᠡᠨ ᠮᠦ ᠡᠪᠡᠰᠦ ᠲᠠᠷᠢᠵᠤ᠂ 3 ᠵᠢᠯ ᠳᠠᠷᠠᠭᠠᠯᠠᠨ 3000 ᠲᠦᠮᠡᠨ ᠮᠥ ᠠᠴᠠ ᠳᠡᠭᠡᠭᠰᠢ ᠲᠣᠭᠲᠠᠭᠤᠨ ᠪᠠᠶᠢᠯᠭᠠᠪᠠ᠃ ᠭᠤᠣᠯ ᠪᠣᠯᠬᠤ ᠮᠠᠯᠵᠢᠬᠤ ᠬᠤᠰᠢᠭᠤ ᠰᠢᠶᠠᠨ ᠪᠦᠬᠦᠨ ᠲᠡᠵᠢᠭᠡᠯ ᠡᠪᠡᠰᠦᠨ ᠤ ᠪᠠᠴᠢᠮ ᠪᠠᠶᠢᠳᠠᠯ ᠢ ᠠᠷᠭᠠᠴᠠᠬᠤ ᠲᠡᠵᠢᠭᠡᠯ ᠪᠣᠷᠳᠤᠭ᠎ᠠ ᠶᠢᠨ ᠨᠦᠬᠡᠴᠡ ᠬᠥᠮᠥᠷᠭᠡ ᠪᠠᠶᠢᠭᠤᠯᠵᠤ᠂ ᠵᠢᠯ ᠪᠦᠷᠢ ᠶᠢᠨ ᠬᠥᠬᠡ ᠬᠠᠭᠤᠷᠠᠶ ᠡᠪᠡᠰᠦ ᠨᠥᠭᠡᠴᠡᠯᠡᠬᠦ ᠴᠢᠳᠠᠪᠤᠷᠢ ᠨᠢ 140 ᠳ᠋ᠦᠩᠰᠢᠭᠤᠷ ᠺᠢᠯᠣᠭ᠍ᠷᠠᠮ ᠣᠷᠴᠢᠮ ᠳᠤ ᠬᠦᠷᠴᠦ᠂ ᠮᠠᠯ ᠤᠨ ᠡᠪᠦᠯᠵᠢᠬᠦ ᠬᠡᠷᠡᠭᠴᠡᠭᠡ ᠶᠢ ᠦᠨᠳᠦᠰᠦᠨ ᠳᠡᠭᠡᠨ ᠬᠠᠩᠭᠠᠵᠤ ᠴᠢᠳᠠᠬᠤ ᠪᠣᠯᠪᠠ᠃      2016 ᠣᠨ ᠠᠴᠠ ᠡᠬᠢᠯᠡᠨ᠂ ᠥᠪᠥᠷ ᠮᠣᠩᠭᠤᠯ ᠨᠢᠭᠡᠨᠲᠡ ᠨᠦᠬᠦᠪᠦᠷᠢ ᠱᠠᠩᠨᠠᠯ ᠤᠨ ᠪᠡᠯᠡ ᠮᠥᠩᠭᠦ ᠶᠢ ᠠᠰᠢᠭᠯᠠᠨ 17 ᠬᠤᠰᠢᠭᠤ ᠰᠢᠶᠠᠨ ᠳᠤ ᠡᠪᠡᠰᠦ ᠪᠡᠯᠴᠢᠭᠡᠷ ᠮᠠᠯ ᠠᠵᠤ ᠠᠬᠤᠶ ᠶᠢᠨ ᠲᠤᠷᠰᠢᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠪᠠᠶᠢᠭᠠᠯᠢᠯᠢᠬ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ᠂ ᠰᠠᠭᠤᠷᠢ ᠪᠡᠯᠡᠳᠬᠡᠮᠵᠢ ᠪᠦᠲᠦᠭᠡᠨ ᠪᠠᠶᠢᠭᠤᠯᠬᠤ ᠵᠡᠷᠭᠡ ᠠᠵᠢᠯᠯᠠᠭᠠᠨ ᠥᠷᠨᠢᠭᠦᠯᠬᠦ ᠪᠠᠷ ᠳᠠᠮᠵᠢᠵᠤ᠂ ᠲᠠᠯ᠎ᠠ ᠨᠤᠲᠤᠭ ᠤᠨ ᠠᠮᠢ ᠠᠬᠤᠶ ᠶᠢ ᠰᠠᠶᠢᠵᠢᠷᠠᠭᠤᠯᠬᠤ᠂ ᠲᠡᠵᠢᠭᠡᠯ ᠡᠪᠡᠰᠦᠨ ᠤ ᠬᠠᠩᠭᠠᠯᠭ᠎ᠠ ᠶᠢ ᠳᠡᠭᠡᠭᠰᠢᠯᠡᠭᠦᠯᠬᠦ᠂ ᠴᠢᠨᠠᠷ ᠰᠠᠶᠢᠲᠠᠶ ᠦᠷ᠎ᠡ ᠪᠦᠲᠦᠮᠵᠢᠲᠦ ᠮᠠᠯ ᠤᠨ ᠠᠰᠢᠭ ᠰᠢᠮ᠎ᠡ ᠶᠢ ᠡᠳ᠋ᠰᠢᠭᠦᠯᠬᠦ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠪᠤᠶᠢᠵᠢᠭᠤᠯᠬᠤ ᠬᠠᠷᠠᠯᠲᠠ ᠪᠠᠨ ᠠᠯᠬᠤᠮ ᠠᠯᠬᠤᠮ ᠢᠶᠠᠷ ᠪᠡᠶᠡᠯᠡᠭᠦᠯᠪᠡ᠃ ᠡᠭᠦᠨ ᠠᠴᠠ ᠭᠠᠳᠠᠨ᠎ᠠ᠂ ᠲᠥᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ᠂ ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠲᠠᠢ ᠤᠶᠠᠯᠳᠤᠭᠤᠯᠤᠨ 44 ᠶᠠᠳᠠᠭᠤ ᠬᠦᠴᠢᠷᠳᠡᠯᠲᠡᠶ ᠬᠤᠰᠢᠭᠤ ᠰᠢᠶᠠᠨ ᠳᠤ ᠬᠡᠯᠪᠡᠶᠢᠬᠦ ᠬᠠᠷᠠᠭᠠᠯᠵᠠᠯ ᠦᠵᠡᠭᠦᠯᠵᠦ᠂ 29 ᠳ᠋ᠦᠩᠰᠢᠭᠤᠷ ᠲᠥᠭᠦᠷᠢᠭ ᠤᠨ ᠪᠡᠯᠡ ᠮᠦᠩᠭᠦ ᠵᠠᠷᠤᠴᠠᠭᠤᠯᠤᠨ᠂ ︽ᠠᠮᠢ ᠠᠬᠤᠢ ᠶᠢᠨ ᠨᠥᠬᠦᠪᠥᠷᠢ ᠪᠠᠷ ᠨᠢᠭᠡ ᠪᠦᠯᠦᠭ ᠬᠦᠮᠦᠰ ᠢ ᠶᠠᠳᠠᠭᠤ ᠠᠴᠠ ᠠᠩᠭᠢᠵᠢᠷᠠᠭᠤᠯᠬᠤ︾ ᠬᠠᠷᠠᠯᠲᠠ ᠪᠠᠨ ᠪᠡᠶᠡᠯᠡᠭᠦᠯᠪᠡ᠃ ᠡᠭᠦᠨ ᠤ ᠬᠠᠮᠲᠤ᠂ ᠲᠦᠷᠦ ᠶᠢᠨ ᠪᠤᠳᠤᠯᠭ᠎ᠠ ᠶᠢᠨ ᠭᠦᠨᠵᠡᠭᠡᠶ ᠬᠡᠷᠡᠭᠵᠢᠭᠦᠯᠦᠭᠳᠡᠬᠦ ᠶᠢ ᠳᠠᠭᠠᠯᠳᠤᠨ᠂ ᠮᠠᠯᠴᠢᠨ ᠲᠠᠷᠢᠶᠠᠴᠢᠳ ᠤᠨ ᠨᠤᠲᠤᠭ ᠪᠡᠯᠴᠢᠭᠡᠷ ᠢᠶᠠᠨ ᠬᠠᠮᠠᠭᠠᠯᠠᠬᠤ ᠦᠵᠡᠯ ᠤᠬᠠᠮᠰᠠᠷ ᠨᠢ ︽ᠥᠪᠡᠷ ᠢ ᠪᠠᠨ ᠬᠠᠮᠠᠭᠠᠯᠠᠭᠤᠯᠬᠤ︾᠎ ᠠᠴᠠ ᠪᠠᠨ ︽ᠥᠪᠡᠷ ᠢᠶᠠᠨ ᠬᠠᠮᠠᠭᠠᠯᠠᠬᠤ︾ ᠪᠣᠯᠵᠤ ᠬᠤᠪᠢᠷᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号