2018 ᠣᠨ ᠳᠤ᠂ ᠥᠪᠥᠷ ᠮᠣᠩᠭᠤᠯ ᠤᠨ ᠪᠠᠶᠢᠴᠠᠭᠠᠬᠤ ᠪᠠᠶᠢᠭᠤᠯᠭ᠎ᠠ ᠪᠠᠶᠢᠴᠠᠭᠠᠭᠴᠢ ᠶᠢᠨ ᠣᠷᠣᠨ | ᠲᠣᠭᠠᠨ ᠤ ᠬᠥᠳᠡᠯᠦᠩᠭᠦᠶ ᠬᠠᠮᠢᠶᠠᠷᠤᠯᠲᠠ ᠶᠢ ᠲᠤᠷᠰᠢᠨ ᠬᠡᠷᠡᠭᠵᠢᠭᠦᠯᠵᠦ᠂ ᠡᠬᠢ ᠪᠠᠶᠠᠯᠢᠭ ᠤᠨ ᠲᠣᠬᠢᠷᠠᠭᠤᠯᠤᠯᠳᠠ ᠶᠢ | ᠰᠢᠯᠢᠳᠡᠭᠵᠢᠭᠦᠯᠦᠨ᠂ ᠬᠠᠤᠯᠢ ᠴᠠᠭᠠᠵᠠ ᠶᠢᠨ ᠴᠢᠨᠠᠷ ᠴᠢᠨᠰᠠᠭ᠎ᠠ ᠪᠣᠯᠣᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠲᠣᠬᠢᠷᠠᠭᠤᠯᠤᠯᠲᠠ ᠬᠢᠬᠦ ᠪᠠᠷ ᠳᠠᠮᠵᠢᠭᠤᠯᠤᠨ᠂ ᠪᠥᠬᠦ ᠣᠷᠣᠨ ᠤ ᠪᠠᠶᠢᠴᠠᠭᠠᠭᠴᠢ ᠶᠢᠨ ᠣᠷᠣᠨ ᠲᠣᠭᠠᠨ ᠤ ᠬᠠᠷᠢᠴᠠᠯ ᠢ | 36.7% ᠳᠤ ᠬᠦᠷᠦᠭᠦᠯᠵᠦ᠂ ᠦᠨᠳᠦᠰᠦᠨ ᠱᠠᠲᠤᠨ ᠤ ᠬᠡᠷᠡᠭ ᠤᠴᠢᠷ ᠬᠠᠮᠤᠭ ᠤᠨ ᠠᠷᠪᠢᠨ ᠪᠠᠶᠢᠴᠠᠭᠠᠬᠤ | ᠬᠤᠷᠢᠶ᠎ᠠ ᠶᠢᠨ ᠪᠠᠶᠢᠴᠠᠭᠠᠭᠴᠢ ᠶᠢᠨ ᠣᠷᠣᠨ ᠲᠣᠭᠠᠨ ᠤ ᠡᠵᠡᠯᠡᠬᠦ ᠬᠠᠷᠢᠴᠠᠯ ᠢ 43.3% ᠳᠤ ᠬᠦᠷᠦᠭᠦᠯᠵᠦ᠂ | ᠬᠡᠷᠡᠭ ᠤᠴᠢᠷ ᠴᠦᠬᠡᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠭᠴᠢ ᠶᠢᠨ ᠣᠷᠣᠨ ᠲᠣᠭᠠᠨ ᠤ ᠡᠵᠡᠯᠡᠬᠦ ᠬᠠᠷᠢᠴᠠᠯ ᠢ | 35% ᠪᠣᠯᠭᠠᠵᠠᠢ᠃ | ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠶ ᠪᠠᠶᠢᠭ᠎ᠠ ᠶᠢᠨ ᠤᠴᠢᠷ ᠭᠡᠪᠡᠯ ᠥᠪᠡᠷᠲᠡᠭᠡᠨ ᠵᠠᠰᠠᠬᠤ | ᠣᠷᠣᠨ ᠤ ᠪᠠᠶᠢᠴᠠᠭᠠᠬᠤ ᠬᠤᠷᠢᠶ᠎ᠠ ᠬᠡᠷᠡᠭ ᠤᠴᠢᠷ ᠢᠶᠠᠷ ᠪᠠᠶᠢᠴᠠᠭᠠᠭᠴᠢ ᠶᠢᠨ ᠣᠷᠣᠨ ᠲᠤᠭ᠎ᠠ ᠶᠢ ᠲᠣᠭᠲᠠᠭᠠᠬᠤ ᠶᠢ | ᠪᠠᠷᠢᠮᠲᠠᠯᠠᠭᠰᠠᠨ ᠪᠥᠭᠡᠳ ᠬᠥᠳᠡᠯᠦᠩᠭᠦᠶ ᠳᠤᠬᠢᠷᠠᠭᠤᠯᠤᠯᠳᠠ ᠬᠢᠬᠦ ᠶᠢ ᠪᠠᠷᠢᠮᠲᠠᠯᠠᠭᠰᠠᠨ ᠤ ᠦᠷ᠎ᠡ ᠳ᠋ᠦᠩ ᠪᠣᠯᠤᠨ᠎ᠠ᠃ | ᠲᠥᠯᠥᠪᠵᠢᠭᠦᠯᠭᠡ ᠳᠤ ᠪᠠᠨ᠂ ᠲᠡᠳᠡ ᠨᠢᠭᠡᠳᠦᠯᠲᠡᠶ ᠠᠵᠢᠯ ᠶᠠᠪᠤᠳᠠᠯ ᠤᠨ ᠬᠡᠷᠡᠭᠯᠡᠭᠡᠨ ᠤ ᠰᠢᠰᠲ᠋ᠧᠮ ᠤᠨ ᠳ᠋ᠠᠶᠢᠲ᠋ᠠ | ᠬᠥᠮᠥᠷᠭᠡ ᠪᠠᠷ ᠳᠠᠮᠵᠢᠭᠤᠯᠤᠨ᠂ ᠡᠯ᠎ᠡ ᠱᠠᠲᠤᠨ ᠤ ᠪᠠᠶᠢᠴᠠᠭᠠᠬᠤ ᠬᠤᠷᠢᠶ᠎ᠠ ᠶᠢᠨ ᠬᠡᠷᠡᠭ ᠰᠢᠢᠳᠪᠦᠷᠢᠯᠡᠭᠰᠡᠨ ᠲᠤᠭ᠎ᠠ | ᠪᠠᠷᠢᠮᠲᠠ ᠶᠢ ᠪᠤᠰᠤᠳᠴᠢ ᠪᠠᠷ ᠠᠪᠴᠤ᠂ ᠡᠷᠡᠭᠦᠦ ᠶᠢᠨ ᠬᠡᠷᠡᠭ᠂ ᠢᠷᠭᠡᠨ ᠤ ᠬᠡᠷᠡᠭ᠂ ᠵᠠᠰᠠᠭ ᠵᠠᠬᠢᠷᠭ᠎ᠠ᠂ ᠨᠡᠶᠢᠲᠡ ᠶᠢᠨ | ᠠᠰᠠᠷᠠᠮᠵᠢ ᠶᠢᠨ ᠵᠠᠭᠠᠯᠳᠤᠯᠭ᠎ᠠ ᠵᠡᠷᠭᠡ ᠬᠡᠷᠡᠭ ᠤᠴᠢᠷ ᠤᠨ ᠳᠣᠲᠣᠷᠠᠬᠢ ᠡᠵᠡᠯᠡᠬᠦ ᠬᠤᠪᠢ ᠶᠢᠨ ᠵᠢᠩ ᠪᠣᠯᠣᠨ ᠠᠵᠢᠯ ᠤᠨ | ᠬᠡᠮᠵᠢᠶ᠎ᠡ ᠶᠢᠨ ᠠᠳᠠᠯᠢ ᠪᠤᠰᠤ ᠪᠠᠶᠢᠳᠠᠭ ᠶᠠᠪᠤᠳᠠᠯ ᠢ ᠬᠠᠮᠲᠤ ᠳᠤᠨᠢ ᠬᠠᠷᠠᠭᠠᠯᠵᠠᠵᠤ᠂ ᠡᠯ᠎ᠡ ᠪᠠᠶᠢᠴᠠᠭᠠᠬᠤ ᠬᠤᠷᠢᠶ᠎ᠠ ᠶᠢᠨ | ᠪᠠᠶᠢᠴᠠᠭᠠᠭᠴᠢ ᠶᠢᠨ ᠬᠦᠮᠦᠨ ᠳᠤᠮᠳᠠᠴᠢ ᠬᠡᠷᠡᠭ ᠰᠢᠶᠳᠪᠦᠷᠢᠯᠡᠭᠰᠡᠨ ᠬᠡᠮᠵᠢᠶ᠎ᠡ ᠶᠢ ᠬᠡᠮᠵᠢᠨ ᠭᠠᠷᠭᠠᠵᠤ᠂ | ᠪᠠᠶᠢᠴᠠᠭᠠᠭᠴᠢ ᠶᠢᠨ ᠣᠷᠣᠨ ᠲᠣᠭᠠᠨ ᠤ ᠬᠤᠪᠢᠶᠠᠷᠢᠯᠠᠯ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠭᠰᠠᠨ | ᠪᠠᠶᠢᠨ᠎ᠠ᠃ ᠪᠦᠬᠦ ᠣᠷᠣᠨ ᠤ ᠪᠠᠶᠢᠴᠠᠭᠠᠬᠤ ᠪᠠᠶᠢᠭᠤᠯᠭ᠎ᠠ ᠪᠠᠶᠢᠴᠠᠭᠠᠭᠴᠢ ᠶᠢᠨ ᠪᠠᠶᠢᠡᠭᠭᠤᠵᠢᠬᠰᠠᠨ ᠣᠷᠣᠨ ᠲᠤᠭ᠎ᠠ ᠶᠢ | ᠨᠡᠮᠡᠵᠦ ᠨᠥᠬᠦᠪᠥᠷᠢᠯᠡᠬᠦ ᠲᠣᠭᠲᠠᠴᠠ ᠶᠢ ᠢᠳᠡᠪᠬᠢᠲᠡᠶ ᠪᠠᠶᠢᠭᠤᠯᠵᠤ᠂ ᠬᠤᠭᠤᠰᠣᠨ ᠪᠠᠶᠢᠭ᠎ᠠ ᠣᠷᠣᠨ ᠲᠣᠭᠠᠨ ᠤ | ᠭᠦᠢᠴᠡᠳᠬᠡᠯ ᠲᠤᠭ᠎ᠠ ᠳᠤ ᠴᠠᠭ ᠲᠤᠬᠠᠶ ᠳᠤ ᠨᠢ ᠰᠢᠯᠢᠳᠡᠭ ᠪᠠᠶᠢᠴᠠᠭᠠᠬᠤ ᠠᠵᠢᠯᠲᠠᠨ ᠢ ᠰᠢᠯᠢᠨ ᠰᠤᠩᠭᠤᠵᠤ ᠣᠷᠣᠨ | ᠲᠤᠭ᠎ᠠ ᠳᠤ ᠣᠷᠤᠭᠤᠯᠵᠠᠢ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠬᠤᠶᠠᠳᠤᠭᠠᠷ ᠪᠦᠯᠦᠭ ᠤᠨ | ᠣᠷᠣᠨ ᠲᠤᠭ᠎ᠠ ᠳᠤ ᠪᠠᠶᠢᠴᠠᠭᠠᠭᠴᠢ ᠰᠢᠯᠢᠨ ᠰᠣᠩᠭᠤᠬᠤ ᠠᠵᠢᠯ ᠢ ᠨᠢᠭᠡᠨᠲᠡ ᠡᠬᠢᠯᠡᠭᠦᠯᠵᠦ᠂ ᠠᠵᠢᠯ ᠤᠨ ᠳᠤᠮᠳᠠ | ᠠᠬᠠᠮᠳ ᠨᠥᠬᠦᠳ ᠲᠤ ᠬᠠᠭᠤᠴᠢᠨ ᠠᠷᠭ᠎ᠠ ᠶᠢ ᠠᠪᠴᠤ᠂ ᠰᠢᠨ᠎ᠡ ᠬᠥᠮᠦᠨ ᠳᠤ ᠰᠢᠨ᠎ᠡ ᠰᠡᠳᠬᠢᠬᠦᠢ ᠶᠢ | ᠬᠡᠷᠡᠭᠵᠢᠭᠦᠯᠦᠨ᠂ ᠤᠤᠯ ᠤᠨ ᠪᠠᠶᠢᠭᠰᠠᠨ ᠪᠠᠶᠢᠴᠠᠭᠠᠭᠴᠢ ᠶᠢᠨ ᠪᠡᠶ᠎ᠡ ᠬᠡᠮ ᠲᠠᠢ ᠣᠷᠣᠨ ᠲᠤᠭ᠎ᠠ ᠳᠤ ᠣᠷᠣᠭᠠᠳᠤᠢ | ᠠᠵᠢᠯᠲᠠᠳ ᠢ ᠡᠩ ᠲᠡᠷᠢᠭᠦᠨ ᠳᠤ ᠪᠣᠳᠣᠯᠬᠢᠯᠠᠭᠰᠠᠨ ᠪᠦᠭᠡᠳ ᠪᠠᠰᠠ ᠵᠠᠯᠠᠭᠤ ᠰᠢᠯᠢᠳᠡᠭ ᠪᠠᠶᠢᠴᠠᠭᠠᠬᠤ ᠲᠤᠰᠢᠶᠠᠯᠲᠤ | ᠲᠤᠰᠠᠯᠠᠭᠴᠢ ᠶᠢ ᠪᠠᠶᠢᠴᠠᠭᠠᠭᠴᠢ ᠶᠢᠨ ᠡᠩᠨᠡᠭᠡᠨ ᠳᠤ ᠪᠠᠨ ᠲᠠᠲᠠᠨ ᠣᠷᠤᠭᠤᠯᠵᠠᠢ᠃ ᠡᠭᠦᠨ ᠤ ᠬᠠᠮᠲᠤ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠪᠠᠶᠢᠴᠠᠭᠠᠭᠴᠢ ᠨᠠᠷ ᠤᠨ ᠣᠷᠣᠨ | ᠲᠣᠭᠠᠨ ᠠᠴᠠ ᠤᠬᠤᠷᠢᠨ ᠭᠠᠷᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ ᠲᠣᠭᠲᠠᠭᠠᠨ ᠨᠡᠶᠢᠲᠡᠯᠡᠵᠦ᠂ | 12 ᠵᠦᠢᠯ ᠤᠨ ᠤᠬᠤᠷᠢᠨ ᠭᠠᠷᠬᠤ ᠪᠠᠶᠢᠳᠠᠯ ᠳᠤ ᠲᠣᠭᠲᠠᠭᠠᠯ ᠭᠠᠷᠭᠠᠪᠠ᠃ ᠲᠤᠰ ᠠᠷᠭ᠎ᠠ ᠶᠢ ᠨᠡᠶᠢᠲᠡᠯᠡᠨ | ᠬᠡᠷᠡᠭᠵᠢᠭᠦᠯᠦᠭᠰᠡᠨ ᠠᠴᠠ ᠨᠠᠭᠠᠰᠢ᠂ ᠬᠠᠷᠢᠶ᠎ᠠ ᠪᠠᠨ ᠰᠢᠯᠵᠢᠭᠦᠯᠦᠭᠰᠡᠨ ᠬᠥᠮᠦᠰ ᠢ ᠭᠠᠷᠭᠠᠪᠠᠯ᠂ ᠪᠦᠬᠦ ᠣᠷᠣᠨ ᠳᠤ | ᠨᠢᠭᠡᠨᠲᠡ 98 ᠬᠥᠮᠦᠨ ᠪᠠᠶᠢᠴᠠᠭᠠᠭᠴᠢ ᠶᠢᠨ ᠣᠷᠣᠨ ᠲᠣᠭᠠᠨ ᠠᠴᠠ ᠭᠠᠷᠤᠭᠰᠠᠨ ᠪᠠᠶᠢᠨ᠎ᠠ᠃ |