ᠬᠤᠪᠢ ᠬᠥᠮᠥᠨ ᠤ ᠣᠯᠵᠠᠪᠤᠷᠢ ᠶᠢᠨ ᠭᠠᠶᠢᠯᠢ ᠶᠢᠨ ᠰᠢᠨ᠎ᠡ ᠬᠠᠤᠯᠢ ᠶᠢᠨ ᠵᠢᠷᠭᠤᠭᠠᠨ ᠬᠠᠯᠠᠮᠰᠢᠯ ᠠᠰᠠᠭᠤᠳᠠᠯ ᠳᠤ ᠡᠷᠬᠡ ᠰᠦᠷᠲᠦ ᠰᠠᠯᠠᠭ᠎ᠠ ᠮᠥᠴᠢᠷ ᠤᠳ ᠡᠨᠡ ᠮᠡᠲᠦ ᠬᠠᠷᠢᠭᠤᠯᠲᠠ ᠥᠭᠪᠡ
ᠨᠡᠶᠢᠲᠡᠯᠡᠭᠰᠡᠨ ᠴᠠᠭ᠄
2018/9/11
     ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠠᠪᠤᠳᠤᠭᠠᠷ ᠤᠳᠠᠭᠠᠨ ᠤ ᠬᠤᠷᠠᠯ ᠢᠶᠠᠷ 8 ᠳ᠋ᠤᠭᠠᠷ ᠰᠠᠷ᠎ᠠ ᠶᠢᠨ 31 ᠤ ᠡᠳᠦᠷ ᠬᠤᠪᠢ ᠬᠥᠮᠥᠨ ᠤ ᠣᠯᠵᠠᠪᠤᠷᠢ ᠶᠢᠨ ᠭᠠᠶᠢᠯᠢ ᠶᠢᠨ ᠬᠠᠤᠯᠢ ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ ᠢ ᠰᠠᠨᠠᠯ ᠬᠤᠷᠢᠶᠠᠵᠤ ᠪᠠᠲᠤᠯᠠᠭᠰᠠᠨ ᠨᠢ᠂ ᠬᠤᠪᠢ ᠬᠥᠮᠥᠨ ᠤ ᠣᠯᠵᠠᠪᠤᠷᠢ ᠶᠢᠨ ᠭᠠᠶᠢᠯᠢ ᠶᠢᠨ ᠬᠠᠤᠯᠢ ᠳᠤ ᠳᠣᠯᠣᠳᠤᠭᠠᠷ ᠤᠳᠠᠭ᠎ᠠ ᠶᠡᠭᠡ ᠵᠠᠰᠠᠪᠤᠷᠢ ᠣᠷᠣᠭᠤᠯᠬᠤ ᠶᠢ ᠪᠡᠶᠡᠯᠡᠭᠦᠯᠦᠭᠰᠡᠨ ᠢ ᠬᠠᠷᠠᠭᠤᠯᠵᠤ ᠪᠠᠶᠢᠨ᠎ᠠ᠃      ︽ᠭᠠᠶᠢᠯᠢ ᠲᠠᠲᠠᠪᠤᠷᠢᠯᠠᠬᠤ ᠴᠡᠭ︾ ᠢ ᠶᠠᠭᠤᠨ ᠳᠤ ᠰᠠᠷ᠎ᠠ ᠪᠦᠷᠢ ᠶᠢᠨ 5000 ᠲᠥᠭᠦᠷᠢᠭ ᠢᠶᠠᠷ ᠲᠣᠭᠲᠠᠭᠠᠭᠰᠠᠨ ᠪᠣᠢ  ︖ ᠰᠢᠨ᠎ᠡ ᠭᠠᠶᠢᠯᠢ ᠶᠢᠨ ᠬᠠᠤᠯᠢ   ᠨᠢ ᠴᠠᠯᠢᠩ ᠣᠯᠣᠭᠰᠠᠳ  ᠠᠴᠠ ᠬᠡᠳᠦᠢ ᠭᠠᠶᠢᠯᠢ ᠬᠠᠰᠤᠵᠤ ᠥᠭᠳᠡᠭ ᠪᠣᠯ︖ ᠲᠤᠰᠬᠠᠢ ᠵᠦᠢᠯ ᠤᠨ ᠨᠡᠮᠡᠯᠲᠡ ᠰᠠᠭᠤᠳᠬᠠᠯ ᠢ ᠴᠣᠬᠤᠮ ᠶᠠᠭᠠᠬᠢᠵᠤ ᠬᠠᠰᠤᠨ ᠰᠠᠭᠤᠳᠬᠠᠳᠠᠭ ᠪᠣᠯ︖ ᠨᠡᠶᠢᠭᠡᠮ ᠤᠨ ᠡᠳᠡᠭᠡᠷ ᠠᠩᠬᠠᠷᠤᠨ ᠬᠠᠯᠠᠮᠵᠢᠯᠠᠵᠤ ᠪᠠᠶᠢᠭ᠎ᠠ ᠬᠠᠯᠠᠮᠰᠢᠯ ᠠᠰᠠᠭᠤᠳᠠᠯ ᠳᠤ ᠬᠠᠨᠳᠤᠭᠤᠯᠤᠨ᠂ ᠲᠤᠬᠠᠢ ᠶᠢᠨ ᠡᠳᠦᠷ ᠤᠨ ᠦᠳᠡ ᠶᠢᠨ ᠬᠤᠶᠢᠨ᠎ᠠ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠲᠢᠩᠬᠢᠮ ᠠᠴᠠ ᠠᠷᠠᠳ ᠤᠨ ᠶᠡᠭᠡ ᠬᠤᠷᠠᠯ ᠤᠨ ᠲᠠᠩᠬᠢᠮ ᠳᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠳ ᠠᠴᠠ ᠡᠳᠡᠭᠡᠷ ᠠᠰᠠᠭᠤᠯᠲᠠ ᠳᠤ ᠨᠢᠭᠡ ᠨᠢᠭᠡ ᠪᠠᠷ ᠬᠠᠷᠢᠭᠤᠯᠲᠠ ᠥᠭᠴᠡᠢ᠃      ᠬᠠᠯᠠᠮᠰᠢᠯ ᠠᠰᠠᠭᠤᠳᠠᠯ ᠨᠢᠭᠡ  ᠄ ᠰᠠᠷ᠎ᠠ ᠪᠦᠷᠢ  ᠶᠢᠨ 5000 ᠲᠥᠭᠦᠷᠢᠭ  ᠤᠨ ︽ ᠭᠠᠶᠢᠯᠢ ᠲᠠᠲᠠᠪᠤᠷᠢᠯᠠᠬᠤ ᠴᠡᠭ︾ ᠢ ᠭᠤᠷᠪᠠᠨ ᠶᠡᠭᠡ ᠲᠠᠯ᠎ᠠ ᠠᠴᠠ ᠪᠣᠳᠣᠯᠬᠢᠯᠠᠭᠠᠳ ᠲᠣᠭᠲᠠᠭᠠᠪᠠ      ᠬᠤᠪᠢ ᠬᠥᠮᠥᠨ ᠤ ᠣᠯᠵᠠᠪᠤᠷᠢ ᠶᠢᠨ ᠭᠠᠶᠢᠯᠢ ᠶᠢᠨ ᠬᠠᠰᠤᠨ ᠰᠠᠭᠤᠳᠬᠠᠬᠤ ᠰᠦᠢᠳᠬᠡᠯ ᠤᠨ ᠦᠨᠳᠦᠰᠦᠨ ᠪᠠᠷᠢᠮᠵᠢᠶ᠎ᠠ ︵ᠲᠤᠬᠠᠶᠢᠯᠠᠪᠠᠯ ᠶᠡᠷᠦ ᠶᠢᠨ ᠬᠡᠯᠡᠳᠡᠭ ︽ᠭᠠᠶᠢᠯᠢ ᠲᠠᠲᠠᠪᠤᠷᠢᠯᠠᠬᠤ ᠴᠡᠭ︾︶ ᠨᠢ ᠣᠯᠠᠨ ᠤ ᠠᠩᠬᠠᠷᠤᠯ ᠢ ᠶᠡᠭᠡ ᠪᠠᠷ ᠲᠠᠲᠠᠵᠤ ᠪᠠᠶᠢᠨ᠎ᠠ᠃ ᠲᠡᠭᠡᠪᠡᠯ ᠰᠠᠷ᠎ᠠ ᠪᠦᠷᠢ ᠶᠢᠨ 5000 ᠲᠥᠭᠦᠷᠢᠭ ᠤᠨ ᠪᠠᠷᠢᠮᠵᠢᠶ᠎ᠠ ᠶᠢ ᠶᠠᠭᠠᠬᠢᠵᠤ ᠲᠣᠭᠲᠠᠭᠠᠭᠰᠠᠨ ᠪᠣᠢ︖      ᠡᠳ᠋ ᠤᠨ ᠵᠠᠰᠠᠭ ᠤᠨ ᠶᠠᠮᠤᠨ ᠤ ᠳᠡᠳ᠋ ᠳᠠᠷᠤᠭ᠎ᠠ ᠴᠧᠩ ᠯᠢ ᠬᠤᠸᠠ ᠶᠢᠨ ᠬᠡᠯᠡᠭᠰᠡᠨ ᠢᠶᠠᠷ᠂ ᠭᠤᠣᠯᠳᠠᠭᠤ ᠭᠤᠷᠪᠠᠨ ᠲᠠᠯ᠎ᠠ ᠶᠢᠨ ᠪᠣᠳᠣᠯᠬᠢᠯᠠᠯ ᠳᠤ ᠰᠠᠭᠤᠷᠢᠯᠠᠪᠠ᠃      ᠨᠢᠭᠡ ᠳᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠦᠨᠳᠦᠰᠦᠨ ᠬᠡᠷᠡᠭᠯᠡᠭᠡ ᠶᠢᠨ ᠵᠠᠷᠤᠯᠭ᠎ᠠ᠂ ᠠᠵᠢᠯ ᠣᠯᠣᠭᠰᠠᠳ ᠨᠢᠭᠡᠪᠦᠷᠢ ᠶᠢᠨ ᠳᠤᠮᠳᠠᠴᠢ ᠪᠠᠷ ᠡᠭᠦᠷᠭᠡᠯᠡᠬᠦ ᠬᠥᠮᠥᠨ ᠤ ᠲᠤᠭ᠎ᠠ᠂ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠬᠠᠩᠰᠢ ᠶᠢᠨ ᠭᠦᠢᠴᠡᠳᠬᠡᠯ ᠲᠤᠭ᠎ᠠ ᠵᠡᠷᠭᠡ ᠬᠦᠴᠦᠨ ᠵᠦᠢᠯ ᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠭᠰᠠᠨ ᠤ ᠳᠠᠷᠠᠭ᠎ᠠ ᠶᠡᠷᠦᠩᠬᠡᠶᠢᠯᠡᠨ ᠲᠣᠭᠲᠠᠭᠠᠪᠠ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠥᠯᠢᠭᠡᠷ ᠬᠡᠪ ᠢ ᠰᠤᠭᠤᠴᠢᠨ ᠪᠠᠶᠢᠴᠠᠭᠠᠭᠰᠠᠨ ᠳ᠋ᠠᠶᠢᠲ᠋ᠠ ᠶᠢ ᠦᠨᠳᠦᠰᠦᠯᠡᠨ ᠲᠥᠰᠥᠭᠡᠯᠡᠨ ᠪᠣᠳᠣᠪᠠᠯ᠂ 2017 ᠣᠨ ᠤ ᠮᠠᠨ ᠤ ᠤᠯᠤᠰ ᠤᠨ ᠬᠤᠲᠠ ᠬᠥᠳᠡᠭᠡ ᠶᠢᠨ ᠠᠵᠢᠯ ᠣᠯᠣᠭᠰᠠᠳ ᠤᠨ ᠬᠥᠮᠥᠨ ᠳᠤᠮᠳᠠᠴᠢ ᠶᠢᠨ ᠡᠭᠦᠷᠭᠡᠯᠡᠬᠦ ᠬᠡᠷᠡᠭᠯᠡᠭᠡ ᠶᠢᠨ ᠵᠠᠷᠤᠯᠭ᠎ᠠ ᠨᠢ ᠰᠠᠷ᠎ᠠ ᠪᠦᠷᠢ ᠪᠠᠷᠤᠭ 3900 ᠲᠥᠭᠦᠷᠢᠭ ᠪᠠᠶᠢᠵᠤ᠂ ᠣᠶᠢᠷ᠎ᠠ ᠶᠢᠨ ᠭᠤᠷᠪᠠᠨ ᠵᠢᠯ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠡᠷᠡᠭᠯᠡᠭᠡ ᠶᠢᠨ ᠵᠠᠷᠤᠯᠭ᠎ᠠ ᠶᠢᠨ ᠵᠢᠯ ᠤᠨ ᠳᠤᠮᠳᠠᠴᠢ ᠥᠰᠦᠯᠲᠡ ᠶᠢᠨ ᠨᠣᠷᠮ᠎ᠠ ᠶᠣᠰᠣᠭᠠᠷ ᠲᠥᠰᠥᠭᠡᠯᠡᠨ ᠪᠣᠳᠣᠪᠠᠯ᠂ 2018 ᠣᠨ ᠤ ᠬᠥᠮᠥᠨ ᠳᠤᠮᠳᠠᠴᠢ ᠶᠢᠨ ᠡᠭᠦᠷᠭᠡᠯᠡᠬᠦ ᠬᠡᠷᠡᠭᠯᠡᠭᠡ ᠶᠢᠨ ᠵᠠᠷᠤᠯᠭ᠎ᠠ ᠨᠢ ᠰᠠᠷ᠎ᠠ ᠪᠦᠷᠢ ᠪᠠᠷᠤᠭ 4200 ᠲᠥᠭᠦᠷᠢᠭ ᠪᠠᠶᠢᠳᠠᠭ᠃ ᠬᠠᠰᠤᠨ ᠰᠠᠭᠤᠳᠬᠠᠬᠤ ᠵᠠᠷᠤᠳᠠᠯ ᠤᠨ ᠦᠨᠳᠦᠰᠦᠨ ᠪᠠᠷᠢᠮᠵᠢᠶ᠎ᠠ ᠶᠢ ᠰᠠᠷ᠎ᠠ ᠪᠦᠷᠢ ᠶᠢᠨ 5000 ᠲᠥᠭᠦᠷᠢᠭ ᠢᠶᠠᠷ ᠲᠣᠭᠲᠠᠭᠠᠭᠰᠠᠨ ᠨᠢ᠂ ᠬᠥᠮᠥᠨ ᠳᠤᠮᠳᠠᠴᠢ ᠶᠢᠨ ᠬᠡᠷᠡᠭᠯᠡᠭᠡ ᠶᠢᠨ ᠵᠠᠷᠤᠯᠭ᠎ᠠ ᠶᠢ ᠬᠠᠮᠤᠷᠤᠭᠰᠠᠨ ᠢᠶᠠᠷ ᠪᠠᠷᠠᠬᠤ ᠦᠭᠡᠢ᠂ ᠵᠣᠬᠢᠬᠤ ᠪᠠᠷᠠᠭᠠᠯᠠᠯ ᠴᠢᠨᠠᠷ ᠢ ᠢᠯᠡᠷᠡᠭᠦᠯᠵᠡᠢ᠃      ᠬᠤᠶᠠᠷ ᠲᠤ᠂ ᠲᠤᠰ ᠤᠳᠠᠭ᠎ᠠ ᠬᠠᠤᠯᠢ ᠳᠤ ᠵᠠᠰᠠᠪᠤᠷᠢ ᠣᠷᠣᠭᠤᠯᠬᠤ ᠳᠤ ᠬᠠᠰᠤᠨ ᠰᠠᠭᠤᠳᠬᠠᠬᠤ ᠵᠠᠷᠤᠳᠠᠯ ᠤᠨ ᠦᠨᠳᠦᠰᠦᠨ ᠪᠠᠷᠢᠮᠵᠢᠶ᠎ᠠ ᠠᠴᠠ ᠭᠠᠳᠠᠨ᠎ᠠ᠂ ᠣᠯᠠᠨ ᠲᠤᠰᠬᠠᠢ ᠵᠦᠢᠯ ᠤᠨ ᠨᠡᠮᠡᠯᠲᠡ ᠰᠠᠭᠤᠳᠬᠠᠯ ᠢ ᠰᠢᠨ᠎ᠡ ᠪᠠᠷ ᠨᠡᠮᠡᠵᠦ᠂ ᠳᠣᠣᠷ᠎ᠠ ᠳᠡᠰ ᠤᠨ ᠭᠠᠶᠢᠯᠢ ᠶᠢᠨ ᠨᠣᠷᠮ᠎ᠠ ᠶᠢᠨ ᠳᠡᠰ ᠤᠨ ᠵᠥᠷᠢᠶ᠎ᠡ ᠶᠢ ᠥᠷᠭᠡᠳᠬᠡᠭᠰᠡᠨ ᠠᠴᠠ᠂ ᠥᠷᠭᠡᠨ ᠣᠯᠠᠨ ᠭᠠᠶᠢᠯᠢ ᠲᠤᠰᠢᠶᠠᠭᠴᠢᠳ ᠴᠥᠮ ᠭᠠᠶᠢᠯᠢ ᠬᠥᠩᠭᠡᠯᠡᠬᠦ ᠠᠰᠢᠭ ᠣᠯᠵᠠᠪᠤᠷᠢ ᠶᠢ ᠠᠳᠠᠯᠢ ᠪᠤᠰᠤ ᠬᠡᠮᠵᠢᠶ᠎ᠡ ᠪᠠᠷ ᠬᠦᠷᠲᠡᠵᠦ᠂ ᠣᠨᠴᠠᠭᠠᠶᠢᠯᠠᠨ ᠳᠤᠮᠳᠠ ᠵᠡᠷᠭᠡ ᠠᠴᠠ ᠳᠣᠭᠤᠭᠰᠢᠬᠢ ᠣᠷᠣᠯᠭ᠎ᠠ ᠲᠠᠢ ᠣᠯᠠᠨ ᠲᠦᠮᠡᠨ ᠳᠤ ᠨᠡᠩ ᠶᠡᠭᠡ ᠠᠰᠢᠭᠲᠠᠢ ᠪᠠᠶᠢᠳᠠᠭ᠃ ᠵᠥᠪᠬᠡᠨ ᠬᠠᠰᠤᠨ ᠰᠠᠭᠤᠳᠬᠠᠬᠤ ᠵᠠᠷᠤᠳᠠᠯ ᠤᠨ ᠦᠨᠳᠦᠰᠦᠨ ᠪᠠᠷᠢᠮᠵᠢᠶ᠎ᠠ ᠶᠢ ᠰᠠᠷ᠎ᠠ ᠪᠦᠷᠢ ᠶᠢᠨ 5000 ᠲᠥᠭᠦᠷᠢᠭ ᠪᠣᠯᠭᠠᠨ ᠳᠡᠭᠡᠭᠰᠢᠯᠡᠭᠦᠯᠬᠦ ᠡᠨᠡ ᠬᠦ ᠬᠦᠴᠦᠨ ᠵᠦᠢᠯ ᠢᠶᠠᠷ ᠬᠡᠮᠵᠢᠨ ᠪᠣᠳᠣᠪᠠᠯ᠂ ᠬᠠᠤᠯᠢ ᠳᠤ ᠵᠠᠰᠠᠪᠤᠷᠢ ᠣᠷᠣᠭᠤᠯᠤᠭᠰᠠᠨ ᠤ ᠳᠠᠷᠠᠭ᠎ᠠ ᠬᠤᠲᠠ ᠬᠥᠳᠡᠭᠡ ᠶᠢᠨ ᠠᠵᠢᠯ ᠣᠯᠣᠭᠰᠠᠳ ᠤᠨ ᠳᠣᠲᠣᠷᠠᠬᠢ ᠬᠤᠪᠢ ᠬᠥᠮᠥᠨ ᠤ ᠣᠯᠵᠠᠪᠤᠷᠢ ᠶᠢᠨ ᠭᠠᠶᠢᠯᠢ ᠲᠤᠰᠢᠶᠠᠭᠴᠢᠳ ᠤᠨ ᠡᠵᠡᠯᠡᠬᠦ ᠬᠠᠷᠢᠴᠠᠯ ᠨᠢ ᠣᠳᠣ ᠶᠢᠨ 44% ᠠᠴᠠ ᠳᠣᠷᠣᠭᠰᠢᠯᠠᠭᠠᠳ 15% ᠪᠣᠯᠬᠤ ᠪᠣᠯᠣᠨ᠎ᠠ᠃      ᠭᠤᠷᠪᠠ ᠳᠤ᠂ ᠬᠤᠶᠠᠷ ᠵᠦᠢᠯ ᠤᠨ ᠰᠠᠭᠤᠳᠬᠠᠯ ᠢ ᠰᠢᠨ᠎ᠡ ᠪᠠᠷ ᠨᠡᠮᠡᠪᠡ᠃ ᠨᠢᠭᠡ ᠳᠤ᠂ ᠨᠠᠰᠤᠲᠠᠨ ᠢ ᠠᠰᠠᠷᠠᠨ ᠲᠡᠵᠢᠭᠡᠬᠦ ᠲᠤᠰᠬᠠᠢ ᠵᠦᠢᠯ ᠤᠨ ᠨᠡᠮᠡᠯᠲᠡ ᠰᠠᠭᠤᠳᠬᠠᠯ︔ ᠬᠤᠶᠠᠷ ᠲᠤ᠂ ᠬᠥᠳᠡᠯᠮᠦᠷᠢ ᠶᠢᠨ ᠬᠠᠷᠠᠮᠵᠢ᠂ ᠡᠬᠡ ᠪᠢᠴᠢᠭ ᠤᠨ ᠬᠠᠷᠠᠮᠵᠢ᠂ ᠣᠨᠴᠠ ᠵᠥᠪᠰᠢᠶᠡᠷᠡᠭᠰᠡᠨ ᠡᠷᠬᠡ ᠶᠢᠨ ᠬᠡᠷᠡᠭᠯᠡᠬᠦ ᠵᠠᠷᠤᠳᠠᠯ ᠵᠡᠷᠭᠡ ᠭᠤᠷᠪᠠᠨ ᠲᠥᠷᠥᠯ ᠤᠨ ᠣᠷᠣᠯᠭ᠎ᠠ ᠠᠴᠠ 20% ᠶᠢᠨ ᠰᠦᠢᠳᠬᠡᠯ ᠢ ᠬᠠᠰᠤᠨ ᠰᠠᠭᠤᠳᠬᠠᠭᠰᠠᠨ ᠤ ᠳᠠᠷᠠᠭ᠎ᠠ ᠲᠤᠰᠢᠶᠠᠬᠤ ᠭᠠᠶᠢᠯᠢ ᠶᠢ ᠨᠢ ᠲᠣᠭᠠᠴᠠᠨ ᠪᠣᠳᠣᠬᠤ ᠶᠢ ᠵᠥᠪᠰᠢᠶᠡᠷᠡᠨ᠎ᠡ᠂ ᠡᠨᠡ ᠨᠢ ᠨᠡᠯᠢᠶᠡᠳ ᠨᠢᠭᠡ ᠬᠡᠰᠡᠭ ᠭᠠᠶᠢᠯᠢ ᠲᠤᠰᠢᠶᠠᠭᠴᠢᠳ ᠤᠨ ᠰᠦᠢᠳᠬᠡᠯ ᠤᠨ ᠬᠠᠰᠤᠨ ᠰᠠᠭᠤᠳᠬᠠᠬᠤ ᠲᠤᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠡᠢ᠃      ᠭᠡᠲᠡᠯ᠎ᠡ᠂ 5000 ᠲᠥᠭᠦᠷᠢᠭ ᠤᠨ ︽ᠭᠠᠶᠢᠯᠢ ᠲᠠᠲᠠᠪᠤᠷᠢᠯᠠᠬᠤ ᠴᠡᠭ︾ ᠨᠢ ᠬᠤᠪᠢᠷᠠᠰᠢ ᠦᠭᠡᠢ ᠲᠣᠭᠲᠠᠮᠠᠯ ᠪᠢᠰᠢ᠂ ᠡᠭᠦᠨ ᠠᠴᠠ ᠬᠤᠶᠢᠰᠢᠳᠠ ᠬᠤᠪᠢ ᠬᠥᠮᠥᠨ ᠤ ᠣᠯᠵᠠᠪᠤᠷᠢ ᠶᠢᠨ ᠭᠠᠶᠢᠯᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠵᠢᠴᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠬᠡᠷᠡᠭᠯᠡᠭᠡ ᠶᠢᠨ ᠵᠠᠷᠤᠯᠭ᠎ᠠ ᠶᠢᠨ ᠬᠢᠷᠢ ᠲᠦᠪᠰᠢᠨ ᠤ ᠬᠤᠪᠢᠷᠠᠯᠲᠠ ᠶᠢᠨ ᠪᠠᠶᠢᠳᠠᠯ ᠲᠠᠢ ᠤᠶᠠᠯᠳᠤᠭᠤᠯᠵᠤ ᠬᠥᠳᠡᠯᠦᠩᠭᠦᠢ ᠪᠠᠷ ᠲᠣᠬᠢᠷᠠᠭᠤᠯᠤᠯᠲᠠ ᠬᠢᠨ᠎ᠡ ᠭᠡᠵᠦ ᠴᠧᠩ ᠯᠢ ᠬᠤᠸᠠ ᠢᠯᠡᠷᠬᠡᠶᠢᠯᠡᠵᠡᠢ᠃      ᠬᠠᠯᠠᠮᠰᠢᠯ ᠠᠰᠠᠭᠤᠳᠠᠯ ᠬᠤᠶᠠᠷ᠄ 10 ᠳ᠋ᠤᠭᠠᠷ ᠰᠠᠷ᠎ᠠ ᠶᠢᠨ 1 ᠤ ᠡᠳᠦᠷ ᠠᠴᠠ ᠬᠤᠶᠢᠰᠢ ᠰᠠᠷ᠎ᠠ ᠶᠢᠨ ᠣᠷᠣᠯᠭ᠎ᠠ ᠨᠢ 2 ᠲᠦᠮᠡᠨ ᠲᠥᠭᠦᠷᠢᠭ ᠠᠴᠠ ᠳᠣᠷᠣᠭᠰᠢ ᠪᠣᠯ 50% ᠠᠴᠠ ᠳᠡᠭᠡᠭᠰᠢᠬᠢ ᠭᠠᠶᠢᠯᠢ ᠶᠢ ᠨᠢ ᠬᠥᠩᠭᠡᠯᠡᠨ᠎ᠡ      ᠲᠣᠭᠲᠠᠭᠠᠯ ᠢ ᠦᠨᠳᠦᠰᠦᠯᠡᠪᠡᠯ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠬᠤᠪᠢ ᠬᠥᠮᠥᠨ ᠤ ᠣᠯᠵᠠᠪᠤᠷᠢ ᠶᠢᠨ ᠭᠠᠶᠢᠯᠢ ᠶᠢᠨ ᠬᠠᠤᠯᠢ ᠶᠢ 2019 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠵᠦ᠂ ᠭᠠᠶᠢᠯᠢ ᠲᠤᠰᠢᠶᠠᠭᠴᠢᠳ ᠲᠤ ᠭᠠᠶᠢᠯᠢ ᠬᠥᠩᠭᠡᠯᠡᠬᠦ ᠠᠰᠢᠭ ᠣᠯᠵᠠᠪᠤᠷᠢ ᠶᠢ ᠡᠷᠲᠡᠬᠡᠨ ᠬᠦᠷᠲᠡᠭᠡᠬᠦ ᠶᠢᠨ ᠲᠥᠯᠥᠭᠡ᠂ ᠡᠨᠡ ᠵᠢᠯ ᠤᠨ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ᠂ ᠤᠷᠢᠳ ᠢᠶᠠᠷ ᠴᠠᠯᠢᠩ᠂ ᠬᠥᠯᠥᠰᠦᠨ ᠮᠥᠩᠭᠦ ᠶᠢᠨ ᠣᠯᠵᠠᠪᠤᠷᠢ ᠶᠢᠨ ᠬᠠᠰᠤᠨ ᠰᠠᠭᠤᠳᠬᠠᠬᠤ ᠵᠠᠷᠤᠳᠠᠯ ᠤᠨ ᠦᠨᠳᠦᠰᠦᠨ ᠪᠠᠷᠢᠮᠵᠢᠶ᠎ᠠ ᠶᠢ ᠰᠠᠷ᠎ᠠ ᠪᠦᠷᠢ ᠶᠢᠨ 5000 ᠲᠥᠭᠦᠷᠢᠭ ᠪᠣᠯᠭᠠᠨ ᠳᠡᠭᠡᠭᠰᠢᠯᠡᠭᠦᠯᠬᠦ ᠶᠢᠨ ᠬᠠᠮᠲᠤ᠂ ᠰᠢᠨ᠎ᠡ ᠭᠠᠶᠢᠯᠢ ᠶᠢᠨ ᠨᠣᠷᠮ᠎ᠠ ᠶᠢᠨ ᠬᠦᠰᠦᠨᠦᠭ ᠶᠣᠰᠣᠭᠠᠷ ᠭᠠᠶᠢᠯᠢ ᠶᠢ ᠨᠢ ᠪᠣᠳᠣᠨ᠎ᠠ᠃ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠶᠢᠨ ᠡᠵᠡᠩᠨᠡᠯᠲᠡ ᠶᠢᠨ ᠣᠯᠵᠠᠪᠤᠷᠢ ᠳᠤ ᠴᠤ ᠰᠢᠨ᠎ᠡ ᠭᠠᠶᠢᠯᠢ ᠶᠢᠨ ᠨᠣᠷᠮ᠎ᠠ ᠶᠢᠨ ᠬᠦᠰᠦᠨᠦᠭ ᠢ ᠲᠣᠬᠢᠷᠠᠭᠤᠯᠤᠨ ᠬᠡᠷᠡᠭᠯᠡᠨ᠎ᠡ᠃      ︽10 ᠳ᠋ᠤᠭᠠᠷ ᠰᠠᠷ᠎ᠠ ᠶᠢᠨ 1 ᠤ ᠡᠳᠦᠷ ᠠᠴᠠ ᠬᠤᠶᠢᠰᠢ ᠴᠠᠯᠢᠩ ᠲᠠᠷᠬᠠᠭᠠᠨ ᠣᠯᠭᠤᠬᠤ ᠦᠶ᠎ᠡ ᠳᠤ᠂ ᠡᠯ᠎ᠡ ᠠᠵᠤ ᠠᠬᠤᠶᠢᠯᠠᠯ ᠤᠨ ᠨᠢᠭᠡᠴᠢ ᠶᠢᠨ ᠡᠳ᠋ ᠤᠨ ᠶᠠᠪᠤᠳᠠᠯ ᠤᠨ ᠠᠵᠢᠯᠲᠠᠳ ᠬᠤᠪᠢ ᠬᠥᠮᠥᠨ ᠤ ᠣᠯᠵᠠᠪᠤᠷᠢ ᠶᠢᠨ ᠭᠠᠶᠢᠯᠢ ᠶᠢ ᠰᠠᠭᠤᠯᠭᠠᠨ ᠠᠪᠴᠤ ᠲᠤᠰᠢᠶᠠᠬᠤ ᠦᠶ᠎ᠡ ᠳᠤ 5000 ᠲᠥᠭᠦᠷᠢᠭ ᠤᠨ ᠵᠠᠷᠤᠳᠠᠯ ᠤᠨ ᠰᠢᠨ᠎ᠡ ᠪᠠᠷᠢᠮᠵᠢᠶ᠎ᠠ ᠪᠠ ᠰᠢᠨ᠎ᠡ ᠭᠠᠶᠢᠯᠢ ᠶᠢᠨ ᠨᠣᠷᠮ᠎ᠠ ᠶᠢᠨ ᠬᠦᠰᠦᠨᠦᠭ ᠢ ᠬᠡᠷᠡᠭᠯᠡᠬᠦ ᠶᠢ ᠵᠠᠪᠠᠯ ᠴᠡᠭᠡᠵᠢᠯᠡᠬᠦ ᠬᠡᠷᠡᠭᠲᠡᠢ︾ ᠭᠡᠵᠦ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠶᠡᠷᠦᠩᠬᠡᠢ ᠬᠢᠨᠠᠨ ᠪᠣᠳᠣᠭᠴᠢ ᠯᠢᠦ ᠯᠢ ᠵᠢᠶᠠᠨ ᠰᠠᠨᠠᠭᠤᠯᠤᠨ ᠬᠡᠯᠡᠵᠡᠢ᠃      ᠲᠤᠰ ᠤᠳᠠᠭᠠᠨ ᠤ ᠵᠠᠷᠤᠳᠠᠯ ᠤᠨ ᠦᠨᠳᠦᠰᠦᠨ ᠪᠠᠷᠢᠮᠵᠢᠶ᠎ᠠ ᠶᠢ ᠳᠡᠭᠡᠭᠰᠢᠯᠡᠭᠦᠯᠦᠭᠰᠡᠨ ᠨᠢ᠂ ᠥᠷᠭᠡᠨ ᠣᠯᠠᠨ ᠴᠠᠯᠢᠩ ᠤᠨ ᠭᠠᠶᠢᠯᠢ ᠲᠤᠰᠢᠶᠠᠭᠴᠢ ᠶᠢᠨ ᠭᠠᠶᠢᠯᠢ ᠶᠢ ᠬᠥᠩᠭᠡᠯᠡᠬᠦ ᠶᠢ ᠠᠳᠠᠯᠢ ᠪᠤᠰᠤ ᠬᠡᠮᠵᠢᠶ᠎ᠡ ᠪᠠᠷ ᠪᠡᠶᠡᠯᠡᠭᠦᠯᠵᠦ᠂ ᠲᠡᠭᠦᠨ ᠤ ᠳᠣᠲᠣᠷ᠎ᠠ ᠰᠠᠷ᠎ᠠ ᠶᠢᠨ ᠣᠷᠣᠯᠭ᠎ᠠ ᠨᠢ 2 ᠲᠦᠮᠡᠨ ᠲᠥᠭᠦᠷᠢᠭ ᠠᠴᠠ ᠳᠣᠭᠤᠭᠰᠢᠬᠢ ᠭᠠᠶᠢᠯᠢ ᠲᠤᠰᠢᠶᠠᠭᠴᠢᠳ ᠤᠨ ᠭᠠᠶᠢᠯᠢ ᠶᠢᠨ ᠡᠭᠦᠷᠭᠡᠯᠡᠯ ᠢ 50% ᠠᠴᠠ ᠳᠡᠭᠡᠭᠰᠢ ᠪᠠᠭᠤᠷᠠᠭᠤᠯᠬᠤ ᠪᠣᠯᠣᠨ᠎ᠠ᠃ ᠶᠡᠷᠦᠩᠬᠡᠢ ᠳᠤ  ᠨᠢ ᠦᠵᠡᠪᠡᠯ᠂ ᠥᠭᠡᠷᠡᠴᠢᠯᠡᠯᠲᠡ ᠬᠢᠭᠰᠡᠨ ᠤ ᠳᠠᠷᠠᠭ᠎ᠠ ᠨᠢᠭᠡ ᠵᠢᠯ ᠤᠨ ᠭᠠᠶᠢᠯᠢ ᠶᠢᠨ ᠣᠷᠣᠯᠭ᠎ᠠ ᠪᠠᠷᠤᠭ 3200 ᠳ᠋ᠦᠩᠰᠢᠭᠤᠷ ᠲᠥᠭᠦᠷᠢᠭ ᠪᠠᠭᠠᠰᠬᠤ ᠪᠣᠯᠣᠨ᠎ᠠ ᠭᠡᠵᠦ ᠴᠧᠩ ᠯᠢ ᠬᠤᠸᠠ ᠬᠡᠯᠡᠵᠡᠢ᠃      ᠲᠡᠭᠦᠨ ᠤ ᠳᠠᠩᠰᠠ ᠪᠣᠳᠣᠭᠰᠠᠨ ᠢ ᠦᠨᠳᠦᠰᠦᠯᠡᠪᠡᠯ᠂ ᠰᠠᠷ᠎ᠠ ᠶᠢᠨ ᠴᠠᠯᠢᠩ ᠤᠨ ᠣᠷᠣᠯᠭ᠎ᠠ ᠨᠢ 15000 ᠲᠥᠭᠦᠷᠢᠭ ᠤᠨ ᠨᠢᠭᠡᠨ ᠭᠠᠶᠢᠯᠢ ᠲᠤᠰᠢᠶᠠᠭᠴᠢ ᠪᠠᠷ ᠵᠢᠱᠢᠶᠡᠯᠡᠪᠡᠯ᠂ ᠣᠳᠣ ᠶᠢᠨ ᠬᠡᠷᠡᠭᠵᠢᠭᠦᠯᠵᠦ ᠪᠠᠶᠢᠭ᠎ᠠ ᠭᠠᠶᠢᠯᠢ ᠶᠢᠨ ᠬᠠᠤᠯᠢ ᠶᠣᠰᠣᠭᠠᠷ ᠲᠣᠭᠠᠴᠠᠨ ᠪᠣᠳᠣᠪᠠᠯ᠂ ︽ᠭᠠᠶᠢᠯᠢ ᠲᠠᠲᠠᠪᠤᠷᠢᠯᠠᠬᠤ ᠴᠡᠭ︾ ᠤᠨ 3500 ᠲᠥᠭᠦᠷᠢᠭ ᠢ ᠬᠠᠰᠤᠨ ᠰᠠᠭᠤᠳᠬᠠᠭᠰᠠᠨ ᠤ ᠳᠠᠷᠠᠭ᠎ᠠ 25% ᠶᠢᠨ ᠭᠠᠶᠢᠯᠢ ᠶᠢᠨ ᠨᠣᠷᠮ᠎ᠠ ᠪᠠᠷ ᠦᠷᠡᠵᠢᠭᠦᠯᠵᠦ᠂ ᠪᠡᠯᠡᠬᠡᠨ ᠪᠣᠳᠣᠭᠰᠠᠨ ᠬᠠᠰᠤᠵᠤ ᠭᠠᠷᠭᠠᠬᠤ ᠲᠤᠭ᠎ᠠ 1005 ᠲᠥᠭᠦᠷᠢᠭ ᠢ ᠬᠠᠰᠤᠪᠠᠯ᠂ ᠰᠠᠷ᠎ᠠ ᠪᠦᠷᠢ 1870 ᠲᠥᠭᠦᠷᠢᠭ ᠤᠨ ᠬᠤᠪᠢ ᠬᠥᠮᠥᠨ ᠤ ᠣᠯᠵᠠᠪᠤᠷᠢ ᠶᠢᠨ ᠭᠠᠶᠢᠯᠢ ᠲᠤᠰᠢᠶᠠᠬᠤ ᠴᠢᠬᠤᠯᠠᠲᠠᠢ︔ ᠰᠢᠨ᠎ᠡ ᠭᠠᠶᠢᠯᠢ ᠶᠢᠨ ᠬᠠᠤᠯᠢ ᠶᠣᠰᠣᠭᠠᠷ ᠲᠣᠭᠠᠴᠠᠨ ᠪᠣᠳᠣᠪᠠᠯ᠂ ︽ᠭᠠᠶᠢᠯᠢ ᠲᠠᠲᠠᠪᠤᠷᠢᠯᠠᠬᠤ ᠴᠡᠭ︾ ᠤᠨ 5000 ᠲᠥᠭᠦᠷᠢᠭ ᠢ ᠬᠠᠰᠤᠨ ᠰᠠᠭᠤᠳᠬᠠᠭᠰᠠᠨ ᠤ ᠳᠠᠷᠠᠭ᠎ᠠ 10% ᠶᠢᠨ ᠲᠣᠬᠢᠷᠠᠯᠴᠠᠭᠰᠠᠨ ᠭᠠᠶᠢᠯᠢ ᠶᠢᠨ ᠨᠣᠷᠮ᠎ᠠ ᠪᠠᠷ ᠦᠷᠡᠵᠢᠭᠦᠯᠵᠦ᠂ ᠪᠡᠯᠡᠬᠡᠨ ᠪᠣᠳᠣᠭᠰᠠᠨ ᠬᠠᠰᠤᠵᠤ ᠭᠠᠷᠭᠠᠬᠤ ᠲᠤᠭ᠎ᠠ 210 ᠲᠥᠭᠦᠷᠢᠭ ᠢ ᠬᠠᠰᠤᠪᠠᠯ᠂ ᠵᠥᠪᠬᠡᠨ 790 ᠲᠥᠭᠦᠷᠢᠭ ᠤᠨ ᠭᠠᠶᠢᠯᠢ ᠲᠤᠰᠢᠶᠠᠬᠤ ᠴᠢᠬᠤᠯᠠᠲᠠᠢ ᠪᠠᠶᠢᠵᠤ᠂ ᠭᠠᠶᠢᠯᠢ ᠶᠢᠨ ᠡᠭᠦᠷᠭᠡᠯᠡᠯ ᠨᠢ 58% ᠪᠠᠷ ᠬᠥᠩᠭᠡᠷᠡᠪᠡ᠃ ᠬᠡᠷᠪᠡ ᠪᠤᠰᠤᠳ ᠬᠠᠰᠤᠨ ᠰᠠᠭᠤᠳᠬᠠᠬᠤ ᠲᠥᠷᠥᠯ ᠵᠦᠢᠯ᠂ ᠵᠢᠴᠢ ᠰᠢᠨ᠎ᠡ ᠪᠠᠷ ᠨᠡᠮᠡᠭᠰᠡᠨ ᠲᠤᠰᠬᠠᠢ ᠵᠦᠢᠯ ᠤᠨ ᠨᠡᠮᠡᠯᠲᠡ ᠰᠠᠭᠤᠳᠬᠠᠯ ᠢ ᠪᠠᠰᠠ ᠪᠣᠳᠣᠯᠬᠢᠯᠠᠪᠠᠯ᠂ ᠭᠠᠶᠢᠯᠢ ᠶᠢᠨ ᠡᠭᠦᠷᠭᠡᠯᠡᠯ ᠨᠢ ᠤᠯᠠᠮ ᠨᠢᠭᠡ ᠠᠯᠬᠤᠮ ᠬᠥᠩᠭᠡᠷᠡᠬᠦ ᠪᠣᠯᠣᠨ᠎ᠠ᠃      ᠬᠠᠯᠠᠮᠰᠢᠯ ᠠᠰᠠᠭᠤᠳᠠᠯ ᠭᠤᠷᠪᠠ᠄ ᠡᠬᠡ ᠪᠢᠴᠢᠭ ᠤᠨ ᠬᠠᠷᠠᠮᠵᠢ ᠶᠢᠨ ᠣᠷᠣᠯᠭ᠎ᠠ ᠶᠢ 5.6 ᠪᠠᠷ ᠨᠤᠭᠤᠯᠤᠨ ᠪᠣᠳᠣᠪᠠᠯ᠂ ᠵᠠᠭᠤᠨ ᠲᠥᠭᠦᠷᠢᠭ ᠢ 56 ᠲᠥᠭᠦᠷᠢᠭ ᠢᠶᠠᠷ ᠭᠠᠶᠢᠯᠢ ᠪᠣᠳᠣᠨ᠎ᠠ      ᠶᠠᠭᠠᠬᠢᠭᠠᠳ ᠬᠥᠳᠡᠯᠮᠦᠷᠢ ᠶᠢᠨ ᠣᠯᠵᠠᠪᠤᠷᠢ᠂ ᠡᠬᠡ ᠪᠢᠴᠢᠭ ᠤᠨ ᠬᠠᠷᠠᠮᠵᠢ ᠶᠢᠨ ᠣᠯᠵᠠᠪᠤᠷᠢ ᠪᠠ ᠣᠨᠴᠠ ᠵᠥᠪᠰᠢᠶᠡᠷᠡᠭᠰᠡᠨ ᠡᠷᠬᠡ ᠶᠢᠨ ᠬᠡᠷᠡᠭᠯᠡᠬᠦ ᠵᠠᠷᠤᠳᠠᠯ ᠤᠨ ᠣᠯᠵᠠᠪᠤᠷᠢ ᠶᠢᠨ ᠲᠤᠬᠠᠢ ᠬᠠᠰᠤᠨ ᠰᠠᠭᠤᠳᠬᠠᠬᠤ ᠵᠠᠷᠤᠳᠠᠯ ᠢ ᠨᠡᠮᠡᠭᠳᠡᠭᠦᠯᠬᠦ ᠪᠠᠷ ᠲᠣᠭᠲᠠᠭᠠᠭᠰᠠᠨ ᠪᠣᠢ︖      ᠬᠤᠪᠢ ᠬᠥᠮᠥᠨ ᠤ ᠣᠯᠵᠠᠪᠤᠷᠢ ᠶᠢᠨ ᠭᠠᠶᠢᠯᠢ ᠶᠢᠨ ᠵᠠᠰᠠᠪᠤᠷᠢ ᠣᠷᠣᠭᠤᠯᠬᠤ ᠲᠥᠰᠥᠯ ᠢ ᠬᠢᠨᠠᠨ ᠵᠥᠪᠯᠡᠬᠦ ᠪᠠ ᠰᠠᠨᠠᠯ ᠬᠤᠷᠢᠶᠠᠬᠤ ᠶᠠᠪᠤᠴᠠ ᠳᠤ᠂ ᠵᠠᠷᠢᠮ ᠭᠡᠰᠢᠭᠦᠳ᠂ ᠲᠤᠰᠬᠠᠢ ᠮᠡᠷᠭᠡᠵᠢᠯᠲᠡᠳ ᠪᠠ ᠨᠡᠶᠢᠭᠡᠮ ᠤᠨ ᠨᠡᠶᠢᠲᠡ ᠣᠯᠠᠨ ᠢᠶᠠᠷ ᠢᠶᠠᠨ ᠪᠦᠷ ᠰᠠᠨᠠᠭᠤᠯᠭ᠎ᠠ ᠳᠤᠷᠠᠳᠴᠤ᠂ ᠭᠠᠶᠢᠯᠢ ᠲᠤᠰᠢᠶᠠᠭᠴᠢᠳ ᠤᠨ ᠣᠯᠣᠭᠰᠠᠨ ᠡᠬᠡ ᠪᠢᠴᠢᠭ ᠤᠨ ᠬᠠᠷᠠᠮᠵᠢ ᠵᠡᠷᠭᠡ ᠣᠷᠣᠯᠭ᠎ᠠ ᠠᠴᠠ ᠬᠠᠮᠢᠶ᠎ᠠ ᠪᠦᠬᠦᠢ ᠥᠪᠡᠷ ᠤᠨ ᠥᠷᠲᠡᠭ ᠤᠨ ᠵᠠᠷᠤᠳᠠᠯ ᠢ ᠬᠠᠰᠤᠨ ᠰᠠᠭᠤᠳᠬᠠᠬᠤ ᠶᠢ ᠵᠥᠪᠰᠢᠶᠡᠷᠡᠪᠡ᠃ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠬᠤᠪᠢ ᠬᠥᠮᠥᠨ ᠤ ᠣᠯᠵᠠᠪᠤᠷᠢ ᠶᠢᠨ ᠭᠠᠶᠢᠯᠢ ᠳᠤ ᠳᠡᠭᠡᠷ᠎ᠡ ᠶᠠᠷᠢᠭᠰᠠᠨ ᠰᠠᠨᠠᠭᠤᠯᠭ᠎ᠠ ᠶᠢ ᠬᠦᠯᠢᠶᠡᠨ ᠠᠪᠴᠤ᠂ ᠣᠳᠣ ᠶᠢᠨ ᠬᠡᠷᠡᠭᠵᠢᠭᠦᠯᠵᠦ ᠪᠠᠶᠢᠭ᠎ᠠ ᠭᠠᠶᠢᠯᠢ ᠶᠢᠨ ᠬᠠᠤᠯᠢ ᠶᠢᠨ ᠲᠣᠭᠲᠠᠭᠠᠯ ᠢ ᠲᠣᠭᠲᠠᠭᠤᠨ ᠢᠶᠠᠷ ᠰᠢᠯᠵᠢᠭᠦᠯᠦᠨ᠂ ᠬᠥᠳᠡᠯᠮᠦᠷᠢ ᠶᠢᠨ ᠬᠠᠷᠠᠮᠵᠢ᠂ ᠡᠬᠡ ᠪᠢᠴᠢᠭ ᠤᠨ ᠬᠠᠷᠠᠮᠵᠢ᠂ ᠣᠨᠴᠠ ᠵᠥᠪᠰᠢᠶᠡᠷᠡᠭᠰᠡᠨ ᠡᠷᠬᠡ ᠶᠢᠨ ᠬᠡᠷᠡᠭᠯᠡᠬᠦ ᠵᠠᠷᠤᠳᠠᠯ ᠵᠡᠷᠭᠡ ᠭᠤᠷᠪᠠᠨ ᠲᠥᠷᠥᠯ ᠤᠨ ᠣᠷᠣᠯᠭ᠎ᠠ ᠠᠴᠠ 20% ᠶᠢᠨ ᠵᠠᠷᠤᠳᠠᠯ ᠢ ᠬᠠᠰᠤᠨ ᠰᠠᠭᠤᠳᠬᠠᠭᠰᠠᠨ ᠤ ᠳᠠᠷᠠᠭ᠎ᠠ ᠲᠤᠰᠢᠶᠠᠬᠤ ᠭᠠᠶᠢᠯᠢ ᠶᠢ ᠨᠢ ᠲᠣᠭᠠᠴᠠᠨ ᠪᠣᠳᠣᠬᠤ ᠶᠢ ᠵᠥᠪᠰᠢᠶᠡᠷᠡᠪᠡ᠃ ᠳᠠᠷᠤᠢ ᠤᠤᠯ ᠤᠨ ᠣᠷᠣᠯᠭ᠎ᠠ ᠶᠢ ᠨᠢ ᠨᠠᠢᠮᠠ ᠨᠤᠭᠤᠯᠵᠤ ᠪᠠᠶᠢᠭᠠᠳ ᠲᠤᠰᠢᠶᠠᠬᠤ ᠭᠠᠶᠢᠯᠢ ᠶᠢ ᠨᠢ ᠲᠣᠭᠠᠴᠠᠨ ᠪᠣᠳᠣᠨ᠎ᠠ ᠭᠡᠵᠦ ᠬᠡᠯᠡᠵᠦ ᠪᠣᠯᠣᠨ᠎ᠠ᠃      ᠡᠭᠦᠨ ᠤ ᠬᠠᠮᠲᠤ᠂ ᠡᠭᠦᠳᠦᠨ ᠪᠦᠲᠦᠭᠡᠬᠦ ᠶᠢ ᠵᠣᠷᠢᠭᠵᠢᠭᠤᠯᠬᠤ ᠶᠢᠨ ᠲᠥᠯᠥᠭᠡ᠂ ᠡᠬᠡ ᠪᠢᠴᠢᠭ ᠤᠨ ᠬᠠᠷᠠᠮᠵᠢ ᠶᠢᠨ ᠣᠯᠵᠠᠪᠤᠷᠢ ᠠᠴᠠ 20% ᠶᠢᠨ ᠰᠦᠢᠳᠬᠡᠯ ᠢ ᠬᠠᠰᠤᠨ ᠰᠠᠭᠤᠳᠬᠠᠭᠰᠠᠨ ᠰᠠᠭᠤᠷᠢᠨ ᠳᠡᠭᠡᠷ᠎ᠡ᠂ ᠤᠯᠠᠮ ᠨᠢᠭᠡ ᠠᠯᠬᠤᠮ ᠴᠥᠭᠡᠳᠬᠡᠨ 70% ᠪᠠᠷ ᠲᠣᠭᠠᠴᠠᠨ ᠪᠣᠳᠣᠵᠤ ᠬᠠᠷᠠᠭᠠᠯᠵᠠᠯ ᠦᠵᠡᠭᠦᠯᠬᠦ ᠶᠢ ᠵᠥᠪᠰᠢᠶᠡᠷᠡᠵᠦ᠂ ᠬᠤᠶᠠᠷ ᠵᠦᠢᠯ ᠤᠨ ᠬᠦᠴᠦᠨ ᠵᠦᠢᠯ ᠢ ᠨᠡᠮᠡᠪᠡᠯ᠂ ᠡᠬᠡ ᠪᠢᠴᠢᠭ ᠤᠨ ᠬᠠᠷᠠᠮᠵᠢ ᠶᠢᠨ ᠣᠷᠣᠯᠭ᠎ᠠ ᠶᠢ ᠦᠨᠡᠨ ᠳᠤ ᠪᠠᠨ 5.6 ᠪᠠᠷ ᠨᠤᠭᠤᠯᠵᠤ ᠪᠠᠶᠢᠭᠠᠳ ᠲᠤᠰᠢᠶᠠᠬᠤ ᠭᠠᠶᠢᠯᠢ ᠶᠢ ᠨᠢ ᠪᠣᠳᠣᠭᠰᠠᠨ ᠲᠠᠢ ᠲᠡᠩᠴᠡᠨ᠎ᠡ᠃ ︽ᠳᠠᠷᠤᠢ 100 ᠲᠥᠭᠦᠷᠢᠭ ᠤᠨ ᠡᠬᠡ ᠪᠢᠴᠢᠭ ᠤᠨ ᠬᠠᠷᠠᠮᠵᠢ ᠶᠢᠨ ᠣᠷᠣᠯᠭ᠎ᠠ ᠶᠢ 56 ᠲᠥᠭᠦᠷᠢᠭ ᠢᠶᠠᠷ ᠲᠤᠰᠢᠶᠠᠬᠤ ᠭᠠᠶᠢᠯᠢ ᠶᠢ ᠨᠢ ᠲᠣᠭᠠᠴᠠᠨ ᠪᠣᠳᠣᠭᠰᠠᠨ ᠠᠴᠠ᠂ ᠭᠠᠶᠢᠯᠢ ᠶᠢᠨ ᠡᠭᠦᠷᠭᠡᠯᠡᠯ ᠨᠢ ᠶᠡᠭᠡ ᠬᠡᠮᠵᠢᠶ᠎ᠡ ᠪᠠᠷ ᠳᠣᠷᠣᠭᠰᠢᠯᠠᠪᠠ ᠭᠡᠵᠦ ᠬᠡᠯᠡᠵᠦ ᠪᠣᠯᠣᠨ᠎ᠠ︾ ᠭᠡᠵᠦ ᠴᠧᠩ ᠯᠢ ᠬᠤᠸᠠ ᠬᠡᠯᠡᠵᠡᠢ᠃      ᠬᠠᠯᠠᠮᠰᠢᠯ ᠠᠰᠠᠭᠤᠳᠠᠯ ᠳᠥᠷᠪᠡ᠄ ᠲᠤᠰᠬᠠᠢ ᠵᠦᠢᠯ ᠤᠨ ᠨᠡᠮᠡᠯᠲᠡ ᠰᠠᠭᠤᠳᠬᠠᠯ ᠤᠨ ᠲᠣᠭᠲᠠᠭᠰᠠᠨ ᠲᠤᠭ᠎ᠠ ᠪᠤᠶᠤ ᠬᠢᠵᠠᠭᠠᠷᠲᠤ ᠲᠤᠭ᠎ᠠ ᠶᠢᠨ ᠪᠠᠷᠢᠮᠵᠢᠶ᠎ᠠ ᠶᠢ ᠠᠩᠬ᠎ᠠ ᠠᠯᠬᠤᠮ ᠪᠣᠳᠣᠯᠬᠢᠯᠠᠪᠠ      ᠦᠷ᠎ᠡ ᠬᠡᠦᠬᠡᠳ ᠤᠨ ᠰᠤᠷᠭᠠᠨ ᠬᠥᠮᠥᠵᠢᠯ᠂ ᠦᠷᠭᠦᠯᠵᠢᠯᠡᠭᠰᠡᠨ ᠰᠤᠷᠭᠠᠨ ᠬᠥᠮᠥᠵᠢᠯ᠂ ᠨᠠᠰᠤᠲᠠᠨ ᠤ ᠠᠰᠠᠷᠠᠮᠵᠢ ᠁ ᠵᠠᠰᠠᠯᠲᠠ ᠣᠷᠣᠭᠤᠯᠤᠭᠰᠠᠨ ᠤ ᠳᠠᠷᠠᠭ᠎ᠠ ᠬᠤᠪᠢ ᠬᠥᠮᠥᠨ ᠤ ᠣᠯᠵᠠᠪᠤᠷᠢ ᠶᠢᠨ ᠭᠠᠶᠢᠯᠢ ᠳᠤ ᠵᠢᠷᠭᠤᠭᠠᠨ ᠵᠦᠢᠯ ᠤᠨ ᠲᠤᠰᠬᠠᠢ ᠵᠦᠢᠯ ᠤᠨ ᠨᠡᠮᠡᠯᠲᠡ ᠰᠠᠭᠤᠳᠬᠠᠯ ᠰᠢᠨ᠎ᠡ ᠪᠠᠷ ᠨᠡᠮᠡᠭᠳᠡᠪᠡ᠂ ᠲᠡᠭᠡᠪᠡᠯ ᠴᠣᠬᠤᠮ ᠶᠠᠮᠠᠷ ᠪᠠᠷᠢᠮᠵᠢᠶ᠎ᠠ ᠪᠠᠷ ᠰᠠᠭᠤᠳᠬᠠᠨ ᠠᠪᠬᠤ ᠪᠠᠷ ᠪᠠᠶᠢᠭ᠎ᠠ ᠪᠣᠢ︖      ᠭᠠᠶᠢᠯᠢ ᠶᠢᠨ ᠬᠠᠤᠯᠢ ᠠᠴᠠ ᠡᠷᠬᠡ ᠣᠯᠭᠤᠭᠰᠠᠨ ᠢ ᠦᠨᠳᠦᠰᠦᠯᠡᠪᠡᠯ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠳᠠᠷᠠᠭᠠᠴᠢ ᠶᠢᠨ ᠠᠯᠬᠤᠮ ᠳᠤ ᠲᠤᠰᠬᠠᠢ ᠵᠦᠢᠯ ᠤᠨ ᠨᠡᠮᠡᠯᠲᠡ ᠰᠠᠭᠤᠳᠬᠠᠯ ᠤᠨ ᠬᠡᠪᠴᠢᠶ᠎ᠡ᠂ ᠪᠠᠷᠢᠮᠵᠢᠶ᠎ᠠ ᠪᠠ ᠬᠡᠷᠡᠭᠵᠢᠭᠦᠯᠬᠦ ᠠᠯᠬᠤᠮ ᠳᠠᠷᠠᠭ᠎ᠠ ᠳᠤ ᠪᠣᠳᠠᠲᠠᠢ ᠲᠣᠭᠲᠠᠭᠠᠯ ᠭᠠᠷᠭᠠᠨ᠎ᠠ᠃      ᠲᠤᠰᠬᠠᠢ ᠵᠦᠢᠯ ᠤᠨ ᠨᠡᠮᠡᠯᠲᠡ ᠰᠠᠭᠤᠳᠬᠠᠯ ᠳᠤ ᠵᠣᠬᠢᠬᠤ ᠬᠢᠵᠠᠭᠠᠷᠲᠤ ᠲᠤᠭ᠎ᠠ ᠪᠤᠶᠤ ᠲᠣᠭᠲᠠᠭᠰᠠᠨ ᠲᠣᠭᠠᠨ ᠤ ᠪᠠᠷᠢᠮᠵᠢᠶ᠎ᠠ ᠲᠣᠬᠢᠷᠠᠭᠤᠯᠬᠤ ᠪᠠᠷ ᠠᠩᠬ᠎ᠠ ᠠᠯᠬᠤᠮ ᠪᠣᠳᠣᠯᠬᠢᠯᠠᠭᠰᠠᠨ ᠨᠢ᠂ ᠭᠠᠶᠢᠯᠢ ᠲᠤᠰᠢᠶᠠᠭᠴᠢᠳ ᠤᠨ ᠭᠠᠶᠢᠯᠢ ᠲᠤᠰᠢᠶᠠᠬᠤ ᠳᠤ ᠳᠥᠭᠦᠮ ᠦᠵᠡᠭᠦᠯᠦᠨ᠂ ᠬᠠᠮᠢᠶ᠎ᠠ ᠪᠦᠬᠦᠢ ᠵᠠᠷᠤᠯᠭ᠎ᠠ ᠶᠢ ᠵᠦᠢ ᠵᠣᠬᠢᠰᠲᠠᠢ  ᠬᠠᠰᠤᠨ ᠰᠠᠭᠤᠳᠬᠠᠬᠤ  ᠶᠢ ᠪᠠᠲᠤᠯᠠᠬᠤ ᠪᠠᠷ ᠪᠠᠷᠠᠬᠤ ᠦᠭᠡᠢ  ᠂ ᠲᠥᠷᠥ  ᠶᠢᠨ ᠪᠣᠳᠣᠯᠭ᠎ᠠ ᠶᠢᠨ ᠲᠥᠪ ᠭᠤᠣᠯᠴᠢ ᠶᠢ ᠢᠯᠡᠷᠡᠭᠦᠯᠵᠦ᠂ ᠥᠷᠭᠡᠨ ᠣᠯᠠᠨ ᠭᠠᠶᠢᠯᠢ ᠲᠤᠰᠢᠶᠠᠭᠴᠢ ᠳᠤ ᠭᠠᠶᠢᠯᠢ ᠬᠥᠩᠭᠡᠯᠡᠭᠰᠡᠨ ᠠᠰᠢᠭ ᠣᠯᠵᠠᠪᠤᠷᠢ ᠶᠢ ᠦᠨᠡᠨ ᠪᠣᠳᠠᠲᠠᠢ ᠪᠠᠷ ᠬᠦᠷᠲᠡᠭᠡᠬᠦ ᠪᠣᠯᠣᠨ᠎ᠠ ᠭᠡᠵᠦ ᠴᠧᠩ ᠯᠢ ᠬᠤᠸᠠ ᠬᠡᠯᠡᠵᠡᠢ᠃      ︽ᠲᠤᠰᠬᠠᠢ ᠵᠦᠢᠯ ᠤᠨ ᠨᠡᠮᠡᠯᠲᠡ ᠰᠠᠭᠤᠳᠬᠠᠯ ᠢ ᠬᠡᠷᠡᠭᠵᠢᠭᠦᠯᠬᠦ ᠪᠣᠯ ᠨᠢᠭᠡᠨ ᠤᠳᠠᠭᠠᠨ ᠤ ᠴᠣ ᠰᠢᠨ᠎ᠡ ᠲᠤᠷᠰᠢᠯᠲᠠ ᠪᠠᠶᠢᠵᠤ᠂ ᠭᠠᠶᠢᠯᠢ ᠲᠤᠰᠢᠶᠠᠭᠴᠢᠳ ᠤᠨ ᠭᠠᠶᠢᠯᠢ ᠲᠤᠰᠢᠶᠠᠬᠤ ᠪᠠᠷ ᠭᠤᠶᠤᠴᠢᠯᠠᠨ ᠮᠡᠳᠡᠭᠦᠯᠬᠦ ᠪᠠ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠲᠠᠲᠠᠪᠤᠷᠢᠯᠠᠨ ᠬᠤᠷᠢᠶᠠᠵᠤ ᠬᠠᠮᠢᠶᠠᠷᠬᠤ ᠳᠤ ᠪᠦᠷ ᠨᠡᠩ ᠥᠨᠳᠥᠷ ᠱᠠᠭᠠᠷᠳᠠᠯᠭ᠎ᠠ ᠳᠤᠷᠠᠳᠴᠠᠢ︾ ᠭᠡᠵᠦ ᠴᠧᠩ ᠯᠢ ᠬᠤᠸᠠ ᠬᠡᠯᠡᠬᠦ ᠳᠤ ᠪᠠᠨ᠂ ᠡᠨᠡ ᠬᠦ ᠲᠥᠷᠥ ᠶᠢᠨ ᠪᠣᠳᠣᠯᠭ᠎ᠠ ᠶᠢ ᠲᠣᠭᠲᠠᠭᠤᠨ ᠢᠶᠠᠷ ᠬᠡᠷᠡᠭᠵᠢᠭᠦᠯᠬᠦ ᠶᠢ ᠪᠠᠲᠤᠯᠠᠬᠤ ᠶᠢᠨ ᠲᠥᠯᠥᠭᠡ᠂ ᠡᠳ᠋ ᠤᠨ ᠵᠠᠰᠠᠭ ᠤᠨ ᠶᠠᠮᠤᠨ ᠠᠴᠠ ᠣᠳᠣ ᠶᠢᠨ ᠪᠠᠶᠢᠭ᠎ᠠ ᠲᠠᠲᠠᠪᠤᠷᠢᠯᠠᠨ ᠬᠠᠮᠢᠶᠠᠷᠬᠤ ᠨᠥᠬᠦᠴᠡᠯ ᠲᠠᠢ ᠤᠶᠠᠯᠳᠤᠭᠤᠯᠵᠤ᠂ ᠭᠠᠷᠳᠠᠮ ᠢ ᠬᠢᠯᠪᠠᠷᠴᠢᠯᠠᠬᠤ᠂ ᠠᠵᠢᠯᠯᠠᠭᠤᠯᠬᠤ ᠳᠤ ᠳᠥᠭᠦᠮ ᠪᠣᠯᠭᠠᠬᠤ ᠵᠠᠷᠴᠢᠮ ᠢ ᠮᠥᠷᠳᠡᠨ ᠬᠤᠯᠪᠣᠭᠳᠠᠯ ᠪᠦᠬᠦᠢ ᠳᠦᠷᠢᠮ ᠢ ᠲᠥᠯᠥᠪᠯᠡᠨ᠎ᠡ ᠭᠡᠰᠡᠨ ᠪᠠᠶᠢᠨ᠎ᠠ᠃      ᠬᠠᠯᠠᠮᠰᠢᠯ ᠠᠰᠠᠭᠤᠳᠠᠯ ᠲᠠᠪᠤ᠄ ᠬᠠᠮᠤᠭ ᠤᠨ ᠥᠨᠳᠥᠷ ᠭᠠᠶᠢᠯᠢ ᠶᠢᠨ ᠨᠣᠷᠮ᠎ᠠ ᠶᠢ ᠲᠥᠯᠥᠪᠯᠡᠬᠦ ᠳᠤ ᠪᠠᠨ ᠣᠷᠣᠯᠭ᠎ᠠ ᠶᠢᠨ ᠬᠤᠪᠢᠶᠠᠷᠢᠯᠠᠯᠲᠠ ᠶᠢ ᠲᠣᠬᠢᠷᠠᠭᠤᠯᠬᠤ ᠱᠠᠭᠠᠷᠳᠠᠯᠭ᠎ᠠ ᠶᠢ ᠬᠠᠷᠠᠭᠠᠯᠵᠠᠪᠠ      ᠬᠤᠪᠢ ᠬᠥᠮᠥᠨ ᠤ ᠣᠯᠵᠠᠪᠤᠷᠢ ᠶᠢᠨ ᠭᠠᠶᠢᠯᠢ ᠶᠢᠨ 45% ᠶᠢᠨ ᠬᠠᠮᠤᠭ ᠤᠨ ᠳᠡᠭᠡᠳᠦ ᠬᠢᠵᠠᠭᠠᠷᠲᠤ ᠭᠠᠶᠢᠯᠢ ᠶᠢᠨ ᠨᠣᠷᠮ᠎ᠠ ᠨᠢ ᠶᠡᠷᠦ ᠠᠴᠠ ᠠᠩᠬᠠᠷᠤᠨ ᠬᠠᠯᠠᠮᠵᠢᠯᠠᠭᠰᠠᠭᠠᠷ ᠢᠷᠡᠭᠰᠡᠨ ᠲᠥᠪᠯᠡᠷᠡᠯ ᠴᠡᠭ ᠤᠨ ᠨᠢᠭᠡ ᠪᠣᠯᠣᠨ᠎ᠠ᠃      ᠥᠨᠳᠥᠷ ᠣᠷᠣᠯᠭ᠎ᠠ ᠲᠠᠢ ᠣᠯᠠᠨ ᠲᠦᠮᠡᠨ ᠳᠤ᠂ ᠲᠤᠰ ᠤᠳᠠᠭᠠᠨ ᠤ ᠲᠣᠬᠢᠷᠠᠭᠤᠯᠤᠯᠲᠠ ᠳᠤ ᠬᠠᠰᠤᠨ ᠰᠠᠭᠤᠳᠬᠠᠬᠤ ᠵᠠᠷᠤᠳᠠᠯ ᠤᠨ ᠦᠨᠳᠦᠰᠦᠨ ᠪᠠᠷᠢᠮᠵᠢᠶ᠎ᠠ ᠶᠢ ᠨᠢ ᠳᠡᠭᠡᠭᠰᠢᠯᠡᠭᠦᠯᠦᠨ᠂ ᠲᠤᠰᠬᠠᠢ ᠵᠦᠢᠯ ᠤᠨ ᠨᠡᠮᠡᠯᠲᠡ ᠰᠠᠭᠤᠳᠬᠠᠯ ᠢ ᠨᠢ ᠨᠡᠮᠡᠭᠳᠡᠭᠦᠯᠦᠭᠰᠡᠨ ᠠᠴᠠ᠂ ᠮᠥᠨ ᠠᠳᠠᠯᠢ ᠪᠠᠷ ᠭᠠᠶᠢᠯᠢ ᠬᠥᠩᠭᠡᠯᠡᠬᠦ ᠶᠢ ᠪᠡᠶᠡᠯᠡᠭᠦᠯᠪᠡ᠃ ᠭᠡᠲᠡᠯ᠎ᠡ ᠮᠠᠨ ᠤ ᠤᠯᠤᠰ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠵᠥᠷᠢᠶ᠎ᠡ ᠨᠡᠯᠢᠶᠡᠳ ᠶᠡᠭᠡ ᠪᠠᠶᠢᠬᠤ ᠦᠵᠡᠭᠳᠡᠯ ᠮᠥᠨ ᠬᠦ ᠲᠣᠪᠣᠶᠢᠮ᠎ᠠ ᠪᠠᠶᠢᠵᠤ᠂ ᠬᠠᠮᠤᠭ ᠤᠨ ᠳᠡᠭᠡᠳᠦ ᠬᠢᠵᠠᠭᠠᠷᠲᠤ ᠭᠠᠶᠢᠯᠢ ᠶᠢᠨ ᠨᠣᠷᠮ᠎ᠠ ᠶᠢ ᠲᠥᠯᠥᠪᠯᠡᠬᠦ ᠶᠢ ᠪᠠᠭᠲᠠᠭᠠᠭᠰᠠᠨ ᠬᠤᠪᠢ ᠬᠥᠮᠥᠨ ᠤ ᠣᠯᠵᠠᠪᠤᠷᠢ ᠶᠢᠨ ᠭᠠᠶᠢᠯᠢ ᠶᠢᠨ ᠭᠠᠶᠢᠯᠢ ᠨᠣᠷᠮ᠎ᠠ ᠶᠢᠨ ᠪᠦᠲᠦᠴᠡ ᠶᠢ ᠲᠥᠯᠥᠪᠯᠡᠬᠦ ᠳᠤ᠂ ᠮᠥᠨ ᠣᠷᠣᠯᠭ᠎ᠠ ᠶᠢᠨ ᠬᠤᠪᠢᠶᠠᠷᠢᠯᠠᠯᠲᠠ ᠶᠢ ᠲᠣᠬᠢᠷᠠᠭᠤᠯᠬᠤ ᠱᠠᠭᠠᠷᠳᠠᠯᠭ᠎ᠠ ᠶᠢ ᠬᠠᠷᠠᠭᠠᠯᠵᠠᠬᠤ ᠬᠡᠷᠡᠭᠲᠡᠢ ᠭᠡᠵᠦ ᠡᠳ᠋ ᠤᠨ ᠵᠠᠰᠠᠭ ᠤᠨ ᠶᠠᠮᠤᠨ ᠤ ᠭᠠᠶᠢᠯᠢ ᠶᠢᠨ ᠵᠠᠰᠠᠭ ᠤᠨ ᠵᠤᠷᠭᠠᠨ ᠤ ᠳᠠᠷᠤᠭ᠎ᠠ ᠸᠠᠩ ᠵᠢᠶᠠᠨ ᠹᠠᠨ ᠬᠡᠯᠡᠵᠡᠢ᠃      ᠭᠡᠲᠡᠯ᠎ᠡ᠂ ᠲᠠᠲᠠᠪᠤᠷᠢᠯᠠᠨ ᠬᠠᠮᠢᠶᠠᠷᠬᠤ ᠪᠠ ᠲᠥᠬᠦᠷᠵᠢᠭᠦᠯᠬᠦ ᠨᠥᠬᠦᠴᠡᠯ ᠤᠨ ᠲᠠᠰᠤᠷᠠᠯᠲᠠ ᠦᠭᠡᠢ ᠰᠠᠶᠢᠵᠢᠷᠠᠬᠤ ᠶᠢ ᠳᠠᠭᠠᠯᠳᠤᠨ᠂ ᠮᠠᠨ ᠤ ᠤᠯᠤᠰ ᠶᠡᠷᠦᠩᠬᠡᠶᠢᠯᠡᠬᠦ ᠬᠢᠭᠡᠳ ᠲᠥᠷᠥᠯ ᠬᠤᠪᠢᠶᠠᠬᠤ ᠶᠢ ᠬᠠᠷᠢᠯᠴᠠᠨ ᠤᠶᠠᠯᠳᠤᠭᠤᠯᠤᠭᠰᠠᠨ ᠬᠤᠪᠢ ᠬᠥᠮᠥᠨ ᠤ ᠣᠯᠵᠠᠪᠤᠷᠢ ᠶᠢᠨ ᠭᠠᠶᠢᠯᠢ ᠶᠢᠨ ᠳᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠶᠡᠷᠦᠩᠬᠡᠶᠢᠯᠡᠭᠰᠡᠨ ᠭᠠᠶᠢᠯᠢ ᠶᠢᠨ ᠳᠦᠷᠢᠮ ᠨᠢ ᠭᠠᠶᠢᠯᠢ ᠶᠢᠨ ᠨᠣᠷᠮ᠎ᠠ ᠶᠢᠨ ᠬᠢᠷᠢ ᠲᠦᠪᠰᠢᠨ ᠢ ᠪᠠᠭᠲᠠᠭᠠᠭᠰᠠᠨ ᠶᠡᠷᠦᠩᠬᠡᠶᠢᠯᠡᠨ ᠭᠠᠶᠢᠯᠢ ᠲᠠᠲᠠᠪᠤᠷᠢᠯᠠᠬᠤ ᠬᠡᠪᠴᠢᠶ᠎ᠡ᠂ ᠬᠠᠰᠤᠨ ᠰᠠᠭᠤᠳᠬᠠᠬᠤ ᠬᠡᠪᠴᠢᠶ᠎ᠡ ᠵᠢᠴᠢ ᠭᠠᠶᠢᠯᠢ ᠶᠢᠨ ᠨᠣᠷᠮ᠎ᠠ ᠶᠢᠨ ᠪᠦᠲᠦᠴᠡ ᠶᠢ ᠶᠡᠷᠦᠩᠬᠡᠶᠢᠯᠡᠨ ᠲᠥᠯᠥᠪᠵᠢᠭᠦᠯᠵᠦ ᠪᠣᠳᠣᠯᠬᠢᠯᠠᠬᠤ ᠪᠣᠯᠣᠨ᠎ᠠ ᠭᠡᠵᠦ ᠸᠠᠩ ᠵᠢᠶᠠᠨ ᠹᠠᠨ ᠢᠯᠡᠷᠬᠡᠶᠢᠯᠡᠵᠡᠢ᠃      ᠬᠠᠯᠠᠮᠰᠢᠯ ᠠᠰᠠᠭᠤᠳᠠᠯ ᠵᠢᠷᠭᠤᠭ᠎ᠠ᠄ ᠲᠠᠲᠠᠪᠤᠷᠢᠯᠠᠨ ᠬᠠᠮᠢᠶᠠᠷᠬᠤ ᠲᠥᠬᠦᠷᠵᠢᠭᠰᠡᠨ ᠳᠦᠷᠢᠮ ᠢ ᠶᠠᠭ ᠰᠠᠶᠢᠬᠠᠨ ᠠᠮᠵᠢᠨ ᠲᠣᠭᠲᠠᠭᠠᠵᠤ᠂ ᠭᠠᠶᠢᠯᠢ ᠲᠤᠰᠢᠶᠠᠭᠴᠢᠳ ᠢ ︽ᠬᠤᠭᠤᠰᠤᠨ ᠵᠠᠮ ᠢᠶᠠᠷ ᠳᠤᠲᠠᠭᠤ ᠭᠦᠶᠦᠯᠭᠡᠬᠦ︾ ᠶᠢ ᠪᠡᠶᠡᠯᠡᠭᠦᠯᠦᠨ᠎ᠡ᠃      ᠵᠠᠰᠠᠪᠤᠷᠢ ᠣᠷᠣᠭᠤᠯᠤᠭᠰᠠᠨ ᠤ ᠳᠠᠷᠠᠭᠠᠬᠢ ᠬᠤᠪᠢ ᠬᠥᠮᠥᠨ ᠤ ᠣᠯᠵᠠᠪᠤᠷᠢ ᠶᠢᠨ ᠭᠠᠶᠢᠯᠢ ᠶᠢᠨ ᠬᠠᠤᠯᠢ ᠶᠢ ᠬᠡᠷᠡᠭᠵᠢᠭᠦᠯᠬᠦ ᠦᠶ᠎ᠡ ᠳᠤ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠬᠢᠨ ᠰᠢᠨ᠎ᠡ ᠭᠠᠶᠢᠯᠢ ᠶᠢᠨ ᠳᠦᠷᠢᠮ ᠢ ᠲᠣᠭᠲᠠᠭᠤᠨ ᠢᠶᠠᠷ ᠬᠡᠷᠡᠭᠵᠢᠭᠦᠯᠬᠦ ᠶᠢ ᠬᠡᠷᠬᠢᠨ ᠪᠠᠲᠤᠯᠠᠬᠤ ᠪᠣᠢ︖ ᠵᠢᠯ ᠤᠨ ᠡᠴᠦᠰ ᠲᠤ ᠥᠪᠡᠰᠦᠪᠡᠨ ᠭᠤᠶᠤᠴᠢᠯᠠᠨ ᠮᠡᠳᠡᠭᠦᠯᠬᠦ ᠨᠢ ᠭᠠᠶᠢᠯᠢ ᠲᠤᠰᠢᠶᠠᠭᠴᠢᠳ ᠤᠨ ᠳᠠᠷᠤᠭᠠᠰᠤ ᠶᠢ ᠬᠦᠨᠳᠦᠷᠡᠭᠦᠯᠦᠨ᠎ᠡ ᠦᠦ︖      ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠠᠰᠢᠭ ᠣᠯᠵᠠᠪᠤᠷᠢ ᠶᠢᠨ ᠭᠠᠶᠢᠯᠢ ᠶᠢᠨ ᠵᠤᠷᠭᠠᠨ ᠤ ᠳᠠᠷᠤᠭ᠎ᠠ ᠳ᠋ᠧᠩ ᠶᠦᠩ ᠠᠴᠠ᠂ ᠲᠤᠰ ᠤᠳᠠᠭᠠᠨ ᠤ ᠬᠤᠪᠢ ᠬᠥᠮᠥᠨ ᠤ ᠣᠯᠵᠠᠪᠤᠷᠢ ᠶᠢᠨ ᠭᠠᠶᠢᠯᠢ ᠶᠢᠨ ᠰᠢᠨ᠎ᠡ ᠬᠠᠤᠯᠢ ᠨᠢ ᠵᠢᠷᠭᠤᠭᠠᠨ ᠲᠠᠯ᠎ᠠ ᠶᠢᠨ ᠳᠦᠷᠢᠮ ᠳᠤ ᠰᠢᠨ᠎ᠡ ᠶᠢ ᠡᠭᠦᠳᠪᠡ᠄ ᠲᠤᠬᠠᠶᠢᠯᠠᠪᠠᠯ᠂ ᠥᠪᠡᠰᠦᠪᠡᠨ ᠭᠤᠶᠤᠴᠢᠯᠠᠨ ᠮᠡᠳᠡᠭᠦᠯᠬᠦ᠂ ᠭᠠᠶᠢᠯᠢ ᠲᠤᠰᠢᠶᠠᠭᠴᠢ ᠶᠢᠨ ᠢᠯᠭᠠᠨ ᠲᠠᠨᠢᠬᠤ ᠨᠣᠮᠧᠷ᠂ ᠭᠠᠶᠢᠯᠢ ᠠᠴᠠ ᠳᠤᠲᠠᠭᠠᠬᠤ ᠶᠢ ᠡᠰᠡᠷᠭᠦᠴᠡᠬᠦ ᠵᠦᠢᠯ ᠵᠤᠷᠪᠤᠰ᠂ ᠰᠠᠯᠠᠭ᠎ᠠ ᠮᠥᠴᠢᠷ ᠤᠳ ᠤᠨ ᠮᠡᠳᠡᠭᠡ ᠵᠠᠩᠭᠢ ᠪᠠᠨ ᠬᠠᠮᠲᠤ ᠳᠤ ᠪᠠᠨ ᠬᠦᠷᠲᠡᠬᠦ᠂ ᠰᠠᠯᠠᠭ᠎ᠠ ᠮᠥᠴᠢᠷ ᠤᠳ ᠬᠠᠮᠵᠢᠯᠴᠠᠨ ᠬᠠᠮᠢᠶᠠᠷᠬᠤ ᠵᠢᠴᠢ ᠭᠠᠶᠢᠯᠢ ᠲᠤᠰᠢᠶᠠᠬᠤ ᠢᠲᠡᠭᠡᠮᠵᠢ ᠶᠢ ᠬᠡᠷᠡᠭᠯᠡᠬᠦ ᠵᠡᠷᠭᠡ ᠪᠣᠯᠣᠨ᠎ᠠ᠃ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠲᠠᠲᠠᠪᠤᠷᠢᠯᠠᠨ ᠬᠠᠮᠢᠶᠠᠷᠬᠤ ᠲᠥᠬᠦᠷᠵᠢᠭᠰᠡᠨ ᠳᠦᠷᠢᠮ ᠢ ᠶᠠᠭ ᠰᠠᠶᠢᠬᠠᠨ ᠪᠦᠬᠦ ᠬᠦᠴᠦᠨ ᠢᠶᠠᠷ ᠢᠶᠠᠨ ᠲᠡᠭᠦᠯᠳᠡᠷᠵᠢᠭᠦᠯᠵᠦ ᠪᠠᠶᠢᠬᠤ ᠶᠢᠨ ᠬᠠᠮᠲᠤ᠂ ᠲᠠᠲᠠᠪᠤᠷᠢᠯᠠᠨ ᠬᠠᠮᠢᠶᠠᠷᠬᠤ ᠡᠯ᠎ᠡ ᠵᠦᠢᠯ ᠤᠨ ᠪᠡᠯᠡᠳᠬᠡᠯ ᠢ ᠰᠠᠶᠢᠲᠤᠷ ᠬᠢᠬᠦ ᠪᠠ ᠭᠠᠶᠢᠯᠢ ᠲᠤᠰᠢᠶᠠᠬᠤ ᠳᠤ ᠦᠢᠯᠡᠴᠢᠯᠡᠨ ᠪᠠᠲᠤᠯᠠᠬᠤ ᠰᠢᠰᠲ᠋ᠧᠮᠵᠢ ᠶᠢ ᠪᠠᠶᠢᠭᠤᠯᠵᠤ ᠪᠠᠶᠢᠨ᠎ᠠ ᠭᠡᠪᠡ᠃      ᠭᠠᠶᠢᠯᠢ ᠲᠤᠰᠢᠶᠠᠭᠴᠢᠳ ᠤᠨ ᠬᠢᠯᠪᠠᠷᠴᠢᠯᠠᠨ ᠠᠵᠢᠯᠯᠠᠭᠤᠯᠬᠤ ᠳᠤ ᠬᠠᠮᠤᠭ ᠤᠨ ᠶᠡᠭᠡ ᠬᠡᠮᠵᠢᠶ᠎ᠡ ᠪᠠᠷ ᠳᠥᠭᠦᠮ ᠦᠵᠡᠭᠦᠯᠬᠦ ᠶᠢᠨ ᠲᠥᠯᠥᠭᠡ᠂ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠬᠢᠨ ᠲᠥᠬᠦᠷᠵᠢᠭᠰᠡᠨ ᠠᠵᠢᠯᠯᠠᠭᠤᠯᠬᠤ ᠠᠷᠭ᠎ᠠ ᠶᠢ ᠱᠠᠯᠠᠪᠳᠠᠵᠤ ᠰᠤᠳᠤᠯᠤᠨ ᠲᠣᠭᠲᠠᠭᠠᠵᠤ ᠪᠠᠶᠢᠨ᠎ᠠ᠃ ᠭᠠᠶᠢᠯᠢ ᠲᠤᠰᠢᠶᠠᠭᠴᠢᠳ ᠤᠨ ᠭᠤᠶᠤᠴᠢᠯᠠᠨ ᠮᠡᠳᠡᠭᠦᠯᠪᠡᠯ ᠳᠠᠷᠤᠢ ᠬᠠᠰᠤᠨ ᠰᠠᠭᠤᠳᠬᠠᠵᠤ᠂ ᠬᠠᠮᠢᠶ᠎ᠠ ᠪᠦᠬᠦᠢ ᠮᠠᠲ᠋ᠧᠷᠢᠶᠠᠯ ᠪᠠ ᠭᠡᠷᠡᠴᠢ ᠦᠨᠡᠮᠯᠡᠯ ᠢ ᠠᠯᠢ ᠴᠢᠳᠠᠬᠤ ᠪᠠᠷ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠬᠦᠷᠭᠡᠨ ᠮᠡᠳᠡᠭᠦᠯᠬᠦ ᠦᠭᠡᠢ ᠪᠣᠯᠭᠠᠬᠤ ᠶᠢ ᠪᠠᠲᠤᠯᠠᠨ᠎ᠠ︔ ᠤᠷᠢᠳᠴᠢᠯᠠᠨ ᠲᠤᠰᠢᠶᠠᠪᠠᠯ ᠳᠠᠷᠤᠢ ᠬᠠᠷᠠᠭᠠᠯᠵᠠᠯ ᠬᠦᠷᠲᠡᠵᠦ᠂ ᠬᠤᠪᠢ ᠬᠥᠮᠥᠨ ᠲᠤᠰᠬᠠᠢ ᠵᠦᠢᠯ ᠤᠨ ᠨᠡᠮᠡᠯᠲᠡ ᠰᠠᠭᠤᠳᠬᠠᠯ ᠤᠨ ᠮᠡᠳᠡᠭᠡ ᠵᠠᠩᠭᠢ ᠪᠠᠨ ᠨᠢᠭᠡᠴᠢ ᠳᠤ ᠪᠠᠨ ᠬᠠᠩᠭᠠᠨ ᠥᠭᠪᠡᠯ᠂ ᠰᠠᠷ᠎ᠠ ᠪᠦᠷᠢ ᠴᠠᠯᠢᠩ ᠲᠠᠷᠬᠠᠭᠠᠨ ᠣᠯᠭᠤᠬᠤ ᠪᠠ ᠬᠤᠪᠢ ᠬᠥᠮᠥᠨ ᠤ ᠣᠯᠵᠠᠪᠤᠷᠢ ᠶᠢᠨ ᠭᠠᠶᠢᠯᠢ ᠶᠢ ᠣᠷᠣᠯᠠᠨ ᠰᠠᠭᠤᠳᠬᠠᠬᠤ ᠦᠶ᠎ᠡ ᠳᠤ ᠨᠢᠭᠡᠴᠢ ᠠᠴᠠ ᠨᠢ ᠦᠨᠡᠨ ᠪᠣᠳᠠᠲᠠᠢ ᠪᠠᠷ ᠬᠠᠰᠤᠨ ᠰᠠᠭᠤᠳᠬᠠᠵᠤ ᠪᠣᠯᠣᠨ᠎ᠠ ᠭᠡᠵᠦ ᠯᠢᠦ ᠯᠢ ᠵᠢᠶᠡᠨ ᠬᠡᠯᠡᠵᠡᠢ᠃      ᠯᠢᠦ ᠯᠢ ᠵᠢᠶᠠᠨ ᠪᠠᠰᠠ᠂ ᠬᠡᠳᠦᠶᠢᠪᠡᠷ ᠤᠷᠢᠳᠴᠢᠯᠠᠨ ᠰᠠᠭᠤᠳᠬᠠᠵᠤ ᠤᠷᠢᠳᠴᠢᠯᠠᠨ ᠲᠤᠰᠢᠶᠠᠬᠤ ᠭᠤᠭᠴᠤᠭ᠎ᠠ ᠳᠤ ᠬᠠᠷᠠᠭᠠᠯᠵᠠᠯ ᠬᠦᠷᠲᠡᠵᠦ ᠳᠡᠶᠢᠯᠦᠭᠰᠡᠨ ᠦᠭᠡᠢ ᠪᠤᠶᠤ ᠰᠠᠭᠤᠳᠬᠠᠨ ᠠᠪᠬᠤ ᠶᠢ ᠬᠦᠷᠲᠡᠭᠰᠡᠨ ᠨᠢ ᠭᠦᠢᠴᠡᠳ ᠦᠭᠡᠢ ᠪᠣᠯ᠂ ᠳᠠᠷᠠᠭ᠎ᠠ ᠵᠢᠯ ᠳᠤ ᠨᠢ ᠨᠡᠶᠢᠯᠡᠭᠦᠯᠦᠨ ᠪᠣᠳᠣᠵᠤ ᠢᠯᠭᠠᠷᠠᠭᠤᠯᠤᠨ ᠲᠤᠰᠢᠶᠠᠬᠤ ᠶᠢ ᠭᠦᠢᠴᠡᠳᠬᠡᠬᠦ ᠦᠶ᠎ᠡ ᠳᠤ ᠳᠠᠬᠢᠨ ᠭᠠᠶᠢᠯᠢ ᠪᠤᠴᠠᠭᠠᠬᠤ ᠪᠠᠷ ᠭᠤᠶᠤᠴᠢᠯᠠᠵᠤ ᠪᠣᠯᠣᠨ᠎ᠠ︔ ᠡᠭᠦᠨ ᠠᠴᠠ ᠭᠠᠳᠠᠨ᠎ᠠ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠣᠯᠠᠨ ᠰᠠᠯᠠᠭ᠎ᠠ ᠮᠥᠴᠢᠷ ᠲᠠᠢ ᠭᠤᠷᠪᠠᠳᠠᠬᠢ ᠲᠠᠯ᠎ᠠ ᠶᠢᠨ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠶᠢ ᠪᠡᠶᠡᠯᠡᠭᠦᠯᠦᠨ᠂ ᠭᠤᠶᠤᠴᠢᠯᠠᠨ ᠮᠡᠳᠡᠭᠦᠯᠦᠭᠰᠡᠨ ᠮᠡᠳᠡᠭᠡ ᠵᠠᠩᠭᠢ ᠶᠢᠨ ᠦᠨᠡᠨ ᠪᠣᠳᠠᠲᠠᠢ ᠪᠥᠭᠡᠳ ᠣᠨᠣᠪᠴᠢᠲᠠᠢ ᠴᠢᠨᠠᠷ ᠢ ᠬᠠᠷᠭᠤᠭᠤᠯᠵᠤ᠂ ᠭᠠᠶᠢᠯᠢ ᠲᠤᠰᠢᠶᠠᠭᠴᠢᠳ ᠤᠨ ᠲᠤᠰᠢᠶᠠᠬᠤ ᠭᠡᠷᠡᠴᠢᠯᠡᠬᠦ ᠮᠠᠲ᠋ᠧᠷᠢᠶᠠᠯ ᠢ ᠬᠠᠮᠤᠭ ᠤᠨ ᠶᠡᠭᠡ ᠬᠡᠮᠵᠢᠶ᠎ᠡ ᠪᠠᠷ ᠬᠠᠰᠤᠨ ᠪᠠᠭᠠᠰᠬᠠᠵᠤ᠂ ︽ᠮᠡᠳᠡᠭᠡ ᠵᠠᠩᠭᠢ ᠶᠢ ᠰᠦᠯᠵᠢᠶ᠎ᠡ ᠪᠠᠷ ᠢᠯᠡᠭᠦᠬᠡᠨ ᠠᠰᠢᠭᠯᠠᠵᠤ᠂ ᠭᠠᠶᠢᠯᠢ ᠲᠤᠰᠢᠶᠠᠭᠴᠢᠳ ᠢ ᠳᠤᠲᠠᠭᠤ ᠭᠦᠶᠦᠯᠭᠡᠬᠦ︾ ᠶᠢ ᠪᠡᠶᠡᠯᠡᠭᠦᠯᠬᠦ ᠬᠡᠷᠡᠭᠲᠡᠢ ᠭᠡᠵᠡᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ