9 ᠳ᠋ᠦ᠋ᠭᠡᠷ ᠰᠠᠷ᠎ᠠ ᠶᠢᠨ 11 ᠤ ᠡᠳᠦᠷ ᠬᠤᠷᠠᠯᠳᠤᠭᠰᠠᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ | ᠤᠨ ᠤᠷᠳᠤᠨ ᠤ ᠰᠤᠨᠢᠨ ᠮᠡᠳᠡᠭᠡ ᠨᠡᠶᠢᠲᠡᠯᠡᠬᠦ ᠬᠤᠷᠠᠯ ᠠᠴᠠ ᠤᠶᠢᠯᠠᠭᠠᠭᠰᠠᠨ ᠢᠶᠠᠷ᠂ ︽ᠳᠤᠮᠳᠠᠳᠤ ᠮᠤᠩᠭᠤᠯ ᠤᠷᠤᠰ | ᠤᠨ ᠤᠶᠤᠨ ᠤ ᠬᠦᠮᠦᠷᠬᠡ ᠶᠢᠨ ᠤᠯᠠᠨ ᠤᠯᠤᠰ ᠤᠨ ᠶᠠᠷᠢᠶᠠᠨ ᠤ ᠳᠠᠪᠴᠠᠩ ᠤᠨ 2018 ᠤᠨ ᠤ ᠬᠤᠷᠠᠯ︾ 9 | ᠳ᠋ᠦ᠋ᠭᠡᠷ ᠰᠠᠷ᠎ᠠ ᠶᠢᠨ 17 — 21 ᠪᠤᠯᠳᠠᠯ᠎ᠠ᠂ ᠤᠯᠠᠭᠠᠨᠪᠠᠭᠠᠳᠤᠷ ᠲᠤ ᠶᠠᠪᠤᠭᠳᠠᠬᠤ ᠪᠠᠷ ᠪᠤᠢ᠃ | ᠳᠤᠰ ᠤᠳᠠᠭᠠᠨ ᠤ ᠶᠠᠷᠢᠶᠠᠨ ᠤ ᠳᠠᠪᠴᠠᠩ ᠨᠢ ︽ᠳᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ | ᠬᠤᠩᠬᠢᠯ᠄ ᠨᠡᠬᠡᠬᠡᠯᠳᠡᠳᠡᠢ᠂ ᠰᠢᠨ᠎ᠡ ᠶᠢ ᠡᠬᠦᠳᠬᠦ᠂ ᠬᠠᠮᠳᠤ ᠪᠠᠷ ᠬᠦᠭᠵᠢᠬᠦ︾ ᠪᠠᠷ ᠭᠤᠤᠯ ᠰᠡᠳᠦᠪ ᠢᠶᠠᠨ ᠪᠤᠯᠭᠠᠵᠤ᠂ | ᠭᠤᠤᠯ ᠰᠡᠳᠦᠪᠳᠤ ᠢᠯᠡᠳᠬᠡᠯ ᠬᠢᠬᠦ᠂ ᠶᠠᠷᠢᠶᠠᠨ ᠤ ᠳᠠᠪᠴᠠᠩ ᠵᠢᠴᠢ ᠠᠵᠤ ᠠᠬᠤᠢ ᠶᠢᠨ ᠬᠠᠮᠳᠤᠷᠠᠯᠴᠠᠭ᠎ᠠ ᠶᠢᠨ | ᠳᠤᠭᠤᠷᠠᠭ ᠰᠢᠷᠡᠬᠡᠨ ᠤ ᠬᠤᠷᠠᠯ ᠤᠨ ᠰᠤᠯᠢᠯᠴᠠᠭ᠎ᠠ ᠵᠡᠷᠬᠡ ᠬᠡᠯᠪᠡᠷᠢ ᠪᠠᠷ ᠶᠠᠪᠤᠭᠳᠠᠨ᠎ᠠ᠃ ᠭᠤᠷᠪᠠᠨ ᠳᠠᠯᠠᠪᠠᠢ ᠶᠠᠷᠢᠶᠠᠨ | ᠤ ᠳᠠᠪᠴᠠᠩ ᠨᠢ ︽ᠳᠤᠮᠳᠠᠳᠤ ᠮᠤᠩᠭᠤᠯ ᠤᠷᠤᠰ ᠤᠨ ᠡᠨᠧᠷᠬᠢ ᠶᠢ ᠠᠰᠢᠬᠯᠠᠬᠤ ᠪᠠ ᠡᠬᠢ ᠪᠠᠶᠠᠯᠢᠭ ᠤᠨ | ᠬᠠᠮᠳᠤᠷᠠᠯᠴᠠᠭ᠎ᠠ︾᠂ ︽ᠳᠤᠮᠳᠠᠳᠤ ᠮᠤᠩᠭᠤᠯ ᠤᠷᠤᠰ ᠤᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ | ᠳᠡᠬᠡᠬᠡᠪᠦᠷᠢ ᠶᠢᠨ ᠰᠢᠰᠲ᠋ᠧᠮᠵᠢ ᠶᠢᠨ ᠬᠠᠮᠳᠤᠷᠠᠯᠴᠠᠭ᠎ᠠ︾᠂ ︽ᠰᠤᠷᠭᠠᠨ ᠬᠦᠮᠦᠵᠢᠯ ᠰᠤᠶᠤᠯ ᠰᠢᠨᠵᠢᠯᠡᠬᠦ ᠤᠬᠠᠭᠠᠨ | ᠮᠡᠷᠬᠡᠵᠢᠯ ᠨᠡᠶᠢᠭᠡᠮ ᠠᠵᠤ ᠠᠬᠤᠢ ᠵᠡᠷᠬᠡ ᠤᠯᠠᠨ ᠳᠠᠯ᠎ᠠ ᠶᠢᠨ ᠬᠠᠮᠳᠤᠷᠠᠯᠴᠠᠭ᠎ᠠ︾ ᠵᠡᠷᠬᠡ ᠭᠤᠤᠯ ᠰᠡᠳᠦᠪ ᠤᠨ | ᠳᠤᠭᠤᠷᠢᠨ ᠳᠤ ᠶᠠᠪᠤᠭᠳᠠᠵᠤ᠂ ᠪᠠᠰᠠ ᠳᠤᠮᠳᠠᠳᠤ ᠮᠤᠩᠭᠤᠯ ᠤᠷᠤᠰ ᠤᠨ ᠠᠵᠤ ᠠᠬᠤᠶᠢᠯᠠᠯ ᠤᠨ ᠬᠠᠮᠳᠤᠷᠠᠯᠴᠠᠭ᠎ᠠ ᠶᠢᠨ | ᠳᠤᠰᠬᠠᠢ ᠰᠡᠳᠦᠪᠳᠤ ᠳᠤᠭᠤᠷᠠᠭ ᠰᠢᠷᠡᠬᠡᠨ ᠤ ᠬᠤᠷᠠᠯ ᠶᠠᠪᠤᠭᠳᠠᠨ᠎ᠠ᠃ ᠶᠠᠷᠢᠶᠠᠨ ᠤ ᠳᠠᠪᠴᠠᠩ ᠳᠤ ᠳᠤᠮᠳᠠᠳᠤ | ᠮᠤᠩᠭᠤᠯ ᠤᠷᠤᠰ ᠤᠨ ᠤᠶᠤᠨ ᠤ ᠬᠦᠮᠦᠷᠬᠡ᠂ ᠵᠠᠰᠠᠭ ᠤᠨ ᠤᠷᠳᠤᠨ ᠵᠢᠴᠢ ᠠᠵᠤ ᠠᠬᠤᠶᠢᠯᠠᠯ ᠤᠨ | ᠲᠦᠯᠦᠬᠡᠯᠡᠭᠴᠢᠳ 90 ᠭᠠᠷᠤᠢ ᠬᠦᠮᠦᠰ ᠤᠷᠤᠯᠴᠠᠨ᠎ᠠ᠃ ᠳᠤᠮᠳᠠᠳᠤ ᠶᠢᠨ ᠳᠠᠯ᠎ᠠ ᠶᠢᠨ ᠬᠢᠨ 30 ᠭᠠᠷᠤᠢ ᠦᠬᠦᠯᠡᠯ | ᠳᠡᠪᠰᠢᠬᠦᠯᠵᠦ᠂ ᠡᠷᠳᠡᠮ ᠰᠢᠨᠵᠢᠯᠡᠬᠡᠨ ᠤ ᠠᠵᠢᠯᠯᠠᠭ᠎ᠠ ᠳᠤ ᠤᠷᠤᠯᠴᠠᠬᠤ ᠪᠤᠯᠤᠨ᠎ᠠ᠃ | ᠬᠤᠷᠠᠯ ᠤᠨ ᠬᠤᠭᠤᠴᠠᠭᠠᠨ ᠳᠤ᠂ ᠳᠤᠮᠳᠠᠳᠤ ᠮᠤᠩᠭᠤᠯ ᠤᠷᠤᠰ ᠤᠨ ᠤᠶᠤᠨ ᠤ ᠬᠦᠮᠦᠷᠬᠡ ᠶᠢᠨ | ᠬᠤᠯᠪᠤᠭ᠎ᠠ ᠶᠢᠨ ᠠᠩᠬᠠᠳᠤᠭᠠᠷ ᠬᠤᠭᠤᠴᠠᠭᠠᠨ ᠤ ᠬᠠᠮᠳᠤ ᠶᠢᠨ ᠬᠡᠷᠡᠭ ᠮᠡᠳᠡᠭᠴᠢᠳ ᠤᠨ ᠳᠠᠷᠤᠭ᠎ᠠ ᠶᠢᠨ ᠲᠦᠷᠪᠡᠳᠦᠬᠡᠷ | ᠤᠳᠠᠭ᠎ᠠ ᠶᠢᠨ ᠬᠤᠷᠠᠯ ᠢ ᠬᠤᠷᠠᠯᠳᠤᠭᠤᠯᠵᠤ᠂ ︽ᠳᠤᠮᠳᠠᠳᠤ ᠮᠤᠩᠭᠤᠯ ᠤᠷᠤᠰ ᠤᠨ ᠤᠶᠤᠨ ᠤ ᠬᠦᠮᠦᠷᠬᠡ ᠶᠢᠨ | ᠬᠠᠮᠳᠤᠷᠠᠯᠴᠠᠭᠠᠨ ᠤ ᠬᠤᠯᠪᠤᠭ᠎ᠠ ᠶᠢᠨ ᠤᠯᠠᠭᠠᠨᠪᠠᠭᠠᠳᠤᠷ ᠲᠠᠬᠢ ᠬᠠᠮᠳᠤ ᠶᠢᠨ ᠠᠵᠢᠯᠯᠠᠭᠠᠨ ᠤ ᠳᠤᠩᠬᠠᠭ︾ ᠢ | ᠨᠡᠶᠢᠲᠡᠯᠡᠵᠦ᠂ ︽ᠳᠤᠮᠳᠠᠳᠤ ᠮᠤᠩᠭᠤᠯ ᠤᠷᠤᠰ ᠤᠨ ᠤᠶᠤᠨ ᠤ ᠬᠦᠮᠦᠷᠬᠡ ᠶᠢᠨ ᠬᠠᠮᠳᠤᠷᠠᠯᠴᠠᠭᠠᠨ ᠤ ᠬᠤᠯᠪᠤᠭ᠎ᠠ ᠶᠢᠨ | ᠲᠦᠷᠢᠮ︾ ᠳᠤ ᠵᠠᠰᠠᠪᠤᠷᠢ ᠤᠷᠤᠭᠤᠯᠵᠤ᠂ ︽ᠳᠤᠮᠳᠠᠳᠤ ᠮᠤᠩᠭᠤᠯ ᠤᠷᠤᠰ ᠤᠨ ᠤᠶᠤᠨ ᠤ ᠬᠦᠮᠦᠷᠬᠡ ᠶᠢᠨ | ᠬᠠᠮᠳᠤᠷᠠᠯᠴᠠᠭᠠᠨ ᠤ ᠬᠤᠯᠪᠤᠭ᠎ᠠ ᠶᠢᠨ ᠬᠠᠮᠳᠤ ᠶᠢᠨ ᠬᠡᠷᠡᠭ ᠮᠡᠳᠡᠭᠴᠢᠳ ᠤᠨ ᠳᠠᠷᠤᠭ᠎ᠠ ᠶᠢᠨ ᠪᠠᠶᠢᠭᠤᠯᠤᠮᠵᠢ ᠶᠢᠨ | ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭ᠎ᠠ ᠶᠢᠨ ᠪᠦᠳᠦᠬᠦᠪᠴᠢ ᠵᠦᠪᠳᠡᠯᠴᠡᠬᠡᠷ︾ ᠲᠤ ᠭᠠᠷ ᠤᠨ ᠦᠰᠦᠭ | ᠵᠢᠷᠤᠬᠤ ᠪᠤᠯᠤᠨ᠎ᠠ᠃ |