| ᠥᠪᠥᠷ ᠵᠠᠰᠠᠭ ᠠᠯᠪᠠᠨ ᠲᠠᠷᠬᠠᠭᠠᠭᠰᠠᠨ ﹇2018﹈ 22 ᠳ᠋ᠤᠭᠠᠷ ᠲᠤᠭᠠᠳᠤ | 4 ᠳ᠋ᠤᠭᠡᠷ ᠰᠠᠷ᠎ᠠ ᠶᠢᠨ 9 ᠤ ᠡᠳᠥᠷ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠭᠢᠮ᠂ | ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄ | ︽ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠵᠥᠪᠰᠢᠶᠡᠷᠡᠬᠦ ᠪᠠ ᠬᠡᠷᠡᠭᠵᠢᠭᠦᠯᠬᠦ | ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠠᠬᠢᠭᠤᠯᠬᠤ ᠲᠣᠬᠠᠢ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠭᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2017﹈ 94 | ᠳ᠋ᠤᠭᠡᠷ ᠲᠣᠭᠠᠲᠤ︶᠂ ︽ᠣᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠬᠦᠷᠢᠶᠡᠨ ᠳᠠᠬᠢ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠠᠬᠢᠭᠤᠯᠬᠤ ᠲᠣᠬᠠᠢ ᠰᠠᠨᠠᠯ︾ ︵ᠲᠥᠷᠥ ᠠᠯᠪᠠᠨ | ᠲᠠᠷᠬᠠᠭᠠᠭᠰᠠᠨ ﹇2017﹈ 97 ᠳ᠋ᠤᠭᠠᠷ ᠲᠣᠭᠠᠲᠤ︶ ᠪᠠ ︽ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ | ᠦᠢᠯᠡᠰ ᠤᠨ ᠪᠠᠶᠢᠭᠤᠯᠤᠯᠲᠠ ᠶᠢᠨ ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ | ᠠᠬᠢᠭᠤᠯᠬᠤ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠭᠢᠮ ᠤᠨ ᠰᠠᠨᠠᠯ︾ ︵ᠲᠥᠷᠥ ᠠᠯᠪᠠᠨ | ᠲᠠᠷᠬᠠᠭᠠᠭᠰᠠᠨ ﹇2018﹈ 10 ᠳ᠋ᠤᠭᠠᠷ ᠲᠣᠭᠠᠲᠤ︶ ᠢ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠤᠯᠠᠮᠵᠢᠯᠠᠨ ᠶᠠᠪᠤᠭᠤᠯᠬᠤ ᠶᠢᠨ ᠬᠠᠮᠲᠤ᠂ | ᠪᠣᠲᠠᠲᠠᠢ ᠲᠠᠢ ᠪᠠᠨ ᠤᠶᠠᠯᠳᠤᠭᠤᠯᠵᠤ ᠳᠣᠣᠷᠠᠬᠢ ᠮᠡᠲᠦ ᠰᠠᠨᠠᠯ ᠢ ᠳᠤᠷᠠᠳᠪᠠ᠂ ᠬᠠᠮᠲᠤ ᠳᠤᠨᠢ ᠲᠤᠤᠱᠯᠠᠭᠤᠯᠤᠨ | ᠨᠠᠶᠢᠳᠠᠪᠤᠷᠢᠵᠢᠭᠤᠯᠲᠤᠭᠠᠢ᠃ | ᠦᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠪᠠ ᠨᠢᠭᠡᠴᠡ ᠨᠢ ᠠᠵᠢᠯ | ᠲᠦᠷᠦᠯ ᠨᠢᠭᠡᠲᠡᠢ ᠤᠯᠤᠰ ᠤᠨ ᠶᠠᠮᠦᠨ ᠵᠦᠪᠯᠡᠯ ᠤᠨ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠦᠷᠦᠯ | ᠵᠦᠢᠯ ᠢ ᠵᠥᠪᠰᠢᠶᠡᠷᠡᠬᠦ ᠪᠠ ᠬᠡᠷᠡᠭᠵᠢᠭᠦᠯᠬᠦ ᠬᠦᠷᠢᠶ᠎ᠡ᠂ ᠣᠯᠠᠨ ᠨᠡᠶᠢᠲᠡ ᠶᠢᠨ ᠡᠬᠢ ᠪᠠᠶᠠᠯᠢᠭ ᠤᠨ | ᠲᠣᠬᠢᠷᠠᠭᠤᠯᠤᠯᠲᠠ ᠶᠢᠨ ᠬᠦᠷᠢᠶ᠎ᠡ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠲᠠ ᠶᠢᠨ | ᠬᠦᠷᠢᠶ᠎ᠡ ︵ᠳᠣᠷᠤᠭᠰᠢ ᠭᠤᠷᠪᠠᠨ ᠲᠤᠮᠤ ᠬᠦᠷᠢᠶ᠎ᠡ ᠭᠡᠵᠦ ᠲᠣᠪᠴᠢᠯᠠᠨ᠎ᠠ︶ ᠳᠠᠬᠢ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠢᠯᠡ ᠪᠣᠯᠭᠠᠬᠤ ᠠᠵᠢᠯ ᠤᠨ ᠬᠠᠷᠠᠯᠲᠠ ᠪᠠ ᠠᠷᠭ᠎ᠠ ᠬᠡᠮᠵᠢᠶ᠎ᠠ ᠲᠠᠢ ᠤᠶᠠᠯᠳᠤᠭᠤᠯᠤᠨ᠂ ᠲᠤᠰ ᠰᠠᠯᠠᠭ᠎ᠠ | ᠮᠦᠴᠢᠷ᠂ ᠲᠤᠰ ᠰᠢᠰᠲ᠋ᠧᠮ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠬᠠᠮᠢᠶ᠎ᠠ ᠪᠦᠬᠦᠢ | ᠠᠵᠢᠯ ᠢ ᠵᠢᠯᠤᠭᠤᠳᠬᠤ ᠪᠣᠲᠠᠲᠠᠢ ᠬᠡᠷᠡᠭᠵᠢᠭᠦᠯᠬᠦ ᠲᠦᠰᠦᠯ ᠢᠶᠠᠨ ᠲᠣᠭᠲᠠᠭᠠᠨ ᠨᠡᠶᠢᠲᠡᠯᠡᠵᠦ᠂ ᠢᠯᠡ ᠪᠣᠯᠭᠠᠬᠤ | ᠬᠠᠷᠠᠯᠲᠠ ᠪᠠ ᠡᠭᠦᠷᠭᠡ ᠶᠢ ᠨᠠᠷᠢᠯᠢᠬᠵᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠡᠭᠦᠨ ᠤ ᠬᠠᠮᠲᠤ᠂ ᠲᠤᠰ | ᠰᠢᠰᠲ᠋ᠧᠮ ᠤᠨ ᠭᠤᠷᠪᠠᠨ ᠲᠤᠮᠤ ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ | ᠠᠵᠢᠯ ᠢ ᠵᠢᠯᠤᠭᠤᠳᠬᠤ ᠪᠠ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠢᠯᠡ ᠪᠣᠯᠭᠠᠬᠤ ᠶᠢᠨ ᠪᠣᠲᠠᠲᠠᠢ ᠦᠷ᠎ᠡ | ᠪᠦᠲᠦᠮᠵᠢ ᠶᠢ ᠦᠨᠡᠨᠬᠦ ᠪᠠᠲᠤᠯᠠᠬᠤ ᠬᠡᠷᠡᠭᠲᠡᠢ᠃ | ᠨᠢᠭᠡ᠂ ᠢᠯᠡ ᠪᠣᠯᠭᠠᠬᠤ ᠵᠦᠢᠯᠡᠰ ᠢ ᠬᠢᠨᠠᠮᠠᠭᠠᠢ ᠡᠮᠬᠢᠯᠡᠬᠦ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ | ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠭᠤᠷᠪᠠᠨ ᠲᠤᠮᠤ ᠬᠦᠷᠢᠶᠡᠨ ᠳᠠᠬᠢ ᠢᠯᠡ ᠪᠣᠯᠭᠠᠬᠤ ᠭᠤᠣᠯᠳᠠᠯᠭ᠎ᠠ ᠲᠠᠢ | ᠠᠭᠤᠯᠭ᠎ᠠ ᠶᠢᠨ ᠲᠣᠭᠤᠷᠢᠨ ᠳᠤ ᠵᠣᠷᠪᠤᠰᠯᠠᠨ ᠭᠠᠷᠴᠠᠭᠯᠠᠬᠤ ᠠᠷᠭ᠎ᠠ ᠮᠠᠶ᠋ᠢᠭ ᠢᠶᠠᠷ ᠵᠦᠢᠯ ᠳᠠᠷᠠᠭᠠᠯᠠᠨ | ᠨᠠᠷᠢᠯᠢᠬᠵᠢᠭᠤᠯᠵᠤ ᠲᠦᠷᠦᠯ ᠬᠤᠪᠢᠶᠠᠨ᠂ ᠢᠯᠡ ᠪᠣᠯᠭᠠᠬᠤ ᠵᠦᠢᠯᠡᠰ ᠤᠨ ᠠᠩᠬᠢᠯᠠᠯ ᠨᠢ ᠰᠢᠨᠵᠢᠯᠡᠬᠦ ᠤᠬᠠᠭᠠᠨᠴᠢ᠂ | ᠨᠡᠷᠡᠶᠢᠳᠦᠯ ᠨᠢ ᠵᠢᠷᠤᠮᠵᠢᠯ ᠲᠠᠢ᠂ ᠴᠢᠭᠯᠡᠯ ᠨᠢ ᠲᠤᠳᠤᠷᠬᠠᠢ ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃ | ᠬᠤᠶᠠᠷ᠂ ᠢᠯᠡ ᠪᠣᠯᠭᠠᠬᠤ ᠵᠦᠢᠯᠡᠰ ᠤᠨ ᠪᠠᠷᠢᠮᠵᠢᠶ᠎ᠠ ᠶᠢ ᠨᠠᠶᠢᠷᠠᠭᠤᠯᠤᠨ ᠵᠣᠬᠢᠶᠠᠬᠤ ᠬᠡᠷᠡᠭᠲᠡᠢ᠃ ᠡᠯ᠎ᠡ ᠭᠠᠵᠠᠷ | ᠣᠷᠣᠨ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ ᠪᠦᠬᠦ ᠲᠠᠯ᠎ᠠ ᠪᠠᠷ ᠡᠮᠬᠢᠯᠡᠨ ᠨᠠᠷᠢᠯᠢᠬᠵᠢᠭᠤᠯᠤᠭᠰᠠᠨ | ᠰᠠᠭᠤᠷᠢᠨ ᠳᠡᠭᠡᠷ᠎ᠡ᠂ ᠢᠯᠡ ᠪᠣᠯᠭᠠᠬᠤ ᠵᠦᠢᠯᠡᠰ ᠤᠨ ᠨᠡᠷᠡᠶᠢᠳᠦᠯ᠂ ᠦᠨᠳᠦᠰᠦᠯᠡᠯ ᠵᠢᠴᠢ ᠢᠯᠡ ᠪᠣᠯᠭᠠᠪᠠᠰᠤ ᠵᠣᠬᠢᠬᠤ | ᠠᠭᠤᠯᠭ᠎ᠠ᠂ ᠭᠤᠣᠯ ᠴᠤᠭᠴᠠ᠂ ᠴᠠᠬ ᠬᠤᠭᠤᠴᠠᠭ᠎ᠠ᠂ ᠠᠷᠭ᠎ᠠ ᠮᠠᠶ᠋ᠢᠭ ᠵᠡᠷᠭᠡ ᠬᠦᠴᠦᠨ ᠵᠦᠢᠯ ᠢ ᠪᠠᠭᠲᠠᠭᠠᠭᠰᠠᠨ | ᠪᠣᠲᠠᠲᠠᠢ ᠵᠦᠢᠯᠡᠰ ᠪᠦᠷᠢ ᠶᠢᠨ ᠢᠯᠡ ᠪᠣᠯᠭᠠᠬᠤ ᠪᠠᠷᠢᠮᠵᠢᠶ᠎ᠠ ᠶᠢ ᠵᠦᠢᠯ ᠳᠠᠷᠠᠭᠠᠯᠠᠨ ᠲᠣᠭᠲᠠᠭᠠᠵᠤ᠂ ᠭᠤᠷᠪᠠᠨ ᠲᠤᠮᠤ | ᠬᠦᠷᠢᠶᠡᠨ ᠳᠠᠬᠢ ᠵᠠᠰᠠᠭ ᠤᠨ ᠶᠠᠪᠤᠳᠠᠯ ᠢ ᠢᠯᠡ ᠪᠣᠯᠭᠠᠬᠤ ᠵᠦᠢᠯᠡᠰ ᠤᠨ ᠪᠠᠷᠢᠮᠵᠢᠶ᠎ᠠ ᠶᠢᠨ ᠭᠠᠷᠴᠠᠭ ᠢ | ᠬᠤᠷᠢᠶᠠᠩᠭᠤᠶᠢᠯᠠᠨ ᠨᠠᠶᠢᠷᠠᠭᠤᠯᠵᠤ ᠵᠣᠬᠢᠶᠠᠬᠤ ᠶᠢᠨ ᠬᠠᠮᠲᠤ᠂ ᠬᠦᠳᠡᠯᠦᠩᠭᠦᠢ ᠲᠣᠬᠢᠷᠠᠭᠤᠯᠤᠯᠲᠠ ᠶᠢ ᠬᠡᠷᠡᠭᠵᠢᠭᠦᠯᠬᠦ | ᠬᠡᠷᠡᠭᠲᠡᠢ᠃ | ᠭᠤᠷᠪᠠ᠂ ᠢᠯᠡ ᠪᠣᠯᠭᠠᠬᠤ ᠠᠵᠢᠯ ᠤᠨ ᠴᠤᠪᠤᠷᠠᠯ ᠢ ᠵᠢᠷᠤᠮᠵᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ᠂ | ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠵᠠᠰᠠᠭ ᠤᠨ ᠶᠠᠪᠤᠳᠠᠯ ᠢ ᠢᠯᠡ ᠪᠣᠯᠭᠠᠬᠤ ᠵᠦᠢᠯᠡᠰ ᠤᠨ | ᠪᠠᠷᠢᠮᠵᠢᠶ᠎ᠠ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ | ᠬᠤᠪᠢᠷᠠᠭᠤᠯᠬᠤ ᠪᠠ ︽ᠲᠠᠪᠤ ᠶᠢ ᠢᠯᠡ ᠪᠣᠯᠭᠠᠬᠤ︾ ᠶᠢ ᠠᠬᠢᠭᠤᠯᠬᠤ ᠱᠠᠭᠠᠷᠳᠠᠯᠭ᠎ᠠ ᠶᠣᠰᠤᠭᠠᠷ᠂ ᠵᠠᠰᠠᠭ ᠤᠨ | ᠶᠠᠪᠤᠳᠠᠯ ᠢ ᠢᠯᠡ ᠪᠣᠯᠭᠠᠬᠤ ᠠᠵᠢᠯ ᠤᠨ ᠴᠤᠪᠤᠷᠠᠯ ᠢ ᠪᠦᠬᠦ ᠲᠠᠯ᠎ᠠ ᠪᠠᠷ ᠡᠮᠬᠢᠯᠡᠨ ᠰᠢᠯᠢᠳᠡᠭᠵᠢᠭᠦᠯᠵᠦ᠂ ᠠᠵᠢᠯ ᠤᠨ | ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ | ᠳᠥᠷᠪᠡ᠂ ᠢᠯᠡ ᠪᠣᠯᠭᠠᠬᠤ ᠠᠷᠭ᠎ᠠ ᠮᠠᠶ᠋ᠢᠭ ᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ | ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠪᠣᠳᠠᠳᠤ ᠪᠠᠶᠢᠳᠠᠯ ᠢᠶᠠᠨ ᠦᠨᠳᠦᠰᠦᠯᠡᠨ᠂ ᠫᠣᠷᠲ᠋ᠧᠯ ᠰᠦᠯᠵᠢᠶ᠎ᠡ᠂ | ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ᠂ ᠷᠠᠳᠢᠣ᠋᠂ ᠲᠧᠯᠸᠢᠰ᠂ ᠰᠣᠨᠢᠨ᠂ ᠵᠠᠷᠯᠠᠨ ᠨᠡᠶᠢᠲᠡᠯᠡᠬᠦ ᠪᠣᠯᠣᠩ | ᠵᠡᠷᠭᠡ ᠲᠡᠪᠴᠡᠩ ᠪᠠ ᠠᠵᠢᠯ ᠶᠠᠪᠤᠳᠠᠯ ᠭᠦᠢᠴᠡᠳᠭᠡᠬᠦ ᠲᠠᠩᠬᠢᠮ᠂ ᠠᠷᠠᠳ ᠲᠤ ᠲᠦᠭᠦᠮ ᠦᠵᠡᠭᠦᠯᠬᠦ ᠦᠢᠯᠡᠴᠢᠯᠡᠭᠡᠨ ᠤ | ᠴᠤᠩᠬᠤᠪᠴᠢ ᠵᠡᠷᠭᠡ ᠲᠠᠯᠠᠪᠤᠷ ᠢ ᠶᠡᠷᠦᠩᠬᠡᠶᠢᠯᠡᠨ ᠠᠰᠢᠭᠯᠠᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠣᠯᠠᠨ | ᠠᠷᠭ᠎ᠠ ᠵᠠᠮ ᠢᠶᠠᠷ ᠨᠡᠶᠢᠲᠡᠯᠡᠵᠦ᠂ ᠣᠯᠠᠨ ᠲᠦᠮᠡᠨ ᠤ ᠬᠠᠶᠢᠨ ᠯᠠᠪᠯᠠᠬᠤ ᠪᠠ ᠬᠦᠷᠲᠡᠵᠦ ᠣᠯᠬᠤ ᠳᠤ ᠳᠦᠭᠦᠮ | ᠦᠵᠡᠭᠦᠯᠬᠦ ᠬᠡᠷᠡᠭᠲᠡᠢ᠃ | ᠡᠯ᠎ᠡ ᠱᠠᠲᠤᠨ ᠤ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠯᠪᠠᠨ ᠭᠡᠷ ᠨᠢ | ᠤᠯᠤᠰ ᠤᠨ ᠱᠠᠭᠠᠷᠳᠠᠯᠭ᠎ᠠ ᠶᠤᠰᠤᠭᠠᠷ᠂ ᠭᠤᠷᠪᠠᠨ ᠲᠤᠮᠤ ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠢᠯᠡ ᠪᠣᠯᠭᠠᠬᠤ ᠠᠵᠢᠯ ᠢ ᠣᠨ ᠤ ᠰᠢᠯᠭᠠᠨ ᠬᠢᠨᠠᠬᠤ ᠭᠦᠢᠴᠡᠳᠭᠡᠯ ᠲᠤᠭ᠎ᠠ ᠪᠠ ᠭᠤᠣᠯᠳᠠᠯᠭ᠎ᠠ ᠲᠠᠢ | ᠰᠢᠮᠳᠠᠭᠤᠯᠤᠨ ᠪᠠᠶᠢᠴᠠᠭᠠᠬᠤ ᠠᠭᠤᠯᠭ᠎ᠠ ᠳᠠᠭᠠᠨ ᠵᠢᠭᠰᠠᠭᠠᠨ ᠣᠷᠤᠭᠤᠯᠵᠤ᠂ ᠭᠤᠣᠯᠳᠠᠯᠭ᠎ᠠ ᠲᠠᠢ ᠬᠦᠷᠢᠶ᠎ᠡ | ᠴᠠᠷᠠᠭ᠎ᠠ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠪᠦᠬᠦ ᠲᠠᠯ᠎ᠠ ᠪᠠᠷ ᠭᠦᠨᠵᠡᠭᠡᠢ | ᠠᠬᠢᠭᠤᠯᠤᠨ᠂ ᠵᠠᠰᠠᠭ ᠤᠨ ᠣᠷᠳᠣᠨ ᠤ ᠢᠯᠡ ᠲᠤᠳᠣ ᠪᠠᠶᠢᠬᠤ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠠᠷᠠᠳ ᠣᠯᠠᠨ ᠤ ᠪᠠᠶᠢᠳᠠᠯ ᠢ ᠮᠡᠳᠡᠬᠦ ᠡᠷᠬᠡ᠂ ᠣᠷᠤᠯᠴᠠᠬᠤ ᠡᠷᠬᠡ ᠪᠠ ᠬᠢᠨᠠᠯᠲᠠ ᠲᠠᠯᠪᠢᠬᠤ ᠡᠷᠬᠡ ᠶᠢ ᠭᠦᠢᠴᠡᠳ | ᠪᠠᠲᠤᠯᠠᠬᠤ ᠬᠡᠷᠡᠭᠲᠡᠢ᠃ | | | | | ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠵᠥᠪᠰᠢᠶᠡᠷᠡᠬᠦ ᠪᠠ ᠬᠡᠷᠡᠭᠵᠢᠭᠦᠯᠬᠦ ᠬᠦᠷᠢᠶᠡᠨ ᠳᠠᠬᠢ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠠᠬᠢᠭᠤᠯᠬᠤ ᠲᠣᠬᠠᠢ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠠᠯᠪᠠᠨ ᠲᠢᠩᠭᠢᠮ ᠤᠨ ᠰᠠᠨᠠᠯ | | | ︵ᠲᠥᠷᠥ ᠠᠯᠪᠠᠨ ᠲᠠᠷᠬᠠᠭᠠᠭᠰᠠᠨ ﹇2017﹈ 94 ᠳ᠋ᠤᠭᠡᠷ ᠲᠣᠭᠠᠲᠤ︶ | 2018 ᠣᠨ ᠤ 4 ᠳ᠋ᠤᠭᠡᠷ ᠰᠠᠷ᠎ᠠ ᠶᠢᠨ 9 ᠤ ᠡᠳᠦᠷ | | | ᠡᠯ᠎ᠡ ᠮᠤᠵᠢ᠂ ᠦᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠡᠯ᠎ᠡ ᠶᠠᠮᠦᠨ ᠵᠦᠪᠯᠡᠯ᠂ ᠡᠯ᠎ᠡ ᠰᠢᠭᠤᠳ ᠬᠠᠷᠢᠶ᠎ᠠ ᠪᠠᠶᠢᠭᠤᠯᠤᠮᠵᠢ ᠳᠤ᠄ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠪᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠭᠢᠮ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠭᠢᠮ ᠤᠨ ︿ᠵᠠᠰᠠᠭ ᠤᠨ ᠶᠠᠪᠤᠳᠠᠯ ᠢ ᠢᠯᠠ ᠪᠣᠯᠭᠠᠬᠤ ᠠᠵᠢᠯ ᠢ | ᠪᠦᠬᠦ ᠲᠠᠯ᠎ᠠ ᠪᠠᠷ ᠠᠬᠢᠭᠤᠯᠬᠤ ᠲᠣᠬᠠᠢ ᠰᠠᠨᠠᠯ﹀ ᠢ ᠳᠠᠷᠤᠮᠠᠯᠯᠠᠨ ᠶᠠᠪᠤᠭᠤᠯᠬᠤ ᠮᠡᠳᠡᠭᠳᠡᠯ︾ ᠵᠡᠷᠭᠡ ᠪᠢᠴᠢᠭ | ᠮᠠᠲ᠋ᠧᠷᠢᠶᠠᠯ ᠤᠨ ᠱᠠᠭᠠᠷᠳᠠᠯᠭ᠎ᠠ ᠶᠣᠰᠤᠭᠠᠷ᠂ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ | ᠵᠥᠪᠰᠢᠶᠡᠷᠡᠬᠦ ᠪᠠ ᠬᠡᠷᠡᠭᠵᠢᠭᠦᠯᠬᠦ ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ | ᠤᠯᠠᠮ ᠨᠢᠭᠡ ᠠᠯᠬᠤᠮ ᠠᠬᠢᠭᠤᠯᠬᠤ ᠶᠢᠨ ᠲᠤᠰᠠᠳᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ | ᠡᠳᠦᠭᠡ ᠳᠣᠣᠷᠠᠬᠢ ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ᠃ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ | ᠪᠠᠶᠢᠷᠢᠰᠢᠭᠤᠯᠤᠯ ᠢ ᠨᠢᠭᠡᠲᠦᠯᠲᠡᠢ ᠲᠦᠯᠦᠪᠴᠢᠭᠦᠯᠦᠨ ᠠᠬᠢᠭᠤᠯᠬᠤ ᠪᠠ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ | ᠪᠣᠳᠣᠯᠭ᠎ᠠ ᠶᠢᠨ ᠪᠠᠶᠢᠷᠢᠰᠢᠭᠤᠯᠤᠯ ᠢ ᠵᠣᠬᠢᠴᠠᠭᠤᠯᠤᠨ ᠠᠬᠢᠭᠤᠯᠵᠤ᠂ ᠰᠢᠨ᠎ᠡ ᠶᠢ ᠡᠭᠦᠳᠬᠦ᠂ ᠵᠣᠬᠢᠴᠠᠭᠤᠯᠬᠤ᠂ | ᠪᠣᠬᠢᠷᠳᠤᠯ ᠦᠭᠡᠢ᠂ ᠨᠡᠭᠡᠭᠡᠯᠲᠡ ᠲᠠᠢ᠂ ᠬᠠᠮᠲᠤᠪᠠᠷ ᠬᠦᠷᠲᠡᠬᠦ ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠢ | ᠪᠣᠯᠭᠠᠬᠤ ᠪᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠪᠦᠬᠦ | ᠲᠠᠯ᠎ᠠ ᠪᠠᠷ ᠠᠬᠢᠭᠤᠯᠬᠤ ᠲᠣᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠴᠢᠬᠤᠯᠠ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠤᠰᠤᠭᠠᠷ᠂ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠦᠷᠦᠯ | ᠵᠦᠢᠯ ᠢ ᠵᠥᠪᠰᠢᠶᠡᠷᠡᠬᠦ ᠪᠠ ᠬᠡᠷᠡᠭᠵᠢᠭᠦᠯᠬᠦ ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠪᠠᠷ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠪᠦᠬᠦ ᠲᠠᠯ᠎ᠠ ᠪᠠᠷ ᠠᠬᠢᠭᠤᠯᠬᠤ ᠶᠢᠨ ᠴᠢᠬᠤᠯᠠ | ᠠᠭᠤᠯᠭ᠎ᠠ ᠪᠣᠯᠭᠠᠵᠤ᠂ ᠨᠡᠶᠢᠭᠡᠮ ᠤᠨ ᠬᠢᠨ ᠤ ᠠᠩᠬᠠᠷᠤᠯ ᠲᠠᠯᠪᠢᠵᠤ ᠪᠠᠶᠢᠭ᠎ᠠ ᠵᠦᠢᠯᠡᠰ ᠲᠤ ᠢᠳᠡᠪᠬᠢᠲᠡᠢ ᠪᠠᠷ ᠬᠠᠷᠢᠭᠤ | ᠲᠤᠰᠬᠠᠵᠤ᠂ ᠠᠷᠠᠳ ᠣᠯᠠᠨ ᠤ ᠪᠠᠶᠢᠳᠠᠯ ᠢ ᠮᠡᠳᠡᠬᠦ ᠡᠷᠬᠡ᠂ ᠣᠷᠤᠯᠴᠠᠬᠤ ᠡᠷᠬᠡ᠂ ᠢᠯᠡᠳᠭᠡᠬᠦ ᠡᠷᠬᠡ᠂ ᠬᠢᠨᠠᠯᠲᠠ | ᠲᠠᠯᠪᠢᠬᠤ ᠡᠷᠬᠡ ᠶᠢ ᠨᠡᠩ ᠰᠠᠶᠢᠲᠤᠷ ᠪᠠᠲᠤᠯᠠᠨ᠎ᠠ᠃ | ︵ᠬᠤᠶᠠᠷ︶ ᠦᠨᠳᠦᠰᠦᠨ ᠵᠠᠷᠴᠢᠮ᠃ | ᠢᠯᠡ ᠪᠣᠯᠭᠠᠬᠤ ᠶᠢ ᠬᠡᠪ ᠤᠨ ᠪᠠᠶᠢᠳᠠᠯ ᠢᠶᠠᠷ ᠦᠵᠡᠵᠦ᠂ ᠢᠯᠡ ᠪᠣᠯᠭᠠᠬᠤ ᠦᠭᠡᠢ ᠶᠢ ᠣᠨᠴᠤᠭᠤᠢ | ᠪᠠᠶᠢᠳᠠᠯ ᠢᠶᠠᠷ ᠦᠵᠡᠬᠦ ᠬᠡᠷᠡᠭᠲᠡᠢ᠃ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ ᠪᠠ ᠬᠤᠪᠢ ᠶᠢᠨ | ᠨᠢᠭᠤᠴᠠ ᠳᠤ ᠬᠤᠯᠪᠣᠭᠳᠠᠬᠤ ᠪᠠ ᠪᠤᠰᠤᠳ ᠬᠠᠤᠯᠢ ᠶᠤᠰᠤᠭᠠᠷ ᠢᠯᠡ ᠪᠣᠯᠭᠠᠵᠤ ᠪᠣᠯᠬᠤ ᠦᠭᠡᠢ ᠠᠭᠤᠯᠭ᠎ᠠ ᠠᠴᠠ | ᠭᠠᠳᠠᠨ᠎ᠠ᠂ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠵᠥᠪᠰᠢᠶᠡᠷᠡᠬᠦ ᠪᠠ ᠬᠡᠷᠡᠭᠵᠢᠭᠦᠯᠬᠦ | ᠶᠠᠪᠤᠴᠠ ᠳᠠᠬᠢ ᠮᠡᠳᠡᠭᠡ ᠵᠠᠩᠭᠢ ᠶᠢ ᠠᠯᠢ ᠪᠣᠯᠬᠤ ᠪᠠᠷ ᠭᠠᠳᠠᠭᠰᠢ ᠢᠯᠡ ᠪᠣᠯᠭᠠᠵᠤ᠂ ᠢᠯᠡ ᠪᠣᠯᠭᠠᠬᠤ ᠪᠠᠷ ᠲᠦᠷᠦᠯ | ᠵᠦᠢᠯ ᠢ ᠵᠥᠪᠰᠢᠶᠡᠷᠡᠵᠦ᠂ ᠬᠡᠷᠡᠭᠵᠢᠭᠦᠯᠬᠦ ᠶᠢᠨ ᠢᠯᠡ ᠲᠣᠳᠣ ᠶᠢᠨ ᠬᠡᠮᠵᠢᠶ᠎ᠡ ᠪᠠ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠠᠷᠠᠳ ᠣᠯᠠᠨ ᠤ ᠬᠠᠤᠯᠢ ᠶᠤᠰᠤᠨ ᠤ ᠡᠷᠬᠡ ᠠᠰᠢᠭ ᠢ ᠪᠠᠲᠤᠯᠠᠨ᠎ᠠ᠃ | ᠭᠤᠣᠯᠳᠠᠯᠭ᠎ᠠ ᠶᠢ ᠳᠤᠪᠤᠶᠢᠯᠭᠠᠵᠤ᠂ ᠡᠮᠬᠢ ᠵᠢᠷᠤᠮ ᠲᠠᠢ ᠠᠬᠢᠭᠤᠯᠬᠤ ᠬᠡᠷᠡᠭᠲᠡᠢ᠃ ᠴᠢᠬᠤᠯᠠ ᠶᠡᠭᠡ ᠪᠦᠲᠦᠭᠡᠨ | ᠪᠠᠶᠢᠭᠤᠯᠤᠯᠲᠠ ᠶᠢᠨ ᠲᠦᠷᠦᠯ ᠵᠦᠢᠯ ᠢ ᠵᠥᠪᠰᠢᠶᠡᠷᠡᠬᠦ ᠪᠠ ᠬᠡᠷᠡᠭᠵᠢᠭᠦᠯᠬᠦ ᠶᠠᠪᠤᠴᠠ ᠳᠠᠬᠢ ᠨᠡᠶᠢᠭᠡᠮ ᠤᠨ ᠬᠠᠯᠠᠮᠵᠢᠯᠠᠨ | ᠠᠩᠬᠠᠷᠴᠤ ᠪᠠᠶᠢᠬᠤ ᠬᠡᠮᠵᠢᠶ᠎ᠡ ᠪᠠᠷ ᠶᠡᠭᠡ ᠪᠠᠶᠢᠭ᠎ᠠ ᠮᠡᠳᠡᠭᠡ ᠵᠠᠩᠭᠢ ᠪᠠᠷ ᠭᠤᠣᠯᠳᠠᠯᠭ᠎ᠠ ᠪᠣᠯᠭᠠᠵᠤ᠂ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠᠷ ᠬᠤᠰᠢᠭᠤᠷᠠᠨ ᠳᠠᠭᠠᠭᠤᠯᠵᠤ᠂ ᠲᠦᠷᠦᠯ ᠵᠦᠢᠯ ᠤᠨ | ᠬᠠᠤᠯᠢ ᠶᠢᠨ ᠡᠷᠬᠡᠲᠡᠨ ᠨᠢᠭᠡᠴᠡ ᠶᠢᠨ ᠮᠡᠳᠡᠭᠡ ᠵᠠᠩᠭᠢ ᠶᠢ ᠪᠦᠲᠦᠮᠵᠢᠲᠡᠢ ᠴᠤᠬᠯᠠᠭᠤᠯᠤᠨ ᠨᠡᠶᠢᠯᠡᠭᠦᠯᠵᠦ᠂ ᠴᠠᠭ | ᠲᠣᠬᠠᠢ ᠳᠤᠨᠢ ᠢᠯᠡ ᠪᠣᠯᠭᠠᠬᠤ ᠶᠢ ᠠᠬᠢᠭᠤᠯᠤᠨ᠎ᠠ᠃ | ᠭᠤᠣᠯ ᠴᠤᠭᠴᠠ ᠶᠢ ᠲᠤᠳᠤᠷᠬᠠᠶᠢᠯᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠴᠢᠬᠤᠯᠠ | ᠶᠡᠭᠡ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠵᠥᠪᠰᠢᠶᠡᠷᠡᠬᠦ ᠪᠠ ᠬᠡᠷᠡᠭᠵᠢᠭᠦᠯᠬᠦ ᠶᠠᠪᠤᠴᠠ ᠳᠤ᠂ ᠡᠯ᠎ᠡ | ᠱᠠᠲᠤᠨ ᠤ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠦᠴᠢᠷ ᠠᠴᠠ ᠲᠡᠳᠡᠨᠦᠰ ᠤᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠭᠡᠭᠰᠡᠨ ᠶᠠᠪᠤᠴᠠ ᠳᠤ ᠪᠢᠴᠢᠵᠦ ᠵᠣᠬᠢᠶᠠᠭᠰᠠᠨ ᠪᠣᠶᠣ ᠬᠠᠳᠠᠭᠠᠯᠠᠭᠰᠠᠨ ᠮᠡᠳᠡᠭᠡ | ᠵᠠᠩᠭᠢ ᠶᠢ ᠬᠠᠷᠢᠭᠤᠴᠠᠨ ᠢᠯᠡ ᠪᠣᠯᠭᠠᠬᠤ ᠶᠢᠨ ᠬᠠᠮᠲᠤ᠂ ᠲᠦᠷᠦᠯ ᠵᠦᠢᠯ ᠤᠨ ᠬᠠᠤᠯᠢ ᠶᠢᠨ ᠡᠷᠬᠡᠲᠡᠨ ᠨᠢᠭᠡᠴᠡ ᠶᠢᠨ | ᠢᠯᠡ ᠪᠣᠯᠭᠠᠭᠰᠠᠨ ᠲᠦᠷᠦᠯ ᠵᠦᠢᠯ ᠤᠨ ᠮᠡᠳᠡᠭᠡ ᠵᠠᠩᠭᠢ ᠳᠤ ᠬᠠᠤᠯᠢ ᠶᠤᠰᠤᠭᠠᠷ ᠬᠢᠨᠠᠯᠲᠠ ᠲᠠᠯᠪᠢᠨ᠎ᠠ᠃ ᠬᠠᠤᠯᠢ | ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠳᠤ ᠲᠤᠳᠤᠷᠬᠠᠢ ᠲᠣᠭᠲᠠᠭᠠᠯ ᠭᠠᠷᠭᠠᠭᠰᠠᠨ ᠦᠭᠡᠢ ᠪᠣᠯ᠂ | ᠲᠦᠷᠦᠯ ᠵᠦᠢᠯ ᠤᠨ ᠬᠠᠤᠯᠢ ᠶᠢᠨ ᠡᠷᠬᠡᠲᠡᠨ ᠨᠢᠭᠡᠴᠡ ᠶᠢᠨ ᠬᠢᠨ ᠤ ᠲᠦᠷᠦᠯ ᠵᠦᠢᠯ ᠤᠨ ᠮᠡᠳᠡᠭᠡ ᠵᠠᠩᠭᠢ ᠶᠢ | ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠶᠢ ᠵᠣᠷᠢᠬᠵᠢᠭᠤᠯᠤᠨ᠎ᠠ᠃ | ᠬᠤᠶᠠᠷ᠂ ᠭᠤᠣᠯ ᠡᠭᠦᠷᠭᠡ | ᠲᠤᠰ ᠰᠠᠨᠠᠯ ᠳᠤ ᠬᠡᠯᠡᠵᠦ ᠪᠠᠶᠢᠭ᠎ᠠ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ | ᠭᠡᠳᠡᠭ ᠨᠢ ᠬᠤᠯᠪᠣᠭᠳᠠᠯ ᠪᠦᠬᠦᠢ ᠲᠣᠭᠲᠠᠭᠠᠯ ᠶᠤᠰᠤᠭᠠᠷ ᠵᠠᠰᠠᠭ ᠤᠨ ᠣᠷᠳᠣᠨ ᠠᠴᠠ ᠬᠢᠨᠠᠨ ᠵᠥᠪᠰᠢᠶᠡᠷᠡᠭᠰᠡᠨ ᠪᠣᠶᠣ | ᠬᠠᠷᠭᠤᠭᠤᠯᠤᠨ ᠵᠥᠪᠰᠢᠶᠡᠷᠡᠭᠰᠡᠨ᠂ ᠠᠵᠤ ᠠᠬᠤᠢ ᠨᠡᠶᠢᠭᠡᠮ ᠤᠨ ᠬᠥᠭᠵᠢᠯᠲᠡ᠂ ᠠᠷᠠᠳ ᠤᠨ ᠠᠮᠢᠳᠤᠷᠠᠯ ᠤᠨ | ᠰᠠᠶᠢᠵᠢᠷᠠᠯᠲᠠ ᠳᠤ ᠰᠢᠭᠤᠳ᠂ ᠥᠷᠭᠡᠨ ᠳᠡᠯᠭᠡᠷ ᠪᠠ ᠴᠢᠬᠤᠯᠠ ᠨᠦᠯᠦᠭᠡ ᠦᠵᠡᠭᠦᠯᠬᠦ ᠲᠣᠭᠲᠠᠮᠠᠯ ᠡᠳ᠋ | ᠬᠦᠷᠦᠩᠭᠡ ᠶᠢᠨ ᠪᠡᠯᠡ ᠣᠷᠤᠭᠤᠯᠤᠯᠲᠠ ᠶᠢᠨ ᠲᠦᠷᠦᠯ ᠵᠦᠢᠯ ︵ᠬᠢᠯᠢ ᠶᠢᠨ ᠭᠠᠳᠠᠨᠠᠬᠢ ᠪᠡᠯᠡ ᠣᠷᠤᠭᠤᠯᠤᠯᠲᠠ ᠶᠢᠨ | ᠲᠦᠷᠦᠯ ᠵᠦᠢᠯ ᠪᠠ ᠭᠠᠳᠠᠭᠠᠲᠤ ᠶᠢ ᠲᠤᠰᠠᠯᠠᠬᠤ ᠲᠦᠷᠦᠯ ᠵᠦᠢᠯ ᠪᠠᠭᠲᠠᠬᠤ ᠦᠭᠡᠢ︶ ᠢ ᠵᠢᠭᠠᠵᠤ ᠪᠣᠢ᠃ ᠡᠯ᠎ᠡ | ᠮᠤᠵᠢ ︵ᠣᠷᠣᠨ᠂ ᠬᠤᠲᠠ︶ ᠶᠢᠨ ᠵᠠᠰᠠᠭ ᠤᠨ ᠣᠷᠳᠣᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ | ᠪᠦᠬᠦᠢ ᠰᠠᠯᠠᠭ᠎ᠠ ᠮᠦᠴᠢᠷ ᠨᠢ ᠣᠷᠣᠨ ᠪᠦᠰᠡ᠂ ᠠᠵᠢᠯ ᠲᠦᠷᠦᠯ ᠤᠨ ᠣᠨᠴᠠᠯᠢᠭ ᠪᠠ ᠠᠵᠢᠯ ᠤᠨ ᠭᠤᠣᠯᠳᠠᠯᠭ᠎ᠠ ᠪᠠᠨ | ᠦᠨᠳᠦᠰᠦᠯᠡᠵᠦ᠂ ᠲᠤᠰ ᠭᠠᠵᠠᠷ ᠣᠷᠣᠨ᠂ ᠲᠤᠰ ᠬᠦᠷᠢᠶᠡᠨ ᠳᠠᠬᠢ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ | ᠲᠦᠷᠦᠯ ᠵᠦᠢᠯ ᠤᠨ ᠬᠡᠪᠴᠢᠶ᠎ᠡ ᠪᠠᠨ ᠤᠯᠠᠮ ᠨᠢᠭᠡ ᠠᠯᠬᠤᠮ ᠲᠤᠳᠤᠷᠬᠠᠶᠢᠯᠠᠨ᠎ᠠ᠃ | ︵ᠨᠢᠭᠡ︶ ᠢᠯᠡ ᠪᠣᠯᠭᠠᠬᠤ ᠭᠤᠣᠯᠳᠠᠯᠭ᠎ᠠ ᠶᠢ ᠳᠤᠪᠤᠶᠢᠯᠭᠠᠨ᠎ᠠ᠃ | ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠵᠥᠪᠰᠢᠶᠡᠷᠡᠬᠦ ᠪᠠ ᠬᠡᠷᠡᠭᠵᠢᠭᠦᠯᠬᠦ | ᠶᠠᠪᠤᠴᠠ ᠳᠤ᠂ ᠵᠥᠪᠰᠢᠶᠡᠷᠡᠬᠦ ᠦᠢᠯᠡᠴᠢᠯᠡᠭᠡ ᠶᠢᠨ ᠮᠡᠳᠡᠭᠡ ᠵᠠᠩᠭᠢ᠂ ᠵᠥᠪᠰᠢᠶᠡᠷᠡᠭᠰᠡᠨ ᠦᠷ᠎ᠡ ᠳ᠋ᠦᠩ ᠤᠨ ᠮᠡᠳᠡᠭᠡ | ᠵᠠᠩᠭᠢ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠮᠡᠳᠡᠭᠡ ᠵᠠᠩᠭᠢ᠂ ᠭᠠᠵᠠᠷ ᠰᠢᠷᠣᠢ ᠲᠠᠲᠠᠪᠤᠷᠢᠯᠠᠬᠤ | ᠮᠡᠳᠡᠭᠡ ᠵᠠᠩᠭᠢ᠂ ᠴᠢᠬᠤᠯᠠ ᠶᠡᠭᠡ ᠵᠢᠷᠤᠭ ᠲᠦᠯᠦᠪᠯᠡᠭᠡ ᠶᠢ ᠬᠤᠪᠢᠷᠠᠭᠤᠯᠬᠤ ᠮᠡᠳᠡᠭᠡ ᠵᠠᠩᠭᠢ᠂ ᠪᠠᠷᠢᠯᠭ᠎ᠠ ᠪᠠᠷᠢᠬᠤ | ᠬᠤᠯᠪᠣᠭᠳᠠᠯ ᠪᠦᠬᠦᠢ ᠮᠡᠳᠡᠭᠡ ᠵᠠᠩᠭᠢ᠂ ᠶᠠᠰᠤ ᠴᠢᠨᠠᠷ ᠤᠨ ᠠᠮᠦᠷ ᠲᠥᠪᠰᠢᠨ ᠳᠤ ᠬᠢᠨᠠᠯᠲᠠ ᠲᠠᠯᠪᠢᠬᠤ ᠮᠡᠳᠡᠭᠡ ᠵᠠᠩᠭᠢ᠂ | ᠪᠠᠷᠢᠯᠭ᠎ᠠ ᠳᠠᠭᠤᠰᠤᠭᠰᠠᠨ ᠬᠤᠯᠪᠣᠭᠳᠠᠯ ᠪᠦᠬᠦᠢ ᠮᠡᠳᠡᠭᠡ ᠵᠠᠩᠭᠢ ᠵᠡᠷᠭᠡ 8 ᠲᠦᠷᠦᠯ ᠤᠨ ᠮᠡᠳᠡᠭᠡ ᠵᠠᠩᠭᠢ ᠶᠢ | ᠭᠤᠣᠯᠳᠠᠯᠭ᠎ᠠ ᠲᠠᠢ ᠢᠯᠡ ᠪᠣᠯᠭᠠᠨ᠎ᠠ᠃ ᠭᠤᠣᠯ ᠠᠭᠤᠯᠭ᠎ᠠ ᠳᠤ ᠪᠠᠭᠲᠠᠭᠳᠠᠬᠤ ᠨᠢ᠄ | 1. ᠵᠥᠪᠰᠢᠶᠡᠷᠡᠬᠦ ᠦᠢᠯᠡᠴᠢᠯᠡᠭᠡ ᠶᠢᠨ ᠮᠡᠳᠡᠭᠡ ᠵᠠᠩᠭᠢ᠄ ᠭᠤᠶᠤᠴᠢᠯᠠᠨ ᠮᠡᠳᠡᠭᠦᠯᠬᠦ ᠱᠠᠭᠠᠷᠳᠠᠯᠭ᠎ᠠ᠂ | ᠭᠤᠶᠤᠴᠢᠯᠠᠨ ᠮᠡᠳᠡᠭᠦᠯᠬᠦ ᠮᠠᠲ᠋ᠧᠷᠢᠶᠠᠯ ᠤᠨ ᠨᠠᠷᠢᠨ ᠬᠠᠭᠤᠳᠠᠰᠤ᠂ ᠵᠥᠪᠰᠢᠶᠡᠷᠡᠬᠦ ᠴᠤᠪᠤᠷᠠᠯ᠂ ᠭᠦᠢᠴᠡᠳᠭᠡᠬᠦ ᠴᠠᠭ | ᠬᠤᠭᠤᠴᠠᠭ᠎ᠠ᠂ ᠬᠦᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ ᠶᠢᠨ ᠬᠠᠷᠢᠯᠴᠠᠬᠤ ᠠᠷᠭ᠎ᠠ ᠮᠠᠶ᠋ᠢᠭ᠂ ᠬᠢᠨᠠᠯᠲᠠ | ᠲᠠᠯᠪᠢᠵᠤ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ ᠵᠡᠷᠭᠡ᠃ | 2. ᠵᠥᠪᠰᠢᠶᠡᠷᠡᠭᠰᠡᠨ ᠦᠷ᠎ᠡ ᠳ᠋ᠦᠩ ᠤᠨ ᠮᠡᠳᠡᠭᠡ ᠵᠠᠩᠭᠢ᠄ ᠲᠦᠷᠦᠯ ᠵᠦᠢᠯ ᠤᠨ ᠰᠠᠨᠠᠭᠤᠯᠭ᠎ᠠ ᠶᠢᠨ ᠪᠢᠴᠢᠭ ᠢ | ᠬᠢᠨᠠᠨ ᠵᠥᠪᠰᠢᠶᠡᠷᠡᠭᠰᠡᠨ ᠦᠷ᠎ᠡ ᠳ᠋ᠦᠩ᠂ ᠬᠡᠷᠡᠭᠵᠢᠭᠦᠯᠵᠦ ᠪᠣᠯᠬᠤᠶᠢᠴᠠ ᠰᠤᠳᠤᠯᠭᠠᠨ ᠤ ᠮᠡᠳᠡᠭᠦᠯᠦᠯᠲᠡ ᠶᠢ ᠬᠢᠨᠠᠨ | ᠵᠥᠪᠰᠢᠶᠡᠷᠡᠭᠰᠡᠨ ᠦᠷ᠎ᠡ ᠳ᠋ᠦᠩ᠂ ᠠᠩᠬᠠᠨ ᠤ ᠵᠢᠷᠤᠭ ᠲᠦᠯᠦᠪᠯᠡᠭᠡ ᠶᠢᠨ ᠪᠢᠴᠢᠭ ᠮᠠᠲ᠋ᠧᠷᠢᠶᠠᠯ ᠢ ᠬᠢᠨᠠᠨ | ᠵᠥᠪᠰᠢᠶᠡᠷᠡᠭᠰᠡᠨ ᠦᠷ᠎ᠡ ᠳ᠋ᠦᠩ᠂ ᠲᠦᠷᠦᠯ ᠵᠦᠢᠯ ᠢ ᠬᠠᠷᠭᠤᠭᠤᠯᠤᠨ ᠵᠥᠪᠰᠢᠶᠡᠷᠡᠭᠰᠡᠨ ᠦᠷ᠎ᠡ ᠳ᠋ᠦᠩ᠂ ᠡᠨᠧᠷᠬᠢ | ᠠᠷᠪᠢᠯᠠᠬᠤ ᠶᠢ ᠬᠢᠨᠠᠨ ᠪᠠᠶᠢᠴᠠᠭᠠᠭᠰᠠᠨ ᠰᠠᠨᠠᠯ᠂ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠭᠠᠵᠠᠷ | ᠰᠤᠩᠭᠤᠬᠤ ᠰᠠᠨᠠᠯ ᠢ ᠬᠢᠨᠠᠨ ᠵᠥᠪᠰᠢᠶᠡᠷᠡᠭᠰᠡᠨ ᠦᠷ᠎ᠡ ᠳ᠋ᠦᠩ᠂ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ | ᠬᠡᠷᠡᠭᠯᠡᠬᠦ ᠭᠠᠵᠠᠷ ︵ᠳᠠᠯᠠᠢ︶ ᠢ ᠤᠷᠢᠳᠴᠢᠯᠡᠨ ᠬᠢᠨᠠᠭᠰᠠᠨ ᠦᠷ᠎ᠡ ᠳ᠋ᠦᠩ᠂ ᠣᠷᠴᠢᠨ ᠲᠣᠭᠤᠷᠢᠨ ᠤ ᠨᠦᠯᠦᠭᠡᠯᠡᠯ ᠤᠨ | ᠦᠨᠡᠯᠡᠯᠲᠡ ᠶᠢ ᠬᠢᠨᠠᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠲᠦᠯᠦᠪᠵᠢᠭᠦᠯᠭᠡ ᠶᠢᠨ ᠵᠥᠪᠰᠢᠶᠡᠷᠡᠯ ᠢ ᠬᠢᠨᠠᠨ ᠵᠥᠪᠰᠢᠶᠡᠷᠡᠭᠰᠡᠨ ᠦᠷ᠎ᠡ ᠳ᠋ᠦᠩ᠂ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠲᠦᠯᠦᠪᠵᠢᠭᠦᠯᠭᠡ ᠶᠢᠨ ᠲᠦᠷᠦᠯ ᠤᠨ ᠵᠥᠪᠰᠢᠶᠡᠷᠡᠯ ᠢ ᠬᠢᠨᠠᠨ ᠵᠥᠪᠰᠢᠶᠡᠷᠡᠭᠰᠡᠨ ᠦᠷ᠎ᠡ ᠳ᠋ᠦᠩ᠂ | ᠪᠠᠷᠢᠯᠭ᠎ᠠ ᠪᠠᠷᠢᠬᠤ ᠵᠥᠪᠰᠢᠶᠡᠷᠡᠯ ︵ᠠᠵᠢᠯ ᠡᠬᠢᠯᠡᠭᠦᠯᠬᠦ ᠮᠡᠳᠡᠭᠦᠯᠦᠯᠲᠡ︶ ᠢ ᠬᠢᠨᠠᠨ ᠵᠥᠪᠰᠢᠶᠡᠷᠡᠭᠰᠡᠨ ᠦᠷ᠎ᠡ ᠳ᠋ᠦᠩ᠂ | ᠳᠠᠭᠠᠭᠠᠴᠢᠯᠠᠯᠲᠠ ᠵᠠᠷᠯᠠᠬᠤ ᠵᠦᠢᠯᠡᠰ ᠢ ᠬᠢᠨᠠᠨ ᠵᠥᠪᠰᠢᠶᠡᠷᠡᠵᠦ ᠬᠠᠷᠭᠤᠭᠤᠯᠤᠭᠰᠠᠨ ᠦᠷ᠎ᠡ ᠳ᠋ᠦᠩ᠂ ᠤᠰᠤ ᠲᠠᠲᠠᠬᠤ | ᠵᠥᠪᠰᠢᠶᠡᠷᠡᠯ᠂ ᠬᠦᠷᠦᠰᠦ ᠰᠢᠷᠤᠢ ᠬᠠᠮᠠᠭᠠᠯᠠᠬᠤ ᠲᠦᠰᠦᠯ᠂ ᠦᠶᠡᠷ ᠤᠨ ᠨᠦᠯᠦᠭᠡᠯᠡᠯ ᠤᠨ ᠦᠨᠡᠯᠡᠯᠲᠡ ᠵᠡᠷᠭᠡ | ᠤᠰᠤ ᠲᠠᠢ ᠬᠤᠯᠪᠣᠭᠳᠠᠬᠤ ᠵᠦᠢᠯᠡᠰ ᠢ ᠬᠢᠨᠠᠨ ᠵᠥᠪᠰᠢᠶᠡᠷᠡᠭᠰᠡᠨ ᠦᠷ᠎ᠡ ᠳ᠋ᠦᠩ ᠵᠡᠷᠭᠡ᠃ | 3. ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠮᠡᠳᠡᠭᠡ ᠵᠠᠩᠭᠢ᠄ ᠬᠢᠷᠢ ᠭᠡᠮ ᠢ ᠤᠷᠢᠳᠴᠢᠯᠠᠨ | ᠬᠢᠨᠠᠭᠰᠠᠨ ᠠᠯᠪᠠᠨ ᠵᠠᠷ᠂ ᠳᠠᠭᠠᠭᠠᠴᠢᠯᠠᠯᠲᠠ ᠵᠠᠷᠯᠠᠬᠤ ᠠᠯᠪᠠᠨ ᠵᠠᠷ᠂ ᠳᠠᠭᠠᠭᠠᠴᠢᠯᠠᠯᠲᠠ ᠳᠤ ᠤᠨᠤᠭᠳᠠᠬᠤ | ᠵᠢᠱᠢᠭᠳᠡᠭᠰᠡᠳ ᠢ ᠨᠡᠶᠢᠲᠡᠯᠡᠬᠦ᠂ ᠳᠠᠭᠠᠭᠠᠴᠢᠯᠠᠯᠲᠠ ᠳᠤ ᠣᠨᠤᠭᠳᠠᠭᠰᠠᠨ ᠦᠷ᠎ᠡ ᠳ᠋ᠦᠩ ᠢ ᠨᠡᠶᠢᠲᠡᠯᠡᠬᠦ᠂ ᠭᠡᠷ᠎ᠡ | ᠲᠣᠭᠲᠠᠭᠰᠠᠨ ᠪᠠ ᠭᠦᠢᠴᠡᠳᠭᠡᠭᠰᠡᠨ ᠪᠠᠶᠢᠳᠠᠯ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠤᠯᠢ ᠠᠴᠠ | ᠵᠦᠷᠢᠴᠡᠭᠰᠡᠨ ᠢ ᠰᠢᠳᠭᠡᠵᠤ ᠲᠣᠷᠭᠠᠭᠰᠠᠨ ᠮᠡᠳᠡᠭᠡ ᠵᠠᠩᠭᠢ ᠵᠡᠷᠭᠡ᠃ | 4. ᠭᠠᠵᠠᠷ ᠰᠢᠷᠤᠢ ᠲᠠᠲᠠᠪᠤᠷᠢᠯᠠᠬᠤ ᠮᠡᠳᠡᠭᠡ ᠵᠠᠩᠭᠢ᠄ ᠭᠠᠵᠠᠷ ᠰᠢᠷᠤᠢ ᠲᠠᠲᠠᠪᠤᠷᠢᠯᠠᠬᠤ ᠶᠢᠨ ᠮᠡᠳᠡᠭᠳᠡᠬᠦ | ᠪᠢᠴᠢᠭ ᠵᠢᠴᠢ ᠭᠠᠵᠠᠷ ᠰᠢᠷᠤᠢ ᠲᠠᠲᠠᠪᠤᠷᠢᠯᠠᠬᠤ ᠶᠢ ᠮᠡᠳᠡᠭᠦᠯᠦᠨ ᠵᠥᠪᠰᠢᠶᠡᠷᠡᠭᠦᠯᠬᠦ ᠠᠴᠠ ᠡᠮᠦᠨᠡᠬᠢ ᠳᠡᠰ ᠳᠠᠷᠠᠭᠠᠯᠠᠯ ᠢ | ᠭᠦᠢᠴᠡᠳᠭᠡᠬᠦ ᠳᠤ ᠬᠡᠷᠡᠭᠰᠡᠬᠦ ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ᠂ ᠪᠦᠲᠦᠭᠡᠨ ᠪᠠᠶᠢᠭᠤᠯᠤᠯᠲᠠ ᠶᠢᠨ ᠲᠦᠷᠦᠯ | ᠵᠦᠢᠯ ᠳᠤ ᠬᠡᠷᠡᠭᠯᠡᠬᠦ ᠭᠠᠵᠠᠷ ᠢ ᠳᠡᠭᠡᠭᠰᠢ ᠮᠡᠳᠡᠭᠦᠯᠬᠦ ᠲᠠᠶᠢᠯᠪᠤᠷᠢ ᠪᠢᠴᠢᠭ᠂ ᠲᠠᠷᠢᠶᠠᠯᠠᠩ ᠳᠤ ᠬᠡᠷᠡᠭᠯᠡᠬᠦ ᠭᠠᠵᠠᠷ ᠢ | ᠰᠢᠯᠵᠢᠭᠦᠯᠦᠨ ᠬᠡᠷᠡᠭᠯᠡᠬᠦ ᠲᠦᠰᠦᠯ᠂ ᠲᠠᠷᠢᠶᠠᠨ ᠭᠠᠵᠠᠷ ᠢ ᠨᠦᠬᠦᠪᠦᠷᠢᠯᠡᠬᠦ ᠲᠦᠰᠦᠯ᠂ ᠭᠠᠵᠠᠷ ᠰᠢᠷᠤᠢ ᠲᠠᠲᠠᠪᠤᠷᠢᠯᠠᠬᠤ | ᠲᠦᠰᠦᠯ᠂ ᠭᠠᠵᠠᠷ ᠰᠢᠷᠤᠢ ᠬᠠᠩᠭᠠᠬᠤ ᠲᠦᠰᠦᠯ᠂ ᠭᠠᠵᠠᠷ ᠰᠢᠷᠤᠢ ᠲᠠᠲᠠᠪᠤᠷᠢᠯᠠᠬᠤ ᠶᠢ ᠵᠥᠪᠰᠢᠶᠡᠷᠡᠭᠰᠡᠨ ᠤ | ᠳᠠᠷᠠᠭᠠᠬᠢ ᠬᠡᠷᠡᠭᠵᠢᠭᠦᠯᠬᠦ ᠶᠠᠪᠤᠴᠠ ᠳᠠᠬᠢ ᠭᠠᠵᠠᠷ ᠰᠢᠷᠤᠢ ᠲᠠᠲᠠᠪᠤᠷᠢᠯᠠᠬᠤ ᠠᠯᠪᠠᠨ ᠵᠠᠷ᠂ ᠲᠠᠲᠠᠪᠤᠷᠢᠯᠠᠭᠰᠠᠨ ᠭᠠᠵᠠᠷ | ᠰᠢᠷᠤᠢ ᠶᠢ ᠨᠦᠬᠦᠪᠦᠷᠢᠯᠡᠵᠦ ᠲᠦᠪᠬᠢᠨᠡᠭᠦᠯᠬᠦ ᠲᠦᠰᠦᠯ ᠤᠨ ᠠᠯᠪᠠᠨ ᠵᠠᠷ ᠵᠡᠷᠭᠡ᠃ | 5. ᠴᠢᠬᠤᠯᠠ ᠶᠡᠭᠡ ᠵᠢᠷᠤᠭ ᠲᠦᠯᠦᠪᠯᠡᠭᠡ ᠶᠢ ᠬᠤᠪᠢᠷᠠᠭᠤᠯᠬᠤ ᠮᠡᠳᠡᠭᠡ ᠵᠠᠩᠭᠢ᠄ ᠲᠦᠷᠦᠯ ᠵᠦᠢᠯ ᠤᠨ ᠵᠢᠷᠤᠭ | ᠲᠦᠯᠦᠪᠯᠡᠭᠡ ᠶᠢ ᠬᠤᠪᠢᠷᠠᠭᠤᠯᠬᠤ ᠰᠢᠯᠲᠠᠭᠠᠨ᠂ ᠭᠤᠣᠯ ᠬᠤᠪᠢᠷᠠᠭᠤᠯᠬᠤ ᠠᠭᠤᠯᠭ᠎ᠠ᠂ ᠬᠤᠪᠢᠷᠠᠭᠤᠯᠬᠤ ᠦᠨᠳᠦᠰᠦᠯᠡᠯ᠂ | ᠵᠥᠪᠰᠢᠶᠡᠷᠡᠬᠦ ᠨᠢᠭᠡᠴᠡ᠂ ᠬᠤᠪᠢᠷᠠᠭᠤᠯᠤᠭᠰᠠᠨ ᠦᠷ᠎ᠡ ᠳ᠋ᠦᠩ ᠵᠡᠷᠭᠡ᠃ | 6. ᠪᠠᠷᠢᠯᠭ᠎ᠠ ᠪᠠᠷᠢᠬᠤ ᠬᠤᠯᠪᠣᠭᠳᠠᠯ ᠪᠦᠬᠦᠢ ᠮᠡᠳᠡᠭᠡ ᠵᠠᠩᠭᠢ᠄ ᠲᠦᠷᠦᠯ ᠵᠦᠢᠯ ᠤᠨ ᠬᠠᠤᠯᠢ ᠶᠢᠨ ᠡᠷᠬᠡᠲᠡᠨ | ᠨᠢᠭᠡᠴᠡ ᠵᠢᠴᠢ ᠲᠡᠳᠡᠭᠡᠷ ᠤᠨ ᠭᠤᠣᠯ ᠬᠠᠷᠢᠭᠤᠴᠠᠯᠭᠠᠲᠠᠨ ᠤ ᠮᠡᠳᠡᠭᠡ ᠵᠠᠩᠭᠢ᠂ ᠵᠢᠷᠤᠵᠤ ᠲᠦᠯᠦᠪᠯᠡᠬᠦ᠂ ᠪᠠᠷᠢᠯᠭ᠎ᠠ | ᠪᠠᠷᠢᠬᠤ᠂ ᠬᠢᠨᠠᠨ ᠬᠠᠮᠢᠶᠠᠷᠬᠤ ᠨᠢᠭᠡᠴᠡ ᠵᠢᠴᠢ ᠲᠡᠳᠡᠭᠡᠷ ᠤᠨ ᠭᠤᠣᠯ ᠬᠠᠷᠢᠭᠤᠴᠠᠯᠭᠠᠲᠠᠨ᠂ ᠲᠦᠷᠦᠯ ᠵᠦᠢᠯ ᠤᠨ | ᠬᠠᠷᠢᠭᠤᠴᠠᠯᠭᠠᠲᠠᠨ ᠤ ᠮᠡᠳᠡᠭᠡ ᠵᠠᠩᠭᠢ᠂ ᠬᠢᠷᠢ ᠭᠡᠮ ᠤᠨ ᠪᠠᠶᠢᠳᠠᠯ᠂ ᠪᠠᠷᠢᠯᠭ᠎ᠠ ᠪᠠᠷᠢᠬᠤ ᠨᠢᠭᠡᠴᠡ ᠶᠢᠨ ᠲᠦᠷᠦᠯ | ᠵᠦᠢᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠲᠣᠬᠢᠷᠠᠭᠤᠯᠤᠯᠲᠠ᠂ ᠠᠵᠢᠯ ᠤᠨ ᠡᠭᠦᠷᠭᠡ ᠬᠠᠷᠢᠭᠤᠴᠠᠯᠭ᠎ᠠ᠂ | ᠭᠤᠣᠯ ᠬᠠᠮᠢᠶᠠᠷᠤᠯᠲᠠ ᠶᠢᠨ ᠳᠦᠷᠢᠮ᠂ ᠪᠠᠷᠢᠯᠭ᠎ᠠ ᠪᠠᠷᠢᠬᠤ ᠬᠤᠭᠤᠴᠠᠭᠠᠨ ᠳᠠᠬᠢ ᠣᠷᠴᠢᠨ ᠲᠣᠭᠤᠷᠢᠨ ᠢ ᠬᠠᠮᠠᠭᠠᠯᠠᠬᠤ | ᠠᠷᠭ᠎ᠠ ᠬᠡᠮᠵᠢᠶ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ᠃ | 7. ᠶᠠᠰᠤ ᠴᠢᠨᠠᠷ ᠤᠨ ᠠᠮᠦᠷ ᠲᠥᠪᠰᠢᠨ ᠳᠤ ᠬᠢᠨᠠᠯᠲᠠ ᠲᠠᠯᠪᠢᠬᠤ ᠮᠡᠳᠡᠭᠡ ᠵᠠᠩᠭᠢ᠄ ᠶᠠᠰᠤ ᠴᠢᠨᠠᠷ ᠤᠨ ᠠᠮᠦᠷ | ᠲᠥᠪᠰᠢᠨ ᠳᠤ ᠬᠢᠨᠠᠯᠲᠠ ᠲᠠᠯᠪᠢᠬᠤ ᠪᠠᠶᠢᠭᠤᠯᠤᠮᠵᠢ ᠵᠢᠴᠢ ᠲᠡᠳᠡᠨ ᠤ ᠬᠠᠷᠢᠯᠴᠠᠬᠤ ᠠᠷᠭ᠎ᠠ ᠮᠠᠶ᠋ᠢᠭ᠂ ᠶᠠᠰᠤ ᠴᠢᠨᠠᠷ ᠤᠨ | ᠠᠮᠦᠷ ᠲᠥᠪᠰᠢᠨ ᠤ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢᠨ ᠪᠠᠶᠢᠳᠠᠯ ᠵᠡᠷᠭᠡ᠃ | 8. ᠪᠠᠷᠢᠯᠭ᠎ᠠ ᠳᠠᠭᠤᠰᠤᠭᠰᠠᠨ ᠬᠤᠯᠪᠣᠭᠳᠠᠯ ᠪᠦᠬᠦᠢ ᠮᠡᠳᠡᠭᠡ ᠵᠠᠩᠭᠢ᠄ ᠪᠠᠷᠢᠯᠭ᠎ᠠ ᠳᠠᠭᠤᠰᠬᠤ ᠳᠤ ᠰᠢᠯᠭᠠᠵᠤ | ᠬᠤᠷᠢᠶᠠᠨ ᠠᠪᠬᠤ ᠴᠠᠭ᠂ ᠪᠠᠷᠢᠯᠭ᠎ᠠ ᠶᠢᠨ ᠶᠠᠰᠤ ᠴᠢᠨᠠᠷ ᠢ ᠰᠢᠯᠭᠠᠵᠤ ᠬᠤᠷᠢᠶᠠᠨ ᠠᠪᠤᠭᠰᠠᠨ ᠦᠷ᠎ᠡ ᠳ᠋ᠦᠩ᠂ | ᠪᠠᠷᠢᠯᠭ᠎ᠠ ᠳᠠᠭᠤᠰᠬᠤ ᠳᠤ ᠰᠢᠯᠭᠠᠵᠤ ᠬᠤᠷᠢᠶᠠᠨ ᠠᠪᠴᠤ ᠪᠦᠷᠢᠳᠭᠡᠨ ᠳᠠᠩᠰᠠᠯᠠᠭᠰᠠᠨ ᠴᠠᠭ᠂ ᠪᠦᠷᠢᠳᠭᠡᠨ | ᠳᠠᠩᠰᠠᠯᠠᠭᠰᠠᠨ ᠳ᠋ᠤᠭᠠᠷ᠂ ᠪᠦᠷᠢᠳᠭᠡᠨ ᠳᠠᠩᠰᠠᠯᠠᠭᠰᠠᠨ ᠰᠠᠯᠠᠭ᠎ᠠ ᠮᠦᠴᠢᠷ᠂ ᠲᠤᠰᠢᠶᠠᠵᠤ ᠬᠡᠷᠡᠭᠯᠡᠭᠦᠯᠬᠦ ᠴᠠᠭ᠂ | ᠪᠠᠷᠢᠯᠭ᠎ᠠ ᠳᠠᠭᠤᠰᠬᠤ ᠳᠤ ᠲᠠᠰᠤᠯᠤᠨ ᠪᠤᠳᠤᠵᠤ ᠬᠢᠨᠠᠨ ᠪᠤᠳᠤᠬᠤ ᠨᠢᠭᠡᠴᠡ᠂ ᠬᠢᠨᠠᠨ ᠪᠤᠳᠤᠭᠰᠠᠨ ᠳ᠋ᠦᠩᠨᠡᠯᠲᠡ᠂ | ᠡᠳ᠋ ᠤᠨ ᠶᠠᠪᠤᠳᠠᠯ ᠠᠴᠠ ᠲᠠᠰᠤᠯᠤᠨ ᠪᠤᠳᠤᠭᠰᠠᠨ ᠵᠤᠭᠤᠰᠤᠨ ᠤ ᠲᠤᠭ᠎ᠠ ᠵᠡᠷᠭᠡ᠃ | ᠡᠯ᠎ᠡ ᠮᠤᠵᠢ ︵ᠣᠷᠣᠨ᠂ ᠬᠤᠲᠠ︶ ᠶᠢᠨ ᠵᠠᠰᠠᠭ ᠤᠨ ᠣᠷᠳᠣᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠳᠡᠭᠡᠷᠡᠬᠢ ᠠᠭᠤᠯᠭ᠎ᠠ ᠪᠠᠷ ᠯᠠᠪᠯᠠᠯᠲᠠ ᠪᠣᠯᠭᠠᠵᠤ᠂ ᠨᠡᠶᠢᠭᠡᠮ ᠤᠨ ᠬᠢᠨ ᠤ | ᠬᠠᠯᠠᠮᠵᠢᠯᠠᠨ ᠠᠩᠬᠠᠷᠴᠤ ᠪᠠᠶᠢᠬᠤ ᠬᠡᠮᠵᠢᠶ᠎ᠡ ᠪᠠᠷ ᠶᠡᠭᠡ᠂ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ | ᠨᠢᠭᠲᠠ ᠬᠤᠯᠪᠣᠭᠳᠠᠬᠤ ᠬᠠᠮᠢᠶ᠎ᠠ ᠪᠦᠬᠦᠢ ᠲᠦᠷᠦᠯ ᠵᠦᠢᠯ ᠳᠤ ᠠᠩᠬᠠᠷᠤᠯ ᠢᠶᠠᠨ ᠲᠦᠪᠯᠡᠷᠡᠭᠦᠯᠵᠦ᠂ ᠲᠤᠰ ᠭᠠᠵᠠᠷ | ᠣᠷᠣᠨ᠂ ᠲᠤᠰ ᠰᠠᠯᠠᠭ᠎ᠠ ᠮᠦᠴᠢᠷ ᠤᠨ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠳᠠᠬᠢ ᠮᠡᠳᠡᠭᠡ ᠵᠠᠩᠭᠢ ᠶᠢ ᠢᠯᠡ | ᠪᠣᠯᠭᠠᠬᠤ ᠭᠤᠣᠯᠳᠠᠯᠭ᠎ᠠ ᠪᠠᠨ ᠲᠤᠰ ᠲᠤᠰ ᠲᠤᠨᠢ ᠲᠣᠭᠲᠠᠭᠠᠵᠤ᠂ ᠢᠯᠡ ᠪᠣᠯᠭᠠᠬᠤ ᠵᠦᠢᠯᠡᠰ᠂ ᠠᠭᠤᠯᠭ᠎ᠠ᠂ ᠴᠠᠬ | ᠬᠤᠭᠤᠴᠠᠭ᠎ᠠ᠂ ᠠᠷᠭ᠎ᠠ ᠮᠠᠶ᠋ᠢᠭ᠂ ᠬᠠᠷᠢᠭᠤᠴᠠᠬᠤ ᠭᠤᠣᠯ ᠴᠤᠭᠴᠠ᠂ ᠬᠢᠨᠠᠯᠲᠠ ᠲᠠᠯᠪᠢᠬᠤ ᠠᠷᠭ᠎ᠠ ᠵᠠᠮ ᠵᠡᠷᠭᠡ ᠶᠢ | ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠦᠨᠳᠦᠰᠦᠨ ᠭᠠᠷᠴᠠᠭ ᠲᠤ | ᠣᠷᠤᠭᠤᠯᠤᠨ᠂ ᠢᠯᠡ ᠪᠣᠯᠭᠠᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠬᠤ ᠬᠡᠷᠡᠭᠲᠡᠢ᠃ | ︵ᠬᠤᠶᠠᠷ︶ ᠢᠯᠡ ᠪᠣᠯᠭᠠᠬᠤ ᠭᠤᠣᠯ ᠴᠤᠭᠴᠠ ᠶᠢ ᠲᠤᠳᠤᠷᠬᠠᠶᠢᠯᠠᠨ᠎ᠠ᠃ | ᠡᠯ᠎ᠡ ᠱᠠᠲᠤᠨ ᠤ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠢᠯᠡ ᠪᠣᠯᠭᠠᠬᠤ ᠶᠢ | ᠬᠡᠪ ᠤᠨ ᠪᠠᠶᠢᠳᠠᠯ ᠢᠶᠠᠷ ᠦᠵᠡᠵᠦ᠂ ᠢᠯᠡ ᠪᠣᠯᠭᠠᠬᠤ ᠦᠭᠡᠢ ᠶᠢ ᠣᠨᠴᠤᠭᠤᠢ ᠪᠠᠶᠢᠳᠠᠯ ᠢᠶᠠᠷ ᠦᠵᠡᠬᠦ ᠶᠢ ᠪᠠᠷᠢᠮᠲᠠᠯᠠᠵᠤ᠂ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠡᠵᠦ᠂ ᠪᠢᠴᠢᠵᠦ ᠵᠣᠬᠢᠶᠠᠭᠰᠠᠨ ᠪᠤᠶᠤ | ᠬᠠᠳᠠᠭᠠᠯᠠᠭᠰᠠᠨ ᠲᠦᠷᠦᠯ ᠵᠦᠢᠯ ᠤᠨ ᠮᠡᠳᠡᠭᠡ ᠵᠠᠩᠭᠢ ᠪᠠᠨ ᠢᠯᠡ ᠪᠣᠯᠭᠠᠨ᠎ᠠ᠃ ᠨᠢᠭᠤᠴᠠ ᠶᠢ ᠬᠠᠮᠠᠭᠠᠯᠠᠬᠤ ᠶᠢᠨ | ᠬᠢᠨᠠᠨ ᠪᠠᠶᠢᠴᠠᠭᠠᠬᠤ ᠳᠡᠰ ᠳᠠᠷᠠᠭᠠᠯᠠᠯ ᠢ ᠴᠢᠩᠭ᠎ᠠ ᠭᠦᠢᠴᠡᠳᠭᠡᠵᠦ᠂ ᠢᠯᠡ ᠪᠣᠯᠭᠠᠪᠠᠰᠤ ᠵᠣᠬᠢᠬᠤ ᠮᠡᠳᠡᠭᠡ ᠵᠠᠩᠭᠢ ᠶᠢ | ᠡᠷᠡᠰ ᠢᠯᠡ ᠪᠣᠯᠭᠠᠵᠤ᠂ ᠬᠠᠮᠠᠭᠠᠯᠠᠪᠠᠰᠤ ᠵᠣᠬᠢᠬᠤ ᠤᠯᠤᠰ ᠤᠨ ᠨᠢᠭᠤᠴᠠ ᠶᠢ ᠡᠷᠡᠰ ᠬᠠᠮᠠᠭᠠᠯᠠᠬᠤ ᠬᠡᠷᠡᠭᠲᠡᠢ᠃ | ᠵᠥᠪᠰᠢᠶᠡᠷᠡᠬᠦ ᠦᠢᠯᠡᠴᠢᠯᠡᠭᠡ ᠶᠢᠨ ᠮᠡᠳᠡᠭᠡ ᠵᠠᠩᠭᠢ᠂ ᠵᠥᠪᠰᠢᠶᠡᠷᠡᠭᠰᠡᠨ ᠦᠷ᠎ᠡ ᠳ᠋ᠦᠩ ᠤᠨ ᠮᠡᠳᠡᠭᠡ ᠵᠠᠩᠭᠢ ᠶᠢ | ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠪᠣᠯᠣᠨ ᠬᠤᠯᠪᠣᠭᠳᠠᠯ ᠪᠦᠬᠦᠢ ᠴᠢᠬᠤᠯᠠ | ᠮᠠᠲ᠋ᠧᠷᠢᠶᠠᠯ ᠢ ᠵᠥᠪᠰᠢᠶᠡᠷᠡᠵᠦ ᠭᠦᠢᠴᠡᠳᠭᠡᠬᠦ ᠡᠯ᠎ᠡ ᠱᠠᠲᠤᠨ ᠤ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ | ᠰᠠᠯᠠᠭ᠎ᠠ ᠮᠦᠴᠢᠷ ᠠᠴᠠ ᠲᠤᠰ ᠲᠤᠰ ᠬᠠᠷᠢᠭᠤᠴᠠᠨ ᠢᠯᠡ ᠪᠣᠯᠭᠠᠵᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ | ᠬᠦᠯᠢᠶᠡᠬᠦ ᠮᠡᠳᠡᠭᠡ ᠵᠠᠩᠭᠢ ᠶᠢ ᠳᠠᠭᠠᠭᠠᠴᠢᠯᠠᠯᠲᠠ ᠵᠠᠷᠯᠠᠭᠰᠠᠨ ᠬᠦᠮᠦᠨ ᠪᠤᠶᠤ ᠬᠤᠯᠪᠣᠭᠳᠠᠯ ᠪᠦᠬᠦᠢ ᠵᠠᠰᠠᠭ | ᠵᠠᠬᠢᠷᠭᠠᠨ ᠤ ᠬᠢᠨᠠᠯᠲᠠ ᠲᠠᠯᠪᠢᠯᠲᠠ ᠶᠢᠨ ᠰᠠᠯᠠᠭ᠎ᠠ ᠮᠦᠴᠢᠷ ᠠᠴᠠ ᠬᠠᠤᠯᠢ ᠶᠤᠰᠤᠭᠠᠷ ᠢᠯᠡ ᠪᠣᠯᠭᠠᠨ᠂ ᠭᠠᠵᠠᠷ ᠰᠢᠷᠤᠢ | ᠲᠠᠲᠠᠪᠤᠷᠢᠯᠠᠬᠤ ᠮᠡᠳᠡᠭᠡ ᠵᠠᠩᠭᠢ ᠶᠢ ᠬᠠᠷᠢᠶᠠᠯᠠᠭᠳᠠᠬᠤ ᠣᠷᠣᠨ ᠤ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ | ᠰᠠᠯᠠᠭ᠎ᠠ ᠮᠦᠴᠢᠷ ᠠᠴᠠ ᠬᠠᠷᠢᠭᠤᠴᠠᠵᠤ ᠢᠯᠡ ᠪᠣᠯᠭᠠᠨ᠂ ᠴᠢᠬᠤᠯᠠ ᠶᠡᠭᠡ ᠵᠢᠷᠤᠭ ᠲᠦᠯᠦᠪᠯᠡᠭᠡ ᠶᠢ ᠬᠤᠪᠢᠷᠠᠭᠤᠯᠬᠤ | ᠮᠡᠳᠡᠭᠡ ᠵᠠᠩᠭᠢ ᠶᠢ ᠵᠥᠪᠰᠢᠶᠡᠷᠡᠭᠰᠡᠨ ᠨᠢᠭᠡᠴᠡ ᠠᠴᠠ ᠬᠠᠷᠢᠭᠤᠴᠠᠨ ᠢᠯᠡ ᠪᠣᠯᠭᠠᠵᠤ᠂ ᠪᠠᠷᠢᠯᠭ᠎ᠠ ᠪᠠᠷᠢᠬᠤ ᠬᠤᠯᠪᠣᠭᠳᠠᠯ | ᠪᠦᠬᠦᠢ ᠮᠡᠳᠡᠭᠡ ᠵᠠᠩᠭᠢ᠂ ᠶᠠᠰᠤ ᠴᠢᠨᠠᠷ ᠤᠨ ᠠᠮᠦᠷ ᠲᠥᠪᠰᠢᠨ ᠳᠤ ᠬᠢᠨᠠᠯᠲᠠ ᠲᠠᠯᠪᠢᠬᠤ ᠮᠡᠳᠡᠭᠡ ᠵᠠᠩᠭᠢ᠂ ᠪᠠᠷᠢᠯᠭ᠎ᠠ | ᠳᠠᠭᠤᠰᠤᠭᠰᠠᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠪᠢᠴᠢᠵᠦ ᠵᠣᠬᠢᠶᠠᠭᠰᠠᠨ ᠪᠤᠶᠤ ᠬᠠᠳᠠᠭᠠᠯᠠᠭᠰᠠᠨ ᠰᠠᠯᠠᠭ᠎ᠠ | ᠮᠦᠴᠢᠷ ᠠᠴᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠤᠰᠤᠭᠠᠷ ᠲᠤᠰ ᠲᠤᠰ ᠬᠠᠷᠢᠭᠤᠴᠠᠵᠤ | ᠢᠯᠡ ᠪᠣᠯᠭᠠᠨ᠎ᠠ᠃ | ︵ᠭᠤᠷᠪᠠ︶ ᠢᠯᠡ ᠪᠣᠯᠭᠠᠬᠤ ᠠᠷᠭ᠎ᠠ ᠵᠠᠮ ᠢ ᠦᠷᠭᠡᠵᠢᠭᠦᠯᠦᠨ᠎ᠡ᠃ | ᠡᠯ᠎ᠡ ᠱᠠᠲᠤᠨ ᠤ ᠵᠠᠰᠠᠭ ᠤᠨ ᠣᠷᠳᠣᠨ ᠪᠠ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ ᠵᠠᠰᠠᠭ ᠤᠨ | ᠣᠷᠳᠣᠨ ᠤ ᠠᠯᠪᠠᠨ ᠮᠡᠳᠡᠭᠡ᠂ ᠵᠠᠰᠠᠭ ᠤᠨ ᠣᠷᠳᠣᠨ ᠤ ᠰᠦᠯᠵᠢᠶ᠎ᠡ᠂ ᠰᠢᠨ᠎ᠡ ᠵᠠᠭᠤᠴᠢᠯᠠᠭᠤᠷ ᠤᠨ ᠲᠡᠪᠴᠡᠩ᠂ | ᠰᠣᠨᠢᠨ ᠮᠡᠳᠡᠭᠡ ᠨᠡᠶᠢᠲᠡᠯᠡᠬᠦ ᠬᠤᠷᠠᠯ ᠵᠡᠷᠭᠡ ᠪᠠᠷ ᠳᠠᠮᠵᠢᠭᠤᠯᠵᠤ ᠡᠯ᠎ᠡ ᠲᠦᠷᠦᠯ ᠵᠦᠢᠯ ᠤᠨ ᠮᠡᠳᠡᠭᠡ ᠵᠠᠩᠭᠢ ᠶᠢ ᠴᠠᠭ | ᠲᠣᠬᠠᠢ ᠳᠤᠨᠢ ᠢᠯᠡ ᠪᠣᠯᠭᠠᠬᠤ ᠶᠢᠨ ᠬᠠᠮᠲᠤ᠂ ᠣᠯᠠᠨ ᠨᠡᠶᠢᠲᠡ ᠶᠢᠨ ᠠᠩᠬᠠᠷᠴᠤ ᠪᠠᠶᠢᠭ᠎ᠠ ᠵᠦᠢᠯᠡᠰ ᠲᠤ ᠴᠠᠭ | ᠲᠣᠬᠠᠢ ᠳᠤᠨᠢ ᠬᠠᠷᠢᠭᠤ ᠲᠤᠰᠬᠠᠨ᠎ᠠ᠃ ᠪᠦᠬᠦ ᠤᠯᠤᠰ ᠤᠨ ᠪᠡᠯᠡ ᠣᠷᠤᠭᠤᠯᠤᠯᠲᠠ ᠶᠢᠨ ᠲᠦᠷᠦᠯ ᠵᠦᠢᠯ ᠢ | ᠰᠦᠯᠵᠢᠶ᠎ᠡ ᠪᠠᠷ ᠬᠢᠨᠠᠨ ᠵᠥᠪᠰᠢᠶᠡᠷᠡᠵᠦ ᠬᠢᠨᠠᠨ ᠬᠠᠮᠢᠶᠠᠷᠬᠤ ᠲᠡᠪᠴᠡᠩ᠂ ᠪᠦᠬᠦ ᠤᠯᠤᠰ ᠤᠨ ᠣᠯᠠᠨ ᠨᠡᠶᠢᠲᠡ ᠶᠢᠨ | ᠡᠬᠢ ᠪᠠᠶᠠᠯᠢᠭ ᠤᠨ ᠠᠷᠠᠯᠵᠢᠶᠠᠨ ᠤ ᠲᠡᠪᠴᠡᠩ᠂ ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ᠵᠡᠷᠭᠡ ᠶᠢ | ᠭᠦᠢᠴᠡᠳ ᠠᠰᠢᠭᠯᠠᠵᠤ᠂ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠵᠥᠪᠰᠢᠶᠡᠷᠡᠬᠦ ᠪᠠ | ᠬᠡᠷᠡᠭᠵᠢᠭᠦᠯᠬᠦ ᠬᠦᠷᠢᠶᠡᠨ ᠳᠠᠬᠢ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠪᠠ ᠢᠯᠡ ᠪᠣᠯᠭᠠᠬᠤ ᠶᠢ ᠠᠬᠢᠭᠤᠯᠤᠨ᠎ᠠ᠃ | ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠵᠥᠪᠰᠢᠶᠡᠷᠡᠬᠦ ᠪᠠ ᠬᠡᠷᠡᠭᠵᠢᠭᠦᠯᠬᠦ ᠶᠠᠪᠤᠴᠠ ᠳᠤ | ᠪᠣᠢ ᠪᠣᠯᠣᠭᠰᠠᠨ ᠢᠲᠡᠭᠡᠮᠵᠢ ᠶᠢᠨ ᠮᠡᠳᠡᠭᠡ ᠵᠠᠩᠭᠢ ᠶᠢ ᠪᠦᠬᠦ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢᠨ | ᠬᠠᠮᠲᠤᠪᠠᠷ ᠬᠦᠷᠲᠡᠬᠦ ᠲᠡᠪᠴᠡᠩ ᠳᠤ ᠣᠷᠤᠭᠤᠯᠬᠤ ᠶᠢ ᠠᠬᠢᠭᠤᠯᠵᠤ᠂ ᠨᠡᠶᠢᠭᠡᠮ ᠳᠤ ᠢᠯᠡ ᠪᠣᠯᠭᠠᠵᠤ ᠪᠣᠯᠬᠤ ᠶᠢ ᠨᠢ | ᠡᠯ᠎ᠡ ᠭᠠᠵᠠᠷ ᠣᠷᠣᠨ ᠤ ᠢᠲᠡᠭᠡᠮᠵᠢ ᠶᠢᠨ ᠰᠦᠯᠵᠢᠶ᠎ᠡ ᠪᠠ ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ᠪᠠᠷ | ᠬᠠᠤᠯᠢ ᠲᠣᠭᠲᠠᠭᠠᠯ ᠶᠤᠰᠤᠭᠠᠷ ᠢᠯᠡ ᠪᠣᠯᠭᠠᠨ᠎ᠠ᠃ ᠭᠤᠶᠤᠴᠢᠯᠠᠯ ᠢᠶᠠᠷ ᠢᠯᠡ ᠪᠣᠯᠭᠠᠬᠤ ᠠᠷᠭ᠎ᠠ ᠵᠠᠮ ᠢ ᠰᠠᠭᠠᠳ | ᠦᠭᠡᠢ ᠨᠡᠪᠲᠡᠷᠡᠭᠦᠯᠵᠦ᠂ ᠬᠠᠮᠢᠶ᠎ᠠ ᠪᠦᠬᠦᠢ ᠠᠵᠢᠯ ᠢ ᠡᠮᠬᠢ ᠵᠢᠷᠤᠮ ᠲᠠᠢ ᠦᠷᠨᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ | ᠲᠦᠷᠦᠯ ᠵᠦᠢᠯ ᠤᠨ ᠬᠠᠤᠯᠢ ᠶᠢᠨ ᠡᠷᠬᠡᠲᠡᠨ ᠨᠢᠭᠡᠴᠡ ᠨᠢ ᠲᠣᠬᠠᠢ ᠶᠢᠨ ᠲᠠᠯᠠᠪᠤᠷ ᠲᠤᠨᠢ ᠢᠯᠡ ᠪᠣᠯᠭᠠᠬᠤ᠂ | ᠰᠦᠯᠵᠢᠶᠡᠨ ᠳᠡᠭᠡᠷ᠎ᠡ ᠵᠠᠷᠯᠠᠬᠤ ᠵᠡᠷᠭᠡ ᠣᠯᠠᠨ ᠵᠦᠢᠯ ᠤᠨ ᠠᠷᠭ᠎ᠠ ᠵᠠᠮ ᠢ ᠠᠰᠢᠭᠯᠠᠨ ᠲᠦᠷᠦᠯ ᠵᠦᠢᠯ ᠤᠨ ᠮᠡᠳᠡᠭᠡ | ᠵᠠᠩᠭᠢ ᠶᠢ ᠢᠯᠡ ᠪᠣᠯᠭᠠᠵᠤ᠂ ᠨᠡᠶᠢᠲᠡ ᠣᠯᠠᠨ ᠤ ᠬᠠᠶᠢᠨ ᠯᠠᠪᠯᠠᠬᠤ ᠪᠠ ᠨᠡᠶᠢᠭᠡᠮ ᠤᠨ ᠬᠢᠨ ᠤ ᠬᠢᠨᠠᠯᠲᠠ ᠲᠠᠯᠪᠢᠬᠤ ᠳᠤ | ᠳᠦᠭᠦᠮ ᠦᠵᠡᠭᠦᠯᠦᠨ᠎ᠡ᠃ | ︵ᠳᠥᠷᠪᠡ︶ ᠢᠯᠡ ᠪᠣᠯᠭᠠᠬᠤ ᠬᠦᠴᠦᠨ ᠲᠡᠭᠦᠯᠳᠡᠷ ᠬᠤᠭᠤᠴᠠᠭ᠎ᠠ ᠶᠢ ᠴᠢᠩᠭᠠᠷᠠᠭᠤᠯᠤᠨ᠎ᠠ᠃ | ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠵᠥᠪᠰᠢᠶᠡᠷᠡᠬᠦ ᠪᠠ ᠬᠡᠷᠡᠭᠵᠢᠭᠦᠯᠬᠦ | ᠶᠠᠪᠤᠴᠠ ᠳᠤ ᠪᠣᠢ ᠪᠣᠯᠣᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ | ᠪᠣᠯᠭᠠᠬᠤ ᠪᠠᠷ ᠲᠣᠭᠲᠠᠭᠠᠭᠰᠠᠨ ᠪᠣᠯ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾ ᠤᠨ ᠲᠣᠭᠲᠠᠭᠠᠯ ᠢ ᠴᠢᠩᠭ᠎ᠠ ᠵᠢᠷᠤᠮᠯᠡᠵᠦ᠂ ᠵᠠᠰᠠᠭ ᠤᠨ | ᠣᠷᠳᠣᠨ ᠤ ᠮᠡᠳᠡᠭᠡ ᠵᠠᠩᠭᠢ ᠶᠢᠨ ᠪᠣᠢ ᠪᠣᠯᠣᠭᠰᠠᠨ ᠪᠤᠶᠤ ᠬᠤᠪᠢᠷᠠᠭᠤᠯᠤᠭᠰᠠᠨ ᠡᠳᠦᠷ ᠠᠴᠠ ᠡᠬᠢᠯᠡᠵᠦ 20 | ᠠᠵᠢᠯ ᠤᠨ ᠡᠳᠦᠷ ᠳᠤᠲᠤᠷ᠎ᠠ ᠢᠯᠡ ᠪᠣᠯᠭᠠᠬᠤ ᠬᠡᠷᠡᠭᠲᠡᠢ︔ ᠭᠤᠶᠤᠴᠢᠯᠠᠯ ᠢᠶᠠᠷ ᠢᠯᠡ ᠪᠣᠯᠭᠠᠬᠤ ᠪᠠᠷ ᠲᠣᠭᠲᠠᠭᠠᠭᠰᠠᠨ | ᠪᠣᠯ᠂ ᠬᠠᠤᠯᠢ ᠪᠠᠷ ᠲᠣᠭᠲᠠᠭᠠᠭᠰᠠᠨ ᠴᠠᠭ ᠬᠤᠭᠤᠴᠠᠭ᠎ᠠ ᠶᠢ ᠴᠢᠩᠭ᠎ᠠ ᠵᠢᠷᠤᠮᠯᠡᠨ ᠭᠤᠶᠤᠴᠢᠯᠠᠭᠴᠢ ᠳᠤ ᠬᠠᠷᠢᠭᠤᠯᠲᠠ | ᠥᠭᠬᠦ ᠬᠡᠷᠡᠭᠲᠡᠢ︔ ᠬᠠᠤᠯᠢ ᠴᠠᠭᠠᠵᠠ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠠᠴᠠ ᠪᠤᠰᠤᠳ᠂ ᠵᠠᠰᠠᠭ | ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢᠨ ᠵᠦᠢᠯᠡᠰ ᠢ ᠵᠠᠰᠠᠭ ᠵᠠᠬᠢᠷᠭᠠᠨ ᠤ | ᠲᠣᠭᠲᠠᠭᠠᠯ ᠭᠠᠷᠭᠠᠭᠰᠠᠨ ᠡᠳᠦᠷ ᠠᠴᠠ ᠡᠬᠢᠯᠡᠵᠦ 7 ᠠᠵᠢᠯ ᠤᠨ ᠡᠳᠦᠷ ᠳᠤᠲᠤᠷ᠎ᠠ ᠰᠦᠯᠵᠢᠶᠡᠨ ᠳᠡᠭᠡᠷ᠎ᠡ ᠢᠯᠡ | ᠪᠣᠯᠭᠠᠬᠤ ᠬᠡᠷᠡᠭᠲᠡᠢ᠃ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠳᠤ ᠲᠦᠷᠦᠯ ᠵᠦᠢᠯ ᠤᠨ | ᠬᠠᠤᠯᠢ ᠶᠢᠨ ᠡᠷᠬᠡᠲᠡᠨ ᠨᠢᠭᠡᠴᠡ ᠶᠢᠨ ᠲᠦᠷᠦᠯ ᠵᠦᠢᠯ ᠤᠨ ᠮᠡᠳᠡᠭᠡ ᠵᠠᠩᠭᠢ ᠶᠢ ᠢᠯᠠ ᠪᠣᠯᠭᠠᠬᠤ ᠳᠤ ᠲᠤᠳᠤᠷᠬᠠᠢ | ᠲᠣᠭᠲᠠᠭᠠᠯ ᠭᠠᠷᠭᠠᠭᠰᠠᠨ ᠪᠠᠶᠢᠪᠠᠯ᠂ ᠡᠯ᠎ᠡ ᠱᠠᠲᠤᠨ ᠤ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ | ᠮᠦᠴᠢᠷ ᠠᠴᠠ ᠲᠦᠷᠦᠯ ᠵᠦᠢᠯ ᠤᠨ ᠬᠠᠤᠯᠢ ᠶᠢᠨ ᠡᠷᠬᠡᠲᠡᠨ ᠨᠢᠭᠡᠴᠡ ᠶᠢᠨ ᠲᠦᠷᠦᠯ ᠵᠦᠢᠯ ᠤᠨ ᠮᠡᠳᠡᠭᠡ ᠵᠠᠩᠭᠢ ᠪᠠᠨ | ᠬᠠᠤᠯᠢ ᠶᠤᠰᠤᠭᠠᠷ ᠴᠠᠭ ᠲᠣᠬᠠᠢ ᠳᠤᠨᠢ ᠢᠯᠡ ᠪᠣᠯᠭᠠᠬᠤ ᠳᠤ ᠬᠢᠨᠠᠯᠲᠠ ᠲᠠᠯᠪᠢᠨ᠎ᠠ︔ ᠬᠠᠤᠯᠢ ᠴᠠᠭᠠᠵᠠ᠂ ᠬᠠᠤᠯᠢ | ᠲᠣᠭᠲᠠᠭᠠᠯ᠂ ᠲᠣᠭᠲᠠᠭᠠᠯ ᠳᠦᠷᠢᠮ ᠳᠤ ᠲᠤᠳᠤᠷᠬᠠᠢ ᠲᠣᠭᠲᠠᠭᠠᠯ ᠭᠠᠷᠭᠠᠭᠰᠠᠨ ᠦᠭᠡᠢ ᠪᠣᠯ᠂ ᠲᠦᠷᠦᠯ ᠵᠦᠢᠯ ᠤᠨ | ᠬᠠᠤᠯᠢ ᠶᠢᠨ ᠡᠷᠬᠡᠲᠡᠨ ᠨᠢᠭᠡᠴᠡ ᠶᠢᠨ ᠲᠦᠷᠦᠯ ᠵᠦᠢᠯ ᠤᠨ ᠮᠡᠳᠡᠭᠡ ᠵᠠᠩᠭᠢ ᠪᠠᠨ ᠢᠯᠡ ᠪᠣᠯᠭᠠᠬᠤ ᠶᠢ | ᠵᠣᠷᠢᠬᠵᠢᠭᠤᠯᠤᠨ᠎ᠠ᠃ | ᠭᠤᠷᠪᠠ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠪᠠ ᠵᠣᠬᠢᠶᠠᠨ ᠪᠠᠶᠢᠭᠤᠯᠵᠤ ᠬᠡᠷᠡᠭᠵᠢᠭᠦᠯᠬᠦ ᠠᠵᠢᠯ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ | ᠡᠯ᠎ᠡ ᠱᠠᠲᠤᠨ ᠤ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠴᠢᠬᠤᠯᠠ ᠶᠡᠭᠡ | ᠲᠦᠷᠦᠯ ᠵᠦᠢᠯ ᠢ ᠵᠥᠪᠰᠢᠶᠡᠷᠡᠬᠦ ᠪᠠ ᠬᠡᠷᠡᠭᠵᠢᠭᠦᠯᠬᠦ ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ | ᠢᠯᠡ ᠪᠣᠯᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠶᠢᠨ ᠬᠠᠮᠲᠤ ᠬᠢᠨᠠᠮᠠᠭᠠᠢ ᠰᠠᠶᠢᠲᠤᠷ ᠬᠢᠵᠦ᠂ | ᠴᠡᠭ ᠢᠶᠠᠷ ᠨᠡᠶᠢᠳᠡᠮ ᠢ ᠳᠠᠶᠢᠴᠢᠯᠠᠬᠤ ᠪᠠ ᠵᠢᠱᠢᠶ᠎ᠡ ᠦᠵᠡᠭᠦᠯᠬᠦ ᠪᠠᠷ ᠳᠠᠶᠢᠴᠢᠯᠠᠵᠤ᠂ ᠡᠭᠦᠨ ᠢᠶᠠᠷ ᠵᠠᠰᠠᠭ ᠤᠨ | ᠶᠠᠪᠤᠳᠠᠯ ᠤᠨ ᠢᠯᠡ ᠪᠣᠯᠭᠠᠬᠤ ᠠᠵᠢᠯ ᠢ ᠭᠦᠨᠵᠡᠭᠡᠶᠢᠷᠡᠭᠦᠯᠬᠦ ᠶᠢᠨ ᠬᠦᠴᠦᠲᠡᠢ ᠭᠠᠷᠳᠠᠴᠠ ᠪᠣᠯᠭᠠᠬᠤ ᠬᠡᠷᠡᠭᠲᠡᠢ᠃ ᠡᠯ᠎ᠡ | ᠱᠠᠲᠤᠨ ᠤ ᠵᠠᠰᠠᠭ ᠤᠨ ᠣᠷᠳᠣᠨ ᠨᠢ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠠᠷᠢᠭᠤᠴᠠᠯᠭ᠎ᠠ | ᠪᠠ ᠠᠵᠢᠯ ᠤᠨ ᠬᠤᠪᠢᠶᠠᠷᠢᠯᠠᠯ ᠢᠶᠠᠨ ᠲᠤᠳᠤᠷᠬᠠᠶᠢᠯᠠᠨ᠎ᠠ᠂ ᠡᠯ᠎ᠡ ᠱᠠᠲᠤᠨ ᠤ ᠵᠠᠰᠠᠭ ᠤᠨ ᠣᠷᠳᠣᠨ ᠤ ᠠᠯᠪᠠᠨ ᠲᠢᠩᠭᠢᠮ | ︵ᠭᠡᠷ︶ ᠨᠢ ᠵᠣᠬᠢᠶᠠᠨ ᠪᠠᠶᠢᠭᠤᠯᠵᠤ ᠵᠣᠬᠢᠴᠠᠭᠤᠯᠬᠤ ᠰᠠᠯᠠᠭ᠎ᠠ ᠮᠦᠴᠢᠷ ᠪᠣᠯᠣᠭᠰᠠᠨ ᠤ ᠬᠤᠪᠢ ᠳᠤ᠂ | ᠬᠥᠭᠵᠢᠭᠦᠯᠦᠯᠲᠡ ᠦᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠬᠢᠵᠢᠯᠲᠠ᠂ ᠤᠯᠤᠰ ᠤᠨ ᠭᠠᠵᠠᠷ ᠰᠢᠷᠤᠢ | ᠡᠬᠢ ᠪᠠᠶᠠᠯᠢᠭ᠂ ᠣᠷᠴᠢᠨ ᠲᠣᠭᠤᠷᠢᠨ ᠤ ᠬᠠᠮᠠᠭᠠᠯᠠᠯᠲᠠ᠂ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ | ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠠᠰᠢᠭᠯᠠᠯᠲᠠ᠂ ᠲᠠᠷᠢᠶᠠᠯᠠᠩ᠂ ᠡᠷᠡᠭᠦᠯ ᠬᠠᠮᠠᠭᠠᠯᠠᠯ | ᠲᠦᠯᠦᠪᠯᠡᠭᠡᠲᠦ ᠦᠷᠡᠵᠢᠯ᠂ ᠣᠢ ᠰᠢᠭᠤᠢ ᠵᠡᠷᠭᠡ ᠰᠠᠯᠠᠭ᠎ᠠ ᠮᠦᠴᠢᠷ ᠢ ᠵᠢᠯᠤᠭᠤᠳᠤᠨ ᠬᠢᠨᠠᠯᠲᠠ ᠲᠠᠯᠪᠢᠵᠤ᠂ | ᠲᠤᠳᠤᠷᠬᠠᠢ ᠠᠵᠢᠯ ᠤᠨ ᠬᠠᠷᠠᠯᠲᠠ ᠪᠠ ᠠᠷᠭ᠎ᠠ ᠬᠡᠮᠵᠢᠶ᠎ᠡ ᠶᠢ ᠳᠤᠷᠠᠳᠤᠨ᠂ ᠬᠢᠨᠠᠮᠠᠭᠠᠢ ᠵᠣᠬᠢᠶᠠᠨ ᠪᠠᠶᠢᠭᠤᠯᠵᠤ | ᠬᠡᠷᠡᠭᠵᠢᠭᠦᠯᠦᠨ᠎ᠡ︔ ᠡᠯ᠎ᠡ ᠮᠤᠵᠢ ︵ᠣᠷᠣᠨ᠂ ᠬᠤᠲᠠ︶ ᠶᠢᠨ ᠵᠠᠰᠠᠭ ᠤᠨ ᠣᠷᠳᠣᠨ ᠨᠢ ᠲᠤᠰ ᠭᠠᠵᠠᠷ ᠣᠷᠣᠨ ᠤ | ᠡᠯ᠎ᠡ ᠱᠠᠲᠤᠨ ᠤ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠰᠢᠮᠳᠠᠭᠤᠯᠤᠨ | ᠪᠠᠶᠢᠴᠠᠭᠠᠬᠤ ᠪᠠ ᠵᠢᠯᠤᠭᠤᠳᠴᠤ᠂ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠵᠤ ᠪᠣᠲᠠᠲᠠᠶᠢᠵᠢᠭᠤᠯᠬᠤ ᠶᠢ | ᠦᠨᠡᠨᠬᠦ ᠪᠠᠲᠤᠯᠠᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠪᠣᠲᠠᠲᠠᠢ ᠲᠠᠢ ᠪᠠᠨ | ᠤᠶᠠᠯᠳᠤᠭᠤᠯᠤᠨ᠂ ᠲᠤᠰ ᠬᠦᠷᠢᠶ᠎ᠡ ᠴᠠᠷᠠᠭᠠᠨ ᠳᠠᠬᠢ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠦᠷᠦᠯ | ᠵᠦᠢᠯ ᠢ ᠵᠥᠪᠰᠢᠶᠡᠷᠡᠭᠰᠡᠨ ᠪᠠ ᠬᠡᠷᠡᠭᠵᠢᠭᠦᠯᠦᠭᠰᠡᠨ ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ | ᠢᠯᠡ ᠪᠣᠯᠭᠠᠬᠤ ᠶᠢᠨ ᠬᠡᠷᠡᠭᠵᠢᠭᠦᠯᠬᠦ ᠲᠦᠰᠦᠯ ᠢ ᠲᠣᠭᠲᠠᠭᠠᠬᠤ ᠬᠡᠷᠡᠭᠲᠡᠢ᠃ | ︵ᠬᠤᠶᠠᠷ︶ ᠰᠢᠯᠭᠠᠨ ᠬᠢᠨᠠᠬᠤ ᠡᠷᠴᠢᠮ ᠢ ᠴᠢᠩᠭᠠᠷᠠᠭᠤᠯᠤᠨ᠎ᠠ᠃ | ᠡᠯ᠎ᠡ ᠱᠠᠲᠤᠨ ᠤ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠴᠢᠬᠤᠯᠠ ᠶᠡᠭᠡ | ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠵᠥᠪᠰᠢᠶᠡᠷᠡᠬᠦ ᠪᠠ ᠬᠡᠷᠡᠭᠵᠢᠭᠦᠯᠬᠦ ᠬᠦᠷᠢᠶᠡᠨ ᠳᠠᠬᠢ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠵᠠᠰᠠᠭ ᠤᠨ ᠶᠠᠪᠤᠳᠠᠯ ᠤᠨ ᠢᠯᠡ ᠪᠣᠯᠭᠠᠬᠤ ᠠᠵᠢᠯ ᠤᠨ | ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢᠨ ᠴᠢᠬᠤᠯᠠ ᠠᠭᠤᠯᠭ᠎ᠠ ᠪᠣᠯᠭᠠᠵᠤ᠂ ᠵᠠᠰᠠᠭ ᠤᠨ ᠶᠠᠪᠤᠳᠠᠯ ᠢ ᠢᠯᠡ | ᠪᠣᠯᠭᠠᠬᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠠᠮᠢᠶ᠎ᠠ ᠪᠦᠬᠦᠢ ᠲᠣᠭᠲᠠᠭᠠᠯ ᠶᠤᠰᠤᠭᠠᠷ᠂ | ᠰᠢᠯᠭᠠᠨ ᠬᠢᠨᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠠᠵᠢᠯ ᠢᠶᠠᠨ ᠠᠬᠢᠭᠤᠯᠤᠭᠰᠠᠨ ᠢᠶᠠᠷ ᠬᠦᠴᠦᠲᠡᠢ᠂ | ᠢᠯᠡᠳᠲᠡ ᠦᠷ᠎ᠡ ᠪᠦᠲᠦᠮᠵᠢ ᠤᠯᠤᠭᠰᠠᠨ ᠨᠢᠭᠡᠴᠡ ᠪᠣᠯᠣᠨ ᠬᠤᠪᠢ ᠬᠦᠮᠦᠨ ᠢ ᠲᠣᠭᠲᠠᠭᠠᠯ ᠶᠤᠰᠤᠭᠠᠷ ᠰᠠᠶᠢᠰᠢᠶᠠᠨ | ᠬᠦᠬᠢᠭᠦᠯᠬᠦ ᠬᠡᠷᠡᠭᠲᠡᠢ︔ ᠬᠠᠮᠢᠶ᠎ᠠ ᠪᠦᠬᠦᠢ ᠲᠣᠭᠲᠠᠭᠠᠯ ᠪᠠ ᠱᠠᠭᠠᠷᠳᠠᠯᠭ᠎ᠠ ᠶᠤᠰᠤᠭᠠᠷ ᠡᠭᠦᠷᠭᠡ ᠬᠠᠷᠢᠭᠤᠴᠠᠯᠭ᠎ᠠ ᠪᠠᠨ | ᠦᠯᠦ ᠭᠦᠢᠴᠡᠳᠭᠡᠭᠰᠡᠨ ᠪᠠᠶᠢᠪᠠᠯ᠂ ᠨᠡᠪᠲᠡᠷᠡᠭᠦᠯᠦᠨ ᠮᠡᠳᠡᠭᠡᠯᠡᠵᠦ ᠰᠢᠭᠦᠮᠵᠢᠯᠡᠬᠦ ᠶᠢᠨ ᠬᠠᠮᠲᠤ᠂ ᠵᠢᠯ ᠤᠨ ᠰᠢᠯᠭᠠᠨ | ᠬᠢᠨᠠᠬᠤ ᠠᠵᠢᠯ ᠳᠤ ᠢᠯᠡᠷᠡᠭᠦᠯᠬᠦ ᠬᠡᠷᠡᠭᠲᠡᠢ᠃ | ︵ᠭᠤᠷᠪᠠ︶ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ | ᠡᠯ᠎ᠡ ᠱᠠᠲᠤᠨ ᠤ ᠵᠠᠰᠠᠭ ᠤᠨ ᠣᠷᠳᠣᠨ ᠨᠢ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠦᠷᠦᠯ | ᠵᠦᠢᠯ ᠢ ᠵᠥᠪᠰᠢᠶᠡᠷᠡᠬᠦ ᠪᠠ ᠬᠡᠷᠡᠭᠵᠢᠭᠦᠯᠬᠦ ᠬᠦᠷᠢᠶᠡᠨ ᠳᠠᠬᠢ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠲᠣᠭᠲᠠᠮᠠᠯ | ᠬᠤᠭᠤᠴᠠᠭ᠎ᠠ ᠲᠠᠢ ᠪᠠᠷ ᠪᠠᠶᠢᠴᠠᠭᠠᠬᠤ ᠬᠡᠷᠡᠭᠲᠡᠢ᠂ ᠭᠤᠣᠯᠳᠠᠭᠤ ᠵᠠᠰᠠᠭ ᠤᠨ ᠣᠷᠳᠣᠨ ᠤ ᠮᠡᠳᠡᠭᠡ ᠵᠠᠩᠭᠢ᠂ ᠲᠦᠷᠦᠯ | ᠵᠦᠢᠯ ᠤᠨ ᠬᠠᠤᠯᠢ ᠶᠢᠨ ᠡᠷᠬᠡᠲᠡᠨ ᠤ ᠮᠡᠳᠡᠭᠡ ᠵᠠᠩᠭᠢ ᠶᠢᠨ ᠢᠯᠡ ᠪᠣᠯᠭᠠᠬᠤ ᠠᠭᠤᠯᠭ᠎ᠠ᠂ ᠢᠯᠡ ᠪᠣᠯᠭᠠᠬᠤ ᠠᠷᠭ᠎ᠠ | ᠵᠠᠮ ᠪᠠ ᠢᠯᠡ ᠪᠣᠯᠭᠠᠬᠤ ᠬᠦᠴᠦᠨ ᠲᠡᠭᠦᠯᠳᠡᠷ ᠬᠤᠭᠤᠴᠠᠭ᠎ᠠ ᠵᠡᠷᠭᠡ ᠶᠢ ᠪᠠᠭᠲᠠᠭᠠᠨ᠎ᠠ᠃ ᠡᠯ᠎ᠡ ᠬᠤᠯᠪᠣᠭᠳᠠᠯ ᠪᠦᠬᠦᠢ | ᠰᠠᠯᠠᠭ᠎ᠠ ᠮᠦᠴᠢᠷ ᠨᠢ ᠲᠤᠰ ᠰᠠᠯᠠᠭ᠎ᠠ ᠮᠦᠴᠢᠷ ᠤᠨ ᠠᠵᠢᠯ ᠤᠨ ᠠᠬᠢᠴᠠ ᠶᠢᠨ ᠪᠠᠶᠢᠳᠠᠯ ᠢᠶᠠᠨ ᠠᠳᠠᠯᠢ ᠱᠠᠲᠤᠨ ᠤ | ᠵᠠᠰᠠᠭ ᠤᠨ ᠶᠠᠪᠤᠳᠠᠯ ᠢ ᠢᠯᠡ ᠪᠣᠯᠭᠠᠬᠤ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠵᠢᠯ ᠪᠦᠷᠢ | ᠮᠡᠳᠡᠭᠦᠯᠬᠦ ᠶᠢᠨ ᠬᠠᠮᠲᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠣᠨ ᠤ | ᠮᠡᠳᠡᠭᠦᠯᠦᠯᠲᠡ ᠳᠤ ᠨᠡᠶᠢᠲᠡᠯᠡᠵᠦ᠂ ᠨᠡᠶᠢᠭᠡᠮ ᠨᠡᠶᠢᠲᠡ᠂ ᠰᠣᠨᠢᠨ ᠮᠡᠳᠡᠭᠡ ᠵᠠᠭᠤᠴᠢᠯᠠᠭᠤᠷ ᠤᠨ ᠬᠢᠨᠠᠯᠲᠠ ᠲᠠᠯᠪᠢᠯᠲᠠ ᠶᠢ | ᠬᠦᠯᠢᠶᠡᠬᠦ ᠬᠡᠷᠡᠭᠲᠡᠢ᠃ | | | ᠣᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠢᠯᠡ ᠪᠣᠯᠭᠠᠬᠤ ᠶᠢ ᠠᠬᠢᠭᠤᠯᠬᠤ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠭᠢᠮ ᠤᠨ | ᠰᠠᠨᠠᠯ | | | ︵ᠲᠥᠷᠥ ᠠᠯᠪᠠᠨ ᠲᠠᠷᠬᠠᠭᠠᠭᠰᠠᠨ ﹇2017﹈ 97 ᠳ᠋ᠤᠭᠠᠷ ᠲᠣᠭᠠᠲᠤ︶ | 12 ᠳ᠋ᠤᠭᠠᠷ ᠰᠠᠷ᠎ᠠ ᠶᠢᠨ 19 ᠤ ᠡᠳᠦᠷ | | | ᠡᠯ᠎ᠡ ᠮᠤᠵᠢ᠂ ᠦᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠡᠯ᠎ᠡ ᠶᠠᠮᠦᠨ ᠵᠦᠪᠯᠡᠯ᠂ ᠡᠯ᠎ᠡ ᠰᠢᠭᠤᠳ ᠬᠠᠷᠢᠶ᠎ᠠ ᠪᠠᠶᠢᠭᠤᠯᠤᠮᠵᠢ ᠳᠤ᠄ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠪᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠭᠢᠮ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠭᠢᠮ ᠤᠨ ︿ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ | ᠪᠦᠬᠦ ᠲᠠᠯ᠎ᠠ ᠪᠠᠷ ᠠᠬᠢᠭᠤᠯᠬᠤ ᠲᠣᠬᠠᠢ ᠰᠠᠨᠠᠯ﹀ ᠢ ᠳᠠᠷᠤᠮᠠᠯᠯᠠᠨ ᠶᠠᠪᠤᠭᠤᠯᠬᠤ ᠮᠡᠳᠡᠭᠳᠡᠯ︾ ᠵᠡᠷᠭᠡ ᠪᠢᠴᠢᠭ | ᠮᠠᠲ᠋ᠧᠷᠢᠶᠠᠯ ᠤᠨ ᠱᠠᠭᠠᠷᠳᠠᠯᠭ᠎ᠠ ᠶᠤᠰᠤᠭᠠᠷ᠂ ᠣᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ | ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠤᠯᠠᠮ ᠨᠢᠭᠡ ᠠᠯᠬᠤᠮ | ᠠᠬᠢᠭᠤᠯᠬᠤ ᠶᠢᠨ ᠲᠤᠰᠠᠳᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ | ᠮᠡᠲᠦ ᠰᠠᠨᠠᠯ ᠢ ᠳᠤᠷᠠᠳᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ | ᠪᠠᠶᠢᠷᠢᠰᠢᠭᠤᠯᠤᠯ ᠢ ᠨᠢᠭᠡᠲᠦᠯᠲᠡᠢ ᠲᠦᠯᠦᠪᠵᠢᠭᠦᠯᠦᠨ ᠠᠬᠢᠭᠤᠯᠬᠤ ᠪᠠ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ | ᠪᠣᠳᠣᠯᠭ᠎ᠠ ᠶᠢᠨ ᠪᠠᠶᠢᠷᠢᠰᠢᠭᠤᠯᠤᠯ ᠢ ᠵᠣᠬᠢᠴᠠᠭᠤᠯᠤᠨ ᠠᠬᠢᠭᠤᠯᠵᠤ᠂ ᠰᠢᠨ᠎ᠡ ᠶᠢ ᠡᠭᠦᠳᠬᠦ᠂ ᠵᠣᠬᠢᠴᠠᠭᠤᠯᠬᠤ᠂ | ᠪᠤᠬᠢᠷᠳᠤᠯ ᠦᠭᠡᠢ᠂ ᠨᠡᠭᠡᠭᠡᠯᠲᠡ ᠲᠠᠢ᠂ ᠬᠠᠮᠲᠤᠪᠠᠷ ᠬᠦᠷᠲᠡᠬᠦ ᠬᠥᠭᠵᠢᠯᠲᠡ ᠶᠢᠨ ᠣᠨᠣᠵᠢᠯᠬᠤᠨ ᠢ ᠪᠠᠲᠤ ᠪᠠᠬᠢ ᠪᠣᠢ | ᠪᠣᠯᠭᠠᠬᠤ ᠪᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠵᠠᠰᠠᠯᠲᠠ ᠶᠢᠨ ᠰᠢᠰᠲ᠋ᠧᠮᠵᠢ ᠪᠠ ᠵᠠᠰᠠᠬᠤ | ᠴᠢᠳᠠᠪᠤᠷᠢ ᠶᠢᠨ ᠤᠳᠤᠬᠢᠴᠢᠯᠠᠯᠲᠠ ᠶᠢ ᠲᠠᠰᠤᠷᠠᠯᠲᠠ ᠦᠭᠡᠢ ᠠᠬᠢᠭᠤᠯᠤᠨ᠂ ᠵᠠᠰᠠᠭ ᠤᠨ ᠶᠠᠪᠤᠳᠠᠯ ᠢ ᠢᠯᠡ ᠪᠣᠯᠭᠠᠬᠤ | ᠠᠵᠢᠯ ᠢ ᠪᠦᠬᠦ ᠲᠠᠯ᠎ᠠ ᠪᠠᠷ ᠠᠬᠢᠭᠤᠯᠬᠤ ᠲᠣᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠴᠢᠬᠤᠯᠠ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠤᠰᠤᠭᠠᠷ᠂ ᠣᠯᠠᠨ ᠨᠡᠶᠢᠲᠡ ᠶᠢᠨ ᠡᠬᠢ | ᠪᠠᠶᠠᠯᠢᠭ ᠤᠨ ᠲᠣᠬᠢᠷᠠᠭᠤᠯᠤᠯᠲᠠ ᠶᠢᠨ ᠰᠢᠢᠳᠪᠦᠷᠢᠲᠦ ᠪᠣᠳᠣᠯᠭ᠎ᠠ᠂ ᠬᠡᠷᠡᠭᠵᠢᠭᠦᠯᠦᠯᠲᠡ᠂ ᠬᠠᠮᠢᠶᠠᠷᠤᠯᠲᠠ᠂ | ᠦᠢᠯᠡᠴᠢᠯᠡᠭᠡ᠂ ᠦᠷ᠎ᠡ ᠳ᠋ᠦᠩ ᠢ ᠢᠯᠡ ᠪᠣᠯᠭᠠᠬᠤ ᠶᠢ ᠠᠬᠢᠭᠤᠯᠵᠤ᠂ ᠣᠯᠠᠨ ᠨᠡᠶᠢᠲᠡ ᠶᠢᠨ ᠬᠢᠨᠠᠯᠲᠠ ᠲᠠᠯᠪᠢᠯᠲᠠ ᠶᠢ | ᠦᠷᠭᠡᠳᠭᠡᠨ᠂ ᠢᠯᠡ ᠪᠣᠯᠭᠠᠬᠤ ᠪᠤᠳᠠᠳᠤ ᠦᠷ᠎ᠡ ᠪᠦᠲᠦᠮᠵᠢ ᠶᠢ ᠨᠡᠮᠡᠭᠳᠡᠭᠦᠯᠵᠦ᠂ ᠣᠯᠠᠨ ᠨᠡᠶᠢᠲᠡ ᠶᠢᠨ ᠡᠬᠢ | ᠪᠠᠶᠠᠯᠢᠭ ᠤᠨ ᠲᠣᠬᠢᠷᠠᠭᠤᠯᠤᠯᠲᠠ ᠶᠢᠨ ᠪᠦᠬᠦ ᠴᠤᠪᠤᠷᠠᠯ ᠢ ᠢᠯᠡ ᠲᠤᠳᠣ ᠪᠣᠯᠭᠠᠬᠤ ᠶᠢ ᠴᠢᠷᠮᠠᠶᠢᠨ ᠪᠡᠶᠡᠯᠡᠭᠦᠯᠵᠦ᠂ | ᠣᠯᠠᠨ ᠨᠡᠶᠢᠲᠡ ᠶᠢᠨ ᠡᠬᠢ ᠪᠠᠶᠠᠯᠢᠭ ᠢ ᠬᠡᠷᠡᠭᠯᠡᠬᠦ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠵᠤ | ᠠᠬᠤᠶᠢᠯᠠᠯ ᠪᠣᠯᠣᠨ ᠣᠯᠠᠨ ᠲᠦᠮᠡᠨ ᠤ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠵᠤ᠂ ᠨᠡᠮᠡᠭᠳᠡᠯ ᠢ ᠲᠣᠭᠲᠠᠭᠤᠨ | ᠪᠠᠶᠢᠯᠭᠠᠬᠤ᠂ ᠦᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ | ᠠᠰᠢᠭ ᠬᠦᠷᠲᠡᠭᠡᠬᠦ᠂ ᠲᠥᠭᠰᠢᠭᠦᠷᠢ ᠶᠢ ᠰᠡᠷᠭᠡᠶᠢᠯᠡᠬᠦ ᠳᠤ ᠬᠤᠪᠢ ᠨᠡᠮᠡᠷᠢ ᠪᠠᠨ ᠦᠵᠡᠭᠦᠯᠵᠦ᠂ ᠠᠵᠤ ᠠᠬᠤᠢ | ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ | ᠬᠤᠶᠠᠷ᠂ ᠭᠤᠣᠯ ᠡᠭᠦᠷᠭᠡ | ᠲᠤᠰ ᠰᠠᠨᠠᠯ ᠳᠤ ᠬᠡᠯᠡᠵᠦ ᠪᠠᠶᠢᠭ᠎ᠠ ᠣᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠭᠡᠳᠡᠭ ᠲᠤ | ᠭᠤᠣᠯᠳᠠᠭᠤ ᠪᠠᠲᠤᠯᠠᠭ᠎ᠠ ᠶᠢᠨ ᠴᠢᠨᠠᠷᠲᠠᠢ ᠬᠢᠮᠳᠠ ᠣᠷᠣᠨ ᠰᠠᠭᠤᠴᠠ ᠶᠢᠨ ᠢᠨᠵᠧᠨᠧᠷᠢᠩ ᠢ ᠪᠦᠲᠦᠭᠡᠨ ᠪᠠᠶᠢᠭᠤᠯᠬᠤ᠂ | ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ ᠬᠤᠪᠢᠶᠠᠷᠢᠯᠠᠬᠤ᠂ ᠤᠯᠤᠰ ᠤᠨ ᠭᠠᠵᠠᠷ ᠰᠢᠷᠤᠢ ᠪᠠ | ᠠᠭᠤᠷᠬᠠᠢ ᠶᠢᠨ ᠡᠬᠢ ᠪᠠᠶᠠᠯᠢᠭ ᠤᠨ ᠬᠡᠷᠡᠭᠯᠡᠬᠦ ᠡᠷᠬᠡ ᠶᠢ ᠬᠢᠮᠳᠠ ᠦᠨ᠎ᠡ ᠪᠠᠷ ᠬᠤᠳᠠᠯᠳᠤᠬᠤ᠂ ᠵᠠᠰᠠᠭ ᠤᠨ ᠣᠷᠳᠣᠨ ᠤ | ᠬᠤᠳᠠᠯᠳᠤᠨ ᠠᠪᠬᠤ᠂ ᠤᠯᠤᠰ ᠤᠨ ᠦᠮᠴᠢᠯᠡᠬᠦ ᠡᠷᠬᠡ ᠶᠢ ᠠᠷᠠᠯᠵᠢᠶᠠᠯᠠᠬᠤ᠂ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠲᠦᠷᠦᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠵᠡᠷᠭᠡ | ᠨᠡᠶᠢᠭᠡᠮ ᠤᠨ ᠬᠢᠨ ᠤ ᠬᠠᠯᠠᠮᠵᠢᠯᠠᠨ ᠠᠩᠬᠠᠷᠴᠤ ᠪᠠᠶᠢᠬᠤ ᠬᠡᠮᠵᠢᠶ᠎ᠡ ᠪᠠᠷ ᠶᠡᠭᠡ᠂ ᠬᠠᠮᠲᠤ ᠶᠢᠨ ᠪᠠ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ᠂ ᠠᠵᠤ ᠠᠬᠤᠢ ᠨᠡᠶᠢᠭᠡᠮ ᠤᠨ ᠬᠥᠭᠵᠢᠯᠲᠡ᠂ ᠠᠷᠠᠳ ᠤᠨ ᠠᠮᠢᠳᠤᠷᠠᠯ ᠤᠨ | ᠰᠠᠶᠢᠵᠢᠷᠠᠯᠲᠠ ᠳᠤ ᠰᠢᠭᠤᠳ᠂ ᠥᠷᠭᠡᠨ ᠳᠡᠯᠭᠡᠷ ᠪᠠ ᠴᠢᠬᠤᠯᠠ ᠨᠦᠯᠦᠭᠡ ᠦᠵᠡᠭᠦᠯᠬᠦ ᠣᠯᠠᠨ ᠨᠡᠶᠢᠲᠡ ᠶᠢᠨ ᠡᠬᠢ | ᠪᠠᠶᠠᠯᠢᠭ ᠤᠨ ᠬᠤᠪᠢᠶᠠᠷᠢᠯᠠᠯᠲᠠ ᠶᠢᠨ ᠵᠦᠢᠯᠡᠰ ᠪᠠᠭᠲᠠᠵᠤ ᠪᠣᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠨᠢ | ᠣᠷᠣᠨ ᠪᠦᠰᠡ᠂ ᠠᠵᠢᠯ ᠲᠦᠷᠦᠯ ᠤᠨ ᠣᠨᠴᠠᠯᠢᠭ ᠢᠶᠠᠨ ᠦᠨᠳᠦᠰᠦᠯᠡᠨ᠂ ᠲᠤᠰ ᠭᠠᠵᠠᠷ ᠣᠷᠣᠨ᠂ ᠲᠣᠰ ᠠᠵᠢᠯ | ᠲᠦᠷᠦᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠮᠡᠳᠡᠭᠡ ᠵᠠᠩᠭᠢ ᠶᠢ ᠢᠯᠡ ᠪᠣᠯᠭᠠᠬᠤ | ᠬᠡᠪᠴᠢᠶ᠎ᠡ ᠪᠠᠨ ᠤᠯᠠᠮ ᠨᠢᠭᠡ ᠠᠯᠬᠤᠮ ᠲᠤᠳᠤᠷᠬᠠᠶᠢᠯᠠᠵᠤ᠂ ᠢᠯᠡ ᠪᠣᠯᠭᠠᠬᠤ ᠵᠦᠢᠯᠡᠰ᠂ ᠠᠭᠤᠯᠭ᠎ᠠ᠂ ᠴᠠᠬ | ᠬᠤᠭᠤᠴᠠᠭ᠎ᠠ᠂ ᠠᠷᠭ᠎ᠠ ᠮᠠᠶ᠋ᠢᠭ᠂ ᠬᠠᠷᠢᠭᠤᠴᠠᠬᠤ ᠭᠤᠣᠯ ᠴᠤᠭᠴᠠ᠂ ᠬᠢᠨᠠᠯᠲᠠ ᠲᠠᠯᠪᠢᠬᠤ ᠠᠷᠭ᠎ᠠ ᠵᠠᠮ ᠵᠡᠷᠭᠡ ᠶᠢ | ᠨᠠᠷᠢᠯᠢᠬᠵᠢᠭᠤᠯᠤᠨ᠂ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠭᠠᠷᠴᠠᠭ ᠤᠨ ᠨᠠᠷᠢᠨ ᠬᠠᠭᠤᠳᠠᠰᠤ ᠳᠤ | ᠣᠷᠤᠭᠤᠯᠤᠨ᠎ᠠ᠃ | ︵ᠨᠢᠭᠡ︶ ᠢᠯᠡ ᠪᠣᠯᠭᠠᠬᠤ ᠭᠤᠣᠯᠳᠠᠯᠭ᠎ᠠ ᠶᠢ ᠳᠤᠪᠤᠶᠢᠯᠭᠠᠨ᠎ᠠ᠃ | 1. ᠣᠷᠣᠨ ᠰᠠᠭᠤᠴᠠ ᠶᠢᠨ ᠪᠠᠲᠤᠯᠠᠭ᠎ᠠ ᠶᠢᠨ ᠬᠦᠷᠢᠶ᠎ᠡ᠃ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠲᠠᠯ᠎ᠠ ᠪᠠᠷ᠂ ᠭᠤᠣᠯ ᠨᠢ ᠬᠤᠲᠠ ᠪᠠᠯᠭᠠᠰᠤ ᠶᠢᠨ ᠪᠠᠲᠤᠯᠠᠭ᠎ᠠ ᠶᠢᠨ ᠴᠢᠨᠠᠷᠲᠠᠢ ᠬᠢᠮᠳᠠ ᠣᠷᠣᠨ | ᠰᠠᠭᠤᠴᠠ ᠶᠢᠨ ᠢᠨᠵᠧᠨᠧᠷᠢᠩ ᠤᠨ ᠲᠦᠯᠦᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠶᠢᠨ ᠲᠦᠰᠦᠯ᠂ ᠣᠨ ᠤ | ᠪᠦᠲᠦᠭᠡᠨ ᠪᠠᠶᠢᠭᠤᠯᠤᠯᠲᠠ ᠶᠢᠨ ᠲᠦᠯᠦᠪᠯᠡᠭᠡ ᠶᠢᠨ ᠮᠡᠳᠡᠭᠡ ᠵᠠᠩᠭᠢ ︵ᠪᠦᠲᠦᠭᠡᠨ ᠪᠠᠶᠢᠭᠤᠯᠤᠯᠲᠠ ᠶᠢᠨ | ᠲᠦᠯᠦᠪᠯᠡᠭᠡ ᠶᠢᠨ ᠡᠭᠦᠷᠭᠡ ᠶᠢᠨ ᠬᠡᠮᠵᠢᠶ᠎ᠡ᠂ ᠲᠦᠯᠦᠪᠯᠡᠭᠰᠡᠨ ᠲᠦᠷᠦᠯ ᠵᠦᠢᠯ ᠤᠨ ᠮᠡᠳᠡᠭᠡ ᠵᠠᠩᠭᠢ᠂ ᠲᠦᠯᠦᠪᠯᠡᠭᠰᠡᠨ | ᠦᠷᠦᠭᠡ ᠶᠢᠨ ᠬᠡᠯᠪᠡᠷᠢ ᠪᠠᠭᠲᠠᠨ᠎ᠠ︶᠂ ᠪᠦᠲᠦᠭᠡᠨ ᠪᠠᠶᠢᠭᠤᠯᠤᠯᠲᠠ ᠶᠢᠨ ᠲᠦᠯᠦᠪᠯᠡᠭᠡ ᠶᠢ ᠪᠡᠶᠡᠯᠡᠭᠦᠯᠦᠭᠰᠡᠨ | ᠪᠠᠶᠢᠳᠠᠯ ᠤᠨ ᠮᠡᠳᠡᠭᠡ ᠵᠠᠩᠭᠢ ︵ᠲᠦᠯᠦᠪᠯᠡᠭᠰᠡᠨ ᠡᠭᠦᠷᠭᠡ ᠶᠢ ᠪᠡᠶᠡᠯᠡᠭᠦᠯᠦᠭᠰᠡᠨ ᠠᠬᠢᠴᠠ᠂ ᠨᠢᠭᠡᠨᠲᠡ ᠠᠵᠢᠯ | ᠡᠬᠢᠯᠡᠭᠦᠯᠦᠭᠰᠡᠨ ᠲᠦᠷᠦᠯ ᠵᠦᠢᠯ ᠤᠨ ᠦᠨᠳᠦᠰᠦᠨ ᠮᠡᠳᠡᠭᠡ ᠵᠠᠩᠭᠢ᠂ ᠨᠢᠭᠡᠨᠲᠡ ᠪᠠᠷᠢᠯᠭ᠎ᠠ ᠳᠠᠭᠤᠰᠤᠭᠰᠠᠨ ᠲᠦᠷᠦᠯ | ᠵᠦᠢᠯ ᠤᠨ ᠦᠨᠳᠦᠰᠦᠨ ᠮᠡᠳᠡᠭᠡ ᠵᠠᠩᠭᠢ᠂ ᠳᠦᠬᠦᠷ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ | ᠪᠠᠭᠲᠠᠨ᠎ᠠ︶᠂ ᠬᠦᠳᠡᠭᠡ ᠲᠤᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠦᠭᠡᠷᠡᠴᠢᠯᠡᠨ ᠰᠢᠨᠡᠳᠭᠡᠬᠦ ᠬᠠᠮᠢᠶ᠎ᠠ | ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠠ ᠶᠢ ᠬᠡᠷᠡᠭᠵᠢᠭᠦᠯᠦᠭᠰᠡᠨ ᠪᠠᠶᠢᠳᠠᠯ ᠤᠨ ᠮᠡᠳᠡᠭᠡ ᠵᠠᠩᠭᠢ ︵ | ᠬᠦᠳᠡᠭᠡ ᠲᠤᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠦᠭᠡᠷᠡᠴᠢᠯᠡᠨ ᠰᠢᠨᠡᠳᠭᠡᠬᠦ ᠲᠥᠷᠥ ᠶᠢᠨ ᠪᠣᠳᠣᠯᠭ᠎ᠠ᠂ | ᠨᠤᠷᠠᠬᠤ ᠠᠶᠤᠯᠲᠠᠢ ᠭᠡᠷ ᠪᠠᠶᠢᠰᠢᠩ ᠨᠢ ᠬᠡᠨ ᠤ ᠪᠣᠯᠬᠤ ᠶᠢ ᠮᠠᠭᠠᠳᠯᠠᠨ ᠲᠣᠭᠲᠠᠭᠠᠬᠤ ᠶᠠᠪᠤᠴᠠ᠂ ᠨᠦᠬᠦᠪᠦᠷᠢ ᠶᠢᠨ | ᠪᠡᠯᠡ ᠮᠦᠩᠭᠦ ᠶᠢ ᠬᠤᠪᠢᠶᠠᠷᠢᠯᠠᠬᠤ᠂ ᠦᠭᠡᠷᠡᠴᠢᠯᠡᠨ ᠰᠢᠨᠡᠳᠭᠡᠭᠰᠡᠨ ᠦᠷ᠎ᠡ ᠳ᠋ᠦᠩ ᠪᠠᠭᠲᠠᠨ᠎ᠠ︶ ᠶᠢ ᠢᠯᠡ ᠪᠣᠯᠭᠠᠨ᠎ᠠ︔ | ᠣᠷᠣᠨ ᠰᠠᠭᠤᠴᠠ ᠶᠢ ᠬᠤᠪᠢᠶᠠᠷᠢᠯᠠᠬᠤ ᠲᠠᠯ᠎ᠠ ᠪᠠᠷ᠂ ᠭᠤᠣᠯ ᠨᠢ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ | ᠬᠤᠪᠢᠶᠠᠷᠢᠯᠠᠬᠤ ᠲᠥᠷᠥ ᠶᠢᠨ ᠪᠣᠳᠣᠯᠭ᠎ᠠ᠂ ᠬᠤᠪᠢᠶᠠᠷᠢᠯᠠᠵᠤ ᠣᠯᠬᠤ ᠬᠦᠮᠦᠰ᠂ ᠬᠤᠪᠢᠶᠠᠷᠢᠯᠠᠬᠤ ᠭᠡᠷ ᠪᠠᠶᠢᠰᠢᠩ ᠤᠨ | ᠢᠷᠡᠯᠲᠡ᠂ ᠬᠤᠪᠢᠶᠠᠷᠢᠯᠠᠬᠤ ᠳᠡᠰ ᠳᠠᠷᠠᠭᠠᠯᠠᠯ᠂ ᠬᠤᠪᠢᠶᠠᠷᠢᠯᠠᠬᠤ ᠶᠠᠪᠤᠴᠠ᠂ ᠬᠤᠪᠢᠶᠠᠷᠢᠯᠠᠭᠰᠠᠨ ᠦᠷ᠎ᠡ ᠳ᠋ᠦᠩ ᠵᠡᠷᠭᠡ | ᠮᠡᠳᠡᠭᠡ ᠵᠠᠩᠭᠢ ᠶᠢ ᠢᠯᠡ ᠪᠣᠯᠭᠠᠨ᠎ᠠ᠃ | 2. ᠤᠯᠤᠰ ᠤᠨ ᠭᠠᠵᠠᠷ ᠰᠢᠷᠤᠢ ᠬᠡᠷᠡᠭᠯᠡᠬᠦ ᠡᠷᠬᠡ ᠶᠢ ᠬᠢᠮᠳᠠ ᠦᠨ᠎ᠡ ᠪᠠᠷ ᠬᠤᠳᠠᠯᠳᠤᠬᠤ ᠬᠦᠷᠢᠶ᠎ᠡ᠃ | ᠭᠤᠣᠯ ᠨᠢ ᠭᠠᠵᠠᠷ ᠰᠢᠷᠤᠢ ᠬᠠᠩᠭᠠᠬᠤ ᠲᠦᠯᠦᠪᠯᠡᠭᠡ᠂ ᠬᠢᠮᠳᠠ ᠦᠨ᠎ᠡ ᠪᠠᠷ ᠬᠤᠳᠠᠯᠳᠤᠬᠤ ᠠᠯᠪᠠᠨ ᠵᠠᠷ᠂ | ᠬᠤᠳᠠᠯᠳᠤᠭᠠᠯᠠᠬᠤ ᠵᠠᠷᠯᠠᠯ᠂ ᠬᠠᠩᠭᠠᠯᠭ᠎ᠠ ᠶᠢᠨ ᠦᠷ᠎ᠡ ᠳ᠋ᠦᠩ ᠵᠡᠷᠭᠡ ᠮᠡᠳᠡᠭᠡ ᠵᠠᠩᠭᠢ ᠶᠢ ᠢᠯᠡ ᠪᠣᠯᠭᠠᠨ᠎ᠠ᠃ | 3. ᠠᠭᠤᠷᠬᠠᠢ ᠶᠢᠨ ᠡᠬᠢ ᠪᠠᠶᠠᠯᠢᠭ ᠬᠡᠷᠡᠭᠯᠡᠬᠦ ᠡᠷᠬᠡ ᠶᠢ ᠬᠢᠮᠳᠠ ᠦᠨ᠎ᠡ ᠪᠠᠷ ᠬᠤᠳᠠᠯᠳᠤᠬᠤ ᠬᠦᠷᠢᠶ᠎ᠡ᠃ | ᠭᠤᠣᠯ ᠨᠢ ᠬᠢᠮᠳᠠ ᠦᠨ᠎ᠡ ᠪᠠᠷ ᠬᠤᠳᠠᠯᠳᠤᠬᠤ ᠠᠯᠪᠠᠨ ᠵᠠᠷ ᠵᠠᠷᠯᠠᠯ᠂ ᠬᠢᠨᠠᠨ ᠵᠥᠪᠰᠢᠶᠡᠷᠡᠭᠰᠡᠨ ᠦᠷ᠎ᠡ ᠳ᠋ᠦᠩ ᠤᠨ | ᠮᠡᠳᠡᠭᠡ ᠵᠠᠩᠭᠢ᠂ ᠲᠦᠷᠦᠯ ᠵᠦᠢᠯ ᠤᠨ ᠮᠡᠳᠡᠭᠡ ᠵᠠᠩᠭᠢ ᠵᠡᠷᠭᠡ ᠮᠡᠳᠡᠭᠡ ᠵᠠᠩᠭᠢ ᠶᠢ ᠢᠯᠡ ᠪᠣᠯᠭᠠᠨ᠎ᠠ᠃ | 4. ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠷᠢᠶ᠎ᠡ᠃ ᠭᠤᠣᠯ ᠨᠢ ᠬᠤᠳᠠᠯᠳᠤᠨ ᠠᠪᠬᠤ ᠲᠦᠷᠦᠯ | ᠵᠦᠢᠯ ᠤᠨ ᠠᠯᠪᠠᠨ ᠵᠠᠷ᠂ ᠬᠤᠳᠠᠯᠳᠤᠨ ᠠᠪᠬᠤ ᠠᠵᠢᠯ ᠤᠨ ᠪᠢᠴᠢᠭ ᠮᠠᠲ᠋ᠧᠷᠢᠶᠠᠯ᠂ ᠬᠤᠳᠠᠯᠳᠤᠨ ᠠᠪᠬᠤ ᠲᠦᠷᠦᠯ | ᠵᠦᠢᠯ ᠤᠨ ᠲᠦᠰᠦᠪ ᠤᠨ ᠵᠤᠭᠤᠰᠤᠨ ᠤ ᠲᠤᠭ᠎ᠠ᠂ ᠬᠤᠳᠠᠯᠳᠤᠨ ᠠᠪᠤᠭᠰᠠᠨ ᠦᠷ᠎ᠡ ᠳ᠋ᠦᠩ᠂ ᠬᠤᠳᠠᠯᠳᠤᠨ ᠠᠪᠬᠤ | ᠭᠡᠷ᠎ᠡ ᠵᠡᠷᠭᠡ ᠬᠤᠳᠠᠯᠳᠤᠨ ᠠᠪᠬᠤ ᠲᠦᠷᠦᠯ ᠵᠦᠢᠯ ᠤᠨ ᠮᠡᠳᠡᠭᠡ ᠵᠠᠩᠭᠢ᠂ ᠡᠳ᠋ ᠤᠨ ᠵᠠᠰᠠᠭ ᠤᠨ ᠰᠠᠯᠠᠭ᠎ᠠ | ᠮᠦᠴᠢᠷ ᠠᠴᠠ ᠭᠠᠷᠭᠠᠭᠰᠠᠨ ᠵᠠᠭᠠᠯᠳᠤᠯᠭ᠎ᠠ ᠪᠠ ᠬᠢᠨᠠᠯᠲᠠ ᠲᠠᠯᠪᠢᠵᠤ ᠪᠠᠶᠢᠴᠠᠭᠠᠬᠤ ᠵᠡᠷᠭᠡ ᠰᠢᠢᠳᠪᠦᠷᠢᠯᠡᠬᠦ ᠲᠣᠭᠲᠠᠭᠠᠯ᠂ | ᠲᠦᠪᠯᠡᠷᠡᠭᠦᠯᠵᠦ ᠬᠤᠳᠠᠯᠳᠤᠨ ᠠᠪᠬᠤ ᠪᠠᠶᠢᠭᠤᠯᠤᠮᠵᠢ ᠶᠢ ᠰᠢᠯᠭᠠᠨ ᠬᠢᠨᠠᠭᠰᠠᠨ ᠦᠷ᠎ᠡ ᠳ᠋ᠦᠩ᠂ ᠬᠠᠤᠯᠢ ᠠᠴᠠ | ᠵᠦᠷᠢᠴᠡᠵᠦ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠲᠡᠮᠲᠡᠭᠯᠡᠯ ᠵᠡᠷᠭᠡ ᠬᠢᠨᠠᠯᠲᠠ ᠲᠠᠯᠪᠢᠵᠤ ᠰᠢᠳᠭᠡᠨ | ᠲᠣᠷᠭᠠᠭᠰᠠᠨ ᠮᠡᠳᠡᠭᠡ ᠵᠠᠩᠭᠢ ᠶᠢ ᠢᠯᠡ ᠪᠣᠯᠭᠠᠨ᠎ᠠ᠃ | 5. ᠤᠯᠤᠰ ᠤᠨ ᠦᠮᠴᠢᠯᠡᠬᠦ ᠡᠷᠬᠡ ᠶᠢ ᠠᠷᠠᠯᠵᠢᠶᠠᠯᠠᠬᠤ ᠬᠦᠷᠢᠶ᠎ᠡ᠃ ᠬᠤᠳᠠᠯᠳᠤᠭᠠᠨ ᠤ ᠨᠢᠭᠤᠴᠠ ᠳᠤ | ᠬᠤᠯᠪᠤᠭᠳᠠᠬᠤ ᠠᠴᠠ ᠪᠤᠰᠤᠳ᠂ ᠭᠤᠣᠯ ᠨᠢ ᠦᠮᠴᠢᠯᠡᠬᠦ ᠡᠷᠬᠡ ᠶᠢ ᠠᠷᠠᠯᠵᠢᠶᠠᠯᠠᠬᠤ ᠰᠢᠢᠳᠪᠦᠷᠢᠲᠦ ᠪᠣᠳᠣᠯᠭ᠎ᠠ ᠵᠢᠴᠢ | ᠵᠥᠪᠰᠢᠶᠡᠷᠡᠭᠰᠡᠨ ᠮᠡᠳᠡᠭᠡ ᠵᠠᠩᠭᠢ᠂ ᠠᠷᠠᠯᠵᠢᠶᠠᠯᠠᠬᠤ ᠲᠦᠷᠦᠯ ᠵᠦᠢᠯ ᠤᠨ ᠮᠡᠳᠡᠭᠡ ᠵᠠᠩᠭᠢ᠂ ᠰᠢᠯᠵᠢᠭᠦᠯᠦᠨ ᠥᠭᠬᠦ | ᠦᠨ᠎ᠡ ᠬᠠᠩᠰᠢ᠂ ᠠᠷᠠᠯᠵᠢᠶᠠᠯᠠᠬᠤ ᠦᠨ᠎ᠡ ᠬᠠᠩᠰᠢ᠂ ᠬᠠᠮᠢᠶ᠎ᠠ ᠪᠦᠬᠦᠢ ᠵᠠᠭᠤᠴᠢ ᠪᠠᠶᠢᠭᠤᠯᠤᠮᠵᠢ ᠳᠤ ᠬᠢᠨᠠᠨ ᠪᠣᠳᠣᠯᠲᠠ | ᠬᠢᠭᠰᠡᠨ ᠦᠷ᠎ᠡ ᠳ᠋ᠦᠩ ᠵᠡᠷᠭᠡ ᠮᠡᠳᠡᠭᠡ ᠵᠠᠩᠭᠢ ᠶᠢ ᠢᠯᠡ ᠪᠣᠯᠭᠠᠨ᠎ᠠ᠃ | 6. ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠬᠦ ᠬᠦᠷᠢᠶ᠎ᠡ᠃ ᠭᠤᠣᠯ ᠨᠢ ᠬᠠᠤᠯᠢ ᠶᠤᠰᠤᠭᠠᠷ ᠡᠷᠬᠡᠪᠰᠢ ᠳᠠᠭᠠᠭᠠᠴᠢᠯᠠᠯᠲᠠ ᠵᠠᠷᠯᠠᠬᠤ | ᠲᠦᠷᠦᠯ ᠵᠦᠢᠯ ᠢ ᠬᠢᠨᠠᠨ ᠵᠥᠪᠰᠢᠶᠡᠷᠡᠵᠦ ᠬᠠᠷᠭᠤᠭᠤᠯᠤᠨ ᠵᠥᠪᠰᠢᠶᠡᠷᠡᠭᠰᠡᠨ ᠪᠠ ᠪᠦᠷᠢᠳᠭᠡᠨ ᠳᠠᠩᠰᠠᠯᠠᠭᠰᠠᠨ ᠮᠡᠳᠡᠭᠡ | ᠵᠠᠩᠭᠢ᠂ ᠵᠠᠬ᠎ᠠ ᠳᠡᠯᠭᠡᠭᠦᠷ ᠤᠨ ᠭᠤᠣᠯ ᠴᠤᠭᠴᠠ ᠶᠢᠨ ᠢᠲᠡᠭᠡᠮᠵᠢ ᠵᠡᠷᠭᠡ ᠮᠡᠳᠡᠭᠡ ᠵᠠᠩᠭᠢ ᠶᠢ ᠢᠯᠡ ᠪᠣᠯᠭᠠᠨ᠎ᠠ᠃ | ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ ᠳᠤ ᠬᠤᠯᠪᠣᠭᠳᠠᠬᠤ ᠠᠴᠠ ᠪᠤᠰᠤᠳ᠂ ᠳᠠᠭᠠᠭᠠᠴᠢᠯᠠᠯᠲᠠ | ᠵᠠᠷᠯᠠᠬᠤ ᠠᠯᠪᠠᠨ ᠵᠠᠷ ︵ᠳᠠᠭᠠᠭᠠᠴᠢᠯᠠᠯᠲᠠ ᠵᠠᠷᠯᠠᠬᠤ ᠨᠦᠬᠦᠴᠡᠯ᠂ ᠲᠦᠷᠦᠯ ᠵᠦᠢᠯ ᠤᠨ ᠲᠦᠢᠮᠤ ᠪᠠᠶᠢᠳᠠᠯ ᠬᠢᠭᠡᠳ | ᠳᠠᠭᠠᠭᠠᠴᠢᠯᠠᠯᠲᠠ ᠵᠠᠷᠯᠠᠬᠤ ᠬᠡᠪᠴᠢᠶ᠎ᠠ᠂ ᠳᠠᠭᠠᠭᠠᠴᠢᠯᠠᠯᠲᠠ ᠬᠦᠯᠢᠶᠡᠬᠦ ᠬᠦᠮᠦᠰ ᠤᠨ ᠬᠢᠷᠢ ᠭᠡᠮ ᠤᠨ ᠱᠠᠭᠠᠷᠳᠠᠯᠭ᠎ᠠ᠂ | ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠣᠯᠬᠤ᠂ ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠢ | ᠭᠠᠷᠳᠠᠭᠤᠯᠬᠤ ᠵᠡᠷᠭᠡ ᠪᠠᠭᠲᠠᠨ᠎ᠠ︶᠂ ᠳᠠᠭᠠᠭᠠᠴᠢᠯᠠᠯᠲᠠ ᠳᠤ ᠤᠨᠤᠭᠳᠠᠬᠤ ᠵᠢᠱᠢᠭᠳᠡᠭᠴᠢ ︵ᠳᠠᠭᠠᠭᠠᠴᠢᠯᠠᠯᠲᠠ ᠳᠤ | ᠣᠨᠣᠭᠳᠠᠬᠤ ᠵᠢᠱᠢᠭᠳᠡᠭᠴᠢ ᠶᠢᠨ ᠵᠢᠭᠰᠠᠭᠠᠯᠲᠠ᠂ ᠨᠡᠷᠡᠶᠢᠳᠦᠯ᠂ ᠳᠠᠭᠠᠭᠠᠴᠢᠯᠠᠯᠲᠠ ᠬᠦᠯᠢᠶᠡᠬᠦ ᠳᠤ ᠮᠡᠳᠡᠭᠦᠯᠦᠭᠰᠡᠨ | ᠦᠨ᠎ᠡ᠂ ᠪᠠᠷᠢᠯᠭ᠎ᠠ ᠶᠢᠨ ᠬᠤᠭᠤᠴᠠᠭ᠎ᠠ᠂ ᠳᠠᠭᠠᠭᠠᠴᠢᠯᠠᠯᠲᠠ ᠲᠣᠭᠲᠠᠭᠠᠬᠤ ᠪᠠᠶᠢᠳᠠᠯ᠂ ᠲᠦᠷᠦᠯ ᠵᠦᠢᠯ ᠤᠨ | ᠬᠠᠷᠢᠭᠤᠴᠠᠬᠤ ᠬᠦᠮᠦᠨ᠂ ᠬᠤᠪᠢ ᠬᠦᠮᠦᠨ ᠤ ᠠᠵᠢᠯ ᠤᠨ ᠠᠮᠵᠢᠯᠲᠠ᠂ ᠬᠤᠯᠪᠣᠭᠳᠠᠯ ᠪᠦᠬᠦᠢ ᠦᠨᠡᠮᠯᠡᠯ ᠵᠢᠴᠢ | ᠳ᠋ᠤᠭᠠᠷ᠂ ᠳᠠᠭᠠᠭᠠᠴᠢᠯᠠᠯᠲᠠ ᠳᠤ ᠣᠨᠣᠭᠳᠠᠬᠤ ᠵᠢᠱᠢᠭᠳᠡᠭᠴᠢ ᠨᠢ ᠳᠠᠭᠠᠭᠠᠴᠢᠯᠠᠯᠲᠠ ᠬᠦᠯᠢᠶᠡᠬᠦ ᠮᠠᠲ᠋ᠧᠷᠢᠶᠠᠯ ᠳᠤ | ᠲᠠᠭᠯᠠᠭᠰᠠᠨ ᠬᠢᠷᠢ ᠭᠡᠮ ᠴᠢᠳᠠᠪᠤᠷᠢ ᠶᠢᠨ ᠨᠦᠬᠦᠴᠡᠯ᠂ ᠣᠨᠳᠣᠣ ᠰᠠᠨᠠᠯ ᠳᠤᠷᠠᠳᠬᠤ ᠠᠷᠭ᠎ᠠ ᠵᠠᠮ ᠪᠠ ᠠᠷᠭ᠎ᠠ ᠮᠠᠶ᠋ᠢᠭ | ᠵᠡᠷᠭᠡ ᠪᠠᠭᠲᠠᠨ᠎ᠠ︶ ᠳᠠᠭᠠᠭᠠᠴᠢᠯᠠᠯᠲᠠ ᠳᠤ ᠣᠨᠣᠭᠳᠠᠭᠰᠠᠨ ᠦᠷ᠎ᠡ ᠳ᠋ᠦᠩ᠂ ᠭᠡᠷ᠎ᠡ ᠲᠣᠭᠲᠠᠬᠤ ᠪᠠ ᠭᠦᠢᠴᠡᠳᠭᠡᠬᠦ | ᠵᠡᠷᠭᠡ ᠮᠡᠳᠡᠭᠡ ᠵᠠᠩᠭᠢ ᠶᠢ ᠪᠦᠷ ᠨᠡᠶᠢᠭᠡᠮ ᠳᠤ ᠨᠡᠶᠢᠲᠡᠯᠡᠨ᠎ᠡ᠃ | ︵ᠬᠤᠶᠠᠷ︶ ᠢᠯᠡ ᠪᠣᠯᠭᠠᠬᠤ ᠭᠤᠣᠯ ᠴᠤᠭᠴᠠ ᠶᠢ ᠲᠤᠳᠤᠷᠬᠠᠶᠢᠯᠠᠨ᠎ᠠ᠃ | ︽ᠬᠡᠨ ᠬᠢᠨᠠᠨ ᠵᠥᠪᠰᠢᠶᠡᠷᠡᠪᠡᠯ᠂ ᠲᠡᠷᠡ ᠢᠯᠡ ᠪᠣᠯᠭᠠᠬᠤ᠂ ᠬᠡᠨ ᠬᠡᠷᠡᠭᠵᠢᠭᠦᠯᠪᠡᠯ᠂ ᠲᠡᠷᠡ ᠢᠯᠡ ᠪᠣᠯᠭᠠᠬᠤ᠂ | ᠬᠡᠨ ᠪᠢᠴᠢᠵᠦ ᠵᠣᠬᠢᠶᠠᠪᠠᠯ᠂ ᠲᠡᠷᠡ ᠢᠯᠡ ᠪᠣᠯᠭᠠᠬᠤ︾ ᠵᠠᠷᠴᠢᠮ ᠢᠶᠠᠷ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠳᠤ | ᠬᠤᠯᠪᠤᠭᠳᠠᠪᠠᠯ ᠵᠥᠪᠰᠢᠶᠡᠷᠡᠭᠰᠡᠨ ᠣᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ | ᠳ᠋ᠦᠩ ᠤᠨ ᠮᠡᠳᠡᠭᠡ ᠵᠠᠩᠭᠢ ᠶᠢ ᠬᠢᠨᠠᠨ ᠵᠥᠪᠰᠢᠶᠡᠷᠡᠬᠦ ᠰᠠᠯᠠᠭ᠎ᠠ ᠮᠦᠴᠢᠷ ᠠᠴᠠ ᠬᠠᠷᠢᠭᠤᠴᠠᠵᠤ ᠢᠯᠡ ᠪᠣᠯᠭᠠᠨ᠎ᠠ︔ | ᠣᠯᠠᠨ ᠨᠡᠶᠢᠲᠡ ᠶᠢᠨ ᠡᠬᠢ ᠪᠠᠶᠠᠯᠢᠭ ᠤᠨ ᠲᠦᠷᠦᠯ ᠵᠦᠢᠯ ᠤᠨ ᠦᠨᠳᠦᠰᠦᠨ ᠮᠡᠳᠡᠭᠡ ᠵᠠᠩᠭᠢ᠂ ᠲᠣᠬᠢᠷᠠᠭᠤᠯᠤᠯᠲᠠ ︵ | ᠠᠷᠠᠯᠵᠢᠶ᠎ᠠ︶ ᠬᠢᠬᠦ ᠶᠠᠪᠤᠴᠠ ᠶᠢᠨ ᠮᠡᠳᠡᠭᠡ ᠵᠠᠩᠭᠢ᠂ ᠳᠠᠭᠠᠭᠠᠴᠢᠯᠠᠯᠲᠠ ᠳᠤ ᠣᠨᠣᠭᠳᠠᠭᠰᠠᠨ ︵ᠬᠤᠳᠠᠯᠳᠤᠭᠠᠯᠠᠭᠰᠠᠨ︶ | ᠮᠡᠳᠡᠭᠡ ᠵᠠᠩᠭᠢ᠂ ᠭᠡᠷ᠎ᠡ ᠶᠢᠨ ᠪᠣᠯᠵᠤᠭ᠎ᠠ ᠶᠢ ᠭᠦᠢᠴᠡᠳᠭᠡᠭᠰᠡᠨ ᠮᠡᠳᠡᠭᠡ ᠵᠠᠩᠭᠢ ᠶᠢ ᠣᠯᠠᠨ ᠨᠡᠶᠢᠲᠡ ᠶᠢᠨ ᠡᠬᠢ | ᠪᠠᠶᠠᠯᠢᠭ ᠤᠨ ᠲᠣᠬᠢᠷᠠᠭᠤᠯᠤᠯᠲᠠ ᠶᠢ ᠬᠠᠮᠢᠶᠠᠷᠬᠤ ᠪᠠ ᠬᠡᠷᠡᠭᠵᠢᠭᠦᠯᠵᠦ ᠪᠠᠶᠢᠭ᠎ᠠ ᠤᠯᠤᠰ ᠤᠨ ᠪᠠᠶᠢᠭᠤᠯᠭ᠎ᠠ᠂ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠡ ᠠᠴᠠ ᠡᠵᠡᠮᠳᠡᠵᠦ ᠪᠠᠶᠢᠭ᠎ᠠ ᠮᠡᠳᠡᠭᠡ ᠵᠠᠩᠭᠢ ᠶᠢᠨ ᠪᠠᠶᠢᠳᠠᠯ ᠢᠶᠠᠷ ᠢᠶᠠᠨ ᠲᠤᠰ | ᠲᠤᠰ ᠲᠠᠭᠠᠨ ᠢᠯᠡ ᠪᠣᠯᠭᠠᠨ᠎ᠠ᠃ ᠡᠭᠦᠨ ᠠᠴᠠ ᠭᠠᠳᠠᠨ᠎ᠠ᠂ ᠣᠯᠠᠨ ᠨᠡᠶᠢᠲᠡ ᠶᠢᠨ ᠡᠬᠢ ᠪᠠᠶᠠᠯᠢᠭ ᠤᠨ | ᠲᠣᠬᠢᠷᠠᠭᠤᠯᠤᠯᠲᠠ ᠶᠢᠨ ᠲᠠᠯ᠎ᠠ ᠪᠠᠷ ᠬᠢ ︽ᠬᠠᠷ᠎ᠠ ᠳᠠᠩᠰᠠ︾ ᠶᠢᠨ ᠳᠦᠷᠢᠮ ᠢ ᠰᠦᠪᠡᠭᠴᠢᠯᠡᠨ ᠪᠠᠶᠢᠭᠤᠯᠵᠤ᠂ ᠣᠯᠠᠨ | ᠨᠡᠶᠢᠲᠡ ᠶᠢᠨ ᠡᠬᠢ ᠪᠠᠶᠠᠯᠢᠭ ᠢ ᠮᠡᠬᠡᠯᠡᠨ ᠠᠪᠤᠭᠰᠠᠨ ᠵᠡᠷᠭᠡ ᠮᠠᠭᠤ ᠦᠢᠯᠡ ᠠᠵᠢᠯᠯᠠᠭ᠎ᠠ ᠶᠢᠨ ᠮᠡᠳᠡᠭᠡ ᠵᠠᠩᠭᠢ ᠶᠢ | ᠠᠯᠬᠤᠮ ᠠᠯᠬᠤᠮ ᠢᠶᠠᠷ ︽ᠬᠠᠷ᠎ᠠ ᠳᠠᠩᠰᠠ︾ ᠳᠤ ᠣᠷᠤᠭᠤᠯᠵᠤ᠂ ᠬᠠᠮᠢᠶ᠎ᠠ ᠪᠦᠬᠦᠢ ᠮᠡᠳᠡᠭᠡ ᠵᠠᠩᠭᠢ ᠶᠢ ᠬᠠᠷᠢᠭᠤᠴᠠᠨ | ᠬᠠᠮᠢᠶᠠᠷᠴᠤ ᠪᠠᠶᠢᠭ᠎ᠠ ᠰᠠᠯᠠᠭ᠎ᠠ ᠮᠦᠴᠢᠷ ᠠᠴᠠ ᠲᠤᠰ ᠲᠤᠰ ᠲᠠᠭᠠᠨ ᠢᠯᠡ ᠪᠣᠯᠭᠠᠨ᠎ᠠ᠃ | ︵ᠭᠤᠷᠪᠠ︶ ᠢᠯᠡ ᠪᠣᠯᠭᠠᠬᠤ ᠠᠷᠭ᠎ᠠ ᠵᠠᠮ ᠢ ᠥᠷᠭᠡᠳᠭᠡᠨ᠎ᠡ᠃ | ᠵᠠᠰᠠᠭ ᠤᠨ ᠣᠷᠳᠣᠨ ᠤ ᠰᠦᠯᠵᠢᠶ᠎ᠡ ᠶᠢᠨ ᠲᠦᠷᠦᠭᠦᠯᠡᠭᠴᠢ ᠪᠣᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ | ᠣᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠬᠦᠷᠢᠶᠡᠨ ᠳᠠᠬᠢ ᠡᠯ᠎ᠡ ᠲᠦᠷᠦᠯ ᠤᠨ ᠮᠡᠳᠡᠭᠡ | ᠵᠠᠩᠭᠢ ᠶᠢ ᠴᠠᠭ ᠲᠣᠬᠠᠢ ᠳᠤᠨᠢ ᠨᠡᠶᠢᠲᠡᠯᠡᠵᠦ᠂ ᠭᠤᠶᠤᠴᠢᠯᠠᠯ ᠢᠶᠠᠷ ᠢᠯᠡ ᠪᠣᠯᠭᠠᠬᠤ ᠠᠷᠭ᠎ᠠ ᠵᠠᠮ ᠢ ᠰᠠᠭᠠᠳ ᠦᠭᠡᠢ | ᠨᠡᠪᠲᠡᠷᠡᠭᠦᠯᠦᠨ᠎ᠡ᠃ ᠵᠠᠰᠠᠭ ᠤᠨ ᠶᠠᠪᠤᠳᠠᠯ ᠤᠨ ᠪᠢᠴᠢᠯ ᠪᠥᠷᠭᠡ ᠪᠠ ᠸᠢᠴᠠᠲ᠂ ᠰᠣᠨᠢᠨ ᠮᠡᠳᠡᠭᠡ ᠵᠠᠭᠤᠴᠢᠯᠠᠭᠤᠷ᠂ | ᠵᠠᠰᠠᠭ ᠤᠨ ᠶᠠᠪᠤᠳᠠᠯ ᠤᠨ ᠬᠡᠷᠡᠭᠯᠡᠭᠴᠢ ᠶᠢᠨ ᠦᠢᠯᠡᠴᠢᠯᠡᠭᠦᠷ ᠫᠷᠣᠭ᠍ᠷᠠᠮ ᠵᠡᠷᠭᠡ ᠶᠢ ᠢᠳᠡᠪᠬᠢᠲᠡᠢ ᠪᠠᠷ ᠠᠰᠢᠭᠯᠠᠨ ᠮᠡᠳᠡᠭᠡ | ᠵᠠᠩᠭᠢ ᠶᠢ ᠢᠯᠡ ᠪᠣᠯᠭᠠᠬᠤ ᠠᠷᠭ᠎ᠠ ᠵᠠᠮ ᠢ ᠥᠷᠭᠡᠳᠭᠡᠵᠦ᠂ ᠰᠦᠯᠵᠢᠶᠡᠨ ᠳᠡᠭᠡᠷᠡᠬᠢ ᠦᠢᠯᠡᠴᠢᠯᠡᠭᠡ ᠶᠢ ᠦᠷᠨᠢᠭᠦᠯᠦᠨ᠂ | ᠬᠡᠷᠡᠭᠯᠡᠭᠴᠢᠳ ᠤᠨ ᠪᠡᠶ᠎ᠡ ᠪᠠᠷ ᠢᠶᠠᠨ ᠣᠶᠢᠯᠠᠭᠠᠵᠤ ᠬᠢᠬᠦ ᠶᠢ ᠳᠡᠭᠡᠭᠰᠢᠯᠡᠭᠦᠯᠦᠨ᠎ᠡ᠃ ᠪᠦᠬᠦ ᠤᠯᠤᠰ ᠤᠨ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠯᠠᠬᠤ ᠲᠡᠪᠴᠡᠩ ᠢᠶᠠᠷ ᠭᠦᠢᠰᠦ ᠪᠣᠯᠭᠠᠭᠰᠠᠨ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶᠠᠨ ᠤ ᠲᠤᠭ᠎ᠠ ᠪᠠᠷᠢᠮᠲᠠ ᠶᠢ ᠬᠠᠮᠲᠤᠪᠠᠷ ᠬᠦᠷᠲᠡᠬᠦ ᠲᠡᠪᠴᠡᠩ ᠤᠨ ᠰᠢᠰᠲ᠋ᠧᠮᠵᠢ ᠶᠢ ᠪᠠᠶᠢᠭᠤᠯᠵᠤ᠂ | ᠣᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠪᠦᠬᠦ ᠴᠤᠪᠤᠷᠠᠯ ᠤᠨ ᠢᠯᠡ ᠲᠤᠳᠣ ᠪᠣᠯᠬᠤ ᠶᠢ | ᠠᠬᠢᠭᠤᠯᠵᠤ᠂ ᠬᠠᠤᠯᠢ ᠶᠤᠰᠤᠭᠠᠷ ᠢᠯᠡ ᠪᠣᠯᠭᠠᠪᠠᠰᠤ ᠵᠣᠬᠢᠬᠤ ᠡᠯ᠎ᠡ ᠲᠦᠷᠦᠯ ᠤᠨ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶᠠᠨ ᠤ ᠠᠯᠪᠠᠨ ᠵᠠᠷ᠂ ᠬᠢᠷᠢ ᠭᠡᠮ ᠢ ᠬᠢᠨᠠᠨ ᠪᠠᠶᠢᠴᠠᠭᠠᠭᠰᠠᠨ ᠦᠷ᠎ᠡ ᠳ᠋ᠦᠩ᠂ ᠠᠷᠠᠯᠵᠢᠶᠠᠯᠠᠬᠤ | ᠶᠠᠪᠤᠴᠠ ᠶᠢᠨ ᠮᠡᠳᠡᠭᠡ ᠵᠠᠩᠭᠢ᠂ ᠬᠤᠳᠠᠯᠳᠤᠭᠠᠯᠠᠭᠰᠠᠨ ᠮᠡᠳᠡᠭᠡ ᠵᠠᠩᠭᠢ᠂ ᠭᠡᠷ᠎ᠡ ᠶᠢᠨ ᠪᠣᠯᠵᠤᠭ᠎ᠠ ᠶᠢ ᠭᠦᠢᠴᠡᠳᠭᠡᠭᠰᠡᠨ | ᠮᠡᠳᠡᠭᠡ ᠵᠠᠩᠭᠢ ᠵᠢᠴᠢ ᠬᠤᠯᠪᠣᠭᠳᠠᠯ ᠪᠦᠬᠦᠢ ᠰᠢᠨᠡᠳᠭᠡᠵᠦ ᠬᠤᠪᠢᠷᠠᠭᠤᠯᠤᠭᠰᠠᠨ ᠮᠡᠳᠡᠭᠡ ᠵᠠᠩᠭᠢ ᠵᠡᠷᠭᠡ ᠶᠢ | ᠲᠣᠭᠲᠠᠭᠠᠭᠰᠠᠨ ᠵᠠᠭᠤᠴᠢᠯᠠᠭᠤᠷ ᠲᠤ ᠨᠡᠶᠢᠲᠡᠯᠡᠭᠰᠡᠨ ᠤ ᠳᠠᠷᠠᠭ᠎ᠠ᠂ ᠵᠣᠬᠢᠬᠤ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠠᠨ ᠤ ᠲᠡᠪᠴᠡᠩ ᠯᠤᠭ᠎ᠠ ᠮᠡᠳᠡᠭᠡ ᠵᠠᠩᠭᠢ ᠪᠠᠨ ᠬᠠᠮᠲᠤᠪᠠᠷ ᠬᠦᠷᠲᠡᠬᠦ ᠶᠢ ᠪᠡᠶᠡᠯᠡᠭᠦᠯᠬᠦ ᠶᠢᠨ ᠬᠠᠮᠲᠤ᠂ ᠪᠦᠬᠦ | ᠤᠯᠤᠰ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠡᠪᠴᠡᠩ ᠲᠠᠢ ᠴᠠᠭ ᠲᠣᠬᠠᠢ ᠳᠤᠨᠢ | ᠬᠠᠷᠢᠯᠴᠠᠨ ᠰᠤᠯᠢᠯᠴᠠᠵᠤ ᠬᠤᠷᠢᠶᠠᠩᠭᠤᠶᠢᠯᠠᠨ ᠨᠡᠶᠢᠲᠡᠯᠡᠨ᠎ᠡ᠃ ᠣᠯᠠᠨ ᠨᠡᠶᠢᠲᠡ ᠶᠢᠨ ᠡᠬᠢ ᠪᠠᠶᠠᠯᠢᠭ ᠤᠨ | ᠲᠣᠬᠢᠷᠠᠭᠤᠯᠤᠯᠲᠠ ᠶᠢᠨ ᠬᠦᠷᠢᠶᠡᠨ ᠳᠠᠬᠢ ᠢᠲᠡᠭᠡᠮᠵᠢ ᠶᠢᠨ ᠮᠡᠳᠡᠭᠡ ᠵᠠᠩᠭᠢ ᠶᠢ ᠪᠦᠬᠦ ᠤᠯᠤᠰ ᠤᠨ ᠢᠲᠡᠭᠡᠮᠵᠢ ᠶᠢᠨ | ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠲᠡᠪᠴᠡᠩ ᠲᠠᠢ ᠴᠠᠭ ᠲᠣᠬᠠᠢ ᠳᠤᠨᠢ ᠬᠠᠷᠢᠯᠴᠠᠨ ᠰᠤᠯᠢᠯᠴᠠᠬᠤ ᠶᠢᠨ ᠬᠠᠮᠲᠤ᠂ | ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ᠳᠤ ᠲᠦᠰᠢᠭᠯᠡᠨ ᠴᠠᠭ ᠲᠣᠬᠠᠢ ᠳᠤᠨᠢ ᠢᠯᠡ ᠪᠣᠯᠭᠠᠨ᠎ᠠ᠃ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠡᠪᠴᠡᠩ ᠢ ᠪᠤᠰᠤᠳ ᠵᠠᠰᠠᠭ ᠤᠨ ᠶᠠᠪᠤᠳᠠᠯ ᠤᠨ ᠮᠡᠳᠡᠭᠡ | ᠵᠠᠩᠭᠢ ᠶᠢᠨ ᠰᠢᠰᠲ᠋ᠧᠮ ᠯᠦᠭᠡ ᠡᠮᠬᠢᠯᠡᠨ ᠨᠡᠶᠢᠯᠡᠭᠦᠯᠵᠦ ᠬᠠᠮᠲᠤᠪᠠᠷ ᠬᠦᠷᠲᠡᠬᠦ ᠪᠣᠯᠭᠠᠵᠤ᠂ ᠣᠯᠠᠨ ᠨᠡᠶᠢᠲᠡ ᠶᠢᠨ ᠡᠬᠢ | ᠪᠠᠶᠠᠯᠢᠭ ᠤᠨ ᠲᠣᠬᠢᠷᠠᠭᠤᠯᠤᠯᠲᠠ ᠶᠢᠨ ᠮᠡᠳᠡᠭᠡ ᠵᠠᠩᠭᠢ ᠶᠢ ᠪᠤᠰᠤᠳ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ | ᠡᠬᠢ ᠪᠠᠶᠠᠯᠢᠭ ᠯᠤᠭ᠎ᠠ ᠬᠠᠮᠲᠤᠪᠠᠷ ᠬᠦᠷᠲᠡᠵᠦ ᠪᠣᠯᠬᠤ ᠪᠠᠷ ᠵᠤᠯᠭᠠᠭᠤᠯᠬᠤ ᠶᠢ ᠪᠡᠶᠡᠯᠡᠭᠦᠯᠦᠨ᠎ᠡ᠃ | ︵ᠳᠥᠷᠪᠡ︶ ᠢᠯᠡ ᠪᠣᠯᠭᠠᠬᠤ ᠬᠦᠴᠦᠨ ᠲᠡᠭᠦᠯᠳᠡᠷ ᠬᠤᠭᠤᠴᠠᠭ᠎ᠠ ᠶᠢ ᠴᠢᠩᠭᠠᠷᠠᠭᠤᠯᠤᠨ᠎ᠠ᠃ | ᠢᠯᠡ ᠪᠣᠯᠭᠠᠬᠤ ᠶᠢ ᠬᠡᠪ ᠤᠨ ᠪᠠᠶᠢᠳᠠᠯ ᠢᠶᠠᠷ ᠦᠵᠡᠬᠦ᠂ ᠢᠯᠡ ᠪᠣᠯᠭᠠᠬᠤ ᠦᠭᠡᠢ ᠶᠢ ᠣᠨᠴᠤᠭᠤᠢ | ᠪᠠᠶᠢᠳᠠᠯ ᠢᠶᠠᠷ ᠦᠵᠡᠬᠦ ᠶᠢ ᠪᠠᠷᠢᠮᠲᠠᠯᠠᠵᠤ᠂ ᠤᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ | ᠶᠠᠪᠤᠴᠠ ᠳᠤ ᠪᠣᠢ ᠪᠣᠯᠣᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠳᠠᠬᠢ ᠤᠯᠤᠰ ᠤᠨ ᠨᠢᠭᠤᠴᠠ᠂ | ᠬᠤᠳᠠᠯᠳᠤᠭᠠᠨ ᠤ ᠨᠢᠭᠤᠴᠠ ᠵᠡᠷᠭᠡ ᠠᠭᠤᠯᠭ᠎ᠠ ᠳᠤ ᠬᠤᠯᠪᠣᠭᠳᠠᠬᠤ ᠠᠴᠠ ᠪᠤᠰᠤᠳ ᠢ ᠪᠣᠯ ᠬᠠᠤᠯᠢ ᠶᠤᠰᠤᠭᠠᠷ ᠴᠠᠭ | ᠲᠣᠬᠠᠢ ᠳᠤᠨᠢ ᠢᠯᠡ ᠪᠣᠯᠭᠠᠨ᠎ᠠ᠃ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠪᠠᠷ ᠲᠣᠭᠲᠠᠭᠠᠭᠳᠠᠭᠰᠠᠨ ᠮᠡᠳᠡᠭᠡ | ᠵᠠᠩᠭᠢ ᠶᠢ ᠪᠣᠯ ᠬᠠᠤᠯᠢ ᠴᠠᠭᠠᠵᠠ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠠᠴᠠ ᠪᠤᠰᠤᠳ ᠲᠤᠨᠢ ︽ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ | ᠳᠦᠷᠢᠮ︾ ᠤᠨ ᠲᠣᠭᠲᠠᠭᠠᠯ ᠢ ᠴᠢᠩᠭ᠎ᠠ ᠵᠢᠷᠤᠮᠯᠡᠵᠦ᠂ ᠵᠠᠰᠠᠭ ᠤᠨ ᠣᠷᠳᠣᠨ ᠤ ᠮᠡᠳᠡᠭᠡ ᠵᠠᠩᠭᠢ ᠪᠣᠢ ᠪᠣᠯᠣᠭᠰᠠᠨ | ᠪᠤᠶᠤ ᠰᠢᠨᠡᠳᠭᠡᠵᠦ ᠬᠤᠪᠢᠷᠠᠭᠤᠯᠤᠬᠰᠠᠨ ᠡᠳᠦᠷ ᠠᠴᠠ ᠡᠬᠢᠯᠡᠵᠦ 20 ᠠᠵᠢᠯ ᠤᠨ ᠡᠳᠦᠷ ᠳᠤᠲᠤᠷ᠎ᠠ ᠢᠯᠡ ᠪᠣᠯᠭᠠᠵᠤ᠂ | ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢᠨ ᠵᠦᠢᠯᠡᠰ ᠢ ᠵᠠᠰᠠᠭ | ᠵᠠᠬᠢᠷᠭᠠᠨ ᠤ ᠲᠣᠭᠲᠠᠭᠠᠯ ᠭᠠᠷᠭᠠᠭᠰᠠᠨ ᠡᠳᠦᠷ ᠠᠴᠠ ᠡᠬᠢᠯᠡᠵᠦ 7 ᠠᠵᠢᠯ ᠤᠨ ᠡᠳᠦᠷ ᠲᠤᠳᠤᠷ᠎ᠠ ᠰᠦᠯᠵᠢᠶᠡᠨ ᠳᠡᠭᠡᠷ᠎ᠡ | ᠢᠯᠡ ᠪᠣᠯᠭᠠᠨ᠎ᠠ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠳᠤ ᠬᠠᠤᠯᠢ ᠪᠠᠷ | ᠲᠣᠭᠲᠠᠭᠠᠭᠰᠠᠨ ᠴᠠᠭ ᠬᠤᠭᠤᠴᠠᠭ᠎ᠠ ᠪᠠ ᠰᠢᠯᠲᠠᠭᠠᠨ ᠢ ᠴᠢᠩᠭ᠎ᠠ ᠵᠢᠷᠤᠮᠯᠡᠨ ᠬᠠᠷᠢᠭᠤ ᠥᠭᠬᠦ ᠬᠡᠷᠡᠭᠲᠡᠢ᠃ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠷᠠᠭᠤᠯᠤᠨ᠎ᠠ᠃ | ᠡᠯ᠎ᠡ ᠱᠠᠲᠤᠨ ᠤ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠣᠯᠠᠨ ᠨᠡᠶᠢᠲᠡ ᠶᠢᠨ | ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ | ᠴᠢᠩᠭᠠᠳᠬᠠᠨ᠂ ᠡᠭᠦᠷᠭᠡ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠡᠭᠦᠨ ᠢᠶᠠᠷ ᠵᠠᠰᠠᠭ ᠤᠨ ᠶᠠᠪᠤᠳᠠᠯ ᠢ | ᠢᠯᠡ ᠪᠣᠯᠭᠠᠬᠤ ᠠᠵᠢᠯ ᠢ ᠭᠦᠨᠵᠡᠭᠡᠶᠢᠷᠡᠭᠦᠯᠬᠦ ᠶᠢᠨ ᠪᠦᠲᠦᠮᠵᠢᠲᠡᠢ ᠭᠠᠷᠳᠠᠴᠠ ᠪᠣᠯᠭᠠᠬᠤ ᠬᠡᠷᠡᠭᠲᠡᠢ᠃ ᠡᠯ᠎ᠡ ᠱᠠᠲᠤᠨ ᠤ | ᠵᠠᠰᠠᠭ ᠤᠨ ᠣᠷᠳᠣᠨ ᠨᠢ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠵᠢᠯ ᠤᠨ | ᠬᠤᠪᠢᠶᠠᠷᠢᠯᠠᠯ ᠢᠶᠠᠨ ᠲᠤᠳᠤᠷᠬᠠᠶᠢᠯᠠᠨ᠂ ᠬᠠᠷᠢᠭᠤᠴᠠᠯᠭ᠎ᠠ ᠪᠠᠨ ᠪᠠᠲᠤᠳᠬᠠᠬᠤ ᠬᠡᠷᠡᠭᠲᠡᠢ᠂ ᠵᠠᠰᠠᠭ ᠤᠨ ᠣᠷᠳᠣᠨ ᠤ | ᠠᠯᠪᠠᠨ ᠲᠢᠩᠭᠢᠮ ︵ᠭᠡᠷ︶ ᠨᠢ ᠵᠣᠬᠢᠶᠠᠨ ᠪᠠᠶᠢᠭᠤᠯᠵᠤ ᠵᠣᠬᠢᠴᠠᠭᠤᠯᠬᠤ ᠰᠠᠯᠠᠭ᠎ᠠ ᠮᠦᠴᠢᠷ ᠪᠤᠯᠤᠭᠰᠠᠨ ᠤ ᠬᠤᠪᠢ ᠳᠤ᠂ | ᠬᠥᠭᠵᠢᠭᠦᠯᠦᠯᠲᠡ ᠦᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠬᠢᠵᠢᠯᠲᠠ᠂ ᠡᠳ᠋ ᠤᠨ ᠵᠠᠰᠠᠭ᠂ | ᠤᠯᠤᠰ ᠤᠨ ᠭᠠᠵᠠᠷ ᠰᠢᠷᠤᠢ ᠡᠬᠢ ᠪᠠᠶᠠᠯᠢᠭ᠂ ᠣᠷᠴᠢᠨ ᠲᠣᠭᠤᠷᠢᠨ ᠤ ᠬᠠᠮᠠᠭᠠᠯᠠᠯᠲᠠ᠂ ᠣᠷᠣᠨ ᠰᠠᠭᠤᠴᠠ ᠬᠤᠲᠠ | ᠬᠦᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠠᠰᠢᠭᠯᠠᠯᠲᠠ᠂ ᠲᠠᠷᠢᠶᠠᠯᠠᠩ᠂ | ᠬᠤᠳᠠᠯᠳᠤᠭᠠᠨ ᠤ ᠶᠠᠪᠤᠳᠠᠯ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ᠂ ᠬᠢᠨᠠᠨ ᠪᠣᠳᠣᠯᠲᠠ᠂ ᠤᠯᠤᠰ ᠤᠨ | ᠦᠮᠴᠢᠯᠡᠯᠲᠦ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ᠂ ᠭᠠᠶᠢᠯᠢ ᠶᠢᠨ ᠶᠠᠪᠤᠳᠠᠯ᠂ ᠣᠢ ᠰᠢᠭᠤᠢ᠂ ᠲᠡᠮᠦᠷ ᠵᠠᠮ᠂ | ᠠᠷᠠᠳ ᠤᠨ ᠠᠭᠠᠷ ᠤᠨ ᠲᠡᠭᠡᠭᠡᠪᠦᠷᠢ ᠵᠡᠷᠭᠡ ᠰᠠᠯᠠᠭ᠎ᠠ ᠮᠦᠴᠢᠷ ᠵᠢᠴᠢ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠠᠨ ᠤ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠲᠠᠢ ᠬᠠᠮᠲᠤᠷᠠᠨ᠂ ᠲᠤᠳᠤᠷᠬᠠᠢ | ᠠᠵᠢᠯ ᠤᠨ ᠬᠠᠷᠠᠯᠲᠠ ᠪᠠ ᠪᠣᠲᠠᠲᠠᠢ ᠠᠵᠢᠯ ᠤᠨ ᠲᠣᠬᠢᠷᠠᠭᠤᠯᠤᠯᠲᠠ ᠶᠢ ᠳᠤᠷᠠᠳᠴᠤ᠂ ᠬᠢᠨᠠᠮᠠᠭᠠᠢ ᠪᠠᠷ ᠵᠣᠬᠢᠶᠠᠨ | ᠪᠠᠶᠢᠭᠤᠯᠵᠤ ᠬᠡᠷᠡᠭᠵᠢᠭᠦᠯᠬᠦ ᠶᠢᠨ ᠬᠠᠮᠲᠤ᠂ ᠵᠠᠰᠠᠭ ᠤᠨ ᠶᠠᠪᠤᠳᠠᠯ ᠤᠨ ᠶᠠᠷᠢᠶ᠎ᠠ ᠬᠡᠯᠡᠯᠴᠡᠭᠡ ᠶᠢ ᠬᠢᠨᠠᠨ ᠰᠢᠨᠵᠢᠬᠦ ᠪᠠ | ᠬᠠᠷᠢᠭᠤ ᠲᠤᠰᠬᠠᠬᠤ ᠶᠢ ᠰᠠᠶᠢᠲᠤᠷ ᠬᠢᠵᠦ᠂ ᠡᠭᠦᠷᠭᠡ ᠶᠢ ᠵᠦᠢᠯ ᠳᠠᠷᠠᠭᠠᠯᠠᠨ ᠨᠠᠶᠢᠳᠠᠪᠤᠷᠢᠵᠢᠭᠤᠯᠬᠤ ᠪᠠᠨ ᠦᠨᠡᠨᠬᠦ | ᠪᠠᠲᠤᠯᠠᠬᠤ ᠬᠡᠷᠡᠭᠲᠡᠢ᠃ | ︵ᠬᠤᠶᠠᠷ︶ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠎ᠠ᠃ | ᠡᠯ᠎ᠡ ᠱᠠᠲᠤᠨ ᠤ ᠵᠠᠰᠠᠭ ᠤᠨ ᠣᠷᠳᠣᠨ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ | ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠳᠤ ᠲᠣᠭᠲᠠᠮᠠᠯ | ᠬᠤᠭᠤᠴᠠᠭ᠎ᠠ ᠲᠠᠢ ᠪᠠᠷ ᠪᠠᠶᠢᠴᠠᠭᠠᠬᠤ ᠬᠡᠷᠡᠭᠲᠡᠢ᠂ ᠭᠤᠣᠯᠳᠠᠭᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠭᠰᠠᠨ ᠪᠠᠶᠢᠳᠠᠯ᠂ ᠢᠯᠡ ᠪᠣᠯᠭᠠᠬᠤ ᠬᠦᠴᠦᠨ ᠲᠡᠭᠦᠯᠳᠡᠷ ᠬᠤᠭᠤᠴᠠᠭ᠎ᠠ᠂ ᠠᠷᠠᠯᠵᠢᠶᠠᠨ ᠤ ᠲᠡᠪᠴᠡᠩ ᠤᠨ | ᠡᠵᠡᠮᠳᠡᠵᠦ ᠪᠠᠶᠢᠭ᠎ᠠ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠪᠠ ᠢᠯᠡ ᠪᠣᠯᠭᠠᠭᠰᠠᠨ ᠪᠠᠶᠢᠳᠠᠯ ᠵᠡᠷᠭᠡ ᠪᠠᠭᠲᠠᠨ᠎ᠠ᠃ | ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠲᠤᠰ ᠬᠦᠷᠢᠶᠡᠨ ᠳᠠᠬᠢ ᠠᠵᠢᠯ ᠤᠨ ᠠᠬᠢᠴᠠ ᠶᠢᠨ ᠪᠠᠶᠢᠳᠠᠯ ᠢᠶᠠᠨ | ᠠᠳᠠᠯᠢ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ | ᠵᠢᠯ ᠪᠦᠷᠢ ᠮᠡᠳᠡᠭᠦᠯᠬᠦ ᠶᠢᠨ ᠬᠠᠮᠲᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠭᠰᠠᠨ ᠣᠨ ᠤ | ᠮᠡᠳᠡᠭᠦᠯᠦᠯᠲᠡ ᠳᠤ ᠨᠡᠶᠢᠲᠡᠯᠡᠵᠦ᠂ ᠨᠡᠶᠢᠭᠡᠮ ᠨᠡᠶᠢᠲᠡ᠂ ᠰᠣᠨᠢᠨ ᠮᠡᠳᠡᠭᠡ ᠵᠠᠭᠤᠴᠢᠯᠠᠭᠤᠷ ᠤᠨ ᠬᠢᠨᠠᠯᠲᠠ ᠲᠠᠯᠪᠢᠯᠲᠠ ᠶᠢ | ᠬᠦᠯᠢᠶᠡᠬᠦ ᠬᠡᠷᠡᠭᠲᠡᠢ᠃ | ︵ᠭᠤᠷᠪᠠ︶ ᠰᠢᠯᠭᠠᠨ ᠬᠢᠨᠠᠵᠤ ᠦᠨᠡᠯᠡᠨ ᠵᠢᠱᠢᠬᠦ ᠶᠢ ᠰᠠᠶᠢᠲᠤᠷ ᠬᠢᠨ᠎ᠡ᠃ | ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠨᠢ ᠵᠠᠰᠠᠭ ᠤᠨ ᠶᠠᠪᠤᠳᠠᠯ ᠢ ᠢᠯᠡ ᠪᠣᠯᠭᠠᠬᠤ | ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠠᠮᠢᠶ᠎ᠠ ᠪᠦᠬᠦᠢ ᠲᠣᠭᠲᠠᠭᠠᠯ ᠶᠤᠰᠤᠭᠠᠷ᠂ ᠣᠯᠠᠨ | ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠢᠯᠡ ᠪᠣᠯᠭᠠᠬᠤ ᠠᠵᠢᠯ ᠢ ᠵᠠᠰᠠᠭ ᠤᠨ ᠶᠠᠪᠤᠳᠠᠯ ᠤᠨ ᠢᠯᠡ ᠪᠣᠯᠭᠠᠬᠤ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠬᠢᠨᠠᠬᠤ ᠬᠡᠪᠴᠢᠶᠡᠨ ᠳᠤ ᠣᠷᠤᠭᠤᠯᠵᠤ᠂ ᠰᠢᠯᠭᠠᠨ ᠬᠢᠨᠠᠬᠤ ᠡᠷᠴᠢᠮ ᠢᠶᠠᠨ | ᠴᠢᠩᠭᠠᠷᠠᠭᠤᠯᠬᠤ ᠶᠢᠨ ᠬᠠᠮᠲᠤ᠂ ᠭᠤᠷᠪᠠᠳᠡᠬᠢ ᠡᠲᠡᠭᠡᠳ ᠠᠴᠠ ᠦᠨᠡᠯᠡᠨ ᠵᠢᠱᠢᠬᠦ ᠲᠣᠭᠲᠠᠴᠠ ᠶᠢ ᠲᠠᠲᠠᠨ | ᠣᠷᠤᠭᠤᠯᠬᠤ ᠪᠠᠷ ᠰᠦᠪᠡᠭᠴᠢᠯᠡᠵᠦ᠂ ᠠᠵᠢᠯ ᠤᠨ ᠪᠦᠲᠦᠮᠵᠢᠲᠡᠢ ᠦᠷᠨᠢᠭᠦᠯᠬᠦ ᠶᠢ ᠠᠬᠢᠭᠤᠯᠬᠤ ᠬᠡᠷᠡᠭᠲᠡᠢ᠃ | ᠤᠷᠮᠠᠰᠢᠭᠤᠯᠬᠤ ᠪᠠ ᠬᠦᠯᠢᠶᠡᠰᠦᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠢᠯᠡ ᠪᠣᠯᠭᠠᠬᠤ ᠡᠭᠦᠷᠭᠡ | ᠬᠠᠷᠢᠭᠤᠴᠠᠯᠭ᠎ᠠ ᠪᠠᠨ ᠬᠠᠮᠢᠶ᠎ᠠ ᠪᠦᠬᠦᠢ ᠲᠣᠭᠲᠠᠭᠠᠯ ᠪᠠ ᠱᠠᠭᠠᠷᠳᠠᠯᠭ᠎ᠠ ᠶᠤᠰᠤᠭᠠᠷ ᠭᠦᠢᠴᠡᠳᠭᠡᠭᠰᠡᠨ ᠦᠭᠡᠢ ᠪᠣᠯ | ᠨᠡᠪᠲᠡᠷᠡᠭᠦᠯᠦᠨ ᠮᠡᠳᠡᠭᠡᠯᠡᠵᠦ ᠰᠢᠭᠦᠮᠵᠢᠯᠡᠬᠦ ᠶᠢᠨ ᠬᠠᠮᠲᠤ᠂ ᠣᠨ ᠤ ᠰᠢᠯᠭᠠᠨ ᠬᠢᠨᠠᠬᠤ ᠠᠵᠢᠯ ᠳᠤ ᠢᠯᠡᠷᠡᠭᠦᠯᠬᠦ ᠬᠡᠷᠡᠭᠲᠡᠢ︔ | ᠠᠵᠢᠯ ᠤᠨ ᠦᠷ᠎ᠡ ᠪᠦᠲᠦᠮᠵᠢ ᠪᠠᠷ ᠳᠤᠪᠤᠶᠢᠮ᠎ᠠ ᠪᠠᠶᠢᠪᠠᠯ᠂ ᠰᠠᠶᠢᠰᠢᠶᠠᠨ ᠬᠦᠬᠢᠭᠦᠯᠬᠦ ᠪᠠᠷ ᠨᠡᠪᠲᠡᠷᠡᠭᠦᠯᠦᠨ | ᠮᠡᠳᠡᠭᠡᠯᠡᠨ᠎ᠡ᠃ | | | ᠨᠡᠶᠢᠬᠡᠮ ᠤᠨ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠳᠠ ᠶᠢᠨ ᠭᠦᠷᠢᠶᠡᠨ ᠳᠠᠬᠢ ᠵᠠᠰᠠᠭ ᠤᠨ | ᠤᠷᠳᠤᠨ ᠤ ᠮᠡᠳᠡᠭᠡ ᠵᠠᠩᠬᠢ ᠶᠢᠨ ᠢᠯᠡ ᠪᠤᠯᠭᠠᠬᠤ ᠶᠢ ᠠᠬᠢᠭᠤᠯᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ | ᠠᠯᠪᠠᠨ ᠲᠢᠩᠬᠢᠮ ᠤᠨ ᠰᠠᠨᠠᠯ | | | ︵ᠲᠦᠷᠦ ᠠᠯᠪᠠᠨ ᠲᠠᠷᠬᠠᠭᠠᠨᠨᠰᠠᠨ ﹇2018﹈ 10 ᠳ᠋ᠤᠭᠠᠷ ᠲᠤᠭᠠᠳᠤ︶ | 2 ᠳ᠋ᠤᠭᠠᠷ ᠰᠠᠷ᠎ᠠ ᠶᠢᠨ 9 ᠤ ᠡᠳᠦᠷ | | | ᠡᠯ᠎ᠡ ᠮᠤᠵᠢ᠂ ᠦᠪᠡᠷᠳᠡᠬᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ᠂ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠯ᠎ᠡ ᠶᠠᠮᠤᠨ ᠵᠦᠪᠯᠡᠯ᠂ ᠡᠯ᠎ᠡ ᠰᠢᠭᠤᠳ ᠬᠠᠷᠢᠶ᠎ᠠ ᠪᠠᠶᠢᠭᠤᠯᠤᠮᠵᠢ ᠳᠤ᠄ | ᠨᠡᠶᠢᠬᠡᠮ ᠤᠨ ᠨᠡᠶᠢᠳᠡ ᠶᠢᠨ ᠠᠰᠠᠷᠠᠮᠵᠢ ᠶᠢᠨ ᠦᠢᠯᠡᠰ ᠪᠤᠯ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ | ᠨᠡᠮᠡᠭᠳᠡᠬᠦᠯᠬᠦ᠂ ᠨᠡᠶᠢᠬᠡᠮ ᠤᠨ ᠲᠦᠮᠡᠨ ᠤᠯᠠᠨ ᠳᠤ ᠠᠰᠢᠭ ᠭᠦᠷᠳᠡᠬᠡᠬᠦ ᠦᠢᠯᠡᠰ ᠮᠦᠨ᠂ ᠲᠡᠷᠡ ᠨᠢ ᠠᠵᠦ ᠠᠬᠤᠢ | ᠨᠡᠶᠢᠬᠡᠮ ᠤᠨ ᠭᠦᠭᠵᠢᠯᠳᠡ ᠶᠢᠨ ᠵᠤᠬᠢᠴᠠᠩᠭᠤᠢ ᠭᠦᠭᠵᠢᠯᠳᠡ ᠳᠤ ᠬᠤᠯᠪᠤᠨᠨᠳᠠᠵᠦ᠂ ᠠᠷᠠᠳ ᠤᠨ ᠠᠮᠢᠳᠤᠷᠠᠯ ᠢ | ᠪᠠᠳᠤᠯᠠᠨ ᠰᠠᠶᠢᠵᠢᠷᠠᠭᠤᠯᠬᠤ᠂ ᠨᠡᠶᠢᠬᠡᠮ ᠤᠨ ᠡᠶ᠎ᠡ ᠵᠤᠬᠢᠴᠠᠯ ᠪᠠ ᠲᠤᠨᠨᠳᠠᠭᠤᠨ ᠪᠠᠶᠢᠳᠠᠯ ᠢ ᠠᠬᠢᠭᠤᠯᠬᠤ᠂ | ᠦᠨᠳᠦᠰᠦᠳᠡᠨ ᠤ ᠵᠤᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠬᠤ᠂ ᠨᠡᠶᠢᠬᠡᠮ ᠤᠨ ᠬᠡᠪ ᠵᠠᠩᠰᠢᠯ ᠢ ᠭᠦᠳᠦᠯᠦᠨ | ᠵᠢᠯᠤᠭᠤᠳᠬᠤ ᠳᠤ ᠴᠢᠬᠤᠯᠠ ᠠᠴᠢ ᠬᠤᠯᠪᠤᠨᠨᠳᠠᠯ ᠲᠠᠢ ᠶᠤᠮ᠃ ᠤᠶᠢᠷ᠎ᠠ ᠶᠢᠨ ᠵᠢᠯ ᠤᠳ ᠲᠤ᠂ ᠮᠠᠨ ᠤ ᠤᠯᠤᠰ ᠤᠨ | ᠨᠡᠶᠢᠬᠡᠮ ᠤᠨ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠳᠠ ᠮᠡᠳᠡᠭᠳᠡᠬᠦ᠋ᠢᠴᠡ ᠠᠮᠵᠢᠯᠳᠠ ᠪᠦᠳᠦᠮᠵᠢ | ᠤᠯᠵᠦ᠂ ᠨᠡᠶᠢᠬᠡᠮ ᠤᠨ ᠡᠯ᠎ᠡ ᠡᠳᠡᠬᠡᠳ ᠤᠨ ᠬᠢᠨ ᠤ ᠤᠷᠤᠯᠴᠠᠬᠤ ᠤᠷᠬᠢᠯᠦᠮ᠎ᠠ ᠰᠡᠳᠬᠢᠯᠬᠡ ᠪᠠ ᠬᠠᠯᠠᠮᠵᠢᠯᠠᠨ | ᠠᠩᠬᠠᠷᠴᠤ ᠪᠠᠶᠢᠭ᠎ᠠ ᠬᠡᠮᠵᠢᠶ᠎ᠡ ᠤᠯᠠᠮ ᠠᠴᠠ ᠤᠯᠠᠮ ᠨᠡᠮᠡᠭᠳᠡᠭᠰᠡᠨ ᠪᠤᠯᠪᠠᠴᠤ᠂ ᠮᠦᠨᠬᠦ ᠰᠠᠨᠠᠭᠠᠴᠢᠯᠠᠭ᠎ᠠ ᠠᠴᠠ ᠪᠠᠨ᠂ | ᠴᠠᠭ ᠲᠤᠬᠠᠢ ᠳᠤᠨᠢ᠂ ᠪᠦᠭᠦ ᠲᠠᠯ᠎ᠠ ᠪᠠᠷ ᠬᠠᠮᠢᠶ᠎ᠠ ᠪᠦᠭᠦᠢ ᠮᠡᠳᠡᠭᠡ ᠵᠠᠩᠬᠢ ᠶᠢ ᠢᠯᠡ ᠪᠤᠯᠭᠠᠬᠤ ᠦᠬᠡᠢ᠂ ᠨᠡᠶᠢᠳᠡ | ᠤᠯᠠᠨ ᠤ ᠠᠩᠬᠠᠷᠤᠯ ᠲᠠᠯᠪᠢᠵᠦ ᠪᠠᠶᠢᠭ᠎ᠠ ᠵᠦᠢᠯ ᠳᠤ ᠲᠠᠶᠢᠯᠤᠮᠵᠢ ᠬᠢᠵᠦ ᠭᠦᠳᠦᠯᠦᠨ ᠵᠢᠯᠤᠭᠤᠳᠬᠤ ᠪᠠᠷ ᠭᠦᠷᠦᠯᠴᠡᠬᠦ | ᠦᠬᠡᠢ ᠵᠡᠷᠬᠡ ᠠᠰᠠᠭᠤᠳᠠᠯ ᠤᠷᠤᠰᠢᠵᠦ ᠪᠠᠶᠢᠬᠤ ᠪᠤᠯᠬᠤᠷ᠂ ᠨᠡᠶᠢᠬᠡᠮ ᠤᠨ ᠨᠡᠶᠢᠳᠡ ᠶᠢᠨ ᠠᠰᠠᠷᠠᠮᠵᠢ ᠶᠢᠨ ᠦᠢᠯᠡᠰ ᠤᠨ | ᠨᠡᠶᠢᠳᠡ ᠳᠤ ᠢᠳᠡᠬᠡᠬᠦᠯᠬᠦ ᠭᠦᠴᠦᠨ ᠪᠠ ᠲᠦᠪ ᠭᠤᠤᠯᠴᠢ ᠴᠢᠨᠠᠷ ᠲᠤ ᠵᠤᠬᠢᠬᠤ ᠬᠡᠮᠵᠢᠶᠡᠨ ᠤ ᠬᠤᠬᠢᠷᠠᠯ | ᠤᠴᠠᠷᠠᠭᠤᠯᠪᠠ᠃ ᠨᠡᠶᠢᠬᠡᠮ ᠤᠨ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠳᠠ ᠶᠢᠨ ᠭᠦᠷᠢᠶᠡᠨ ᠳᠠᠬᠢ | ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ ᠠᠵᠢᠯ ᠢ ᠤᠯᠠᠮ ᠨᠢᠬᠡ ᠠᠯᠬᠤᠮ ᠠᠬᠢᠭᠤᠯᠵᠦ᠂ | ᠤᠯᠤᠰ ᠤᠨ ᠵᠠᠰᠠᠯᠳᠠ ᠶᠢᠨ ᠰᠢᠰᠲ᠋ᠧᠮᠵᠢ ᠪᠠ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ ᠶᠢᠨ | ᠲᠤᠰᠠᠳᠠ᠂ ᠲᠦᠷᠦ ᠶᠢᠨ ᠶᠠᠪᠤᠳᠠᠯ ᠤᠨ ᠬᠤᠷᠢᠶ᠎ᠠ ᠪᠠᠷ ᠵᠦᠪᠰᠢᠶᠡᠷᠡᠬᠦᠯᠦᠬᠡᠳ᠂ ᠡᠳᠦᠬᠡ ᠲᠤᠤᠷᠠᠬᠢ ᠮᠡᠳᠦ ᠰᠠᠨᠠᠯ ᠢ | ᠲᠤᠷᠠᠳᠪᠠ᠃ | ᠨᠢᠬᠡ᠂ ᠶᠡᠷᠦᠩᠬᠡᠢ ᠱᠠᠭᠠᠷᠳᠠᠯᠭ᠎ᠠ | ︵ᠨᠢᠬᠡ︶ ᠵᠢᠯᠤᠭᠤᠳᠬᠤ ᠦᠵᠡᠯ ᠰᠠᠨᠠᠭ᠎ᠠ᠃ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ | ᠰᠠᠨᠠᠭ᠎ᠠ ᠶᠢ ᠪᠦᠭᠦ ᠲᠠᠯ᠎ᠠ ᠪᠠᠷ ᠲᠤᠤᠱᠯᠠᠭᠤᠯᠵᠦ᠂ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠲᠤᠮᠳᠠᠳᠤ | ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠨ᠂ | ᠵᠠᠰᠠᠭ ᠤᠨ ᠶᠠᠪᠤᠳᠠᠯ ᠢ ᠢᠯᠡ ᠪᠤᠯᠭᠠᠬᠤ ᠠᠵᠢᠯ ᠢ ᠪᠦᠭᠦ ᠲᠠᠯ᠎ᠠ ᠪᠠᠷ ᠠᠬᠢᠭᠤᠯᠬᠤ ᠲᠤᠬᠠᠢ ᠨᠠᠮ ᠤᠨ ᠲᠦᠪ ᠬᠤᠷᠢᠶ᠎ᠠ᠂ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠷᠢᠯᠠᠭᠤᠯᠤᠯᠳᠠ ᠪᠠ ᠱᠠᠭᠠᠷᠳᠠᠯᠭ᠎ᠠ ᠶᠤᠰᠤᠭᠠᠷ᠂ ᠨᠡᠶᠢᠬᠡᠮ ᠤᠨ | ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠳᠠ ᠶᠢᠨ ᠵᠢᠮ᠎ᠠ ᠶᠤᠰᠤ ᠪᠠ ᠤᠨᠴᠠᠯᠢᠭ ᠢ ᠤᠨᠤᠪᠴᠢᠳᠠᠢ ᠪᠠᠷ | ᠡᠵᠡᠮᠳᠡᠵᠦ᠂ ᠮᠡᠳᠡᠭᠡ ᠵᠠᠩᠬᠢ ᠶᠢ ᠢᠯᠡ ᠪᠤᠯᠭᠠᠬᠤ ᠡᠷᠴᠢᠮ ᠢᠶᠠᠨ ᠤᠯᠠᠮ ᠨᠢᠬᠡ ᠠᠯᠬᠤᠮ ᠴᠢᠩᠭᠠᠳᠬᠠᠨ᠂ ᠢᠯᠠ | ᠪᠤᠯᠭᠠᠬᠤ ᠭᠤᠤᠯᠳᠠᠯᠭ᠎ᠠ ᠶᠢ ᠲᠤᠳᠤᠷᠬᠠᠶᠢᠯᠠᠵᠦ᠂ ᠢᠯᠡ ᠪᠤᠯᠭᠠᠬᠤ ᠠᠭᠤᠯᠭ᠎ᠠ ᠶᠢ ᠨᠠᠷᠢᠯᠢᠨᠨᠵᠢᠭᠤᠯᠤᠨ᠂ ᠢᠯᠡ | ᠪᠤᠯᠭᠠᠬᠤ ᠶᠢᠨ ᠪᠤᠳᠠᠳᠤ ᠦᠷ᠎ᠡ ᠪᠦᠳᠦᠮᠵᠢ ᠶᠢ ᠴᠢᠩᠭᠠᠳᠬᠠᠵᠦ᠂ ᠨᠡᠶᠢᠬᠡᠮ ᠤᠨ ᠨᠡᠶᠢᠳᠡ ᠶᠢᠨ ᠠᠰᠠᠷᠠᠮᠵᠢ ᠶᠢᠨ | ᠦᠢᠯᠡᠰ ᠤᠨ ᠢᠯᠡ ᠲᠤᠳᠤ ᠶᠢᠨ ᠬᠡᠮᠵᠢᠶ᠎ᠡ ᠶᠢ ᠲᠠᠰᠤᠷᠠᠯᠳᠠ ᠦᠬᠡᠢ ᠲᠡᠬᠡᠭᠰᠢᠯᠡᠬᠦᠯᠦᠨ᠂ ᠠᠷᠠᠳ ᠤᠯᠠᠨ ᠳᠤ ᠨᠡᠩ | ᠤᠯᠠᠨ ᠭᠦᠷᠳᠡᠬᠡᠯ ᠤᠨ ᠮᠡᠳᠡᠷᠡᠮᠵᠢ᠂ ᠵᠤᠯ ᠵᠢᠷᠭᠠᠯᠳᠤ ᠰᠡᠳᠬᠢᠭᠳᠡᠯ᠂ ᠠᠮᠤᠷ ᠲᠦᠪᠰᠢᠨ ᠤ ᠲᠦᠷᠦᠭᠳᠡᠯ ᠤᠯᠭᠤᠵᠦ᠂ | ᠨᠠᠮ ᠪᠠ ᠵᠠᠰᠠᠭ ᠤᠨ ᠤᠷᠳᠤᠨ ᠳᠤ ᠢᠳᠡᠬᠡᠯ ᠲᠠᠢ ᠪᠠᠶᠢᠬᠤ ᠶᠢ ᠨᠢ ᠴᠢᠩᠭᠠᠷᠠᠭᠤᠯᠤᠨ᠎ᠠ᠃ | ︵ᠬᠤᠶᠠᠷ︶ ᠦᠨᠳᠦᠰᠦᠨ ᠵᠠᠷᠴᠢᠮ᠃ ᠬᠠᠤᠯᠢ ᠲᠦᠷᠢᠮ ᠶᠤᠰᠤᠭᠠᠷ ᠠᠵᠢᠯᠯᠠᠬᠤ ᠶᠢ ᠪᠠᠷᠢᠮᠳᠠᠯᠠᠵᠦ᠂ ᠬᠠᠤᠯᠢ | ᠴᠠᠭᠠᠵᠠ ᠬᠠᠤᠯᠢ ᠲᠤᠨᠨᠳᠠᠭᠠᠯ ᠳᠤ ᠴᠠᠭᠠᠵᠠᠯᠬᠠᠰᠠᠨ ᠲᠤᠨᠨᠳᠠᠭᠠᠯ ᠲᠠᠢ ᠪᠠᠶᠢᠬᠤ ᠠᠴᠠ ᠪᠤᠰᠤᠳ᠂ ᠨᠡᠶᠢᠬᠡᠮ ᠤᠨ | ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠳᠠ ᠶᠢᠨ ᠭᠦᠷᠢᠶᠡᠨ ᠳᠠᠬᠢ ᠵᠠᠰᠠᠭ ᠤᠨ ᠤᠷᠳᠤᠨ ᠤ ᠮᠡᠳᠡᠭᠡ | ᠵᠠᠩᠬᠢ ᠶᠢ ᠵᠠᠪᠠᠯ ᠰᠠᠨᠠᠭᠠᠴᠢᠯᠠᠭ᠎ᠠ ᠠᠴᠠ ᠪᠠᠨ ᠪᠦᠭᠦ ᠲᠠᠯ᠎ᠠ ᠪᠠᠷ ᠪᠦᠭᠦᠨ ᠢ ᠢᠯᠡ ᠪᠤᠯᠭᠠᠬᠤ ᠬᠡᠷᠡᠭᠳᠡᠢ᠃ | ᠭᠤᠤᠯᠳᠠᠯᠭ᠎ᠠ ᠶᠢ ᠲᠤᠪᠤᠶᠢᠯᠭᠠᠬᠤ ᠶᠢ ᠪᠠᠷᠢᠮᠳᠠᠯᠠᠵᠦ᠂ ᠠᠷᠠᠳ ᠤᠯᠠᠨ ᠤ ᠬᠠᠮᠤᠭ ᠠᠴᠠ ᠰᠡᠳᠬᠢᠯ ᠲᠠᠯᠪᠢᠵᠦ ᠪᠠᠶᠢᠭ᠎ᠠ | ᠬᠠᠮᠤᠭ ᠤᠨ ᠰᠢᠭᠤᠳ ᠬᠠᠮᠤᠭ ᠤᠨ ᠪᠤᠳᠠᠳᠠᠢ ᠠᠰᠢᠭ ᠲᠤᠰᠠ ᠶᠢᠨ ᠠᠰᠠᠭᠤᠳᠠᠯ ᠤᠨ ᠲᠤᠭᠤᠷᠢᠨ ᠳᠤ᠂ ᠬᠠᠮᠢᠶ᠎ᠠ | ᠪᠦᠭᠦᠢ ᠮᠡᠳᠡᠭᠡ ᠵᠠᠩᠬᠢ ᠶᠢ ᠢᠯᠡ ᠪᠤᠯᠭᠠᠬᠤ ᠭᠤᠤᠯ ᠴᠤᠨᠨᠴᠠ᠂ ᠠᠭᠤᠯᠭ᠎ᠠ᠂ ᠪᠠᠷᠢᠮᠵᠢᠶ᠎ᠠ᠂ ᠠᠷᠭ᠎ᠠ ᠬᠡᠯᠪᠡᠷᠢ᠂ ᠲᠡᠰ | ᠲᠠᠷᠠᠭᠠᠯᠠᠯ ᠢ ᠲᠤᠳᠤᠷᠬᠠᠶᠢᠯᠠᠬᠤ ᠬᠡᠷᠡᠭᠳᠡᠢ᠃ ᠠᠷᠠᠳ ᠲᠤ ᠪᠦᠳᠦᠮᠵᠢ ᠰᠠᠶᠢᠳᠠᠢ ᠪᠠᠷ ᠲᠦᠭᠦᠮ ᠦᠵᠡᠬᠦᠯᠬᠦ ᠶᠢ | ᠪᠠᠷᠢᠮᠳᠠᠯᠠᠵᠦ᠂ ᠦᠨᠳᠦᠰᠦᠨ ᠱᠠᠳᠤᠨ ᠳᠤ ᠬᠠᠨᠳᠤᠭᠤᠯᠤᠨ᠂ ᠤᠯᠠᠨ ᠲᠦᠮᠡᠨ ᠲᠠᠢ ᠤᠶᠢᠷᠠᠳᠴᠤ᠂ ᠤᠯᠠᠨ ᠵᠦᠢᠯ ᠤᠨ | ᠠᠷᠭ᠎ᠠ ᠬᠡᠯᠪᠡᠷᠢ ᠶᠢ ᠬᠡᠷᠡᠭᠯᠡᠵᠦ ᠪᠠᠶᠢᠭᠠᠳ ᠮᠡᠳᠡᠭᠡ ᠵᠠᠩᠬᠢ ᠨᠡᠶᠢᠳᠡᠯᠡᠬᠦ᠂ ᠲᠦᠷᠦ ᠶᠢᠨ ᠪᠤᠳᠤᠯᠭ᠎ᠠ ᠳᠤ ᠲᠠᠶᠢᠯᠤᠮᠵᠢ | ᠬᠢᠬᠦ᠂ ᠭᠦᠳᠦᠯᠦᠨ ᠵᠢᠯᠤᠭᠤᠳᠬᠤ ᠪᠠᠨ ᠴᠢᠩᠭᠠᠳᠬᠠᠵᠦ᠂ ᠤᠯᠠᠨ ᠲᠦᠮᠡᠨ ᠤ ᠲᠠᠨᠢᠵᠦ ᠮᠡᠳᠡᠬᠦ᠂ ᠤᠶᠢᠯᠠᠭᠠᠬᠤ ᠪᠠ | ᠬᠢᠨᠠᠯᠳᠠ ᠲᠠᠯᠪᠢᠬᠤ ᠳᠤ ᠲᠦᠭᠦᠮ ᠦᠵᠡᠬᠦᠯᠦᠨ᠎ᠠ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ᠂ | ᠢᠯᠡ ᠪᠤᠯᠭᠠᠬᠤ ᠪᠠᠷ ᠵᠢᠷᠤᠮᠵᠢᠯ ᠢ ᠠᠬᠢᠭᠤᠯᠵᠦ᠂ ᠦᠢᠯᠡᠴᠢᠯᠡᠭᠡ ᠶᠢ ᠠᠬᠢᠭᠤᠯᠵᠦ᠂ ᠵᠠᠰᠠᠯᠳᠠ ᠶᠢ ᠠᠬᠢᠭᠤᠯᠵᠦ᠂ | ᠬᠠᠮᠳᠤ ᠪᠠᠷ ᠪᠠᠶᠢᠭᠤᠯᠵᠦ ᠬᠠᠮᠳᠤ ᠪᠠᠷ ᠵᠠᠰᠠᠵᠦ ᠬᠠᠮᠳᠤ ᠪᠠᠷ ᠭᠦᠷᠳᠡᠬᠦ ᠶᠢ ᠠᠬᠢᠭᠤᠯᠤᠨ᠂ ᠨᠡᠶᠢᠬᠡᠮ ᠤᠨ ᠨᠡᠶᠢᠳᠡ ᠶᠢᠨ | ᠠᠰᠠᠷᠠᠮᠵᠢ ᠶᠢᠨ ᠦᠢᠯᠡᠰ ᠤᠨ ᠡᠷᠡᠭᠦᠯ ᠪᠦᠬᠡᠳ ᠡᠮᠬᠢ ᠵᠢᠷᠤᠮ ᠲᠠᠢ ᠪᠠᠷ ᠭᠦᠭᠵᠢᠬᠦ ᠶᠢ ᠠᠬᠢᠭᠤᠯᠬᠤ ᠬᠡᠷᠡᠭᠳᠡᠢ᠃ | ︵ᠭᠤᠷᠪᠠ︶ ᠠᠵᠢᠯ ᠤᠨ ᠬᠠᠷᠠᠯᠳᠠ᠃ 3 ᠵᠢᠯ ᠤᠷᠴᠢᠮ ᠤᠨ ᠴᠢᠷᠮᠠᠶᠢᠯᠠᠭ᠎ᠠ ᠪᠠᠷ ᠲᠠᠮᠵᠢᠨ᠂ ᠢᠯᠠ ᠪᠤᠯᠭᠠᠬᠤ | ᠠᠭᠤᠯᠭ᠎ᠠ ᠳᠤ ᠨᠡᠶᠢᠬᠡᠮ ᠤᠨ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠳᠠ ᠶᠢᠨ ᠡᠯ᠎ᠡ ᠭᠦᠷᠢᠶ᠎ᠡ᠂ ᠡᠯ᠎ᠡ | ᠵᠠᠩᠬᠢᠯᠠᠭ᠎ᠠ ᠶᠢ ᠬᠠᠮᠤᠷᠤᠭᠤᠯᠵᠦ᠂ ᠢᠯᠡ ᠪᠤᠯᠭᠠᠬᠤ ᠠᠵᠢᠯ ᠤᠨ ᠲᠦᠷᠢᠮᠵᠢᠬᠦ᠂ ᠵᠢᠷᠤᠮᠵᠢᠬᠤ᠂ ᠪᠠᠷᠢᠮᠵᠢᠶᠠᠵᠢᠬᠤ ᠬᠢᠷᠢ | ᠬᠡᠮᠵᠢᠶ᠎ᠡ ᠶᠢ ᠮᠡᠳᠡᠭᠳᠡᠬᠦ᠋ᠢᠴᠡ ᠨᠡᠮᠡᠭᠳᠡᠬᠦᠯᠦᠨ᠂ ᠨᠡᠶᠢᠬᠡᠮ ᠤᠨ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠢᠯᠡ | ᠲᠤᠳᠤ ᠶᠢᠨ ᠬᠡᠮᠵᠢᠶ᠎ᠡ ᠶᠢ ᠢᠯᠡᠳᠳᠡ ᠳᠡᠭᠡᠭᠰᠢᠯᠡᠭᠦᠯᠵᠦ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠡᠬᠢ | ᠪᠠᠶᠠᠯᠢᠭ ᠤᠨ ᠲᠤᠬᠢᠷᠠᠭᠤᠯᠤᠯᠳᠠ ᠶᠢ ᠨᠡᠩ ᠡᠷᠬᠡ ᠲᠡᠭᠰᠢ ᠲᠥᠪ ᠭᠤᠣᠯᠴᠢ ᠪᠤᠯᠭᠠᠨ᠂ ᠨᠡᠶᠢᠭᠡᠮ ᠤᠨ ᠨᠡᠶᠢᠲᠡ ᠶᠢᠨ | ᠠᠰᠠᠷᠠᠮᠵᠢ ᠶᠢᠨ ᠦᠢᠯᠡᠰ ᠲᠠᠬᠢ ᠨᠡᠶᠢᠲᠡ ᠶᠢᠨ ᠠᠰᠠᠷᠠᠮᠵᠢ ᠶᠢᠨ ᠬᠠᠷᠢᠶᠠᠯᠬᠠᠳᠠᠬᠤ ᠴᠢᠨᠠᠷ ᠢ ᠨᠡᠩ ᠰᠠᠶᠢᠲᠤᠷ | ᠢᠯᠡᠷᠡᠬᠦᠯᠵᠦ᠂ ᠪᠦᠬᠦ ᠨᠡᠶᠢᠭᠡᠮ ᠢᠶᠠᠷ ᠢᠶᠠᠨ ᠨᠡᠶᠢᠲᠡ ᠶᠢᠨ ᠠᠰᠠᠷᠠᠮᠵᠢ ᠶᠢ ᠬᠠᠯᠠᠮᠵᠢᠯᠠᠬᠤ᠂ ᠨᠡᠶᠢᠲᠡ ᠶᠢᠨ ᠠᠰᠠᠷᠠᠮᠵᠢ ᠶᠢ | ᠲᠡᠮᠵᠢᠬᠦ᠂ ᠨᠡᠶᠢᠲᠡ ᠶᠢᠨ ᠠᠰᠠᠷᠠᠮᠵᠢ ᠳᠤ ᠣᠷᠣᠯᠴᠠᠬᠤ ᠠᠭᠤᠷ ᠠᠮᠢᠰᠬᠤᠯ ᠢ ᠨᠢ ᠨᠡᠩ ᠦᠳᠬᠡᠷᠡᠭᠦᠯᠦᠨᠠ᠃ | ᠬᠤᠶᠠᠷ᠂ ᠢᠯᠡ ᠪᠤᠯᠭᠠᠬᠤ ᠠᠭᠤᠯᠭ᠎ᠠ ᠶᠢ ᠲᠤᠳᠤᠷᠬᠠᠶᠢᠯᠠᠨ᠎ᠠ | ︵ᠨᠢᠭᠡ︶ ᠰᠢᠢᠳᠪᠦᠷᠢᠲᠦ ᠪᠤᠳᠤᠯᠭ᠎ᠠ ᠶᠢᠨ ᠮᠡᠳᠡᠭᠡ ᠵᠠᠩᠭᠢ ᠶᠢ ᠢᠯᠡ ᠪᠤᠯᠭᠠᠬᠤ ᠬᠡᠷᠡᠭᠳᠡᠢ᠃ ᠨᠡᠶᠢᠭᠡᠮ ᠤᠨ | ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠲᠠ ᠶᠢᠨ ᠬᠦᠷᠢᠶᠡᠨ ᠳᠠᠬᠢ ᠴᠢᠬᠤᠯᠠ ᠶᠡᠭᠡ ᠰᠢᠢᠳᠪᠦᠷᠢᠲᠦ | ᠪᠤᠳᠤᠯᠭ᠎ᠠ ᠶᠢᠨ ᠢᠯᠡ ᠪᠣᠯᠭᠠᠬᠤ ᠡᠷᠴᠢᠮ ᠢ ᠴᠢᠩᠭᠠᠷᠠᠭᠤᠯᠵᠤ᠂ ᠤᠯᠠᠨ ᠲᠦᠮᠡᠨ ᠤ ᠠᠰᠢᠭ ᠲᠤᠰᠠ ᠶᠢ ᠰᠢᠭᠤᠳ | ᠨᠦᠯᠦᠬᠡᠯᠡᠬᠦ᠂ ᠨᠡᠶᠢᠭᠡᠮ ᠤᠨ ᠠᠩᠬᠠᠷᠤᠯ ᠢ ᠳᠡᠭᠡᠳᠦ ᠬᠡᠮᠵᠢᠶ᠎ᠡ ᠪᠠᠷ ᠲᠠᠲᠠᠭᠰᠠᠨ ᠴᠢᠬᠤᠯᠠ ᠶᠡᠭᠡ ᠥᠭᠡᠷᠡᠴᠢᠯᠡᠯᠲᠡ ᠶᠢᠨ | ᠲᠥᠰᠦᠯ᠂ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ᠂ ᠭᠤᠣᠯᠳᠠᠯᠭ᠎ᠠ ᠲᠠᠢ ᠪᠦᠳᠦᠭᠡᠨ | ᠪᠠᠶᠢᠭᠤᠯᠤᠯᠲᠠ ᠶᠢᠨ ᠲᠦᠷᠦᠯ ᠵᠦᠢᠯ ᠵᠡᠷᠭᠡ ᠳᠤ ᠬᠠᠨᠳᠤᠭᠤᠯᠤᠨ᠂ ᠡᠯ᠎ᠡ ᠲᠠᠯ᠎ᠠ ᠶᠢᠨ ᠬᠢᠨ ᠤ ᠵᠦᠢ ᠵᠣᠬᠢᠰᠲᠠᠶ | ᠰᠠᠨᠠᠯ ᠢ ᠥᠷᠭᠡᠨ ᠢᠶᠠᠷ ᠬᠤᠷᠢᠶᠠᠬᠤ ᠶᠢᠨ ᠬᠠᠮᠳᠤ ᠰᠢᠢᠳᠪᠦᠷᠢᠲᠦ ᠪᠤᠳᠤᠯᠭ᠎ᠠ ᠲᠤᠨᠨᠳᠠᠭᠠᠬᠤ ᠶᠠᠪᠤᠴᠠ ᠳᠤ ᠢᠯᠡᠷᠡᠭᠦᠯᠵᠦ᠂ | ᠪᠤᠳᠠᠳᠠᠢ ᠲᠠᠢ ᠪᠠᠨ ᠤᠶᠠᠯᠳᠤᠭᠤᠯᠵᠤ ᠪᠠᠶᠢᠭᠠᠳ ᠰᠠᠨᠠᠯ ᠢ ᠬᠥᠯᠢᠶᠡᠨ ᠠᠪᠴᠤ ᠬᠡᠷᠡᠭᠯᠡᠭᠰᠡᠨ ᠪᠠᠶᠢᠳᠠᠯ ᠢᠶᠠᠨ ᠠᠯᠢ | ᠴᠢᠳᠠᠬᠤ ᠪᠠᠷ ᠢᠯᠡ ᠪᠣᠯᠭᠠᠬᠤ ᠬᠡᠷᠡᠭᠲᠡᠶ᠃ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ | ᠪᠠᠶᠢᠭᠤᠯᠤᠯᠲᠠ ᠶᠢᠨ ᠬᠦᠷᠢᠶᠡᠨ ᠳᠠᠬᠢ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢ ᠢᠯᠡ ᠪᠣᠯᠭᠠᠬᠤ ᠶᠢᠨ ᠪᠤᠳᠠᠳᠤ | ᠦᠷ᠎ᠡ ᠪᠦᠳᠦᠮᠵᠢ ᠪᠠᠨ ᠲᠡᠬᠡᠭᠰᠢᠯᠡᠬᠦᠯᠦᠨ᠂ ᠢᠯᠠ ᠪᠣᠯᠭᠠᠬᠤ ᠠᠴᠠ ᠡᠮᠦᠨᠡᠬᠢ ᠢᠯᠡ ᠪᠤᠯᠭᠠᠬᠤ ᠶᠢᠨ ᠦᠷ᠎ᠡ | ᠨᠦᠯᠦᠬᠡ ᠶᠢ ᠬᠢᠨᠠᠮᠠᠭᠠᠶ ᠦᠨᠡᠯᠡᠨ ᠵᠢᠱᠢᠵᠦ᠂ ᠠᠳᠠᠭᠠᠷᠬᠠᠨ ᠮᠦᠴᠡᠬᠡᠷᠬᠡᠬᠦ᠂ ᠲᠦᠷᠬᠢᠷᠡᠬᠦᠯᠬᠦ ᠵᠡᠷᠬᠡ ᠴᠢᠬᠤᠯᠠ ᠪᠤᠰᠤ | ᠦᠵᠡᠭᠳᠡᠯ ᠡᠭᠦᠰᠬᠦ ᠠᠴᠠ ᠵᠠᠶᠢᠯᠠᠭᠤᠯᠤᠨ᠂ ᠢᠯᠡ ᠪᠣᠯᠭᠠᠭᠰᠠᠨ ᠤ ᠳᠠᠷᠠᠭ᠎ᠠ ᠪᠠᠷ ᠨᠡᠶᠢᠳᠡ ᠤᠯᠠᠨ ᠤ ᠲᠤᠷᠠᠳᠤᠨᠨᠰᠠᠨ | ᠬᠠᠮᠢᠶ᠎ᠠ ᠪᠦᠭᠦᠢ ᠰᠠᠨᠠᠯ ᠳᠤ ᠬᠢᠨᠠᠮᠠᠭᠠᠶ ᠬᠠᠨᠳᠤᠬᠤ ᠶᠢᠨ ᠬᠠᠮᠳᠤ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠶ᠃ | ︵ᠬᠤᠶᠠᠷ︶ ᠬᠠᠮᠢᠶᠠᠷᠤᠯᠲᠠ ᠪᠠ ᠦᠢᠯᠡᠴᠢᠯᠡᠭᠡᠨ ᠤ ᠮᠡᠳᠡᠭᠡ ᠵᠠᠩᠭᠢ ᠶᠢ ᠢᠯᠡ ᠪᠤᠯᠭᠠᠬᠤ ᠬᠡᠷᠡᠭᠳᠡᠢ᠃ | ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠢ ᠡᠷᠬᠢᠯᠡᠵᠦ ᠪᠠᠶᠢᠭ᠎ᠠ ᠤᠯᠠᠨ ᠨᠡᠶᠢᠳᠡ ᠶᠢᠨ ᠠᠵᠤ ᠠᠬᠤᠶᠢᠯᠠᠯ | ᠠᠵᠢᠯ ᠦᠢᠯᠡᠰ ᠤᠨ ᠨᠢᠬᠡᠴᠡ᠂ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢᠨ ᠨᠡᠷᠡᠰ ᠤᠨ ᠵᠢᠨᠨᠰᠠᠭᠠᠯᠳᠠ᠂ ᠲᠠᠩᠰᠠᠯᠠᠨ | ᠲᠡᠮᠳᠡᠭᠯᠡᠬᠦᠯᠵᠦ᠂ ᠬᠤᠪᠢᠷᠠᠭᠠᠬᠤ᠂ ᠬᠦᠴᠦᠨ ᠦᠭᠡᠢ ᠪᠣᠯᠭᠠᠬᠤ ᠵᠡᠷᠭᠡ ᠬᠢᠨᠠᠨ ᠵᠦᠪᠰᠢᠶᠡᠷᠡᠭᠦᠯᠬᠦ ᠮᠡᠳᠡᠭᠡ ᠵᠠᠩᠭᠢ᠂ | ᠣᠨ ᠤ ᠪᠠᠶᠢᠴᠠᠭᠠᠯᠲᠠ ᠤᠨ ᠤ ᠮᠡᠳᠡᠭᠦᠯᠦᠯᠲᠡ᠂ ᠦᠨᠡᠯᠡᠨ ᠵᠢᠱᠢᠭᠰᠡᠨ ᠪᠠᠶᠢᠴᠠᠭᠠᠯᠳᠠ᠂ ᠱᠠᠩᠨᠠᠯ ᠬᠦᠬᠢᠭᠦᠯᠦᠯ ᠪᠠ | ᠰᠢᠳᠬᠡᠯ ᠲᠤᠷᠭᠠᠭᠤᠯᠢ ᠵᠡᠷᠭᠡ ᠬᠠᠮᠢᠶᠠᠷᠤᠯᠲᠠ ᠶᠢᠨ ᠮᠡᠳᠡᠭᠡ ᠵᠠᠩᠭᠢ ᠶᠢ ᠭᠤᠣᠯᠳᠠᠯᠭ᠎ᠠ ᠲᠠᠢ ᠢᠯᠡ ᠪᠤᠯᠭᠠᠬᠤ ᠬᠡᠷᠡᠭᠳᠡᠢ᠃ | ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠲᠦᠷᠦᠯ ᠵᠦᠢᠯ ᠤᠨ ᠨᠠᠷᠢᠨ ᠬᠠᠭᠤᠳᠠᠰᠤ᠂ ᠦᠢᠯᠡᠴᠢᠯᠡᠭᠡᠨ ᠤ | ᠵᠦᠭᠯᠡᠬᠦᠷ᠂ ᠦᠢᠯᠡᠴᠢᠯᠡᠭᠡᠨ ᠤ ᠪᠠᠷᠢᠮᠵᠢᠶ᠎ᠠ᠂ ᠪᠠᠳᠤᠯᠠᠭ᠎ᠠ ᠶᠢᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠢᠯᠡ ᠪᠤᠯᠭᠠᠵᠦ᠂ | ᠵᠠᠰᠠᠭ ᠤᠨ ᠣᠷᠳᠣᠨ ᠣᠯᠠᠨ ᠨᠡᠶᠢᠲᠡ ᠶᠢᠨ ᠦᠢᠯᠡᠴᠢᠯᠡᠭᠡ ᠬᠤᠳᠠᠯᠳᠤᠨ ᠠᠪᠬᠤ᠂ ᠵᠠᠰᠠᠭ ᠤᠨ ᠣᠷᠳᠣᠨ ᠪᠠ | ᠨᠡᠶᠢᠭᠡᠮ ᠤᠨ ᠬᠥᠷᠥᠩᠭᠡ ᠬᠠᠮᠳᠤᠷᠠᠯᠴᠠᠵᠦ ᠪᠠᠶᠢᠭᠠᠳ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠵᠡᠷᠭᠡ ᠮᠡᠳᠡᠭᠡ | ᠵᠠᠩᠭᠢ ᠶᠢ ᠴᠠᠭ ᠲᠤᠬᠠᠶ ᠳᠤᠨᠢ ᠣᠨᠣᠪᠴᠢᠲᠠᠶ ᠪᠠᠷ ᠢᠯᠡ ᠪᠣᠯᠭᠠᠬᠤ ᠬᠡᠷᠡᠭᠳᠡᠢ᠃ ᠬᠤᠳᠠ ᠬᠥᠳᠡᠭᠡ ᠨᠡᠶᠢᠭᠡᠮ | ᠲᠣᠭᠤᠷᠢᠭ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ᠂ ᠡᠳ᠋ ᠤᠨ | ᠵᠠᠰᠠᠭ ᠤᠨ ᠪᠡᠯᠡ ᠮᠥᠩᠭᠦ ᠶᠢ ᠨᠡᠶᠢᠬᠡᠮ ᠲᠤᠭᠤᠷᠢᠭ ᠤᠨ ᠤᠯᠠᠨ ᠨᠡᠶᠢᠳᠡ ᠶᠢᠨ ᠦᠢᠯᠡᠴᠢᠯᠡᠭᠡ ᠳᠤ ᠰᠢᠭᠤᠳ ᠪᠡᠯᠡ | ᠤᠷᠤᠭᠤᠯᠬᠤ ᠪᠠ ᠬᠤᠳᠠᠯᠳᠤᠨ ᠠᠪᠤᠭᠤᠯᠬᠤ᠂ ᠨᠡᠶᠢᠭᠡᠮ ᠲᠣᠭᠤᠷᠢᠭ ᠤᠨ ᠤᠯᠠᠨ ᠨᠡᠶᠢᠲᠡ ᠶᠢᠨ ᠦᠢᠯᠡᠴᠢᠯᠡᠭᠡᠨ ᠤ | ᠲᠥᠷᠥᠯ ᠵᠦᠢᠯ᠂ ᠡᠳᠡᠬᠡᠳ᠂ ᠭᠦᠢᠴᠡᠳᠬᠡᠬᠦ ᠲᠡᠰ ᠲᠠᠷᠠᠭᠠᠯᠠᠯ᠂ ᠬᠠᠷᠢᠭᠤᠴᠠᠯᠭᠠᠳᠤ ᠰᠠᠯᠠᠭ᠎ᠠ ᠮᠥᠴᠢᠷ᠂ ᠬᠠᠩᠭᠠᠯᠭ᠎ᠠ | ᠬᠡᠷᠡᠭᠴᠡᠬᠡᠨ ᠤ ᠪᠠᠶᠢᠳᠠᠯ ᠪᠠ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠵᠡᠷᠭᠡ ᠮᠡᠳᠡᠭᠡ ᠵᠠᠩᠭᠢ ᠶᠢᠨ | ᠢᠯᠡ ᠪᠤᠯᠭᠠᠬᠤ ᠶᠢ ᠠᠬᠢᠭᠤᠯᠬᠤ ᠬᠡᠷᠡᠭᠳᠡᠢ᠃ | ︵ᠭᠤᠷᠪᠠ︶ ᠬᠡᠷᠡᠭᠵᠢᠬᠦᠯᠦᠯᠳᠡ ᠪᠠ ᠦᠷ᠎ᠡ ᠳ᠋ᠦᠩ ᠤᠨ ᠮᠡᠳᠡᠭᠡ ᠵᠠᠩᠭᠢ ᠶᠢ ᠢᠯᠡ ᠪᠤᠯᠭᠠᠬᠤ ᠬᠡᠷᠡᠭᠳᠡᠢ᠃ | ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠯᠪᠤᠨᠨᠳᠠᠯ ᠪᠦᠬᠦᠢ ᠰᠢᠢᠳᠪᠦᠷᠢᠲᠦ | ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨᠨᠰᠠᠨ ᠪᠠᠶᠢᠳᠠᠯ ᠢ ᠢᠯᠡ ᠪᠣᠯᠭᠠᠬᠤ | ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠲᠠ ᠶᠢᠨ | ᠬᠦᠷᠢᠶᠡᠨ ᠳᠠᠬᠢ ᠴᠢᠬᠤᠯᠠ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨᠨᠰᠠᠨ ᠪᠠᠶᠢᠳᠠᠯ ᠢ | ᠰᠠᠨᠠᠭᠠᠴᠢᠯᠠᠭ᠎ᠠ ᠠᠴᠠ ᠪᠠᠨ ᠢᠯᠡ ᠪᠤᠯᠭᠠᠵᠦ᠂ ᠤᠨᠴᠤᠭᠤᠶᠢᠯᠠᠨ ᠤᠯᠤᠰ ᠠᠴᠠ ᠭᠦᠴᠢᠷᠳᠡᠯᠳᠡᠢ ᠣᠯᠠᠨ ᠲᠦᠮᠡᠨ ᠳᠤ | ᠬᠠᠨᠳᠤᠭᠤᠯᠤᠭᠰᠠᠨ ᠲᠡᠳᠬᠦᠨ ᠲᠡᠮᠵᠢᠬᠦ᠂ ᠠᠪᠤᠷᠠᠨ ᠲᠤᠰᠠᠯᠠᠬᠤ ᠵᠡᠷᠭᠡ ᠲᠥᠷᠥ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠤᠨᠨᠰᠠᠨ ᠪᠠᠶᠢᠳᠠᠯ ᠪᠠ ᠭᠤᠣᠯ ᠦᠷ᠎ᠡ ᠪᠦᠲᠦᠮᠵᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ | ᠬᠡᠷᠡᠭᠳᠡᠢ᠃ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠲᠠ ᠶᠢᠨ ᠪᠡᠯᠡ ᠮᠥᠩᠭᠦ ᠶᠢ | ᠬᠤᠪᠢᠶᠠᠷᠢᠯᠬᠠᠰᠠᠨ ᠪᠠ ᠬᠡᠷᠡᠭᠯᠡᠭᠰᠡᠨ ᠪᠠᠶᠢᠳᠠᠯ ᠢᠶᠠᠨ ᠢᠯᠡ ᠪᠤᠯᠭᠠᠬᠤ ᠶᠢ ᠭᠦᠨᠵᠡᠬᠡᠶᠢᠷᠡᠬᠦᠯᠵᠦ᠂ ᠪᠡᠯᠡ ᠮᠥᠩᠭᠦ ᠶᠢᠨ | ᠪᠤᠳᠠᠳᠠᠢ ᠭᠦᠢᠯᠭᠡᠭᠡᠨ ᠤ ᠬᠠᠨᠳᠤᠰᠢ ᠶᠢ ᠤᠨᠤᠪᠴᠢᠳᠠᠢ ᠲᠡᠮᠳᠡᠭᠯᠡᠬᠦ ᠶᠢᠨ ᠬᠠᠮᠳᠤ ᠨᠡᠶᠢᠭᠡᠮ ᠳᠤ ᠢᠯᠡ ᠪᠣᠯᠭᠠᠬᠤ | ᠬᠡᠷᠡᠭᠳᠡᠢ᠃ ᠱᠠᠩᠨᠠᠯᠳᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ ᠬᠡᠷᠡᠭᠯᠡᠭᠰᠡᠨ ᠬᠡᠪᠴᠢᠶ᠎ᠡ᠂ | ᠵᠤᠭᠤᠰ ᠢᠶᠠᠷ ᠲᠤᠰᠠᠯᠬᠠᠰᠠᠨ ᠲᠦᠷᠦᠯ ᠵᠦᠢᠯ᠂ ᠬᠡᠷᠡᠭᠵᠢᠬᠦᠯᠦᠭᠰᠡᠨ ᠪᠠᠶᠢᠳᠠᠯ ᠪᠠ ᠪᠣᠳᠠᠲᠤ ᠦᠷ᠎ᠡ ᠨᠦᠯᠦᠬᠡ ᠵᠡᠷᠭᠡ | ᠮᠡᠳᠡᠭᠡ ᠵᠠᠩᠭᠢ ᠶᠢᠨ ᠢᠯᠡ ᠪᠣᠯᠭᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠳᠡᠢ᠃ ᠨᠡᠶᠢᠭᠡᠮ ᠤᠨ ᠨᠡᠶᠢᠲᠡ ᠶᠢᠨ | ᠠᠰᠠᠷᠠᠮᠵᠢ ᠶᠢᠨ ᠦᠢᠯᠡᠰ ᠤᠨ ᠪᠠᠶᠢᠭᠤᠯᠤᠯᠲᠠ ᠳᠤ ᠦᠨᠡᠯᠡᠨ ᠵᠢᠱᠢᠯᠳᠠ ᠦᠷᠨᠢᠬᠦᠯᠬᠦ ᠶᠢ ᠵᠤᠷᠢᠨᠨᠵᠢᠭᠤᠯᠤᠨ᠂ | ᠲᠦᠷᠦ ᠶᠢᠨ ᠪᠤᠳᠣᠯᠭ᠎ᠠ ᠶᠢ ᠨᠠᠶᠢᠳᠠᠪᠤᠷᠢᠵᠢᠭᠤᠯᠤᠨᠨᠰᠠᠨ ᠦᠷ᠎ᠡ ᠨᠦᠯᠦᠬᠡ ᠶᠢ ᠰᠢᠨᠵᠢᠯᠡᠬᠦ ᠤᠬᠠᠭᠠᠨᠴᠢ ᠪᠠᠷ ᠰᠢᠯᠭᠠᠨ | ᠦᠨᠡᠯᠡᠵᠦ᠂ ᠦᠨᠡᠯᠡᠨ ᠵᠢᠱᠢᠭᠰᠡᠨ ᠦᠷ᠎ᠡ ᠳ᠋ᠦᠩ ᠢᠶᠠᠨ ᠴᠠᠭ ᠲᠤᠬᠠᠢ ᠳᠤᠨᠢ ᠢᠯᠡ ᠪᠤᠯᠭᠠᠬᠤ ᠬᠡᠷᠡᠭᠲᠡᠶ᠃ | ᠭᠤᠷᠪᠠ᠂ ᠢᠯᠡ ᠪᠣᠯᠭᠠᠬᠤ ᠭᠤᠣᠯᠳᠠᠯᠭ᠎ᠠ ᠶᠢ ᠲᠤᠪᠤᠶᠢᠯᠭᠠᠨ᠎ᠠ | ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠪᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠢ ᠨᠡᠶᠢᠭᠡᠮ ᠤᠨ ᠬᠢᠨ ᠤ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠭ᠎ᠠ᠂ | ᠨᠡᠶᠢᠲᠡ ᠶᠢᠨ ᠠᠰᠠᠷᠠᠮᠵᠢ ᠶᠢᠨ ᠰᠢᠨᠵᠢ ᠪᠠᠶᠢᠳᠠᠯ ᠢᠶᠠᠷ ᠶᠡᠭᠡ ᠪᠠᠶᠢᠳᠠᠭ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ | ᠦᠢᠯᠡᠰ ᠢᠶᠠᠷ ᠭᠤᠣᠯᠳᠠᠯᠭ᠎ᠠ ᠪᠣᠯᠭᠠᠨ᠂ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠲᠠᠶᠢᠯᠠᠯᠳᠤᠭᠠᠨ᠂ | ᠨᠡᠶᠢᠭᠡᠮ ᠤᠨ ᠠᠪᠤᠷᠠᠨ ᠲᠤᠰᠠᠯᠠᠯᠳᠠ ᠪᠠ ᠨᠡᠶᠢᠭᠡᠮ ᠤᠨ ᠠᠰᠠᠷᠠᠮᠵᠢ᠂ ᠰᠤᠷᠭᠠᠨ ᠭᠦᠮᠦᠵᠢᠯ᠂ ᠦᠨᠳᠦᠰᠦᠨ ᠡᠮᠴᠢᠯᠡᠭᠡ | ᠡᠷᠡᠭᠦᠯ ᠬᠠᠮᠠᠭᠠᠯᠠᠯ᠂ ᠣᠷᠴᠢᠨ ᠲᠤᠭᠤᠷᠢᠨ ᠤ ᠬᠠᠮᠠᠭᠠᠯᠠᠯᠲᠠ᠂ ᠭᠠᠢ ᠭᠠᠮᠰᠢᠭ ᠤᠨ ᠠᠳᠡᠯ ᠬᠡᠷᠡᠭ ᠤᠨ ᠠᠪᠤᠷᠠᠯᠳᠠ᠂ | ᠤᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠵᠡᠷᠭᠡ ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ | ᠢᠯᠡ ᠪᠣᠯᠭᠠᠬᠤ ᠬᠡᠷᠡᠭᠲᠡᠶ᠃ ᠡᠭᠦᠨ ᠤ ᠬᠠᠮᠲᠤ ᠣᠷᠣᠨ ᠪᠦᠰᠡ᠂ ᠠᠵᠢᠯ ᠲᠥᠷᠥᠯ ᠤᠨ ᠣᠨᠴᠠᠯᠢᠭ ᠢ ᠦᠨᠳᠦᠰᠦᠯᠡᠵᠦ᠂ | ᠲᠤᠰ ᠭᠠᠵᠠᠷ ᠣᠷᠣᠨ᠂ ᠲᠤᠰ ᠠᠵᠢᠯ ᠲᠥᠷᠥᠯ ᠤᠨ ᠭᠤᠣᠯᠳᠠᠯᠭ᠎ᠠ ᠲᠠᠢ ᠢᠯᠡ ᠪᠣᠯᠭᠠᠬᠤ ᠪᠤᠰᠤᠳ ᠨᠡᠶᠢᠭᠡᠮ ᠤᠨ | ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠲᠠ ᠶᠢᠨ ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠤᠯᠠᠮ ᠨᠢᠬᠡ ᠠᠯᠬᠤᠮ ᠲᠤᠳᠤᠷᠬᠠᠶᠢᠯᠠᠨ᠂ ᠮᠡᠳᠡᠭᠡ ᠵᠠᠩᠭᠢ ᠶᠢ ᠢᠯᠡ ᠪᠣᠯᠭᠠᠬᠤ ᠬᠡᠪᠴᠢᠶ᠎ᠡ ᠪᠠᠨ | ᠲᠠᠰᠤᠷᠠᠯᠲᠠ ᠦᠭᠡᠢ ᠦᠷᠬᠡᠳᠬᠡᠬᠦ ᠬᠡᠷᠡᠭᠳᠡᠢ᠃ | ︵ᠨᠢᠭᠡ︶ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠲᠠᠶᠢᠯᠠᠯᠳᠤᠭᠠᠨ ᠤ ᠭᠦᠷᠢᠶ᠎ᠡ᠃ ︽ᠬᠡᠨ ᠢ | ᠲᠡᠳᠬᠦᠬᠦ᠂ ᠬᠡᠨ ᠲᠡᠳᠬᠦᠬᠦ᠂ ᠬᠡᠷᠬᠢᠨ ᠲᠡᠳᠬᠦᠬᠦ᠂ ᠶᠠᠭᠠᠬᠢᠵᠤ ᠪᠤᠴᠠᠭᠠᠨ ᠭᠠᠷᠭᠠᠬᠤ︾ ᠶᠢᠨ ᠲᠤᠭᠤᠷᠢᠨ ᠳᠤ᠂ | ᠲᠦᠢᠯ ᠤᠨ ᠤᠨᠤᠪᠴᠢᠳᠠᠢ ᠪᠠᠷ ᠶᠠᠳᠠᠭᠤ ᠶᠢ ᠲᠡᠳᠬᠦᠬᠦ᠂ ᠲᠦᠢᠯ ᠤᠨ ᠤᠨᠤᠪᠴᠢᠳᠠᠢ ᠪᠠᠷ ᠶᠠᠳᠠᠭᠤ ᠠᠴᠠ | ᠠᠩᠭᠢᠵᠢᠷᠠᠭᠤᠯᠬᠤ ᠶᠢᠨ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠤᠯᠠᠮ ᠨᠢᠬᠡ ᠠᠯᠬᠤᠮ ᠰᠠᠶᠢᠲᠤᠷ ᠬᠢᠬᠦ | ᠬᠡᠷᠡᠭᠲᠡᠶ᠃ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ᠂ ᠶᠠᠳᠠᠭᠤ ᠶᠢ ᠲᠡᠳᠬᠦᠬᠦ ᠲᠥᠯᠥᠪᠵᠢᠭᠦᠯᠭᠡ᠂ | ᠶᠠᠳᠠᠭᠤ ᠶᠢ ᠲᠡᠳᠬᠦᠬᠦ ᠲᠥᠷᠥᠯ ᠵᠦᠢᠯ ᠤᠨ ᠨᠡᠷᠡᠶᠢᠳᠦᠯ᠂ ᠪᠡᠯᠠ ᠮᠥᠩᠭᠦ ᠶᠢᠨ ᠢᠷᠡᠯᠳᠠ᠂ ᠬᠡᠷᠡᠭᠵᠢᠬᠦᠯᠬᠦ ᠪᠠᠷ | ᠲᠤᠨᠨᠳ᠋ᠬᠠᠰᠠᠨ ᠬᠤᠭᠤᠴᠠᠭ᠎ᠠ᠂ ᠵᠢᠱᠢᠭᠰᠡᠨ ᠬᠠᠷᠠᠯᠲᠠ᠂ ᠬᠡᠷᠡᠭᠵᠢᠭᠦᠯᠦᠭᠰᠡᠨ ᠦᠷ᠎ᠡ ᠳ᠋ᠦᠩ᠂ ᠬᠡᠷᠡᠭᠵᠢᠭᠦᠯᠬᠦ ᠨᠢᠭᠡᠴᠡ | ᠵᠢᠴᠢ ᠬᠠᠷᠢᠭᠤᠴᠠᠯᠭᠠᠳᠠᠨ᠂ ᠢᠯᠡᠴᠢᠯᠡᠨ ᠮᠡᠳᠡᠭᠦᠯᠬᠦ ᠤᠳᠠᠰᠤ᠂ ᠪᠠᠶᠢᠴᠠᠭᠠᠵᠤ ᠰᠢᠯᠭᠠᠨ ᠬᠤᠷᠢᠶᠠᠵᠦ ᠠᠪᠤᠭᠰᠠᠨ ᠦᠷ᠎ᠡ | ᠳ᠋ᠦᠩ ᠵᠡᠷᠭᠡ ᠮᠡᠳᠡᠭᠡ ᠵᠠᠩᠭᠢ ᠶᠢ ᠴᠠᠭ ᠲᠤᠨᠢ ᠨᠡᠶᠢᠭᠡᠮ ᠲᠠᠶᠠᠭᠠᠷ ᠲᠤ ᠨᠡᠶᠢᠲᠡᠯᠡᠵᠦ᠂ ᠣᠨᠴᠠ ᠲᠣᠭᠲᠠᠭᠰᠠᠨ ᠣᠷᠣᠨ | ᠪᠦᠰᠡ ᠶᠢᠨ ᠤᠨᠴᠤᠭᠤᠢ ᠬᠠᠷᠠᠭᠠᠯᠵᠠᠬᠤ ᠭᠦᠮᠦᠰ ᠲᠤ ᠭᠦᠴᠢᠷᠳᠡᠯᠳᠡᠢ ᠡᠰᠡᠬᠦ ᠶᠢ ᠢᠯᠭᠠᠨ ᠲᠤᠳᠤᠯᠠᠬᠤ᠂ | ᠭᠦᠴᠢᠷᠳᠡᠯᠳᠡᠢ ᠪᠠᠶᠢᠭ᠎ᠠ ᠶᠢᠨ ᠲᠤᠭᠠᠨ ᠠᠴᠠ ᠪᠤᠴᠠᠭᠠᠨ ᠭᠠᠷᠭᠠᠬᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ | ᠬᠤᠪᠢᠶᠠᠷᠢᠯᠬᠠᠰᠠᠨ ᠪᠠ ᠬᠡᠷᠡᠭᠯᠡᠭᠰᠡᠨ ᠪᠠᠶᠢᠳᠠᠯ᠂ ᠬᠠᠪᠰᠤᠷᠤᠨ ᠲᠡᠳᠬᠦᠬᠦ ᠬᠠᠷᠢᠭᠤᠴᠠᠯᠭᠠᠲᠠᠨ᠂ ᠶᠠᠳᠠᠭᠤ ᠶᠢ ᠲᠡᠳᠬᠦᠬᠦ | ᠦᠷ᠎ᠡ ᠪᠦᠲᠦᠮᠵᠢ ᠵᠡᠷᠭᠡ ᠮᠡᠳᠡᠭᠡ ᠵᠠᠩᠭᠢ ᠶᠢ ᠢᠯᠡ ᠪᠤᠯᠭᠠᠬᠤ ᠬᠡᠷᠡᠭᠳᠡᠢ᠃ ᠮᠡᠷᠭᠡᠵᠢᠯ ᠤᠨ ᠠᠷᠭ᠎ᠠ ᠠᠪᠴᠢᠯ | ᠬᠡᠷᠡᠭᠯᠡᠬᠦ ᠶᠢ ᠴᠢᠬᠤᠯᠠᠴᠢᠯᠠᠬᠤ ᠪᠠᠷ ᠲᠠᠮᠵᠢᠨ ᠢᠯᠠ ᠪᠤᠯᠭᠠᠨᠨᠰᠠᠨ ᠮᠡᠳᠡᠭᠡ ᠵᠠᠩᠭᠢ ᠳᠤ ᠬᠠᠶᠢᠯᠳᠠ ᠬᠢᠵᠦ ᠪᠤᠯᠬᠤ᠂ | ᠬᠠᠷᠭᠤᠭᠤᠯᠤᠨ ᠬᠢᠨᠠᠵᠦ ᠪᠤᠯᠬᠤ᠂ ᠠᠰᠢᠭᠯᠠᠵᠤ ᠪᠣᠯᠬᠤ ᠶᠢ ᠪᠡᠶᠡᠯᠡᠬᠦᠯᠵᠦ᠂ ᠶᠠᠳᠠᠭᠤ ᠠᠴᠠ ᠠᠩᠭᠢᠵᠢᠷᠠᠭᠤᠯᠬᠤ | ᠰᠢᠪᠳᠤᠯᠤᠯᠳᠠ ᠶᠢᠨ ᠲᠠᠶᠢᠯᠠᠯᠳᠤᠭᠠᠨ ᠤ ᠦᠢᠯᠡᠰ ᠲᠤ ᠨᠡᠶᠢᠭᠡᠮ ᠤᠨ ᠡᠯ᠎ᠡ ᠡᠲᠡᠭᠡᠳ ᠤᠨ ᠬᠢᠨ ᠤ ᠤᠷᠤᠯᠴᠠᠬᠤ ᠳᠤ | ᠦᠢᠯᠡᠴᠢᠯᠡᠭᠡ ᠬᠠᠩᠭᠠᠵᠤ᠂ ᠠᠷᠠᠳ ᠤᠯᠠᠨ ᠤ ᠬᠢᠨᠠᠯᠲᠠ ᠲᠠᠯᠪᠢᠬᠤ ᠳᠤ ᠲᠦᠭᠦᠮ ᠦᠵᠡᠬᠦᠯᠬᠦ ᠬᠡᠷᠡᠭᠳᠡᠢ᠃ | ︵ᠬᠤᠶᠠᠷ︶ ᠨᠡᠶᠢᠭᠡᠮ ᠤᠨ ᠠᠪᠤᠷᠠᠨ ᠲᠤᠰᠠᠯᠠᠯᠳᠠ ᠪᠠ ᠨᠡᠶᠢᠭᠡᠮ ᠤᠨ ᠠᠰᠠᠷᠠᠮᠵᠢ ᠶᠢᠨ ᠬᠦᠷᠢᠶ᠎ᠡ᠃ | ᠭᠤᠤᠯᠳᠠᠭᠤ ᠬᠤᠳᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠭᠦᠴᠢᠷᠳᠡᠯᠳᠡᠢ | ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ᠂ ᠭᠠᠮᠰᠢᠨᠨᠳ᠋ᠬᠠᠰᠠᠳ ᠢ ᠠᠪᠤᠷᠠᠨ ᠲᠤᠰᠠᠯᠠᠬᠤ᠂ ᠡᠮᠴᠢᠯᠡᠭᠡ ᠪᠠᠷ | ᠠᠪᠤᠷᠠᠨ ᠲᠤᠰᠠᠯᠠᠬᠤ᠂ ᠰᠤᠷᠭᠠᠨ ᠬᠥᠮᠦᠵᠢᠯ ᠢᠶᠠᠷ ᠠᠪᠤᠷᠠᠨ ᠲᠤᠰᠠᠯᠠᠬᠤ᠂ ᠤᠷᠤᠨ ᠰᠠᠭᠤᠴᠠ ᠪᠠᠷ ᠠᠪᠤᠷᠠᠨ | ᠲᠤᠰᠠᠯᠠᠬᠤ᠂ ᠠᠵᠢᠯ ᠤᠯᠭᠤᠯᠳᠠ ᠪᠠᠷ ᠠᠪᠤᠷᠠᠨ ᠲᠤᠰᠠᠯᠠᠬᠤ᠂ ᠲᠦᠷ ᠴᠠᠭ ᠤᠨ ᠠᠪᠤᠷᠠᠨ ᠲᠤᠰᠠᠯᠠᠬᠤ᠂ | ᠨᠠᠰᠤᠲᠠᠶᠢᠴᠤᠳ ᠤᠨ ᠠᠰᠠᠷᠠᠮᠵᠢ᠂ ᠵᠡᠮᠳᠡᠭᠴᠦᠳ ᠤᠨ ᠠᠰᠠᠷᠠᠮᠵᠢ᠂ ᠬᠡᠦᠬᠡᠳ ᠤᠨ ᠠᠰᠠᠷᠠᠮᠵᠢ᠂ ᠥᠨᠥᠴᠢᠨ | ᠬᠡᠦᠬᠡᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ᠂ ᠲᠥᠯᠥᠪᠯᠡᠭᠡᠲᠦ ᠦᠷᠡᠵᠢᠯ ᠬᠢᠭᠰᠡᠨ ᠤᠨᠴᠠ ᠭᠦᠴᠢᠷᠳᠡᠢ | ᠭᠡᠷ ᠪᠦᠯᠢ ᠶᠢ ᠲᠡᠳᠬᠦᠨ ᠲᠤᠰᠠᠯᠠᠬᠤ ᠵᠡᠷᠭᠡ ᠵᠦᠢᠯᠡᠰ ᠤᠨ ᠲᠤᠭᠤᠷᠢᠨ ᠳᠤ᠂ ᠠᠪᠤᠷᠠᠨ ᠲᠤᠰᠠᠯᠠᠭᠤᠯᠬᠤ ᠡᠲᠡᠭᠡᠳ ᠢ | ᠮᠠᠭᠠᠳᠯᠠᠨ ᠲᠤᠨᠨᠳᠠᠭᠠᠬᠤ᠂ ᠠᠪᠤᠷᠠᠨ ᠲᠤᠰᠠᠯᠠᠬᠤ ᠪᠠᠷᠢᠮᠵᠢᠶ᠎ᠠ᠂ ᠠᠰᠠᠷᠠᠮᠵᠢ ᠶᠢᠨ ᠨᠡᠮᠡᠭᠦᠷᠢ ᠭᠤᠶᠤᠴᠢᠯᠠᠨ ᠠᠪᠬᠤ | ᠵᠢᠴᠢ ᠬᠢᠨᠠᠨ ᠵᠦᠪᠰᠢᠶᠡᠷᠡᠬᠦᠯᠬᠦ ᠪᠠᠷ ᠭᠤᠶᠤᠴᠢᠯᠠᠬᠤ ᠲᠡᠰ ᠲᠠᠷᠠᠭᠠᠯᠠᠯ ᠵᠡᠷᠭᠡ ᠬᠠᠮᠢᠶ᠎ᠠ ᠪᠦᠬᠦᠢ ᠲᠦᠷᠦ ᠶᠢᠨ | ᠪᠤᠳᠤᠯᠭ᠎ᠠ ᠶᠢ ᠪᠦᠭᠦ ᠲᠠᠯ᠎ᠠ ᠪᠠᠷ ᠢᠯᠡ ᠪᠤᠯᠭᠠᠵᠦ᠂ ᠠᠪᠤᠷᠠᠨ ᠲᠤᠰᠠᠯᠠᠬᠤ ᠡᠳ᠋ ᠮᠥᠩᠭᠦ ᠶᠢ ᠬᠠᠮᠢᠶᠠᠷᠴᠤ ᠬᠡᠷᠡᠭᠯᠡᠬᠦ᠂ | ᠠᠰᠠᠷᠠᠮᠵᠢ ᠶᠢᠨ ᠨᠡᠮᠡᠭᠦᠷᠢ ᠣᠯᠭᠤᠬᠤ ᠵᠡᠷᠭᠡ ᠪᠠᠶᠢᠳᠠᠯ ᠢ ᠴᠢᠭᠯᠡᠯᠳᠦ ᠴᠢᠨᠠᠷᠳᠠᠢ ᠪᠠᠷ ᠢᠯᠡ ᠪᠤᠯᠭᠠᠬᠤ ᠬᠡᠷᠡᠭᠳᠡᠢ᠃ | ᠢᠯᠡ ᠪᠣᠯᠭᠠᠬᠤ ᠠᠷᠭ᠎ᠠ ᠬᠡᠯᠪᠡᠷᠢ ᠠᠷᠭ᠎ᠠ ᠮᠠᠶ᠋ᠢᠭ ᠢ ᠭᠠᠵᠠᠷ ᠣᠷᠣᠨ ᠤ ᠪᠠᠶᠢᠳᠠᠯ ᠳᠤ ᠨᠢ ᠲᠤᠬᠢᠷᠠᠭᠤᠯᠵᠦ᠂ ᠤᠴᠢᠷ | ᠶᠠᠪᠤᠳᠠᠯ ᠤᠨ ᠤᠨᠴᠠᠯᠢᠭ ᠲᠤ ᠨᠢ ᠲᠤᠬᠢᠷᠠᠭᠤᠯᠤᠨ᠂ ᠢᠯᠡ ᠪᠤᠯᠭᠠᠬᠤ ᠶᠢᠨ ᠪᠣᠳᠠᠲᠤ ᠦᠷ᠎ᠡ ᠪᠦᠲᠦᠮᠵᠢ ᠶᠢ ᠦᠨᠡᠨ ᠬᠦ | ᠪᠠᠳᠤᠯᠠᠵᠦ᠂ ᠬᠤᠷᠢᠭ᠎ᠠ ᠱᠤᠭᠤᠮ ᠪᠠ ᠪᠠᠳᠤᠯᠠᠭ᠎ᠠ ᠶᠢᠨ ᠲᠦᠪ ᠭᠤᠤᠯᠴᠢ ᠶᠢ ᠬᠠᠮᠠᠭᠠᠯᠠᠬᠤ ᠮᠥᠷᠲᠡᠭᠡᠨ ᠬᠠᠮᠢᠶ᠎ᠠ | ᠪᠦᠬᠦᠢ ᠭᠦᠮᠦᠰ ᠤᠨ ᠬᠤᠪᠢ ᠶᠢᠨ ᠨᠢᠭᠤᠴᠠ ᠶᠢ ᠬᠠᠮᠠᠭᠠᠯᠠᠬᠤ ᠬᠡᠷᠡᠭᠳᠡᠢ᠃ | ︵ᠭᠤᠷᠪᠠ︶ ᠰᠤᠷᠭᠠᠨ ᠬᠥᠮᠦᠵᠢᠯ ᠤᠨ ᠬᠦᠷᠢᠶ᠎ᠡ᠃ ᠠᠷᠠᠳ ᠲᠦᠮᠡᠨ ᠤ ᠰᠡᠳᠬᠢᠯ ᠳᠤ ᠬᠠᠨᠤᠮᠵᠢᠳᠠᠢ ᠰᠤᠷᠭᠠᠨ | ᠬᠥᠮᠦᠵᠢᠯ ᠢ ᠰᠠᠶᠢᠲᠤᠷ ᠡᠷᠬᠢᠯᠡᠬᠦ ᠳᠤ ᠰᠠᠭᠤᠷᠢᠯᠠᠵᠦ᠂ ᠰᠤᠷᠭᠠᠨ ᠬᠥᠮᠦᠵᠢᠯ ᠤᠨ ᠮᠡᠳᠡᠭᠡ ᠵᠠᠩᠭᠢ ᠶᠢ ᠢᠯᠡ ᠪᠣᠯᠭᠠᠬᠤ | ᠡᠷᠴᠢᠮ ᠢᠶᠠᠨ ᠤᠯᠠᠮ ᠨᠢᠭᠡ ᠠᠯᠬᠤᠮ ᠴᠢᠩᠭᠠᠳᠬᠠᠨ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠤᠨᠴᠤᠭᠤᠢ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠵᠡᠷᠭᠡ ᠲᠠᠯ᠎ᠠ ᠪᠠᠷ ᠬᠢ ᠮᠡᠳᠡᠭᠡ ᠵᠠᠩᠭᠢ ᠶᠢᠨ ᠢᠯᠡ | ᠪᠣᠯᠭᠠᠬᠤ ᠶᠢ ᠭᠤᠤᠯᠳᠠᠯᠭ᠎ᠠ ᠲᠠᠢ ᠰᠠᠶᠢᠳᠤᠷ ᠬᠢᠬᠦ ᠬᠡᠷᠡᠭᠳᠡᠢ᠃ ᠠᠰᠢᠭ ᠲᠤᠰᠠ ᠶᠢᠨ ᠬᠠᠷᠢᠴᠠᠭ᠎ᠠ ᠪᠠᠷ ᠰᠢᠭᠤᠳ᠂ | ᠪᠣᠳᠠᠲᠤ ᠵᠥᠷᠢᠴᠡᠯ ᠢᠶᠠᠷ ᠲᠤᠪᠤᠶᠢᠮ᠎ᠠ ᠵᠦᠢᠯᠡᠰ ᠢ ᠴᠢᠩᠭ᠎ᠠ ᠠᠳᠬᠤᠵᠦ᠂ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ᠂ | ᠭᠦᠭᠵᠢᠯᠳᠡ ᠶᠢᠨ ᠲᠥᠯᠥᠪᠵᠢᠭᠦᠯᠭᠡ᠂ ᠵᠠᠷᠤᠳᠠᠯ ᠤᠨ ᠣᠷᠣᠭᠤᠯᠤᠯᠲᠠ ᠪᠠ ᠬᠡᠷᠡᠭᠯᠡᠯᠳᠡ᠂ ᠭᠦᠴᠢᠷᠳᠡᠢ | ᠰᠤᠷᠤᠭᠴᠢᠳ ᠲᠤ ᠵᠤᠭᠤᠰ ᠢᠶᠠᠷ ᠲᠤᠰᠠᠯᠠᠬᠤ ᠶᠢ ᠬᠡᠷᠡᠭᠵᠢᠭᠦᠯᠦᠭᠰᠡᠨ ᠪᠠᠶᠢᠳᠠᠯ ᠵᠡᠷᠭᠡ ᠮᠡᠳᠡᠭᠡ ᠵᠠᠩᠭᠢ ᠶᠢ | ᠭᠤᠤᠯᠳᠠᠯᠭ᠎ᠠ ᠲᠠᠢ ᠢᠯᠡ ᠪᠤᠯᠭᠠᠬᠤ ᠬᠡᠷᠡᠭᠳᠡᠢ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠯᠭ᠎ᠠ | ᠲᠤᠷᠭᠤᠮᠳᠠᠬᠤ ᠶᠢ ᠡᠵᠡᠮᠳᠡᠵᠦ ᠰᠤᠷᠤᠯᠭ᠎ᠠ ᠶᠢ ᠪᠠᠳᠤᠯᠠᠬᠤ᠂ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ | ᠬᠥᠮᠦᠵᠢᠯ ᠢ ᠲᠡᠩᠴᠡᠭᠦᠷᠢᠲᠡᠶ ᠬᠥᠭᠵᠢᠭᠦᠯᠬᠦ ᠵᠡᠷᠭᠡ ᠠᠵᠢᠯ ᠤᠨ ᠠᠬᠢᠴᠠ ᠶᠢᠨ ᠪᠠᠶᠢᠳᠠᠯ ᠢ ᠢᠯᠡ ᠪᠤᠯᠭᠠᠬᠤ ᠶᠢ | ᠰᠠᠶᠢᠳᠤᠷ ᠬᠢᠬᠦ ᠬᠡᠷᠡᠭᠳᠡᠢ᠃ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠬᠢᠷᠢ ᠬᠡᠮ᠂ | ᠰᠤᠷᠭᠠᠭᠤᠯᠢ ᠡᠷᠬᠢᠯᠡᠬᠦ ᠴᠢᠨᠠᠷ ᠴᠢᠨᠰᠠᠭ᠎ᠠ᠂ ᠰᠤᠷᠤᠭᠴᠢ ᠡᠯᠰᠡᠬᠦ ᠬᠡᠪᠴᠢᠶ᠎ᠡ ᠪᠠ ᠬᠤᠷᠢᠶᠠᠬᠤ ᠰᠦᠢᠳᠬᠡᠯ ᠵᠡᠷᠭᠡ | ᠮᠡᠳᠡᠭᠡ ᠵᠠᠩᠭᠢ ᠶᠢᠨ ᠢᠯᠡ ᠪᠣᠯᠭᠠᠬᠤ ᠶᠢ ᠠᠬᠢᠭᠤᠯᠬᠤ ᠬᠡᠷᠡᠭᠲᠡᠶ᠃ | ︵ᠲᠦᠷᠪᠡ︶ ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠤᠨ ᠭᠦᠷᠢᠶ᠎ᠡ᠃ ᠤᠯᠠᠨ ᠨᠡᠶᠢᠲᠡ ᠶᠢᠨ ᠡᠮᠴᠢᠯᠡᠭᠡ | ᠡᠷᠡᠭᠦᠯ ᠬᠠᠮᠠᠭᠠᠯᠠᠯ ᠤᠨ ᠲᠠᠯ᠎ᠠ ᠳᠠᠬᠢ ᠠᠷᠠᠳ ᠤᠯᠠᠨ ᠤ ᠪᠠᠶᠢᠳᠠᠯ ᠢ ᠮᠡᠳᠡᠬᠦ ᠡᠷᠬᠡ ᠶᠢ ᠪᠠᠳᠤᠯᠠᠵᠦ᠂ ᠬᠦᠨᠳᠦ | ᠡᠪᠡᠳᠴᠢᠨ ᠡᠮᠭᠡᠭ ᠢ ᠤᠷᠢᠳᠴᠢᠯᠡᠨ ᠰᠡᠷᠬᠡᠶᠢᠯᠡᠵᠦ ᠡᠵᠡᠮᠳᠡᠬᠦ᠂ ᠤᠯᠤᠰ ᠤᠨ ᠡᠭᠡᠯᠢᠯᠡᠭᠡ ᠶᠢᠨ ᠲᠥᠯᠥᠪᠵᠢᠭᠦᠯᠭᠡ᠂ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ᠂ ᠬᠠᠯᠳᠠᠪᠤᠷᠢᠲᠤ ᠡᠪᠡᠳᠴᠢᠨ ᠬᠢᠵᠢᠭ ᠤᠨ | ᠪᠠᠶᠢᠳᠠᠯ ᠵᠢᠴᠢ ᠰᠡᠷᠭᠡᠶᠢᠯᠡᠨ ᠡᠵᠡᠮᠳᠡᠬᠦ ᠵᠡᠷᠭᠡ ᠮᠡᠳᠡᠭᠡ ᠵᠠᠩᠭᠢ ᠶᠢ ᠭᠤᠤᠯᠳᠠᠯᠭ᠎ᠠ ᠲᠠᠢ ᠢᠯᠡ ᠪᠤᠯᠭᠠᠬᠤ ᠬᠡᠷᠡᠭᠳᠡᠢ᠃ | ᠡᠷᠡᠭᠦᠯ ᠡᠩᠬᠡ ᠶᠢᠨ ᠰᠢᠨᠵᠢᠯᠡᠬᠦ ᠤᠬᠠᠭᠠᠨ ᠤ ᠲᠦᠬᠡᠮᠡᠯᠵᠢᠬᠦᠯᠦᠯᠳᠡ ᠶᠢ ᠶᠡᠬᠡᠪᠡᠷ ᠦᠷᠨᠢᠬᠦᠯᠵᠦ᠂ ᠡᠮᠡᠭᠲᠡᠶᠢᠴᠦᠳ᠂ | ᠨᠠᠰᠤᠨ ᠳᠤ ᠦᠯᠦ ᠬᠦᠷᠦᠭᠰᠡᠳ᠂ ᠨᠠᠰᠤᠲᠠᠶᠢᠴᠤᠳ ᠵᠡᠷᠭᠡ ᠭᠤᠣᠯᠳᠠᠯᠭ᠎ᠠ ᠲᠠᠢ ᠬᠥᠮᠦᠰ ᠪᠠ ᠬᠥᠳᠡᠭᠡ ᠲᠣᠰᠬᠤᠨ᠂ | ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ ᠬᠠᠨᠳᠤᠭᠤᠯᠤᠨ᠂ | ᠡᠷᠡᠭᠦᠯ ᠡᠩᠬᠡ ᠶᠢᠨ ᠲᠤᠰᠬᠠᠢ ᠵᠦᠢᠯ ᠤᠨ ᠰᠢᠨᠵᠢᠯᠡᠬᠦ ᠤᠬᠠᠭᠠᠨ ᠤ ᠲᠦᠬᠡᠮᠡᠯᠵᠢᠯᠳᠡ ᠶᠢ ᠦᠷᠨᠢᠬᠦᠯᠵᠦ᠂ ᠤᠳᠤ | ᠦᠶ᠎ᠡ ᠶᠢᠨ ᠠᠨᠠᠭᠠᠬᠤ ᠤᠬᠠᠭᠠᠨ ᠤ ᠮᠡᠳᠡᠯᠭᠡ ᠪᠠᠷ ᠠᠷᠠᠳ ᠤᠯᠠᠨ ᠳᠤ ᠡᠷᠡᠭᠦᠯ ᠡᠩᠬᠡ ᠶᠢᠨ ᠦᠢᠯᠡᠴᠢᠯᠡᠭᠡ ᠬᠠᠩᠭᠠᠬᠤ | ᠬᠡᠷᠡᠭᠲᠡᠶ᠃ ᠡᠪᠡᠳᠴᠢᠨ ᠡᠮᠭᠡᠭ ᠤᠨ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠯᠳᠠ᠂ ᠡᠷᠡᠭᠦᠯ ᠡᠩᠬᠡ ᠪᠠᠷ | ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠨᠨᠰᠠᠨ ᠪᠠᠶᠢᠳᠠᠯ ᠢ ᠢᠯᠠ ᠪᠤᠯᠭᠠᠬᠤ ᠠᠵᠢᠯ ᠢ | ᠤᠯᠠᠮ ᠨᠢᠬᠡ ᠠᠯᠬᠤᠮ ᠰᠠᠶᠢᠳᠤᠷ ᠬᠢᠬᠦ ᠬᠡᠷᠡᠭᠲᠡᠶ᠃ ᠮᠡᠳᠡᠭᠡ ᠵᠠᠩᠭᠢ ᠶᠢ ᠢᠯᠡ ᠪᠣᠯᠭᠠᠬᠤ ᠠᠷᠭ᠎ᠠ ᠠᠪᠴᠢᠯ ᠢ | ᠠᠰᠢᠨᠨᠯᠠᠵᠦ ᠪᠠᠶᠢᠭᠠᠳ ᠡᠷᠡᠭᠦᠯ ᠬᠠᠮᠠᠭᠠᠯᠠᠯ ᠤᠨ ᠲᠠᠯ᠎ᠠ ᠪᠠᠷ ᠬᠢ ᠬᠢᠨᠠᠯᠳᠠ ᠲᠠᠯᠪᠢᠯᠳᠠ ᠶᠢ ᠴᠢᠩᠭᠠᠳᠬᠠᠬᠤ ᠪᠠᠷ | ᠰᠦᠪᠡᠭᠴᠢᠯᠡᠬᠦ ᠬᠡᠷᠡᠭᠲᠡᠶ᠃ ᠢᠳᠡᠭᠡᠨ ᠤ ᠵᠦᠢᠯ ᠤᠨ ᠠᠮᠤᠷ ᠲᠦᠪᠰᠢᠨ ᠤ ᠮᠡᠳᠡᠭᠡ ᠵᠠᠩᠭᠢ ᠶᠢᠨ ᠢᠯᠡ ᠪᠣᠯᠭᠠᠬᠤ ᠶᠢ | ᠭᠦᠨᠵᠡᠬᠡᠶᠢᠷᠡᠬᠦᠯᠦᠨ᠂ ᠠᠵᠤ ᠠᠬᠤᠶᠢᠯᠠᠯ ᠤᠨ ︽ᠬᠠᠷ᠎ᠠ ᠳᠠᠩᠰᠠ︾ ᠶᠢᠨ ᠳᠦᠷᠢᠮ ᠢ ᠲᠡᠭᠦᠯᠳᠡᠷᠵᠢᠭᠦᠯᠦᠨ | ᠲᠡᠯᠬᠡᠷᠡᠭᠦᠯᠵᠦ᠂ ᠬᠠᠤᠯᠢ ᠵᠥᠷᠢᠴᠡᠭᠰᠡᠳ ᠢ ᠤᠷᠤᠬᠤ ᠭᠠᠵᠠᠷ ᠦᠬᠡᠢ ᠪᠤᠯᠭᠠᠵᠦ᠂ ᠠᠷᠠᠳ ᠤᠯᠠᠨ ᠢ ᠢᠳᠡᠬᠡᠨ | ᠤᠮᠳᠠᠭᠠᠨ ᠤ ᠲᠠᠯ᠎ᠠ ᠪᠠᠷ ᠰᠡᠳᠬᠢᠯ ᠠᠮᠤᠷ ᠪᠠᠶᠢᠯᠭᠠᠨ᠎ᠠ᠃ | ︵ᠲᠠᠪᠤ︶ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠦᠷᠢᠶ᠎ᠡ᠃ ᠨᠡᠶᠢᠭᠡᠮ ᠨᠡᠶᠢᠳᠡ ᠪᠠᠷ ᠢᠶᠠᠨ ᠨᠡᠶᠢᠳᠡᠮ | ᠠᠩᠬᠠᠷᠴᠤ ᠪᠠᠶᠢᠭ᠎ᠠ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ᠂ ᠤᠰᠤᠨ ᠤ ᠪᠣᠬᠢᠷᠲᠤᠯ ᠢ ᠰᠡᠷᠭᠡᠶᠢᠯᠡᠨ | ᠵᠠᠰᠠᠬᠤ᠂ ᠬᠥᠷᠥᠰᠥ ᠰᠢᠷᠣᠶ ᠶᠢᠨ ᠪᠣᠬᠢᠷᠲᠤᠯ ᠢ ᠬᠠᠮᠢᠶᠠᠷᠤᠨ ᠡᠵᠡᠮᠳᠡᠬᠦ ᠪᠠ ᠦᠩᠵᠢᠬᠦᠯᠦᠨ ᠰᠡᠷᠭᠦᠭᠡᠬᠦ ᠵᠡᠷᠭᠡ ᠮᠡᠳᠡᠭᠡ | ᠵᠠᠩᠭᠢ ᠶᠢ ᠢᠯᠡ ᠪᠣᠯᠭᠠᠬᠤ ᠠᠵᠢᠯ ᠢ ᠤᠯᠠᠮ ᠨᠢᠬᠡ ᠠᠯᠬᠤᠮ ᠰᠠᠶᠢᠲᠤᠷ ᠬᠢᠬᠦ ᠬᠡᠷᠡᠭᠲᠡᠶ᠃ ᠣᠷᠴᠢᠨ ᠲᠤᠭᠤᠷᠢᠨ ᠤ | ᠪᠣᠬᠢᠷᠲᠤᠯ ᠢ ᠰᠡᠷᠭᠡᠶᠢᠯᠡᠨ ᠵᠠᠰᠠᠬᠤ ᠪᠠ ᠠᠮᠢ ᠠᠬᠤᠶ ᠶᠢ ᠬᠠᠮᠠᠭᠠᠯᠠᠬᠤ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ᠂ | ᠬᠡᠷᠡᠭᠵᠢᠬᠦᠯᠦᠭᠰᠡᠨ ᠦᠷ᠎ᠡ ᠨᠦᠯᠦᠬᠡ ᠂ ᠪᠣᠬᠢᠷᠲᠤᠯ ᠤᠨ ᠡᠬᠢ ᠢᠷᠡᠯᠳᠡ ᠶᠢ ᠬᠢᠨᠠᠨ ᠰᠢᠨᠵᠢᠬᠦ ᠵᠢᠴᠢ ᠪᠣᠬᠢᠷᠲᠤᠯ ᠪᠣᠳᠠᠰ | ᠭᠠᠳ᠋ᠬᠠᠰᠢᠯᠠᠭᠤᠯᠬᠤ ᠶᠢ ᠪᠠᠭᠠᠰᠬᠠᠨᠨᠰᠠᠨ᠂ ᠪᠦᠳᠤᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠣᠷᠴᠢᠨ | ᠲᠣᠭᠤᠷᠢᠨ ᠳᠤ ᠦᠵᠡᠬᠦᠯᠬᠦ ᠰᠦᠬᠡᠷᠬᠦ ᠨᠦᠯᠦᠬᠡ ᠶᠢ ᠰᠢᠯᠭᠠᠨ ᠦᠨᠡᠯᠡᠬᠦ ᠬᠢᠨᠠᠨ ᠵᠦᠪᠰᠢᠶᠡᠷᠡᠯ᠂ ᠣᠷᠴᠢᠨ | ᠲᠤᠭᠤᠷᠢᠨ ᠤ ᠪᠣᠬᠢᠷᠲᠤᠯ ᠪᠠ ᠠᠮᠢ ᠠᠬᠤᠶ ᠶᠢᠨ ᠡᠪᠳᠡᠯᠡᠭᠡ ᠶᠢᠨ ᠲᠠᠯ᠎ᠠ ᠪᠠᠷ ᠬᠢ ᠬᠦᠨᠳᠦ ᠶᠡᠭᠡ ᠬᠡᠷᠡᠭ ᠤᠨ | ᠪᠠᠶᠢᠴᠠᠭᠠᠨ ᠰᠶᠢᠳᠪᠦᠷᠢᠯᠡᠭᠰᠡᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠬᠡᠷᠡᠭᠵᠢᠬᠦᠯᠵᠦ ᠬᠢᠨᠠᠨ | ᠬᠠᠮᠢᠶᠠᠷᠤᠨᠨᠰᠠᠨ᠂ ᠵᠠᠭᠠᠯᠳᠤᠯᠭ᠎ᠠ ᠶᠢ ᠰᠶᠢᠳᠪᠦᠷᠢᠯᠡᠭᠰᠡᠨ ᠵᠡᠷᠭᠡ ᠮᠡᠳᠡᠭᠡ ᠵᠠᠩᠭᠢ ᠶᠢ ᠭᠤᠣᠯᠳᠠᠯᠭ᠎ᠠ ᠲᠠᠢ ᠢᠯᠡ | ᠪᠤᠯᠭᠠᠬᠤ ᠬᠡᠷᠡᠭᠳᠡᠢ᠃ ᠦᠷᠬᠡᠨ ᠬᠡᠪᠴᠢᠶᠡᠳᠡᠢ ᠬᠦᠨᠳᠦ ᠪᠤᠬᠢᠷᠳᠤᠨᠨᠰᠠᠨ ᠴᠠᠭ ᠠᠭᠤᠷ ᠢ ᠰᠡᠷᠡᠮᠵᠢᠯᠡᠭᠦᠯᠬᠦ | ᠰᠠᠨᠠᠭᠤᠯᠤᠮᠵᠢ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠳᠡᠯᠡᠵᠦ᠂ ᠬᠦᠨᠳᠦ ᠪᠤᠬᠢᠷᠳᠤᠨᠨᠰᠠᠨ ᠴᠠᠭ ᠠᠭᠤᠷ ᠤᠨ | ᠬᠤᠭᠤᠴᠠᠭᠠᠨ ᠳᠠᠬᠢ ᠮᠡᠳᠡᠭᠡ ᠵᠠᠩᠭᠢ ᠨᠡᠶᠢᠲᠡᠯᠡᠬᠦ᠂ ᠶᠠᠷᠢᠶ᠎ᠠ ᠬᠡᠯᠡᠯᠴᠡᠬᠡᠨ ᠤ ᠪᠠᠶᠢᠳᠠᠯ ᠢ ᠬᠥᠲᠥᠯᠥᠨ ᠵᠢᠯᠤᠭᠤᠳᠬᠤ | ᠵᠡᠷᠭᠡ ᠠᠵᠢᠯ ᠢ ᠨᠢᠬᠡᠳᠦᠯᠳᠡᠢ ᠲᠦᠯᠦᠪᠵᠢᠬᠦᠯᠦᠨ ᠰᠠᠶᠢᠳᠤᠷ ᠬᠢᠬᠦ ᠬᠡᠷᠡᠭᠳᠡᠢ᠃ ᠣᠷᠴᠢᠨ ᠲᠤᠭᠤᠷᠢᠨ ᠤ | ᠬᠠᠮᠠᠭᠠᠯᠠᠯᠲᠠ ᠶᠢᠨ ᠮᠡᠳᠡᠭᠡ ᠵᠠᠩᠭᠢ ᠶᠢ ᠠᠯᠪᠠᠳᠠᠯᠭ᠎ᠠ ᠶᠢᠨ ᠴᠢᠨᠠᠷᠲᠠᠶ ᠪᠠᠷ ᠨᠡᠶᠢᠳᠡᠯᠡᠬᠦ ᠲᠥᠷᠢᠮ ᠢ ᠲᠡᠭᠦᠯᠳᠡᠷᠵᠢᠬᠦᠯᠬᠦ | ᠬᠡᠷᠡᠭᠳᠡᠢ᠃ | ︵ᠵᠢᠷᠭᠤᠭ᠎ᠠ︶ ᠭᠠᠶ ᠭᠠᠮᠰᠢᠭ ᠤᠨ ᠠᠳᠡᠯ ᠬᠡᠷᠡᠭ ᠠᠴᠠ ᠠᠪᠤᠷᠠᠨ ᠲᠤᠰᠠᠯᠠᠬᠤ ᠬᠦᠷᠢᠶ᠎ᠡ᠃ ᠪᠠᠶᠢᠭᠠᠯᠢ ᠶᠢᠨ | ᠭᠠᠶ ᠭᠠᠮᠰᠢᠭ᠂ ᠬᠦᠨᠳᠦ ᠶᠡᠭᠡ ᠠᠳᠡᠯ ᠬᠡᠷᠡᠭ ᠤᠨ ᠭᠠᠶ ᠭᠠᠮᠰᠢᠭ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠬᠡᠷᠡᠭ ᠵᠡᠷᠭᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠢᠬᠡᠳ ᠠᠪᠤᠷᠠᠨ | ᠲᠤᠰᠠᠯᠠᠬᠤ᠂ ᠡᠮᠴᠢᠯᠡᠬᠡᠨ ᠤ ᠠᠪᠤᠷᠠᠯᠳᠠ ᠬᠢᠬᠡᠳ ᠡᠷᠡᠭᠦᠯ ᠢ ᠬᠠᠮᠠᠭᠠᠯᠠᠵᠤ ᠬᠢᠵᠢᠭ ᠢ ᠰᠡᠷᠭᠡᠶᠢᠯᠡᠬᠦ᠂ ᠲᠠᠭᠠᠯᠳᠤᠨ ᠪᠤᠢ | ᠪᠤᠯᠬᠤ ᠭᠠᠶ ᠭᠠᠮᠰᠢᠭ ᠢ ᠤᠷᠢᠳᠴᠢᠯᠠᠨ ᠰᠡᠷᠡᠮᠵᠢᠯᠡᠵᠦ ᠰᠡᠷᠭᠡᠶᠢᠯᠡᠬᠦ ᠵᠡᠷᠭᠡ ᠠᠵᠢᠯ ᠤᠨ ᠪᠠᠶᠢᠳᠠᠯ ᠵᠢᠴᠢ ᠬᠥᠳᠡᠯᠦᠩᠭᠦᠶ | ᠮᠡᠳᠡᠭᠡ ᠵᠠᠩᠭᠢ ᠶᠢ ᠤᠨᠤᠪᠴᠢᠳᠠᠢ ᠪᠠᠷ ᠴᠠᠭ ᠲᠤᠬᠠᠢ ᠳᠤᠨᠢ ᠨᠡᠶᠢᠳᠡᠯᠡᠬᠦ ᠬᠡᠷᠡᠭᠳᠡᠢ᠃ ᠭᠠᠢ ᠭᠠᠮᠰᠢᠭ ᠠᠴᠠ ᠠᠪᠤᠷᠠᠨ | ᠲᠤᠰᠠᠯᠠᠬᠤ ᠬᠡᠷᠡᠭᠴᠡᠬᠡᠳᠡᠢ ᠮᠡᠳᠡᠭᠡ ᠵᠠᠩᠬᠢ ᠶᠢ ᠴᠠᠭ ᠲᠤᠬᠠᠢ ᠳᠤᠨᠢ ᠨᠡᠶᠢᠳᠡᠯᠡᠵᠦ᠂ ᠠᠪᠤᠷᠠᠨ ᠲᠤᠰᠠᠯᠠᠬᠤ ᠡᠳ᠋ ᠮᠥᠩᠭᠦ | ᠪᠠ ᠬᠠᠨᠳᠢᠪᠯᠠᠵᠦ ᠬᠦᠷᠭᠡᠭᠰᠡᠨ ᠡᠳ᠋ ᠮᠥᠩᠭᠦ ᠶᠢᠨ ᠲᠤᠭ᠎ᠠ ᠬᠡᠮᠵᠢᠶ᠎ᠡ᠂ ᠬᠡᠷᠡᠭᠯᠡᠭᠰᠡᠨ ᠪᠠᠶᠢᠳᠠᠯ᠂ ᠠᠪᠤᠷᠠᠨ | ᠲᠤᠰᠠᠯᠠᠭᠤᠯᠬᠤ ᠡᠲᠡᠭᠡᠳ ᠵᠢᠴᠢ ᠠᠪᠤᠷᠠᠨ ᠲᠤᠰᠠᠯᠠᠬᠤ ᠡᠳ᠋ ᠮᠦᠩᠭᠦ ᠶᠢ ᠬᠦᠯᠢᠶᠡᠨ ᠠᠪᠤᠨᠨᠰᠠᠨ ᠲᠤᠭ᠎ᠠ᠂ | ᠭᠠᠮᠰᠢᠭ ᠤᠨ ᠲᠠᠷᠠᠭ᠎ᠠ ᠪᠠᠷ ᠬᠢ ᠰᠡᠷᠭᠦᠭᠡᠨ ᠵᠠᠰᠠᠵᠦ ᠲᠠᠬᠢᠨ ᠪᠠᠶᠢᠭᠤᠯᠬᠤ ᠠᠵᠢᠯ ᠤᠨ ᠠᠬᠢᠴᠠ ᠵᠡᠷᠭᠡ ᠮᠡᠳᠡᠭᠡ | ᠵᠠᠩᠭᠢ ᠶᠢ ᠢᠯᠡ ᠪᠣᠯᠭᠠᠬᠤ ᠠᠵᠢᠯ ᠢ ᠠᠬᠢᠭᠤᠯᠤᠨ ᠰᠠᠶᠢᠲᠤᠷ ᠬᠢᠬᠦ ᠬᠡᠷᠡᠭᠲᠡᠶ᠃ | ︵ᠲᠤᠯᠤᠭ᠎ᠠ︶ ᠤᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠭᠦᠷᠢᠶ᠎ᠡ᠃ ᠤᠯᠠᠨ ᠨᠡᠶᠢᠲᠡ ᠶᠢᠨ | ᠰᠣᠶᠣᠯ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠲᠠᠯ᠎ᠠ ᠳᠠᠬᠢ ᠨᠡᠶᠢᠲᠡ ᠶᠢᠨ ᠠᠰᠠᠷᠠᠮᠵᠢ ᠶᠢᠨ ᠴᠢᠨᠠᠷ ᠠᠳᠠᠯᠢ ᠲᠡᠭᠰᠢ | ᠴᠢᠨᠠᠷ ᠪᠠ ᠳᠥᠭᠦᠮ ᠳᠥᠲᠡ ᠪᠠᠶᠢᠯᠭᠠᠬᠤ ᠴᠢᠨᠠᠷ ᠲᠤ ᠰᠠᠭᠤᠷᠢᠯᠠᠵᠦ᠂ ᠤᠯᠠᠨ ᠨᠡᠶᠢᠲᠡ ᠶᠢᠨ ᠰᠣᠶᠣᠯ ᠪᠡᠶ᠎ᠡ ᠶᠢᠨ | ᠲᠠᠮᠢᠷ ᠤᠨ ᠦᠢᠯᠡᠴᠢᠯᠡᠵᠦ ᠪᠠᠳᠤᠯᠠᠬᠤ ᠲᠦᠷᠦ ᠶᠢᠨ ᠪᠤᠳᠤᠯᠭ᠎ᠠ᠂ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ᠂ | ᠡᠳ᠋ ᠤᠨ ᠵᠠᠰᠠᠭ ᠤᠨ ᠪᠡᠯᠡ ᠮᠥᠩᠭᠦ ᠶᠢᠨ ᠣᠷᠣᠭᠤᠯᠤᠯᠲᠠ ᠪᠠ ᠬᠡᠷᠡᠭᠯᠡᠯᠳᠡ᠂ ᠪᠡᠯᠡᠳᠬᠡᠮᠵᠢ ᠶᠢᠨ ᠪᠠᠶᠢᠭᠤᠯᠤᠯᠳᠠ ᠪᠠ | ᠬᠡᠷᠡᠭᠯᠡᠯᠳᠡ᠂ ᠵᠠᠰᠠᠭ ᠤᠨ ᠣᠷᠳᠣᠨ ᠤ ᠤᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠦᠢᠯᠡᠴᠢᠯᠡᠭᠡ | ᠬᠤᠳᠠᠯᠳᠤᠨ ᠠᠪᠬᠤ ᠭᠠᠷᠴᠠᠭ᠂ ᠠᠵᠢᠯ ᠤᠨ ᠠᠮᠵᠢᠯᠳᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠵᠡᠷᠭᠡ ᠮᠡᠳᠡᠭᠡ | ᠵᠠᠩᠭᠢ ᠶᠢ ᠢᠯᠡ ᠪᠣᠯᠭᠠᠬᠤ ᠶᠢ ᠶᠡᠬᠡᠪᠡᠷ ᠠᠬᠢᠭᠤᠯᠬᠤ ᠬᠡᠷᠡᠭᠲᠡᠶ᠃ ᠰᠣᠶᠣᠯ ᠤᠨ ᠦᠪ ᠤᠨ ᠬᠠᠮᠠᠭᠠᠯᠠᠯᠳᠠ᠂ ᠤᠯᠠᠨ | ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠨᠡᠷᠡᠰ ᠤᠨ ᠵᠢᠭᠰᠠᠭᠠᠯᠲᠠ᠂ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠰᠣᠶᠣᠯ ᠤᠨ ᠦᠢᠯᠡᠴᠢᠯᠡᠭᠡᠨ ᠤ ᠠᠵᠢᠯᠯᠠᠭ᠎ᠠ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠪᠡᠶ᠎ᠡ ᠶᠢᠨ ᠲᠠᠮᠢᠷ ᠤᠨ ᠤᠷᠤᠯᠳᠤᠭᠠᠨ ᠪᠠ ᠠᠵᠢᠯᠯᠠᠭ᠎ᠠ ᠂ ᠬᠠᠨᠳᠢᠪᠯᠠᠭᠰᠠᠨ ᠡᠳ᠋ ᠮᠦᠩᠭᠦ ᠶᠢ ᠬᠠᠮᠢᠶᠠᠷᠴᠤ ᠬᠡᠷᠡᠭᠯᠡᠭᠰᠡᠨ | ᠵᠡᠷᠭᠡ ᠪᠠᠶᠢᠳᠠᠯ ᠢ ᠢᠯᠡ ᠪᠤᠯᠭᠠᠬᠤ ᠬᠡᠷᠡᠭᠳᠡᠢ᠃ | ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠪᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠢ ᠲᠤᠰ ᠲᠤᠰ ᠤᠨ ᠢᠶᠠᠨ ᠡᠭᠦᠷᠬᠡ ᠬᠠᠷᠢᠭᠤᠴᠠᠯᠭ᠎ᠠ ᠡᠷᠬᠡ ᠮᠡᠳᠡᠯ ᠤᠨ | ᠶᠤᠰᠤᠭᠠᠷ᠂ ᠲᠦᠷᠦᠯ ᠬᠤᠪᠢᠶᠠᠨ ᠵᠢᠭᠠᠨ ᠵᠢᠯᠣᠭᠤᠳᠬᠤ ᠪᠠᠨ ᠴᠢᠩᠭᠠᠳᠬᠠᠵᠤ᠂ ᠤᠷᠲᠤ ᠬᠤᠭᠤᠴᠠᠭᠠᠨ ᠤ | ᠪᠦᠳᠦᠮᠵᠢᠳᠡᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠬᠤᠯᠪᠣᠭᠳᠠᠯ ᠪᠦᠬᠦᠢ ᠠᠵᠤ | ᠠᠬᠤᠶᠢᠯᠠᠯ ᠠᠵᠢᠯ ᠦᠢᠯᠡᠰ ᠤᠨ ᠨᠢᠬᠡᠴᠡ᠂ ᠨᠢᠭᠦᠯᠡᠰᠦᠩᠭᠦᠶ ᠶᠢᠨ ᠦᠢᠯᠡᠰ ᠤᠨ ᠵᠣᠬᠢᠶᠠᠨ ᠪᠠᠶᠢᠭᠤᠯᠤᠯᠲᠠ ᠶᠢᠨ ᠬᠢᠨ ᠤ | ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠮᠡᠳᠡᠭᠡ ᠵᠠᠩᠭᠢ ᠶᠢ ᠦᠨᠡᠨ ᠮᠦᠨ ᠢᠶᠠᠷ ᠢᠯᠡ ᠪᠤᠯᠭᠠᠬᠤ ᠶᠢ | ᠠᠬᠢᠭᠤᠯᠬᠤ ᠬᠡᠷᠡᠭᠳᠡᠢ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠤᠷᠭᠠᠨ ᠬᠥᠮᠦᠵᠢᠯ ᠂ ᠣᠷᠴᠢᠨ ᠲᠤᠭᠤᠷᠢᠨ ᠤ | ᠬᠠᠮᠠᠭᠠᠯᠠᠯᠲᠠ᠂ ᠰᠣᠶᠣᠯ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠵᠡᠷᠭᠡ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠪᠠ ᠪᠤᠰᠤᠳ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ 2018 ᠣᠨ ᠤ ᠰᠡᠬᠦᠯᠴᠢ ᠠᠴᠠ ᠡᠮᠦᠨ᠎ᠡ | ᠲᠤᠰ ᠰᠠᠯᠠᠭ᠎ᠠ ᠮᠥᠴᠢᠷ ᠤᠨ ᠬᠢᠨᠠᠨ ᠬᠠᠮᠢᠶᠠᠷᠴᠤ ᠪᠠᠶᠢᠭ᠎ᠠ ᠤᠯᠠᠨ ᠨᠡᠶᠢᠳᠡ ᠶᠢᠨ ᠠᠵᠤ ᠠᠬᠤᠶᠢᠯᠠᠯ ᠠᠵᠢᠯ | ᠦᠢᠯᠡᠰ ᠤᠨ ᠨᠢᠬᠡᠴᠡ ᠶᠢᠨ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ ᠢ ᠪᠠᠶᠢᠭᠤᠯᠤᠨ ᠲᠡᠭᠦᠯᠳᠡᠷᠵᠢᠬᠦᠯᠵᠦ᠂ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ ᠨᠢᠭᠦᠯᠡᠰᠦᠩᠭᠦᠶ ᠶᠢᠨ | ᠦᠢᠯᠡᠰ ᠤᠨ ᠵᠣᠬᠢᠶᠠᠨ ᠪᠠᠶᠢᠭᠤᠯᠤᠯᠲᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠠᠷᠭ᠎ᠠ ᠶᠢ ᠲᠠᠷᠦ᠋ᠢᠬᠠᠨ | ᠲᠤᠨᠨᠳᠠᠭᠠᠨ ᠨᠡᠶᠢᠳᠡᠯᠡᠵᠦ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠲᠠ ᠶᠢᠨ | ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠢᠯᠡ ᠪᠣᠯᠭᠠᠬᠤ ᠶᠢ ᠲᠦᠷᠢᠮᠵᠢᠬᠦᠯᠵᠦ ᠵᠢᠷᠤᠮᠵᠢᠭᠤᠯᠬᠤ | ᠬᠢᠷᠢ ᠲᠦᠪᠰᠢᠨ ᠢᠶᠠᠨ ᠲᠠᠰᠤᠷᠠᠯᠳᠠ ᠦᠬᠡᠢ ᠲᠡᠬᠡᠭᠰᠢᠯᠡᠬᠦᠯᠬᠦ ᠬᠡᠷᠡᠭᠳᠡᠢ᠃ | ᠲᠦᠷᠪᠡ᠂ ᠢᠯᠡ ᠪᠤᠯᠭᠠᠬᠤ ᠪᠣᠳᠠᠲᠤ ᠦᠷ᠎ᠡ ᠪᠦᠲᠦᠮᠵᠢ ᠶᠢ ᠴᠢᠩᠭᠠᠳᠬᠠᠨ᠎ᠠ | ︵ᠨᠢᠭᠡ︶ ᠢᠯᠡ ᠪᠣᠯᠭᠠᠬᠤ ᠬᠡᠪᠴᠢᠶ᠎ᠡ ᠶᠢ ᠥᠷᠭᠡᠳᠬᠡᠬᠦ ᠬᠡᠷᠡᠭᠲᠡᠶ᠃ ᠣᠷᠣᠨ ᠨᠤᠲᠤᠭ ᠤᠨ ᠡᠯ᠎ᠡ ᠱᠠᠲᠤᠨ ᠤ | ᠵᠠᠰᠠᠭ ᠤᠨ ᠣᠷᠳᠣᠨ ᠪᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠢ | ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ ᠤᠨ ᠢᠶᠠᠨ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ | ᠦᠢᠯᠡᠰ ᠤᠨ ᠪᠠᠶᠢᠭᠤᠯᠤᠯᠲᠠ ᠶᠢᠨ ᠬᠦᠷᠢᠶᠡᠨ ᠳᠠᠬᠢ ᠵᠠᠪᠠᠯ ᠢᠯᠡ ᠪᠣᠯᠭᠠᠬᠤ ᠵᠦᠢᠯᠡᠰ ᠢ ᠡᠮᠬᠢᠯᠡᠨ ᠲᠢᠭᠯᠡᠵᠦ | ᠨᠠᠷᠢᠯᠢᠨᠨᠵᠢᠭᠤᠯᠬᠤ ᠬᠡᠷᠡᠭᠲᠡᠶ᠂ ᠵᠠᠰᠠᠭ ᠤᠨ ᠣᠷᠳᠣᠨ ᠤ ᠬᠠᠮᠢᠶ᠎ᠠ ᠪᠦᠭᠦᠢ ᠮᠡᠳᠡᠭᠡ ᠵᠠᠩᠭᠢ ᠶᠢ | ᠰᠠᠨᠠᠭᠠᠴᠢᠯᠠᠭ᠎ᠠ ᠠᠴᠠ ᠪᠠᠨ᠂ ᠪᠦᠭᠦ ᠲᠠᠯ᠎ᠠ ᠪᠠᠷ᠂ ᠴᠠᠭ ᠲᠤᠬᠠᠢ ᠳᠤᠨᠢ ᠢᠯᠡ ᠪᠤᠯᠭᠠᠬᠤ ᠬᠡᠷᠡᠭᠲᠡᠶ᠃ ᠦᠨᠳᠦᠰᠦᠨ | ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢᠨ ᠪᠠᠷᠢᠮᠵᠢᠶᠠᠵᠢᠭᠤᠯᠵᠦ ᠲᠦᠷᠢᠮᠵᠢᠬᠦᠯᠬᠦ ᠪᠠᠶᠢᠭᠤᠯᠤᠯᠲᠠ ᠶᠢ | ᠴᠢᠩᠭᠠᠳᠬᠠᠵᠤ᠂ ᠦᠨᠳᠦᠰᠦᠨ ᠱᠠᠲᠤᠨ ᠤ ᠪᠣᠳᠠᠲᠤ ᠪᠠᠶᠢᠳᠠᠯ ᠲᠠᠢ ᠨᠡᠶᠢᠴᠡᠭᠰᠡᠨ ᠨᠡᠶᠢᠭᠡᠮ ᠤᠨ ᠨᠡᠶᠢᠲᠡ ᠶᠢᠨ | ᠠᠰᠠᠷᠠᠮᠵᠢ ᠶᠢᠨ ᠦᠢᠯᠡᠰ ᠤᠨ ᠪᠠᠶᠢᠭᠤᠯᠤᠯᠲᠠ ᠶᠢᠨ ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ | ᠢᠯᠡ ᠪᠣᠯᠭᠠᠬᠤ ᠪᠠᠷᠢᠮᠵᠢᠶ᠎ᠠ ᠪᠠ ᠵᠢᠷᠤᠮᠵᠢᠯ ᠢ ᠰᠦᠪᠡᠭᠴᠢᠯᠡᠨ ᠪᠦᠷᠢᠯᠳᠦᠬᠦᠯᠬᠦ ᠬᠡᠷᠡᠭᠳᠡᠢ᠃ ᠠᠷᠠᠳ ᠢᠷᠭᠡᠨ᠂ | ᠬᠠᠤᠯᠢ ᠶᠢᠨ ᠡᠷᠬᠡᠳᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠳᠤᠷᠠᠳᠤᠭᠰᠠᠨ ᠨᠡᠶᠢᠭᠡᠮ ᠤᠨ ᠨᠡᠶᠢᠲᠡ ᠶᠢᠨ | ᠠᠰᠠᠷᠠᠮᠵᠢ ᠶᠢᠨ ᠦᠢᠯᠡᠰ ᠤᠨ ᠪᠠᠶᠢᠭᠤᠯᠤᠯᠲᠠ ᠶᠢᠨ ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ | ᠢᠯᠡ ᠪᠣᠯᠭᠠᠬᠤ ᠭᠤᠶᠤᠴᠢᠯᠠᠯ ᠢ ᠵᠠᠰᠠᠭ ᠵᠠᠬᠢᠷᠭᠠᠨ ᠤ ᠪᠠᠶᠢᠭᠤᠯᠭ᠎ᠠ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾ ᠤᠨ ᠲᠣᠭᠲᠠᠭᠠᠯ ᠶᠤᠰᠤᠭᠠᠷ | ᠬᠢᠨᠠᠮᠠᠭᠠᠶ ᠭᠦᠢᠴᠡᠳᠬᠡᠵᠦ᠂ ᠨᠡᠶᠢᠳᠡ ᠤᠯᠠᠨ ᠤ ᠮᠡᠳᠡᠭᠡ ᠵᠠᠩᠭᠢ ᠶᠢᠨ ᠬᠡᠷᠡᠭᠴᠡᠭᠡ ᠱᠠᠭᠠᠷᠳᠠᠯᠭ᠎ᠠ ᠶᠢ ᠬᠠᠮᠤᠭ ᠤᠨ ᠶᠡᠭᠡ | ᠬᠡᠪᠴᠢᠶ᠎ᠡ ᠪᠠᠷ ᠬᠠᠩᠭᠠᠬᠤ ᠬᠡᠷᠡᠭᠲᠡᠶ᠃ | ︵ᠬᠤᠶᠠᠷ︶ ᠢᠯᠡ ᠪᠣᠯᠭᠠᠬᠤ ᠠᠷᠭ᠎ᠠ ᠬᠡᠯᠪᠡᠷᠢ ᠶᠢ ᠲᠡᠭᠦᠯᠳᠡᠷᠵᠢᠬᠦᠯᠬᠦ ᠬᠡᠷᠡᠭᠳᠡᠢ᠃ ᠵᠠᠰᠠᠭ ᠤᠨ ᠣᠷᠳᠣᠨ ᠤ | ᠰᠦᠯᠵᠢᠶ᠎ᠡ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠦ᠂ | ᠠᠭᠤᠯᠭ᠎ᠠ ᠶᠢ ᠨᠢ ᠡᠷᠬᠡ ᠰᠦᠷ ᠲᠠᠢ᠂ ᠬᠡᠪ ᠵᠬᠠᠪᠤᠷ ᠢ ᠨᠢ ᠵᠢᠷᠤᠮᠵᠢᠯ ᠲᠠᠢ᠂ ᠵᠤᠬᠢᠶᠠᠮᠵᠢ ᠶᠢ ᠨᠢ ᠨᠢᠭᠡᠳᠦᠯᠲᠡᠶ | ᠪᠠᠶᠢᠯᠭᠠᠬᠤ ᠱᠠᠭᠠᠷᠳᠠᠯᠭ᠎ᠠ ᠶᠣᠰᠣᠭᠠᠷ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠮᠡᠳᠡᠭᠡ ᠵᠠᠩᠭᠢ ᠶᠢ ᠲᠦᠪᠯᠡᠷᠡᠩᠬᠦᠢ | ᠨᠡᠶᠢᠲᠡᠯᠡᠵᠦ᠂ ᠤᠯᠠᠨ ᠨᠡᠶᠢᠲᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠬᠡᠴᠡ᠂ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠨᠡᠶᠢᠲᠡᠯᠡᠭᠰᠡᠨ ᠬᠠᠮᠢᠶ᠎ᠠ ᠪᠦᠬᠦᠢ ᠮᠡᠳᠡᠭᠡ ᠵᠠᠩᠭᠢ ᠶᠢ ᠴᠤᠬᠯᠠᠭᠤᠯᠤᠨ ᠨᠡᠶᠢᠯᠡᠭᠦᠯᠵᠦ ᠪᠠᠶᠢᠭᠠᠳ | ᠲᠡᠯᠬᠡᠨ ᠦᠵᠡᠬᠦᠯᠵᠦ᠂ ᠨᠡᠶᠢᠳᠡ ᠤᠯᠠᠨ ᠤ ᠬᠠᠶᠢᠨ ᠯᠠᠪᠯᠠᠵᠦ ᠠᠰᠢᠨᠨᠯᠠᠬᠤ ᠳᠤ ᠳᠦᠭᠦᠮ ᠦᠵᠡᠬᠦᠯᠬᠦ ᠬᠡᠷᠡᠭᠲᠡᠶ᠃ | ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠲᠠ ᠶᠢᠨ ᠬᠦᠷᠢᠶᠡᠨ ᠳᠠᠬᠢ ᠮᠡᠳᠡᠭᠡ ᠵᠠᠩᠭᠢ ᠶᠢ | ᠬᠠᠮᠳᠤᠪᠡᠷ ᠭᠦᠷᠳᠡᠬᠦ ᠪᠠ ᠲᠤᠭ᠎ᠠ ᠪᠠᠷᠢᠮᠲᠠ ᠶᠢ ᠴᠢᠯᠥᠭᠡᠲᠡᠶ ᠪᠤᠯᠭᠠᠬᠤ ᠶᠢ ᠯᠠᠪᠳᠠᠭᠤᠨ ᠢᠶᠠᠷ ᠠᠬᠢᠭᠤᠯᠵᠦ᠂ ᠰᠠᠯᠠᠭ᠎ᠠ | ᠮᠥᠴᠢᠷ ᠤᠳ ᠤᠨ ᠬᠤᠭᠤᠷᠣᠨᠳᠣ ᠪᠠᠨ ᠬᠢᠨᠠᠨ ᠬᠠᠷᠭᠤᠭᠤᠯᠬᠤ ᠪᠠ ᠨᠡᠶᠢᠭᠡᠮ ᠠᠴᠠ ᠨᠡᠭᠡᠭᠡᠨ ᠭᠦᠭᠵᠢᠬᠦᠯᠵᠦ | ᠠᠰᠢᠭᠯᠠᠬᠤ ᠳᠤ ᠨᠥᠬᠦᠴᠡᠯ ᠬᠠᠩᠭᠠᠬᠤ ᠬᠡᠷᠡᠭᠲᠡᠶ᠃ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠨᠢ | ᠭᠤᠣᠯᠳᠠᠭᠤ ᠦᠨᠳᠦᠰᠦᠨ ᠱᠠᠳᠤ ᠪᠠ ᠤᠨᠴᠤᠭᠤᠢ ᠭᠦᠮᠦᠰ ᠲᠤ ᠦᠢᠯᠡᠴᠢᠯᠡᠳᠡᠭ ᠣᠨᠴᠠᠯᠢᠭ ᠲᠤ ᠬᠠᠨᠳᠤᠭᠤᠯᠵᠦ᠂ | ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ᠂ ᠰᠣᠨᠢᠨ ᠮᠡᠳᠡᠬᠡᠨ ᠤ ᠵᠠᠭᠤᠴᠢᠯᠠᠭᠤᠷ᠂ ᠭᠠᠷ ᠤᠲᠠᠰᠤᠨ ᠤ ᠤᠬᠤᠷ | ᠴᠢᠮᠡᠭᠡ᠂ ᠨᠡᠶᠢᠳᠡ ᠳᠤ ᠵᠠᠷᠯᠠᠬᠤ ᠪᠤᠯᠤᠩ᠂ ᠤᠬᠠᠭᠤᠯᠭ᠎ᠠ ᠶᠢᠨ ᠲᠣᠪᠬᠢᠮᠠᠯ ᠂ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠲᠠᠪᠴᠠᠩ ᠵᠡᠷᠭᠡ ᠤᠯᠠᠨ ᠵᠦᠢᠯ ᠤᠨ ᠠᠴᠢᠶᠠᠯᠠᠪᠤᠷᠢ ᠪᠣᠯᠤᠨ ᠠᠷᠭ᠎ᠠ ᠬᠡᠯᠪᠡᠷᠢ ᠶᠢ ᠠᠮᠢᠳᠤᠯᠢᠭ ᠢᠶᠠᠷ | ᠬᠡᠷᠡᠭᠯᠡᠵᠦ᠂ ᠬᠠᠨᠳᠤᠯᠭ᠎ᠠ ᠲᠠᠢ ᠪᠠᠷ ᠨᠡᠶᠢᠳᠡᠯᠡᠨ᠂ ᠤᠨᠤᠪᠴᠢᠳᠠᠢ ᠪᠠᠷ ᠭᠦᠷᠬᠡᠵᠦ᠂ ᠮᠡᠳᠡᠭᠡ ᠵᠠᠩᠭᠢ ᠶᠢᠨ ᠬᠠᠮᠤᠷᠬᠤ | ᠬᠡᠪᠴᠢᠶ᠎ᠡ᠂ ᠬᠦᠷᠬᠦ ᠨᠤᠷᠮ᠎ᠠ ᠶᠢ ᠲᠡᠬᠡᠭᠰᠢᠯᠡᠬᠦᠯᠦᠨ᠂ ᠠᠷᠠᠳ ᠤᠯᠠᠨ ᠳᠤ ᠦᠵᠡᠬᠦᠯᠵᠦ ᠤᠶᠢᠯᠠᠭᠠᠭᠤᠯᠬᠤ ᠶᠢ | ᠪᠠᠳᠤᠯᠠᠬᠤ ᠬᠡᠷᠡᠭᠳᠡᠢ᠃ | ︵ᠭᠤᠷᠪᠠ︶ ᠲᠠᠶᠢᠯᠤᠮᠵᠢ ᠬᠢᠵᠦ ᠬᠥᠲᠥᠯᠥᠨ ᠵᠢᠯᠤᠭᠤᠳᠬᠤ ᠪᠠᠨ ᠴᠢᠩᠭᠠᠳᠬᠠᠬᠤ ᠬᠡᠷᠡᠭᠳᠡᠢ᠃ ᠨᠡᠶᠢᠭᠡᠮ ᠤᠨ | ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠲᠠ ᠶᠢᠨ ᠬᠦᠷᠢᠶᠡᠨ ᠳᠠᠬᠢ ᠲᠦᠷᠦ ᠶᠢᠨ ᠪᠤᠲᠣᠯᠭ᠎ᠠ ᠶᠢᠨ | ᠲᠠᠶᠢᠯᠤᠮᠵᠢ ᠬᠢᠬᠦ ᠪᠠ ᠬᠥᠲᠥᠯᠥᠨ ᠵᠢᠯᠤᠭᠤᠳᠬᠤ ᠠᠵᠢᠯ ᠢ ᠲᠡᠬᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠬᠦ ᠬᠡᠷᠡᠭᠳᠡᠢ᠃ | ᠨᠡᠶᠢᠳᠡᠯᠡᠭᠰᠡᠨ ᠬᠠᠮᠢᠶ᠎ᠠ ᠪᠦᠭᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠳᠤ ᠪᠤᠯ ᠪᠤᠰᠤᠳᠴᠢ ᠪᠦᠬᠡᠳ | ᠪᠣᠳᠠᠲᠤ ᠬᠡᠷᠡᠭ ᠢ ᠨᠡᠩ ᠣᠯᠠᠨ ᠠᠰᠢᠨᠨᠯᠠᠨ ᠬᠡᠷᠡᠭᠯᠡᠵᠦ ᠪᠠᠶᠢᠭᠠᠳ ᠲᠠᠶᠢᠯᠤᠮᠵᠢ ᠬᠢᠬᠦ ᠶᠢ ᠴᠢᠬᠤᠯᠠᠴᠢᠯᠠᠵᠦ᠂ | ᠲᠦᠷᠦ ᠶᠢᠨ ᠪᠤᠳᠤᠯᠭ᠎ᠠ ᠶᠢᠨ ᠤᠳᠬ᠎ᠠ ᠤᠴᠢᠷ ᠢ ᠴᠠᠭ ᠲᠤᠬᠠᠢ ᠳᠤᠨᠢ ᠤᠨᠤᠪᠴᠢᠳᠠᠢ ᠪᠠᠷ ᠤᠯᠠᠮᠵᠢᠯᠠᠨ ᠲᠠᠮᠵᠢᠭᠤᠯᠵᠦ᠂ | ᠠᠷᠠᠳ ᠤᠯᠠᠨ ᠤ ᠤᠶᠢᠯᠠᠭᠠᠯᠳᠠ ᠪᠠ ᠢᠲᠡᠭᠡᠯ ᠢ ᠤᠯᠬᠤ ᠬᠡᠷᠡᠭᠲᠡᠶ᠃ ᠭᠦᠨᠳᠡᠭᠦᠷ ᠵᠦᠢᠯᠡᠰ ᠪᠠ ᠲᠡᠭᠦᠨ ᠤ | ᠣᠷᠣᠰᠢᠵᠤ ᠪᠠᠶᠢᠭ᠎ᠠ ᠭᠠᠵᠠᠷ ᠣᠷᠣᠨ᠂ ᠬᠦᠷᠢᠶ᠎ᠡ ᠴᠠᠷᠠᠭ᠎ᠠ ᠪᠠᠷ ᠵᠦᠷᠢᠶᠡᠳᠡᠢ ᠪᠠᠶᠢᠬᠤ ᠬᠠᠮᠢᠶ᠎ᠠ ᠪᠦᠬᠦᠢ ᠲᠦᠷᠦ ᠶᠢᠨ | ᠪᠤᠳᠤᠯᠭ᠎ᠠ ᠶᠢ ᠢᠯᠡ ᠪᠤᠯᠭᠠᠬᠤ ᠦᠶᠡᠰ ᠲᠤ᠂ ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤᠨᠢ ᠲᠣᠳᠣᠷᠬᠠᠶ | ᠲᠠᠶᠢᠯᠪᠤᠷᠢᠯᠠᠵᠦ᠂ ᠪᠤᠷᠤᠭᠤ ᠲᠠᠶᠢᠯᠪᠤᠷᠢᠯᠠᠨ ᠠᠳᠡᠬᠦᠦ ᠤᠶᠢᠯᠠᠭᠠᠭᠤᠯᠬᠤ ᠠᠴᠠ ᠪᠤᠯᠭᠤᠮᠵᠢᠯᠠᠬᠤ ᠬᠡᠷᠡᠭᠳᠡᠢ᠃ | ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠲᠠ ᠶᠢᠨ ᠬᠦᠷᠢᠶᠡᠨ ᠳᠠᠬᠢ ᠬᠠᠯᠠᠮᠰᠢᠯ ᠲᠠᠢ | ᠶᠠᠷᠢᠶ᠎ᠠ ᠬᠡᠯᠡᠯᠴᠡᠭᠡᠨ ᠤ ᠪᠠᠶᠢᠳᠠᠯ ᠢ ᠤᠷᠢᠳᠴᠢᠯᠠᠨ ᠮᠠᠭᠠᠳᠯᠠᠬᠤ᠂ ᠮᠥᠷᠳᠡᠬᠦ ᠪᠠ ᠰᠢᠢᠳᠪᠦᠷᠢᠯᠡᠬᠦ ᠪᠠᠨ ᠴᠢᠩᠭᠠᠳᠬᠠᠵᠦ᠂ | ᠨᠡᠶᠢᠭᠡᠮ ᠤᠨ ᠬᠢᠨ ᠤ ᠠᠩᠬᠠᠷᠤᠯ ᠲᠠᠯᠪᠢᠵᠤ ᠪᠠᠶᠢᠭ᠎ᠠ ᠵᠦᠢᠯᠡᠰ ᠢ ᠬᠥᠲᠥᠯᠥᠨ ᠵᠢᠯᠤᠭᠤᠳᠬᠤ ᠶᠢᠨ ᠴᠢᠭᠯᠡᠯᠳᠦ ᠴᠢᠨᠠᠷ | ᠪᠠ ᠴᠠᠭ ᠬᠤᠭᠤᠴᠠᠭᠠᠳᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ | ᠦᠢᠯᠡᠰ ᠢ ᠡᠷᠬᠢᠯᠡᠵᠦ ᠪᠠᠶᠢᠭ᠎ᠠ ᠤᠯᠠᠨ ᠨᠡᠶᠢᠲᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠬᠡᠴᠡ᠂ ᠨᠡᠶᠢᠭᠡᠮ ᠤᠨ | ᠵᠣᠬᠢᠶᠠᠨ ᠪᠠᠶᠢᠭᠤᠯᠤᠯᠲᠠ ᠶᠢ ᠵᠢᠭᠠᠨ ᠵᠢᠯᠤᠭᠤᠳᠬᠤ ᠪᠠ ᠲᠡᠳᠡᠬᠡᠷ ᠲᠤ ᠬᠢᠨᠠᠯᠳᠠ ᠲᠠᠯᠪᠢᠵᠦ ᠪᠠᠶᠢᠭᠠᠳ ᠬᠠᠮᠢᠶ᠎ᠠ ᠪᠦᠭᠦᠢ | ᠶᠠᠷᠢᠶ᠎ᠠ ᠬᠡᠯᠡᠯᠴᠡᠬᠡᠨ ᠤ ᠪᠠᠶᠢᠳᠠᠯ ᠢ ᠰᠶᠢᠳᠪᠦᠷᠢᠯᠡᠬᠦ ᠠᠵᠢᠯ ᠢᠶᠠᠨ ᠰᠠᠶᠢᠳᠤᠷ ᠬᠢᠵᠦ᠂ ᠵᠤᠨᠨᠰᠤᠯᠳᠠ ᠪᠠᠨ ᠢᠯᠡᠷᠬᠡᠶᠢᠯᠡᠬᠦ᠂ | ᠬᠠᠷᠢᠭᠤᠴᠠᠯᠭ᠎ᠠ ᠳᠠᠭᠠᠨ ᠦᠯᠦ ᠤᠰᠤᠯᠳᠠᠬᠤ ᠶᠢ ᠪᠠᠳᠤᠯᠠᠬᠤ ᠬᠡᠷᠡᠭᠳᠡᠢ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠎ᠠ | ︵ᠨᠢᠭᠡ︶ ᠵᠣᠬᠢᠶᠠᠨ ᠪᠠᠶᠢᠭᠤᠯᠵᠦ ᠬᠡᠷᠡᠭᠵᠢᠬᠦᠯᠬᠦ ᠶᠢ ᠰᠠᠶᠢᠳᠤᠷ ᠠᠳᠬᠤᠬᠤ ᠬᠡᠷᠡᠭᠲᠡᠶ᠃ ᠡᠯ᠎ᠡ ᠭᠠᠵᠠᠷ ᠣᠷᠣᠨ | ᠡᠯ᠎ᠡ ᠰᠠᠯᠠᠭ᠎ᠠ ᠮᠥᠴᠢᠷ ᠨᠢ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠲᠠ ᠶᠢᠨ | ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠢᠯᠡ ᠪᠣᠯᠭᠠᠬᠤ ᠶᠢ ᠠᠬᠢᠭᠤᠯᠬᠤ ᠶᠢᠨ ᠴᠢᠬᠤᠯᠠ | ᠴᠢᠨᠠᠷ ᠢ ᠭᠦᠢᠴᠡᠳ ᠲᠠᠨᠢᠵᠦ᠂ ᠢᠯᠡ ᠪᠤᠯᠭᠠᠬᠤ ᠦᠵᠡᠯ ᠤᠬᠠᠮᠰᠠᠷ ᠪᠠ ᠦᠢᠯᠡᠴᠢᠯᠡᠬᠦ ᠦᠵᠡᠯ ᠤᠬᠠᠮᠰᠠᠷ ᠢ ᠦᠨᠡᠨᠬᠦ | ᠴᠢᠩᠭᠠᠳᠬᠠᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠭᠦ ᠲᠠᠯ᠎ᠠ ᠪᠠᠷ ᠠᠬᠢᠭᠤᠯᠬᠤ ᠲᠠᠢ ᠤᠶᠠᠯᠳᠤᠭᠤᠯᠤᠨ | ᠨᠢᠭᠡᠳᠦᠯᠲᠡᠶ ᠲᠦᠯᠦᠪᠵᠢᠬᠦᠯᠦᠨ ᠤᠬᠠᠭᠠᠯᠠᠨ ᠲᠦᠯᠦᠪᠯᠡᠵᠦ᠂ ᠬᠡᠪᠰᠢᠭᠰᠡᠨ ᠲᠣᠭᠲᠠᠴᠠ ᠶᠢ ᠪᠦᠷᠢᠯᠳᠦᠬᠦᠯᠦᠨ᠂ | ᠡᠷᠬᠡᠪᠰᠢ ᠪᠣᠳᠠᠲᠤ ᠦᠷ᠎ᠡ ᠪᠦᠳᠦᠮᠵᠢ ᠤᠯᠬᠤ ᠬᠡᠷᠡᠭᠲᠡᠶ᠃ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ | ᠣᠷᠳᠣᠨ ᠤ ᠠᠯᠪᠠᠨ ᠲᠢᠩᠬᠢᠮ ︵ᠭᠡᠷ︶ ᠨᠢ ᠵᠣᠬᠢᠶᠠᠨ ᠪᠠᠶᠢᠭᠤᠯᠵᠦ ᠵᠤᠬᠢᠴᠠᠭᠤᠯᠬᠤ ᠪᠠᠨ ᠴᠢᠩᠭᠠᠳᠬᠠᠨ᠂ ᠲᠤᠰ | ᠱᠠᠳᠤᠨ ᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠳᠤᠷᠠᠯᠴᠠᠵᠦ ᠪᠠᠶᠢᠭᠠᠳ | ᠪᠣᠳᠠᠲᠠᠶ ᠠᠷᠭ᠎ᠠ ᠬᠡᠮᠵᠢᠶ᠎ᠡ ᠳᠤᠷᠠᠳᠴᠤ᠂ ᠠᠵᠢᠯ ᠢᠶᠠᠨ ᠲᠣᠳᠣᠷᠬᠠᠶ ᠬᠤᠪᠢᠶᠠᠷᠢᠯᠠᠵᠤ᠂ ᠬᠠᠷᠢᠭᠤᠴᠠᠯᠭ᠎ᠠ ᠪᠠᠨ | ᠪᠤᠳᠠᠳᠠᠶᠢᠵᠢᠭᠤᠯᠤᠨ ᠴᠢᠩᠭᠠᠳᠬᠠᠵᠦ᠂ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠵᠦ ᠪᠤᠳᠠᠳᠠᠶᠢᠵᠢᠭᠤᠯᠬᠤ ᠶᠢ | ᠦᠨᠡᠨ ᠬᠦ ᠪᠠᠲᠤᠯᠠᠬᠤ ᠬᠡᠷᠡᠭᠲᠡᠶ᠃ | ︵ᠬᠤᠶᠠᠷ︶ ᠰᠢᠯᠭᠠᠨ ᠬᠢᠨᠠᠵᠦ ᠦᠨᠡᠯᠡᠨ ᠵᠢᠱᠢᠬᠦ ᠶᠢ ᠦᠷᠨᠢᠬᠦᠯᠬᠦ ᠬᠡᠷᠡᠭᠳᠡᠢ᠃ ᠣᠷᠣᠨ ᠨᠤᠲᠤᠭ ᠤᠨ ᠡᠯ᠎ᠡ | ᠱᠠᠲᠤᠨ ᠤ ᠵᠠᠰᠠᠭ ᠤᠨ ᠣᠷᠳᠣᠨ ᠨᠢ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠲᠠ ᠶᠢᠨ | ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠭᠰᠠᠨ ᠪᠠᠶᠢᠳᠠᠯ ᠢ ᠵᠠᠰᠠᠭ ᠤᠨ ᠶᠠᠪᠤᠳᠠᠯ ᠢ | ᠢᠯᠡ ᠪᠣᠯᠭᠠᠬᠤ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠡᠪᠴᠢᠶᠡᠨ ᠳᠤ ᠣᠷᠣᠭᠤᠯᠵᠤ᠂ | ᠰᠢᠮᠳᠠᠭᠤᠯᠤᠨ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠳᠡᠢ᠃ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠨᠢ ᠠᠵᠢᠯ ᠤᠨ ᠬᠡᠷᠡᠭᠴᠡᠭᠡ ᠪᠠᠨ ᠦᠨᠳᠦᠰᠦᠯᠡᠵᠦ᠂ ᠬᠢᠨᠠᠨ ᠬᠠᠮᠢᠶᠠᠷᠴᠤ ᠪᠠᠶᠢᠭ᠎ᠠ ᠤᠯᠠᠨ | ᠨᠡᠶᠢᠳᠡ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠬᠡᠴᠡ᠂ ᠨᠢᠭᠦᠯᠡᠰᠦᠩᠭᠦᠶ ᠶᠢᠨ ᠦᠢᠯᠡᠰ ᠤᠨ ᠵᠣᠬᠢᠶᠠᠨ | ᠪᠠᠶᠢᠭᠤᠯᠤᠯᠲᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠪᠠᠶᠢᠳᠠᠯ ᠢ ᠦᠨᠡᠯᠡᠨ ᠵᠢᠱᠢᠬᠦ ᠶᠢ ᠵᠤᠬᠢᠶᠠᠨ | ᠪᠠᠶᠢᠭᠤᠯᠤᠨ ᠥᠷᠨᠢᠭᠦᠯᠵᠦ᠂ ᠦᠨᠡᠯᠡᠨ ᠵᠢᠱᠢᠭᠰᠡᠨ ᠦᠷ᠎ᠡ ᠳ᠋ᠦᠩ ᠢᠶᠠᠨ ᠢᠯᠡ ᠪᠣᠯᠭᠠᠬᠤ ᠬᠡᠷᠡᠭᠲᠡᠶ᠃ ᠤᠯᠠᠨ | ᠲᠦᠮᠡᠨ ᠤ ᠵᠠᠭᠠᠯᠳᠤᠵᠦ ᠢᠯᠡᠴᠢᠯᠡᠨ ᠮᠡᠳᠡᠬᠦᠯᠬᠦ ᠠᠷᠭ᠎ᠠ ᠵᠠᠮ ᠢ ᠰᠢᠯᠤᠭᠤᠳᠬᠠᠵᠦ᠂ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠢᠯᠡ ᠪᠣᠯᠭᠠᠬᠤ ᠳᠤ ᠨᠡᠶᠢᠭᠡᠮ ᠤᠨ ᠬᠢᠨᠠᠯᠲᠠ ᠲᠠᠯᠪᠢᠬᠴᠢ ᠶᠢᠨ ᠳᠦᠷᠢᠮ ᠢ ᠰᠦᠪᠡᠭᠴᠢᠯᠡᠨ ᠪᠠᠶᠢᠭᠤᠯᠵᠤ᠂ | ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠠᠶᠢᠭᠤᠯᠤᠯᠲᠠ ᠶᠢᠨ ᠬᠦᠷᠢᠶᠡᠨ ᠳᠠᠬᠢ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠳᠤ ᠨᠡᠶᠢᠭᠡᠮ ᠤᠨ ᠬᠢᠨᠠᠯᠲᠠ ᠲᠠᠯᠪᠢᠯᠳᠠ ᠶᠢ ᠴᠢᠩᠭᠠᠳᠬᠠᠬᠤ | ᠬᠡᠷᠡᠭᠲᠡᠶ᠃ | ︵ᠭᠤᠷᠪᠠ︶ ᠬᠢᠨᠠᠯᠲᠠ ᠲᠠᠯᠪᠢᠵᠤ ᠬᠠᠷᠢᠭᠤᠴᠠᠯᠭ᠎ᠠ ᠬᠡᠯᠡᠯᠴᠡᠬᠦ ᠶᠢ ᠴᠢᠩᠭᠠᠳᠬᠠᠬᠤ ᠬᠡᠷᠡᠭᠳᠡᠢ᠃ ᠣᠷᠣᠨ | ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠪᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠯᠪᠤᠨᠨᠳᠠᠯ | ᠪᠦᠬᠦᠢ ᠰᠠᠯᠠᠭ᠎ᠠ ᠮᠥᠴᠢᠷ ᠨᠢ ᠲᠤᠰ ᠭᠠᠵᠠᠷ ᠣᠷᠣᠨ ᠲᠤᠰ ᠠᠵᠢᠯ ᠲᠦᠷᠤᠯ ᠤᠨ ᠨᠡᠶᠢᠭᠡᠮ ᠤᠨ ᠨᠡᠶᠢᠲᠡ ᠶᠢᠨ | ᠠᠰᠠᠷᠠᠮᠵᠢ ᠶᠢᠨ ᠦᠢᠯᠡᠰ ᠤᠨ ᠪᠠᠶᠢᠭᠤᠯᠤᠯᠲᠠ ᠶᠢᠨ ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ | ᠢᠯᠠ ᠪᠣᠯᠭᠠᠭᠰᠠᠨ ᠪᠠᠶᠢᠳᠠᠯ ᠳᠤ ᠬᠢᠨᠠᠯᠳᠠ ᠲᠠᠯᠪᠢᠵᠦ ᠪᠠᠶᠢᠴᠠᠭᠠᠬᠤ ᠶᠢ ᠴᠢᠩᠭᠠᠳᠬᠠᠬᠤ ᠬᠡᠷᠡᠭᠳᠡᠢ᠃ ᠠᠵᠢᠯ ᠤᠨ | ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠤᠷᠮᠠᠰᠢᠭᠤᠯᠬᠤ ᠪᠠ ᠭᠦᠯᠢᠶᠡᠰᠦᠯᠡᠬᠦ ᠪᠠᠨ ᠴᠢᠩᠭᠠᠷᠠᠭᠤᠯᠤᠨ᠂ ᠬᠢᠨᠠᠯᠲᠠ | ᠲᠠᠯᠪᠢᠵᠦ ᠪᠠᠶᠢᠴᠠᠭᠠᠨᠨᠰᠠᠨ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠮᠡᠳᠡᠬᠡᠯᠡᠨ ᠨᠡᠪᠳᠡᠷᠡᠬᠦᠯᠬᠦ ᠲᠦᠷᠢᠮ ᠢ | ᠪᠠᠶᠢᠭᠤᠯᠵᠤ᠂ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠰᠠᠶᠢᠨ ᠨᠠᠶᠢᠳᠠᠪᠤᠷᠢᠵᠢᠭᠤᠯᠤᠨᠨᠰᠠᠨ ᠪᠠᠶᠢᠪᠠᠯ ᠰᠠᠶᠢᠰᠢᠶᠠᠨ | ᠭᠦᠬᠢᠬᠦᠯᠬᠦ ᠪᠠᠷ ᠮᠡᠳᠡᠬᠡᠯᠡᠨ ᠨᠡᠪᠳᠡᠷᠡᠬᠦᠯᠬᠦ ᠬᠡᠷᠡᠭᠳᠡᠢ︔ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠭᠡᠢ ᠪᠠᠶᠢᠪᠠᠯ | ᠮᠡᠳᠡᠬᠡᠯᠡᠨ ᠨᠡᠪᠳᠡᠷᠡᠬᠦᠯᠵᠦ ᠰᠢᠭᠦᠮᠵᠢᠯᠡᠬᠦ ᠬᠡᠷᠡᠭᠳᠡᠢ︔ ᠬᠤᠯᠪᠣᠭᠳᠠᠯ ᠪᠦᠬᠦᠢ ᠲᠣᠭᠲᠠᠭᠠᠯ ᠢ ᠵᠦᠷᠢᠴᠡᠭᠰᠡᠨ᠂ ᠢᠯᠡ | ᠪᠣᠯᠭᠠᠬᠤ ᠡᠭᠦᠷᠭᠡ ᠪᠠᠨ ᠭᠦᠢᠴᠡᠳᠬᠡᠭᠰᠡᠨ ᠦᠬᠡᠢ ᠮᠥᠷᠲᠡᠭᠡᠨ ᠬᠦᠨᠳᠦ ᠨᠣᠴᠢᠲᠠᠶ ᠨᠦᠯᠦᠬᠡ ᠭᠠᠷᠭᠠᠨᠨᠰᠠᠨ ᠪᠠᠶᠢᠪᠠᠯ᠂ | ᠬᠠᠤᠯᠢ ᠲᠤᠨᠨᠳᠠᠭᠠᠯ ᠶᠣᠰᠣᠭᠠᠷ ᠬᠠᠮᠢᠶ᠎ᠠ ᠪᠦᠬᠦᠢ ᠨᠢᠬᠡᠴᠡ ᠪᠠ ᠠᠵᠢᠯᠳᠠᠨ ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ | |