| | 9 ᠳ᠋ᠦ᠋ᠭᠡᠷ ᠰᠠᠷ᠎ᠠ ᠶᠢᠨ 12 ᠤᠨ ᠡᠳᠦᠷ᠂ 2018 ᠤᠨ ᠤ ᠪᠦᠬᠦ ᠤᠷᠤᠨ ᠤ ︽ᠬᠡᠷᠡᠯ ᠬᠡᠭᠡ ᠶᠢᠨ ᠠᠶᠠᠯᠠᠯ︾ | ᠤᠨ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠠᠬᠢᠭᠤᠯᠬᠤ ᠵᠢᠴᠢ ᠵᠠᠯᠠᠭᠤᠴᠤᠳ ᠪᠠᠭᠠᠴᠤᠳ ᠤᠨ | ᠨᠢᠳᠦᠨ ᠤ ᠡᠷᠡᠭᠦᠯ ᠬᠠᠮᠠᠭᠠᠯᠠᠯ ᠨᠢᠳᠦ ᠪᠠᠨ ᠬᠠᠮᠠᠭᠠᠯᠠᠬᠤ ᠶᠢ ᠬᠠᠯᠠᠮᠵᠢᠯᠠᠬᠤ ᠠᠵᠢᠯᠯᠠᠭ᠎ᠠ ᠤᠷᠳᠤᠰ ᠬᠤᠳᠠ ᠳᠤ | ᠡᠬᠢᠯᠡᠪᠡ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ | ᠲᠡᠷᠢᠭᠦᠯᠡᠭᠴᠢ᠂ ᠦᠪᠡᠷᠳᠡᠭᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠨᠡᠷ᠎ᠠ ᠬᠦᠨᠳᠦᠳᠦ | ᠲᠠᠷᠤᠭ᠎ᠠ ᠪᠦ᠋ ᠰᠢᠶᠤᠤ ᠯᠢᠨ ᠠᠵᠢᠯᠯᠠᠭ᠎ᠠ ᠡᠬᠢᠯᠡᠭᠰᠡᠨ ᠢ ᠵᠠᠷᠯᠠᠵᠤ᠂ ᠬᠠᠯᠠᠭᠤᠨ ᠰᠡᠳᠬᠢᠯᠳᠦ ᠮᠦᠩᠭᠦ ᠬᠠᠨᠳᠢᠪᠯᠠᠬᠰᠠᠨ | ᠠᠵᠤ ᠠᠬᠤᠶᠢᠯᠠᠯ ᠳᠤ ᠲᠦᠭᠡᠮᠡᠯ ᠬᠠᠶᠢᠷ᠎ᠠ ᠶᠢᠨ ᠢᠷᠠᠭᠤ ᠠᠯᠳᠠᠷ ᠤᠨ ᠠᠯᠳᠠᠨ ᠭᠠᠪᠢᠶᠠᠨ ᠲᠡᠮᠳᠡᠭ ᠤᠯᠭᠤᠵᠤ᠂ | ᠦᠪᠦᠷ ᠮᠤᠩᠭᠤᠯ ᠤᠨ ᠤᠯᠠᠭᠠᠨ ᠵᠠᠭᠠᠯᠮᠠᠶᠢᠲᠠᠨ ᠤ ᠰᠠᠭᠤᠷᠢ ᠮᠦᠩᠭᠦᠨ ᠤ ᠨᠡᠶᠢᠭᠡᠮᠯᠢᠭ ᠪᠠᠶᠢᠭᠤᠯᠤᠭᠳᠠᠭᠰᠠᠨ | ᠢᠯᠡᠷᠬᠡᠶᠢᠯᠡᠯ ᠢ ᠰᠡᠭᠦᠵᠡᠢ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ | ᠨᠢᠭᠡᠳᠦᠮᠡᠯ ᠹᠷᠤᠨᠲ ᠤᠨ ᠬᠡᠯᠳᠡᠰ ᠤᠨ ᠲᠠᠷᠤᠭ᠎ᠠ ᠸᠠᠩ ᠯᠢ ᠰᠢᠶᠠ ᠡᠬᠢᠯᠡᠯᠳᠡ ᠶᠢᠨ ᠶᠤᠰᠤᠯᠠᠯ ᠳᠤ ᠤᠷᠤᠯᠴᠠᠵᠤ | ᠶᠠᠷᠢᠶ᠎ᠠ ᠲᠠᠯᠪᠢᠵᠠᠢ᠃ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ᠂ ᠦᠪᠡᠷᠳᠡᠭᠡᠨ ᠵᠠᠰᠠᠬᠤ ᠤᠷᠤᠨ ᠤ | ᠤᠯᠠᠭᠠᠨ ᠵᠠᠭᠠᠯᠮᠠᠶᠢᠢᠳᠠᠨ ᠤ ᠨᠡᠶᠢᠭᠡᠮᠯᠢᠭ ᠤᠨ ᠲᠠᠷᠤᠭ᠎ᠠ ᠡᠸᠤ ᠶᠠᠩ ᠰᠢᠶᠤᠤ ᠬᠤᠢ ᠡᠬᠢᠯᠡᠯᠳᠡ ᠶᠢᠨ ᠶᠤᠰᠤᠯᠠᠯ ᠢ | ᠡᠷᠬᠢᠯᠡᠪᠡ᠃ | ᠡᠬᠢᠯᠡᠯᠳᠡ ᠶᠢᠨ ᠶᠤᠰᠤᠯᠠᠯ ᠲᠡᠭᠡᠷ᠎ᠠ᠂ ᠳᠤᠮᠳᠠᠳᠤ ᠤᠯᠤᠰ ᠤᠨ ᠭᠤᠸᠠᠩ ᠳ᠋ᠠ ᠪᠠᠩᠬᠢ ᠶᠢᠨ ᠬᠦᠬᠡᠬᠤᠳᠠ ᠳᠠᠬᠢ | ᠬᠤᠪᠢᠶᠠᠷᠢ ᠪᠠᠩᠬᠢ ᠦᠪᠡᠷᠳᠡᠭᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠯᠦᠭᠡ ᠪᠠᠶᠢᠯᠳᠤᠬᠤ | ᠪᠤᠳᠤᠯᠭ᠎ᠠ ᠶᠢᠨ ᠬᠠᠮᠳᠤᠷᠠᠯᠴᠠᠭᠠᠨ ᠤ ᠵᠦᠪᠳᠡᠯᠴᠡᠭᠡᠷ ᠲᠤ ᠭᠠᠷ ᠤᠨ ᠦᠰᠦᠭ ᠵᠢᠷᠤᠬᠤ ᠶᠢᠨ ᠬᠠᠮᠲᠤ᠂ ︽ᠬᠡᠷᠡᠯ | ᠬᠡᠭᠡ ᠶᠢᠨ ᠠᠶᠠᠯᠠᠯ︾ ᠤᠨ ᠠᠵᠢᠯᠯᠠᠭ᠎ᠠ ᠳᠤ 120 ᠲᠦᠮᠡᠨ ᠲᠦᠭᠦᠷᠢᠭ ᠬᠠᠨᠳᠢᠪᠯᠠᠪᠠ᠃ ᠦᠪᠦᠷ ᠮᠤᠩᠭᠤᠯ ᠤᠨ | ᠤᠷᠳᠤᠰ ᠤᠨ ᠪᠡᠯᠡ ᠤᠷᠤᠭᠤᠯᠤᠯᠳᠠ ᠶᠢᠨ ᠬᠤᠪᠢ ᠡᠵᠡᠮᠳᠡᠭᠦ ᠪᠦᠯᠦᠭᠯᠡᠯ ᠵᠡᠷᠭᠡ 5 ᠬᠠᠯᠠᠭᠤᠨ ᠰᠡᠳᠬᠢᠯᠳᠦ ᠠᠵᠤ | ᠠᠬᠤᠶᠢᠯᠠᠯ ᠤᠳ ᠲᠤᠰ ᠲᠤᠰ 500 ᠲᠦᠮᠡᠨ ᠲᠦᠭᠦᠷᠢᠭ ᠬᠠᠨᠳᠢᠪᠯᠡᠵᠤ᠂ ︽ᠬᠡᠷᠡᠯ ᠬᠡᠭᠡ ᠶᠢᠨ ᠠᠶᠠᠯᠠᠯ︾ ᠵᠡᠷᠭᠡ | ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠢ ᠲᠡᠮᠵᠢᠪᠡ︔ ᠵᠢᠦ ᠲᠠᠢ ᠡᠨᠧᠷᠬᠢ ᠶᠢᠨ ᠪᠦᠯᠦᠭᠯᠡᠯ ᠪᠤᠯᠤᠨ | ᠸᠠᠨ ᠲᠦᠩ ᠯᠦ ᠴᠢᠶᠤᠤ ᠪᠦᠯᠦᠭᠯᠡᠯ ᠲᠤᠰ ᠲᠤᠰ 100 ᠲᠦᠮᠡᠨ ᠲᠦᠭᠦᠷᠢᠭ ᠬᠠᠨᠳᠢᠪᠯᠠᠵᠤ᠂ ᠦᠪᠦᠷ ᠮᠤᠩᠭᠤᠯ | ᠤᠨ ᠤᠯᠠᠭᠠᠨ ᠵᠠᠭᠠᠯᠮᠠᠶᠢᠲᠠᠨ ᠤ ᠰᠠᠭᠤᠷᠢ ᠮᠦᠩᠭᠦᠨ ᠤ ᠨᠡᠶᠢᠭᠡᠮᠯᠢᠭ ᠪᠠᠶᠢᠭᠤᠯᠬᠤ ᠶᠢ ᠲᠡᠮᠵᠢᠵᠠᠢ᠃ | ᠵᠠᠯᠭᠠᠭᠠᠳ ᠪᠦ᠋ ᠰᠢᠶᠤᠤ ᠯᠢᠨ ᠨᠠᠷ ᠴᠠᠭᠠᠨ ᠬᠠᠷᠠᠩ ᠤᠨ ᠬᠠᠷᠠᠭ᠎ᠠ ᠤᠷᠤᠭᠤᠯᠬᠤ ᠮᠡᠰᠡ ᠵᠠᠰᠠᠯ ᠬᠢᠭᠰᠡᠨ | ᠡᠪᠡᠳᠴᠢᠳᠡᠳ ᠢ ᠡᠷᠬᠢᠨ ᠦᠵᠡᠵᠤ᠂ ᠲᠡᠳᠡᠨ ᠤ ᠮᠠᠰᠠ ᠵᠠᠰᠠᠯ ᠬᠢᠯᠭᠡᠭᠰᠡᠨ ᠪᠠᠶᠢᠳᠠᠯ ᠵᠢᠴᠢ ᠡᠷᠡᠭᠦᠯᠵᠢᠯ ᠤᠨ | ᠪᠠᠶᠢᠳᠠᠯ ᠢ ᠨᠠᠷᠢᠨ ᠤᠶᠢᠯᠠᠭᠠᠵᠠᠢ᠃ ᠰᠢᠤᠢ ᠶᠦᠩ ᠨᠢᠳᠤᠨ ᠤ ᠰᠠᠯᠠᠭᠠᠨ ᠤ ᠡᠮᠨᠡᠯᠭᠡ ᠶᠢᠨ ᠬᠤᠷᠢᠶ᠎ᠠ ᠶᠢᠨ | ᠵᠠᠯᠠᠭᠤᠴᠤᠳ ᠪᠠᠭᠠᠴᠤᠳ ᠤᠨ ᠬᠠᠷᠠᠭ᠎ᠠ ᠶᠢ ᠰᠡᠷᠭᠡᠶᠢᠯᠡᠨ ᠵᠠᠰᠠᠬᠤ ᠲᠦᠪ ᠲᠤ᠂ ᠪᠦ᠋ ᠰᠢᠶᠤᠤ ᠯᠢᠨ ᠨᠠᠷ ᠵᠠᠯᠠᠭᠤᠴᠤᠳ | ᠪᠠᠭᠠᠴᠤᠳ ᠤᠨ ᠬᠠᠷᠠᠭ᠎ᠠ ᠶᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠠ ᠶᠢᠨ ᠲᠤᠬᠠᠢ ᠲᠠᠨᠢᠯᠴᠠᠭᠤᠯᠭ᠎ᠠ ᠶᠢ ᠰᠤᠨᠤᠰᠴᠤ᠂ | ᠳ᠋ᠦᠩᠱᠧᠩ ᠲᠤᠭᠤᠷᠢᠭ ᠤᠨ ᠨᠢᠭᠡᠳᠦᠭᠡᠷ ᠲᠤᠮᠳᠠᠳᠤ ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠬᠡᠯᠳᠡᠰ ᠲᠤ᠂ | ᠵᠠᠯᠠᠭᠤᠴᠤᠳ ᠪᠠᠭᠠᠴᠤᠳ ᠤᠨ ᠨᠢᠳᠤᠨ ᠤ ᠡᠷᠡᠭᠦᠯ ᠴᠢᠬᠢᠷᠠᠭ ᠢ ᠬᠠᠯᠠᠮᠵᠢᠯᠠᠬᠤ ᠠᠵᠢᠯᠯᠠᠭ᠎ᠠ ᠶᠢᠨ ᠰᠤᠭᠤᠴᠢᠨ | ᠪᠠᠶᠢᠴᠠᠭᠠᠯᠲᠠ ᠶᠢᠨ ᠠᠵᠢᠯ ᠢ ᠰᠤᠳᠤᠯᠤᠨ ᠪᠠᠶᠢᠴᠠᠭᠠᠪᠠ᠃ ᠲᠡᠷᠡ ᠵᠢᠭᠠᠭᠰᠠᠨ ᠨᠢ᠂ ᠰᠤᠷᠤᠬᠴᠢᠳ ᠤᠨ ᠤᠶᠢᠷ᠎ᠠ | ᠬᠠᠷᠠᠭ᠎ᠠ ᠤᠯᠠᠮ ᠤᠯᠠᠰᠢᠷᠠᠵᠤ᠂ ᠨᠠᠰᠤ ᠵᠠᠯᠠᠭᠤᠵᠢᠬᠤ ᠬᠠᠨᠳᠤᠰᠢ ᠲᠠᠢ ᠪᠤᠯᠵᠤ᠂ ᠬᠡᠤᠭᠡᠳ ᠤᠨ ᠪᠡᠶ᠎ᠠ ᠰᠡᠳᠬᠢᠴᠡ ᠶᠢᠨ | ᠡᠷᠡᠭᠦᠯ ᠮᠡᠨᠳᠦ ᠶᠢ ᠬᠦᠨᠳᠦ ᠨᠤᠴᠢᠳᠠᠢ ᠨᠦᠯᠦᠭᠡᠯᠡᠵᠤ ᠪᠤᠢ᠂ ᠶᠡᠷᠦᠩᠬᠡᠢ ᠱᠦᠵᠢ ᠰᠢ ᠶᠢᠨ ᠫᠢᠩ ᠤᠨ ᠰᠤᠷᠤᠬᠴᠢᠳ | ᠤᠨ ᠤᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠭᠦ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠨᠠᠷᠢᠨ | ᠬᠢᠨᠠᠮᠠᠭᠠᠢ ᠳᠤᠭᠤᠰᠢᠯᠠᠭᠤᠯᠵᠤ᠂ ᠦᠨᠡᠨ ᠬᠦ ᠦᠷ᠎ᠠ ᠪᠦᠳᠦᠮᠵᠢᠳᠡᠢ ᠶᠡᠷᠦᠩᠬᠡᠶᠢᠯᠡᠭᠰᠡᠨ ᠰᠡᠷᠭᠡᠶᠢᠯᠡᠨ ᠵᠠᠰᠠᠬᠤ | ᠲᠦᠰᠦᠯ ᠢ ᠲᠤᠬᠳᠠᠭᠠᠵᠤ᠂ ᠬᠠᠮᠳᠤ ᠪᠠᠷ ᠬᠡᠤᠭᠡᠳ ᠤᠨ ᠨᠢᠳᠦ ᠶᠢ ᠰᠠᠶᠢᠲᠤᠷ ᠬᠠᠮᠠᠭᠠᠯᠠᠬᠤ ᠬᠡᠷᠡᠭᠳᠡᠢ ᠭᠡᠵᠡᠢ᠃ | ᠤᠶᠢᠯᠠᠭᠠᠭᠰᠠᠨ ᠢᠶᠠᠷ᠂ ᠮᠠᠨ ᠤ ᠤᠷᠤᠨ 3 ᠵᠢᠯ ᠤᠨ ᠬᠤᠭᠤᠴᠠᠭᠠᠨ ᠳᠤ᠂ ᠪᠦᠬᠦ ᠤᠷᠤᠨ ᠤ ᠶᠠᠳᠠᠭᠤ | ᠬᠦᠴᠢᠷᠳᠡᠯᠳᠡᠢ ᠬᠡᠷ ᠪᠦᠯᠢ ᠶᠢᠨ 1 ᠲᠦᠮᠡᠨ ᠴᠠᠭᠠᠨ ᠬᠠᠷᠠᠩ ᠡᠪᠡᠳᠴᠢᠳᠡᠨ ᠳᠤ ᠰᠦᠢᠳᠭᠡᠯ ᠠᠪᠬᠤ ᠦᠭᠡᠢ ᠪᠠᠷ | ᠬᠠᠷᠠᠭ᠎ᠠ ᠤᠷᠤᠭᠤᠯᠬᠤ ᠮᠠᠰᠡ ᠵᠠᠰᠠᠯ ᠬᠢᠵᠤ ᠦᠭᠴᠤ᠂ ᠶᠠᠳᠠᠭᠤ ᠬᠦᠴᠢᠷᠳᠡᠯᠳᠡᠢ ᠬᠤᠰᠢᠭᠤ ᠰᠢᠶᠠᠨ ᠤ 3 ᠠᠴᠠ 18 | ᠨᠠᠰᠤᠨ ᠤ 100 ᠲᠦᠮᠡᠨ ᠵᠠᠯᠠᠭᠤᠴᠤᠳ ᠪᠠᠭᠠᠴᠤᠳ ᠲᠤ ᠬᠠᠷᠠᠭᠠᠨ ᠤ ᠪᠠᠶᠢᠴᠠᠭᠠᠯᠲᠠ ᠬᠢᠵᠤ ᠦᠭᠭᠦ ᠶᠢᠨ ᠬᠠᠮᠳᠤ | ᠲᠠᠩᠰᠠ ᠡᠪᠬᠡᠮᠡᠯ ᠪᠠᠶᠢᠢᠭᠤᠯᠦᠨ ᠦᠭᠴᠤ᠂ ᠶᠠᠳᠠᠭᠤ ᠬᠦᠴᠢᠷᠳᠡᠯᠳᠡᠢ ᠬᠡᠷ ᠪᠦᠯᠢ ᠶᠢᠨ 5000 ᠵᠢᠩᠬᠢᠨᠢ ᠤᠶᠢᠷ᠎ᠠ | ᠬᠠᠷᠠᠭ᠎ᠠ ᠲᠠᠢ ᠵᠠᠯᠠᠭᠤᠴᠤᠳ ᠪᠠᠭᠠᠴᠤᠳ ᠲᠤ ᠰᠦᠢᠳᠭᠡᠯ ᠠᠪᠬᠤ ᠦᠭᠡᠢ ᠪᠠᠷ ᠤᠶᠢᠷ᠎ᠠ ᠬᠠᠷᠠᠭ᠎ᠠ ᠶᠢᠨ ᠰᠢᠯ | ᠲᠠᠭᠠᠷᠠᠭᠤᠯᠤᠨ ᠦᠭᠴᠦ᠂ ᠶᠠᠳᠠᠭᠤ ᠬᠦᠴᠢᠷᠳᠡᠯᠳᠡᠢ ᠬᠡᠷ ᠪᠦᠯᠢ ᠶᠢᠨ 1000 ᠬᠢᠯᠡᠷ ᠬᠠᠷᠠᠭ᠎ᠠ ᠲᠠᠢ ᠵᠠᠯᠠᠭᠤᠴᠤᠳ | ᠪᠠᠭᠠᠴᠤᠳ ᠲᠤ ᠰᠦᠢᠳᠭᠡᠯ ᠠᠪᠬᠤ ᠦᠭᠡᠢ ᠪᠠᠷ ᠬᠠᠷᠠᠭ᠎ᠠ ᠶᠢ ᠨᠢ ᠲᠡᠭᠰᠢᠯᠡᠬᠦ ᠮᠡᠰᠡ ᠵᠠᠰᠠᠯ ᠬᠢᠵᠤ ᠦᠭᠭᠦ ᠪᠠᠷ | ᠲᠦᠯᠦᠪᠯᠡᠵᠤ ᠪᠤᠢ᠃ |